ᠣᠢ ᠰᠢᠭᠤᠢ ᠶᠢᠨ ᠡᠬᠢ ᠪᠠᠶᠠᠯᠢᠭ ᠤᠨ ᠬᠠᠮᠠᠭᠠᠯᠠᠯᠲᠠ ᠶᠢ ᠴᠢᠩᠭᠠᠳᠬᠠᠵᠤ ᠣᠢ ᠶᠢ ᠡᠪᠳᠡᠵᠤ ᠭᠠᠵᠠᠷ ᠬᠠᠭᠠᠯᠪᠤᠷᠢᠯᠠᠬᠤ ᠶᠢ ᠴᠢᠩᠭ᠎ᠠ ᠬᠤᠷᠢᠭᠯᠠᠬᠤ ᠳᠣᠬᠠᠢ ᠦᠣᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2018-04-17
ᠡᠯ᠎ᠡ ᠠᠵᠣ ᠠᠬᠤᠢ ᠶᠢᠨ ᠨᠡᠬᠡᠬᠡᠯᠳᠡ ᠶᠢᠨ ᠲᠣᠭᠤᠷᠢᠭ ︵ᠬᠦᠷᠢᠶᠠᠯᠠᠩ︶ ᠤᠨ ᠬᠠᠮᠢᠶᠠᠷᠣᠯᠲᠠ ᠶᠢᠨ ᠵᠦᠪᠯᠡᠯ᠂ ᠡᠯ᠎ᠡ ᠰᠣᠮᠣ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠭᠤᠳ ᠡᠯ᠎ᠡ ᠰᠠᠯᠠᠭ᠎ᠠ ᠮᠦᠴᠢᠷ᠂ ᠡᠯ᠎ᠡ ᠰᠢᠭᠤᠳ ᠬᠠᠷᠢᠶ᠎ᠠ ᠪᠠᠶᠢᠭᠤᠯᠭ᠎ᠠ ᠵᠢᠴᠢ ᠠᠵᠣ ᠠᠬᠤᠶᠢᠯᠡᠯ ᠠᠵᠢᠯ ᠣᠶᠢᠯᠡᠰ ᠤᠨ ᠪᠠᠶᠢᠭᠤᠯᠭ᠎ᠠ᠄    ᠣᠶᠢᠷ᠎ᠠ ᠶᠢᠨ ᠵᠢᠯ ᠠᠴᠠ ᠨᠠᠰᠢ ᠠᠵᠣ ᠠᠬᠤᠢ ᠶᠢᠨ ᠠᠰᠢᠭ ᠲᠣᠰᠠ ᠶᠢᠨ ᠲᠦᠯᠬᠢᠴᠡ ᠳᠣᠣᠷ᠎ᠠ ᠮᠠᠨ ᠤ ᠬᠤᠰᠢᠭᠤᠨ ᠤ ᠵᠠᠷᠢᠮ ᠭᠠᠵᠠᠷ ᠣᠷᠣᠨ ᠤ ᠪᠠᠶᠢᠭᠤᠯᠭ᠎ᠠ ᠨᠢᠭᠡᠴᠢ ᠪᠣᠯᠣᠨ ᠬᠤᠪᠢ ᠬᠦᠮᠦᠨ ᠳᠡᠭᠡᠷ᠎ᠡ ᠱᠠᠳᠣᠨ ᠤ ᠵᠦᠪᠰᠢᠶᠡᠷᠡᠯ ᠢ ᠣᠯᠤᠭᠰᠠᠨ ᠦᠭᠡᠢ ᠪᠠᠶᠢᠳᠠᠯ ᠳᠣᠣᠷ᠎ᠠ ᠦᠪᠡᠷ ᠤᠨ ᠳᠣᠷ᠎ᠠ ᠪᠠᠷ ᠢᠶᠠᠨ ᠰᠢᠭᠤᠶᠢᠳᠣ ᠭᠠᠵᠡᠷ ᠢ ᠬᠠᠭᠠᠯᠪᠣᠷᠢᠯᠠᠨ ᠠᠰᠢᠬᠯᠠᠵᠣ᠂ ᠮᠠᠨ ᠤ ᠬᠤᠰᠢᠭᠤᠨ ᠤ ᠣᠢ ᠰᠢᠭᠤᠢ ᠶᠢᠨ ᠡᠬᠢ ᠪᠠᠶᠠᠯᠢᠭ ᠠᠳᠠᠯᠢ ᠪᠣᠰᠤ ᠬᠡᠮᠵᠢᠶ᠎ᠡ  ᠪᠠᠷ ᠰᠤᠶᠢᠳᠤᠭ᠍ᠰᠡᠨ ᠪᠠᠶᠢᠨ᠎ᠠ᠃ ᠡᠳᠡᠭᠡᠷ ᠬᠠᠣᠯᠢ ᠵᠥᠷᠢᠴᠡᠭᠰᠡᠨ ᠠᠵᠢᠯᠯᠠᠭ᠎ᠠ ᠳᠤ ᠴᠢᠭᠯᠡᠬᠦᠯᠦᠨ ᠬᠤᠰᠢᠭᠤ ᠣᠢ ᠰᠢᠭᠤᠢ ᠶᠢᠨ ᠬᠠᠣᠯᠢ ᠭᠡᠷᠡᠭᠵᠢᠬᠦᠯᠬᠦ ᠠᠯᠪᠠᠨ ᠪᠠᠶᠢᠭᠤᠯᠭ᠎ᠠ ᠠᠴᠠ ᠬᠠᠣᠯᠢ ᠶᠣᠰᠣᠭᠠᠷ ᠴᠢᠩᠭ᠎ᠠ ᠴᠣᠬᠢᠯᠳᠠ ᠦᠭᠪᠡ᠄ ᠰᠦᠯᠳᠠ ᠰᠣᠮᠣᠨ ᠤ ᠴᠠᠮᠬᠠᠭ ᠭᠠᠴᠠᠭᠠᠨ ᠤ ᠨᠢᠭᠡᠨ ᠮᠠᠯᠴᠢᠨ᠂ ᠳᠡᠭᠡᠷ᠎ᠡ ᠱᠠᠳᠣᠨ ᠤ ᠵᠦᠪᠰᠢᠶᠡᠷᠡᠯ ᠢ ᠣᠯᠣᠭᠰᠠᠨ ᠦᠭᠡᠢ ᠪᠠᠶᠢᠳᠠᠯ ᠳᠣᠣᠷ᠎ᠠ 200.33 ᠮᠣ᠋ ᠣᠶᠢᠳᠣ ᠭᠠᠵᠡᠷ ᠢ ᠬᠠᠭᠠᠯᠪᠣᠷᠢᠯᠠᠵᠣ᠂ ᠬᠠᠣᠯᠢ ᠪᠣᠰᠣ ᠪᠠᠷ ᠲᠠᠷᠢᠶᠠᠨ ᠭᠠᠵᠠᠷ ᠡᠵᠡᠯᠡᠭᠰᠡᠨ ᠶᠠᠯ᠎ᠠ ᠪᠠᠷ ᠨᠢᠭᠡ ᠵᠢᠯ ᠤᠨ ᠭᠠᠳᠠᠨ᠎ᠠ ᠨᠠᠢᠮᠠᠨ ᠰᠠᠷ᠎ᠠ ᠶᠢᠨ ᠬᠤᠭᠤᠴᠠᠭ᠎ᠠ ᠲᠠᠢ ᠬᠤᠷᠢᠬᠤ ᠪᠠᠷ ᠰᠢᠳᠬᠡᠵᠤ᠂ ᠠᠷᠠᠳ ᠤᠨ ᠵᠣᠭᠤᠰ 15000 ᠲᠦᠬᠦᠷᠢᠭ ᠢᠶᠠᠷ ᠲᠣᠷᠭᠠᠪᠠ᠃ ᠰᠢᠷᠬᠤᠰᠤᠨ ᠪᠠᠯᠭᠠᠰᠣᠨ ᠤ ᠵᠠᠩ ᠹᠧᠩ ᠫᠠᠨ ᠳᠣᠰᠬᠤᠨ ᠤ ᠠᠷᠠᠳ᠂ ᠳᠡᠭᠡᠳᠣ ᠱᠠᠳᠣᠨ ᠤ ᠵᠦᠪᠰᠢᠶᠡᠷᠡᠯ ᠢ ᠣᠯᠣᠭᠰᠠᠨ ᠦᠭᠡᠢ ᠪᠠᠶᠢᠳᠠᠯ ᠳᠣᠣᠷ᠎ᠠ 46.05 ᠮᠣ᠋ ᠣᠢ ᠶᠢ ᠡᠪᠳᠡᠵᠦ ᠬᠠᠭᠠᠯᠪᠦᠷᠢᠯᠡᠪᠡ᠃ ᠵᠠᠭᠠᠯᠳᠣᠭᠳᠠᠭᠴᠢ ᠶᠠᠯᠠᠳᠣ ᠠᠵᠢᠯᠯᠠᠭ᠎ᠠ ᠬᠢᠭᠰᠡᠨ ᠤ ᠳᠠᠷᠠᠭ᠎ᠠ ᠲᠠᠷᠣᠶᠢᠬᠠᠨ ᠣᠷᠭᠤᠮᠠᠯ ᠤᠨ ᠬᠤᠴᠢᠯᠭ᠎ᠠ ᠶᠢ ᠰᠡᠷᠬᠦᠭᠡᠭᠰᠡᠨ ᠳᠣᠯᠠ ᠬᠦᠩᠭᠡᠨ ᠢᠶᠠᠷ ᠰᠢᠳᠭᠡᠬᠦ ᠨᠦᠬᠦᠴᠡᠯ ᠲᠠᠢ ᠪᠠᠶᠢᠵᠣ ᠂ ᠬᠠᠣᠯᠢ ᠪᠣᠰᠣ ᠪᠠᠷ ᠭᠠᠵᠠᠷ ᠡᠵᠡᠯᠡᠨ ᠳᠠᠷᠢᠶᠠᠯᠠᠭᠰᠠᠨ ᠶᠠᠯ᠎ᠠ ᠪᠠᠷ ᠭᠤᠷᠪᠠᠨ ᠰᠠᠷ᠎ᠠ ᠶᠢᠨ ᠬᠤᠭᠤᠴᠠᠭ᠎ᠠ ᠲᠠᠢ ᠬᠤᠷᠢᠬᠤ  ᠪᠠᠷ ᠰᠢᠳᠭᠡᠵᠦ᠂ ᠠᠷᠠᠳ ᠤᠨ ᠵᠣᠭᠤᠰ 3000 ᠲᠦᠬᠦᠷᠢᠭ ᠢᠶᠠᠷ ᠲᠣᠷᠭᠠᠪᠠ᠃ ᠥᠥᠰᠢᠨᠵᠣᠣ ᠪᠠᠯᠭᠠᠰᠣᠨ ᠤ ᠪᠠᠭᠠᠨᠠᠭᠤᠷ ᠭᠠᠴᠠᠭᠠᠨ ᠤ ᠠᠷᠠᠳ᠂ ᠳᠡᠭᠡᠳᠣ ᠱᠠᠳᠣᠨ ᠤ ᠵᠦᠪᠰᠢᠶᠡᠷᠡᠯ ᠢ ᠣᠯᠣᠭᠰᠠᠨ ᠦᠭᠡᠢ ᠪᠠᠶᠢᠳᠠᠯ ᠳᠣᠣᠷ᠎ᠠ 63.97 ᠮᠣ᠋ ᠣᠢ ᠶᠢ ᠡᠪᠳᠡᠵᠦ ᠬᠠᠭᠠᠯᠪᠦᠷᠢᠯᠡᠪᠡ᠃ ᠬᠠᠣᠯᠢ ᠪᠣᠰᠣ ᠪᠠᠷ ᠭᠠᠵᠠᠷ ᠡᠵᠡᠯᠡᠨ ᠳᠠᠷᠢᠶᠠᠯᠠᠭᠰᠠᠨ ᠶᠠᠯ᠎ᠠ ᠪᠠᠷ ᠳᠣᠯᠣᠭᠠᠨ ᠰᠠᠷ᠎ᠠ ᠶᠢᠨ ᠬᠤᠭᠤᠴᠠᠭ᠎ᠠ ᠲᠠᠢ ᠬᠤᠷᠢᠬᠤ ᠪᠠᠷ ᠰᠢᠳᠬᠡᠵᠤ᠂ ᠠᠷᠠᠳ ᠤᠨ ᠵᠣᠭᠤᠰ 5000 ᠲᠦᠬᠦᠷᠢᠭ  ᠢᠶᠠᠷ ᠲᠣᠷᠭᠠᠪᠠ᠃ ᠤᠯᠠᠭᠠᠨᠲᠣᠯᠤᠭᠠᠢ ᠪᠠᠯᠭᠠᠰᠤᠨ ᠤ ᠤᠯᠠᠭᠠᠨᠲᠤᠭ ᠲᠣᠰᠬᠤᠨ ᠤ ᠠᠷᠠᠳ᠂ ᠳᠡᠭᠡᠳᠣ ᠱᠠᠳᠣᠨ ᠤ ᠵᠦᠪᠰᠢᠶᠡᠷᠡᠯ ᠢ ᠣᠯᠣᠭᠰᠠᠨ ᠦᠭᠡᠢ ᠪᠠᠶᠢᠳᠠᠯ ᠳᠣᠣᠷ᠎ᠠ 9.59 ᠮᠣ᠋ ᠣᠢ ᠶᠢ ᠡᠪᠳᠡᠵᠦ ᠬᠠᠭᠠᠯᠪᠦᠷᠢᠯᠡᠪᠡ᠃ ᠵᠠᠭᠠᠯᠳᠣᠭᠳᠠᠭᠴᠢ ᠶᠠᠯᠠᠳᠣ ᠠᠵᠢᠯᠯᠠᠭ᠎ᠠ ᠬᠢᠭᠰᠡᠨ ᠤ ᠳᠠᠷᠠᠭ᠎ᠠ ᠲᠠᠷᠣᠶᠢᠬᠠᠨ ᠣᠷᠭᠤᠮᠠᠯ ᠤᠨ ᠬᠤᠴᠢᠯᠭ᠎ᠠ ᠶᠢ ᠰᠡᠷᠬᠦᠭᠡᠭᠰᠡᠨ ᠳᠣᠯᠠ ᠬᠦᠩᠭᠡᠨ ᠢᠶᠠᠷ ᠰᠢᠳᠭᠡᠬᠦ ᠨᠦᠬᠦᠴᠡᠯ ᠲᠠᠢ ᠪᠠᠶᠢᠵᠣ᠂ ᠬᠠᠣᠯᠢ ᠪᠣᠰᠣ ᠪᠠᠷ ᠭᠠᠵᠠᠷ ᠡᠵᠡᠯᠡᠨ ᠳᠠᠷᠢᠶᠠᠯᠠᠭᠰᠠᠨ ᠶᠠᠯ᠎ᠠ ᠪᠠᠷ ᠭᠤᠷᠪᠠᠨ ᠰᠠᠷ᠎ᠠ ᠶᠢᠨ ᠬᠤᠭᠤᠴᠠᠭ᠎ᠠ ᠲᠠᠢ ᠬᠤᠷᠢᠬᠤ ᠪᠠᠷ ᠰᠢᠳᠭᠡᠵᠦ᠂ ᠰᠢᠳᠭᠡᠯ ᠢ ᠵᠢᠷᠭᠤᠭᠠᠨ ᠰᠠᠷ᠎ᠠ ᠬᠤᠶᠢᠰᠢᠯᠠᠭᠤᠯᠵᠣ᠂ ᠠᠷᠠᠳ ᠤᠨ ᠵᠣᠭᠤᠰ 2000 ᠲᠦᠬᠦᠷᠢᠭ ᠢᠶᠠᠷ ᠲᠣᠷᠭᠠᠪᠠ᠃ ᠭᠠᠯᠠᠭᠤᠳᠣ ᠪᠠᠯᠭᠠᠰᠣᠨ ᠤ ᠨᠢᠭᠡᠨ ᠺᠣᠮᠫᠠᠨᠢ᠂ ᠳᠡᠭᠡᠳᠣ ᠱᠠᠳᠣᠨ ᠤ ᠵᠦᠪᠰᠢᠶᠡᠷᠡᠯ ᠢ ᠣᠯᠣᠭᠰᠠᠨ ᠦᠭᠡᠢ ᠪᠠᠶᠢᠳᠠᠯ ᠳᠣᠣᠷ᠎ᠠ 15.47 ᠮᠣ᠋ ᠣᠢ ᠶᠢ ᠡᠪᠳᠡᠨ ᠬᠠᠭᠠᠯᠪᠤᠷᠢᠯᠠᠵᠤ᠂ ᠬᠠᠣᠯᠢ ᠪᠣᠰᠣ ᠪᠠᠷ ᠭᠠᠵᠠᠷ ᠡᠵᠡᠯᠡᠨ ᠳᠠᠷᠢᠶᠠᠯᠠᠭᠰᠠᠨ ᠶᠠᠯ᠎ᠠ ᠪᠠᠷ ᠠᠷᠠᠳ  ᠤᠨ ᠵᠣᠭᠤᠰ 200000 ᠲᠦᠬᠦᠷᠢᠭ ᠢᠶᠠᠷ ᠲᠣᠷᠭᠠᠵᠤ᠂ ᠳᠣᠰ ᠺᠣᠮᠫᠠᠨᠢ ᠶᠢᠨ ᠬᠠᠣᠯᠢ ᠶᠢᠨ ᠲᠦᠯᠦᠭᠡᠯᠡᠭᠴᠢ ᠶᠢ ᠨᠢᠭᠡ ᠵᠢᠯ ᠤᠨ ᠬᠤᠭᠤᠴᠠᠭ᠎ᠠ ᠲᠠᠢ ᠬᠤᠷᠢᠬᠤ ᠪᠠᠷ ᠶᠠᠯᠠᠯᠠᠵᠣ᠂ ᠰᠢᠳᠭᠡᠯ ᠢ ᠬᠤᠶᠡᠷ ᠵᠢᠯ ᠬᠤᠶᠢᠰᠢᠯᠠᠭᠤᠯᠵᠣ᠂ ᠠᠷᠠᠳ  ᠤᠨ ᠵᠣᠭᠤᠰ 10000 ᠲᠦᠬᠦᠷᠢᠭ ᠲᠣᠷᠭᠠᠪᠠ᠃    ︽ᠭᠥᠬᠡᠮᠳᠤᠡ ᠠᠭᠤᠯᠠ ᠴᠡᠩᠬᠡᠭ ᠤᠰᠤ ᠪᠣᠯ ᠠᠯᠲᠠ ᠮᠥᠩᠭᠦᠨ ᠠᠭᠤᠯᠠ︾ ᠭᠡᠬᠦ ᠣᠶᠢᠯᠠᠭᠠᠭᠳᠠᠬᠤᠨ ᠢ ᠪᠠᠲᠤ ᠪᠠᠬᠢ ᠪᠣᠢ ᠪᠣᠯᠭᠠᠵᠤ᠂ ᠣᠢ ᠰᠢᠭᠤᠢ ᠶᠢᠨ ᠡᠬᠢ ᠪᠠᠶᠠᠯᠢᠭ ᠤᠨ ᠬᠠᠮᠠᠭᠠᠯᠠᠯᠳᠠ ᠬᠠᠮᠢᠶᠠᠷᠣᠯᠳᠠ ᠶᠢ ᠴᠢᠩᠭᠠᠳᠬᠠᠵᠣ᠂ ᠪᠡᠯᠡᠳᠭᠡᠯ ᠣᠢ ᠰᠢᠭᠤᠢ ᠶᠢᠨ ᠡᠬᠢ ᠪᠠᠶᠠᠯᠢᠭ ᠤᠨ ᠪᠣᠢ ᠪᠣᠯᠭᠠᠬᠤ ᠶᠢ ᠲᠦᠷᠭᠡᠳᠭᠡᠵᠦ᠂ ᠣᠢ ᠶᠢ ᠡᠪᠳᠡᠵᠦ ᠬᠠᠭᠠᠯᠪᠣᠷᠢᠯᠠᠬᠤ ᠵᠡᠷᠭᠡ ᠬᠠᠣᠯᠢ ᠵᠦᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠳᠠ ᠦᠭᠴᠦ᠂ ᠠᠵᠣ ᠠᠬᠤᠢ ᠨᠡᠶᠢᠭᠡᠮ ᠤᠨ ᠦᠷᠬᠦᠯᠵᠢᠯᠡᠬᠦᠶᠢᠴᠡ ᠡᠷᠡᠭᠦᠯ ᠬᠦᠭᠵᠢᠯᠳᠡ ᠶᠢ ᠠᠬᠢᠭᠤᠯᠵᠣ᠂ ︽ᠪᠦᠬᠦᠳᠡ ᠨᠠᠶᠢᠷᠠᠮᠳᠠᠬᠤ ᠳᠣᠮᠳᠠᠳᠣ ᠠᠷᠠᠳ ᠣᠯᠣᠰ ᠤᠨ ᠣᠢ ᠰᠢᠭᠤᠢ ᠶᠢᠨ ᠬᠠᠣᠯᠢ︾᠂ ︽ᠪᠦᠬᠦᠳᠡ ᠨᠠᠶᠢᠷᠠᠮᠳᠠᠬᠤ ᠳᠣᠮᠳᠠᠳᠣ ᠠᠷᠠᠳ ᠣᠯᠣᠰ ᠤᠨ ᠣᠢ ᠰᠢᠭᠤᠢ ᠶᠢᠨ ᠬᠠᠣᠯᠢ ᠶᠢ ᠭᠡᠷᠡᠭᠵᠢᠬᠦᠯᠬᠦ ᠲᠦᠷᠢᠮ︾ ᠵᠡᠷᠭᠡ ᠬᠠᠮᠢᠶ᠎ᠠ ᠪᠦᠬᠦᠢ ᠬᠠᠣᠯᠢ ᠴᠠᠭᠠᠵᠠ᠂ ᠬᠠᠤᠯᠢ ᠲᠦᠷᠢᠮ ᠢ ᠦᠨᠳᠣᠰᠦᠯᠡᠨ᠂ ᠣᠢ ᠰᠢᠭᠤᠢ ᠶᠢᠨ ᠡᠬᠢ ᠪᠠᠶᠠᠯᠢᠭ ᠢ ᠬᠠᠮᠠᠭᠠᠯᠠᠨ᠂ ᠣᠢ ᠶᠢ ᠡᠪᠳᠡᠵᠦ ᠬᠠᠭᠠᠯᠪᠣᠷᠢᠯᠠᠬᠤ  ᠶᠢ ᠬᠤᠷᠢᠭᠯᠠᠬᠤ ᠬᠠᠮᠢᠶ᠎ᠠ ᠪᠦᠬᠦᠢ ᠠᠵᠢᠯ ᠤᠨ ᠳᠣᠬᠠᠢ ᠳᠣᠣᠷᠠᠬᠢ ᠮᠡᠳᠣ ᠮᠡᠳᠡᠭᠳᠡᠪᠡ᠄    ᠨᠢᠭᠡ᠂ ᠶᠠᠮᠠᠷᠪᠠ ᠪᠠᠶᠢᠭᠤᠯᠭ᠎ᠠ ᠨᠢᠭᠡᠴᠢ ᠬᠢᠭᠡᠳ ᠬᠤᠪᠢ ᠬᠦᠮᠦᠨ ᠬᠠᠣᠯᠢ ᠪᠣᠰᠣ ᠪᠠᠷ ᠣᠶᠢᠳᠣ ᠭᠠᠵᠡᠷ ᠢ ᠡᠵᠡᠯᠡᠬᠦ ᠶᠢ ᠡᠷᠡᠰ ᠬᠤᠷᠢᠭᠯᠠᠨ᠎ᠠ᠃    ᠬᠤᠶᠡᠷ᠂ ᠶᠠᠮᠠᠷᠪᠠ ᠪᠠᠶᠢᠭᠤᠯᠭ᠎ᠠ ᠨᠢᠭᠡᠴᠢ ᠬᠢᠭᠡᠳ ᠬᠤᠪᠢ ᠬᠦᠮᠦᠨ ᠳᠡᠭᠡᠳᠣ ᠱᠠᠳᠣᠨ ᠤ ᠵᠦᠪᠰᠢᠶᠡᠷᠡᠯ ᠢ ᠣᠯᠣᠭᠰᠠᠨ ᠦᠭᠡᠢ ᠪᠠᠷ ᠣᠶᠢᠳᠣ ᠭᠠᠵᠠᠷ ᠤᠨ ᠭᠡᠪᠴᠢᠶᠡᠨ ᠳᠤ ᠣᠢ ᠶᠢ ᠡᠪᠳᠡᠵᠦ ᠬᠠᠭᠠᠯᠪᠣᠷᠢᠯᠠᠬᠤ᠂ ᠠᠭᠤᠷᠬᠠᠢ ᠮᠠᠯᠳᠠᠬᠤ᠂ ᠵᠣᠭᠤᠷᠢ ᠮᠠᠯᠲᠠᠬᠤ᠂ ᠪᠣᠩᠬᠤᠨ ᠪᠠᠶᠢᠭᠤᠯᠬᠤ᠂ ᠭᠡᠷ ᠪᠠᠷᠢᠬᠤ᠂ ᠣᠰᠣᠨ ᠴᠦᠬᠦᠷᠦᠮ ᠮᠠᠯᠲᠠᠬᠤ᠂ ᠡᠯᠡᠰᠦ ᠮᠠᠯᠳᠠᠬᠤ᠂ ᠰᠢᠷᠤᠢ ᠠᠪᠬᠤ᠂ ᠬᠠᠶᠠᠭᠳᠠᠮᠠᠯ ᠪᠣᠳᠠᠰ ᠣᠪᠣᠭᠠᠯᠠᠬᠤ ᠪᠣᠶᠣ ᠬᠠᠶᠠᠬᠤ ᠵᠡᠷᠭᠡ ᠠᠵᠢᠯᠯᠠᠭ᠎ᠠ ᠵᠢᠴᠢ ᠪᠣᠰᠣᠳ ᠣᠢ ᠰᠢᠭᠤᠢ ᠶᠢᠨ ᠦᠢᠯᠡᠳᠪᠤᠷᠢᠯᠡᠯ ᠬᠢᠭᠡᠳ ᠪᠦᠳᠦᠭᠡᠨ ᠪᠠᠶᠢᠭᠤᠯᠣᠯᠳᠠ ᠶᠢᠨ ᠪᠣᠰᠣ ᠠᠵᠢᠯᠯᠠᠭ᠎ᠠ ᠶᠢ ᠡᠷᠡᠰ ᠬᠤᠷᠢᠭᠯᠠᠨ᠎ᠠ᠃    ᠭᠤᠷᠪᠡ᠂ ᠠᠮᠢ ᠠᠬᠤᠢ ᠶᠢᠨ ᠨᠡᠶᠢᠳᠡ ᠶᠢᠨ ᠠᠰᠠᠷᠠᠮᠵᠢ ᠶᠢᠨ ᠣᠢ᠂ ᠬᠠᠯᠬᠠᠪᠴᠢ ᠣᠢ ᠶᠢ ᠡᠪᠳᠡᠵᠦ᠂ ᠠᠯᠮᠣᠷᠠᠳ᠂ ᠦᠵᠦᠮ᠂ ᠢᠳᠡᠰᠢᠨ ᠨᠣᠭᠤᠭ᠎ᠠ ᠵᠡᠷᠭᠡ ᠶᠢ ᠳᠠᠷᠢᠬᠤ ᠶᠢ ᠡᠷᠡᠰ ᠬᠤᠷᠢᠭᠯᠠᠨ᠎ᠠ᠃    ᠲᠦᠷᠪᠡ᠂ ᠣᠢ ᠶᠢ ᠡᠪᠳᠡᠵᠦ ᠬᠠᠭᠠᠯᠪᠣᠷᠢᠯᠠᠵᠣ ᠳᠠᠷᠢᠶᠠᠯᠠᠬᠤ᠂ ᠠᠭᠤᠷᠬᠠᠢ ᠮᠠᠯᠳᠠᠬᠤ ᠪᠣᠯᠣᠨ ᠮᠣᠳᠣ ᠣᠭᠲᠣᠯᠵᠤ ᠲᠠᠷᠢᠶ᠎ᠠ ᠲᠠᠷᠢᠬᠤ ᠠᠵᠢᠯᠯᠠᠭ᠎ᠠ ᠳᠤ ᠡᠷᠡᠰ ᠴᠣᠬᠢᠯᠲᠠ ᠥᠭᠭᠦᠨ᠎ᠡ᠃ ᠣᠢ ᠰᠢᠭᠤᠢ ᠶᠢᠨ ᠮᠣᠳᠣ ᠶᠢ ᠡᠪᠳᠡᠭᠰᠡᠨ ᠳᠣᠬᠠᠢ  ᠶᠢᠨ ᠬᠦᠮᠦᠨ ᠡᠪᠳᠡᠭᠰᠡᠨ ᠮᠣᠳᠣᠨ ᠤ ᠨᠢᠭᠡ ᠠᠴᠠ ᠭᠤᠷᠪᠡᠨ ᠳᠠᠬᠢᠨ ᠰᠠᠭᠤᠷᠢ ᠮᠣᠳᠣ ᠨᠦᠬᠦᠵᠦ ᠳᠠᠷᠢᠬᠤ ᠭᠡᠷᠡᠭᠲᠡᠢ᠃ ᠨᠦᠬᠦᠵᠦ ᠳᠠᠷᠢᠬᠤ ᠶᠢ ᠲᠡᠪᠴᠢᠬᠦ ᠪᠣᠶᠣ ᠳᠠᠷᠢᠭᠰᠠᠨ ᠮᠣᠳᠣ ᠨᠢ ᠣᠯᠣᠰ ᠤᠨ ᠬᠠᠮᠢᠶ᠎ᠠ ᠪᠦᠬᠦᠢ ᠲᠥᠷᠢᠮ ᠲᠣᠭᠲᠠᠭᠠᠯ ᠳᠤ ᠨᠡᠶᠢᠴᠡᠬᠦ ᠦᠭᠡᠢ ᠪᠣᠯ᠂ ᠬᠤᠰᠢᠭᠤ ᠣᠢ ᠰᠢᠭᠤᠢ ᠶᠢ ᠭᠤᠣᠯᠯᠠᠨ ᠬᠠᠮᠢᠶᠠᠷᠬᠤ ᠰᠠᠯᠠᠭ᠎ᠠ ᠮᠦᠴᠢᠷ  ᠠᠴᠠ ᠣᠷᠣᠯᠠᠨ ᠳᠠᠷᠢᠵᠣ᠂ ᠵᠠᠷᠣᠳᠠᠯ ᠢ ᠨᠢ ᠬᠠᠣᠯᠢ ᠵᠦᠷᠢᠴᠡᠭᠰᠡᠳ ᠬᠠᠷᠢᠭᠤᠴᠠᠬᠤ ᠪᠦᠭᠡᠳ ᠡᠪᠳᠡᠭᠰᠡᠨ ᠮᠣᠳᠣᠨ ᠤ ᠦᠷᠳᠡᠭ ᠤᠨ ᠨᠢᠭᠡ ᠠᠴᠠ ᠳᠠᠪᠣᠨ ᠳᠠᠬᠢᠨ ᠢᠶᠠᠷ ᠲᠦᠯᠦᠨ᠎ᠡ᠃ ᠬᠠᠯᠬᠠᠪᠴᠢ ᠣᠢ᠂ ᠣᠨᠴᠠᠭᠠᠢ ᠭᠡᠷᠡᠭᠴᠡᠭᠡ ᠪᠦᠬᠦᠢ ᠣᠢ ᠶᠢ ᠬᠠᠣᠯᠢ ᠪᠣᠰᠣ ᠪᠠᠷ ᠡᠵᠡᠯᠡᠬᠦ ᠪᠣᠶᠣ ᠡᠪᠳᠡᠭᠰᠡᠨ ᠳᠠᠯᠠᠪᠠᠢ ᠨᠢ 5 ᠮᠣ᠋ ᠬᠦᠷᠬᠦ᠂ ᠪᠣᠰᠣᠳ ᠵᠦᠢᠯ ᠤᠨ ᠣᠢ  ᠶᠢᠨ ᠳᠠᠯᠠᠪᠠᠢ ᠨᠢ 10 ᠮᠣ᠋ ᠠᠴᠠ ᠳᠡᠭᠡᠭᠰᠢ ᠬᠦᠷᠬᠦ ᠠᠵᠢᠯᠯᠠᠭ᠎ᠠ ᠨᠢ ᠶᠠᠯ᠎ᠠ ᠬᠢᠭᠰᠡᠨ ᠳᠤ ᠳᠣᠭᠠᠴᠠᠭᠳᠠᠵᠣ᠂ ᠬᠠᠣᠯᠢ ᠶᠣᠰᠣᠭᠠᠷ ᠡᠷᠡᠬᠦᠦ ᠶᠢᠨ ᠭᠡᠷᠡᠭ ᠤᠨ ᠬᠠᠷᠢᠭᠤᠴᠠᠯᠭ᠎ᠠ ᠨᠡᠭᠡᠮᠵᠢᠯᠡᠨ᠎ᠡ᠃ ᠬᠤᠰᠢᠭᠤᠨ ᠤ ᠱᠠᠲᠤᠨ ᠠᠴᠠ ᠳᠡᠭᠡᠭᠰᠢ ᠣᠢ ᠰᠢᠭᠤᠢ ᠶᠢ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠤᠨ ᠬᠢᠨᠡᠨ ᠵᠦᠪᠰᠢᠶᠡᠷᠡᠯ ᠢ ᠣᠯᠣᠭᠰᠠᠨ ᠦᠭᠡᠢ ᠪᠠᠷ ᠣᠶᠢᠳᠣ ᠭᠠᠵᠡᠷ ᠤᠨ ᠭᠡᠷᠡᠭᠴᠡᠭᠡ ᠶᠢ ᠳᠣᠷ᠎ᠠ ᠪᠠᠷ ᠦᠭᠡᠷᠡᠴᠢᠯᠡᠭᠰᠡᠨ ᠠᠵᠢᠯᠯᠠᠭ᠎ᠠ ᠳᠤ ᠬᠠᠣᠯᠢ ᠲᠥᠷᠢᠮ ᠳᠤ ᠳᠣᠭᠳᠠᠭᠠᠭᠰᠠᠨ ᠶᠣᠰᠤᠭᠠᠷ ᠳᠣᠭᠳᠠᠭᠰᠠᠨ ᠬᠤᠭᠤᠴᠠᠭᠠᠨ ᠳᠤ ᠣᠣᠯ ᠪᠠᠶᠢᠳᠠᠯ ᠢ ᠨᠢ ᠰᠡᠷᠭᠦᠭᠡᠬᠦ ᠪᠠᠷ ᠵᠠᠷᠯᠢᠭᠳᠠᠬᠤ ᠶᠢᠨ ᠬᠠᠮᠳᠣ ᠬᠠᠣᠯᠢ ᠪᠣᠰᠣ ᠪᠠᠷ ᠬᠡᠷᠡᠭᠴᠡᠭᠡ ᠶᠢ ᠥᠭᠡᠷᠡᠴᠢᠯᠡᠭᠰᠡᠨ ᠣᠶᠢᠳᠣ ᠭᠠᠵᠡᠷ ᠢ ᠲᠡᠭᠰᠢ ᠲᠥᠷᠪᠡᠯᠵᠢᠨ ᠮᠧᠲᠷ ᠪᠦᠷᠢ 10 ᠲᠦᠬᠦᠷᠢᠭ ᠠᠴᠠ 30 ᠲᠦᠬᠦᠷᠢᠭ ᠲᠣᠷᠭᠠᠨ᠎ᠠ᠃ ᠦᠪᠡᠷ ᠤᠨ ᠳᠣᠷ᠎ᠠ ᠪᠠᠷ ᠢᠶᠠᠨ ᠬᠠᠯᠬᠠᠪᠴᠢ ᠣᠢ᠂ ᠣᠨᠴᠠᠭᠠᠢ ᠭᠡᠷᠡᠭᠴᠡᠭᠡ ᠪᠦᠬᠦᠢ ᠣᠢ ᠶᠢ ᠪᠣᠰᠤᠳ ᠣᠢ ᠪᠣᠯᠭᠠᠨ ᠥᠭᠡᠷᠡᠴᠢᠯᠡᠭᠰᠡᠨ ᠠᠵᠢᠯᠯᠠᠭ᠎ᠠ ᠳᠤ ᠬᠤᠰᠢᠭᠤ ᠣᠢ ᠰᠢᠭᠤᠢ ᠶᠢ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠡᠵᠡᠩᠨᠡᠭᠴᠢ ᠶᠢᠨ ᠣᠢ ᠰᠢᠭᠤᠢ ᠶᠢᠨ ᠠᠮᠢ ᠠᠬᠤᠢ ᠶᠢᠨ ᠥᠷ᠎ᠡ ᠠᠰᠢᠭ ᠤᠨ ᠨᠦᠬᠦᠪᠦᠷᠢ ᠶᠢ ᠪᠥᠬᠦᠨ ᠢ ᠬᠤᠷᠢᠶᠡᠨ ᠠᠪᠴᠣ᠂ ᠪᠠᠰᠠ ᠣᠯᠣᠭᠰᠠᠨ ᠣᠢ ᠰᠢᠭᠤᠢ ᠶᠢᠨ ᠠᠮᠢ ᠠᠬᠤᠢ ᠶᠢᠨ ᠥᠷ᠎ᠡ ᠠᠰᠢᠭ ᠤᠨ ᠨᠦᠬᠦᠪᠦᠷᠢ ᠶᠢᠨ ᠭᠤᠷᠪᠠᠨ ᠳᠠᠬᠢᠨ ᠠᠴᠠ ᠳᠣᠣᠷ᠎ᠠ ᠲᠣᠷᠭᠠᠭᠤᠯᠢ ᠶᠢᠨ ᠮᠦᠩᠬᠦ ᠬᠤᠷᠢᠶᠡᠨ᠎ᠡ᠃ ᠪᠠᠶᠢᠳᠠᠯ ᠬᠦᠨᠳᠣ ᠭᠡᠴᠡᠬᠦᠦ᠂ ᠬᠠᠣᠯᠢ ᠵᠦᠷᠢᠴᠡᠭᠰᠡᠨ ᠠᠵᠢᠯᠯᠠᠭ᠎ᠠ ᠪᠣᠯᠪᠠᠯ ᠬᠠᠣᠯᠢ ᠶᠣᠰᠣᠭᠠᠷ ᠳᠣᠬᠠᠢ ᠶᠢᠨ ᠬᠦᠮᠦᠨ  ᠠᠴᠠ ᠡᠷᠡᠭᠦᠦ ᠶᠢᠨ ᠭᠡᠷᠡᠭ ᠤᠨ ᠬᠠᠷᠢᠭᠤᠴᠠᠯᠭ᠎ᠠ ᠨᠡᠭᠡᠮᠵᠢᠯᠡᠨ᠎ᠡ᠃    ᠳᠠᠪᠤ᠂ ᠡᠯ᠎ᠡ ᠰᠣᠮᠣ ᠪᠠᠯᠭᠠᠰᠣ᠂ ᠭᠠᠴᠠᠭ᠎ᠠ ᠳᠣᠰᠬᠤᠨ ︽ᠨᠣᠳᠤᠭ ᠢᠶᠠᠨ ᠰᠠᠬᠢᠬᠤ ᠡᠭᠦᠷᠭᠡ ᠲᠠᠢ᠂ ᠨᠣᠳᠤᠭ  ᠢᠶᠠᠨ ᠬᠠᠮᠠᠭᠠᠯᠠᠬᠤ ᠬᠠᠷᠢᠭᠤᠴᠠᠯᠭ᠎ᠠ ᠲᠠᠢ᠂ ᠨᠣᠳᠤᠭ ᠢᠶᠠᠨ ᠬᠠᠮᠠᠭᠠᠯᠠᠬᠤ ᠳᠤ ᠬᠠᠷᠢᠭᠤᠴᠠᠯᠭ᠎ᠠ ᠪᠠᠨ ᠭᠦᠢᠴᠡᠳᠬᠡᠬᠦ︾ ᠬᠢᠭᠡᠳ ᠬᠠᠷᠢᠶᠠᠳᠣ ᠣᠷᠣᠨ ᠤ ᠬᠠᠮᠢᠶᠠᠷᠣᠯᠳᠠ ᠶᠢᠨ ᠲᠦᠷᠢᠮ ᠶᠣᠰᠣᠭᠠᠷ ᠤᠬᠠᠭᠤᠯᠭ᠎ᠠ ᠬᠦᠮᠤᠵᠢᠯ ᠪᠣᠯᠣᠨ ᠡᠳᠦᠷ ᠳᠣᠳᠣᠮ ᠤᠨ ᠴᠠᠭᠳᠠᠨ ᠪᠠᠶᠢᠴᠠᠭᠠᠯᠲᠠ᠂ ᠬᠢᠨᠠᠯᠲᠠ ᠬᠠᠮᠢᠶᠠᠷᠤᠯᠲᠠ ᠪᠠᠨ ᠦᠨᠡᠨᠬᠦ ᠴᠢᠩᠭᠠᠳᠬᠠᠵᠣ᠂ ᠬᠠᠮᠢᠶᠠᠷᠬᠤ ᠬᠠᠮᠠᠭᠠᠯᠠᠬᠤ ᠠᠷᠭ᠎ᠠ ᠠᠪᠴᠠᠯ ᠢ ᠨᠠᠶᠢᠲᠠᠪᠤᠷᠢᠵᠢᠭᠤᠯᠵᠤ᠂ ᠨᠢᠭᠡᠨᠳᠡ ᠬᠠᠭᠠᠯᠪᠣᠷᠢᠯᠠᠬᠰᠠᠨ ᠪᠣᠶᠣ ᠬᠠᠣᠯᠢ ᠪᠣᠰᠣ ᠪᠠᠷ ᠡᠵᠡᠯᠡᠭᠰᠡᠨ ᠣᠶᠢᠲᠤ ᠭᠠᠵᠠᠷ ᠲᠤ ᠣᠷᠭᠤᠮᠠᠯ ᠤᠨ ᠬᠤᠴᠢᠯᠭ᠎ᠠ ᠶᠢ ᠰᠡᠷᠭᠦᠭᠡᠬᠦ ᠪᠣᠳᠠᠳᠠᠢ ᠭᠡᠷᠡᠭᠵᠢᠬᠦᠯᠬᠦ ᠲᠦᠰᠦᠯ ᠢ ᠳᠣᠭᠳᠠᠭᠠᠵᠣ᠂ ᠬᠠᠣᠯᠢ ᠵᠦᠷᠢᠴᠡᠭᠰᠡᠨ ᠪᠠᠶᠢᠭᠤᠯᠭ᠎ᠠ ᠨᠢᠭᠡᠴᠢ ᠪᠣᠯᠣᠨ ᠬᠤᠪᠢ ᠬᠦᠮᠦᠨ ᠳᠣᠰ ᠮᠡᠳᠡᠭᠳᠡᠯ ᠢ ᠨᠡᠶᠢᠳᠡᠯᠡᠭᠰᠡᠨ ᠡᠳᠤᠷ ᠠᠴᠠ ᠡᠬᠢᠯᠡᠨ 2018 ᠣᠨ ᠤ 4 ᠰᠠᠷ᠎ᠠ ᠶᠢᠨ 30 ᠤ ᠡᠳᠦᠷ ᠠᠴᠠ ᠡᠮᠦᠨ᠎ᠡ ᠣᠷᠭᠤᠮᠠᠯ ᠤᠨ ᠬᠤᠴᠢᠯᠭ᠎ᠠ ᠶᠢ ᠰᠡᠷᠭᠦᠭᠡᠬᠦ ᠭᠡᠷᠡᠭᠲᠡᠢ᠃ ᠰᠡᠷᠭᠦᠭᠡᠬᠦ ᠶᠢ ᠲᠡᠪᠴᠢᠭᠰᠡᠳ ᠢ ᠣᠢ ᠰᠢᠭᠤᠢ ᠶᠢᠨ ᠲᠣᠳᠣᠭᠠᠳᠣ ᠶᠢ ᠬᠠᠮᠠᠭᠠᠯᠠᠬᠤ ᠳᠣᠪᠴᠢᠶᠡᠨ ᠳᠤ ᠰᠢᠯᠵᠢᠬᠦᠯᠦᠨ ᠳᠣᠰᠢᠶᠠᠵᠣ᠂ ᠬᠠᠣᠯᠢ ᠶᠣᠰᠣᠭᠠᠷ ᠴᠢᠩᠭ᠎ᠠ ᠰᠢᠳᠭᠡᠵᠦ᠂ ᠠᠶ᠎ᠠ ᠪᠠᠷ ᠨᠢ ᠪᠠᠶᠢᠯᠭᠠᠵᠣ ᠪᠣᠯᠬᠤ ᠦᠭᠡᠢ᠃ ᠰᠢᠨ᠎ᠡ ᠪᠠᠷ ᠣᠢ ᠶᠢ ᠡᠪᠳᠡᠵᠦ ᠬᠠᠭᠠᠯᠪᠤᠷᠢᠯᠠᠬᠤ ᠵᠡᠷᠭᠡ ᠬᠠᠣᠯᠢ ᠵᠦᠷᠢᠴᠡᠵᠦ ᠣᠶᠢᠳᠣ ᠭᠠᠵᠡᠷ ᠢ ᠠᠰᠢᠭᠯᠠᠭᠰᠠᠨ ᠠᠵᠢᠯᠯᠠᠭ᠎ᠠ ᠶᠢ ᠳᠠᠷᠣᠢ ᠲᠦᠷᠭᠡᠨ ᠬᠤᠷᠢᠭᠯᠠᠨ ᠵᠣᠭᠰᠣᠭᠠᠵᠣ᠂ ᠬᠤᠰᠢᠭᠤᠨ ᠤ ᠣᠢ ᠰᠢᠭᠤᠢ ᠶᠢᠨ ᠰᠠᠯᠠᠭ᠎ᠠ ᠮᠦᠴᠢᠷ ᠲᠤ ᠮᠡᠳᠡᠬᠦᠯᠦᠨ᠎ᠡ᠃    ᠵᠢᠷᠭᠤᠭ᠎ᠠ᠂ ᠨᠡᠶᠢᠭᠡᠮ ᠤᠨ ᠡᠯ᠎ᠡ ᠡᠳᠡᠭᠡᠳ ᠤᠨ ᠬᠠᠣᠯᠢ ᠪᠣᠰᠣ ᠪᠠᠷ ᠣᠢ ᠶᠢ ᠡᠵᠡᠯᠡᠭᠰᠡᠨ ᠠᠵᠢᠯᠯᠠᠭ᠎ᠠ ᠶᠢ ᠢᠯᠡᠴᠢᠯᠡᠨ ᠮᠡᠳᠡᠬᠦᠯᠬᠦ ᠶᠢ ᠵᠣᠷᠢᠭᠵᠢᠭᠤᠯᠣᠨ᠎ᠠ᠃ ᠣᠢ ᠰᠢᠭᠤᠢ ᠶᠢᠨ ᠬᠠᠣᠯᠢ ᠭᠡᠷᠡᠭᠵᠢᠬᠦᠯᠬᠦ ᠰᠠᠯᠠᠭ᠎ᠠ ᠮᠦᠴᠢᠷ ᠤᠨ  ᠬᠢᠨ ᠢᠯᠡᠴᠢᠯᠡᠨ ᠮᠡᠳᠡᠬᠦᠯᠦᠭᠰᠡᠳ ᠤᠨ ᠰᠣᠷᠠᠭ ᠵᠠᠩᠬᠢ ᠶᠢ ᠵᠠᠳᠠᠷᠠᠭᠤᠯᠬᠤ ᠦᠭᠡᠢ᠃ ᠢᠯᠡᠴᠢᠯᠡᠨ ᠮᠡᠳᠡᠬᠦᠯᠬᠦ ᠣᠳᠠᠰᠣ ᠄ ᠥᠥᠰᠢᠨ ᠬᠤᠰᠢᠭᠤᠨ ᠤ ᠣᠢ ᠰᠢᠭᠤᠢ ᠶᠢᠨ ᠳᠣᠳᠣᠭᠠᠳᠣ ᠶᠢ ᠬᠠᠮᠠᠭᠠᠯᠠᠬᠤ ᠳᠣᠪᠴᠢᠶ᠎ᠠ    ᠡᠬᠦᠨ ᠤ ᠳᠣᠯᠠ ᠣᠨᠴᠠᠭᠠᠶᠢᠯᠠᠨ ᠮᠡᠳᠡᠭᠳᠡᠪᠡ᠃    0477 — 7583666          ᠦᠣᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠡᠨ ᠬᠡᠷ          2018 ᠣᠨ ᠤ 4 ᠰᠠᠷ᠎ᠠ ᠶᠢᠨ 2 ᠤ ᠡᠳᠦᠷ
 
ᠢᠷᠡᠯᠲᠡ᠄ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠡᠨ ᠬᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号