ᠬᠤᠰᠢᠭᠤ ᠳᠡᠳ᠋ ᠳᠠᠷᠤᠭ᠎ᠠ᠄ ᠭᠤᠣ ᠬᠤ᠋
ᠨᠡᠶᠢᠲᠡᠯᠡᠭᠰᠡᠨ ᠴᠠᠭ᠄
2018-04-17
     ᠳᠣᠰᠢᠶᠠᠯ᠄ ᠦᠦᠰᠢᠨ ᠬᠤᠰᠢᠭᠤᠨ ᠤ ᠵᠠᠰᠠᠭ ᠤᠨ ᠤᠷᠳᠣᠨ ᠤ ᠬᠤᠰᠢᠭᠤ ᠳᠡᠳ᠋ ᠳᠠᠷᠤᠭ᠎ᠠ      ᠠᠵᠢᠯ ᠤᠨ ᠬᠤᠪᠢᠶᠠᠷᠢᠯᠠᠯ᠄ ᠬᠤᠰᠢᠭᠤ ᠲᠠᠷᠤᠭ᠎ᠠ ᠶᠢ ᠬᠠᠪᠰᠣᠷᠣᠨ ᠳᠣᠳᠣᠭᠠᠳᠣ ᠶᠢ ᠬᠠᠮᠠᠭᠠᠯᠠᠬᠤ ᠲᠠᠯ᠎ᠠ   ᠶᠢᠨ ᠠᠵᠢᠯ  ᠢ ᠬᠠᠷᠢᠭᠤᠴᠠᠨ᠎ᠠ᠃            ᠬᠤᠪᠢᠶᠠᠷᠢᠯᠠᠨ ᠬᠠᠷᠢᠭᠤᠴᠠᠬᠤ ᠨᠢ᠄ ᠬᠤᠰᠢᠭᠤ ᠳᠣᠳᠣᠭᠠᠳᠣ ᠶᠢ ᠬᠠᠮᠠᠭᠠᠯᠠᠬᠤ ᠳᠣᠪᠴᠢᠶ᠎ᠠ᠃      ᠬᠠᠷᠢᠯᠴᠠᠬᠤ ᠨᠢ᠄ ᠬᠤᠰᠢᠭᠤ ᠠᠷᠠᠳ ᠤᠨ ᠰᠢᠬᠦᠬᠦ ᠬᠤᠷᠢᠶ᠎ᠠ᠂ ᠬᠤᠰᠢᠭᠤ ᠠᠷᠠᠳ ᠤᠨ ᠪᠠᠶᠢᠴᠠᠭᠠᠬᠤ ᠬᠤᠷᠢᠶ᠎ᠠ᠂ ᠬᠤᠰᠢᠭᠤ ᠣᠯᠣᠰ ᠤᠨ ᠠᠮᠣᠷ ᠲᠦᠪᠰᠢᠨ ᠤ ᠠᠵᠢᠯ ᠤᠨ ᠳᠣᠪᠴᠢᠶ᠎ᠠ᠂ ᠵᠡᠪᠰᠡᠭᠳᠣ ᠴᠠᠭᠳᠠᠭᠠᠨ ᠤ ᠳᠣᠮᠳᠠ ᠠᠩᠬᠢ᠂ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠶᠡᠭᠡ ᠠᠩᠬᠢ᠃            ᠲᠤᠪᠴᠢ ᠨᠠᠮᠲᠠᠷ᠄ ᠭᠤᠤ ᠬᠤ᠋᠂ ᠡᠷᠡᠭᠲᠡᠶ᠂ ᠬᠢᠲᠠᠳ ᠦᠨᠳᠦᠰᠦᠲᠡᠨ᠂ 1962  ᠤᠨ ᠤ 9 ᠰᠠᠷ᠎ᠠ ᠳᠤ ᠲᠥᠷᠥᠵᠡᠢ ᠂ ᠳ᠋ᠦᠩᠱᠧᠩ ᠲᠣᠭᠤᠷᠢᠭ ᠤᠨ ᠬᠥᠮᠦᠨ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ 1982 ᠣᠨ ᠠᠴᠠ ᠡᠬᠢᠯᠡᠨ ᠠᠵᠢᠯᠯᠠᠵᠤ᠂ 1990 ᠣᠨ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠵᠠᠶ᠂ ᠤᠳᠤ ᠦᠤᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠶᠢᠨ ᠲᠤᠰᠢᠶᠠᠯ ᠢ ᠡᠭᠦᠷᠭᠡᠯᠡᠵᠤ ᠪᠤᠢ᠃          ᠠᠵᠢᠯ ᠤᠨ ᠲᠤᠪᠴᠢ ᠨᠠᠮᠲᠠᠷ᠄      1982.0 7 — 1985 .09 ᠥᠪᠥᠷ ᠮᠣᠩᠭᠤᠯ ᠤᠨ ᠶᠡᠭᠡ ᠵᠤᠤ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠺᠠᠳ᠋ᠷ ᠤᠨ ᠰᠤᠷᠭᠠᠭᠤᠯᠢ ᠳᠤ ᠪᠠᠭᠰᠢᠯᠠᠵᠤ ᠪᠠᠶᠢᠪᠠ᠃      1985 .0 9 —1988.0 7 ᠥᠪᠥᠷ ᠮᠣᠩᠭᠤᠯ ᠤᠨ ᠷᠠᠳᠢᠤ᠋ ᠨᠡᠪᠲᠡᠷᠡᠬᠦᠯᠭᠡ ᠲᠧᠯᠸᠢᠰ ᠤᠨ ᠶᠡᠭᠡ ᠰᠤᠷᠭᠠᠭᠤᠯᠢ ᠶᠢᠨ ᠶᠡᠭᠡ ᠵᠤᠤ ᠠᠶᠢᠮᠠᠭ ᠤᠨ ᠬᠤᠪᠢᠶᠠᠷᠢ ᠰᠤᠷᠭᠠᠭᠤᠯᠢ ᠳᠤ ᠰᠤᠷᠤᠯᠴᠠᠵᠤ ᠪᠠᠶᠢᠪᠠ︔      1988 .0 7 —1996 .11 ᠥᠪᠥᠷ ᠮᠣᠩᠭᠤᠯ ᠤᠨ ᠶᠡᠭᠡ ᠵᠤᠤ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠤᠷᠢᠳᠴᠢᠯᠠᠨ ᠰᠢᠭᠦᠬᠦ ᠰᠠᠯᠠᠭ᠎ᠠ ᠳᠤ ᠠᠵᠢᠯᠯᠠᠵᠤ᠂ ᠰᠠᠯᠠᠭᠠᠨ ᠳᠡᠳ᠋ ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ ᠪᠠᠶᠢᠪᠠ︔      1996 . 11 — 1997 .11 ᠥᠪᠥᠷ ᠮᠣᠩᠭᠤᠯ ᠤᠨ ᠶᠡᠭᠡ ᠵᠤᠤ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠮᠡᠷᠭᠡᠵᠢᠯ ᠢᠶᠠᠷ ᠮᠦᠷᠳᠡᠨ ᠪᠠᠶᠢᠴᠠᠭᠠᠬᠤ ᠰᠠᠯᠪᠤᠷᠢ ᠳᠤ ᠠᠵᠢᠯᠯᠠᠵᠤ᠂ ᠰᠠᠯᠪᠤᠷᠢ ᠶᠢᠨ ᠳᠡᠳ᠋ ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ ᠪᠠᠶᠢᠪᠠ︔      1997 . 11 — 2002.06 ᠥᠪᠥᠷ ᠮᠣᠩᠭᠤᠯ ᠤᠨ ᠣᠷᠳᠣᠰ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠵᠠᠮ ᠬᠠᠷᠢᠯᠴᠠᠭᠠᠨ ᠤ ᠴᠠᠭᠳᠠᠭ᠎ᠠ ᠶᠢᠨ ᠰᠠᠯᠪᠤᠷᠢ ᠶᠢᠨ ᠮᠠᠰᠢᠨ ᠲᠡᠷᠭᠡᠨ ᠤ ᠬᠠᠮᠢᠶᠠᠷᠤᠯᠲᠠ ᠶᠢᠨ ᠭᠠᠵᠠᠷ ᠲᠤ ᠠᠵᠢᠯᠯᠠᠵᠤ᠂ ᠭᠠᠵᠠᠷ ᠤᠨ ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ ᠪᠠᠶᠢᠪᠠ︔      2002 .06 — 2015.07 ᠥᠪᠥᠷ ᠮᠣᠩᠭᠤᠯ ᠤᠨ ᠣᠷᠳᠣᠰ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠤᠪᠴᠢᠶᠠᠨ ᠤ ᠠᠵᠤ ᠠᠬᠤᠢ ᠶᠢᠨ ᠬᠡᠷᠡᠭ ᠢ ᠮᠦᠷᠳᠡᠨ ᠪᠠᠶᠢᠴᠠᠭᠠᠬᠤ ᠰᠠᠯᠪᠤᠷᠢ ᠳᠤ ᠠᠵᠢᠯᠯᠠᠵᠤ᠂ ᠰᠠᠯᠪᠤᠷᠢ ᠶᠢᠨ ᠳᠠᠷᠤᠭ᠎ᠠ ᠶᠢᠨ ᠲᠤᠰᠢᠶᠠᠯ ᠢ ᠡᠭᠦᠷᠭᠡᠯᠡᠵᠤ ᠪᠠᠶᠢᠪᠠ︔      2015.07 — ᠤᠳᠤ ᠪᠣᠯᠲᠠᠯ᠎ᠠ ᠦᠤᠰᠢᠨ ᠬᠤᠰᠢᠭᠤᠨ ᠳᠤ ᠠᠵᠢᠯᠯᠠᠵᠤ᠂ ᠬᠤᠰᠢᠭᠤ ᠠᠷᠠᠳ ᠤᠨ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ ᠪᠠᠶᠢᠨ᠎ᠠ᠃
 
ᠢᠷᠡᠯᠲᠡ᠄ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号