ᠬᠤᠰᠢᠭᠤ ᠳᠡᠳ᠋ ᠳᠠᠷᠤᠭ᠎ᠠ᠄ ᠵᠧᠦ ᠱᠤᠸᠠᠢ
ᠨᠡᠶᠢᠲᠡᠯᠡᠭᠰᠡᠨ ᠴᠠᠭ᠄
2018-04-17
     ᠳᠣᠰᠢᠶᠠᠯ᠄ ᠦᠦᠰᠢᠨ ᠬᠤᠰᠢᠭᠤᠨ ᠤ ᠠᠷᠠᠳ ᠤᠨ ᠵᠠᠰᠠᠭ ᠤᠨ ᠤᠷᠳᠣᠨ ᠤ ᠬᠤᠰᠢᠭᠤ ᠳᠡᠳ᠋ ᠳᠠᠷᠤᠭ᠎ᠠ          ᠠᠵᠢᠯ ᠤᠨ ᠬᠤᠪᠢᠶᠠᠷᠢᠯᠠᠯ᠄ ᠬᠤᠰᠢᠭᠤ ᠳᠠᠷᠤᠭ᠎ᠠ ᠶᠢ ᠬᠠᠪᠰᠣᠷᠣᠨ ᠵᠠᠮ ᠬᠠᠷᠢᠯᠴᠠᠭ᠎ᠠ᠂ ᠪᠠᠶᠢᠭᠠᠯᠢ ᠶᠢᠨ ᠡᠬᠢ ᠪᠠᠶᠠᠯᠢᠭ᠂ ᠲᠥᠯᠥᠪᠵᠢᠬᠦᠯᠬᠡ᠂ ᠬᠤᠳᠠ ᠶᠢᠨ ᠪᠦᠳᠦᠬᠡᠨ ᠪᠠᠶᠢᠭᠤᠯᠣᠯᠳᠠ ︵ᠵᠢᠵᠢᠭ ᠬᠤᠳᠠ ᠪᠠᠯᠭᠠᠰᠣᠨ ᠤ ᠪᠦᠳᠦᠭᠡᠨ ᠪᠠᠶᠢᠭᠤᠯᠤᠯᠳᠠ ᠪᠠᠭᠳᠠᠨ᠎ᠠ︶᠂ ᠬᠤᠳᠠ ᠶᠢᠨ ᠬᠠᠣᠯᠢ ᠬᠡᠷᠡᠭᠵᠢᠬᠦᠯᠥᠯᠳᠠ᠂ ᠬᠡᠷ ᠪᠠᠶᠢᠰᠢᠩ ᠤᠨ ᠳᠠᠳᠠᠪᠤᠷᠢᠯᠠᠯᠲᠠ᠂ ᠰᠢᠤᠳᠠᠨ ᠶᠠᠪᠣᠳᠠᠯ ᠵᠡᠷᠬᠡ ᠳᠡᠯ᠎ᠡ ᠶᠢᠨ ᠠᠵᠢᠯ ᠢ ᠬᠠᠷᠢᠭᠤᠴᠠᠨ᠎ᠠ᠃      ᠬᠤᠪᠢᠶᠠᠷᠢᠯᠠᠨ ᠬᠠᠷᠢᠭᠤᠴᠠᠬᠤ ᠨᠢ᠄ ᠬᠤᠰᠢᠭᠤ ᠵᠠᠮ ᠬᠠᠷᠢᠯᠴᠠᠭ᠎ᠠ ᠲᠡᠭᠡᠭᠡᠪᠤᠷᠢ ᠶᠢᠨ ᠲᠤᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶ᠎ᠠ᠂ ᠣᠷᠣᠨ ᠰᠠᠭᠤᠴᠠ ᠪᠠ ᠬᠤᠳᠠ ᠬᠦᠳᠡᠭᠡ ᠶᠢᠨ ᠪᠦᠳᠦᠬᠡᠨ ᠪᠠᠶᠢᠭᠤᠯᠣᠯᠳᠠ ᠶᠢᠨ ᠳᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠳᠠ ᠶᠢᠨ ᠲᠤᠪᠴᠢᠶ᠎ᠠ᠂ ᠵᠠᠬ᠎ᠠ ᠳᠡᠯᠭᠡᠬᠦᠷ  ᠤᠨ ᠬᠢᠨᠠᠨ ᠬᠠᠮᠢᠶᠠᠷᠤᠯᠳᠠ ᠶᠢᠨ ᠶᠡᠷᠤᠩᠬᠡᠶᠢᠯᠡᠭᠰᠡᠨ ᠬᠠᠤᠯᠢ ᠬᠡᠷᠡᠭᠵᠢᠬᠦᠯᠦᠯᠲᠡ ᠶᠢᠨ ᠲᠤᠪᠴᠢᠶ᠎ᠠ᠂ ᠬᠤᠳᠠ ᠶᠢᠨ ᠬᠠᠮᠢᠶᠠᠷᠤᠯᠳᠠ ᠶᠢᠨ ᠵᠠᠰᠠᠭ ᠵᠠᠬᠢᠷᠭᠠᠨ ᠤ ᠶᠡᠷᠤᠩᠬᠡᠶᠢᠯᠡᠭᠰᠡᠨ ᠬᠠᠣᠯᠢ ᠬᠡᠷᠡᠭᠵᠢᠬᠦᠯᠥᠯᠳᠠ ᠶᠢᠨ ᠳᠣᠪᠴᠢᠶ᠎ᠠ᠂ ᠬᠤᠳᠠ ᠬᠦᠳᠡᠭᠡ ᠶᠢᠨ ᠲᠥᠯᠥᠪᠵᠢᠬᠦᠯᠬᠡ ᠶᠢ ᠬᠢᠨᠠᠨ ᠰᠢᠯᠭᠠᠬᠤ ᠲᠦᠪ᠂ ᠠᠷᠠᠳ ᠤᠨ ᠠᠭᠠᠷ ᠤᠨ ᠰᠡᠷᠬᠡᠶᠢᠯᠡᠯᠳᠡ ᠶᠢᠨ ᠠᠯᠪᠠᠨ ᠬᠡᠷ᠂ ᠪᠠᠳᠣᠯᠠᠭ᠎ᠠ ᠶᠢᠨ ᠴᠢᠨᠠᠷᠳᠠᠢ ᠤᠷᠤᠨ ᠰᠠᠭᠤᠴᠠ ᠪᠠ ᠭᠡᠷ ᠬᠦᠷᠦᠩᠬᠡ ᠠᠷᠠᠯᠵᠢᠶᠠᠯᠠᠬᠤ ᠬᠠᠮᠢᠶᠠᠷᠤᠯᠳᠠ ᠶᠢᠨ ᠲᠥᠪ ᠂ ᠥᠯᠥ ᠬᠦᠳᠡᠯᠬᠦ ᠬᠦᠷᠦᠩᠭᠡ ᠶᠢᠨ ᠳᠠᠩᠰᠠᠯᠠᠯᠳᠠ ᠶᠢᠨ ᠲᠦᠪ᠂ ᠭᠠᠵᠠᠷ ᠰᠢᠷᠤᠢ ᠶᠢ ᠬᠤᠳᠠᠯᠳᠤᠨ ᠠᠪᠬᠤ ᠬᠤᠷᠢᠶᠠᠨ ᠬᠠᠳᠠᠭᠠᠯᠠᠬᠤ ᠦᠨ᠎ᠡ ᠬᠠᠶᠠᠯᠴᠠᠨ ᠬᠤᠳᠠᠯᠳᠤᠬᠤ ᠲᠦᠪ᠂ ᠬᠤᠳᠠ ᠶᠢᠨ ᠣᠯᠠᠨ ᠨᠡᠶᠢᠳᠡ ᠶᠢᠨ ᠠᠵᠢᠯ ᠣᠶᠢᠯᠡᠰ ᠤᠨ ᠬᠦᠭᠵᠢᠬᠦᠯᠥᠯᠳᠡ ᠶᠢᠨ ᠳᠣᠪᠴᠢᠶ᠎ᠠ᠂ ᠴᠡᠴᠡᠷᠯᠢᠭᠵᠢᠬᠦᠯᠦᠯᠳᠡ ᠨᠣᠭᠤᠭᠠᠷᠠᠭᠤᠯᠣᠯᠳᠠ ᠶᠢᠨ ᠳᠣᠪᠴᠢᠶ᠎ᠠ᠂ ᠬᠡᠷ ᠪᠠᠶᠢᠰᠢᠩ ᠳᠠᠳᠠᠪᠣᠷᠢᠯᠠᠬᠤ ᠳᠣᠪᠴᠢᠶ᠎ᠠ᠂ ᠵᠠᠮ ᠬᠠᠷᠢᠯᠴᠠᠭ᠎ᠠ ᠳᠡᠬᠡᠬᠡᠪᠣᠷᠢ ᠶᠢᠨ ᠠᠵᠢᠯ ᠤᠨ ᠶᠠᠷᠦᠩᠬᠡᠶᠢᠯᠡᠨ ᠬᠠᠣᠯᠢ ᠬᠡᠷᠡᠭᠵᠢᠬᠦᠯᠬᠦ ᠳᠣᠪᠴᠢᠶ᠎ᠠ᠂ ᠦᠤᠰᠢᠨ ᠬᠤᠰᠢᠭᠤᠨ ᠤ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠪᠡᠯᠡ ᠤᠷᠤᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠤᠮᠫᠠᠨᠢ᠂ ᠦᠤᠰᠢᠨ ᠬᠤᠰᠢᠭᠤᠨ ᠤ ᠵᠠᠮ ᠬᠠᠷᠢᠯᠴᠠᠭᠠᠨ ᠤ ᠪᠡᠯᠡ ᠤᠷᠤᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠤᠮᠫᠠᠨᠢ᠃       ᠬᠠᠷᠢᠯᠴᠠᠬᠤ ᠨᠢ᠄ ᠣᠷᠳᠣᠰ ᠬᠤᠳᠠ ᠶᠢᠨ ᠥᠥᠰᠢᠨ ᠬᠤᠰᠢᠭᠤᠨ ᠤ ᠤᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠦᠪ᠂ ᠲᠡᠭᠡᠭᠡᠪᠦᠷᠢ ᠶᠢᠨ ᠬᠠᠮᠢᠶᠠᠷᠤᠯᠲᠠ ᠶᠢᠨ ᠬᠤᠪᠢᠶᠠᠷᠢ ᠲᠤᠪᠴᠢᠶ᠎ᠠ᠂ ᠵᠠᠰᠠᠮᠠᠯ ᠵᠠᠮ ᠤᠨ ᠬᠠᠮᠢᠶᠠᠷᠤᠯᠲᠠ ᠶᠢᠨ ᠠᠵᠢᠯ ᠤᠨ ᠲᠤᠭᠤᠷᠢᠭ᠂ ᠣᠷᠳᠣᠰ ᠬᠤᠳᠠ ᠶᠢᠨ ᠣᠷᠣᠨ ᠰᠠᠭᠤᠴᠠ ᠶᠢᠨ ᠨᠡᠶᠢᠳᠠ ᠶᠢᠨ ᠬᠤᠷᠠᠮᠳᠣᠭᠤᠯᠭ᠎ᠠ ᠶᠢᠨ ᠮᠦᠩᠬᠦ ᠶᠢᠨ ᠬᠠᠮᠢᠶᠠᠷᠣᠯᠳᠠ ᠶᠢᠨ ᠲᠦᠪ ᠤᠨ ᠦᠣᠰᠢᠨ ᠬᠤᠰᠢᠭᠤᠨ ᠳᠠᠬᠢ ᠬᠠᠮᠢᠶᠠᠷᠣᠯᠳᠠ ᠶᠢᠨ ᠭᠠᠵᠠᠷ᠂ ᠳᠣᠮᠳᠠᠳᠣ ᠣᠯᠣᠰ ᠤᠨ ᠰᠢᠣᠳᠠᠨ ᠤ ᠶᠠᠪᠣᠳᠠᠯ ᠤᠨ ᠪᠦᠯᠥᠭᠯᠡᠯ ᠤᠨ ᠺᠣᠮᠫᠠᠨᠢ ᠶᠢᠨ ᠦᠪᠣᠷ ᠮᠣᠩᠭᠤᠯ ᠤᠨ ᠦᠪᠡᠷᠳᠡᠬᠡᠨ ᠵᠠᠰᠠᠬᠤ ᠣᠷᠣᠨ ᠤ ᠦᠣᠰᠢᠨ ᠬᠤᠰᠢᠭᠤᠨ ᠤ ᠬᠤᠪᠢᠶᠠᠷᠢ ᠺᠣᠮᠫᠠᠨᠢ᠂ ᠳᠣᠮᠳᠠᠳᠣ ᠤᠯᠤᠰ ᠤᠨ ᠴᠢᠯᠠᠭᠤᠨ ᠳᠣᠰᠣᠨ ᠤ ᠣᠷᠳᠣᠰ ᠬᠤᠳᠠ ᠶᠢᠨ ᠪᠤᠷᠤᠯᠠᠭᠤᠯᠭ᠎ᠠ ᠶᠢᠨ ᠬᠤᠪᠢᠶᠠᠷᠢ ᠺᠣᠮᠫᠠᠨᠢ ᠶᠢᠨ ᠦᠦᠰᠢᠨ ᠬᠤᠰᠢᠭᠤᠨ ᠳᠠᠬᠢ ᠡᠵᠡᠩᠨᠡᠯᠳᠡ ᠶᠢᠨ ᠭᠠᠵᠠᠷ ᠵᠢᠴᠢ ᠬᠤᠰᠢᠭᠤᠨ ᠳᠤ ᠰᠠᠭᠤᠭ᠎ᠠ ᠵᠠᠮ ᠬᠠᠷᠢᠯᠴᠠᠭ᠎ᠠ᠂ ᠬᠡᠷᠡᠭᠯᠡᠭᠴᠢᠳ  ᠤᠨ ᠨᠡᠶᠢᠬᠡᠮᠯᠢᠭ᠂ ᠬᠤᠪᠢ ᠶᠢᠨ ᠡᠵᠡᠩᠨᠡᠯᠳᠡ ᠶᠢᠨ ᠠᠵᠦ ᠠᠬᠤᠶᠢᠯᠠᠯ ᠤᠨ ᠬᠠᠮᠢᠶᠠᠷᠤᠯᠳᠠ ᠶᠢᠨ ᠨᠡᠶᠢᠬᠡᠮᠯᠢᠭ᠂ ᠪᠠᠷᠠᠭᠠᠨ ᠬᠦᠢᠯᠬᠡᠬᠡᠨ ᠤ ᠠᠵᠣ ᠠᠬᠤᠶᠢᠯᠡᠯ᠃       ᠲᠤᠪᠴᠢ ᠨᠠᠮᠲᠠᠷ᠄ ᠵᠧᠤ ᠱᠤᠸᠠᠢ᠂ ᠡᠷᠡᠭᠲᠡᠶ᠂ ᠬᠢᠲᠠᠳ ᠦᠨᠳᠦᠰᠦᠲᠡᠨ᠂ ᠲᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠬᠦᠨ᠂ 1971 ᠤᠨ ᠤ 9 ᠰᠠᠷ᠎ᠠ ᠳᠤ ᠲᠥᠷᠥᠵᠡᠢ᠂ ᠳᠠᠯᠠᠳ ᠬᠤᠰᠢᠭᠤᠨ ᠳᠤ ᠨᠤᠲᠤᠭ ᠲᠠᠢ ᠂ ᠲᠥᠪ ᠤᠨ ᠨᠠᠮ ᠤᠨ ᠰᠤᠷᠭᠠᠭᠤᠯᠢ ᠶᠢᠨ ᠬᠠᠤᠯᠢ ᠴᠠᠭᠠᠵᠠ ᠶᠢᠨ ᠲᠤᠰᠬᠠᠶ ᠮᠡᠷᠭᠡᠵᠢᠯ ᠠᠴᠠ ᠲᠡᠭᠦᠰᠴᠤ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ 1993 ᠤᠨ ᠤ 7 ᠰᠠᠷ᠎ᠠ ᠠᠴᠠ ᠡᠬᠢᠯᠡᠨ ᠠᠵᠢᠯᠯᠠᠵᠤ᠂ ᠤᠳᠤ ᠦᠤᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠭᠡᠰᠢᠬᠦᠨ ᠤ ᠲᠤᠰᠢᠶᠠᠯ ᠢ ᠡᠭᠦᠷᠭᠡᠯᠡᠵᠤ ᠪᠤᠢ᠃      ᠠᠵᠢᠯ ᠤᠨ ᠲᠤᠪᠴᠢ ᠨᠠᠮᠲᠠᠷ᠄      1993.07 — 1997.05 ᠤᠤᠯ ᠤᠨ ᠱᠠᠭᠵᠠᠮᠤᠨᠢ ᠪᠠᠯᠭᠠᠰᠤᠨ ᠳᠤ ᠠᠵᠢᠯᠯᠠᠵᠤ᠂ 1996  ᠤᠨ  ᠤ 1 ᠰᠠᠷ᠎ᠠ ᠳᠤ ᠠᠵᠢᠯᠴᠢᠨ ᠤ ᠡᠪᠯᠡᠯ ᠤᠨ ᠲᠡᠷᠢᠭᠦᠯᠡᠭᠴᠢ ︵ᠳᠡᠳ᠋ ᠰᠠᠯᠠᠭᠠᠨ ᠳᠡᠰ︶ ᠶᠢᠨ ᠲᠤᠰᠢᠶᠠᠯ ᠢ ᠡᠭᠦᠷᠭᠡᠯᠡᠵᠤ ᠪᠠᠶᠢᠪᠠ︔      1997.05 —2011.12 ᠬᠤᠰᠢᠭᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠲᠤ ᠠᠵᠢᠯᠯᠠᠵᠤ᠂ 2002  ᠤᠨ ᠤ 5 ᠰᠠᠷ᠎ᠠ ᠳᠤ ᠳᠡᠳ᠋ ᠰᠠᠯᠠᠭᠠᠨ ᠳᠡᠰ ᠤᠨ ᠵᠣᠬᠢᠶᠠᠨ ᠪᠠᠶᠢᠭᠤᠯᠤᠭᠴᠢ ᠭᠡᠰᠢᠬᠦᠨ ᠤ ᠲᠤᠰᠢᠶᠠᠯ ᠢ ᠡᠭᠦᠷᠭᠡᠯᠡᠵᠤ᠂ 2004  ᠤᠨ ᠤ 11 ᠰᠠᠷ᠎ᠠ ᠳᠤ ᠬᠤᠰᠢᠭᠤᠨ ᠤ ᠰᠢᠭᠤᠳ ᠬᠠᠷᠢᠶ᠎ᠠ ᠠᠯᠪᠠᠨ ᠪᠠᠶᠢᠭᠤᠯᠭ᠎ᠠ ᠶᠢᠨ ᠠᠵᠢᠯᠯᠠᠬᠤ ᠬᠤᠷᠢᠶᠠᠨ ᠤ ᠲᠡᠮᠲᠡᠭᠯᠡᠭᠴᠢ ᠶᠢᠨ ᠲᠤᠰᠢᠶᠠᠯ ᠢ ᠡᠭᠦᠷᠭᠡᠯᠡᠵᠤ᠂ 2007 ᠤᠨ ᠤ 12 ᠳ᠋ᠤᠭᠠᠷ ᠰᠠᠷ᠎ᠠ ᠳᠤ ᠬᠡᠯᠲᠡᠰ ᠤᠨ ᠳᠡᠳ᠋ ᠲᠠᠷᠤᠭ᠎ᠠ ᠶᠢᠨ ᠲᠤᠰᠢᠶᠠᠯ ᠢ ᠡᠭᠦᠷᠭᠡᠯᠡᠵᠤ ᠪᠠᠶᠢᠪᠠ︔      2011.12 — 2015.12 ᠣᠢ ᠰᠢᠭᠤᠶ ᠶᠢᠨ ᠲᠤᠪᠴᠢᠶᠠᠨ ᠤ ᠳᠠᠷᠤᠭ᠎ᠠ᠂ ᠣᠢ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠲᠤᠪᠴᠢᠶᠠᠨ ᠤ ᠤᠯᠤᠰ ᠲᠥᠷᠥ ᠶᠢᠨ ᠭᠡᠰᠢᠭᠦᠨ ᠤ ᠲᠤᠰᠢᠶᠠᠯ ᠢ ᠡᠭᠦᠷᠭᠡᠯᠡᠵᠤ ᠪᠠᠶᠢᠪᠠ︔      2015.12 — 2017.11 ᠱᠠᠭᠵᠠᠮᠤᠨᠢ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠶᠢᠨ ᠲᠤᠰᠢᠶᠠᠯ ᠢ ᠡᠭᠦᠷᠭᠡᠯᠡᠵᠤ ᠪᠠᠶᠢᠪᠠ᠃      2017.11 —2017.12 ᠦᠤᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠬᠡᠰᠢᠬᠦᠨ ᠪᠣᠯᠵᠤ᠂ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠶᠢᠨ ᠵᠢᠱᠢᠭᠳᠡᠭᠴᠢ ᠪᠠᠷ ᠨᠡᠷ᠎ᠡ ᠲᠤᠷᠠᠳᠤᠭᠳᠠᠪᠠ︔      2017.12 — ᠤᠳᠤ ᠪᠣᠯᠲᠠᠯ᠎ᠠ ᠦᠤᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠬᠡᠰᠢᠬᠦᠨ᠃
 
ᠢᠷᠡᠯᠲᠡ᠄ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠡᠨ ᠬᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号