ᠬᠤᠰᠢᠭᠤ ᠳᠡᠳ᠋ ᠳᠠᠷᠤᠭ᠎ᠠ᠄ ᠵᠠᠩ ᡁᠢ ᠰᠢᠦ᠋ᠩ
ᠨᠡᠶᠢᠲᠡᠯᠡᠭᠰᠡᠨ ᠴᠠᠭ᠄
2018-04-17
    ᠳᠣᠰᠢᠶᠠᠯ᠄ ᠦᠦᠰᠢᠨ ᠬᠤᠰᠢᠭᠤᠨ ᠤ ᠵᠠᠰᠠᠭ ᠤᠨ ᠤᠷᠳᠣᠨ ᠤ ᠬᠤᠰᠢᠭᠤ ᠳᠡᠳ᠋ ᠳᠠᠷᠤᠭ᠎ᠠ     ᠠᠵᠢᠯ ᠤᠨ ᠬᠤᠪᠢᠶᠠᠷᠢᠯᠠᠯ᠄ ᠬᠤᠰᠢᠭᠤ ᠠᠷᠠᠳ ᠤᠨ ᠵᠠᠰᠠᠭ ᠤᠨ ᠤᠷᠳᠣᠨ ᠤ ᠡᠳᠦᠷ ᠲᠤᠳᠤᠮ ᠤᠨ ᠠᠵᠢᠯ ᠢ ᠬᠠᠷᠢᠭᠤᠴᠠᠵᠤ᠂ ᠬᠤᠰᠢᠭᠤ ᠳᠠᠷᠤᠭ᠎ᠠ ᠶᠢ ᠬᠠᠪᠰᠣᠷᠣᠨ ᠶᠡᠷᠦᠩᠬᠡᠶᠢᠯᠡᠭᠰᠡᠨ ᠠᠵᠤ ᠠᠬᠤᠢ ᠶᠢᠨ ᠬᠠᠮᠢᠶᠠᠷᠤᠯᠲᠠ᠂ ᠦᠵᠡᠯ ᠤᠬᠠᠮᠰᠠᠷ ᠤᠨ ᠬᠡᠯᠪᠡᠷᠢ᠂ ᠡᠳ᠋ ᠤᠨ ᠵᠠᠰᠠᠭ ᠭᠠᠶᠢᠯᠢ ᠶᠢᠨ ᠶᠠᠪᠤᠳᠠᠯ᠂ ᠲᠤᠭ᠎ᠠ ᠪᠦᠷᠢᠳᠬᠡᠯ᠂ ᠬᠢᠨᠠᠨ ᠪᠣᠳᠣᠬᠤ᠂ ᠬᠠᠣᠯᠢ ᠴᠠᠭᠠᠵᠠ᠂ ᠵᠠᠬᠢᠳᠠᠯ ᠰᠤᠷᠪᠤᠯᠵᠢᠯᠠᠯ᠂ ᠠᠶᠤᠯᠬᠦᠢ ᠦᠢᠯᠡᠳᠪᠦᠷᠢᠯᠡᠯ᠂ ᠪᠠᠴᠢᠮ ᠪᠠᠶᠢᠳᠠᠯ ᠢ ᠰᠢᠢᠳᠪᠣᠷᠢᠯᠡᠬᠦ ᠬᠠᠮᠢᠶᠠᠷᠤᠯᠲᠠ᠂ ᠵᠠᠰᠠᠭ ᠤᠨ ᠶᠠᠪᠤᠳᠠᠯ ᠢ ᠢᠯᠡ ᠪᠤᠯᠭᠠᠬᠤ᠂ ᠠᠮᠤ ᠪᠤᠳᠠᠭ᠎ᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃    ᠬᠤᠪᠢᠶᠠᠷᠢᠯᠠᠨ ᠬᠠᠮᠢᠶᠠᠷᠬᠤ ᠨᠢ᠄ ᠬᠤᠰᠢᠭᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ᠂ ᠬᠦᠭᠵᠢᠬᠦᠯᠦᠯᠲᠡ ᠪᠠ ᠦᠭᠡᠷᠡᠴᠢᠯᠡᠯᠲᠡ ᠶᠢᠨ ᠵᠦᠪᠯᠡᠯ᠂ ᠡᠳ᠋ ᠤᠨ ᠵᠠᠰᠠᠭ ᠤᠨ ᠳᠣᠪᠴᠢᠶ᠎ᠠ᠂ ᠬᠠᠣᠯᠢ ᠴᠠᠭᠠᠵᠠ ᠶᠢᠨ ᠳᠣᠪᠴᠢᠶ᠎ᠠ᠂ ᠲᠤᠭ᠎ᠠ ᠪᠦᠷᠢᠳᠬᠡᠯ ᠤᠨ ᠳᠣᠪᠴᠢᠶ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠪᠴᠢᠶ᠎ᠠ᠂ ᠵᠠᠬᠢᠳᠠᠯ ᠰᠤᠷᠪᠤᠯᠵᠢᠯᠠᠯ ᠤᠨ ᠲᠤᠪᠴᠢᠶ᠎ᠠ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠳᠠ ᠶᠢᠨ ᠳᠣᠪᠴᠢᠶ᠎ᠠ᠂ ᠠᠯᠪᠠᠨ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠳᠣᠪᠴᠢᠶ᠎ᠠ᠂ ᠮᠥᠩᠬᠦᠨ ᠬᠦᠢᠯᠭᠡᠭᠡᠨ ᠤ ᠠᠵᠢᠯ ᠤᠨ ᠠᠯᠪᠠᠨ ᠭᠡᠷ᠂ ᠭᠠᠳᠠᠭᠠᠲᠤ ᠶᠠᠪᠤᠳᠠᠯ ᠤᠨ ᠠᠯᠪᠠᠨ ᠭᠡᠷ᠂ ᠱᠠᠭᠠᠷᠳᠠᠨ ᠪᠠᠶᠢᠴᠠᠭᠠᠬᠤ ᠠᠯᠪᠠᠨ ᠭᠡᠷ᠂ ᠡᠯᠧᠺᠲᠷᠤᠨ ᠵᠠᠰᠠᠭ ᠤᠨ ᠶᠠᠪᠤᠳᠠᠯ ᠤᠨ ᠲᠦᠪ᠂ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠦᠪ᠂ ᠠᠮᠤ ᠪᠤᠳᠠᠭᠠᠨ ᠤ ᠭᠦᠢᠯᠭᠡᠭᠡᠨ ᠤ ᠦᠢᠯᠡᠴᠢᠯᠡᠭᠡᠨ ᠤ ᠲᠦᠪ᠂ ᠵᠠᠰᠠᠭ ᠵᠠᠬᠢᠷᠭᠠᠨ ᠤ ᠰᠤᠷᠭᠠᠭᠤᠯᠢ᠂ ᠣᠯᠣᠰ ᠤᠨ ᠥᠮᠴᠢᠯᠡᠯᠳᠣ ᠡᠳ᠋ ᠬᠦᠷᠦᠩᠬᠡ ᠶᠢᠨ ᠬᠢᠨᠠᠯᠲᠠ ᠬᠠᠮᠢᠶᠠᠷᠣᠯᠳᠠ ᠶᠢᠨ ᠵᠦᠪᠯᠡᠯ᠂ ᠭᠠᠶᠢᠯᠢ ᠶᠢᠨ ᠪᠣᠰᠣ ᠣᠷᠣᠯᠭ᠎ᠠ ᠶᠢᠨ ᠬᠠᠮᠢᠶᠠᠷᠣᠯᠳᠠ ᠶᠢᠨ ᠳᠣᠪᠴᠢᠶ᠎ᠠ᠂ ᠠᠶᠤᠯᠬᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠬᠦᠯᠬᠦ ᠲᠤᠪᠴᠢᠶ᠎ᠠ᠂ ᠳᠠᠮᠣᠷ ᠵᠠᠮ ᠠᠭᠠᠷ ᠤᠨ ᠠᠶᠠᠯᠠᠯ ᠤᠨ ᠪᠦᠳᠦᠬᠡᠨ ᠪᠠᠶᠢᠭᠤᠯᠣᠯᠳᠠ ᠶᠢᠨ ᠠᠵᠢᠯ ᠤᠨ ᠠᠯᠪᠠᠨ ᠬᠡᠷ᠂ ᠦᠤᠰᠢᠨ ᠬᠤᠰᠢᠭᠤᠨ ᠤ ᠤᠯᠤᠰ ᠤᠨ ᠦᠮᠴᠢᠯᠡᠯᠲᠤ ᠡᠳ᠋ ᠬᠦᠷᠦᠩᠬᠡ ᠶᠢᠨ ᠪᠡᠯᠡ ᠤᠷᠤᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠤᠮᠫᠠᠨᠢ᠃ ᠬᠤᠰᠢᠭᠤ ᠲᠠᠷᠤᠭ᠎ᠠ ᠶᠢ ᠬᠠᠪᠰᠤᠷᠤᠨ ᠬᠤᠰᠢᠭᠤ ᠬᠢᠨᠠᠨ ᠪᠤᠳᠤᠬᠤ ᠲᠤᠪᠴᠢᠶ᠎ᠠ ᠶᠢ ᠬᠤᠪᠢᠶᠠᠷᠢᠯᠠᠨ ᠬᠠᠮᠢᠶᠠᠷᠤᠨ᠎ᠠ᠃      ᠬᠠᠷᠢᠯᠴᠠᠬᠤ ᠨᠢ᠄ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠂ ᠤᠯᠤᠰ ᠲᠥᠷᠥ ᠶᠢᠨ ᠵᠥᠪᠯᠡᠯᠭᠡᠨ ᠤ ᠦᠤᠰᠢᠨ ᠬᠤᠰᠢᠭᠤᠨ ᠤ ᠬᠤᠷᠢᠶ᠎ᠠ᠂ ᠠᠷᠠᠳ ᠤᠨ ᠵᠡᠪᠰᠡᠭᠲᠤ ᠬᠦᠴᠦᠨ ᠤ ᠬᠡᠯᠲᠡᠰ᠂ ᠬᠢᠨᠠᠨ ᠪᠠᠶᠢᠴᠠᠭᠠᠬᠤ ᠵᠦᠪᠯᠡᠯ᠂ ᠠᠯᠪᠠᠨ ᠪᠠᠶᠢᠭᠤᠯᠭ᠎ᠠ ᠶᠢᠨ ᠨᠠᠮ ᠤᠨ ᠠᠵᠢᠯᠯᠠᠬᠤ ᠬᠤᠷᠢᠶ᠎ᠠ᠂ ᠨᠠᠮ ᠤᠨ ᠰᠤᠷᠭᠠᠭᠤᠯᠢ᠂ ᠲᠠᠩᠰᠠ ᠡᠪᠬᠡᠮᠡᠯ ᠲᠡᠤᠬᠡ ᠤᠶᠢᠯᠠᠯᠭ᠎ᠠ ᠶᠢᠨ ᠤᠷᠳᠤᠨ᠂ ᠠᠵᠢᠯᠴᠢᠨ ᠤ ᠶᠡᠷᠦᠩᠬᠡᠢ ᠡᠪᠯᠡᠯ᠂ ᠤᠯᠤᠰ ᠲᠤ ᠪᠠᠨ ᠪᠤᠴᠠᠭᠰᠠᠨ ᠲᠤᠮᠳᠠᠲᠤ ᠶᠢᠨ ᠬᠠᠷᠢᠶᠠᠲᠤ ᠶᠢᠨ ᠬᠤᠯᠪᠤᠭᠠᠲᠤ ᠬᠤᠷᠠᠯ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠤᠪᠴᠢᠶᠠᠨ ᠤ ᠦᠤᠰᠢᠨ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠤᠪᠴᠢᠶ᠎ᠠ᠂ ᠲᠠᠪᠤᠰᠤᠨ ᠤ ᠶᠠᠪᠤᠳᠠᠯ ᠤᠨ ᠲᠤᠪᠴᠢᠶ᠎ᠠ᠂ ᠭᠠᠯ ᠤᠨᠳᠠᠷᠠᠭᠠᠬᠤ ᠶᠡᠭᠡ ᠠᠩᠭᠢ᠂ ᠳᠣᠮᠳᠠᠳᠣ ᠣᠯᠣᠰ ᠤᠨ ᠠᠷᠠᠳ ᠤᠨ ᠪᠠᠩᠬᠢ ᠶᠢᠨ ᠦᠤᠰᠢᠨ ᠬᠤᠰᠢᠭᠤᠨ ᠳᠠᠬᠢ ᠰᠠᠯᠪᠣᠷᠢ ᠪᠠᠩᠬᠢ᠂ ᠤᠷᠳᠤᠰ ᠤᠨ ᠮᠦᠩᠬᠦᠨ ᠬᠦᠢᠯᠬᠡᠬᠡᠨ ᠳᠤ ᠬᠢᠨᠠᠯᠲᠠ ᠲᠠᠯᠪᠢᠬᠤ ᠬᠤᠪᠢᠶᠠᠷᠢ ᠲᠤᠪᠴᠢᠶᠠᠨ ᠤ ᠦᠤᠰᠢᠨ ᠬᠤᠰᠢᠭᠤᠨ ᠳᠠᠬᠢ ᠬᠡᠷᠡᠭ ᠡᠷᠬᠢᠯᠡᠬᠦ ᠭᠠᠵᠠᠷ ᠵᠢᠴᠢ ᠬᠤᠰᠢᠭᠤᠨ ᠳᠤ ᠰᠠᠭᠤᠭ᠎ᠠ ᠮᠦᠩᠭᠦᠨ ᠬᠦᠢᠯᠭᠡᠭᠡᠨ᠂ ᠲᠠᠭᠠᠳᠬᠠᠯ ᠤᠨ ᠪᠠᠶᠢᠭᠤᠯᠤᠮᠵᠢ᠃      ᠲᠣᠪᠴᠢ ᠨᠠᠮᠲᠠᠷ᠄ ᠵᠠᠩ ᡁᠢ ᠰᠢᠦ᠋ᠩ᠂ ᠡᠷᠡᠭᠲᠡᠶ᠂ ᠬᠢᠲᠠᠳ ᠦᠨᠳᠦᠰᠦᠲᠡᠨ᠂ 1967 ᠤᠨ ᠤ 9 ᠰᠠᠷ᠎ᠠ ᠳᠤ ᠲᠥᠷᠥᠵᠡᠢ᠂ ᠦᠤᠰᠢᠨ ᠬᠤᠰᠢᠭᠤᠨ ᠤ ᠬᠥᠮᠦᠨ᠂ 1990 ᠤᠨ 8 ᠰᠠᠷ᠎ᠠ ᠠᠴᠠ ᠡᠬᠢᠯᠡᠨ ᠠᠵᠢᠯᠯᠠᠵᠤ᠂ 1995 ᠤᠨ ᠤ 12 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠵᠠᠶ᠂ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠃       ᠠᠵᠢᠯ ᠤᠨ ᠲᠤᠪᠴᠢ ᠨᠠᠮᠲᠠᠷ᠄      1990 ᠤᠨ ᠤ 7 ᠰᠠᠷ᠎ᠠ ᠠᠴᠠ 1997 ᠤᠨ ᠤ 11 ᠰᠠᠷ᠎ᠠ ᠳᠤ ᠦᠤᠰᠢᠨ ᠬᠤᠰᠢᠭᠤᠨ ᠤ ᠨᠢᠭᠡᠳᠦᠭᠡᠷ ᠳᠤᠮᠳᠠᠳᠤ ᠰᠤᠷᠭᠠᠭᠤᠯᠢ ᠳᠤ ᠪᠠᠭᠰᠢᠯᠠᠵᠤ ᠪᠠᠶᠢᠪᠠ︔      1997 ᠤᠨ ᠤ 11 ᠰᠠᠷ᠎ᠠ ᠠᠴᠠ 1999 ᠤᠨ ᠤ 2 ᠰᠠᠷ᠎ᠠ ᠪᠣᠯᠲᠠᠯ᠎ᠠ ᠦᠤᠰᠢᠨ ᠬᠤᠰᠢᠭᠤᠨ ᠤ ᠤᠤᠯ ᠤᠨ ᠨᠠᠷᠢᠠᠭᠤᠤᠯ ᠰᠢᠶᠠᠩ ᠤᠨ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ ᠪᠠᠶᠢᠪᠠ︔      1999 ᠤᠨ ᠤ 2 ᠰᠠᠷ᠎ᠠ ᠠᠴᠠ 2002 ᠤᠨ ᠤ 6 ᠰᠠᠷ᠎ᠠ ᠪᠣᠯᠲᠠᠯ᠎ᠠ ᠦᠤᠰᠢᠨ ᠬᠤᠰᠢᠭᠤᠨ ᠤ ᠤᠤᠯ ᠤᠨ ᠨᠠᠷᠢᠠᠭᠤᠤᠯ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ ᠪᠠᠶᠢᠪᠠ︔      2002 ᠤᠨ ᠤ 6 ᠰᠠᠷ᠎ᠠ ᠠᠴᠠ 2004 ᠤᠨ ᠤ 8 ᠰᠠᠷ᠎ᠠ ᠪᠤᠯᠲᠠᠯ᠎ᠠ ᠦᠤᠰᠢᠨ ᠬᠤᠰᠢᠭᠤᠨ ᠤ ᠤᠤᠯ ᠤᠨ ᠨᠠᠷᠢᠠᠭᠤᠤᠯ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠃      2004 ᠤᠨ ᠤ 8 ᠰᠠᠷ᠎ᠠ ᠠᠴᠠ 2005 ᠤᠨ ᠤ 10 ᠰᠠᠷ᠎ᠠ ᠪᠣᠯᠲᠠᠯ᠎ᠠ ᠦᠤᠰᠢᠨ ᠬᠤᠰᠢᠭᠤᠨ ᠤ ᠤᠤᠯ ᠤᠨ ᠨᠠᠷᠢᠠᠭᠤᠤᠯ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠪᠠᠯᠭᠠᠰᠤᠨ ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ ᠪᠠᠶᠢᠪᠠ︔      2005 ᠤᠨ ᠤ 10 ᠰᠠᠷ᠎ᠠ ᠠᠴᠠ 2007 ᠤᠨ ᠤ 8 ᠰᠠᠷ᠎ᠠ ᠪᠣᠯᠲᠠᠯ᠎ᠠ ᠦᠤᠰᠢᠨ ᠬᠤᠰᠢᠭᠤᠨ ᠤ ᠦᠤᠰᠢᠨᠵᠤᠤ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠪᠠᠯᠭᠠᠰᠤᠨ ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ ᠪᠠᠶᠢᠪᠠ︔      2007 ᠤᠨ ᠤ 8 ᠰᠠᠷ᠎ᠠ ᠠᠴᠠ 2009 ᠤᠨ ᠤ 4 ᠰᠠᠷ᠎ᠠ ᠪᠤᠯᠲᠠᠯ᠎ᠠ ᠦᠤᠰᠢᠨ ᠬᠤᠰᠢᠭᠤᠨ ᠤ ᠦᠤᠰᠢᠨᠵᠤᠤ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠶᠢᠨ ᠲᠤᠰᠢᠶᠠᠯ ᠢ ᠬᠠᠷᠢᠭᠤᠴᠠᠵᠤ ᠪᠠᠶᠢᠪᠠ︔      2009 ᠤᠨ ᠤ 4 ᠰᠠᠷ᠎ᠠ ᠠᠴᠠ 2012 ᠤᠨ ᠤ 11 ᠰᠠᠷ᠎ᠠ ᠪᠣᠯᠲᠠᠯ᠎ᠠ ᠦᠤᠰᠢᠨ ᠬᠤᠰᠢᠭᠤᠨ ᠤ ᠦᠤᠰᠢᠨᠵᠤᠤ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠪᠥᠭᠡᠳ ᠦᠤᠰᠢᠨᠵᠤᠤ ᠬᠢᠮᠢ ᠶᠢᠨ ᠠᠵᠤ ᠦᠢᠯᠡᠳᠪᠦᠷᠢ ᠶᠢᠨ ᠲᠥᠷᠥᠯ ᠵᠦᠢᠯ ᠤᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ ᠶᠢᠨ ᠲᠤᠰᠢᠶᠠᠯ ᠢ ᠬᠠᠷᠢᠭᠤᠴᠠᠵᠤ ᠪᠠᠶᠢᠪᠠ︔      2012 ᠤᠨ ᠤ 11 ᠰᠠᠷ᠎ᠠ ᠠᠴᠠ 2016 ᠤᠨ ᠤ 5 ᠰᠠᠷ᠎ᠠ ᠪᠣᠯᠲᠠᠯ᠎ᠠ ᠦᠤᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ ᠪᠠᠶᠢᠪᠠ︔      2016 ᠤᠨ ᠤ 5 ᠰᠠᠷ᠎ᠠ ᠶᠢᠨ 20 ᠤ ᠡᠳᠦᠷ ᠠᠴᠠ ᠤᠳᠤ ᠪᠣᠯᠲᠠᠯ᠎ᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠤᠰᠢᠨ ᠬᠤᠰᠢᠭᠤᠨ ᠤ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ ᠪᠤᠢ ︵ᠡᠨᠡ ᠬᠤᠭᠤᠴᠠᠭᠠᠨ ᠳᠤ᠄ 2016 ᠤᠨ ᠤ 6 ᠰᠠᠷ᠎ᠠ ᠶᠢᠨ 19 ᠤ ᠡᠳᠦᠷ ᠠᠴᠠ 2016 ᠤᠨ ᠤ 12 ᠰᠠᠷ᠎ᠠ ᠶᠢᠨ 23 ᠤ ᠡᠳᠦᠷ ᠪᠣᠯᠲᠠᠯ᠎ᠠ︔ 2019 ᠤᠨ ᠤ 4 ᠰᠠᠷ᠎ᠠ ᠶᠢᠨ 18 ᠤ ᠡᠳᠦᠷ ᠠᠴᠠ ᠤᠳᠤ ᠪᠤᠯᠲᠠᠯ᠎ᠠ ᠵᠠᠰᠠᠭ ᠤᠨ ᠣᠷᠳᠣᠨ ᠤ ᠪᠠᠶᠢᠩᠭᠤ ᠶᠢᠨ ᠠᠵᠢᠯ ᠤᠨ ᠬᠤᠰᠢᠭᠤ ᠲᠡᠳ᠋ ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ ᠪᠤᠢ︶  ᠃
 
ᠢᠷᠡᠯᠲᠡ᠄ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠡᠨ ᠬᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号