ᠤᠯᠠᠭᠠᠨᠲᠤᠯᠤᠭᠠᠢ ᠪᠠᠯᠭᠠᠰᠤᠨ ᠤ ᠬᠠᠥᠯᠢ ᠴᠠᠭᠠᠵᠠ ᠶᠢᠨ ᠰᠠᠯᠪᠤᠷᠢ ᠬᠠᠥᠯᠢ ᠴᠠᠭᠠᠵᠠ ᠶᠢᠨ ᠤᠬᠠᠭᠤᠯᠭ᠎ᠠ ᠶᠢᠨ ᠠᠵᠢᠯᠯᠠᠭ᠎ᠠ ᠦᠷᠨᠢᠭᠦᠯᠵᠠᠢ
ᠨᠡᠶᠢᠲᠡᠯᠡᠭᠰᠡᠨ ᠴᠠᠭ᠄
2018-04-18
      ᠤᠶᠢᠷ᠎ᠠ ᠶᠢᠨ ᠡᠳᠦᠷ᠂ ᠤᠯᠠᠭᠠᠨᠲᠤᠯᠤᠭᠠᠢ ᠪᠠᠯᠭᠠᠰᠤᠨ ᠤ ᠬᠠᠥᠯᠢ ᠴᠠᠭᠠᠵᠠ ᠶᠢᠨ ᠰᠠᠯᠪᠤᠷᠢ ᠨᠢ ᠤᠯᠠᠭᠠᠨᠲᠤᠯᠤᠭᠠᠢ ᠪᠠᠯᠭᠠᠰᠤᠨ ᠤ ᠵᠠᠰᠠᠭ ᠤᠨ ᠤᠷᠳᠤᠨ ᠤ ᠶᠡᠷᠦᠩᠬᠡᠶᠢᠯᠡᠨ ᠵᠠᠰᠠᠬᠤ ᠠᠯᠪᠠᠨ ᠭᠡᠷ᠂ ᠲᠤᠮᠢᠯᠠᠬᠰᠠᠨ ᠰᠠᠯᠪᠤᠷᠢ ᠵᠡᠷᠭᠡ ᠬᠠᠮᠢᠶ᠎ᠠ ᠪᠦᠬᠦᠢ ᠪᠠᠶᠢᠭᠤᠯᠭ᠎ᠠ ᠲᠠᠢ ᠬᠠᠮᠳᠣᠷᠠᠨ ᠤᠯᠠᠭᠠᠨᠳᠣᠯᠣᠭᠠᠢ ᠪᠠᠯᠭᠠᠰᠤᠨ ᠤ ᠤᠷᠤᠭᠰᠢᠯᠠᠯᠲᠠ ᠲᠤᠰᠬᠤᠨ ᠳᠤ ᠬᠦᠷᠴᠦ ᠬᠠᠥᠯᠢ ᠴᠠᠭᠠᠵᠠ ᠶᠢᠨ ᠤᠬᠠᠭᠤᠯᠭ᠎ᠠ ᠶᠢᠨ ᠠᠵᠢᠯᠯᠠᠭ᠎ᠠ ᠦᠷᠨᠢᠭᠦᠯᠵᠠᠢ᠃      ᠲᠤᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠨᠢ《 ᠦᠨᠳᠦᠰᠦᠨ ᠬᠠᠥᠯᠢ》᠎ ᠪᠠᠷ ᠭᠤᠤᠯ ᠪᠤᠯᠭᠠᠨ ᠮᠠᠯᠴᠢᠳ ᠲᠠᠷᠢᠶᠠᠴᠢᠳ ᠲᠤ《 ᠨᠠᠶᠢᠬᠡᠮ ᠤᠨ ᠠᠮᠤᠷ ᠲᠦᠪᠰᠢᠨ ᠢ ᠬᠠᠮᠠᠭᠠᠯᠠᠬᠤ ᠶᠡᠷᠦᠩᠬᠡᠶᠢᠯᠡᠨ ᠵᠠᠰᠠᠬᠤ  ᠲᠦᠷᠢᠮ 》᠂《 ᠭᠡᠷ ᠪᠦᠯᠢ ᠶᠢᠨ ᠬᠦᠴᠦᠷᠬᠡᠭᠯᠡᠯ ᠢ ᠡᠰᠡᠷᠭᠦᠴᠡᠬᠦ ᠬᠠᠥᠯᠢ》᠂ ᠮᠠᠯᠴᠢᠨ ᠲᠠᠷᠢᠶᠠᠴᠢᠳ ᠤᠨ ᠦᠷᠭᠦᠯᠵᠢ ᠬᠡᠷᠡᠭᠯᠡᠬᠦ ᠬᠠᠥᠯᠢ ᠴᠠᠭᠠᠵᠠ ᠶᠢᠨ ᠶᠡᠷᠦᠩᠬᠡᠢ ᠮᠡᠳᠡᠯᠭᠡ ᠶᠢᠨ ᠵᠢᠱᠢᠶ᠎ᠡ ᠲᠠᠶᠢᠯᠪᠤᠷᠢ᠂ ᠪᠤᠯᠪᠠᠰᠤᠨ ᠬᠡᠪ ᠵᠠᠩᠰᠢᠯ ᠢ ᠪᠤᠢ ᠪᠤᠯᠭᠠᠬᠤ ᠵᠡᠷᠭᠡ ᠤᠬᠠᠭᠤᠯᠭ᠎ᠠ ᠶᠢᠨ ᠠᠭᠤᠯᠭ᠎ᠠ ᠶᠢ ᠳᠠᠷᠤᠮᠠᠯᠯᠠᠭᠰᠠᠨ ᠬᠤᠷᠮᠤᠶᠢᠪᠴᠢ᠂  ᠭᠠᠷ ᠠᠷᠴᠢᠬᠤ ᠴᠠᠭᠠᠰᠤᠨ ᠬᠠᠶᠢᠷᠴᠠᠭ᠂ ᠬᠦᠵᠦᠷ ᠵᠡᠷᠭᠡ ᠶᠢ ᠨᠡᠶᠢᠳᠡ 200 ᠢᠯᠡᠭᠦᠦ ᠬᠤᠪᠢ ᠳᠠᠷᠬᠠᠭᠠᠪᠠ᠃      ᠲᠤᠰ ᠤᠳᠠᠭᠠᠨ ᠤ ᠤᠬᠠᠭᠤᠯᠭ᠎ᠠ ᠪᠠᠷ ᠳᠠᠮᠵᠢᠨ ᠬᠠᠥᠯᠢ ᠪᠠᠷ ᠵᠠᠰᠠᠬᠤ ᠦᠵᠡᠯᠳᠡ ᠶᠢ ᠪᠤᠢ ᠪᠤᠯᠭᠠᠵᠤ᠂ ᠮᠠᠯᠴᠢᠨ ᠳᠠᠷᠢᠶᠠᠴᠢᠳ ᠤᠨ ᠬᠠᠥᠯᠢ ᠶᠣᠰᠣᠭᠠᠷ ᠣᠴᠢᠷ ᠢ ᠰᠢᠢᠳᠪᠦᠷᠢᠯᠡᠬᠦ ᠣᠬᠠᠮᠰᠠᠷ ᠢ ᠳᠡᠭᠡᠭᠰᠢᠯᠡᠬᠦᠯᠦᠨ᠂ ᠤᠯᠠᠨ ᠲᠦᠮᠡᠨ ᠤ ᠬᠠᠥᠯᠢ ᠶᠢ ᠰᠣᠷᠴᠦ᠂ ᠬᠠᠥᠯᠢ ᠶᠢ ᠰᠠᠬᠢᠨ᠂ ᠬᠠᠥᠯᠢ ᠶᠢ ᠬᠡᠷᠡᠭᠯᠡᠵᠦ᠂ ᠬᠠᠥᠯᠢ ᠪᠠᠷ ᠵᠠᠰᠠᠬᠰᠠᠨ ᠤᠯᠠᠭᠠᠨᠲᠤᠯᠤᠭᠠᠢ ᠪᠠᠯᠭᠠᠰᠣ ᠶᠢ ᠬᠠᠮᠳᠣᠪᠡᠷ ᠪᠦᠳᠦᠭᠡᠨ ᠪᠠᠶᠢᠭᠤᠯᠬᠤ ᠰᠢᠨ᠎ᠡ ᠬᠡᠪ ᠰᠣᠷᠳᠠᠯ ᠢ ᠪᠤᠢ ᠪᠤᠯᠭᠠᠵᠠᠢ᠃
 
ᠢᠷᠡᠯᠲᠡ᠄ ᠤᠯᠠᠭᠠᠨᠳᠤᠯᠤᠭᠠᠢ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号