ᠤᠯᠠᠭᠠᠨᠳᠤᠯᠤᠭᠠᠢ ᠪᠠᠯᠭᠠᠰᠤ ᠣᠨᠣᠪᠴᠢᠳᠠᠢ ᠪᠠᠷ ᠶᠠᠳᠠᠭᠤ ᠶᠢ ᠲᠡᠳᠭᠦᠭᠦ ᠠᠵᠢᠯ ᠢ ᠰᠠᠶᠢᠳᠤᠷ ᠬᠢᠵᠤ ᠪᠤᠢ
ᠨᠡᠶᠢᠲᠡᠯᠡᠭᠰᠡᠨ ᠴᠠᠭ᠄
2018-04-18
      ᠨᠢᠳᠤᠨᠤᠨ ᠠᠴᠠ ᠨᠠᠰᠢ᠂ ᠤᠯᠠᠭᠠᠨᠳᠤᠯᠤᠭᠠᠢ ᠪᠠᠯᠭᠠᠰᠤ ᠭᠠᠵᠠᠷ ᠤᠷᠤᠨ ᠤ ᠲᠠᠯᠠᠪᠠᠢ ᠠᠭᠤᠳᠠᠮ᠂ ᠰᠠᠭᠤᠷᠢ ᠲᠦᠭᠦᠭᠡᠷᠦᠮᠵᠢ ᠪᠠᠷ ᠪᠠᠷᠤᠬᠳᠠᠢ᠂ ᠤᠯᠠᠨ ᠲᠦᠮᠡᠨ ᠤ ᠤᠷᠤᠯᠭ᠎ᠠ ᠲᠤᠤᠷ᠎ᠠ ᠵᠡᠷᠭᠡ ᠪᠤᠳᠠᠳᠤ ᠪᠠᠶᠢᠳᠠᠯ ᠳᠤ ᠴᠢᠭᠯᠡᠭᠦᠯᠦᠨ ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠭᠦᠰᠡᠯ ᠡᠷᠡᠮᠡᠯᠵᠡᠯ ᠢᠶᠠᠷ ᠬᠠᠷᠠᠯᠳᠠ ᠪᠠᠨ ᠪᠤᠯᠭᠠᠵᠤ᠂ ᠣᠨᠣᠪᠴᠢᠳᠠᠢ ᠪᠠᠷ ᠶᠠᠳᠠᠭᠤ ᠶᠢ ᠲᠡᠳᠭᠦᠭᠦ ᠠᠵᠢᠯ ᠢ ᠪᠦᠭᠦ ᠭᠦᠴᠦᠨ ᠢᠶᠠᠷ ᠢᠶᠠᠨ ᠰᠠᠶᠢᠳᠤᠷ ᠬᠢᠭᠰᠡᠨ ᠪᠠᠶᠢᠨ᠎ᠠ᠃      ᠨᠢᠬᠡ ᠳᠤ ᠶᠠᠳᠠᠭᠤ ᠶᠢ ᠲᠡᠳᠭᠦᠭᠦ ᠠᠵᠢᠯ ᠤᠨ ᠲᠠᠩᠰᠠ ᠲᠠᠮᠳᠡᠭᠯᠡᠯ ᠢ ᠡᠮᠭᠢᠳᠭᠡᠨ ᠪᠥᠷᠢᠳᠬᠡᠭᠦᠯᠪᠡ᠃ ᠠᠵᠢᠯ ᠤᠨ ᠲᠦᠯᠦᠪᠵᠢᠭᠦᠯᠭᠡ ᠶᠢᠨ ᠭᠦᠰᠦᠨᠦᠭᠳᠦ ᠶᠢ ᠪᠠᠶᠢᠭᠤᠯᠵᠤ᠂ ᠬᠠᠷᠢᠭᠤᠴᠠᠯᠭᠠᠳᠠᠨ ᠢ ᠲᠤᠳᠤᠷᠬᠠᠢ ᠲᠤᠬᠳᠠᠭᠠᠵᠤ ᠂ ᠲᠠᠩᠰᠠ ᠮᠠᠲ᠋ᠧᠷᠢᠶᠠᠯ ᠤᠨ ᠲᠦᠷᠦᠯ ᠬᠤᠪᠢᠶᠠᠷᠢᠯᠠᠯᠲᠠ ᠶᠢ ᠨᠢᠭᠡᠳᠭᠡᠵᠤ᠂ ᠪᠠᠯᠭᠠᠰᠤ ᠭᠠᠴᠠᠭ᠎ᠠ ᠲᠤᠰᠬᠤᠨ ᠤ ᠺᠠᠳ᠋ᠷ᠂ ᠲᠤᠰᠬᠤᠨ ᠳᠤ ᠰᠠᠭᠤᠭ᠎ᠠ ᠠᠵᠢᠯ ᠤᠨ ᠲᠤᠭᠤᠶᠢᠢᠯᠠᠩ᠂ ᠨᠢᠭᠡᠳᠦᠭᠡᠷ ᠱᠦᠵᠢ ᠶᠢ ᠵᠤᠬᠢᠶᠠᠨ ᠪᠠᠶᠢᠭᠤᠯᠤᠨ ᠲᠤᠬᠠᠶᠢᠢᠯᠠᠬᠰᠠᠨ ᠠᠵᠢᠯ ᠤᠨ ᠪᠤᠯᠪᠠᠰᠤᠷᠠᠯ ᠡᠷᠭᠢᠯᠡᠨ᠂ ᠠᠵᠢᠯ ᠤᠨ ᠬᠠᠷᠢᠭᠤᠴᠠᠯᠭ᠎ᠠ ᠨᠠᠭᠡᠮᠵᠢᠯᠡᠭᠦ ᠲᠦᠷᠢᠮ ᠢ ᠭᠡᠷᠡᠭᠵᠢᠭᠦᠯᠵᠦ᠂ ᠬᠤᠯᠪᠤᠬᠳᠠᠯ ᠪᠦᠭᠦᠢ ᠬᠠᠷᠢᠭᠤᠴᠠᠯᠭᠠᠳᠠᠨ ᠠᠴᠠ ᠬᠠᠷᠢᠭᠤᠴᠠᠯᠭ᠎ᠠ ᠨᠡᠭᠡᠮᠵᠢᠯᠡᠭᠦ ᠶᠢ ᠴᠢᠩᠭᠠᠳᠬᠠᠪᠠ᠃      ᠬᠤᠶᠠᠷ ᠲᠤ ᠣᠨᠣᠪᠴᠢᠳᠠᠢ ᠪᠠᠷ ᠶᠠᠳᠠᠭᠤ ᠶᠢ ᠲᠡᠳᠭᠦᠭᠦ ᠠᠵᠢᠯ ᠤᠨ ᠡᠯ᠎ᠠ ᠲᠦᠷᠦᠯ ᠤᠨ ᠲᠦᠷᠦ ᠶᠢᠨ ᠪᠤᠳᠤᠯᠭ᠎ᠠ ᠶᠢ ᠪᠦᠭᠦ ᠲᠠᠯ᠎ᠠ ᠪᠠᠷ ᠨᠡᠶᠢᠳᠡᠪᠤᠷᠢᠵᠢᠭᠤᠯᠪᠠ᠃ 2017 ᠤᠨ ᠤ ᠪᠦᠭᠦ ᠪᠠᠯᠭᠠᠰᠤᠨ ᠤ ᠤᠯᠤᠰ ᠤᠨ ᠲᠠᠰ ᠤᠨ ᠶᠠᠳᠠᠭᠤ ᠭᠦᠴᠢᠷᠳᠡᠯᠳᠡᠢ 63 ᠡᠷᠦᠭᠡ ᠶᠢᠨ 180 ᠭᠦᠮᠦᠨ ᠨᠢᠬᠡᠨᠳᠡ ᠪᠦᠭᠦᠨ ᠢᠶᠠᠷ ᠢᠶᠠᠨ ᠶᠠᠳᠠᠭᠤ ᠠᠴᠠ ᠠᠩᠬᠢᠵᠢᠷᠠᠵᠤ᠂ ᠶᠠᠳᠠᠭᠤ ᠠᠴᠠ ᠠᠩᠬᠢᠵᠢᠷᠠᠬᠰᠠᠨ 42 ᠡᠷᠦᠭᠡ ᠶᠢᠨ 83 ᠭᠦᠮᠦᠨ ᠢ ᠦᠷᠭᠦᠯᠵᠢᠯᠡᠨ ᠲᠡᠳᠭᠦᠵᠤ᠂ 2018 ᠤᠨ ᠳᠤ ᠶᠠᠳᠠᠭᠤ ᠶᠢ ᠲᠡᠳᠭᠦᠭᠦ ᠪᠠᠶᠢᠳᠠᠯ ᠤᠨ ᠬᠠᠮᠢᠶᠠᠷᠤᠯᠳᠡ ᠶᠢᠨ ᠠᠵᠢᠯ ᠢ ᠨᠠᠷᠢᠨ ᠬᠢᠨᠠᠮᠠᠭᠠᠢ ᠦᠷᠨᠢᠭᠦᠯᠵᠦ᠂ ᠪᠠᠯᠭᠠᠰᠤᠨ ᠤ ᠬᠤᠯᠪᠤᠬᠳᠠᠯ ᠪᠦᠭᠦᠢ ᠬᠠᠷᠢᠭᠤᠴᠠᠯᠭᠠᠳᠠᠨ ᠢ ᠵᠤᠬᠢᠶᠠᠨ ᠪᠠᠶᠢᠭᠤᠯᠤᠨ ᠡᠷᠦᠭᠡ ᠳᠤ ᠭᠦᠷᠴᠦ ᠰᠤᠷᠪᠤᠯᠵᠢᠯᠠᠬᠤ᠂ ᠤᠷᠤᠯᠭ᠎ᠠ ᠵᠠᠷᠤᠯᠭ᠎ᠠ ᠶᠢ ᠲᠦᠰᠦᠭᠡᠯᠡᠨ ᠪᠤᠳᠤᠬᠤ᠂ ᠠᠷᠠᠳᠴᠢᠯᠠᠯ ᠢᠶᠠᠷ ᠵᠦᠪᠯᠡᠭᠦ᠂ ᠢᠯᠡ ᠪᠠᠷ ᠨᠠᠶᠢᠳᠡᠯᠡᠭᠦ ᠵᠡᠷᠭᠡ ᠬᠠᠤᠯᠢ ᠳᠤ ᠲᠤᠬᠳᠠᠭᠠᠬᠰᠠᠨ ᠠᠯᠬᠤᠮ ᠢᠶᠠᠷ ᠲᠡᠮᠵᠢᠨ᠂ ᠰᠢᠨ᠎ᠠ ᠪᠠᠷ 2 ᠡᠷᠦᠭᠡ ᠶᠢᠨ 6 ᠭᠦᠮᠦᠨ ᠢ ᠤᠯᠤᠰ ᠤᠨ ᠲᠠᠰ ᠤᠨ ᠶᠠᠳᠠᠭᠤ ᠡᠷᠦᠭᠡ ᠪᠠᠷ ᠲᠤᠬᠳᠠᠭᠠᠪᠠ᠃      ᠭᠤᠷᠪᠠ ᠳᠤ ᠬᠢᠨᠠᠯᠳᠠ ᠲᠠᠯᠪᠢᠬᠤ ᠪᠠᠶᠢᠴᠠᠭᠠᠬᠤ ᠭᠦᠴᠦᠯᠠᠴᠠ ᠪᠠᠨ ᠴᠢᠩᠭᠠᠳᠬᠠᠪᠠ᠃ ᠪᠠᠯᠭᠠᠰᠤᠨ ᠤ ᠨᠠᠮ ᠵᠠᠰᠠᠭ ᠤᠨ ᠬᠠᠷᠢᠭᠤᠴᠠᠯᠭᠠᠳᠠᠨ ᠲᠤᠬᠳᠠᠮᠠᠯ ᠪᠤᠰᠤ ᠬᠤᠭᠤᠴᠠᠭ᠎ᠠ ᠲᠠᠢ ᠪᠠᠷ ᠪᠠᠶᠢᠴᠠᠭᠠᠬᠤ ᠪᠠ ᠪᠠᠯᠭᠠᠰᠤᠨ ᠤ ᠶᠠᠳᠠᠭᠤ ᠶᠢ ᠲᠡᠳᠭᠦᠭᠦ ᠠᠯᠪᠠᠨ ᠭᠡᠷ ᠠᠴᠠ ᠡᠳᠦᠷ ᠲᠤᠳᠤᠮ ᠤᠨ ᠪᠠᠶᠢᠴᠠᠭᠠᠯᠳᠠ ᠬᠢᠭᠦ ᠠᠷᠭ᠎ᠠ ᠪᠠᠷ ᠪᠠᠶᠢᠴᠠᠭᠠᠨ ᠬᠢᠨᠠᠵᠤ ᠂ ᠠᠵᠢᠯ ᠤᠨ ᠰᠠᠬᠢᠯᠭ᠎ᠠ ᠪᠠᠳᠤ ᠶᠢ ᠴᠢᠩᠭᠠᠳᠬᠠᠨ᠂ ᠶᠠᠳᠠᠭᠤ ᠠᠴᠠ ᠠᠩᠬᠢᠵᠢᠷᠠᠭᠤᠯᠬᠤ ᠪᠠᠬᠢᠯᠠᠯᠳᠡ ᠶᠢ ᠰᠢᠪᠳᠤᠯᠬᠤ ᠠᠵᠢᠯ ᠢ ᠰᠠᠶᠢᠳᠤᠷ ᠠᠬᠢᠭᠤᠯᠬᠤ ᠶᠢ ᠪᠠᠳᠤᠯᠠᠭᠰᠡᠨ ᠪᠠᠶᠢᠨ᠎ᠠ᠃
 
ᠢᠷᠡᠯᠲᠡ᠄ ᠤᠯᠠᠭᠠᠨᠳᠤᠯᠤᠭᠠᠢ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号