ᠭᠠᠯᠠᠭᠤᠳᠤ ᠪᠠᠯᠭᠠᠰᠤᠨ ᠤ 2018 ᠤᠨ ᠤ ᠠᠩᠬᠠᠳᠤᠭᠠᠷ ᠪᠦᠯᠦᠭ ᠤᠨ ᠬᠠᠭᠤᠴᠢᠨ ᠭᠡᠷ ᠪᠠᠶᠢᠰᠢᠩ ᠤᠨ ᠦᠬᠡᠷᠡᠴᠢᠯᠡᠯᠳᠡ ᠶᠢᠨ ᠤᠷᠤᠨ ᠬᠡᠷ ᠬᠤᠪᠢᠶᠠᠷᠢᠯᠠᠬᠤ ᠠᠵᠢᠯ ᠰᠢᠪᠠᠭ᠎ᠠ ᠰᠤᠭᠤᠯᠵᠤ ᠳ᠋ᠤᠭᠠᠷ ᠠᠪᠬᠤ ᠠᠷᠭ᠎ᠠ ᠪᠠᠷ ᠢᠯᠡ ᠪᠠᠷ ᠶᠠᠪᠤᠭᠳᠠᠪᠠ
ᠨᠡᠶᠢᠲᠡᠯᠡᠭᠰᠡᠨ ᠴᠠᠭ᠄
2018-04-18
      ᠤᠢᠢᠷ᠎ᠠ ᠶᠢᠨ ᠡᠳᠦᠷ ᠭᠠᠯᠠᠭᠤᠳᠤ ᠪᠠᠯᠭᠠᠰᠤᠨ ᠤ 2018 ᠤᠨ ᠤ ᠬᠠᠭᠤᠴᠢᠨ ᠭᠡᠷ ᠪᠠᠶᠢᠰᠢᠩ ᠤᠨ ᠦᠭᠡᠷᠡᠴᠢᠯᠡᠯᠲᠡ ᠶᠢᠨ ᠠᠩᠬᠠᠳᠤᠭᠠᠷ ᠪᠦᠯᠦᠭ ᠤᠨ ᠬᠡᠷ ᠤᠷᠤᠨ ᠬᠤᠪᠢᠶᠠᠷᠢᠯᠠᠬᠤ ᠶᠤᠰᠤᠯᠠᠯ ᠭᠠᠯᠠᠭᠤᠳᠤ ᠪᠠᠯᠭᠠᠰᠤ ᠶᠢᠨ ᠬᠠᠭᠤᠴᠢᠨ ᠭᠡᠷ ᠪᠠᠶᠢᠰᠢᠩ ᠤᠨ ᠦᠬᠡᠷᠡᠴᠢᠯᠡᠯᠳᠡ ᠶᠢᠨ ᠵᠢᠯᠤᠭᠤᠳᠬᠤ ᠭᠠᠵᠠᠷ ᠲᠤ ᠰᠢᠪᠠᠭ᠎ᠠ ᠰᠤᠭᠤᠯᠵᠤ ᠳ᠋ᠤᠭᠠᠷ ᠠᠪᠬᠤ ᠬᠡᠯᠪᠡᠷᠢ ᠪᠠᠷ ᠢᠯᠡ ᠪᠠᠷ ᠶᠠᠪᠤᠭᠳᠠᠪᠠ᠃      ᠰᠠᠭᠤᠭᠠᠯᠢ ᠠᠷᠠᠳ ᠤᠨ ᠤᠷᠤᠨ ᠰᠠᠭᠤᠴᠠ ᠶᠢᠨ ᠬᠦᠰᠡᠯ ᠬᠦᠬᠡᠬᠡᠴᠡᠯᠳᠦᠯ ᠢ ᠪᠡᠶᠡᠯᠡᠬᠦᠯᠬᠦ ᠶᠢᠨ ᠲᠦᠯᠦᠬᠡ ︽ᠢᠯᠡ ᠲᠤᠳᠤ᠂ ᠡᠷᠬᠡ ᠲᠡᠭᠰᠢ᠂ ᠲᠦᠪ ᠭᠤᠤᠯᠴᠢ︾᠎ ᠪᠠᠷ ᠬᠡᠷ ᠪᠠᠶᠢᠰᠢᠩ ᠢ ᠰᠤᠯᠢᠵᠤ ᠬᠤᠪᠢᠶᠠᠷᠢᠯᠠᠬᠤ ᠲᠦᠰᠦᠪ ᠢ ᠬᠡᠷᠡᠭᠵᠢᠬᠦᠯᠵᠦ᠂ ᠬᠡᠷ ᠪᠠᠶᠢᠰᠢᠩ ᠢ ᠲᠠᠳᠠᠪᠤᠷᠢᠯᠠᠨ ᠬᠤᠷᠢᠶᠠᠬᠤ ᠲᠤᠪᠴᠢᠶ᠎ᠠ ᠶᠢᠨ ᠲᠤᠬᠠᠶᠢᠯᠠᠭᠰᠠᠨ ᠠᠵᠢᠯ ᠤᠨ ᠲᠤᠭᠤᠶᠢᠯᠠᠩ ᠠᠴᠠ ᠲᠤᠰᠢᠶᠠᠯ ᠬᠠᠷᠢᠭᠤᠴᠠᠯᠭ᠎ᠠ ᠶᠢ ᠲᠤᠳᠤᠷᠬᠠᠢ ᠲᠤᠭᠳᠠᠭᠠᠵᠤ᠂ ᠨᠡᠷ᠎ᠡ ᠮᠡᠳᠡᠬᠦᠯᠬᠦ ᠶᠢ ᠲᠠᠩᠰᠠᠯᠠᠬᠤ᠂ ᠬᠦᠷᠦᠩᠬᠡ ᠶᠢ ᠦᠨᠡᠯᠡᠨ ᠵᠢᠱᠢᠵᠦ ᠬᠠᠷᠭᠤᠭᠤᠯᠬᠤ᠂ ᠬᠦᠷᠦᠩᠬᠡ ᠶᠢᠨ ᠡᠷᠬᠡ ᠶᠢ ᠨᠤᠳᠠᠯᠠᠬᠤ ᠲᠤᠭᠤᠶᠢᠯᠠᠩ᠂ ᠬᠡᠯᠡᠯᠴᠡᠬᠡᠷ ᠲᠤᠭᠳᠠᠭᠠᠬᠤ ᠲᠤᠭᠤᠶᠢᠯᠠᠩ᠂ ᠰᠤᠩᠭᠤᠭᠰᠠᠨ ᠬᠡᠷ ᠪᠠᠶᠢᠰᠢᠩ ᠢ ᠬᠠᠯᠠᠵᠤ ᠦᠬᠡᠷᠡᠴᠢᠯᠡᠬᠦ ᠶᠢ ᠲᠠᠩᠰᠠᠯᠠᠬᠤ ᠲᠤᠭᠤᠶᠢᠯᠠᠩ᠂ ᠬᠠᠭᠤᠴᠢᠨ ᠬᠡᠷ ᠢ ᠰᠢᠯᠭᠠᠨ ᠬᠤᠷᠢᠶᠠᠬᠤ ᠪᠠ ᠬᠤᠷᠢᠶᠠᠨ ᠬᠠᠮᠢᠶᠠᠷᠬᠤ ᠲᠤᠭᠤᠶᠢᠯᠠᠩ᠂ ᠬᠠᠭᠤᠴᠢᠨ ᠬᠡᠷ ᠤᠨ ᠦᠬᠡᠷᠡᠴᠢᠯᠡᠯᠳᠡ ᠶᠢᠨ ᠲᠤᠭ᠎ᠠ ᠪᠠᠷᠢᠮᠳᠠ ᠶᠢ ᠪᠦᠷᠢᠳᠬᠡᠬᠦ ᠪᠠ ᠲᠠᠩᠰᠠ ᠡᠪᠬᠡᠮᠡᠯ ᠢ ᠬᠠᠮᠢᠶᠠᠷᠬᠤ ᠲᠤᠭᠤᠶᠢᠯᠠᠩ ᠵᠡᠷᠭᠡ 5 ᠲᠤᠭᠤᠶᠢᠯᠠᠩ ᠪᠠᠶᠢᠭᠤᠯᠵᠠᠢ᠃ ᠬᠡᠷ ᠤᠷᠤᠨ ᠬᠤᠪᠢᠶᠠᠷᠢᠯᠠᠬᠤ ᠠᠬᠤᠢ ᠲᠠᠯᠠᠪᠠᠢ ᠳᠤ ᠠᠵᠢᠯᠳᠠᠨ ᠤ ᠲᠠᠭᠠᠭᠤᠯᠭ᠎ᠠ ᠪᠠᠷ ᠰᠠᠭᠤᠭᠠᠯᠢ ᠠᠷᠠᠳ ᠪᠦᠬᠦᠨ ᠡᠮᠬᠢ ᠲᠠᠷᠠᠭ᠎ᠠ ᠲᠠᠢ ᠪᠠᠷ ᠪᠡᠶ᠎ᠡ ᠶᠢᠨ ᠦᠨᠡᠮᠯᠡᠯ ᠪᠤᠯᠤᠨ ᠬᠤᠪᠢ ᠬᠦᠮᠦᠨ ᠤ ᠰᠤᠷᠠᠭ ᠵᠠᠩᠬᠢ ᠪᠠᠨ ᠲᠠᠩᠰᠠᠯᠠᠭᠤᠯᠵᠤ᠂ ᠲᠡᠰ ᠲᠠᠷᠠᠭᠠᠯᠠᠯ ᠤᠨ ᠨᠤᠮᠧᠷ ᠢᠶᠠᠷ ᠢᠶᠠᠨ ᠰᠢᠪᠠᠭ᠎ᠠ ᠰᠤᠭᠤᠯᠤᠨ ᠬᠡᠷ ᠤᠨ ᠬᠡᠯᠪᠡᠷᠢ ᠪᠦᠳᠦᠴᠡ ᠶᠢ ᠰᠤᠩᠭᠤᠨ ᠲᠡᠮᠳᠡᠭᠯᠡᠬᠦᠯᠵᠦ᠂ 160 ᠡᠷᠦᠬᠡ ᠰᠠᠭᠤᠭᠠᠯᠢ ᠠᠷᠠᠳ ᠦᠪᠡᠷᠰᠡᠳ ᠤᠨ ᠢᠶᠠᠨ ᠰᠠᠨᠠᠭᠠᠨ ᠳᠤ ᠪᠠᠨ ᠨᠡᠶᠢᠴᠡᠭᠰᠡᠨ ᠤᠷᠤᠨ ᠬᠡᠷ ᠢᠶᠠᠨ ᠤᠯᠵᠤ᠂ ᠲᠤᠬᠠᠢ ᠶᠢᠨ ᠲᠠᠯᠠᠪᠠᠢ ᠳᠤ ᠨᠢ ᠭᠠᠷ ᠤᠨ ᠦᠰᠦᠭ ᠵᠢᠷᠤᠵᠤ ᠨᠤᠳᠠᠯᠠᠯᠳᠠ ᠬᠢᠭᠰᠡᠨ ᠪᠠᠶᠢᠨ᠎ᠠ᠃ ᠡᠬᠦᠨ ᠤ ᠬᠠᠮᠳᠤ ᠬᠠᠭᠤᠴᠢᠨ ᠭᠡᠷ ᠪᠠᠶᠢᠰᠢᠩ ᠢ ᠦᠬᠡᠷᠡᠴᠢᠯᠡᠬᠦ ᠲᠦᠷᠦ ᠶᠢᠨ ᠪᠤᠳᠤᠯᠭ᠎ᠠ ᠪᠠ ᠬᠡᠷ ᠤᠷᠤᠨ ᠬᠤᠪᠢᠶᠠᠷᠢᠯᠠᠬᠤ ᠲᠦᠷᠦ ᠶᠢᠨ ᠪᠤᠳᠤᠯᠭ᠎ᠠ ᠶᠢᠨ ᠲᠤᠬᠠᠢ ᠰᠠᠭᠤᠭᠠᠯᠢ ᠠᠷᠠᠳ ᠤᠨ ᠯᠠᠪᠯᠠᠯᠭ᠎ᠠ ᠳᠤ ᠬᠠᠷᠢᠭᠤᠯᠳᠠ ᠦᠭᠬᠦ ᠪᠤᠶᠤ ᠭᠠᠷ ᠬᠦᠢᠴᠡᠳᠬᠡᠯ ᠬᠢᠬᠦ ᠳᠤ ᠲᠦᠬᠦᠮ ᠦᠵᠡᠬᠦᠯᠬᠦ ᠶᠢᠨ ᠲᠦᠯᠦᠬᠡ ᠠᠵᠢᠯᠳᠠᠨ ᠠᠴᠠ ᠬᠤᠯᠪᠤᠭᠳᠠᠯ ᠪᠦᠬᠦᠢ ᠯᠠᠪᠯᠠᠯᠭ᠎ᠠ ᠶᠢᠨ ᠦᠢᠯᠡᠴᠢᠯᠡᠭᠡ ᠬᠠᠩᠭᠠᠵᠠᠢ᠃      ᠭᠠᠯᠠᠭᠤᠲᠤ ᠪᠠᠯᠭᠠᠰᠤᠨ ᠤ ᠠᠵᠢᠯᠳᠠᠨ ᠠᠴᠠ 10 ᠡᠳᠦᠷ ᠤᠨ ᠲᠤᠳᠤᠷ᠎ᠠ ᠡᠳ᠋ ᠬᠦᠷᠦᠩᠬᠡ ᠶᠢ ᠬᠢᠨᠠᠨ ᠬᠠᠷᠭᠤᠭᠤᠯᠬᠤ ᠪᠠ ᠬᠡᠷ᠎ᠡ ᠪᠠᠶᠢᠭᠤᠯᠬᠤ ᠲᠡᠰ ᠲᠠᠷᠠᠭᠠᠯᠠᠯ ᠢ ᠬᠢᠵᠤ ᠲᠠᠭᠤᠰᠬᠠᠪᠠᠯ ᠰᠠᠭᠤᠭᠠᠯᠢ ᠠᠷᠠᠳ ᠦᠪᠡᠷᠰᠡᠳ ᠤᠨ ᠢᠶᠠᠨ ᠰᠢᠨ᠎ᠡ ᠬᠡᠷ ᠤᠨ ᠲᠦᠯᠬᠢᠬᠦᠷ ᠢᠶᠠᠨ ᠠᠪᠴᠤ ᠪᠤᠯᠤᠨ᠎ᠠ᠃
 
ᠢᠷᠡᠯᠲᠡ᠄ ︽ᠨᠤᠮᠢᠨ ᠲᠠᠩᠰᠤᠭ ᠦᠤᠰᠢᠨ︾
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号