ᠣᠷᠤᠭ ᠤᠨ ᠪᠠᠳᠣᠯᠠᠪᠣᠷᠢ ᠨᠦᠬᠦᠵᠣ ᠠᠪᠬᠤ ᠠᠯᠬᠤᠮ ᠳᠠᠷᠠᠭ᠎ᠠ
ᠨᠡᠶᠢᠲᠡᠯᠡᠭᠰᠡᠨ ᠴᠠᠭ᠄
2018-04-18
      ᠨᠢᠬᠡ᠂ ᠣᠷᠤᠭ ᠤᠨ ᠪᠠᠳᠣᠯᠠᠪᠣᠷᠢ ᠨᠦᠬᠦᠵᠣ ᠠᠪᠬᠤ      ⒈ ᠡᠷᠡᠭᠳᠠᠢ ᠡᠮᠡᠭᠳᠠᠢ ᠬᠤᠶᠠᠷ ᠳᠠᠯ᠎ᠠ ᠪᠣᠶᠣ ᠨᠢᠭᠡ ᠳᠠᠯ᠎ᠠ ᠶᠢᠨ ᠡᠷᠦᠭᠡ ᠠᠮᠠ ᠶᠢᠨ ᠳᠠᠩᠰᠠ ᠨᠢ ᠦᠦᠰᠢᠨ ᠬᠤᠰᠢᠭᠤᠨ ᠳᠤ ᠪᠠᠶᠢᠬᠤ ᠪᠣᠶᠣ ᠣᠣᠯ ᠨᠢ ᠦᠦᠰᠢᠨ ᠬᠤᠰᠢᠭᠤᠨ ᠤ ᠣᠷᠤᠭ ᠲᠠᠩᠰᠠᠯᠠᠬᠤ ᠭᠠᠵᠠᠷ ᠳᠠᠩᠰᠠᠯᠠᠭᠰᠠᠨ ᠣᠷᠤᠭ ᠤᠨ ᠪᠠᠳᠣᠯᠠᠪᠣᠷᠢ ᠲᠠᠢ ᠬᠦᠮᠣᠨ᠃      ⒉ ᠡᠷᠡᠭᠳᠠᠢ ᠡᠮᠡᠭᠳᠠᠢ ᠬᠤᠶᠠᠷ ᠳᠠᠯ᠎ᠠ ᠶᠢᠨ ᠡᠷᠦᠭᠡ ᠠᠮᠠ ᠶᠢᠨ ᠳᠠᠪᠳᠠᠷ᠂ ᠪᠠᠶ᠎ᠠ ᠶᠢᠨ ᠦᠨᠠᠮᠯᠠᠯ᠂ ᠣᠷᠤᠭ ᠎ ᠤᠨ ᠪᠠᠳᠣᠯᠠᠪᠣᠷᠢ ᠶᠢᠨ ᠣᠣᠯ ᠭᠡᠪᠯᠡᠯ ᠪᠠ ᠬᠠᠭᠤᠯᠪᠣᠷᠢ ᠶᠢ ᠲᠤᠰ ᠪᠦᠷᠢ ᠨᠢᠭᠡ ᠬᠤᠪᠢ᠂ ᠣᠷᠴᠢᠮ ᠤᠨ ᠬᠤᠭᠤᠴᠠᠭᠠᠨ ᠳᠤ ᠳᠠᠳᠠᠭᠰᠠᠨ ᠬᠤᠶᠠᠷ ᠢᠮᠠᠬᠤ ᠶᠢᠨ ᠣᠯᠠᠭᠠᠨ ᠳᠡᠪᠢᠰᠭᠡᠷ ᠲᠠᠢ ᠰᠠᠬᠦᠳᠠᠷ ᠭᠤᠷᠪᠠᠨ ᠬᠤᠪᠢ ᠠᠪᠴᠣ ᠦᠣᠰᠢᠨ ᠬᠤᠰᠢᠭᠤᠨ ᠤ ᠠᠷᠠᠳ ᠤᠨ ᠶᠠᠪᠣᠳᠠᠯ ᠤᠨ ᠲᠤᠪᠴᠢᠶᠠᠨ ᠤ ᠤᠷᠤᠭ ᠲᠠᠩᠰᠠᠯᠠᠬᠤ ᠭᠠᠵᠠᠷ ᠤᠴᠢᠵᠤ ᠣᠷᠤᠭ ᠎ ᠤᠨ ᠪᠠᠳᠣᠯᠠᠪᠣᠷᠢ ᠨᠦᠬᠦᠵᠣ ᠠᠪᠣᠨ᠎ᠠ᠃      ⒊ ᠭᠡᠷᠪᠠ ᠣᠷᠤᠭ ᠤᠨ ᠪᠠᠳᠣᠯᠠᠪᠣᠷᠢ ᠶᠢᠨ ᠣᠣᠯ ᠡᠬᠢ ᠶᠢ ᠭᠡᠭᠡᠭᠰᠠᠨ ᠪᠣᠯ ᠠᠩᠬ᠎ᠠ ᠣᠷᠤᠭ ᠤᠨ ᠪᠠᠳᠣᠯᠠᠪᠣᠷᠢ ᠠᠪᠣᠭᠰᠠᠨ ᠳᠠᠩᠰᠠ ᠶᠢ ᠣᠷᠪᠠᠭᠤᠯᠣᠨ ᠪᠠᠶᠢᠴᠠᠭᠠᠵᠣ ᠬᠠᠭᠤᠯᠪᠤᠷᠢ ᠶᠢ ᠨᠢᠬᠡ ᠬᠤᠪᠢ ᠠᠪᠴᠢᠷᠠᠬᠤ ᠴᠢᠬᠤᠯᠠᠳᠠᠢ᠃      ᠬᠤᠶᠠᠷ᠂ ᠳᠠᠩᠰᠠᠯᠠᠬᠤ ᠠᠯᠬᠤᠮ ᠳᠠᠷᠠᠭ᠎ᠠ᠄      ᠦᠨᠠᠮᠯᠠᠯ ᠢᠶᠠᠨ ᠦᠵᠡᠬᠦᠯᠬᠦ — ᠬᠢᠨᠠᠨ ᠪᠠᠶᠢᠴᠠᠭᠠᠬᠤ — ︽ᠭᠤᠶᠣᠪᠴᠢᠯᠠᠭᠴᠢ ᠶᠢᠨ ᠵᠦᠪᠰᠢᠶᠡᠷᠡᠨ ᠬᠦᠯᠢᠶᠠᠬᠦ ᠢᠳᠡᠭᠡᠮᠵᠢ ᠶᠢᠨ ᠪᠢᠴᠢᠭ︾᠎ ᠢ ᠨᠣᠳᠠᠯᠠᠵᠣ ᠭᠠᠷ ᠤᠨ ᠦᠰᠦᠭ ᠵᠢᠷᠣᠬᠤ — ︽ᠣᠷᠤᠭ ᠤᠨ ᠪᠠᠳᠣᠯᠠᠪᠣᠷᠢ ᠨᠦᠬᠦᠵᠣ ᠠᠪᠬᠤ ᠭᠤᠶᠣᠪᠴᠢᠯᠠᠯ ᠤᠨ ᠢᠯᠡᠷᠭᠡᠶᠢᠯᠠᠯᠳᠠ ᠶᠢᠨ ᠪᠢᠴᠢᠭ︾᠎ ᠢ ᠨᠣᠳᠠᠯᠠᠵᠣ ᠭᠠᠷ ᠤᠨ ᠦᠰᠦᠭ ᠵᠢᠷᠣᠬᠤ — ᠣᠷᠤᠭ ᠤᠨ ᠪᠠᠳᠣᠯᠠᠪᠣᠷᠢ ᠨᠦᠬᠦᠵᠣ ᠠᠪᠬᠤ ᠬᠢᠨᠠᠨ ᠪᠠᠶᠢᠴᠠᠭᠠᠯᠳᠠ ᠶᠢᠨ ᠬᠦᠰᠦᠨᠦᠭ ᠢ ᠨᠣᠳᠠᠯᠠᠵᠣ ᠭᠠᠷ ᠤᠨ ᠦᠰᠦᠭ ᠵᠢᠷᠣᠬᠤ — ︽ᠣᠷᠤᠭ ᠤᠨ ᠪᠠᠳᠣᠯᠠᠪᠣᠷᠢ︾ ᠣᠯᠭᠤᠬᠤ      ᠭᠤᠷᠪᠠ᠂ ᠬᠦᠢᠴᠡᠳᠬᠡᠬᠦ ᠴᠠᠭ ᠤᠨ ᠬᠢᠵᠠᠭᠠᠷ᠄      ᠡᠯ᠎ᠡ ᠭᠡᠷᠡᠭᠯᠡᠬᠦ ᠴᠢᠬᠤᠯᠠᠳᠠᠢ ᠦᠨᠠᠮᠯᠠᠯ ᠢ ᠪᠦᠷᠢᠨ ᠠᠪᠴᠢᠷᠠᠭᠰᠠᠨ ᠪᠣᠯ ᠳᠠᠷᠣᠢ ᠳᠤ ᠨᠢ ᠨᠦᠬᠦᠵᠣ ᠦᠭᠬᠦᠨ᠎ᠠ᠃ ᠬᠠᠣᠯᠢ ᠳᠤ ᠳᠣᠭᠳᠠᠭᠠᠭᠰᠠᠨ ᠨᠦᠬᠦᠴᠠᠯ ᠳᠤ ᠨᠡᠶᠢᠴᠡᠬᠦ ᠦᠭᠡᠢ ᠪᠣᠯ ᠬᠠᠮᠢᠶ᠎ᠠ ᠪᠦᠬᠦᠢ ᠦᠨᠠᠮᠯᠠᠯ ᠢ ᠨᠢ ᠪᠣᠴᠠᠭᠠᠨ᠎ᠠ᠃      ᠬᠠᠷᠢᠭᠤᠴᠠᠯᠭ᠎ᠠ ᠶᠢᠨ ᠰᠠᠯᠠᠭ᠎ᠠ ᠮᠦᠴᠢᠷ᠄ ᠦᠣᠰᠢᠨ ᠬᠤᠰᠢᠭᠤᠨ ᠤ ᠠᠷᠠᠳ ᠤᠨ ᠶᠠᠪᠣᠳᠠᠯ ᠤᠨ ᠲᠤᠪᠴᠢᠶᠠᠨ ᠎ ᠤ ᠤᠷᠤᠭ ᠲᠠᠩᠰᠠᠯᠠᠬᠤ ᠭᠠᠵᠠᠷ      ᠬᠠᠷᠢᠭᠤᠴᠠᠯᠭᠠᠳᠠᠨ᠄ ᠴᠤᠯᠮᠤᠨ      ᠬᠠᠷᠢᠯᠴᠠᠬᠤ ᠤᠳᠠᠰᠤ᠄ 0477 —7212819
 
ᠢᠷᠡᠯᠲᠡ᠄ ᠦᠣᠰᠢᠨ ᠬᠤᠰᠢᠭᠤᠨ ᠤ ᠠᠷᠠᠳ ᠤᠨ ᠶᠠᠪᠣᠳᠠᠯ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号