ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ ᠭᠤᠶᠤᠪᠴᠢᠯᠠᠬᠤ ᠠᠯᠬᠤᠮ ᠲᠠᠷᠠᠭ᠎ᠠ
ᠨᠡᠶᠢᠲᠡᠯᠡᠭᠰᠡᠨ ᠴᠠᠭ᠄
2018-04-18
     ᠨᠢᠬᠡ᠂ ᠠᠯᠬᠤᠮ ᠲᠠᠷᠠᠭ᠎ᠠ      ⒈ ᠭᠤᠶᠤᠪᠴᠢᠯᠠᠭᠴᠢ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ ᠳᠤ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ ᠭᠤᠶᠤᠪᠴᠢᠯᠠᠬᠤ ᠭᠤᠶᠤᠪᠴᠢᠯᠠᠯ ᠭᠠᠷᠭᠠᠬᠤ ᠶᠢᠨ ᠬᠠᠮᠳᠤ ᠬᠠᠮᠢᠶ᠎ᠠ ᠪᠦᠬᠦᠢ ᠬᠡᠷᠡᠴᠢ ᠮᠠᠲ᠋ᠧᠷᠢᠶᠠᠯ ᠢᠶᠠᠨ ᠲᠤᠰᠢᠶᠠᠨ᠎ᠠ ︵ᠬᠡᠷᠡᠴᠢ ᠮᠠᠲ᠋ᠧᠷᠢᠶᠠᠯ ᠨᠢ ᠲᠤᠳᠠᠭᠤ ᠪᠤᠯ ᠬᠡᠷᠡᠴᠢ ᠮᠠᠲ᠋ᠧᠷᠢᠶᠠᠯ ᠢᠶᠠᠨ ᠨᠦᠬᠦᠵᠤ ᠪᠦᠷᠢᠯᠳᠡᠬᠦᠯᠬᠦ ᠪᠠᠷ ᠱᠠᠭᠠᠷᠳᠠᠨ᠎ᠠ︶᠃      ⒉ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ ᠨᠢ ᠭᠠᠴᠠᠭ᠎ᠠ ᠲᠤᠰᠬᠤᠨ᠂ ᠰᠠᠭᠤᠭᠠᠯᠢ ᠠᠷᠠᠳ ᠎ ᠤᠨ ᠵᠦᠪᠯᠡᠯ ᠤᠨ ᠬᠠᠮᠢᠶ᠎ᠠ ᠪᠦᠬᠦᠢ ᠬᠦᠮᠦᠰ ᠢ ᠵᠤᠬᠢᠶᠠᠨ ᠪᠠᠶᠢᠭᠤᠯᠤᠨ ᠭᠤᠶᠤᠪᠴᠢᠯᠠᠭᠴᠢ ᠶᠢᠨ ᠬᠡᠷ ᠪᠦᠯᠢ ᠶᠢᠨ ᠠᠵᠤ ᠠᠬᠤᠢ ᠶᠢᠨ ᠪᠠᠶᠢᠳᠠᠯ ᠪᠠ ᠪᠤᠳᠠᠳᠠᠢ ᠠᠮᠢᠳᠤᠷᠠᠯ ᠤᠨ ᠬᠢᠷᠢ ᠲᠦᠪᠰᠢᠨ ᠳᠤ 100%᠎ ᠶᠢᠨ ᠬᠢᠨᠠᠨ ᠬᠠᠷᠭᠤᠭᠤᠯᠬᠤ ᠠᠵᠢᠯ ᠢ ᠬᠢᠨ᠎ᠠ᠃      ⒊ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ ᠨᠢ ᠭᠠᠴᠠᠭ᠎ᠠ ᠲᠤᠰᠬᠤᠨ᠂ ᠰᠠᠭᠤᠭᠠᠯᠢ ᠠᠷᠠᠳ ᠎ ᠤᠨ ᠵᠦᠪᠯᠡᠯ ᠤᠨ ᠬᠠᠮᠢᠶ᠎ᠠ ᠪᠦᠬᠦᠢ ᠬᠦᠮᠦᠰ ᠢ ᠵᠤᠬᠢᠶᠠᠨ ᠪᠠᠶᠢᠭᠤᠯᠤᠨ ᠭᠤᠶᠤᠪᠴᠢᠯᠠᠭᠴᠢ ᠶᠢᠨ ᠤᠷᠤᠯᠭ᠎ᠠ ᠶᠢᠨ ᠪᠠᠶᠢᠳᠠᠯ ᠤᠨ ᠦᠨᠡᠨ ᠪᠤᠳᠠᠳᠤ ᠴᠢᠨᠠᠷ ᠲᠤ ᠦᠨᠡᠯᠡᠯᠳᠡ ᠬᠢᠵᠤ᠂ ᠦᠨᠡᠯᠡᠯᠳᠡ ᠬᠢᠬᠦ ᠪᠠᠷ ᠲᠠᠮᠵᠢᠨ ᠨᠦᠬᠦᠴᠡᠯ ᠳᠤ ᠨᠡᠶᠢᠴᠡᠭᠰᠡᠨ ᠢ ᠨᠢ ᠭᠤᠶᠤᠪᠴᠢᠯᠠᠭᠴᠢ ᠶᠢᠨ ᠰᠠᠭᠤᠵᠤ ᠪᠠᠶᠢᠭ᠎ᠠ ᠬᠠᠷᠢᠶ᠎ᠠ ᠲᠤᠭᠤᠷᠢᠭ ᠲᠤ ᠢᠯᠡ ᠨᠡᠶᠢᠳᠡᠯᠡᠨ᠎ᠡ ︵ᠨᠦᠬᠦᠴᠡᠯ ᠳᠤ ᠨᠡᠶᠢᠴᠡᠬᠦ ᠦᠬᠡᠢ ᠶᠢ ᠨᠢ ᠤᠴᠢᠷ ᠰᠢᠯᠳᠠᠭᠠᠨ ᠢ ᠲᠠᠶᠢᠯᠪᠤᠷᠢᠯᠠᠵᠤ ᠦᠭᠬᠦ ᠶᠢᠨ ᠬᠠᠮᠳᠤ ᠬᠡᠷᠡᠴᠢ ᠮᠠᠲ᠋ᠧᠷᠢᠶᠠᠯ ᠢ ᠨᠢ ᠪᠤᠴᠠᠭᠠᠨ᠎ᠠ︶᠃      ⒋ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ ᠭᠤᠶᠤᠪᠴᠢᠯᠠᠭᠴᠢ ᠶᠢᠨ ᠦᠨᠳᠤᠰᠦᠨ ᠪᠠᠶᠢᠳᠠᠯ ᠎ ᠤᠨ ᠬᠡᠷᠡᠴᠢ ᠮᠠᠲ᠋ᠧᠷᠢᠶᠠᠯ ᠶᠢ ᠬᠢᠨᠠᠨ ᠬᠠᠷᠭᠤᠭᠤᠯᠬᠤ ᠶᠢᠨ ᠬᠠᠮᠳᠤ ᠨᠡᠶᠢᠬᠡᠮ ᠤᠨ ᠲᠤᠰᠠᠯᠠᠮᠵᠢ ᠬᠦᠷᠳᠡᠬᠦ ᠬᠦᠰᠦᠨᠤᠭ᠍ᠳᠤ ᠎ ᠶᠢ ᠲᠠᠭᠯᠠᠵᠤ᠂ ᠵᠦᠪᠰᠢᠶᠡᠷᠡᠬᠦ ᠡᠰᠡᠬᠦ ᠶᠢᠨ ᠲᠤᠬᠠᠢ ᠭᠠᠷ ᠤᠨ ᠦᠰᠦᠭ ᠵᠢᠷᠦᠨ᠎ᠠ᠃      ⒌ ᠬᠤᠰᠢᠭᠤᠨ ᠤ ᠠᠷᠠᠳ ᠤᠨ ᠶᠠᠪᠤᠳᠠᠯ ᠤᠨ ᠲᠤᠪᠴᠢᠶᠠᠨ ᠤ ᠬᠤᠳᠠ ᠬᠦᠳᠡᠭᠡ ᠶᠢᠨ ᠰᠠᠭᠤᠭᠠᠯᠢ ᠠᠷᠠᠳ ᠎ ᠤᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ ᠶᠢᠨ ᠠᠯᠪᠠᠨ ᠬᠡᠷ ᠨᠢ ᠨᠡᠶᠢᠬᠡᠮ ᠤᠨ ᠲᠤᠰᠠᠯᠠᠮᠵᠢ ᠶᠢᠨ ᠬᠡᠷ ᠪᠦᠯᠢ ᠶᠢᠨ ᠠᠵᠤ ᠠᠬᠤᠢ ᠤᠷᠤᠯᠭ᠎ᠠ ᠶᠢᠨ ᠪᠠᠶᠢᠳᠠᠯ ᠤᠨ ᠰᠤᠷᠠᠭ ᠵᠠᠩᠬᠢ ᠶᠢ ᠬᠢᠨᠠᠨ ᠬᠠᠷᠭᠤᠭᠤᠯᠬᠤ ᠰᠢᠰᠲ᠋ᠧᠮ ᠲᠤᠳᠤᠷ᠎ᠠ ᠬᠢᠨᠠᠨ ᠬᠠᠷᠭᠤᠭᠤᠯᠵᠤ᠂ ᠨᠦᠬᠦᠴᠡᠯ ᠳᠤ ᠨᠡᠶᠢᠴᠡᠭᠰᠡᠨ ᠢ ᠨᠢ ᠭᠤᠶᠤᠪᠴᠢᠯᠠᠭᠴᠢ ᠶᠢᠨ ᠰᠠᠭᠤᠵᠤ ᠪᠠᠶᠢᠭ᠎ᠠ ᠬᠠᠷᠢᠶ᠎ᠠ ᠲᠤᠭᠤᠷᠢᠭ ᠲᠤ ᠬᠤᠶᠠᠳᠤᠭᠠᠷ ᠤᠳᠠᠭ᠎ᠠ ᠢᠯᠡ ᠨᠡᠶᠢᠳᠡᠯᠡᠨ᠎ᠡ᠂ ᠤᠨᠳᠤᠤ ᠰᠠᠨᠠᠯ ᠪᠠᠶᠢᠬᠤ ᠦᠬᠡᠢ ᠪᠤᠯ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ ᠤᠯᠭᠤᠬᠤ ᠰᠢᠢᠳᠪᠤᠷᠢ ᠭᠠᠷᠭᠠᠨ᠎ᠠ ︵ᠨᠦᠬᠦᠴᠡᠯ ᠳᠤ ᠨᠡᠶᠢᠴᠡᠬᠦ ᠦᠬᠡᠢ ᠶᠢ ᠨᠢ ᠤᠴᠢᠷ ᠰᠢᠯᠳᠠᠭᠠᠨ ᠢ ᠲᠠᠶᠢᠯᠪᠤᠷᠢᠯᠠᠵᠤ ᠦᠭᠬᠦ ᠶᠢᠨ ᠬᠠᠮᠳᠤ ᠬᠡᠷᠡᠴᠢ ᠮᠠᠲ᠋ᠧᠷᠢᠶᠠᠯ ᠢ ᠨᠢ ᠪᠤᠴᠠᠭᠠᠨ᠎ᠠ︶᠃      ⒍ ᠬᠤᠰᠢᠭᠤᠨ ᠤ ᠠᠷᠠᠳ ᠤᠨ ᠶᠠᠪᠤᠳᠠᠯ ᠤᠨ ᠲᠤᠪᠴᠢᠶ᠎ᠠ ᠨᠢ ᠬᠤᠳᠠ ᠬᠦᠳᠡᠭᠡ ᠶᠢᠨ ᠰᠠᠭᠤᠭᠠᠯᠢ ᠠᠷᠠᠳ ᠎ ᠤᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ ᠤᠯᠭᠤᠬᠤ ᠦᠨᠡᠮᠯᠡᠯ ᠲᠠᠷᠬᠠᠭᠠᠨ᠂ ᠲᠤᠭᠳᠠᠭᠰᠠᠨ ᠴᠠᠭ ᠲᠠᠭᠠᠨ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ ᠶᠢᠨ ᠮᠦᠩᠭᠦ ᠶᠢ ᠤᠯᠭᠤᠨ᠎ᠠ᠃      ᠬᠤᠶᠠᠷ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ ᠭᠤᠶᠤᠪᠴᠢᠯᠠᠬᠤ ᠨᠦᠬᠦᠴᠡᠯ      ⒈ ᠬᠠᠮᠲᠤ ᠠᠮᠢᠳᠤᠷᠠᠵᠤ ᠪᠠᠶᠢᠭ᠎ᠠ ᠭᠡᠷ ᠪᠦᠯᠢ ᠶᠢᠨ ᠪᠦᠷᠢᠯᠳᠦᠭᠦᠨ ᠤ ᠬᠦᠮᠦᠨ ᠲᠤᠳᠤᠮ ᠤᠨ ᠴᠡᠪᠡᠷ ᠤᠷᠤᠯᠭ᠎ᠠ ᠨᠢ ᠲᠤᠰ ᠭᠠᠵᠠᠷ ᠤᠷᠤᠨ ᠤ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ ᠶᠢᠨ ᠪᠠᠷᠢᠮᠵᠢᠶ᠎ᠠ ᠠᠴᠠ ᠲᠤᠤᠷ᠎ᠠ ᠪᠠᠶᠢᠬᠤ ᠬᠡᠷᠡᠭᠳᠠᠢ᠃      ⒉ ᠬᠡᠷ ᠪᠦᠯᠢ ᠶᠢᠨ ᠡᠳ᠋ ᠬᠦᠷᠦᠩᠬᠡ ᠶᠢᠨ ᠪᠠᠶᠢᠳᠠᠯ ᠨᠢ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ ᠶᠢᠨ ᠬᠡᠷ ᠪᠦᠯᠢ ᠶᠢᠨ ᠡᠳ᠋ ᠬᠦᠷᠦᠩᠬᠡ ᠶᠢᠨ ᠪᠠᠶᠢᠳᠠᠯ ᠤᠨ ᠲᠤᠭᠳᠠᠭᠠᠯ ᠲᠠᠢ ᠨᠡᠶᠢᠴᠡᠭᠰᠡᠨ ᠪᠠᠶᠢᠬᠤ ᠬᠡᠷᠡᠭᠲᠠᠢ᠃      ⒊ ᠲᠤᠰ ᠭᠠᠵᠠᠷ ᠤᠷᠤᠨ ᠳᠤ ᠪᠠᠶᠢᠩᠭᠤ ᠰᠠᠭᠤᠷᠢᠰᠢᠵᠤ ᠪᠠᠶᠢᠭ᠎ᠠ ᠡᠷᠦᠬᠡ᠃      ᠭᠤᠷᠪᠠ᠂ ᠭᠤᠶᠤᠪᠴᠢᠯᠠᠬᠤ ᠳᠤ ᠪᠡᠯᠡᠳᠬᠡᠬᠦ ᠬᠡᠷᠡᠴᠢ ᠮᠠᠲ᠋ᠧᠷᠢᠶᠠᠯ      ⒈ ᠬᠤᠳᠠ ᠬᠦᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ ᠭᠤᠶᠤᠪᠴᠢᠯᠠᠬᠤ ᠭᠤᠶᠤᠪᠴᠢᠯᠠᠯ ᠤᠨ ᠪᠢᠴᠢᠭ      ⒉ ᠬᠠᠮᠲᠤ ᠠᠮᠢᠳᠤᠷᠠᠵᠤ ᠪᠠᠶᠢᠭ᠎ᠠ ᠭᠡᠷ ᠪᠦᠯᠢ ᠶᠢᠨ ᠪᠦᠷᠢᠯᠳᠦᠭᠦᠨ ᠤ ᠪᠡᠶ᠎ᠡ ᠶᠢᠨ ᠦᠨᠠᠮᠯᠠᠯ᠂ ᠡᠷᠦᠬᠡ ᠠᠮᠠ ᠎ ᠶᠢᠨ ᠲᠠᠪᠳᠡᠷ ᠤᠨ ᠬᠠᠭᠤᠯᠪᠤᠷᠢ      ⒊ ᠠᠮᠢᠳᠤᠷᠠᠯ ᠬᠦᠴᠢᠷᠳᠡᠯᠲᠠᠢ ᠪᠠᠶᠢᠬᠤ ᠶᠢᠨ ᠤᠴᠢᠷ ᠰᠢᠯᠳᠠᠭᠠᠨ ᠤ ᠬᠡᠷᠡᠴᠢ ︵ᠡᠮᠴᠢᠯᠡᠭᠡᠨ ᠤ ᠪᠠᠶᠢᠭᠤᠯᠤᠮᠵᠢ ᠎ ᠶᠢᠨ ᠡᠪᠡᠳᠴᠢᠳᠠᠨ ᠤ ᠲᠡᠮᠳᠡᠭᠯᠡᠯ᠂ ᠤᠨᠤᠰᠢᠯᠠᠯᠲᠠ ᠶᠢᠨ ᠪᠢᠴᠢᠭ᠂ ᠵᠡᠮᠳᠡᠭᠴᠤᠳ ᠤᠨ ᠦᠨᠡᠮᠯᠡᠯ ᠤᠨ ᠬᠠᠭᠤᠯᠪᠤᠷᠢ᠂ ᠶᠡᠭᠡ ᠰᠤᠷᠭᠠᠭᠤᠯᠢ ᠳᠤ ᠰᠤᠷᠤᠯᠴᠠᠵᠤ ᠪᠠᠶᠢᠭ᠎ᠠ ᠰᠤᠷᠤᠭᠴᠢ ᠶᠢᠨ ᠬᠡᠷᠡᠴᠢ ᠪᠤᠶᠤ ᠪᠤᠰᠤᠳ ᠠᠮᠢᠳᠤᠷᠠᠯ ᠬᠦᠴᠢᠷᠳᠡᠯᠲᠠᠢ ᠪᠠᠶᠢᠬᠤ ᠶᠢ ᠬᠡᠷᠡᠴᠢᠯᠡᠬᠦ ᠬᠡᠷᠡᠴᠢ ᠮᠠᠲ᠋ᠧᠷᠢᠶᠠᠯ︶      ᠲᠦᠷᠪᠡ᠂ ᠬᠦᠢᠴᠡᠳᠬᠡᠬᠦ ᠴᠠᠭ ᠤᠨ ᠬᠢᠵᠠᠭᠠᠷ      ᠭᠤᠶᠤᠪᠴᠢᠯᠠᠭᠴᠢ ᠭᠤᠶᠤᠪᠴᠢᠯᠠᠯ ᠭᠠᠷᠭᠠᠭᠰᠠᠨ ᠴᠠᠭ ᠠᠴᠠ ᠡᠬᠢᠯᠡᠨ 60 ᠡᠳᠤᠷ ᠤᠨ ᠲᠤᠳᠤᠷ᠎ᠠ ᠵᠦᠪᠰᠢᠶᠡᠷᠡᠬᠦ ᠭᠠᠷ ᠬᠦᠢᠴᠡᠳᠬᠡᠯ ᠢ ᠬᠦᠢᠴᠡᠳᠬᠡᠵᠤ ᠪᠠᠷᠠᠭᠠᠨ᠎ᠠ᠃      ᠬᠠᠷᠢᠭᠤᠴᠠᠯᠭ᠎ᠠ ᠶᠢᠨ ᠰᠠᠯᠠᠭ᠎ᠠ ᠮᠦᠴᠢᠷ᠄ ᠦᠤᠰᠢᠨ ᠬᠤᠰᠢᠭᠤᠨ ᠤ ᠠᠷᠠᠳ ᠤᠨ ᠶᠠᠪᠤᠳᠠᠯ ᠤᠨ ᠲᠤᠪᠴᠢᠶᠠᠨ ᠎ ᠤ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ ᠶᠢᠨ ᠠᠯᠪᠠᠨ ᠬᠡᠷ      ᠬᠠᠷᠢᠭᠤᠴᠠᠯᠭᠠᠳᠠᠨ᠄ ᠰᠢᠶᠤᠤ ᠴᠦᠨ ᠸᠠᠩ      ᠬᠠᠷᠢᠯᠴᠠᠬᠤ ᠤᠳᠠᠰᠤ᠄ 0477 — 7216966
 
ᠢᠷᠡᠯᠲᠡ᠄ ᠠᠷᠠᠳ ᠤᠨ ᠶᠠᠪᠣᠳᠠᠯ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号