ᠨᠡᠶᠢᠬᠡᠮ ᠤᠨ ᠵᠤᠬᠢᠶᠠᠨ ᠪᠠᠶᠢᠭᠤᠯᠤᠯᠳᠠ ᠲᠠᠩᠰᠠᠯᠠᠬᠤ ᠠᠯᠬᠤᠮ ᠲᠠᠷᠠᠭ᠎ᠠ
ᠨᠡᠶᠢᠲᠡᠯᠡᠭᠰᠡᠨ ᠴᠠᠭ᠄
2018-04-18
     ᠠᠳᠡ ᠬᠡᠯᠡᠵᠤ ᠪᠠᠶᠢᠭ᠎ᠠ ᠨᠡᠶᠢᠬᠡᠮ ᠤᠨ ᠵᠤᠬᠢᠶᠠᠨ ᠪᠠᠶᠢᠭᠤᠯᠤᠯᠳᠠ ᠨᠢ ᠨᠡᠶᠢᠬᠡᠮ ᠤᠨ ᠪᠦᠯᠬᠦᠮ᠂ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ ᠪᠤᠰᠤ ᠨᠢᠬᠡᠴᠡ᠂ ᠰᠠᠭᠤᠷᠢ ᠮᠦᠩᠬᠦᠨ ᠤ ᠨᠡᠶᠢᠬᠡᠮᠯᠢᠭ ᠢ ᠵᠢᠭᠠᠨ᠎ᠠ᠃      ᠨᠢᠬᠡ᠂ ᠠᠯᠬᠤᠮ ᠲᠠᠷᠠᠭ᠎ᠠ      ⒈ ᠨᠡᠶᠢᠬᠡᠮ ᠤᠨ ᠵᠤᠬᠢᠶᠠᠨ ᠪᠠᠶᠢᠭᠤᠯᠤᠯᠳᠠ ᠲᠠᠩᠰᠠᠯᠠᠬᠤ ᠭᠤᠶᠤᠪᠴᠢᠯᠠᠯ ᠪᠢᠴᠢᠨ᠎ᠡ ︵ᠠᠷᠠᠳ ᠤᠨ ᠶᠠᠪᠤᠳᠠᠯ ᠎ ᠤᠨ ᠲᠤᠪᠴᠢᠶ᠎ᠠ ᠪᠠ ᠲᠤᠬᠠᠶᠢᠯᠠᠭᠰᠠᠨ ᠠᠵᠢᠯ ᠤᠨ ᠭᠤᠤᠯᠯᠠᠨ ᠬᠠᠮᠢᠶᠠᠷᠬᠤ ᠪᠠᠶᠢᠭᠤᠯᠭ᠎ᠠ ᠳᠤ ᠲᠤᠰ ᠪᠦᠷᠢ ᠨᠢᠬᠡ ᠬᠤᠪᠢ︶᠃      ⒉ ᠨᠡᠶᠢᠬᠡᠮ ᠤᠨ ᠵᠤᠬᠢᠶᠠᠨ ᠪᠠᠶᠢᠭᠤᠯᠤᠯᠳᠠ ᠶᠢᠨ ᠲᠦᠷᠢᠮ ᠤᠨ ᠡᠬᠡ ᠨᠤᠤᠷᠠᠭ ᠢᠶᠠᠨ ᠲᠤᠰᠢᠶᠠᠨ᠎ᠠ᠃      ⒊ ᠠᠷᠠᠳ ᠤᠨ ᠶᠠᠪᠤᠳᠠᠯ ᠤᠨ ᠲᠤᠪᠴᠢᠶᠠᠨ ᠤ ᠨᠡᠶᠢᠬᠡᠮ ᠤᠨ ᠠᠵᠢᠯ ᠶᠠᠪᠤᠳᠠᠯ ᠤᠨ ᠰᠠᠯᠠᠭ᠎ᠠ ᠨᠢ ᠨᠡᠶᠢᠬᠡᠮ ᠎ ᠤᠨ ᠵᠤᠬᠢᠶᠠᠨ ᠪᠠᠶᠢᠭᠤᠯᠤᠯᠳᠠ ᠶᠢᠨ ᠲᠦᠷᠢᠮ ᠤᠨ ᠡᠬᠡ ᠨᠤᠤᠷᠠᠭ ᠪᠠ ᠨᠡᠷ᠎ᠡ ᠶᠢ ᠠᠩᠬ᠎ᠠ ᠠᠯᠬᠤᠮ ᠬᠢᠨᠠᠵᠤ᠂ ᠰᠠᠨᠠᠭᠤᠯᠤᠮᠵᠢ ᠲᠤᠷᠠᠳᠤᠨ᠎ᠠ᠃      ⒋ ᠭᠤᠶᠤᠪᠴᠢᠯᠠᠭᠴᠢ ᠲᠤᠬᠠᠶᠢᠯᠠᠭᠰᠠᠨ ᠠᠵᠢᠯ ᠤᠨ ᠭᠤᠤᠯᠯᠠᠨ ᠬᠠᠮᠢᠶᠠᠷᠬᠤ ᠪᠠᠶᠢᠭᠤᠯᠭ᠎ᠠ ︵ᠠᠵᠢᠯ ᠲᠦᠷᠦᠯ ᠎ ᠤᠨ ᠨᠡᠶᠢᠬᠡᠮᠯᠢᠭ᠂ ᠨᠡᠶᠢᠳᠡ ᠶᠢᠨ ᠠᠰᠠᠷᠠᠮᠵᠢ ᠶᠢᠨ ᠴᠢᠨᠠᠷᠳᠠᠢ᠂ ᠰᠢᠨᠵᠢᠯᠡᠬᠦ ᠤᠬᠠᠭᠠᠨ ᠤ ᠲᠦᠷᠦᠯ ᠵᠤᠶᠢᠯ᠂ ᠭᠠᠴᠠᠭ᠎ᠠ ᠲᠤᠰᠬᠤᠨ ᠨᠡᠶᠢᠬᠡᠮ ᠲᠤᠭᠤᠷᠢᠭ ᠤᠨ ᠦᠢᠯᠡᠴᠢᠯᠡᠬᠡᠨ ᠤ ᠵᠤᠬᠢᠶᠠᠨ ᠪᠠᠶᠢᠭᠤᠯᠤᠯᠳᠠ ᠨᠢ ᠲᠤᠬᠠᠶᠢᠯᠠᠭᠰᠠᠨ ᠠᠵᠢᠯ ᠤᠨ ᠭᠤᠤᠯᠯᠠᠨ ᠬᠠᠮᠢᠶᠠᠷᠬᠤ ᠪᠠᠶᠢᠭᠤᠯᠭ᠎ᠠ ᠪᠠᠷ ᠵᠦᠪᠰᠢᠶᠡᠷᠡᠬᠦᠯᠬᠦ ᠦᠬᠡᠢ ᠪᠠᠷ ᠰᠢᠭᠤᠳ ᠲᠠᠩᠰᠠᠯᠠᠬᠤ ᠪᠠᠷ ᠭᠤᠶᠤᠪᠴᠢᠯᠠᠵᠤ ᠪᠤᠯᠤᠨ᠎ᠠ︶᠎ ᠳᠤ ᠬᠦᠷᠴᠤ ᠵᠦᠪᠰᠢᠶᠡᠷᠡᠬᠦᠯᠬᠦ ᠭᠠᠷ ᠬᠦᠢᠴᠡᠳᠬᠡᠯ ᠬᠢᠯᠬᠡᠨ᠎ᠡ᠃      ⒌ ᠭᠤᠶᠤᠪᠴᠢᠯᠠᠭᠴᠢ ᠲᠤᠬᠠᠶᠢᠯᠠᠭᠰᠠᠨ ᠠᠵᠢᠯ ᠤᠨ ᠭᠤᠤᠯᠯᠠᠨ ᠬᠠᠮᠢᠶᠠᠷᠬᠤ ᠪᠠᠶᠢᠭᠤᠯᠭ᠎ᠠ ᠪᠠᠷ ᠵᠦᠪᠰᠢᠶᠡᠷᠡᠬᠦᠯᠦᠭᠰᠡᠨ ᠤ ᠲᠠᠷᠠᠭ᠎ᠠ ᠨᠡᠶᠢᠬᠡᠮ ᠤᠨ ᠵᠤᠬᠢᠶᠠᠨ ᠪᠠᠶᠢᠭᠤᠯᠤᠯᠳᠠ ᠶᠢᠨ ᠬᠡᠰᠢᠬᠦᠳ ᠤᠨ ᠶᠡᠭᠡ ᠬᠤᠷᠠᠯ ᠪᠤᠶᠤ ᠪᠦᠬᠦ ᠠᠵᠢᠯᠳᠠᠳ ᠤᠨ ᠶᠡᠭᠡ ᠬᠤᠷᠠᠯ ᠢ ᠬᠤᠷᠠᠯᠳᠤᠭᠤᠯᠵᠤ᠂ ᠬᠠᠤᠯᠢ ᠶᠢᠨ ᠲᠦᠯᠦᠬᠡᠯᠡᠭᠴᠢ ᠪᠠ ᠪᠤᠰᠤᠳ ᠬᠠᠷᠢᠭᠤᠴᠠᠯᠭᠠᠳᠠᠨ ᠢ ᠰᠤᠩᠭᠤᠨ ᠭᠠᠷᠭᠠᠬᠤ ᠶᠢᠨ ᠬᠠᠮᠳᠤ ᠨᠡᠶᠢᠬᠡᠮ ᠤᠨ ᠵᠤᠬᠢᠶᠠᠨ ᠪᠠᠶᠢᠭᠤᠯᠤᠯᠳᠠ ᠶᠢᠨ ᠲᠦᠷᠢᠮ ᠎ ᠢᠶᠠᠨ ᠬᠤᠷᠠᠯ ᠢᠶᠠᠷ ᠪᠠᠳᠤᠯᠠᠨ᠎ᠠ᠃ ᠬᠤᠷᠠᠯ ᠤᠨ ᠲᠡᠮᠲᠡᠭᠯᠡᠯ ᠤᠨ ᠬᠠᠭᠤᠯᠪᠤᠷᠢ ᠶᠢ ᠠᠷᠠᠳ ᠤᠨ ᠶᠠᠪᠤᠳᠠᠯ ᠤᠨ ᠲᠤᠪᠴᠢᠶᠠᠨ ᠤ ᠨᠡᠶᠢᠬᠡᠮ ᠤᠨ ᠠᠵᠢᠯ ᠶᠠᠪᠤᠳᠠᠯ ᠤᠨ ᠰᠠᠯᠠᠭᠠᠨ ᠳᠤ ᠲᠤᠰᠢᠶᠠᠬᠤ ᠬᠡᠷᠡᠭᠳᠠᠢ᠃      ⒍ ᠬᠠᠤᠯᠢ ᠶᠢᠨ ᠲᠦᠯᠦᠬᠡᠯᠡᠭᠴᠢ ᠪᠠ ᠪᠤᠰᠤᠳ ᠬᠠᠷᠢᠭᠤᠴᠠᠯᠭᠠᠳᠠᠨ ᠨᠢ ᠠᠯᠪᠠᠨ ᠪᠠᠶᠢᠭᠤᠯᠭ᠎ᠠ᠂ ᠠᠵᠢᠯ ᠦᠢᠯᠡᠰ ᠤᠨ ᠨᠢᠬᠡᠴᠡ ᠶᠢᠨ ᠠᠵᠢᠯᠯᠠᠵᠤ ᠪᠠᠶᠢᠭ᠎ᠠ ᠺᠠᠳ᠋ᠷ ᠪᠤᠶᠤ ᠠᠵᠢᠯ ᠠᠴᠠ ᠪᠠᠨ ᠠᠮᠠᠷᠠᠭᠰᠠᠨ ᠺᠠᠳ᠋ᠷ ᠪᠤᠯ ᠬᠤᠰᠢᠭᠤ ᠵᠤᠬᠢᠶᠠᠨ ᠪᠠᠶᠢᠭᠤᠯᠬᠤ ᠬᠡᠯᠳᠡᠰ ᠪᠤᠶᠤ ᠠᠵᠢᠯᠳᠠᠨ ᠤ ᠶᠠᠪᠤᠳᠠᠯ ᠤᠨ ᠰᠠᠯᠠᠭ᠎ᠠ ᠮᠦᠴᠢᠷ ᠢᠶᠠᠷ ᠬᠢᠨᠠᠨ ᠵᠦᠪᠰᠢᠶᠡᠷᠡᠬᠦᠯᠦᠨ᠎ᠡ᠃ ᠬᠡᠷᠪᠡ ᠭᠠᠵᠠᠷ ᠤᠨ ᠲᠡᠰ ᠠᠴᠠ ᠲᠡᠭᠡᠭᠰᠢᠬᠢ ᠺᠠᠳ᠋ᠷ ᠪᠤᠯ ᠬᠤᠳᠠ ᠶᠢᠨ ᠵᠤᠬᠢᠶᠠᠨ ᠪᠠᠶᠢᠭᠤᠯᠬᠤ ᠬᠡᠯᠳᠡᠰ ᠢᠶᠠᠷ ᠬᠢᠨᠠᠨ ᠵᠦᠪᠰᠢᠶᠡᠷᠡᠬᠦᠯᠦᠨ᠎ᠡ᠃      ⒎ ᠠᠷᠠᠳ ᠤᠨ ᠶᠠᠪᠤᠳᠠᠯ ᠤᠨ ᠲᠤᠪᠴᠢᠶᠠᠨ ᠤ ᠨᠡᠶᠢᠬᠡᠮ ᠤᠨ ᠠᠵᠢᠯ ᠶᠠᠪᠤᠳᠠᠯ ᠤᠨ ᠰᠠᠯᠠᠭ᠎ᠠ ᠨᠢ ᠲᠤᠬᠠᠶᠢᠯᠠᠭᠰᠠᠨ ᠠᠵᠢᠯ ᠤᠨ ᠭᠤᠤᠯᠯᠠᠨ ᠬᠠᠮᠢᠶᠠᠷᠬᠤ ᠪᠠᠶᠢᠭᠤᠯᠭ᠎ᠠ ᠶᠢᠨ ᠵᠤᠪᠰᠢᠶᠡᠷᠡᠯ ᠤᠨ ᠪᠢᠴᠢᠭ ᠮᠠᠲ᠋ᠧᠷᠢᠶᠠᠯ ᠢ ᠤᠯᠤᠭᠰᠠᠨ ᠤ ᠲᠠᠷᠠᠭ᠎ᠠ ᠭᠤᠶᠤᠪᠴᠢᠯᠠᠭᠴᠢ ᠪᠠᠷ ᠨᠡᠶᠢᠬᠡᠮ ᠤᠨ ᠵᠤᠬᠢᠶᠠᠨ ᠪᠠᠶᠢᠭᠤᠯᠤᠯᠳᠠ ᠲᠠᠩᠰᠠᠯᠠᠬᠤ ᠬᠠᠮᠢᠶ᠎ᠠ ᠪᠦᠬᠦᠢ ᠬᠦᠰᠦᠨᠦᠭᠳᠤ ᠶᠢ ᠲᠠᠭᠯᠠᠭᠤᠯᠵᠤ᠂ ᠨᠡᠶᠢᠬᠡᠮ ᠤᠨ ᠵᠤᠬᠢᠶᠠᠨ ᠪᠠᠶᠢᠭᠤᠯᠤᠯᠳᠠ ᠶᠢᠨ ᠲᠦᠷᠢᠮ ᠢ ᠲᠠᠬᠢᠨ ᠬᠢᠨᠠᠵᠤ᠂ ᠨᠦᠬᠦᠴᠡᠯ ᠳᠤ ᠨᠡᠶᠢᠴᠡᠪᠡᠯ ᠨᠡᠶᠢᠬᠡᠮ ᠤᠨ ᠵᠤᠬᠢᠶᠠᠨ ᠪᠠᠶᠢᠭᠤᠯᠤᠯᠳᠠ ᠶᠢᠨ ᠲᠦᠷᠢᠮ ᠢ ᠬᠢᠨᠠᠨ ᠵᠦᠪᠰᠢᠶᠡᠷᠡᠨ᠎ᠡ᠃ ᠨᠦᠬᠦᠴᠡᠯ ᠳᠤ ᠨᠡᠶᠢᠴᠡᠬᠦ ᠦᠭᠡᠢ ᠪᠤᠯ ᠲᠠᠬᠢᠨ ᠵᠠᠰᠠᠪᠤᠷᠢ ᠬᠢᠵᠤ᠂ ᠬᠢᠨᠠᠨ ᠵᠦᠪᠰᠢᠶᠡᠷᠡᠨ᠎ᠡ᠃      ⒏ ᠠᠯᠢᠪᠠ ᠬᠡᠷᠡᠴᠢ ᠮᠠᠲ᠋ᠧᠷᠢᠶᠠᠯ ᠪᠦᠷᠢᠯᠳᠦᠭᠰᠡᠨ ᠤ ᠲᠠᠷᠠᠭ᠎ᠠ ᠬᠠᠤᠯᠢ ᠶᠢᠨ ᠬᠦᠴᠦᠨ ᠪᠦᠬᠦᠢ ᠰᠤᠨᠢᠨ ᠪᠤᠶᠤ ᠰᠦᠯᠵᠢᠶᠠᠨ ᠳᠤ ᠲᠠᠩᠰᠠᠯᠠᠬᠤ ᠠᠯᠪᠠᠨ ᠵᠠᠷ ᠨᠡᠶᠢᠳᠡᠯᠡᠨ᠎ᠡ᠃      ⒐ ᠲᠠᠩᠰᠠᠯᠠᠬᠤ ᠠᠯᠪᠠᠨ ᠵᠠᠷ ᠨᠡᠶᠢᠳᠡᠯᠡᠭᠰᠡᠨ ᠤ ᠲᠠᠷᠠᠭ᠎ᠠ ᠤᠨᠳᠤᠤ ᠰᠠᠨᠠᠯ ᠦᠬᠡᠢ ᠪᠤᠯ ᠵᠠᠰᠠᠭ ᠵᠠᠬᠢᠷᠭᠠᠨ ᠤ ᠵᠦᠪᠰᠢᠶᠡᠷᠡᠯ ᠤᠨ ᠪᠢᠴᠢᠭ ᠮᠠᠲ᠋ᠧᠷᠢᠶᠠᠯ ᠭᠠᠷᠭᠠᠵᠤ᠂ ᠨᠡᠶᠢᠬᠡᠮ ᠤᠨ ᠵᠤᠬᠢᠶᠠᠨ ᠪᠠᠶᠢᠭᠤᠯᠤᠯᠳᠠ ᠶᠢᠨ ᠦᠨᠠᠮᠯᠡᠯ ᠢ ᠤᠯᠭᠤᠨ᠎ᠠ᠃      ⒑ ᠭᠤᠶᠤᠪᠴᠢᠯᠠᠭᠴᠢ ᠨᠡᠶᠢᠬᠡᠮ ᠤᠨ ᠵᠤᠬᠢᠶᠠᠨ ᠪᠠᠶᠢᠭᠤᠯᠤᠯᠳᠠ ᠶᠢᠨ ᠦᠨᠠᠮᠯᠡᠯ ᠢᠶᠠᠨ ᠭᠠᠷᠳᠠᠭᠰᠠᠨ ᠤ ᠲᠠᠷᠠᠭ᠎ᠠ ᠨᠡᠶᠢᠬᠡᠮ ᠤᠨ ᠵᠤᠬᠢᠶᠠᠨ ᠪᠠᠶᠢᠭᠤᠯᠤᠯᠳᠠ ᠶᠢᠨ ᠠᠯᠪᠠᠨ ᠲᠠᠮᠠᠭ᠎ᠠ᠂ ᠡᠳ᠋ ᠤᠨ ᠶᠠᠪᠤᠳᠠᠯ ᠤᠨ ᠲᠠᠮᠠᠭ᠎ᠠ ᠶᠢ ᠰᠡᠶᠢᠯᠵᠤ᠂ ᠭᠠᠶᠢᠯᠢ ᠶᠢᠨ ᠰᠠᠯᠠᠭ᠎ᠠ ᠮᠦᠴᠢᠷ ᠲᠤ ᠲᠠᠩᠰᠠᠯᠠᠨ᠂ ᠨᠡᠶᠢᠬᠡᠮ ᠤᠨ ᠵᠤᠬᠢᠶᠠᠨ ᠪᠠᠶᠢᠭᠤᠯᠤᠯᠳᠠ ᠶᠢᠨ ᠨᠡᠶᠢᠳᠡ ᠎ ᠶᠢᠨ ᠪᠠᠩᠬᠢ ᠶᠢᠨ ᠺᠠᠷᠲ ᠶᠢ ᠪᠠᠶᠢᠭᠤᠯᠵᠤ᠂ ᠠᠵᠢᠯ ᠡᠷᠬᠢᠯᠡᠬᠦ ᠪᠡᠯᠡ ᠮᠦᠩᠬᠦ ᠪᠠᠨ ᠪᠠᠩᠬᠢ ᠳᠤ ᠬᠠᠳᠠᠭᠠᠯᠠᠵᠤ᠂ ᠬᠠᠮᠢᠶ᠎ᠠ ᠪᠦᠬᠦᠢ ᠭᠠᠷ ᠬᠦᠢᠴᠡᠳᠬᠡᠯ ᠤᠨ ᠬᠠᠭᠤᠯᠪᠤᠷᠢ ᠪᠠᠨ ᠠᠷᠠᠳ ᠤᠨ ᠶᠠᠪᠤᠳᠠᠯ ᠤᠨ ᠲᠤᠪᠴᠢᠶᠠᠨ ᠤ ᠨᠡᠶᠢᠬᠡᠮ ᠤᠨ ᠠᠵᠢᠯ ᠶᠠᠪᠤᠳᠠᠯ ᠤᠨ ᠰᠠᠯᠠᠭ᠎ᠠ ᠳᠤ ᠲᠤᠰᠢᠶᠠᠬᠤ ᠬᠡᠷᠡᠭᠲᠠᠢ᠃      ᠬᠤᠶᠠᠷ᠂ ᠲᠠᠩᠰᠠᠯᠠᠬᠤ ᠱᠠᠭᠠᠷᠳᠠᠯᠭ᠎ᠠ      ⒈ ᠨᠡᠶᠢᠬᠡᠮ ᠤᠨ ᠪᠦᠯᠬᠦᠮ ᠲᠠᠩᠰᠠᠯᠠᠬᠤ ᠳᠤ ᠪᠦᠯᠬᠦᠮ ᠤᠨ ᠬᠡᠰᠢᠬᠦᠨ 50 ᠬᠦᠮᠦᠨ ᠠᠴᠠ ᠲᠡᠭᠡᠭᠰᠢ ᠪᠠᠶᠢᠬᠤ ᠬᠡᠷᠡᠭᠲᠠᠢ᠃      ⒉ ᠨᠡᠶᠢᠬᠡᠮ ᠤᠨ ᠵᠤᠬᠢᠶᠠᠨ ᠪᠠᠶᠢᠭᠤᠯᠤᠯᠳᠠ ᠶᠢᠨ ᠬᠠᠷᠢᠭᠤᠴᠠᠯᠭᠠᠳᠠᠨ ᠵᠠᠪᠠᠯ 3 ᠬᠦᠮᠦᠨ ᠠᠴᠠ ᠲᠡᠭᠡᠭᠰᠢ ᠪᠠᠶᠢᠬᠤ ᠬᠡᠷᠡᠭᠳᠠᠢ᠃      ⒊ ᠨᠢᠬᠡ ᠬᠦᠮᠦᠨ ᠬᠤᠶᠠᠷ ᠨᠡᠶᠢᠬᠡᠮ ᠤᠨ ᠪᠦᠯᠬᠦᠮ ᠤᠨ ᠬᠠᠤᠯᠢ ᠶᠢᠨ ᠲᠦᠯᠦᠬᠡᠯᠡᠭᠴᠢ ᠪᠤᠯᠵᠤ ᠪᠤᠯᠬᠤ ᠦᠬᠡᠢ᠃      ⒋ ᠰᠢᠭᠤᠳ ᠲᠠᠩᠰᠠᠯᠠᠭᠰᠠᠨ ᠨᠡᠶᠢᠬᠡᠮ ᠤᠨ ᠵᠤᠬᠢᠶᠠᠨ ᠪᠠᠶᠢᠭᠤᠯᠤᠯᠳᠠ ᠶᠢ ᠠᠵᠢᠯ ᠡᠷᠬᠢᠯᠡᠬᠦ ᠪᠡᠯᠡ ᠮᠦᠩᠬᠦ ᠪᠠᠶᠢᠬᠤ ᠡᠰᠡᠬᠦ ᠪᠠᠷ ᠱᠠᠭᠠᠷᠳᠠᠬᠤ ᠦᠬᠡᠢ᠂ ᠲᠤᠬᠠᠶᠢᠯᠠᠭᠰᠠᠨ ᠠᠵᠢᠯ ᠤᠨ ᠭᠤᠤᠯᠯᠠᠨ ᠬᠠᠮᠢᠶᠠᠷᠬᠤ ᠪᠠᠶᠢᠭᠤᠯᠭ᠎ᠠ ᠪᠠᠷ ᠵᠦᠪᠰᠢᠶᠡᠷᠡᠬᠦᠯᠦᠭᠰᠡᠨ ᠨᠡᠶᠢᠬᠡᠮ ᠤᠨ ᠪᠦᠯᠬᠦᠮ᠂ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ ᠪᠤᠰᠤ ᠨᠢᠬᠡᠴᠡ ᠎ ᠶᠢᠨ ᠱᠠᠭᠠᠷᠳᠠᠬᠤ ᠠᠵᠢᠯ ᠡᠷᠬᠢᠯᠡᠬᠦ ᠪᠡᠯᠡ ᠮᠦᠩᠬᠦ ᠨᠢ ᠬᠠᠮᠤᠭ ᠪᠠᠭ᠎ᠠ ᠳᠠᠭᠠᠨ 3 ᠲᠦᠮᠡᠨ ᠲᠦᠬᠦᠷᠢᠭ᠂ ᠰᠠᠭᠤᠷᠢ ᠮᠦᠩᠬᠦᠨ ᠤ ᠨᠡᠶᠢᠬᠡᠮᠯᠢᠭ ᠤᠨ ᠱᠠᠭᠠᠷᠳᠠᠬᠤ ᠠᠵᠢᠯ ᠡᠷᠬᠢᠯᠡᠬᠦ ᠪᠡᠯᠡ ᠮᠦᠩᠬᠦ ᠨᠢ ᠬᠠᠮᠤᠭ ᠪᠠᠭ᠎ᠠ ᠳᠠᠭᠠᠨ 200 ᠲᠦᠮᠡᠨ ᠲᠦᠬᠦᠷᠢᠭ᠃      ᠭᠤᠷᠪᠠ᠂ ᠬᠦᠢᠴᠡᠳᠬᠡᠬᠦ ᠴᠠᠭ ᠤᠨ ᠬᠢᠵᠠᠭᠠᠷᠯᠠᠯ      ᠬᠡᠷᠡᠴᠢ ᠮᠠᠲ᠋ᠧᠷᠢᠶᠠᠯ ᠨᠢ ᠪᠦᠷᠢᠨ ᠬᠦᠢᠴᠡᠳ ᠪᠤᠯ ᠭᠤᠶᠤᠪᠴᠢᠯᠠᠭᠴᠢ ᠭᠤᠶᠤᠪᠴᠢᠯᠠᠯ ᠭᠠᠷᠭᠠᠭᠰᠠᠨ ᠴᠠᠭ ᠎ ᠠᠴᠠ ᠡᠬᠢᠯᠡᠨ 20 ᠡᠳᠤᠷ ᠤᠨ ᠲᠤᠳᠤᠷ᠎ᠠ ᠵᠦᠪᠰᠢᠶᠡᠷᠡᠬᠦ ᠭᠠᠷ ᠬᠦᠢᠴᠡᠳᠬᠡᠯ ᠢ ᠬᠦᠢᠴᠡᠳᠬᠡᠵᠤ ᠪᠠᠷᠠᠭᠠᠨ᠎ᠠ᠃      ᠬᠠᠷᠢᠭᠤᠴᠠᠯᠭ᠎ᠠ ᠶᠢᠨ ᠰᠠᠯᠠᠭ᠎ᠠ ᠮᠦᠴᠢᠷ᠄ ᠦᠤᠰᠢᠨ ᠬᠤᠰᠢᠭᠤᠨ ᠤ ᠠᠷᠠᠳ ᠤᠨ ᠶᠠᠪᠤᠳᠠᠯ ᠤᠨ ᠲᠤᠪᠴᠢᠶᠠᠨ ᠎ ᠤ ᠨᠡᠶᠢᠬᠡᠮ ᠤᠨ ᠠᠵᠢᠯ ᠶᠠᠪᠤᠳᠠᠯ ᠤᠨ ᠰᠠᠯᠠᠭ᠎ᠠ      ᠬᠠᠷᠢᠭᠤᠴᠠᠯᠭᠠᠳᠠᠨ᠄ ᠤᠯᠠᠭᠠᠠᠤᠳᠤ      ᠬᠠᠷᠢᠯᠴᠠᠬᠤ ᠤᠳᠠᠰᠤ᠄ 0477 — 7582517
 
ᠢᠷᠡᠯᠲᠡ᠄ ᠠᠷᠠᠳ ᠤᠨ ᠶᠠᠪᠣᠳᠠᠯ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号