ᠬᠤᠳᠠ ᠬᠦᠳᠡᠭᠡ ᠶᠢᠨ ᠡᠮ ᠡᠮᠨᠡᠯᠬᠡ ᠶᠢᠨ ᠲᠤᠰᠠᠯᠠᠮᠵᠢ ᠭᠤᠶᠤᠪᠴᠢᠯᠠᠬᠤ ᠠᠯᠬᠤᠮ ᠲᠠᠷᠠᠭ᠎ᠠ
ᠨᠡᠶᠢᠲᠡᠯᠡᠭᠰᠡᠨ ᠴᠠᠭ᠄
2018-04-18
      ᠨᠢᠬᠡ᠂ ᠠᠯᠬᠤᠮ ᠲᠠᠷᠠᠭ᠎ᠠ      ⒈ ᠬᠤᠪᠢ ᠬᠦᠮᠦᠨ ᠭᠤᠶᠤᠪᠴᠢᠯᠠᠬᠤ᠄ ᠬᠦᠨᠳᠤ ᠡᠪᠡᠳᠴᠢᠯᠡᠭᠰᠡᠳ ᠬᠡᠷ ᠪᠦᠯᠢ ᠪᠠᠷ ᠨᠢᠬᠡᠴᠡ ᠪᠤᠯᠭᠠᠵᠤ ᠰᠠᠭᠤᠵᠤ ᠪᠠᠶᠢᠭ᠎ᠠ ᠭᠠᠴᠠᠭ᠎ᠠ ᠲᠤᠰᠬᠤᠨ᠂ ᠰᠠᠭᠤᠭᠠᠯᠢ ᠠᠷᠠᠳ ᠤᠨ ᠵᠦᠪᠯᠡᠯ ᠳᠤ ᠬᠤᠳᠠ ᠬᠦᠳᠡᠭᠡ ᠶᠢᠨ ᠡᠮ ᠡᠮᠨᠡᠯᠬᠡ ᠶᠢᠨ ᠲᠤᠰᠠᠯᠠᠮᠵᠢ ᠭᠤᠶᠤᠪᠴᠢᠯᠠᠬᠤ ᠭᠤᠶᠤᠪᠴᠢᠯᠠᠯ ᠲᠡᠪᠰᠢᠬᠦᠯᠬᠦ ᠶᠢᠨ ᠬᠠᠮᠳᠤ ︽ᠬᠦᠨᠳᠤ ᠡᠪᠡᠳᠴᠢᠳᠡᠨ ᠤ ᠡᠮ ᠡᠮᠨᠡᠯᠬᠡ ᠶᠢᠨ ᠲᠤᠰᠠᠯᠠᠮᠵᠢ ᠭᠤᠶᠤᠪᠴᠢᠯᠠᠬᠤ︾ ᠬᠦᠰᠦᠨᠦᠭᠳᠤ ᠲᠠᠭᠯᠠᠨ᠎ᠠ᠃      ⒉ᠭᠠᠴᠠᠭ᠎ᠠ ᠲᠤᠰᠬᠤᠨ᠂ ᠰᠠᠭᠤᠭᠠᠯᠢ ᠠᠷᠠᠳ ᠤᠨ ᠵᠦᠪᠯᠡᠯ ᠬᠢᠨᠠᠨ ᠪᠠᠶᠢᠴᠠᠭᠠᠵᠤ᠂ ᠲᠠᠮᠠᠭ᠎ᠠ ᠲᠠᠷᠤᠨ ᠵᠦᠪᠰᠢᠶᠡᠷᠡᠨ᠎ᠡ᠃      ⒊ ᠰᠤᠮᠤ ᠪᠠᠯᠭᠠᠨᠰᠦᠨ ᠤ ᠠᠷᠠᠳ ᠤᠨ ᠵᠠᠰᠠᠭ ᠤᠨ ᠤᠷᠳᠤᠨ ᠬᠢᠨᠠᠨ ᠪᠠᠶᠢᠴᠠᠭᠠᠵᠤ᠂ ᠲᠠᠮᠠᠭ᠎ᠠ ᠲᠠᠷᠤᠨ ᠵᠦᠪᠰᠢᠶᠡᠷᠡᠨ᠎ᠡ᠃      ⒋ ᠬᠤᠰᠢᠭᠤ ᠠᠷᠠᠳ ᠤᠨ ᠶᠠᠪᠤᠳᠠᠯ ᠤᠨ ᠲᠤᠪᠴᠢᠶᠠᠨ ᠤ ᠨᠡᠶᠢᠬᠡᠮ ᠤᠨ ᠲᠤᠰᠠᠯᠠᠮᠵᠢ ᠶᠢᠨ ᠠᠯᠪᠠᠨ ᠬᠡᠷ ᠭᠤᠶᠤᠪᠴᠢᠯᠠᠭᠴᠢ ᠶᠢᠨ ᠲᠡᠪᠰᠢᠬᠦᠯᠦᠭᠰᠡᠨ ᠬᠡᠷᠡᠴᠢ ᠮᠠᠲ᠋ᠧᠷᠢᠶᠠᠯ ᠢ ᠬᠢᠨᠠᠨ ᠪᠠᠶᠢᠴᠠᠭᠠᠨ᠎ᠠ᠃      ⒌ ᠭᠤᠤᠯ ᠤᠳᠤᠷᠢᠳᠤᠯᠭ᠎ᠠ ᠬᠢᠨᠠᠨ ᠵᠦᠪᠰᠢᠶᠡᠷᠡᠨ᠎ᠡ᠃      ⒍ ᠬᠤᠰᠢᠭᠤ ᠠᠷᠠᠳ ᠤᠨ ᠶᠠᠪᠤᠳᠠᠯ ᠤᠨ ᠲᠤᠪᠴᠢᠶᠠᠨ ᠤ ᠨᠡᠶᠢᠬᠡᠮ ᠤᠨ ᠲᠤᠰᠠᠯᠠᠮᠵᠢ ᠶᠢᠨ ᠠᠯᠪᠠᠨ ᠬᠡᠷ ᠲᠤᠰᠠᠯᠠᠮᠵᠢ ᠶᠢᠨ ᠮᠦᠩᠬᠦ ᠶᠢ ᠬᠤᠪᠢᠶᠠᠨ ᠤᠯᠭᠤᠬᠤ ᠶᠢᠨ ᠬᠠᠮᠳᠤ ᠲᠠᠩᠰᠠ ᠡᠪᠬᠡᠮᠡᠯ ᠢ ᠬᠤᠷᠢᠶᠠᠨ ᠠᠪᠴᠤ ᠡᠮᠬᠢᠯᠡᠨ᠎ᠡ      ᠬᠤᠶᠠᠷ᠂ ︽ᠨᠢᠬᠡ ᠦᠷᠳᠡᠭᠡᠲᠤ︾ ᠦᠢᠯᠡᠴᠢᠯᠡᠬᠡᠨ ᠤ ᠠᠯᠬᠤᠮ ᠲᠠᠷᠠᠭ᠎ᠠ      ⒈ ᠡᠪᠡᠳᠴᠢᠳᠡᠨ ᠡᠮᠨᠡᠯᠬᠡ ᠶᠢᠨ ᠬᠤᠷᠢᠶᠠᠨ ᠳᠤ ᠰᠠᠭᠤᠵᠤ ᠪᠠᠶᠢᠭ᠎ᠠ ᠦᠶ᠎ᠡ ᠳᠤ ᠬᠠᠮᠢᠶ᠎ᠠ ᠪᠦᠬᠦᠢ ᠬᠡᠷᠡᠴᠢ ᠮᠠᠲ᠋ᠧᠷᠢᠶᠠᠯ ᠢᠶᠠᠨ ᠠᠪᠴᠤ ᠲᠤᠭᠳᠠᠭᠰᠠᠨ ᠡᠮ ᠡᠮᠨᠡᠯᠬᠡ ᠶᠢᠨ ᠲᠤᠰᠠᠯᠠᠮᠵᠢ ᠶᠢᠨ ᠭᠠᠵᠠᠷ ᠬᠦᠷᠴᠤ ᠭᠤᠶᠤᠪᠴᠢᠯᠠᠨ᠎ᠠ᠃      ⒉ ᠲᠤᠭᠳᠠᠭᠰᠠᠨ ᠡᠮ ᠡᠮᠨᠡᠯᠬᠡ ᠶᠢᠨ ᠲᠤᠰᠠᠯᠠᠮᠵᠢ ᠶᠢᠨ ᠭᠠᠵᠠᠷ ᠨᠢ ᠠᠷᠠᠳ ᠤᠨ ᠶᠠᠪᠤᠳᠠᠯ ᠤᠨ ᠡᠮ ᠡᠮᠨᠡᠯᠬᠡ ᠎ ᠶᠢᠨ ᠲᠤᠰᠠᠯᠠᠮᠵᠢ ᠶᠢᠨ ᠰᠦᠯᠵᠢᠶᠠᠨ ᠳᠤ ᠭᠠᠷᠴᠤ ᠡᠪᠡᠳᠴᠢᠳᠡᠨ ᠤ ᠬᠠᠮᠢᠶ᠎ᠠ ᠪᠦᠬᠦᠢ ᠰᠤᠷᠠᠭ ᠵᠠᠩᠬᠢ ᠶᠢ ᠭᠠᠷᠭᠠᠨ ᠠᠪᠴᠤ ᠵᠦᠪᠰᠢᠶᠡᠷᠡᠭᠰᠡᠨ ᠤ ᠲᠠᠷᠠᠭ᠎ᠠ ᠡᠪᠡᠳᠴᠢᠳᠡᠨ ᠢ ᠡᠮᠨᠡᠯᠬᠡ ᠳᠤ ᠰᠠᠭᠤᠯᠭᠠᠨ ᠡᠮ ᠡᠮᠨᠡᠯᠬᠡ ᠶᠢᠨ ᠲᠤᠰᠠᠯᠠᠮᠵᠢ ᠎ ᠶᠢᠨ ᠰᠦᠯᠵᠢᠶ᠎ᠡ ᠪᠠᠷ ᠲᠠᠮᠵᠢᠵᠤ ᠬᠤᠰᠢᠭᠤ ᠠᠷᠠᠳ ᠤᠨ ᠶᠠᠪᠤᠳᠠᠯ ᠤᠨ ᠲᠤᠪᠴᠢᠶ᠎ᠡ ᠳᠤ ᠡᠪᠡᠳᠴᠢᠳᠡᠨ ᠤ ᠰᠤᠷᠠᠭ ᠵᠠᠩᠬᠢ ᠶᠢ ᠶᠠᠪᠤᠭᠤᠯᠤᠨ᠎ᠠ᠃      ⒊ ᠬᠤᠰᠢᠭᠤ ᠠᠷᠠᠳ ᠤᠨ ᠶᠠᠪᠤᠳᠠᠯ ᠤᠨ ᠲᠤᠪᠴᠢᠶ᠎ᠡ ᠨᠢ ᠡᠪᠡᠳᠴᠢᠳᠡᠨ ᠤ ᠰᠤᠷᠠᠭ ᠵᠠᠩᠬᠢ ᠶᠢ ᠲᠠᠷᠦᠢ ᠲᠦᠷᠬᠡᠨ ᠬᠤᠷᠢᠶᠠᠨ ᠠᠪᠬᠤ ᠶᠢᠨ ᠬᠠᠮᠲᠤ ᠡᠮ ᠡᠮᠨᠡᠯᠬᠡ ᠶᠢᠨ ᠲᠤᠰᠠᠯᠠᠮᠵᠢ ᠶᠢᠨ ᠰᠦᠯᠵᠢᠶᠠᠨ ᠲᠡᠬᠡᠷ᠎ᠡ ᠬᠢᠨᠠᠨ ᠵᠦᠪᠰᠢᠶᠡᠷᠡᠨ᠎ᠡ᠃      ⒋ ᠡᠪᠡᠳᠴᠢᠳᠡᠨ ᠡᠮᠨᠡᠯᠬᠡ ᠠᠴᠠ ᠭᠠᠷᠤᠭᠰᠠᠨ ᠤ ᠲᠠᠷᠠᠭ᠎ᠠ ᠤᠷᠢᠳᠠᠪᠡᠷ ᠰᠢᠨ᠎ᠡ ᠬᠡᠯᠪᠡᠷᠢ ᠶᠢᠨ ᠬᠤᠷᠰᠢᠭᠰᠠᠨ ᠡᠮᠨᠡᠯᠬᠡ ᠪᠤᠶᠤ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠡᠮ ᠡᠮᠨᠡᠯᠬᠡ ᠶᠢᠨ ᠲᠠᠭᠠᠳᠬᠠᠯ ᠤᠨ ᠭᠠᠵᠠᠷ ᠤᠴᠢᠵᠤ ᠲᠠᠩᠰᠠ ᠠᠴᠠ ᠲᠠᠶᠢᠯᠵᠤ᠂ ᠲᠠᠷᠠᠭ᠎ᠠ ᠨᠢ ᠠᠷᠠᠳ ᠤᠨ ᠶᠠᠪᠤᠳᠠᠯ ᠤᠨ ᠡᠮ ᠡᠮᠨᠡᠯᠬᠡ ᠶᠢᠨ ᠲᠤᠰᠠᠯᠠᠮᠵᠢ ᠶᠢᠨ ᠰᠦᠯᠵᠢᠶᠠᠨ ᠳᠤ ᠭᠠᠷᠴᠤ ᠡᠮ ᠡᠮᠨᠡᠯᠬᠡ ᠶᠢᠨ ᠲᠤᠰᠠᠯᠠᠮᠵᠢ ᠶᠢᠨ ᠲᠠᠩᠰᠠ ᠠᠴᠠ ᠲᠠᠶᠢᠯᠤᠨ᠎ᠠ᠃      ⒌ ᠡᠮ ᠡᠮᠨᠡᠯᠬᠡ ᠶᠢᠨ ᠲᠤᠰᠠᠯᠠᠮᠵᠢ ᠶᠢᠨ ᠲᠠᠩᠰᠠ ᠠᠴᠠ ᠲᠠᠶᠢᠯᠤᠭᠰᠠᠨ ᠲᠠᠷᠠᠭ᠎ᠠ ︽ᠡᠮ ᠡᠮᠨᠡᠯᠬᠡ ᠶᠢᠨ ᠲᠤᠰᠠᠯᠠᠮᠵᠢ ᠶᠢᠨ ᠲᠠᠩᠰᠠ ᠠᠴᠠ ᠲᠠᠶᠢᠯᠤᠭᠰᠠᠨ ᠬᠠᠭᠤᠳᠠᠰᠤ︾᠎ ᠪᠠᠨ ᠲᠠᠷᠤᠮᠠᠯᠯᠠᠵᠤ᠂ ᠡᠪᠡᠳᠴᠢᠳᠡᠨ ᠦᠪᠡᠷ ᠢᠶᠠᠨ ᠲᠤᠰᠢᠶᠠᠬᠤ ᠵᠤᠬᠢᠰᠳᠠᠢ ᠰᠦᠢᠳᠬᠡᠯ ᠢᠶᠠᠨ ᠲᠤᠰᠢᠶᠠᠭᠰᠠᠨ ᠤ ᠲᠠᠷᠠᠭ᠎ᠠ ᠡᠮᠨᠡᠯᠬᠡ ᠠᠴᠠ ᠭᠠᠷᠤᠨ᠎ᠠ᠃      ᠭᠤᠷᠪᠠ᠂ ᠭᠤᠶᠤᠪᠴᠢᠯᠠᠬᠤ ᠳᠤ ᠪᠡᠯᠡᠳᠬᠡᠬᠦ ᠬᠡᠷᠡᠴᠢ ᠮᠠᠲ᠋ᠧᠷᠢᠶᠠᠯ      ⒈ ᠪᠡᠶ᠎ᠡ ᠶᠢᠨ ᠦᠨᠠᠮᠯᠠᠯ᠂ ᠡᠷᠦᠬᠡ ᠠᠮᠠ ᠶᠢᠨ ᠲᠠᠪᠳᠡᠷ ᠤᠨ ᠬᠠᠭᠤᠯᠪᠤᠷᠢ ᠵᠢᠴᠢ ᠬᠠᠮᠲᠤ ᠠᠮᠢᠳᠤᠷᠠᠵᠤ ᠪᠠᠶᠢᠭ᠎ᠠ ᠭᠡᠷ ᠪᠦᠯᠢ ᠶᠢᠨ ᠪᠦᠷᠢᠯᠳᠦᠭᠦᠨ ᠤ ᠡᠷᠦᠬᠡ ᠠᠮᠠ ᠶᠢᠨ ᠲᠠᠪᠳᠡᠷ ᠤᠨ ᠬᠠᠭᠤᠯᠪᠤᠷᠢ᠂ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠡᠮ ᠡᠮᠨᠡᠯᠬᠡ ᠶᠢᠨ ᠲᠠᠭᠠᠳᠬᠠᠯ ᠪᠤᠶᠤ ᠰᠢᠨ᠎ᠡ ᠬᠡᠯᠪᠡᠷᠢ ᠶᠢᠨ ᠬᠤᠷᠰᠢᠭᠰᠠᠨ ᠡᠮᠨᠡᠯᠬᠡ ᠳᠤ ᠲᠠᠩᠰᠠ ᠠᠴᠠ ᠲᠠᠶᠢᠯᠤᠭᠰᠠᠨ ᠫᠢᠶᠤᠤ ᠪᠠᠷᠢᠮᠳᠠ᠂ ᠬᠤᠳᠠᠯᠳᠤᠭᠠᠨ ᠤ ᠲᠠᠭᠠᠳᠬᠠᠯ ᠳᠤ ᠲᠠᠩᠰᠠ ᠡᠴᠠ‌‍ᠲ᠋ᠠᠶᠢᠯᠤᠭᠰᠠᠨ ᠫᠢᠶᠤᠤ ᠪᠠᠷᠢᠮᠳᠠ᠂ ᠡᠮᠴᠢᠯᠡᠭᠡᠨ ᠤ ᠪᠠᠶᠢᠭᠤᠯᠤᠮᠵᠢ ᠶᠢᠨ ᠡᠪᠡᠳᠴᠢᠳᠠᠨ ᠤ ᠲᠡᠮᠳᠡᠭᠯᠡᠯ᠂ ᠤᠨᠤᠰᠢᠯᠠᠯᠲᠠ ᠶᠢᠨ ᠪᠢᠴᠢᠭ᠂ ᠡᠮᠨᠡᠯᠬᠡ ᠶᠢᠨ ᠰᠦᠢᠳᠬᠡᠯ ᠶᠢᠨ ᠫᠢᠶᠤᠤ ᠪᠠᠷᠢᠮᠳᠠ ᠵᠢᠴᠢ ᠡᠳᠤᠷ ᠪᠦᠷᠢ ᠶᠢᠨ ᠡᠮᠨᠡᠯᠬᠡ ᠶᠢᠨ ᠰᠦᠢᠳᠬᠡᠯ ᠤᠨ ᠵᠢᠭᠰᠠᠭᠠᠯᠳᠠ ᠶᠢᠨ ᠬᠠᠭᠤᠯᠪᠤᠷᠢ᠃      ⒉ ᠬᠦᠳᠡᠭᠡ ᠲᠤᠰᠬᠤᠨ ᠤ ︽ᠲᠠᠪᠤᠨ ᠪᠠᠳᠤᠯᠭᠠᠳᠤ ᠡᠷᠦᠬᠡ︾᠂ ᠦᠨᠦᠴᠢᠨ ᠬᠡᠤᠬᠡᠳ᠂ ︽ᠭᠤᠷᠪᠠᠨ ᠦᠭᠡᠶᠢᠭᠦᠴᠤᠳ︾᠂ ︽ᠭᠤᠷᠪᠠᠨ ᠲᠦᠷᠦᠯ ᠤᠨ ᠢᠷᠬᠡᠳ︾᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ ᠶᠢᠨ ᠡᠷᠦᠬᠡ ᠶᠢᠨ ᠬᠦᠴᠦᠨ ᠪᠦᠬᠦᠢ ᠬᠡᠷᠡᠴᠢ᠃      ᠲᠦᠷᠪᠡ᠂ ᠬᠦᠢᠴᠡᠳᠬᠡᠬᠦ ᠴᠠᠭ      ᠠᠵᠢᠯ ᠤᠨ ᠡᠳᠤᠷ ᠪᠦᠬᠦᠯᠢ ᠡᠳᠤᠷ ᠬᠦᠢᠴᠡᠳᠬᠡᠵᠤ ᠪᠤᠯᠤᠨ᠎ᠠ᠃      ᠬᠠᠷᠢᠭᠤᠴᠠᠯᠭ᠎ᠠ ᠶᠢᠨ ᠰᠠᠯᠠᠭ᠎ᠠ ᠮᠦᠴᠢᠷ᠄ ᠦᠤᠰᠢᠨ ᠬᠤᠰᠢᠭᠤᠨ ᠤ ᠠᠷᠠᠳ ᠤᠨ ᠶᠠᠪᠤᠳᠠᠯ ᠤᠨ ᠲᠤᠪᠴᠢᠶᠠᠨ ᠎ ᠤ ᠨᠡᠶᠢᠬᠡᠮ ᠤᠨ ᠲᠤᠰᠠᠯᠠᠮᠵᠢ ᠶᠢᠨ ᠠᠯᠪᠠᠨ ᠬᠡᠷ      ᠬᠠᠷᠢᠭᠤᠴᠠᠯᠭᠠᠳᠠᠨ᠄ ᠡᠷᠳᠡᠨᠢᠭᠤᠸ᠎ᠠ      ᠬᠠᠷᠢᠯᠴᠠᠬᠤ ᠤᠳᠠᠰᠤ᠄ 0477 — 7582507
 
ᠢᠷᠡᠯᠲᠡ᠄ ᠦᠣᠰᠢᠨ ᠬᠤᠰᠢᠭᠤᠨ ᠤ ᠠᠷᠠᠳ ᠤᠨ ᠶᠠᠪᠣᠳᠠᠯ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号