ᠷᠠᠰᠢᠶᠠᠨ ᠲᠤᠬᠤᠢ ᠲᠤᠰᠬᠤᠨ ᠦᠪᠡᠷᠳᠡᠭᠡᠨ ᠵᠠᠰᠠᠬᠤ ᠤᠷᠤᠨ ᠤ ᠰᠡᠯᠡᠭᠦᠴᠡᠯ ᠲᠠᠷᠢᠶᠠᠯᠠᠩ ᠪᠤᠯᠤᠨ ᠬᠦᠳᠡᠭᠡ ᠲᠤᠰᠬᠤᠨ ᠤ ᠵᠢᠭᠤᠯᠴᠢᠯᠠᠯ ᠤᠨ ᠵᠢᠱᠢᠶ᠎ᠠ ᠦᠵᠡᠬᠦᠯᠬᠦ ᠴᠡᠭ ᠪᠤᠯᠪᠠ
ᠨᠡᠶᠢᠲᠡᠯᠡᠭᠰᠡᠨ ᠴᠠᠭ᠄
2018-04-18
      ᠤᠢᠢᠷ᠎ᠠ ᠳᠤ ᠦᠪᠡᠷᠳᠡᠭᠡᠨ ᠵᠠᠰᠠᠬᠤ ᠤᠷᠤᠨ ᠤ ᠵᠢᠭᠤᠯᠴᠢᠯᠠᠯ ᠤᠨ ᠬᠦᠭᠵᠢᠭᠦᠯᠦᠯᠲᠡ ᠶᠢᠨ ᠵᠦᠪᠯᠡᠯ ᠪᠤᠯᠤᠨ ᠮᠠᠯ ᠲᠠᠷᠢᠶᠠᠯᠠᠩ ᠤᠨ ᠶᠠᠮᠤᠨ ᠤ ᠦᠨᠡᠯᠡᠯᠲᠡ ᠪᠠᠷ ᠲᠠᠮᠵᠢᠨ᠂ ᠭᠠᠯᠠᠭᠤᠲᠤ ᠪᠠᠯᠭᠠᠰᠤᠨ ᠤ ᠷᠠᠰᠢᠶᠠᠨ ᠲᠤᠬᠤᠢ ᠲᠤᠰᠬᠤᠨ 2017 ᠤᠨ ᠤ ᠦᠪᠡᠷᠳᠡᠭᠡᠨ ᠵᠠᠰᠠᠬᠤ ᠤᠷᠤᠨ ᠤ ᠰᠡᠯᠡᠭᠦᠴᠡᠯ ᠲᠠᠷᠢᠶᠠᠯᠠᠩ ᠪᠤᠯᠤᠨ ᠬᠦᠳᠡᠭᠡ ᠲᠤᠰᠬᠤᠨ ᠤ ᠵᠢᠭᠤᠯᠴᠢᠯᠠᠯ ᠤᠨ ᠵᠢᠱᠢᠶ᠎ᠠ ᠦᠵᠡᠬᠦᠯᠬᠦ ᠴᠡᠭ ᠤᠨ ᠨᠡᠷᠡᠰ ᠲᠤ ᠤᠷᠤᠭᠰᠠᠨ ᠪᠠᠶᠢᠨ᠎ᠠ᠃ ᠤᠳᠤᠬᠠᠨ ᠳᠤ᠂ ᠮᠠᠨ ᠤ ᠬᠤᠰᠢᠭᠤᠨ ᠳᠤ ᠤᠯᠤᠰ ᠤᠨ ᠰᠡᠯᠡᠭᠦᠴᠡᠯ ᠲᠠᠷᠢᠶᠠᠯᠠᠩ ᠪᠤᠯᠤᠨ ᠬᠦᠳᠡᠭᠡ ᠲᠤᠰᠬᠤᠨ ᠤ ᠵᠢᠭᠤᠯᠴᠢᠯᠠᠯ ᠤᠨ ᠵᠢᠱᠢᠶ᠎ᠠ ᠦᠵᠡᠬᠦᠯᠬᠦ ᠴᠡᠭ 1᠂ ᠦᠪᠡᠷᠳᠡᠭᠡᠨ ᠵᠠᠰᠠᠬᠤ ᠤᠷᠤᠨ ᠤ ᠰᠡᠯᠡᠭᠦᠴᠡᠯ ᠲᠠᠷᠢᠶᠠᠯᠠᠩ ᠪᠤᠯᠤᠨ ᠬᠦᠳᠡᠭᠡ ᠲᠤᠰᠬᠤᠨ ᠤ ᠵᠢᠭᠤᠯᠴᠢᠯᠠᠯ ᠤᠨ ᠵᠢᠱᠢᠶ᠎ᠠ ᠦᠵᠡᠬᠦᠯᠬᠦ ᠴᠡᠭ 5᠂ ᠬᠤᠲᠠ ᠶᠢᠨ ᠬᠦᠳᠡᠭᠡ ᠲᠤᠰᠬᠤᠨ ᠤ ᠵᠢᠭᠤᠯᠴᠢᠯᠠᠯ ᠤᠨ ᠵᠢᠱᠢᠶ᠎ᠠ ᠦᠵᠡᠬᠦᠯᠬᠦ ᠴᠡᠭ 5 ᠪᠤᠢ᠃      ᠤᠢᠢᠷ᠎ᠠ ᠶᠢᠨ ᠵᠢᠯ ᠠᠴᠠ ᠨᠠᠰᠢ ᠮᠠᠨ ᠤ ᠬᠤᠰᠢᠭᠤ ᠭᠤᠶᠤ ᠦᠵᠡᠰᠬᠦᠯᠡᠩᠲᠤ ᠬᠦᠳᠡᠭᠡ ᠲᠤᠰᠬᠤᠨ ᠤ ᠦᠵᠡᠮᠵᠢ ᠂ ᠦᠪᠡᠷᠮᠢᠴᠡ ᠰᠠᠶᠢᠬᠠᠨ ᠬᠦᠳᠡᠭᠡ ᠲᠤᠰᠬᠤᠨ ᠤ ᠵᠢᠭᠤᠯᠴᠢᠯᠠᠯ ᠤᠨ ᠡᠬᠢ ᠪᠠᠶᠠᠯᠢᠭ ᠪᠠ ᠮᠤᠩᠭᠤᠯ ᠦᠨᠳᠦᠰᠦᠲᠡᠨ ᠤ ᠤᠯᠠᠮᠵᠢᠯᠠᠯᠲᠤ ᠰᠤᠶᠤᠯ᠂ ᠤᠷᠳᠤ ᠤᠳᠠᠭᠠᠨ ᠲᠠᠷᠢᠶᠠᠯᠠᠩ ᠤᠨ ᠰᠤᠶᠤᠯ᠂ ᠦᠨᠢ ᠤᠳᠠᠭᠠᠨ ᠬᠦᠮᠦᠨ ᠰᠤᠶᠤᠯ ᠤᠨ ᠲᠡᠤᠭᠡ ᠪᠠᠨ ᠬᠦᠢᠴᠡᠳ ᠠᠰᠢᠭᠯᠠᠵᠤ᠂ ᠶᠠᠳᠠᠭᠤ ᠶᠢ ᠲᠡᠳᠬᠦᠬᠦ ᠢᠨᠵᠧᠨᠧᠷᠢᠩ ᠪᠠ ᠦᠵᠡᠰᠬᠦᠯᠡᠩᠲᠤ ᠰᠠᠶᠢᠬᠠᠨ ᠬᠦᠳᠡᠭᠡ ᠨᠤᠲᠤᠭ ᠤᠨ ᠪᠦᠲᠦᠭᠡᠨ ᠪᠠᠶᠢᠭᠤᠯᠤᠯᠲᠠ ᠲᠠᠢ ᠤᠶᠠᠯᠳᠤᠭᠤᠯᠵᠤ᠂ ᠬᠦᠳᠡᠭᠡ ᠲᠤᠰᠬᠤᠨ ᠤ ᠵᠢᠭᠤᠯᠴᠢᠯᠠᠯ ᠢ ᠪᠦᠬᠦ ᠬᠤᠰᠢᠭᠤᠨ ᠤ ᠵᠢᠭᠤᠯᠴᠢᠯᠠᠯ ᠤᠨ ᠬᠦᠭᠵᠢᠯᠲᠡ ᠶᠢᠨ ᠭᠤᠤᠯᠳᠠᠯᠭ᠎ᠠ ᠪᠤᠯᠭᠠᠨ ᠠᠳᠬᠤᠵᠤ᠂ ᠨᠢᠭᠡ ᠪᠦᠯᠦᠭ ᠭᠤᠶᠤ ᠰᠠᠶᠢᠬᠠᠨ᠂ ᠴᠡᠪᠡᠷ ᠲᠤᠬᠢᠯᠢᠭ᠂ ᠦᠪᠡᠷᠮᠢᠴᠡ ᠲᠤᠳᠤᠷᠬᠠᠢ᠂ ᠲᠡᠭᠦᠰ ᠲᠡᠭᠦᠯᠳᠡᠷ ᠬᠦᠳᠡᠭᠡ ᠲᠤᠰᠬᠤᠨ ᠤ ᠵᠢᠭᠤᠯᠴᠢᠯᠠᠯ ᠤᠨ ᠵᠢᠱᠢᠶ᠎ᠠ ᠦᠵᠡᠬᠦᠯᠬᠦ ᠴᠡᠭ ᠢ ᠪᠠᠶᠢᠭᠤᠯᠤᠭᠰᠠᠨ ᠪᠠᠶᠢᠨ᠎ᠠ᠃ ᠨᠢᠳᠤᠨᠤᠨ ᠪᠦᠬᠦ ᠬᠤᠰᠢᠭᠤᠨ ᠤ ᠬᠦᠳᠡᠭᠡ ᠲᠤᠰᠬᠤᠨ ᠤ ᠵᠢᠭᠤᠯᠴᠢᠯᠠᠯ ᠤᠨ ᠵᠢᠭᠤᠯᠴᠢᠭᠰᠠᠳ ᠢ ᠬᠦᠯᠢᠶᠡᠨ ᠠᠪᠤᠭᠰᠠᠨ ᠲᠤᠭ᠎ᠠ ᠨᠢ 42.5 ᠲᠦᠮᠡᠨ ᠬᠦᠮᠦᠨ ᠤᠳᠠᠭ᠎ᠠ ᠳᠤ ᠬᠦᠷᠴᠤ᠂ ᠠᠳᠠᠯᠢ ᠬᠤᠭᠤᠴᠠᠭᠠᠨ ᠤ ᠬᠢ ᠠᠴᠠ 11.8% ᠪᠠᠷ ᠨᠡᠮᠡᠭᠳᠡᠨ᠂ ᠬᠦᠯᠢᠶᠡᠨ ᠠᠪᠤᠭᠰᠠᠨ ᠶᠡᠷᠦᠩᠬᠡᠢ ᠬᠡᠮᠵᠢᠶᠡᠨ ᠤ 45.7% ᠶᠢ ᠡᠵᠡᠯᠡᠵᠤ᠂ 3.825 ᠳ᠋ᠦᠡᠭᠰᠢᠭᠤᠷ ᠲᠦᠬᠦᠷᠢᠭ ᠤᠨ ᠤᠷᠤᠯᠭ᠎ᠠ ᠶᠢ ᠪᠡᠶᠡᠯᠡᠬᠦᠯᠵᠤ᠂ 15.9% ᠪᠠᠷ ᠨᠡᠮᠡᠭᠳᠡᠨ᠂ ᠪᠦᠬᠦ ᠬᠤᠰᠢᠭᠤᠨ ᠤ ᠵᠢᠭᠤᠯᠴᠢᠯᠠᠯ ᠤᠨ ᠪᠦᠬᠦ ᠤᠷᠤᠯᠭ᠎ᠠ ᠶᠢᠨ 12.7% ᠶᠢ ᠡᠵᠡᠯᠡᠵᠤ᠂ ᠮᠠᠯᠵᠢᠬᠤ ᠲᠠᠷᠢᠶᠠᠯᠠᠬᠤ ᠤᠷᠤᠨ ᠤ ᠢᠯᠡᠬᠦᠴᠡ ᠬᠦᠳᠡᠯᠮᠦᠷᠢ ᠬᠦᠴᠦᠨ 1380 ᠬᠦᠮᠦᠨ ᠳᠤ ᠠᠵᠢᠯ ᠤᠯᠭᠤᠵᠤ᠂ ᠮᠠᠯᠴᠢᠨ ᠲᠠᠷᠢᠶᠠᠴᠢᠨ ᠠᠶᠢᠯ ᠤᠨ ᠵᠤᠴᠢᠯᠠᠭ᠎ᠠ ᠶᠢᠨ ᠡᠷᠦᠭᠡ ᠶᠢᠨ ᠲᠤᠮᠳᠠᠴᠢ ᠤᠷᠤᠯᠭ᠎ᠠ ᠨᠢ 16 ᠲᠦᠮᠡᠨ ᠲᠦᠭᠦᠷᠢᠭ ᠢ ᠲᠠᠪᠠᠭᠰᠠᠨ ᠪᠤᠯᠤᠭᠰᠠᠨ ᠪᠠᠶᠢᠨ᠎ᠠ᠃
 
ᠢᠷᠡᠯᠲᠡ᠄ ︽ᠨᠤᠮᠢᠨ ᠲᠠᠩᠰᠤᠭ ᠦᠤᠰᠢᠨ︾
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号