ᠰᠢᠷᠬᠤᠰᠤᠨ ᠪᠠᠯᠭᠠᠰᠤᠨ ᠤ ᠫᠠᠢ ᠽᠢ ᠸᠠᠨ ᠲᠤᠰᠬᠤᠨ ᠳᠤ ᠥᠷᠭᠡᠨ ᠪᠥᠰᠡᠲᠤ ᠰᠦᠯᠵᠢᠶ᠎ᠠ ᠨᠠᠪᠳᠠᠷᠠᠪᠠ
ᠨᠡᠶᠢᠲᠡᠯᠡᠭᠰᠡᠨ ᠴᠠᠭ᠄
2018-04-18
     ᠥᠷᠭᠡᠨ ᠪᠥᠰᠡᠲᠤ ᠰᠦᠯᠵᠢᠶ᠎ᠠ ᠲᠤᠰᠬᠤᠨ ᠳᠤ ᠨᠠᠪᠳᠠᠷᠡᠭᠰᠡᠨ ᠨᠢ ᠲᠤᠰᠬᠤᠨ ᠤ ᠠᠷᠠᠳ ᠤᠨ ᠠᠮᠢᠳᠤᠷᠠᠯ ᠢ ᠬᠤᠪᠢᠷᠠᠭᠤᠯᠤᠭᠰᠠᠨ ᠢᠶᠠᠷ ᠪᠠᠷᠠᠬᠤ ᠥᠭᠡᠢ᠂ ᠲᠡᠲᠡᠨ ᠤ ᠰᠤᠶᠤᠯ ᠤᠨ ᠠᠮᠢᠳᠤᠷᠠᠯ ᠢ ᠪᠠᠶᠠᠯᠢᠭᠵᠢᠭᠤᠯᠵᠤ ᠪᠤᠢ᠃ ᠰᠢᠷᠬᠤᠰᠤᠨ ᠭᠤᠤᠯ ᠪᠠᠯᠭᠠᠰᠤᠨ ᠤ ᠫᠠᠢ ᠽᠢ ᠸᠠᠨ ᠲᠤᠰᠬᠤᠨ ᠤ ᠠᠷᠠᠳ᠂ ᠭᠡᠷ ᠠᠴᠠ ᠪᠠᠨ ᠭᠠᠷᠬᠤ ᠥᠭᠡᠢ ᠪᠠᠷ ᠶᠢᠷᠲᠢᠨᠴᠤ ᠶᠢᠨ ᠤᠴᠢᠷ ᠢ ᠮᠡᠳᠡᠵᠥ᠂ ᠠᠷᠠᠳ ᠤᠨ ᠬᠠᠨᠤᠮᠵᠢ ᠶᠢᠨ ᠬᠡᠮᠵᠢᠶ᠎ᠡ ᠪᠠ ᠵᠤᠯ ᠵᠢᠷᠭᠠᠯ ᠤᠨ ᠵᠢᠭᠠᠯᠲᠠ ᠲᠤᠭ᠎ᠠ ᠲᠠᠰᠤᠷᠠᠯᠲᠠ ᠥᠭᠡᠢ ᠲᠡᠭᠡᠭᠰᠢᠯᠡᠭᠰᠡᠨ ᠪᠠᠶᠢᠨ᠎ᠠ᠃      ᠤᠶᠢᠯᠠᠭᠠᠭᠰᠠᠨ ᠢᠶᠠᠷ᠂ ᠲᠤᠮᠳᠠᠲᠤ ᠤᠯᠤᠰ ᠤᠨ ᠨᠡᠭᠦᠳᠡᠯ ᠬᠤᠯᠪᠤᠭᠠᠨ ᠤ ᠥᠥᠰᠢᠨ ᠬᠤᠰᠢᠭᠤᠨ ᠳᠠᠬᠢ ᠬᠤᠪᠢᠶᠠᠷᠢ ᠺᠤᠮᠫᠠᠨᠢ ᠨᠢ ᠤᠯᠤᠰ ᠤᠨ ︽ᠦᠷᠭᠡᠨ ᠪᠦᠰᠡᠳᠦ ᠰᠦᠯᠵᠢᠶᠠᠨ ᠤ ᠲᠤᠮᠲᠠᠲᠤ ᠤᠯᠤᠰ ᠢ ᠪᠠᠶᠢᠭᠤᠯᠬᠤ︾ ᠤᠷᠢᠶᠠᠯᠠᠭ᠎ᠠ ᠶᠢ ᠢᠳᠡᠪᠬᠢᠲᠡᠢ ᠲᠠᠭᠠᠵᠤ᠂ ᠬᠤᠰᠢᠭᠤ ᠨᠠᠮ ᠤᠨ ᠬᠤᠷᠢᠶ᠎ᠠ ᠶᠢᠨ ︽ᠦᠷᠭᠡᠨ ᠪᠦᠰᠡᠳᠦ ᠰᠦᠯᠵᠢᠶᠠᠨ ᠤ ᠲᠤᠮᠲᠠᠲᠤ ᠤᠯᠤᠰ︾ ᠤᠨ ᠲᠥᠯᠥᠪᠯᠡᠭᠡ ᠵᠢᠴᠢ ︽ᠤᠷᠳᠤᠰ ᠬᠤᠲᠠ ᠶᠢᠨ ᠦᠷᠭᠡᠨ ᠪᠦᠰᠡᠳᠦ ᠰᠦᠯᠵᠢᠶᠠᠨ ᠤ ᠲᠤᠮᠲᠠᠲᠤ ᠤᠯᠤᠰ ᠤᠨ ᠲᠠᠭᠤᠷᠢᠶᠠᠯ ᠬᠤᠲᠠ︾ ᠶᠢ ᠴᠤᠭᠴᠠᠯᠠᠨ ᠪᠠᠶᠢᠭᠤᠯᠬᠤ ᠱᠠᠭᠠᠷᠳᠠᠯᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠲᠠᠪᠤᠷᠢᠵᠢᠭᠤᠯᠵᠤ᠂ 2017 ᠤᠨ ᠳᠤ ᠲᠤᠮᠳᠠᠲᠤ ᠤᠯᠤᠰ ᠤᠨ ᠨᠡᠭᠦᠳᠡᠯ ᠬᠤᠯᠪᠤᠭᠠᠨ ᠤ ᠥᠥᠰᠢᠨ ᠬᠤᠰᠢᠭᠤᠨ ᠳᠠᠬᠢ ᠬᠤᠪᠢᠶᠠᠷᠢ ᠺᠤᠮᠫᠠᠨᠢ ᠨᠡᠶᠢᠲᠡ 15 ᠴᠡᠭ ᠪᠠᠶᠢᠭᠤᠯᠤᠨ 1173 ᠡᠷᠥᠬᠡ ᠳᠤ ᠤᠷᠤᠭᠤᠯᠵᠤ᠂ ᠰᠤᠮᠤ ᠪᠠᠯᠭᠠᠰᠤ ᠭᠠᠴᠠᠭ᠎ᠠ ᠲᠤᠰᠬᠤᠨ ᠳᠤ 3 ᠴᠡᠭ ᠪᠠᠶᠢᠭᠤᠯᠤᠨ᠂ ᠰᠦᠯᠵᠢᠶᠠᠨ ᠤ ᠵᠠᠯᠭᠠᠭᠠᠰᠤ ᠶᠢᠨ ᠠᠰᠢᠭᠯᠠᠯᠲᠠ ᠶᠢᠨ ᠨᠤᠷᠮ᠎ᠠ 47% ᠪᠠᠶᠢᠪᠠ᠃ ᠲᠤᠮᠲᠠᠲᠤ ᠤᠯᠤᠰ ᠤᠨ ᠨᠠᠭᠦᠳᠡᠯ ᠬᠤᠯᠪᠤᠭᠠᠨ ᠤ ᠢᠨᠲ᠋ᠧᠷ ᠰᠥᠯᠵᠢᠶᠡᠨ ᠤ ᠲᠧᠯᠸᠢᠰ ᠤᠨ ᠠᠵᠢᠯ ᠪᠠ ᠢᠨᠲ᠋ᠧᠷ ᠰᠥᠯᠵᠢᠶᠡᠨ ᠤ ᠲᠧᠯᠸᠢᠰ ᠵᠡᠷᠭᠡ ᠮᠡᠳᠡᠭᠡ ᠵᠠᠩᠬᠢᠴᠢᠯᠠᠯᠲᠠ ᠶᠢᠨ ᠥᠢᠯᠡᠳᠭᠦᠨ ᠳᠤ ᠰᠢᠨ᠎ᠡ ᠶᠢ ᠡᠭᠦᠳᠬᠦ ᠪᠠᠷ ᠲᠠᠮᠵᠢᠵᠤ᠂ ᠬᠡᠷᠡᠭᠯᠡᠭᠴᠢᠳ ᠲᠤ ᠥᠵᠡᠵᠥ ᠰᠤᠨᠤᠰᠬᠤ ᠤᠶᠢᠯᠠᠭᠠᠯᠲᠠ ᠶᠢᠨ ᠰᠢᠨ᠎ᠡ ᠶᠢ ᠡᠭᠦᠳᠴᠦ᠂ ᠨᠡᠩ ᠤᠯᠠᠨ ᠠᠷᠠᠳ ᠲᠥᠮᠡᠨ ᠳᠤ ᠢᠨᠲ᠋ᠧᠷ ᠰᠥᠯᠵᠢᠶᠡᠨ ᠳᠤ ᠭᠠᠷᠬᠤ ᠬᠤᠷᠳᠤᠴᠠᠲᠤ ᠵᠠᠮ ᠢ ᠨᠡᠭᠡᠭᠡᠵᠥ ᠥᠭᠪᠡ᠃  
 
ᠢᠷᠡᠯᠲᠡ᠄ ︽ᠨᠤᠮᠢᠨ ᠲᠠᠩᠰᠤᠭ ᠦᠤᠰᠢᠨ︾
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号