ᠭᠠᠯᠠᠭᠤᠳᠣ ᠪᠠᠯᠭᠠᠰᠣ ᠭᠦᠳᠡᠭᠡ ᠲᠣᠰᠬᠤᠨ ᠢ ᠬᠦᠭᠵᠢᠬᠦᠯᠤᠨ ᠮᠠᠨᠳᠣᠭᠤᠯᠬᠤ ᠪᠠᠶᠢᠯᠳᠣᠬᠤ ᠪᠣᠳᠣᠯᠭ᠎ᠠ ᠶᠢᠨ ᠲᠤᠬᠠᠢ ᠲᠤᠰᠬᠠᠢ ᠰᠡᠲᠦᠪᠲᠤ ᠲᠠᠶᠢᠯᠤᠮᠵᠢ ᠬᠢᠪᠡ
ᠨᠡᠶᠢᠲᠡᠯᠡᠭᠰᠡᠨ ᠴᠠᠭ᠄
2018-04-18
      ᠰᠢ ᠶᠢᠨ ᠫᠢᠩ ᠶᠡᠷᠣᠩᠬᠡᠢ ᠱᠦᠵᠢ ᠶᠢᠨ ᠰᠢᠨ᠎ᠡ ᠴᠠᠭ ᠦᠶ᠎ᠡ ᠶᠢᠨ ᠲᠣᠮᠳᠠᠳᠣ ᠣᠯᠣᠰ ᠤᠨ ᠣᠨᠴᠠᠯᠢᠭ ᠲᠠᠢ ᠨᠡᠶᠢᠬᠡᠮ ᠵᠢᠷᠣᠮ ᠤᠨ ᠦᠵᠡᠯ ᠰᠠᠨᠠᠭ᠎ᠠ ᠶᠢ ᠬᠦᠨᠵᠡᠬᠡᠢ ᠲᠣᠣᠱᠯᠠᠭᠤᠯᠣᠨ ᠨᠠᠶᠢᠳᠠᠪᠣᠷᠢᠵᠢᠭᠤᠯᠬᠤ ᠪᠠ ᠭᠦᠳᠡᠭᠡ ᠲᠣᠰᠬᠤᠨ ᠢ ᠬᠦᠭᠵᠢᠬᠦᠯᠤᠨ ᠮᠠᠨᠳᠤᠭᠤᠯᠬᠤ ᠪᠠᠶᠢᠯᠳᠣᠬᠤ ᠪᠣᠳᠣᠯᠭ᠎ᠠ ᠶᠢᠨ ᠭᠤᠣᠯᠳᠠᠯᠭᠠᠳᠣ ᠰᠢᠢᠳᠪᠣᠷᠢ ᠨᠠᠶᠢᠳᠠᠪᠣᠷᠢᠵᠢᠭᠤᠯᠣᠯᠳᠠ ᠶᠢ ᠬᠡᠷᠡᠭᠵᠢᠬᠦᠯᠬᠦ ᠶᠢᠨ ᠲᠦᠯᠣᠭᠡ ᠤᠢᠢᠷ᠎ᠠ ᠳᠤ ᠭᠠᠯᠠᠭᠤᠳᠣ ᠪᠠᠯᠭᠠᠰᠣ ᠭᠦᠳᠡᠭᠡ ᠲᠣᠰᠬᠤᠨ ᠢ ᠬᠦᠭᠵᠢᠬᠦᠯᠤᠨ ᠮᠠᠨᠳᠤᠭᠤᠯᠬᠤ ᠪᠠᠶᠢᠯᠳᠣᠬᠤ ᠪᠣᠳᠣᠯᠭ᠎ᠠ ᠶᠢ ᠲᠦᠯᠬᠢᠨ ᠠᠬᠢᠭᠤᠯᠬᠤ ᠰᠠᠭᠤᠳᠠᠯ ᠤᠨ ᠬᠤᠷᠠᠯ ᠬᠢᠵᠤ᠂ ᠣᠷᠳᠣᠰ ᠬᠤᠳᠠ ᠶᠢᠨ ᠨᠠᠮ ᠤᠨ ᠰᠣᠷᠭᠠᠭᠤᠯᠢ ᠶᠢᠨ ᠵᠠᠰᠠᠭ ᠵᠠᠬᠢᠷᠭᠠᠨ ᠤ ᠬᠠᠮᠢᠶᠠᠷᠣᠯᠳᠠ ᠶᠢᠨ ᠵᠢᠭᠠᠨ ᠰᠣᠳᠣᠯᠣᠯᠳᠠ ᠶᠢᠨ ᠡᠷᠬᠢᠯᠡᠭᠴᠢ ᠪᠣᠣ ᠶᠢᠨ ᠱᠠᠨ ᠪᠠᠭᠰᠢ ᠶᠢ ᠲᠣᠰᠬᠠᠶᠢᠯᠠᠨ ᠣᠷᠢᠵᠣ ᠭᠦᠳᠡᠭᠡ ᠲᠣᠰᠬᠤᠨ ᠢ ᠬᠦᠭᠵᠢᠬᠦᠯᠤᠨ ᠮᠠᠨᠳᠤᠭᠤᠯᠬᠤ ᠪᠠᠶᠢᠯᠳᠣᠬᠤ ᠪᠣᠳᠣᠯᠭ᠎ᠠ ᠶᠢᠨ ᠲᠣᠰᠬᠠᠢ ᠰᠡᠳᠣᠪᠳᠣ ᠬᠢᠴᠢᠶᠡᠯ ᠣᠷᠣᠭᠤᠯᠪᠠ᠃      ᠪᠣᠣ ᠶᠢᠨ ᠱᠠᠨ ᠪᠠᠭᠰᠢ ᠨᠠᠮ ᠤᠨ ᠠᠷᠪᠠ ᠶᠢᠰᠣᠳᠣᠭᠡᠷ ᠶᠡᠭᠡ ᠬᠤᠷᠠᠯ ᠤᠨ ᠢᠯᠡᠳᠬᠡᠯ ᠠᠴᠠ ᠲᠣᠷᠠᠳᠴᠣ ᠭᠠᠷᠭᠠᠭᠰᠠᠨ ︽ᠭᠦᠳᠡᠭᠡ ᠲᠣᠰᠬᠤᠨ ᠢ ᠬᠦᠭᠵᠢᠬᠦᠯᠤᠨ ᠮᠠᠨᠳᠤᠭᠤᠯᠬᠤ ᠪᠠᠶᠢᠯᠳᠣᠬᠤ ᠪᠣᠳᠣᠯᠭ᠎ᠠ︾ ᠶᠢ ᠨᠠᠷᠢᠨ ᠲᠣᠳᠣᠷᠠᠬᠠᠢ ᠲᠠᠶᠢᠯᠪᠣᠷᠢᠯᠠᠵᠣ᠂ ᠭᠤᠣᠯᠳᠠᠭᠤ ᠨᠠᠮ ᠤᠨ ᠠᠷᠪᠠ ᠶᠢᠰᠣᠳᠣᠭᠡᠷ ᠶᠡᠭᠡ ᠬᠤᠷᠠᠯ ᠤᠨ ᠢᠯᠡᠳᠬᠡᠯ ᠤᠨ ᠭᠤᠣᠯ ᠣᠳᠬ᠎ᠠ ᠰᠠᠨᠠᠭ᠎ᠠ ᠪᠠ ᠭᠦᠳᠡᠭᠡ ᠲᠣᠰᠬᠤᠨ ᠢ ᠬᠦᠭᠵᠢᠬᠦᠯᠤᠨ ᠮᠠᠨᠳᠤᠭᠤᠯᠬᠤ ᠪᠠᠶᠢᠯᠳᠣᠬᠤ ᠪᠣᠳᠣᠯᠭ᠎ᠠ ᠶᠢ ᠬᠡᠷᠬᠢᠨ ᠬᠡᠷᠡᠭᠵᠢᠬᠦᠯᠬᠦ ᠲᠣᠬᠠᠢ ᠨᠠᠷᠢᠨ ᠲᠠᠶᠢᠯᠪᠤᠷᠢᠯᠠᠵᠠᠢ᠃ ᠨᠠᠮ ᠤᠨ ᠠᠷᠪᠠ ᠶᠢᠰᠣᠳᠣᠭᠡᠷ ᠶᠡᠭᠡ ᠬᠤᠷᠠᠯ ᠤᠨ ᠢᠯᠡᠳᠬᠡᠯ ᠠᠴᠠ ︽ᠭᠦᠳᠡᠭᠡ ᠲᠣᠰᠬᠤᠨ ᠢ ᠬᠦᠭᠵᠢᠬᠦᠯᠤᠨ ᠮᠠᠨᠳᠤᠭᠤᠯᠬᠤ ᠪᠠᠶᠢᠯᠳᠣᠬᠤ ᠪᠣᠳᠣᠯᠭ᠎ᠠ︾ ᠶᠢ ᠲᠣᠷᠠᠳᠴᠣ ᠭᠠᠷᠭᠠᠭᠰᠠᠨ ᠠᠴᠠ ᠬᠤᠶᠢᠰᠢ ᠭᠠᠯᠠᠭᠤᠳᠣ ᠪᠠᠯᠭᠠᠰᠣ ᠮᠠᠯ ᠲᠠᠷᠢᠶᠠᠯᠠᠩ ᠤᠨ ᠮᠡᠷᠬᠡᠵᠢᠯ ᠤᠨ ᠬᠠᠮᠢᠶ᠎ᠠ ᠪᠦᠬᠦᠢ ᠲᠣᠰᠬᠠᠢ ᠮᠡᠷᠬᠡᠵᠢᠯᠳᠡᠨ ᠢ ᠢᠳᠡᠪᠬᠢᠳᠡᠢ ᠣᠷᠢᠨ ᠵᠠᠯᠠᠵᠣ ᠮᠠᠯᠴᠢᠨ ᠲᠠᠷᠢᠶᠠᠴᠢᠨ ᠳᠤ ᠮᠠᠯ ᠲᠠᠷᠢᠶᠠᠯᠠᠩ ᠤᠨ ᠲᠣᠰᠬᠠᠢ ᠮᠡᠷᠬᠡᠵᠢᠯ ᠤᠨ ᠬᠢᠴᠢᠶᠡᠯ ᠣᠷᠣᠭᠤᠯᠬᠤ ᠶᠢᠨ ᠬᠠᠮᠳᠣ ᠪᠠᠯᠭᠠᠰᠣᠨ ᠤ ᠨᠠᠮ ᠤᠨ ᠣᠳᠣᠷᠢᠳᠬᠤ ᠪᠠᠭ ᠡᠷᠣᠬᠡ ᠳᠤ ᠬᠦᠨᠵᠡᠭᠡᠶᠢᠷᠡᠬᠦ᠂ ᠰᠠᠭᠤᠳᠠᠯ ᠤᠨ ᠬᠤᠷᠠᠯ ᠬᠢᠬᠦ ᠵᠡᠷᠬᠡ ᠠᠷᠭ᠎ᠠ ᠪᠠᠷᠢᠯ ᠢᠶᠠᠷ ᠦᠨᠳᠣᠰᠣᠨ ᠱᠠᠳᠣᠨ ᠳᠤ ᠬᠦᠨᠵᠡᠭᠡᠶᠢᠷᠡᠨ᠂ ᠠᠷᠠᠳ ᠣᠯᠠᠨ ᠤ ᠲᠣᠮᠳᠠ ᠬᠦᠨᠵᠡᠬᠡᠶᠢᠷᠡᠵᠣ᠂ ᠰᠠᠨᠠᠯ ᠰᠠᠨᠠᠭᠤᠯᠭ᠎ᠠ ᠬᠤᠷᠢᠶᠠᠨ ᠠᠪᠬᠤ ᠲᠦᠷᠣ ᠶᠢᠨ ᠪᠣᠳᠣᠯᠭ᠎ᠠ ᠶᠢ ᠣᠬᠠᠭᠤᠯᠣᠨ ᠡᠯ᠎ᠡ ᠭᠠᠴᠠᠭ᠎ᠠ ᠲᠣᠰᠬᠤᠨ ᠤ ᠦᠨᠳᠣᠰᠣᠨ ᠪᠠᠶᠢᠳᠡᠯ ᠢ ᠬᠦᠢᠴᠡᠳ ᠣᠶᠢᠯᠠᠭᠠᠨ᠂ ᠭᠦᠳᠡᠭᠡ ᠲᠣᠰᠬᠤᠨ ᠤ ᠬᠦᠭᠵᠢᠯᠳᠡ ᠶᠢ ᠨᠦᠯᠣᠬᠡᠯᠡᠬᠦ ᠪᠠ ᠬᠠᠷᠰᠢᠯᠠᠬᠤ ᠠᠰᠠᠭᠤᠳᠠᠯ ᠢ ᠣᠶᠢᠯᠠᠭᠠᠵᠣ ᠮᠡᠳᠡᠬᠦ ᠲᠣᠰᠬᠠᠢ ᠰᠡᠳᠣᠪᠳᠣ ᠬᠤᠷᠠᠯ ᠬᠤᠷᠠᠯᠳᠣᠭᠤᠯᠵᠣ ᠪᠣᠳᠠᠳᠣ ᠠᠰᠠᠭᠤᠳᠠᠯ ᠢ ᠰᠢᠢᠳᠪᠣᠷᠢᠯᠡᠬᠦ ᠠᠷᠭ᠎ᠠ ᠪᠠᠷᠢᠯ ᠪᠠ ᠠᠷᠭ᠎ᠠ ᠵᠠᠮ ᠢ ᠵᠠᠳᠠᠯᠣᠨ ᠰᠣᠳᠣᠯᠵᠤ ᠪᠠᠶᠢᠨ᠎ᠠ᠃
 
ᠢᠷᠡᠯᠲᠡ᠄ ᠭᠠᠯᠠᠭᠤᠲᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号