ᠠᠵᠣ ᠦᠢᠯᠡᠰ ᠬᠦᠭᠵᠢᠭᠰᠡᠨ᠂ ᠠᠮᠢ ᠠᠬᠤᠢ ᠨᠢ ᠤᠷᠤᠰᠢᠨ ᠰᠠᠭᠤᠷᠢᠰᠢᠬᠤ ᠳᠤ ᠲᠤᠬᠢᠷᠠᠮᠵᠢᠳᠠᠢ᠂ ᠨᠤᠳᠤᠭ | ᠤᠨ ᠵᠠᠩᠰᠢᠯ ᠪᠤᠯᠪᠠᠰᠤᠨ᠂ ᠵᠠᠰᠠᠯᠳᠡ ᠨᠢ ᠪᠦᠳᠦᠮᠵᠢᠳᠡᠢ᠂ ᠠᠮᠢᠳᠤᠷᠠᠯ ᠨᠢ ᠪᠠᠶᠠᠨ ᠴᠢᠨᠡᠬᠡᠯᠢᠭ ᠶᠡᠷᠦᠩᠭᠡᠢ ᠱᠠᠭᠠᠷᠳᠠᠯᠭ᠎ᠠ | ᠶᠤᠰᠤᠭᠠᠷ᠂ ᠤᠯᠠᠭᠠᠨᠳᠤᠯᠤᠭᠠᠢ ᠪᠠᠯᠭᠠᠰᠤ ᠮᠠᠯᠵᠢᠬᠤ ᠲᠠᠷᠢᠶᠠᠯᠠᠬᠤ ᠤᠷᠤᠨ ᠤ ᠨᠢᠭᠡ ᠬᠤᠶᠠᠷ ᠭᠤᠷᠪᠠᠳᠤᠭᠠᠷ ᠠᠵᠤ | ᠦᠢᠯᠡᠰ ᠤᠨ ᠠᠭᠤᠰᠤᠯᠴᠠᠯ ᠤᠨ ᠬᠦᠭᠵᠢᠯᠳᠡ ᠶᠢ ᠢᠳᠡᠪᠬᠢᠳᠡᠢ ᠲᠦᠯᠬᠢᠨ ᠠᠬᠢᠭᠤᠯᠤᠨ᠂ ᠬᠦᠳᠡᠭᠡ ᠲᠤᠰᠬᠤᠨ ᠢ | ᠡᠳ᠋ ᠮᠦᠩᠭᠦ ᠬᠤᠷᠠᠮᠳᠤᠭᠰᠠᠨ᠂ ᠴᠢᠳᠠᠪᠤᠷᠢᠳᠠᠨ ᠴᠤᠭᠯᠠᠷᠠᠭᠰᠠᠨ ᠭᠠᠵᠠᠷ ᠪᠤᠯᠭᠠᠬᠤ ᠪᠠᠷ ᠬᠦᠴᠦᠯᠡᠨ᠂ ᠮᠠᠯᠵᠢᠬᠤ | ᠲᠠᠷᠢᠶᠠᠯᠠᠬᠤ ᠤᠷᠤᠨ ᠤ ᠦᠷᠭᠡᠨ ᠠᠭᠤᠳᠠᠮ ᠲᠠᠯ᠎ᠠ ᠨᠤᠳᠤᠭ ᠲᠡᠭᠡᠷ᠎ᠡ ᠨᠡᠩ ᠰᠠᠶᠢᠨ ᠦᠢᠯᠡᠰ ᠪᠦᠳᠦᠭᠡᠭᠦ ᠪᠠᠷ | ᠴᠢᠷᠮᠠᠶᠢᠵᠤ ᠪᠠᠶᠢᠨ᠎ᠠ᠃ | ᠨᠢᠭᠡ ᠳᠤ᠂ ᠮᠠᠯ ᠲᠠᠷᠢᠶᠠᠯᠠᠩ ᠤᠨ ᠠᠵᠤ ᠠᠬᠤᠢ ᠶᠢᠨ ᠠᠵᠤ ᠦᠢᠯᠡᠰ ᠤᠨ ᠪᠦᠳᠦᠴᠡ ᠶᠢᠨ | ᠲᠤᠬᠢᠷᠠᠭᠤᠯᠤᠯᠳᠠ ᠶᠢ ᠠᠬᠢᠭᠤᠯᠵᠤ ᠪᠠᠶᠢᠨ᠎ᠠ᠃ ᠴᠢᠨᠠᠷᠵᠢᠭᠤᠨ ᠪᠤᠷᠳᠤᠭᠤᠷ ᠤᠨ ᠢᠨᠵᠧᠨᠧᠷᠢᠩ ᠢ ᠬᠡᠷᠡᠭᠵᠢᠬᠦᠯᠵᠦ᠂ | 《ᠪᠤᠷᠳᠤᠭᠤᠷ ᠢᠶᠠᠷ ᠠᠮᠤ ᠪᠤᠳᠠᠭ᠎ᠠ ᠶᠢ ᠤᠷᠤᠯᠠᠭᠤᠯᠬᠤ》ᠲᠠᠷᠢᠶᠠᠯᠠᠬᠤ ᠬᠡᠯᠪᠡᠷᠢ ᠶᠢ ᠢᠳᠡᠪᠬᠢᠳᠡᠢ ᠠᠬᠢᠭᠤᠯᠤᠨ᠂ | ᠮᠠᠯᠴᠢᠨ ᠲᠠᠷᠢᠶᠠᠴᠢᠳ ᠢ ᠨᠤᠭᠤᠭᠠᠨ ᠪᠤᠷᠳᠤᠭ᠎ᠠ ᠶᠢᠨ ᠡᠷᠳᠡᠨᠢ ᠰᠢᠰᠢ᠂ ᠴᠠᠷᠭᠠᠰᠤ ᠵᠡᠷᠭᠡ ᠪᠤᠷᠳᠤᠭᠤᠷ ᠤᠨ ᠲᠠᠷᠢᠮᠠᠯ | ᠤᠨ ᠲᠠᠯᠠᠪᠠᠢ ᠪᠠᠨ ᠶᠡᠬᠡᠰᠬᠡᠬᠦ ᠶᠢ ᠵᠢᠯᠤᠭᠤᠳᠴᠤ᠂ ᠠᠮᠤ ᠪᠤᠳᠠᠭ᠎ᠠ᠂ ᠠᠵᠤ ᠠᠬᠤᠢ ᠶᠢᠨ ᠲᠠᠷᠢᠮᠠᠯ᠂ ᠪᠤᠷᠳᠤᠭᠤᠷ ᠤᠨ | ᠬᠠᠷᠢᠴᠠᠯ ᠢ ᠰᠢᠯᠢᠳᠡᠭᠵᠢᠬᠦᠯᠦᠨ 7.9᠄ 0.6᠄ 1.5 ᠪᠤᠯᠭᠠᠵᠤ᠂ ᠮᠠᠯ ᠲᠠᠷᠢᠶᠠᠯᠠᠩ ᠤᠨ ᠠᠵᠤ ᠠᠬᠤᠢ | ᠶᠢᠨ《ᠡᠮᠤᠨᠡᠳᠤ ᠤᠮᠠᠷᠠᠳᠤ ᠶᠢᠨ ᠲᠡᠭᠡᠭᠰᠢᠯᠡᠯᠳᠡ》 ᠶᠢᠨ ᠢᠨᠵᠧᠨᠧᠷᠢᠩ ᠢ ᠬᠡᠷᠡᠭᠵᠢᠬᠦᠯᠦᠨ᠂ ᠬᠤᠶᠢᠳᠤ ᠬᠡᠰᠡᠭ ᠤᠨ | ᠤᠷᠳᠤᠰ ᠤᠨ ᠨᠠᠷᠢᠨ ᠨᠤᠤᠰᠤᠳᠤ ᠬᠤᠨᠢ ᠲᠡᠵᠢᠬᠡᠨ ᠦᠷᠡᠵᠢᠬᠦᠯᠬᠦ ᠭᠤᠤᠯ ᠭᠠᠷᠤᠯᠳᠠ ᠶᠢᠨ ᠤᠷᠤᠨ ᠪᠤᠯᠤᠨ ᠡᠮᠤᠨᠡᠳᠤ | ᠬᠡᠰᠡᠭ ᠤᠨ ᠭᠠᠭ᠋ᠠᠢ ᠲᠡᠵᠢᠬᠡᠨ ᠦᠷᠡᠵᠢᠬᠦᠯᠬᠦ ᠲᠦᠪ ᠤᠷᠤᠨ ᠤ ᠪᠦᠳᠦᠭᠡᠨ ᠪᠠᠶᠢᠭᠤᠯᠤᠯᠳᠠ ᠶᠢ ᠦᠷᠬᠦᠯᠵᠢᠯᠡᠨ | ᠠᠬᠢᠭᠤᠯᠵᠤ᠂ ᠪᠠᠶᠠᠨᠰᠢᠯᠢ ᠭᠠᠴᠠᠭᠠᠨ ᠤ 30 ᠡᠷᠦᠬᠡ ᠶᠢᠨ ᠬᠠᠰᠢᠶ᠎ᠠ ᠰᠠᠷᠠᠪᠴᠢᠨ ᠤ ᠪᠦᠳᠦᠬᠡᠨ ᠪᠠᠶᠢᠭᠤᠯᠤᠯᠳᠠ ᠶᠢᠨ | ᠲᠦᠷᠦᠯ ᠵᠦᠢᠯ ᠢ ᠬᠡᠷᠡᠭᠵᠢᠬᠦᠯᠦᠨ᠂ ᠲᠠᠯ᠎ᠠ ᠨᠤᠳᠤᠭ ᠤᠨ ᠤᠯᠠᠭᠠᠨ ᠦᠬᠡᠷ ᠤᠨ ᠲᠡᠵᠢᠭᠡᠨ ᠦᠷᠡᠵᠢᠬᠦᠯᠬᠦ ᠬᠡᠪᠴᠢᠶ᠎ᠡ | ᠶᠢ ᠲᠠᠰᠤᠷᠠᠯᠳᠠ ᠦᠬᠡᠢ ᠦᠷᠭᠡᠳᠬᠡᠵᠤ᠂ ᠤᠷᠳᠤᠰ ᠤᠨ ᠨᠠᠷᠢᠨ ᠨᠤᠤᠰᠤᠳᠤ ᠬᠤᠨᠢ᠂ ᠭᠠᠭ᠋ᠠᠢ᠂ ᠲᠠᠯ᠎ᠠ ᠨᠤᠳᠤᠭ ᠤᠨ | ᠤᠯᠠᠭᠠᠨ ᠦᠬᠡᠷ ᠭᠤᠷᠪᠠᠨ ᠶᠡᠭᠡ ᠮᠠᠯ ᠠᠵᠤ ᠠᠬᠤᠢ ᠶᠢᠨ ᠭᠤᠤᠯᠯᠠᠬᠤ ᠠᠵᠤ ᠦᠢᠯᠡᠰ ᠪᠦᠷᠢᠯᠳᠤᠬᠦ ᠶᠢ ᠠᠬᠢᠭᠤᠯᠤᠨ᠂ | ᠮᠠᠯᠵᠢᠯ ᠲᠠᠷᠢᠶᠠᠯᠠᠩ ᠤᠶᠠᠯᠳᠤᠭᠰᠠᠨ᠂ ᠲᠠᠷᠢᠵᠤ ᠲᠡᠵᠢᠭᠡᠬᠦ ᠤᠷᠴᠢᠯᠳᠤᠭᠰᠠᠨ᠂ ᠡᠪᠡᠰᠤ ᠲᠠᠷᠢᠶ᠎ᠠ ᠬᠠᠷᠠᠭᠠᠯᠵᠠᠭᠰᠠᠨ | ᠰᠢᠨ᠎ᠡ ᠮᠠᠶ᠋ᠢᠭ ᠤᠨ ᠮᠠᠯ ᠲᠠᠷᠢᠶᠠᠯᠠᠩ ᠤᠨ ᠠᠵᠤ ᠠᠬᠤᠢ ᠶᠢᠨ ᠪᠦᠳᠦᠴᠡ ᠶᠢ ᠠᠯᠭᠤᠷ ᠢᠶᠠᠷ ᠪᠠᠶᠢᠭᠤᠯᠵᠤ ᠪᠠᠶᠢᠨ᠎ᠠ᠃ | 《ᠭᠤᠣᠯᠳᠠᠯᠭᠠᠳᠦ ᠠᠵᠤ ᠦᠢᠯᠡᠰ ᠢ ᠳᠡᠮᠵᠢᠬᠦ ᠰᠠᠭᠤᠷᠢ ᠮᠦᠩᠬᠦ》 ᠶᠢ ᠨᠢᠭᠡᠳᠤᠯᠵᠢᠬᠦᠯᠦᠨ ᠲᠡᠭᠦᠯᠳᠡᠷᠵᠢᠬᠦᠯᠵᠦ᠂ | ᠭᠤᠤᠯᠳᠠᠭᠤ ᠭᠤᠷᠪᠠᠨ ᠶᠡᠭᠡ ᠮᠠᠯ ᠠᠵᠤ ᠠᠬᠤᠢ ᠶᠢᠨ ᠭᠤᠤᠯᠯᠠᠬᠤ ᠠᠵᠤ ᠦᠢᠯᠡᠰ ᠤᠨ ᠲᠡᠵᠢᠭᠡᠨ ᠦᠷᠡᠵᠢᠬᠦᠯᠬᠦ | ᠰᠢᠨ᠎ᠡ ᠡᠷᠦᠬᠡ ᠪᠤᠯᠤᠨ ᠵᠢᠱᠢᠶᠡᠴᠢ ᠡᠷᠦᠬᠡ ᠳᠤ ᠲᠦᠪᠯᠡᠷᠡᠭᠦᠯᠵᠦ᠂ ᠮᠠᠯᠴᠢᠨ ᠲᠠᠷᠢᠶᠠᠴᠢᠳ ᠢ ᠤᠬᠠᠮᠰᠠᠷ ᠠᠴᠠ ᠪᠠᠨ | ᠭᠤᠤᠯᠳᠠᠯᠭᠠᠳᠤ ᠠᠵᠤ ᠦᠢᠯᠡᠰ ᠤᠨ ᠬᠦᠭᠵᠢᠯᠳᠡ ᠳᠤ ᠤᠷᠤᠯᠴᠠᠬᠤ ᠶᠢ ᠵᠤᠷᠢᠭᠵᠢᠭᠤᠯᠵᠤ ᠪᠠᠶᠢᠨ᠎ᠠ᠃ | ᠬᠤᠶᠠᠷ ᠲᠤ᠂ ᠰᠢᠨ᠎ᠡ ᠮᠠᠶ᠋ᠢᠭ ᠤᠨ ᠬᠤᠷᠰᠢᠶᠠᠵᠢᠭᠰᠠᠨ ᠡᠵᠡᠩᠨᠡᠯᠳᠡ ᠶᠢᠨ ᠪᠡᠶᠡᠴᠢ ᠴᠤᠭᠴᠠ ᠶᠢ | ᠪᠤᠶᠢᠵᠢᠭᠤᠯᠵᠤ ᠪᠠᠶᠢᠨ᠎ᠠ᠃ ᠭᠠᠵᠠᠷ ᠰᠢᠷᠤᠢ ᠶᠢᠨ ᠡᠷᠬᠡ ᠶᠢ ᠨᠤᠳᠠᠯᠠᠨ ᠲᠠᠩᠰᠠᠯᠠᠵᠤ ᠦᠨᠡᠮᠯᠡᠯ ᠤᠯᠭᠤᠬᠤ ᠪᠠ ᠨᠤᠳᠤᠭ | ᠪᠡᠯᠴᠢᠭᠡᠷ ᠤᠨ ᠡᠷᠬᠡ ᠶᠢ ᠨᠤᠳᠠᠯᠠᠨ ᠲᠠᠭᠠᠭᠠᠴᠢᠯᠠᠭᠤᠯᠬᠤ ᠠᠵᠢᠯ ᠢ ᠯᠠᠪᠳᠠᠭᠤᠨ ᠢᠶᠠᠷ ᠠᠬᠢᠭᠤᠯᠵᠤ᠂ ᠢᠯᠠᠯᠲᠠ | ᠲᠤᠰᠬᠤᠨ ᠤ ᠭᠠᠵᠠᠷ ᠰᠢᠷᠤᠢ ᠡᠮᠬᠢᠯᠡᠨ ᠨᠢᠬᠡᠳᠬᠡᠬᠦ ᠶᠢ ᠦᠷᠬᠦᠯᠵᠢᠯᠡᠨ ᠠᠬᠢᠭᠤᠯᠤᠨ᠂ ᠡᠨᠡ ᠵᠢᠯ ᠲᠠᠬᠢᠨ 2000 ᠮᠤ᠋ | ᠭᠠᠵᠠᠷ ᠰᠢᠷᠤᠢ ᠶᠢ ᠨᠢᠬᠡᠳᠬᠡᠵᠤ᠂ ᠢᠯᠠᠯᠲᠠ ᠲᠤᠰᠬᠤᠨ ᠤ ᠦᠭᠡᠷᠡᠴᠢᠯᠡᠯᠳᠡ ᠶᠢᠨ ᠲᠤᠷᠰᠢᠯᠳᠠ ᠶᠢᠨ ᠲᠠᠷᠢᠶ᠎ᠠ ᠶᠢ | ᠪᠠᠶᠢᠭᠤᠯᠵᠤ᠂ ᠪᠦᠬᠦ ᠪᠠᠯᠭᠠᠰᠤᠨ ᠤ ᠭᠠᠵᠠᠷ ᠰᠢᠷᠤᠢ ᠶᠢᠨ ᠬᠡᠪᠴᠢᠶᠡᠵᠢᠭᠰᠡᠨ ᠠᠰᠢᠭᠯᠠᠯᠳᠠ᠂ ᠪᠠᠷᠢᠮᠵᠢᠶᠠᠵᠢᠭᠰᠠᠨ | ᠦᠢᠯᠡᠳᠪᠤᠷᠢᠯᠠᠯ᠂ ᠡᠷᠴᠢᠮᠵᠢᠭᠰᠡᠨ ᠬᠦᠭᠵᠢᠯᠳᠡ ᠶᠢ ᠲᠠᠶᠢᠴᠢᠯᠠᠵᠤ ᠪᠠᠶᠢᠨ᠎ᠠ᠃《ᠲᠤᠯᠤᠭᠠᠶᠢᠯᠠᠭᠴᠢ ᠠᠵᠤ ᠠᠬᠤᠶᠢᠯᠠᠯ | + ᠡᠭᠦᠷ + ᠬᠤᠷᠰᠢᠶᠠᠵᠢᠯ + ᠮᠠᠯᠴᠢᠨ ᠲᠠᠷᠢᠶᠠᠴᠢᠳ》ᠤᠯᠠᠨ ᠡᠰᠢᠳᠤ ᠠᠰᠢᠭ ᠲᠤᠰᠠ ᠪᠠᠨ ᠬᠤᠯᠪᠤᠬᠤ ᠵᠠᠭᠪᠤᠷ | ᠢ ᠢᠳᠡᠪᠬᠢᠳᠡᠢ ᠰᠦᠪᠡᠭᠴᠢᠯᠡᠨ᠂ ᠲᠠᠷᠢᠵᠤ ᠲᠡᠵᠢᠬᠡᠬᠦ ᠲᠤᠮᠤ ᠡᠷᠦᠬᠡ᠂ ᠭᠡᠷ ᠪᠦᠯᠢ ᠶᠢᠨ ᠮᠠᠯᠵᠢᠯ ᠲᠠᠷᠢᠶᠠᠯᠠᠩ ᠤᠨ | ᠲᠠᠯᠠᠪᠠᠢ᠂ ᠮᠠᠯᠴᠢᠨ ᠲᠠᠷᠢᠶᠠᠴᠢᠳ ᠤᠨ ᠬᠤᠷᠰᠢᠶᠠᠵᠢᠯ ᠵᠡᠷᠭᠡ ᠬᠡᠪᠴᠢᠶᠡᠵᠢᠭᠰᠡᠨ ᠡᠵᠡᠩᠨᠡᠯᠳᠡ ᠶᠢᠨ ᠪᠡᠶᠡᠴᠢ ᠴᠤᠭᠴᠠ | ᠶᠢ ᠶᠡᠭᠡ ᠬᠦᠴᠦᠨ ᠢᠶᠠᠷ ᠬᠦᠮᠦᠵᠢᠬᠦᠯᠦᠨ᠂ ᠠᠳᠠᠭ ᠲᠤ ᠪᠠᠨ 50 ᠲᠦᠮᠡᠨ ᠲᠦᠭᠦᠷᠢᠭ ᠵᠠᠷᠤᠴᠠᠭᠤᠯᠤᠨ10 ᠡᠷᠦᠬᠡ | ᠠᠴᠠ ᠲᠡᠭᠡᠭᠰᠢ ᠰᠢᠨ᠎ᠡ ᠮᠠᠶ᠋ᠢᠭ ᠤᠨ ᠡᠵᠡᠩᠨᠡᠯᠳᠡ ᠶᠢᠨ ᠪᠡᠶᠡᠴᠢ ᠴᠤᠭᠴᠠ ᠶᠢᠨ ᠬᠦᠭᠵᠢᠯᠳᠡ ᠶᠢ ᠲᠡᠮᠵᠢᠵᠤ᠂ ᠮᠠᠯᠴᠢᠨ | ᠲᠠᠷᠢᠶᠠᠴᠢᠳ ᠢ ᠲᠠᠶᠢᠴᠢᠯᠠᠨ ᠤᠯᠠᠨ ᠶᠠᠩᠵᠤ ᠶᠢᠨ ᠬᠤᠯᠪᠤᠭ᠎ᠠ ᠬᠠᠮᠳᠤᠷᠠᠯᠴᠠᠭ᠎ᠠ ᠶᠠᠪᠤᠭᠤᠯᠬᠤ ᠶᠢ ᠲᠠᠶᠢᠴᠢᠯᠠᠵᠤ | ᠪᠠᠶᠢᠨ᠎ᠠ᠃《 ᠢᠨᠲ᠋ᠧᠷ ᠰᠦᠯᠵᠢᠶ᠎ᠡ +》 ᠢ ᠠᠰᠢᠭᠯᠠᠨ ᠮᠡᠳᠡᠭᠡ ᠵᠠᠩᠬᠢ ᠶᠢᠨ ᠦᠢᠯᠡᠴᠢᠯᠡᠬᠡᠨ ᠤ ᠲᠠᠪᠴᠠᠩ ᠢ | ᠰᠦᠪᠡᠭᠴᠢᠯᠡᠨ ᠪᠠᠶᠢᠭᠤᠯᠵᠤ᠂ ᠮᠠᠯᠴᠢᠨ ᠲᠠᠷᠢᠶᠠᠴᠢᠳ ᠢ ᠬᠠᠪᠰᠤᠷᠤᠨ ᠬᠤᠳᠠ ᠪᠠᠯᠭᠠᠰᠤᠨ ᠤ ᠰᠠᠭᠤᠭᠠᠯᠢ ᠠᠷᠠᠳ ᠤᠨ | ᠠᠮᠢᠳᠤᠷᠠᠯ ᠤᠨ ᠬᠡᠷᠡᠭᠴᠡᠭᠡ ᠲᠠᠢ ᠰᠢᠭᠤᠳ ᠵᠤᠯᠭᠠᠯᠳᠤᠭᠤᠯᠤᠨ᠂ ᠵᠤᠷᠰᠢᠯᠳᠤ ᠮᠠᠯ ᠲᠠᠷᠢᠶᠠᠯᠠᠩ ᠤᠨ ᠠᠵᠤ ᠠᠬᠤᠢ᠂ | ᠮᠠᠯ ᠲᠠᠷᠢᠶᠠᠯᠠᠩ ᠤᠨ ᠠᠵᠤ ᠠᠬᠤᠢ ᠪᠠᠨ ᠲᠠᠨᠢᠬᠤ᠂ ᠮᠠᠯ ᠲᠠᠷᠢᠶᠠᠯᠠᠩ ᠤᠨ ᠠᠵᠤ ᠠᠬᠤᠢ ᠪᠠᠨ ᠪᠡᠶᠡᠴᠢᠯᠡᠨ | ᠤᠶᠢᠯᠠᠭᠠᠬᠤ ᠶᠢ ᠬᠦᠭᠵᠢᠬᠦᠯᠵᠦ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠲᠤᠭᠳᠠᠪᠤᠷᠢᠳᠤ ᠬᠠᠩᠭᠠᠯᠭ᠎ᠠ | ᠬᠡᠷᠡᠭᠴᠡᠭᠡᠨ ᠤ ᠠᠰᠢᠭᠯᠠᠯᠴᠠᠬᠤ ᠴᠤᠭᠴᠠ ᠪᠤᠯᠤᠨ ᠪᠦᠷᠢᠯᠳᠤᠬᠦ ᠶᠢ ᠠᠬᠢᠭᠤᠯᠤᠨ᠂ ᠬᠤᠳᠠ ᠪᠠᠯᠭᠠᠰᠤᠨ ᠤ ᠰᠠᠭᠤᠭᠠᠯᠢ | ᠠᠷᠠᠳ ᠢ ᠰᠠᠨᠠᠭ᠎ᠠ ᠠᠮᠤᠷ ᠪᠤᠬᠢᠷᠳᠤᠯ ᠦᠭᠡᠢ ᠦᠢᠯᠡᠳᠬᠦᠨ ᠢᠳᠡᠭᠦᠯᠵᠦ᠂ ᠮᠠᠯᠴᠢᠨ ᠲᠠᠷᠢᠶᠠᠴᠢᠳ ᠢ ᠵᠠᠬ᠎ᠠ ᠲᠡᠯᠭᠡᠭᠦᠷ | ᠤᠨ ᠦᠨ᠎ᠡ ᠠᠴᠠ ᠦᠨᠳᠤᠷ ᠲᠤᠭᠳᠠᠭᠤᠨ ᠤᠷᠤᠯᠭ᠎ᠠ ᠤᠯᠭᠤᠬᠤ ᠪᠠᠷ ᠴᠢᠷᠮᠠᠶᠢᠵᠤ ᠪᠠᠶᠢᠨ᠎ᠠ᠃ | ᠭᠤᠷᠪᠠ ᠳᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠳᠦᠭᠡᠭᠳᠡᠬᠦᠨ ᠤ ᠲᠦᠷᠦᠯ ᠲᠡᠮᠳᠡᠭ ᠤᠨ | ᠪᠠᠶᠢᠭᠤᠯᠤᠯᠳᠠ ᠶᠢ ᠴᠢᠩᠭᠠᠳᠬᠠᠵᠤ ᠪᠠᠶᠢᠨ᠎ᠠ᠃ 《ᠬᠤᠸᠠᠩ ᠰᠢᠶᠠᠩ》ᠭᠠᠭ᠋ᠠᠢ ᠪᠤᠯᠤᠨ ᠤᠷᠳᠤᠰ ᠤᠨ ᠨᠠᠷᠢᠨ | ᠨᠤᠤᠰᠤᠳᠤ ᠬᠤᠨᠢᠨ ᠤ ᠳᠦᠷᠦᠯ ᠳᠡᠮᠳᠡᠭ ᠤᠨ ᠦᠷᠳᠡᠭ ᠢ ᠬᠦᠨᠵᠡᠭᠡᠢ ᠠᠭᠤᠳᠠᠯᠠᠨ᠂ ᠪᠤᠷᠤ ᠴᠠᠷᠭᠠᠰᠤ ᠳᠡᠵᠢᠭᠡᠭᠰᠡᠨ | ᠭᠠᠭ᠋ᠠᠢ᠂ ᠰᠢᠯᠢ ᠭᠠᠵᠠᠷ ᠤᠨ ᠬᠤᠨᠢ ᠵᠡᠷᠭᠡ ᠶᠢ ᠲᠡᠵᠢᠭᠡᠨ ᠦᠷᠡᠵᠢᠭᠦᠯᠬᠦ ᠬᠡᠪᠴᠢᠶ᠎ᠠ ᠪᠠᠨ ᠦᠷᠭᠡᠳᠬᠡᠨ᠂ ᠰᠢᠯᠢᠳᠡᠭ | ᠡᠭᠦᠯᠳᠡᠷ ᠢ ᠤᠷᠤᠭᠤᠯᠤᠨ ᠲᠠᠯ᠎ᠠ ᠨᠤᠳᠤᠭ ᠤᠨ ᠤᠯᠠᠭᠠᠨ ᠦᠬᠡᠷ ᠤᠨ ᠲᠦᠷᠦᠯ ᠢ ᠰᠠᠶᠢᠵᠢᠷᠠᠭᠤᠯᠤᠨ᠂ ᠴᠢᠨᠠᠷᠵᠢᠭᠤᠨ | ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠳᠦᠭᠡᠭᠳᠡᠬᠦᠨ ᠤ ᠶᠡᠷᠦᠩᠬᠡᠢ ᠬᠡᠮᠵᠢᠶ᠎ᠡ ᠶᠢ ᠨᠡᠮᠡᠭᠳᠡᠬᠦᠯᠬᠦ ᠶᠢ ᠠᠬᠢᠭᠤᠯᠵᠤ | ᠪᠠᠶᠢᠨ᠎ᠠ᠃《ᠤᠯᠠᠭᠠᠨᠳᠤᠯᠤᠭᠠᠢ ᠶᠢᠨ ᠭᠠᠷ ᠦᠢᠯᠡᠳᠪᠤᠷᠢ》 ᠶᠢᠨ ᠲᠦᠷᠦᠯ ᠳᠡᠮᠳᠡᠭ ᠤᠨ ᠪᠦᠳᠦᠭᠡᠨ ᠪᠠᠶᠢᠭᠤᠯᠤᠯᠳᠠ | ᠶᠢ ᠰᠠᠶᠢᠳᠤᠷ ᠠᠳᠬᠤᠨ᠂《 ᠤᠯᠠᠭᠠᠨᠳᠤᠯᠤᠭᠠᠢ ᠶᠢᠨ ᠭᠠᠷ ᠦᠢᠯᠡᠳᠪᠦᠷᠢ ᠪᠠᠷ ᠦᠢᠯᠡᠰ ᠪᠣᠰᠬᠠᠬᠤ ᠰᠠᠭᠤᠷᠢ ᠮᠦᠩᠬᠦ | 》 ᠶᠢ ᠰᠠᠶᠢᠳᠤᠷ ᠠᠰᠢᠭᠯᠠᠨ᠂ ᠱᠠᠩᠨᠠᠯ ᠢᠶᠠᠷ ᠪᠡᠯᠡ ᠮᠦᠩᠭᠦ ᠶᠢ ᠤᠷᠤᠯᠠᠬᠤ ᠠᠷᠭ᠎ᠠ ᠪᠠᠷ 2 ᠤᠯᠠᠮᠵᠢᠯᠠᠯᠳᠤ ᠭᠠᠷ | ᠦᠢᠯᠡᠳᠪᠤᠷᠢ ᠶᠢᠨ ᠬᠤᠷᠰᠢᠶᠠᠵᠢᠯ ᠢ ᠪᠠᠶᠢᠭᠤᠯᠵᠤ᠂ ᠭᠠᠷ ᠦᠢᠯᠡᠳᠪᠦᠷᠢ ᠪᠠᠷ ᠦᠢᠯᠡᠰ ᠪᠤᠰᠬᠠᠭᠰᠠᠨ 10 —20 | ᠵᠢᠱᠢᠶᠡᠴᠢ ᠡᠷᠦᠬᠡ ᠶᠢ ᠪᠤᠢ ᠪᠤᠯᠭᠠᠵᠤ᠂ ᠡᠬᠦᠪᠡᠷ ᠨᠡᠩ ᠠᠷᠪᠢᠨ ᠮᠠᠯᠴᠢᠨ ᠲᠠᠷᠢᠶᠠᠴᠢᠨ ᠤ ᠭᠠᠷ ᠦᠢᠯᠡᠳᠪᠦᠷᠢ ᠶᠢ | ᠬᠦᠭᠵᠢᠭᠦᠯᠬᠦ ᠶᠢ ᠲᠠᠶᠢᠴᠢᠯᠠᠵᠤ᠂ ᠰᠢᠤᠳᠠᠨ᠂ ᠡᠯᠧᠺᠲᠷᠤᠨ ᠬᠤᠳᠠᠯᠳᠤᠭᠠᠨ ᠤ ᠬᠦᠳᠡᠭᠡ ᠪᠠᠭᠤᠬᠤ ᠶᠢ ᠢᠳᠡᠪᠬᠢᠳᠡᠢ | ᠵᠢᠯᠤᠭᠤᠳᠴᠦ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠳᠤᠭᠡᠭᠳᠡᠭᠦᠨ ᠤ ᠠᠷᠠᠯᠵᠢᠶᠠᠨ ᠤ ᠵᠠᠬ᠎ᠠ ᠲᠡᠯᠭᠡᠬᠦᠷ | ᠪᠠᠶᠢᠭᠤᠯᠬᠤ ᠶᠢ ᠢᠳᠡᠪᠬᠢᠳᠡᠢ ᠠᠬᠢᠭᠤᠯᠤᠨ᠂《ᠤᠯᠠᠭᠠᠨᠳᠤᠯᠤᠭᠠᠢ ᠶᠢᠨ ᠭᠠᠷᠤᠯᠳᠠ》 ᠶᠢᠨ ᠦᠢ ᠤᠯᠠᠨ ᠠᠶᠢᠯ | ᠡᠷᠦᠬᠡ ᠳᠤ ᠤᠷᠤᠬᠤ ᠳᠤ ᠲᠦᠬᠦᠮ ᠲᠠᠪᠴᠠᠩ ᠬᠠᠩᠭᠠᠬᠤ ᠪᠠᠷ ᠴᠢᠷᠮᠠᠶᠢᠵᠤ ᠪᠠᠶᠢᠨ᠎ᠠ᠃ ᠭᠠᠵᠠᠷ ᠤᠷᠤᠨ ᠤ ᠨᠡᠶᠢᠳᠡᠮ | ᠬᠡᠷᠡᠭᠯᠡᠬᠦ ᠲᠦᠷᠦᠯ ᠲᠡᠮᠳᠡᠭ ᠢ ᠡᠭᠦᠳᠴᠦ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠳᠤᠭᠡᠭᠳᠡᠭᠦᠨ ᠤ ᠶᠠᠰᠤ | ᠴᠢᠨᠠᠷ ᠠᠮᠤᠷ ᠲᠦᠪᠰᠢᠨ ᠤᠷᠤᠬᠤ ᠲᠤᠭᠳᠠᠴᠠ ᠶᠢ ᠪᠠᠶᠢᠭᠤᠯᠤᠨ᠂ ᠨᠦᠬᠦᠴᠡᠯ ᠳᠤ ᠨᠡᠶᠢᠴᠡᠭᠰᠡᠨ ᠠᠵᠤ ᠠᠬᠤᠶᠢᠯᠠᠯ᠂ | ᠬᠤᠷᠰᠢᠶᠠᠵᠢᠯ᠂ ᠮᠠᠯᠴᠢᠨ ᠲᠠᠷᠢᠶᠠᠴᠢᠨ ᠡᠷᠦᠬᠡ ᠵᠡᠷᠭᠡ ᠶᠢᠨ ᠨᠡᠶᠢᠳᠡᠮ ᠬᠡᠷᠡᠭᠯᠡᠬᠦ ᠲᠦᠷᠦᠯ ᠲᠡᠮᠳᠡᠭ ᠢᠶᠠᠷ ᠵᠠᠬ᠎ᠠ | ᠲᠡᠯᠬᠡᠬᠦᠷ ᠤᠨ ᠦᠷᠢᠰᠤᠯᠳᠤᠭᠡᠨ ᠳᠤ ᠤᠷᠤᠬᠤ ᠶᠢ ᠲᠡᠮᠵᠢᠵᠤ᠂ ᠲᠦᠷᠦᠯ ᠲᠡᠮᠳᠡᠭ ᠠᠴᠠ ᠠᠰᠢᠭ ᠤᠯᠵᠤ᠂ ᠲᠦᠷᠦᠯ | ᠲᠡᠮᠳᠡᠭ ᠢ ᠲᠦᠰᠢᠭᠯᠡᠨ ᠵᠠᠬ᠎ᠠ ᠲᠡᠯᠭᠡᠭᠦᠷ ᠢᠶᠠᠨ ᠦᠷᠬᠡᠳᠬᠡᠵᠤ᠂《 ᠤᠯᠠᠭᠠᠨᠳᠤᠯᠤᠭᠠᠢ ᠶᠢᠨ ᠭᠠᠷᠤᠯᠳᠠ》 ᠶᠢ ᠵᠠᠬ᠎ᠠ | ᠲᠡᠯᠬᠡᠭᠦᠷ ᠤᠨ ᠴᠢᠬᠤᠯᠠ ᠨᠢᠬᠡᠨ《 ᠨᠡᠷᠡᠳᠤ ᠲᠡᠮᠳᠡᠭ》ᠪᠤᠯᠭᠠᠬᠤ ᠪᠠᠷ ᠴᠢᠷᠮᠠᠶᠢᠵᠤ ᠪᠠᠶᠢᠨ᠎ᠠ᠃ | ᠲᠦᠷᠪᠡ ᠳᠤ᠂ ᠠᠵᠢᠯᠴᠢᠨ ᠲᠠᠷᠢᠶᠠᠴᠢᠨ ᠤ ᠨᠢᠭᠡ ᠴᠤᠭᠴᠠᠵᠢᠨ ᠬᠦᠭᠵᠢᠬᠦ ᠶᠢ ᠠᠬᠢᠭᠤᠯᠵᠤ ᠪᠠᠶᠢᠨ᠎ᠠ᠃ ᠠᠵᠦ | ᠣᠶᠢᠯᠡᠳᠪᠦᠷᠢ ᠶᠢᠨ ᠳᠣᠭᠤᠷᠢᠨ ᠳᠤ《ᠣᠶᠢᠯᠡᠴᠢᠯᠡᠭᠡ》 ᠶᠢᠨ ᠠᠵᠢᠯ ᠢᠶᠠᠨ ᠰᠠᠶᠢᠲᠣᠷ ᠬᠢᠵᠣ᠂ ᠠᠷᠭ᠎ᠠ ᠪᠦᠬᠦᠨ ᠢ | ᠰᠦᠪᠡᠭᠴᠢᠯᠡᠨ ᠭᠤᠣᠯᠲᠠᠯᠭᠠᠲᠣ ᠠᠵᠦ ᠣᠶᠢᠯᠡᠳᠪᠦᠷᠢ ᠶᠢᠨ ᠣᠶᠢᠯᠡᠳᠪᠣᠷᠢᠯᠡᠯ ᠤᠨ ᠠᠮᠣᠷ ᠲᠦᠪᠰᠢᠨ ᠢ ᠪᠠᠲᠣᠯᠠᠨ᠂ | ᠪᠠᠶᠠᠠᠭᠤᠣᠯ ᠨᠡᠭᠦᠷᠡᠰᠦᠨ ᠠᠭᠤᠷᠬᠠᠢ ᠶᠢᠨ ᠳᠠᠸᠠᠷ ᠤᠨ ᠨᠡᠭᠦᠷᠡᠰᠦᠨ ᠤ ᠭᠠᠷᠤᠯᠳᠠ ᠶᠢ 800 ᠲᠦᠮᠡᠨ ᠲᠣᠨ ᠳᠤ | ᠬᠦᠷᠭᠡᠬᠦ ᠪᠠᠷ ᠴᠢᠷᠮᠠᠶᠢᠨ᠂ ᠤᠯᠠᠭᠠᠨᠳᠤᠯᠤᠭᠠᠢ ᠶᠢᠨ ᠳᠦᠪᠯᠡᠷᠡᠬᠦᠯᠦᠨ ᠳᠡᠭᠡᠭᠡᠪᠤᠷᠢᠯᠡᠬᠦ ᠦᠷᠳᠡᠭᠡᠨ ᠤ ᠨᠡᠭᠦᠷᠡᠰᠦᠨ | ᠬᠦᠢᠯᠭᠡᠭᠡᠨ ᠤ ᠬᠡᠮᠵᠢᠶ᠎ᠡ ᠶᠢ 200 ᠲᠦᠮᠡᠨ ᠲᠣᠨ ᠢ ᠲᠠᠪᠠᠭᠤᠯᠤᠨ᠂ ᠱᠢ ᠯᠢᠨ ᠬᠢᠮᠢ ᠶᠢᠨ ᠠᠵᠤ ᠦᠢᠯᠡᠳᠪᠤᠷᠢ ᠶᠢᠨ | ᠨᠡᠬᠦᠷᠡᠰᠣ ᠪᠠᠷ ᠮᠧᠲ᠋ᠢᠯ ᠠᠯᠺᠦᠦᠯ ᠣᠶᠢᠯᠡᠳᠪᠣᠷᠢᠯᠡᠬᠦ ᠵᠢᠯ ᠤᠨ ᠬᠡᠮᠵᠢᠶ᠎ᠡ ᠶᠢ 30 ᠲᠦᠮᠡᠨ ᠲᠤᠨ ᠪᠡᠶᠡᠯᠡᠬᠦᠯᠬᠦ ᠪᠠᠷ | ᠴᠢᠷᠮᠠᠶᠢᠵᠤ ᠪᠠᠶᠢᠨ᠎ᠠ᠃ ᠪᠠᠶᠠᠠᠭᠤᠤᠯ ᠭᠠᠴᠠᠭᠠᠨ ᠤ ᠷᠠᠰᠢᠶᠠᠨ ᠤᠰᠤᠨ ᠤ ᠦᠢᠯᠡᠳᠪᠤᠷᠢ᠂ ᠤᠯᠠᠭᠠᠨ ᠲᠤᠭ ᠲᠤᠰᠬᠤᠨ | ᠤ ᠬᠦᠳᠡᠷ ᠤᠨ ᠰᠢᠭᠠᠷᠠᠤ ᠲᠡᠯᠭᠡᠨ ᠬᠠᠳᠠᠭᠠᠬᠤ ᠭᠠᠵᠠᠷ ᠪᠠ ᠪᠠᠶ᠋ᠬᠠᠤᠪᠤᠭ᠎ᠠ ᠮᠦᠬᠦᠯᠢᠭᠳᠦ ᠪᠤᠷᠳᠤᠭ᠎ᠠ ᠪᠤᠯᠪᠠᠰᠤᠷᠠᠭᠤᠯᠬᠤ | ᠦᠢᠯᠡᠳᠪᠤᠷᠢ ᠶᠢ ᠡᠬᠢᠯᠡᠨ ᠪᠠᠶᠢᠭᠤᠯᠵᠤ᠂ ᠮᠠᠯᠴᠢᠨ ᠲᠠᠷᠢᠶᠠᠴᠢᠳ ᠤᠨ ᠤᠷᠤᠯᠭ᠎ᠠ ᠪᠠᠨ ᠨᠡᠮᠡᠭᠳᠡᠭᠦᠯᠦᠨ ᠪᠠᠶᠠᠵᠢᠬᠤ | ᠰᠢᠨ᠎ᠡ《ᠦᠰᠦᠯᠳᠡ ᠶᠢᠨ ᠲᠦᠢᠯᠰᠢᠷᠠᠯ》 ᠢ ᠪᠠᠶᠢᠭᠤᠯᠵᠤ᠂ ᠰᠣᠪᠣᠷᠭ᠎ᠠ ᠠᠵᠣ ᠠᠬᠤᠢ ᠤᠨ ᠨᠡᠭᠡᠭᠡᠯᠳᠠ ᠶᠢᠨ ᠣᠷᠣᠨ | ᠪᠠ ᠲᠤᠳᠤᠭᠠᠳᠤ ᠤᠷᠤᠨ ᠤ ᠡᠯ᠎ᠡ ᠠᠵᠦ ᠣᠶᠢᠯᠡᠳᠪᠦᠷᠢ ᠶᠢᠨ ᠠᠵᠣ ᠠᠬᠤᠶᠢᠯᠠᠯ ᠳᠤ ᠳᠦᠰᠢᠭᠯᠡᠨ᠂ ᠮᠠᠯᠴᠢᠨ | ᠳᠠᠷᠢᠶᠠᠴᠢᠳ ᠢᠶᠠᠨ ᠨᠡᠭᠡᠭᠡᠯᠳᠡ ᠶᠢᠨ ᠤᠷᠤᠨ᠂ ᠪᠠᠯᠭᠠᠰᠤᠨ ᠳᠤᠭᠤᠷᠢᠭ ᠪᠠ ᠠᠵᠤ ᠠᠬᠤᠶᠢᠯᠠᠯ ᠳᠤ ᠴᠢᠨᠠᠷᠯᠢᠭ ᠮᠠᠯ | ᠳᠠᠷᠢᠶᠠᠯᠠᠩ ᠤᠨ ᠪᠦᠳᠦᠭᠡᠭᠳᠡᠭᠦᠨ ᠬᠠᠩᠭᠠᠬᠤ ᠶᠢ ᠵᠣᠷᠢᠭᠵᠢᠭᠤᠯᠣᠨ ᠲᠠᠭᠠᠭᠤᠯᠵᠤ ᠪᠠᠶᠢᠨ᠎ᠠ᠃ ᠮᠠᠯᠴᠢᠨ ᠲᠠᠷᠢᠶᠠᠴᠢᠳ | ᠢ ᠵᠢᠯᠤᠭᠤᠳᠤᠨ ᠪᠠᠷᠠᠭ᠎ᠠ ᠲᠡᠭᠡᠭᠡᠪᠤᠷᠢᠯᠡᠬᠦ ᠶᠢ ᠬᠦᠭᠵᠢᠬᠦᠯᠦᠨ᠂ ᠵᠠᠰᠠᠨ ᠰᠡᠯᠪᠢᠯᠳᠡ᠂ ᠢᠳᠡᠭᠡᠨ ᠣᠮᠳᠠᠭᠠᠨ ᠵᠤᠭ᠎ᠠ | ᠴᠡᠩᠭᠡᠯ᠂ ᠬᠤᠳᠠᠯᠳᠤᠭ᠎ᠠ ᠳᠡᠯᠭᠡᠭᠦᠷ ᠵᠡᠷᠭᠡ ᠶᠢ ᠢᠵᠢ ᠪᠦᠷᠢᠳᠦᠬᠦᠯᠦᠭᠰᠡᠨ ᠣᠶᠢᠯᠡᠴᠢᠯᠡᠭᠡ ᠶᠢ ᠬᠦᠭᠵᠢᠬᠦᠯᠦᠨ᠂ | ᠨᠡᠭᠦᠷᠡᠰᠤᠨ ᠤ ᠬᠦᠢᠯᠭᠡᠭᠡ ᠪᠠᠷ ᠲᠤᠯᠤᠭᠠᠶᠢᠯᠠᠭᠴᠢ ᠪᠤᠯᠭᠠᠨ ᠬᠠᠮᠢᠶ᠎ᠠ ᠪᠦᠬᠦᠢ ᠢᠵᠢ ᠪᠦᠷᠢᠳᠦᠬᠦᠯᠦᠭᠰᠡᠨ | ᠦᠢᠯᠡᠴᠢᠯᠡᠭᠡᠨ ᠤ ᠦᠢᠯᠡᠰ ᠢᠶᠠᠷ ᠰᠠᠭᠤᠷᠢ ᠪᠤᠯᠭᠠᠭᠰᠠᠨ ᠲᠤᠰᠬᠠᠢ ᠦᠢᠯᠡᠴᠢᠯᠡᠬᠡᠨ ᠤ ᠲᠦᠪᠯᠡᠷᠡᠭᠰᠡᠨ ᠤᠷᠤᠨ ᠢ | ᠪᠦᠳᠦᠬᠡᠨ ᠪᠠᠶᠢᠭᠤᠯᠵᠤ᠂ ᠮᠠᠯᠴᠢᠨ ᠳᠠᠷᠢᠶᠠᠴᠢᠨ ᠤ ᠨᠡᠭᠦᠨ ᠰᠢᠯᠵᠢᠯᠳᠡ᠂ ᠳᠤᠭᠳᠠᠭᠤᠨ ᠠᠵᠢᠯ ᠤᠯᠭᠤᠯᠳᠠ᠂ | ᠣᠷᠣᠯᠭ᠎ᠠ ᠶᠢᠨ ᠦᠷᠬᠦᠯᠵᠢᠯᠡᠭᠰᠡᠨ ᠨᠡᠮᠡᠭᠳᠡᠯᠳᠡ ᠶᠢ ᠠᠬᠢᠭᠤᠯᠵᠤ ᠪᠠᠶᠢᠨ᠎ᠠ᠃ ︵ᠤᠯᠠᠭᠠᠨᠳᠤᠯᠤᠭᠠᠢ ᠪᠠᠯᠭᠠᠰᠤ ᠬᠦᠳᠡᠭᠡ | ᠲᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠦᠨᠵᠡᠭᠡᠢ ᠬᠡᠷᠡᠭᠵᠢᠬᠦᠯᠦᠨ᠂ ᠠᠵᠤ ᠠᠬᠤᠢ | ᠶᠢᠨ ᠴᠢᠨᠠᠷ ᠰᠠᠶᠢᠳᠠᠢ ᠬᠦᠭᠵᠢᠯᠳᠡ ᠶᠢ ᠯᠠᠪᠳᠠᠭᠤᠨ ᠢᠶᠠᠷ ᠠᠬᠢᠭᠤᠯᠵᠤ ᠪᠤᠢ᠃ |