ᠬᠠᠮᠤᠭ ᠪᠦᠬᠦᠨ ᠢ ᠤᠮᠳᠠᠯᠠᠳᠠᠭ ᠬᠠᠪᠤᠷ ᠤᠨ ᠰᠠᠶᠢᠬᠠᠨ ᠴᠠᠭ ᠮᠦᠴᠡ ᠳᠤ᠂ ᠨᠠᠮ ᠤᠨ ᠠᠷᠪᠠ ᠶᠢᠰᠤᠳᠤᠭᠡᠷ | ᠶᠡᠭᠡ ᠬᠤᠷᠠᠯ ᠤᠨ ᠵᠤᠷᠢᠭ ᠰᠠᠨᠠᠭ᠎ᠠ ᠪᠤᠯᠤᠨ ᠰᠢ ᠶᠢᠨ ᠫᠢᠩ ᠶᠡᠷᠦᠩᠬᠡᠢ ᠱᠦᠵᠢ ᠶᠢᠨ ︽ᠬᠦᠬᠡᠮᠳᠤᠭ᠌ ᠠᠭᠤᠯᠠ | ᠴᠡᠩᠭᠡᠭ ᠤᠰᠤ ᠪᠤᠯ ᠠᠯᠳᠠ ᠮᠦᠩᠭᠦᠨ ᠠᠭᠤᠯᠠ︾ ᠬᠡᠬᠦ ᠠᠮᠢ ᠠᠬᠤᠢ ᠶᠢᠨ ᠬᠦᠭᠵᠢᠯᠳᠡ ᠶᠢᠨ ᠤᠶᠢᠯᠠᠭᠠᠭᠳᠠᠬᠤᠨ ᠢ | ᠬᠢᠨᠠᠮᠠᠭᠠᠢ ᠲᠤᠤᠱᠯᠠᠭᠤᠯᠤᠨ᠂ ᠠᠮᠢ ᠠᠬᠤᠢ ᠪᠤᠯᠪᠠᠰᠤᠨ ᠤ ᠪᠠᠶᠢᠭᠤᠯᠤᠯᠳᠠ ᠶᠢ ᠤᠯᠠᠮ ᠨᠢᠭᠡ ᠠᠯᠬᠤᠮ ᠠᠬᠢᠭᠤᠯᠬᠤ | ᠶᠢᠨ ᠲᠤᠰᠠᠳᠠ᠂ 4 ᠰᠠᠷ᠎ᠠ ᠶᠢᠨ 3 ᠤ ᠡᠳᠤᠷ᠂ ᠤᠯᠠᠭᠠᠨᠳᠤᠯᠤᠭᠠᠢ ᠪᠠᠯᠭᠠᠰᠤ ᠪᠦᠬᠦ ᠺᠠᠳ᠋ᠷ ᠠᠵᠢᠯᠳᠠᠨ᠂ ︽3 +1 | ︾ ᠬᠠᠷᠢᠯᠴᠠᠨ ᠬᠠᠪᠰᠤᠷᠤᠯᠴᠠᠬᠤ ᠪᠠᠶᠢᠭᠤᠯᠭ᠎ᠠ ᠨᠢᠬᠡᠴᠡ ᠵᠢᠴᠢ ᠪᠠᠯᠭᠠᠰᠤᠨ ᠤ ᠰᠠᠶᠢᠨ ᠲᠤᠷᠠᠴᠤᠤᠯ ᠨᠡᠶᠢᠳᠡ 300 | ᠢᠯᠡᠬᠦᠦ ᠬᠦᠮᠦᠨ ᠢ ᠵᠤᠬᠢᠶᠠᠨ ᠪᠠᠶᠢᠭᠤᠯᠵᠤ᠂ ᠪᠠᠶᠠᠠᠭᠤᠤᠯ ᠭᠠᠴᠠᠭᠠᠨ ᠳᠤ ᠬᠠᠪᠤᠷ ᠤᠨ ᠤᠯᠠᠷᠢᠯ ᠤᠨ ᠠᠯᠪᠠᠨ ᠵᠢᠷᠦᠮ | ᠤᠨ ᠤᠶᠢᠵᠢᠭᠤᠯᠤᠯᠳᠠ ᠶᠢᠨ ᠬᠦᠳᠡᠯᠭᠡᠭᠡᠨ ᠦᠷᠨᠢᠬᠦᠯᠵᠡᠢ᠃ ᠲᠤᠰ ᠤᠳᠠᠭᠠᠨ ᠤ ᠠᠵᠢᠯᠯᠠᠭ᠎ᠠ ᠳᠤ ᠨᠡᠶᠢᠳᠡ 30 | ᠲᠦᠮᠡᠨ ᠪᠤᠳᠠ ᠲᠤᠷᠯᠤᠭ ᠲᠠᠷᠢᠵᠤ᠂ 1000 ᠮᠤ᠋ ᠤᠶᠢᠵᠢᠭᠤᠯᠤᠭᠰᠠᠨ ᠪᠠᠶᠢᠨ᠎ᠠ᠃ ᠠᠬᠤᠢ ᠲᠠᠯᠠᠪᠠᠢ ᠳᠤ ᠲᠠᠶᠠᠭᠠᠷ | ᠢᠶᠠᠨ ᠭᠠᠷ ᠬᠦᠳᠡᠯᠤᠨ ᠲᠤᠬᠠᠢ ᠶᠢᠨ ᠭᠠᠨᠵᠷ ᠤᠨ ᠲᠠᠷᠢᠵᠤ ᠤᠷᠭᠤᠭᠤᠯᠬᠤ ᠮᠡᠷᠭᠡᠵᠢᠯᠳᠡᠨ ᠤ ᠬᠡᠯᠡᠭᠰᠡᠨ ᠶᠤᠰᠤᠭᠠᠷ | ᠡᠮᠬᠢ ᠵᠢᠷᠦᠮ ᠲᠠᠢ ᠶᠠᠭᠠᠷᠠᠯᠳᠤᠨ᠎ᠠ᠃ | ᠠᠵᠢᠯᠯᠠᠭ᠎ᠠ ᠪᠠᠷ ᠲᠠᠮᠵᠢᠨ ᠤᠷᠤᠯᠴᠠᠭᠰᠠᠳ ᠤᠨ ᠠᠮᠢ ᠠᠬᠤᠢ ᠤᠷᠴᠢᠨ ᠲᠤᠭᠤᠷᠢᠨ ᠢᠶᠠᠨ ᠬᠠᠮᠠᠭᠠᠯᠠᠬᠤ | ᠤᠬᠠᠮᠰᠠᠷ ᠢ ᠨᠢ ᠲᠡᠭᠡᠭᠰᠢᠯᠡᠬᠦᠯᠵᠦ᠂ ᠤᠷᠴᠢᠨ ᠲᠤᠭᠤᠷᠢᠨ ᠢᠶᠠᠨ ᠨᠤᠭᠤᠭᠠᠷᠠᠭᠤᠯᠬᠤ ᠬᠠᠷᠢᠭᠤᠴᠠᠯᠭᠠᠳᠤ ᠰᠡᠳᠬᠢᠯᠭᠡ | ᠶᠢ ᠤᠯᠠᠮ ᠨᠢᠭᠡ ᠠᠯᠬᠤᠮ ᠴᠢᠩᠭᠠᠳᠬᠠᠵᠤ᠂ ᠰᠢᠨ᠎ᠡ ᠶᠢ ᠡᠭᠦᠳᠬᠦ᠂ ᠡᠶ᠎ᠡ ᠵᠤᠬᠢᠴᠠᠩᠭᠤᠢ᠂ ᠪᠤᠬᠢᠷᠳᠤᠯ ᠦᠬᠡᠢ᠂ | ᠨᠡᠭᠡᠭᠡᠯᠳᠡ ᠬᠢᠬᠦ᠂ ᠬᠠᠮᠳᠤᠪᠡᠷ ᠡᠳ᠋ᠯᠡᠬᠦ ᠬᠦᠭᠵᠢᠯᠳᠡ ᠶᠢᠨ ᠤᠶᠢᠯᠠᠭᠠᠭᠳᠠᠬᠤᠨ ᠢ ᠪᠠᠳᠤᠳᠬᠠᠵᠤ᠂ ᠠᠵᠠ ᠲᠠᠢ ᠨᠤᠳᠤᠭ | ᠤᠯᠠᠭᠠᠨᠳᠤᠯᠤᠭᠠᠢ ᠪᠠᠨ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ᠂ ᠠᠷᠠᠳ ᠨᠡᠶᠢᠳᠡ ᠪᠠᠷ ᠢᠶᠠᠨ ᠵᠤᠯ ᠵᠢᠷᠭᠠᠯᠳᠤ | ᠰᠢᠨ᠎ᠡ ᠠᠮᠢᠳᠤᠷᠠᠯ ᠢᠶᠠᠨ ᠬᠠᠮᠳᠤᠪᠡᠷ ᠡᠳ᠋ᠯᠡᠬᠦ ᠳᠤ ᠪᠠᠳᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ |