ᠤᠯᠠᠭᠠᠨᠳᠤᠯᠤᠭᠠᠢ ᠪᠠᠯᠭᠠᠰᠤ ᠶᠠᠳᠠᠭᠤ ᠬᠦᠴᠢᠷᠳᠡᠯᠳᠡᠢ ᠡᠷᠦᠬᠡ ᠶᠢᠨ ᠮᠡᠳᠡᠯᠭᠡ ᠴᠢᠳᠠᠪᠤᠷᠢ ᠶᠢᠨ ᠪᠤᠯᠪᠠᠰᠤᠷᠠᠯ ᠵᠢᠴᠢ ᠮᠠᠯ ᠲᠠᠷᠢᠶᠠᠯᠠᠩ ᠤᠨ ᠠᠵᠤ ᠠᠬᠤᠢ ᠶᠢᠨ ᠲᠤᠰᠬᠠᠢ ᠮᠡᠷᠭᠡᠵᠢᠯ ᠤᠨ ᠪᠤᠯᠪᠠᠰᠤᠷᠠᠯ ᠢ ᠡᠷᠬᠢᠯᠡᠨ ᠶᠠᠪᠤᠭᠳᠠᠭᠤᠯᠪᠠ
ᠨᠡᠶᠢᠲᠡᠯᠡᠭᠰᠡᠨ ᠴᠠᠭ᠄
2018-04-18
     ᠨᠠᠮ ᠤᠨ ᠠᠷᠪᠠ ᠶᠢᠰᠤᠳᠤᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠤᠱᠯᠠᠭᠤᠯᠵᠤ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠦᠨᠳᠤᠰᠤᠨ ᠱᠠᠳᠤᠨ ᠳᠤ ᠪᠠᠳᠤ ᠦᠨᠳᠤᠰᠤᠯᠡᠬᠦᠯᠵᠦ ᠠᠵᠤ ᠦᠢᠯᠡᠰ ᠤᠨ ᠪᠦᠳᠦᠴᠨ ᠶᠢᠨ ᠲᠤᠬᠢᠷᠠᠭᠤᠯᠤᠯᠳᠠ ᠶᠢ ᠠᠬᠢᠭᠤᠯᠤᠨ᠂ ᠮᠠᠯᠴᠢᠨ ᠲᠡᠷᠢᠶᠠᠴᠢᠳ ᠤᠨ ᠶᠡᠷᠦᠩᠬᠡᠶᠢᠯᠡᠭᠰᠡᠨ ᠬᠡᠪ ᠴᠢᠨᠠᠷ ᠢ ᠲᠡᠭᠡᠭᠰᠢᠯᠡᠬᠦᠯᠵᠦ᠂ ᠤᠷᠤᠯᠭ᠎ᠠ ᠪᠠᠨ ᠨᠡᠮᠡᠭᠳᠡᠬᠦᠯᠬᠦ ᠵᠠᠮ ᠢ ᠦᠷᠭᠡᠳᠬᠡᠨ᠂ ᠮᠠᠯ ᠲᠠᠷᠢᠶᠠᠯᠠᠩ ᠤᠨ ᠠᠵᠤ ᠠᠬᠤᠢ ᠶᠢᠨ ᠦᠷ᠎ᠡ ᠠᠰᠢᠭ ᠤᠨ ᠲᠡᠭᠡᠭᠰᠢᠯᠡᠯᠳᠡ ᠪᠤᠯᠤᠨ ᠮᠠᠯᠴᠢᠨ ᠲᠠᠷᠢᠶᠠᠴᠢᠳ ᠤᠨ ᠤᠷᠤᠯᠭ᠎ᠠ ᠶᠢ ᠨᠡᠮᠡᠭᠳᠡᠭᠦᠯᠬᠦ ᠶᠢᠨ ᠲᠤᠰᠠᠳᠠ᠂ ᠤᠶᠢᠷ᠎ᠠ ᠶᠢᠨ ᠡᠳᠤᠷ᠂ ᠤᠯᠠᠭᠠᠨᠳᠤᠯᠤᠭᠠᠢ ᠪᠠᠯᠭᠠᠰᠤ ᠶᠠᠳᠠᠭᠤ ᠬᠦᠴᠢᠷᠳᠡᠯᠳᠡᠢ ᠡᠷᠦᠬᠡ ᠶᠢᠨ ᠮᠡᠳᠡᠯᠭᠡ ᠴᠢᠳᠠᠪᠤᠷᠢ ᠶᠢᠨ ᠪᠤᠯᠪᠠᠰᠤᠷᠠᠯ ᠵᠢᠴᠢ ᠮᠠᠯ ᠲᠠᠷᠢᠶᠠᠯᠠᠩ ᠤᠨ ᠠᠵᠤ ᠠᠬᠤᠢ ᠶᠢᠨ ᠲᠤᠰᠬᠠᠢ ᠮᠡᠷᠭᠡᠵᠢᠯ ᠤᠨ ᠪᠤᠯᠪᠠᠰᠤᠷᠠᠯ ᠢ ᠡᠷᠬᠢᠯᠡᠨ ᠶᠠᠪᠤᠭᠳᠠᠭᠤᠯᠪᠠ᠃ ᠡᠯ᠎ᠡ ᠭᠠᠴᠠᠭ᠎ᠠ ᠲᠤᠰᠬᠤᠨ ᠤ ᠲᠠᠷᠢᠮᠠᠯ ᠲᠡᠵᠢᠭᠡᠪᠦᠷᠢ ᠶᠢᠨ ᠡᠷᠦᠬᠡ᠂ ᠮᠠᠯ ᠲᠠᠷᠢᠶᠠᠯᠠᠩ ᠤᠨ ᠠᠵᠤ ᠠᠬᠤᠢ ᠶᠢᠨ ᠰᠢᠨᠵᠢᠯᠡᠬᠦ ᠤᠬᠠᠭᠠᠨ ᠤ ᠲᠤᠷᠰᠢᠯᠳᠠ  ᠶᠢᠨ ᠡᠷᠦᠬᠡ᠂ ᠮᠠᠯ ᠲᠠᠷᠢᠶᠠᠯᠠᠩ ᠤᠨ ᠠᠵᠤ ᠠᠬᠤᠢ ᠶᠢᠨ ᠮᠡᠷᠭᠡᠵᠢᠯᠳᠡᠨ ᠵᠢᠴᠢ ᠶᠠᠳᠠᠭᠤ ᠬᠦᠴᠢᠷᠳᠡᠯᠳᠡᠢ ᠡᠷᠦᠬᠡ ᠪᠤᠯᠪᠠᠰᠤᠷᠠᠯ ᠳᠤ ᠤᠷᠤᠯᠴᠠᠪᠠ᠃      ᠲᠤᠰ ᠤᠳᠠᠭᠠᠨ ᠤ ᠪᠤᠯᠪᠠᠰᠤᠷᠠᠯ ᠳᠤ ᠦᠪᠦᠷ ᠮᠤᠩᠭᠤᠯ ᠤᠨ ᠮᠠᠯ ᠲᠠᠷᠢᠶᠠᠯᠠᠩ ᠤᠨ ᠠᠵᠤ ᠤᠶᠢᠯᠡᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠮᠠᠯᠵᠢᠯ ᠤᠨ ᠰᠢᠨᠵᠢᠯᠡᠭᠡᠨ ᠤ ᠭᠠᠵᠠᠷ ᠤᠨ ᠲᠡᠳ᠋ ᠲᠠᠷᠤᠭ᠎ᠠ ᠯᠢᠦ ᠶᠦᠩ ᠪᠢᠨ ᠫᠷᠤᠹᠧᠰᠰᠤᠷ᠂ ᠮᠠᠯ ᠡᠮᠨᠡᠯᠭᠡ ᠶᠢᠨ ᠰᠤᠳᠤᠯᠬᠤ ᠭᠠᠵᠠᠷ ᠤᠨ ᠲᠡᠳ᠋ ᠲᠠᠷᠤᠭ᠎ᠠ ᠵᠤᠤ ᠱᠢ ᠬᠤᠸᠠ᠂ ᠮᠠᠯ ᠮᠠᠯᠵᠢᠯ  ᠤᠨ ᠰᠢᠨᠵᠢᠯᠡᠭᠡᠨ ᠤ ᠭᠠᠵᠠᠷ ᠤᠨ ᠦᠬᠡᠷ ᠰᠤᠳᠤᠯᠬᠤ ᠲᠠᠰᠤᠭ ᠤᠨ ᠡᠷᠬᠢᠯᠡᠭᠴᠢ ᠸᠠᠩ ᠹᠧᠩ᠂ ᠤᠷᠭᠤᠮᠠᠯ ᠤᠨ ᠰᠢᠮ᠎ᠡ ᠲᠡᠵᠢᠭᠡᠯ ᠪᠤᠯᠤᠨ ᠪᠤᠷᠳᠤᠭᠤᠷ ᠤᠷᠤᠭᠤᠯᠬᠤ ᠰᠤᠳᠤᠯᠬᠤ ᠲᠠᠰᠤᠭ ᠤᠨ ᠡᠷᠬᠢᠯᠡᠭᠴᠢ ᠳ᠋ᠤᠸᠠᠨ ᠢᠦᠢ᠂ ᠢᠳᠡᠰᠢᠨ ᠨᠤᠭᠤᠭ᠎ᠠ ᠰᠤᠳᠤᠯᠬᠤ ᠭᠠᠵᠠᠷ ᠤᠨ ᠲᠦᠬᠦᠭᠡᠷᠦᠮᠵᠢ ᠴᠡᠴᠡᠷᠯᠢᠭᠵᠢᠬᠦᠯᠦᠨ ᠰᠤᠳᠤᠯᠬᠤ ᠲᠠᠰᠤᠭ ᠤᠨ ᠡᠷᠬᠢᠯᠡᠭᠴᠢ ᠵᠢᠶᠠᠩ ᠸᠧᠢ ᠵᠡᠷᠭᠡ ᠲᠠᠪᠤᠨ ᠲᠤᠰᠬᠠᠢ ᠮᠡᠷᠭᠡᠵᠢᠯᠳᠡᠨ ᠢ ᠤᠨᠴᠠᠭᠠᠶᠢᠯᠠᠨ ᠤᠷᠢᠵᠤ ᠲᠠᠶᠠᠭᠠᠷ ᠲᠤ ᠮᠢᠬᠠᠨ ᠬᠤᠨᠢ ᠲᠡᠵᠢᠭᠡᠬᠦ᠂ ᠠᠮᠢᠳᠠᠨ ᠤ ᠬᠢᠵᠢᠭ ᠢ ᠰᠡᠷᠭᠡᠶᠢᠯᠡᠨ ᠵᠠᠰᠠᠬᠤ᠂ ᠮᠢᠬᠠᠨ ᠦᠬᠡᠷ ᠲᠡᠵᠢᠭᠡᠬᠦ᠂ ᠲᠦᠬᠦᠭᠡᠷᠦᠮᠵᠢᠳᠤ ᠲᠠᠷᠢᠶᠠᠯᠠᠩ᠂ ᠬᠦᠷᠦᠰᠦᠨ ᠤ ᠪᠤᠷᠳᠤᠭᠤᠷ ᠵᠡᠷᠭᠡ ᠮᠡᠷᠭᠡᠵᠢᠯ ᠢ ᠨᠠᠷᠢᠯᠢᠭ ᠲᠠᠶᠢᠯᠪᠤᠷᠢᠯᠠᠵᠤ᠂ ᠮᠠᠯᠴᠢᠨ ᠲᠠᠷᠢᠶᠠᠴᠢᠨ ᠤ ᠠᠵᠤ ᠠᠮᠢᠳᠤᠷᠠᠯ ᠲᠤᠮᠳᠠᠬᠢ ᠡᠯ᠎ᠡ ᠵᠦᠢᠯ ᠤᠨ ᠲᠤᠯᠭᠠᠷᠠᠵᠤ ᠪᠠᠶᠢᠭ᠎ᠠ ᠬᠦᠴᠢᠷᠳᠡᠯ ᠢ ᠬᠢᠨᠠᠮᠠᠭᠠᠢ ᠬᠠᠷᠢᠭᠤᠯᠠᠭᠰᠠᠨ ᠪᠠᠶᠢᠨ᠎ᠠ᠃ ᠬᠠᠮᠢᠶ᠎ᠠ ᠪᠦᠬᠦᠢ ᠮᠡᠷᠭᠡᠵᠢᠯᠳᠡᠨ ᠤ ᠨᠠᠷᠢᠯᠢᠭ ᠲᠠᠶᠢᠯᠪᠤᠷᠢᠯᠠᠯᠳᠠ ᠪᠤᠯᠤᠨ ᠠᠮᠢᠳᠤᠯᠢᠭ ᠵᠢᠱᠢᠶ᠎ᠡ ᠬᠠᠪᠰᠤᠷᠭᠠᠭᠰᠠᠨ ᠬᠦᠨᠵᠡᠭᠡᠢ ᠪᠦᠭᠡᠳ ᠤᠶᠢᠯᠠᠭᠠᠮᠵᠢᠳᠠᠢ ᠶᠠᠷᠢᠶ᠎ᠠ ᠨᠢ ᠮᠠᠰᠢ ᠴᠢᠩᠭ᠎ᠠ ᠬᠠᠨᠳᠤᠯᠭᠠᠳᠤ ᠴᠢᠨᠠᠷ ᠲᠠᠢ ᠪᠤᠯᠤᠨ ᠵᠢᠯᠤᠭᠤᠳᠬᠤ ᠴᠢᠨᠠᠷ ᠲᠠᠢ ᠪᠠᠶᠢᠵᠤ᠂ ᠬᠤᠷᠠᠯ ᠳᠤ ᠤᠷᠤᠯᠴᠠᠭᠰᠠᠨ ᠮᠠᠯᠴᠢᠨ ᠲᠠᠷᠢᠶᠠᠴᠢᠳ ᠶᠡᠭᠡ ᠤᠯᠤᠯᠳᠠ  ᠲᠠᠢ ᠪᠤᠯᠤᠭᠰᠠᠨ ᠪᠠᠶᠢᠨ᠎ᠠ᠃      ᠲᠤᠰ ᠤᠳᠠᠭᠠᠨ ᠤ ᠪᠤᠯᠪᠠᠰᠤᠷᠠᠯ ᠨᠢ ᠭᠠᠴᠠᠭ᠎ᠠ ᠲᠤᠰᠬᠤᠨ ᠤ ᠲᠠᠷᠢᠵᠤ ᠲᠡᠵᠢᠭᠡᠬᠦ ᠡᠷᠦᠬᠡ᠂ ᠮᠠᠯ ᠲᠠᠷᠢᠶᠠᠯᠠᠩ  ᠤᠨ ᠠᠵᠤ ᠠᠬᠤᠢ ᠶᠢᠨ ᠰᠢᠨᠵᠢᠯᠡᠬᠦ ᠤᠬᠠᠭᠠᠨ ᠤ ᠲᠤᠷᠰᠢᠯᠳᠠ ᠶᠢᠨ ᠡᠷᠦᠬᠡ᠂ ᠮᠠᠯ ᠲᠠᠷᠢᠶᠠᠯᠠᠩ ᠤᠨ ᠠᠵᠤ ᠠᠬᠤᠢ  ᠶᠢᠨ ᠮᠡᠷᠭᠡᠵᠢᠯᠳᠡᠨ ᠳᠤ ᠲᠦᠷᠦ ᠶᠢᠨ ᠪᠤᠳᠤᠯᠭ᠎ᠠ᠂ ᠮᠡᠷᠭᠡᠵᠢᠯ ᠢ ᠬᠦᠷᠭᠡᠬᠦ ᠶᠢᠨ ᠬᠠᠮᠳᠤ ᠲᠡᠳᠡᠭᠡᠷ ᠤᠨ ᠦᠵᠡᠯ ᠰᠠᠨᠠᠭᠠᠨ ᠤ ᠲᠠᠯ᠎ᠠ ᠪᠠᠷ ᠬᠢ ᠤᠶᠢᠯᠠᠭᠠᠯᠳᠠ ᠶᠢ ᠬᠤᠪᠢᠷᠠᠭᠠᠵᠤ᠂ ᠮᠠᠯᠴᠢᠨ ᠲᠠᠷᠢᠶᠠᠴᠢᠳ ᠤᠨ ᠰᠢᠨᠵᠢᠯᠡᠬᠦ ᠤᠬᠠᠭᠠᠨᠴᠢ ᠰᠤᠶᠣᠯ ᠤᠨ ᠬᠡᠪ ᠴᠢᠨᠠᠷ ᠢ ᠤᠯᠠᠮ ᠨᠢᠭᠡ ᠠᠯᠬᠤᠮ ᠲᠡᠭᠡᠭᠰᠢᠯᠡᠬᠦᠯᠵᠦ᠂ ᠰᠢᠨᠵᠢᠯᠡᠬᠦ ᠤᠬᠠᠭᠠᠨ ᠮᠡᠷᠭᠡᠵᠢᠯ ᠢ ᠲᠦᠰᠢᠭᠯᠡᠨ ᠪᠠᠶᠠᠵᠢᠬᠤ ᠠᠷᠭ᠎ᠠ ᠶᠢ ᠰᠦᠪᠡᠭᠴᠢᠯᠡᠬᠦ   ᠳᠤ ᠵᠢᠯᠤᠭᠤᠳᠤᠯᠭ᠎ᠠ ᠬᠠᠩᠭᠠᠭᠰᠠᠨ ᠪᠠᠶᠢᠨ᠎ᠠ᠃ ᠪᠠᠰᠠ ᠶᠠᠳᠠᠭᠤ ᠬᠦᠴᠢᠷᠳᠡᠯᠳᠡᠢ ᠡᠷᠦᠬᠡ ᠳᠤ ᠡᠯ᠎ᠡ ᠲᠦᠷᠦᠯ ᠤᠨ ᠲᠠᠷᠢᠵᠤ ᠲᠡᠵᠢᠬᠡᠬᠦ ᠮᠡᠷᠭᠡᠵᠢᠯ ᠤᠨ ᠴᠢᠳᠠᠪᠤᠷᠢ ᠶᠢ ᠤᠶᠢᠯᠠᠭᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠳᠤ ᠪᠠᠳᠤ ᠪᠠᠬᠢ ᠪᠠᠳᠤᠯᠠᠭ᠎ᠠ ᠬᠠᠩᠭᠠᠵᠤ᠂ ᠠᠵᠠ  ᠲᠠᠢ ᠨᠤᠳᠤᠭ ᠤᠯᠠᠭᠠᠨᠳᠤᠯᠤᠭᠠᠢ ᠶᠢᠨ ᠮᠠᠯ ᠲᠠᠷᠢᠶᠠᠯᠠᠩ ᠤᠨ ᠠᠵᠤ ᠦᠢᠯᠡᠰ ᠵᠢᠴᠢ ᠠᠵᠤ ᠠᠬᠤᠢ ᠶᠢᠨ ᠬᠦᠭᠵᠢᠯᠳᠡ  ᠳᠤ ᠴᠢᠬᠤᠯᠠ ᠶᠡᠭᠡ ᠠᠴᠢ ᠬᠤᠯᠪᠤᠭᠳᠠᠯ ᠲᠠᠢ᠃
 
ᠢᠷᠡᠯᠲᠡ᠄ ᠤᠯᠠᠭᠠᠨᠳᠤᠯᠤᠭᠠᠢ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号