︽ᠠᠷᠠᠳ ᠢ ᠪᠠᠶᠠᠵᠢᠭᠤᠯᠬᠤ ᠪᠠᠩᠭᠢ ᠶᠢᠨ ᠺᠠᠷᠲ︾ ᠨᠢ ᠣᠯᠠᠨ ᠳᠦᠮᠡᠨ ᠳᠤ ᠳᠦᠬᠦᠮ ᠦᠵᠡᠭᠦᠯᠵᠣ ᠪᠠᠶᠢᠨ᠎ᠠ
ᠨᠡᠶᠢᠲᠡᠯᠡᠭᠰᠡᠨ ᠴᠠᠭ᠄
2018-04-18
     ᠦᠪᠦᠷ ᠮᠤᠩᠭᠤᠯ ᠤᠨ ᠬᠦᠳᠡᠭᠡ ᠲᠤᠰᠬᠤᠨ ᠤ ᠢᠳᠡᠭᠡᠮᠵᠢ ᠶᠢᠨ ᠬᠤᠯᠪᠤᠭᠠᠳᠤ ᠬᠤᠷᠰᠢᠶ᠎ᠠ ᠠᠴᠠ ︽ᠠᠷᠠᠳ ᠢ ᠪᠠᠶᠠᠵᠢᠭᠤᠯᠬᠤ ᠪᠠᠩᠭᠢ ᠶᠢᠨ ᠺᠠᠷᠲ︾ ᠢ ᠪᠥᠭᠦ ᠣᠷᠣᠨ ᠤ ᠡᠯ᠎ᠠ ᠭᠠᠵᠡᠷ ᠳᠠᠷᠬᠠᠭᠠᠨ ᠭᠡᠷᠡᠭᠵᠢᠭᠦᠯᠭᠦ ᠲᠦᠷᠦ ᠶᠢᠨ ᠪᠤᠳᠣᠯᠭ᠎ᠠ ᠭᠠᠷᠭᠠᠭᠰᠠᠨ ᠠᠴᠠ ᠨᠠᠰᠢ ᠮᠠᠨ ᠤ ᠬᠤᠰᠢᠭᠤᠨ ᠤ ᠢᠳᠡᠭᠡᠮᠵᠢ ᠶᠢᠨ ᠬᠤᠯᠪᠤᠭᠠᠳᠤ ᠬᠤᠷᠰᠢᠶ᠎ᠠ ᠨᠢ ᠡᠨᠡ ᠵᠢᠯ ᠤᠨ ᠡᠬᠢᠨ ᠠᠴᠠ ᠡᠯ᠎ᠡ ᠰᠤᠮᠤ ᠪᠠᠯᠭᠠᠰᠤ ᠪᠠᠷ ᠬᠦᠷᠴᠦ᠂ ᠮᠠᠯᠴᠢᠨ ᠲᠠᠷᠢᠶᠠᠴᠢᠳ ᠲᠤ ︽ᠠᠷᠠᠳ ᠢ ᠪᠠᠶᠠᠵᠢᠭᠤᠯᠬᠤ ᠪᠠᠩᠭᠢ ᠶᠢᠨ ᠺᠠᠷᠲ︾ ᠤᠨ ᠲᠤᠬᠠᠢ ᠤᠬᠠᠭᠤᠯᠭ᠎ᠠ ᠰᠤᠷᠳᠠᠯᠴᠢᠯᠠᠭ᠎ᠠ ᠬᠢᠭᠰᠡᠨ ᠠᠴᠠ ᠤᠳᠣ ᠪᠤᠯᠬᠤ  ᠳᠤ ᠤᠯᠠᠩᠭᠢ ᠮᠠᠯᠴᠢᠨ ᠲᠠᠷᠢᠶᠠᠴᠢᠨ ᠡᠷᠤᠭᠡ ᠪᠤᠯᠤᠨ ᠠᠵᠢᠯᠳᠡᠳ ᠳᠣᠰ ᠺᠠᠷᠲ ᠲᠠᠢ ᠪᠤᠯᠵᠣ ᠠᠰᠢᠭ ᠬᠦᠷᠳᠡᠵᠦ ᠪᠠᠶᠢᠨ᠎ᠠ᠃      ᠤᠶᠢᠯᠠᠭᠠᠭᠰᠠᠨ ᠢᠶᠠᠷ᠂ ︽ᠠᠷᠠᠳ ᠢ ᠪᠠᠶᠠᠵᠢᠭᠤᠯᠬᠤ ᠪᠠᠩᠭᠢ ᠶᠢᠨ ᠺᠠᠷᠲ︾ ᠨᠢ ᠪᠣᠰᠣᠣᠨ ᠪᠠᠩᠬᠢ ᠶᠢᠨ ᠢᠳᠡᠭᠡᠮᠵᠢ ᠶᠢᠨ ᠺᠠᠷᠲ ᠲᠠᠢ ᠠᠳᠠᠯᠢᠪᠳᠤᠷ ᠪᠣᠯᠪᠠᠴᠣ ᠵᠤᠭᠤᠰ ᠬᠡᠷᠡᠭᠯᠡᠬᠦ ᠳᠤ ᠪᠠᠨ ᠪᠥᠭᠦ ᠣᠷᠣᠨ ᠤ ᠭᠡᠪᠴᠢᠶᠠᠨ ᠳᠠᠬᠢ ᠬᠦᠳᠡᠭᠡ ᠲᠤᠰᠬᠤᠨ ᠤ ᠢᠳᠡᠭᠡᠮᠵᠢ ᠶᠢᠨ ᠬᠤᠷᠰᠢᠶ᠎ᠠ ᠠᠴᠠ ᠰᠢᠭᠤᠳ ᠭᠠᠷᠭᠠᠨ ᠠᠪᠴᠤ ᠪᠤᠯᠬᠤ ᠮᠦᠷᠳᠡᠭᠡᠨ ᠬᠥᠥ ᠮᠦᠩᠭᠦ ᠨᠢ ᠵᠤᠭᠤᠰ ᠭᠡᠷᠡᠭᠯᠡᠭᠰᠡᠨ ᠡᠳᠤᠷ ᠠᠴᠠ ᠡᠬᠢᠯᠡᠨ ᠪᠣᠳᠣᠵᠤ᠂ ᠭᠡᠷᠪᠡ ᠺᠠᠷᠲ ᠲᠠᠬᠢ ᠵᠤᠭᠤᠰ ᠢᠶᠠᠨ ᠭᠡᠷᠡᠭᠯᠡᠭᠦ ᠦᠭᠡᠢ ᠪᠤᠯ ᠬᠥᠥ ᠮᠥᠩᠭᠦ ᠬᠤᠷᠢᠶᠠᠵᠣ ᠠᠪᠳᠠᠭ ᠦᠬᠡᠢ᠂ ᠺᠠᠷᠲ ᠭᠠᠷᠭᠠᠬᠤ ᠳᠤ ᠳᠦᠬᠦᠮ ᠳᠦᠳᠡ ᠵᠡᠷᠭᠡ ᠰᠠᠶᠢᠨᠳᠡᠢ ᠲᠠᠯ᠎ᠠ ᠲᠠᠢ ᠪᠡᠶᠢᠳᠠᠭ ᠠᠴᠠ ᠤᠯᠠᠨ ᠳᠦᠮᠡᠨ ᠤ ᠤᠶᠢᠯᠡᠳᠪᠤᠷᠢᠯᠠᠯ ᠠᠮᠢᠳᠤᠷᠠᠯ ᠳᠤ ᠮᠠᠰᠢ ᠶᠡᠭᠡ ᠲᠤᠰᠠᠯᠠᠮᠵᠢ ᠦᠵᠡᠭᠦᠯᠵᠦ ᠪᠠᠶᠢᠨ᠎ᠠ᠃
 
ᠢᠷᠡᠯᠲᠡ᠄ ᠥᠥᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号