ᠮᠠᠨ ᠤ ᠬᠤᠰᠢᠭᠤ ᠮᠠᠯᠴᠢᠨ ᠲᠠᠷᠢᠶᠠᠴᠢᠳ ᠤᠨ ᠭᠠᠷ ᠤᠷᠠᠯᠠᠯ ᠤᠨ ᠪᠦᠳᠣᠭᠡᠭᠳᠡᠬᠦᠨ ᠬᠢᠬᠦ ᠪᠤᠯᠪᠠᠰᠤᠷᠠᠯ ᠡᠷᠬᠢᠯᠡᠯ᠎ᠡ
ᠨᠡᠶᠢᠲᠡᠯᠡᠭᠰᠡᠨ ᠴᠠᠭ᠄
2018-04-18
      ᠣᠶᠢᠷ᠎ᠠ ᠶᠢᠨ ᠡᠳᠣᠷ᠂ ᠮᠠᠨ ᠤ ᠬᠤᠰᠢᠭᠤᠨ ᠤ 2018 ᠤᠨ ᠤ ᠮᠠᠯᠴᠢᠨ ᠲᠠᠷᠢᠶᠠᠴᠢᠳ ᠤᠨ ᠭᠠᠷ ᠤᠷᠠᠯᠠᠯ  ᠤᠨ ᠪᠦᠳᠣᠭᠡᠭᠳᠡᠬᠦᠨ ᠬᠢᠬᠦ ᠪᠤᠯᠪᠠᠰᠤᠷᠠᠯ ᠤᠨ ᠠᠩᠬᠢ ᠤᠯᠠᠭᠠᠠᠲᠤᠯᠤᠭᠠᠢ ᠪᠠᠯᠭᠠᠰᠤᠨ ᠤ ᠤᠯᠠᠭᠠᠨᠳᠤᠭ ᠲᠤᠰᠬᠤᠨ ᠳᠤ ᠬᠢᠴᠢᠶᠡᠯ ᠡᠬᠢᠯᠡᠯ᠎ᠡ᠃        ᠣᠯᠣᠰ᠂ ᠦᠪᠡᠷᠳᠡᠭᠡᠨ ᠵᠠᠰᠠᠬᠤ ᠣᠷᠣᠨ ᠪᠣᠯᠣᠨ ᠬᠤᠳᠠ ᠬᠤᠰᠢᠭᠤᠨ ᠤ ᠵᠠᠰᠠᠭ ᠤᠨ ᠤᠷᠳᠤᠨ ᠤ ᠠᠵᠢᠯ  ᠤᠨ ᠢᠯᠡᠳᠭᠡᠯ ᠤᠨ ᠵᠣᠷᠢᠭ ᠰᠠᠨᠠᠭ᠎ᠠ ᠶᠢ ᠰᠠᠶᠢᠳᠤᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠦᠷ᠎ᠡ ᠪᠦᠲᠦᠬᠡᠯ ᠢ ᠪᠠᠬᠢᠵᠢᠭᠦᠯᠬᠦ ᠶᠢᠨ ᠲᠦᠯᠦᠭᠡ᠂ ᠮᠠᠨ ᠤ ᠬᠤᠰᠢᠭᠤᠨ ᠤ ᠬᠦᠮᠦᠨ ᠤ ᠬᠦᠴᠦᠨ  ᠤ ᠡᠬᠢ ᠪᠠᠶᠠᠯᠢᠭ ᠪᠤᠯᠤᠨ ᠨᠡᠶᠢᠬᠡᠮ ᠤᠨ ᠪᠠᠲᠤᠯᠠᠭ᠎ᠠ ᠶᠢᠨ ᠲᠤᠪᠴᠢᠶ᠎ᠠ᠂ ᠡᠮᠡᠭᠳᠡᠶᠢᠴᠤᠳ ᠤᠨ ᠬᠤᠯᠪᠤᠭᠠᠲᠤ ᠬᠤᠷᠠᠯ᠂ ᠠᠵᠢᠯ ᠤᠯᠭᠤᠬᠤ ᠲᠤᠪᠴᠢᠶ᠎ᠠ᠂ ᠶᠠᠳᠠᠭᠤ ᠶᠢ ᠳᠡᠳᠬᠦᠨ ᠨᠡᠬᠡᠬᠡᠯᠳᠡ ᠬᠢᠬᠦ ᠲᠦᠪ ᠵᠡᠷᠭᠡ ᠪᠠᠶᠢᠭᠤᠯᠭ᠎ᠠ ᠨᠢᠭᠡᠴᠢ ᠠᠴᠠ ᠬᠠᠮᠳᠣᠷᠠᠨ ᠭᠤᠣᠯᠯᠠᠨ ᠡᠷᠬᠢᠯᠡᠵᠣ᠂ ᠠᠵᠢᠯ ᠮᠡᠷᠭᠡᠵᠢᠯ ᠤᠨ ᠪᠤᠯᠪᠠᠰᠤᠷᠠᠯ ᠤᠨ ᠰᠤᠷᠭᠠᠭᠤᠯᠢ ᠠᠴᠠ ᠲᠠᠭᠠᠭᠠᠴᠢᠯᠠᠨ ᠡᠷᠬᠢᠯᠡᠭᠰᠡᠨ ᠡᠨ᠋ᠨ ᠣᠳᠠᠭᠠᠨ ᠤ ᠪᠤᠯᠪᠠᠰᠤᠷᠠᠯ ᠳᠤ ᠬᠠᠮᠢᠶ᠎ᠠ ᠪᠦᠬᠦᠢ ᠪᠠᠶᠢᠭᠤᠯᠭ᠎ᠠ ᠨᠢᠭᠡᠴᠢ ᠶᠢᠨ ᠬᠠᠷᠢᠭᠤᠴᠠᠯᠭᠠᠳᠠᠨ ᠪᠣᠯᠣᠨ ᠣᠷᠠᠨ ᠬᠠᠳᠬᠤᠮᠠᠯ᠂ ᠬᠦᠷᠦᠮᠡᠯ᠂ ᠬᠠᠶᠢᠴᠢᠯᠠᠮᠠᠯ ᠳᠤ ᠲᠤᠷ᠎ᠠ ᠪᠠᠭ᠋ᠠᠳᠠᠢ 50 ᠭᠠᠷᠣᠢ ᠭᠦᠮᠦᠰ ᠤᠷᠤᠯᠴᠠᠪᠠ᠃      ᠪᠤᠯᠪᠠᠰᠤᠷᠠᠯ ᠳᠤ᠂ ᠤᠯᠠᠭᠠᠠᠬᠠᠲᠠ ᠬᠤᠲᠠ ᠬᠢᠬᠡᠳ ᠮᠠᠨ ᠤ ᠬᠤᠰᠢᠭᠤᠨ ᠤ ᠣᠷᠠᠨ ᠬᠠᠳᠬᠤᠮᠠᠯ᠂ ᠬᠦᠷᠦᠮᠡᠯ ᠤᠷᠠᠯᠠᠯ ᠤᠨ ᠮᠡᠷᠭᠡᠵᠢᠯ ᠤᠨ ᠲᠤᠷᠰᠢᠯᠭ᠎ᠠ ᠪᠠᠷ ᠪᠠᠶᠠᠯᠢᠭ ᠣᠯᠠᠮᠵᠢᠯᠠᠨ ᠵᠠᠯᠭᠠᠮᠵᠢᠯᠠᠭᠴᠢ ᠶᠢ ᠤᠷᠢᠵᠤ᠂ ᠬᠠᠳᠬᠤᠮᠠᠯ ᠬᠠᠳᠬᠤᠬᠤ ᠦᠨᠳᠦᠰᠦᠨ ᠠᠷᠭ᠎ᠠ᠂ ᠬᠦᠷᠦᠬᠦ ᠮᠡᠷᠭᠡᠵᠢᠯ᠂  ᠦᠩᠭᠡ ᠲᠠᠭᠠᠷᠠᠭᠤᠯᠬᠤ ᠮᠡᠷᠭᠡᠵᠢᠯ ᠵᠡᠷᠭᠡ ᠶᠢ ᠵᠢᠭᠠᠵᠤ ᠪᠠᠶᠢᠨ᠎ᠠ᠃      ᠤᠶᠢᠯᠠᠭᠠᠭᠰᠠᠨ ᠢᠶᠠᠷ ᠡᠨ᠋ᠨ ᠣᠳᠠᠭᠠᠨ ᠤ ᠪᠤᠯᠪᠠᠰᠤᠷᠠᠯ ᠨᠢ 36 ᠡᠳᠦᠷ ᠤᠨ ᠬᠤᠭᠤᠴᠠᠭ᠎ᠠ ᠲᠠᠢ ᠶᠠᠪᠣᠭᠳᠠᠨ᠂ ᠪᠤᠯᠪᠠᠰᠤᠷᠠᠯ ᠳᠤ ᠤᠷᠤᠯᠴᠠᠭᠰᠠᠳ ᠠᠴᠠ ᠬᠤᠵᠢᠮ ᠨᠡᠩ ᠤᠯᠠᠨ ᠬᠦᠮᠦᠰ ᠲᠤ ᠭᠠᠷ ᠤᠷᠠᠯᠠᠯ ᠬᠢᠬᠦ ᠮᠡᠷᠭᠡᠵᠢᠯ ᠢ ᠤᠯᠠᠮᠵᠢᠯᠠᠨ ᠵᠢᠭᠠᠵᠤ᠂ ᠭᠠᠷ ᠣᠷᠠᠯᠠᠯ ᠤᠨ ᠪᠦᠳᠣᠭᠡᠭᠳᠡᠭᠦᠨ ᠢᠶᠠᠨ ᠪᠣᠷᠣᠯᠠᠭᠤᠯᠣᠨ ᠬᠠᠮᠲᠤ ᠪᠠᠷ ᠪᠠᠶᠠᠵᠢᠨ ᠴᠢᠨᠡᠬᠡᠯᠢᠭᠵᠢᠬᠦ ᠶᠢ ᠵᠤᠷᠢᠵᠤ ᠪᠠᠶᠢᠨ᠎ᠠ᠃
 
ᠢᠷᠡᠯᠲᠡ᠄ ᠥᠥᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号