ᠰᠡᠴᠡᠨᠪᠢᠯᠢᠭ ᠮᠠᠨ ᠤ ᠬᠤᠰᠢᠭᠤᠨ ᠳᠤ ᠢᠷᠡᠵᠣ ᠪᠠᠶᠢᠴᠠᠭᠠᠨ ᠰᠤᠳᠤᠯᠤᠯᠳᠠ ᠭᠢᠵᠠᠢ
ᠨᠡᠶᠢᠲᠡᠯᠡᠭᠰᠡᠨ ᠴᠠᠭ᠄
2018-04-18
     4 ᠰᠠᠷ᠎ᠠ ᠶᠢᠨ 9 ᠤ ᠡᠳᠦᠷ ᠠᠴᠠ 10 ᠤ ᠡᠳᠦᠷ ᠪᠤᠯᠳᠠᠯ᠎ᠠ᠂ ᠬᠤᠳᠠ ᠶᠢᠨ ᠨᠠᠮ ᠤᠨ ᠬᠤᠷᠢᠶᠠᠨ ᠤ ᠲᠡᠳ᠋ ᠱᠦᠵᠢ᠂ ᠬᠤᠳᠠ ᠶᠢᠨ ᠤᠷᠤᠯᠠᠬᠴᠢ ᠲᠠᠷᠤᠭ᠎ᠠ ᠰᠡᠴᠡᠨᠪᠢᠯᠢᠭ ᠮᠠᠨ ᠤ ᠬᠤᠰᠢᠭᠤᠨ ᠳᠤ ᠢᠷᠡᠵᠤ ᠴᠢᠬᠤᠯᠠ ᠲᠤᠮᠤ ᠲᠦᠷᠦᠯ ᠵᠦᠢᠯ ᠤᠨ ᠠᠭᠢᠴᠠ ᠪᠠ ᠠᠶᠤᠯᠭᠦᠢ ᠦᠢᠯᠡᠳᠪᠤᠷᠢᠯᠠᠯ ᠤᠨ ᠪᠠᠶᠢᠳᠠᠯ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠪᠠ ᠰᠤᠷᠭᠠᠨ ᠭᠦᠮᠦᠵᠢᠯ᠂ ᠡᠷᠡᠭᠦᠯ ᠬᠠᠮᠠᠭᠠᠯᠠᠯ ᠤᠨ ᠦᠢᠯᠡᠰ ᠤᠨ ᠭᠦᠭᠵᠢᠯᠳᠠ ᠶᠢᠨ ᠪᠠᠶᠢᠳᠠᠯ ᠤᠨ ᠲᠤᠬᠠᠢ ᠪᠠᠶᠢᠴᠠᠭᠠᠨ ᠰᠤᠳᠤᠯᠤᠯᠳᠠ ᠭᠢᠪᠡ᠃ ᠬᠤᠳᠠ ᠶᠢᠨ ᠲᠡᠳ᠋ ᠲᠠᠷᠤᠭ᠎ᠠ ᠢᠤᠢ ᠷᠧᠨ ᠵᠢᠶᠧ᠂ ᠬᠤᠳᠠ ᠶᠢᠨ ᠵᠠᠰᠠᠭ ᠤᠨ ᠤᠷᠳᠤᠨ ᠤ ᠨᠠᠷᠢᠨ ᠪᠢᠴᠢᠭ ᠤᠨ ᠲᠠᠷᠤᠭ᠎ᠠ ᠵᠠᠩ ᠵᠥᠩ ᡁᠢ᠂ ᠬᠤᠰᠢᠭᠤ ᠨᠠᠮ ᠤᠨ ᠬᠤᠷᠶᠠᠨ ᠤ ᠲᠡᠳ᠋ ᠱᠥᠵᠢ ᠬᠤᠰᠢᠭᠤ ᠲᠠᠷᠤᠭ᠎ᠠ ᠴᠢᠶᠤᠤ ᠶᠥᠨ ᠯᠢ ᠪᠤᠯᠤᠨ ᠬᠤᠳᠠ ᠬᠤᠰᠢᠭᠤᠨ ᠤ ᠬᠤᠯᠪᠤᠭᠳᠠᠯ ᠪᠥᠭᠦᠢ ᠤᠳᠤᠷᠢᠳᠤᠯᠭ᠎ᠠ ᠪᠠᠷᠠᠳᠠᠨ ᠪᠠᠶᠢᠴᠠᠭᠠᠪᠠ᠃
     ᠴᠢᠬᠤᠯᠠ ᠲᠤᠮᠤ ᠲᠦᠷᠦᠯ ᠵᠦᠢᠯ ᠤᠨ ᠠᠭᠢᠴᠠ ᠪᠠ ᠠᠶᠤᠯᠭᠦᠢ ᠦᠢᠯᠡᠳᠪᠤᠷᠢᠯᠠᠯ ᠤᠨ ᠪᠠᠶᠢᠳᠠᠯ ᠨᠢ ᠰᠡᠴᠡᠨᠪᠢᠯᠢᠭ ᠤᠨ ᠡᠨᠡ ᠤᠳᠠᠭᠠᠨ ᠤ ᠪᠠᠶᠢᠴᠠᠭᠠᠨ ᠰᠤᠳᠤᠯᠤᠯᠳᠠ ᠶᠢᠨ ᠭᠤᠤᠯᠳᠠᠯᠭ᠎ᠠ ᠪᠤᠯᠪᠠ᠃ ᠰᠡᠴᠡᠨᠪᠢᠯᠢᠭ ᠤᠷᠢᠳ ᠬᠤᠵᠢᠳ ᠬᠤᠯᠤᠰᠤ ᠨᠡᠭᠦᠷᠡᠰᠦᠨ ᠠᠭᠤᠷᠬᠠᠢ᠂ ᠦᠪᠤᠷ ᠮᠤᠩᠭᠤᠯ ᠤᠨ ᠵᠦᠡᠭ ᠮᠸᠢ ᠮᠸᠡᠭ ᠳ᠋ᠠ 50 ᠲᠦᠮᠠᠨ ᠲᠤᠨ᠋᠊ᠨᠠ ᠶᠢᠨ ᠪᠠᠷᠢᠯᠭ᠎ᠠ ᠶᠢᠨ ᠰᠦᠯᠢᠶᠤᠤ ᠶᠢᠨ ᠲᠦᠷᠦᠯ ᠵᠦᠢᠯ ᠵᠡᠷᠭᠡ ᠶᠢ ᠪᠤᠳᠠᠳᠤ ᠭᠠᠵᠠᠷ ᠲᠤ ᠨᠢ ᠭᠦᠷᠴᠦ ᠪᠠᠶᠢᠴᠠᠭᠠᠨ ᠦᠵᠠᠵᠤ᠂ ᠲᠦᠷᠦᠯ ᠵᠦᠢᠯ ᠤᠨ ᠬᠠᠷᠢᠭᠤᠴᠠᠯᠭᠠᠳᠠᠨ ᠲᠠᠢ ᠨᠢᠭᠤᠷᠳᠠᠨ ᠶᠠᠷᠢᠯᠴᠠᠵᠤ᠂ ᠠᠵᠤ ᠠᠬᠤᠢᠢᠯᠠᠯ ᠤᠨ ᠦᠢᠯᠡᠳᠪᠤᠷᠢᠯᠠᠯ ᠤᠨ ᠪᠠᠶᠢᠳᠠᠯ ᠢ ᠨᠠᠷᠢᠨ ᠤᠢᠢᠯᠠᠭᠠᠵᠤ ᠪᠠᠶᠢᠯ᠎ᠠ᠃ ᠰᠡᠴᠡᠨᠪᠢᠯᠢᠭ᠂ ᠠᠵᠤ ᠠᠬᠤᠢᠢᠯᠠᠯ ᠨᠢ ︽ᠭᠦᠭᠡᠮᠳᠦᠭ ᠠᠭᠤᠯᠠ ᠴᠡᠩᠭᠡᠭ ᠤᠰᠤ ᠪᠤᠯ ᠲᠠᠷᠤᠢ ᠠᠯᠳᠠ ᠮᠦᠡᠭᠭᠦᠨ ᠠᠭᠤᠯᠠ ᠮᠦᠨ︾ ᠭᠡᠭᠦ ᠤᠨᠤᠯᠵᠢᠭᠤᠨ ᠢ ᠪᠠᠳᠤ ᠪᠤᠢ ᠪᠤᠯᠭᠠᠬᠤ ᠶᠢᠨ ᠬᠠᠮᠳᠤ ᠠᠮᠢ ᠠᠬᠤᠢ ᠶᠢᠨ ᠤᠷᠴᠢᠨ ᠲᠤᠭᠤᠷᠢᠨ ᠢ ᠬᠠᠮᠠᠭᠠᠯᠠᠬᠤ ᠤᠷᠢᠳᠠᠯ ᠲᠤᠤᠷ᠎ᠠ ᠲᠠᠰᠤᠷᠠᠯᠳᠠ ᠦᠭᠡᠢ ᠰᠢᠨ᠎ᠠ ᠶᠢ ᠡᠭᠦᠳᠴᠤ ᠭᠦᠴᠦᠷᠭᠡᠭᠵᠢᠨ ᠪᠤᠵᠠᠭᠠᠢᠢᠷᠠᠬᠤ ᠶᠢ ᠭᠦᠰᠡᠵᠤ ᠪᠠᠶᠢᠨ᠎ᠠ ᠭᠡᠰᠡᠨ ᠪᠠᠶᠢᠨ᠎ᠠ︔ ᠲᠡᠷᠠ ᠪᠠᠰᠠ ᠠᠵᠤ ᠠᠬᠤᠢᠢᠯᠠᠯ ᠨᠢ ᠠᠶᠤᠯᠭᠦᠢ ᠶᠢ ᠲᠡᠷᠢᠭᠦᠨ ᠪᠠᠶᠢᠷᠢᠨ ᠳᠤ ᠲᠠᠯᠪᠢᠵᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠲᠦᠭᠦᠭᠡᠷᠤᠮᠵᠢ ᠶᠢ ᠲᠡᠭᠦᠯᠳᠡᠷᠵᠢᠭᠦᠯᠵᠤ᠂ ᠬᠠᠮᠢᠶᠠᠷᠤᠯᠳᠠ ᠶᠢ ᠴᠢᠩᠭᠠᠳᠬᠠᠵᠤ᠂ ᠲᠦᠷᠢᠮᠵᠢᠯ ᠲᠠᠢ ᠠᠵᠢᠯᠯᠠᠵᠤ᠂ ᠠᠵᠤ ᠠᠬᠤᠢᠢᠯᠠᠯ ᠤᠨ ᠠᠮᠤᠷ ᠲᠤᠬᠳᠠᠭᠤᠨ ᠢ ᠪᠠᠳᠤᠯᠠᠬᠤ ᠭᠡᠷᠡᠭᠳᠡᠢ ᠭᠡᠵᠤ ᠱᠠᠭᠠᠷᠳᠠᠬᠰᠠᠨ ᠪᠠᠶᠢᠨ᠎ᠠ᠃
     ᠲᠡᠷᠠ ᠴᠢᠬᠤᠯᠠᠴᠢᠯᠠᠬᠤ ᠳᠤ ᠪᠠᠨ᠂ ᠡᠯ᠎ᠠ ᠱᠠᠳᠤ ᠡᠯ᠎ᠠ ᠰᠠᠯᠠᠭ᠎ᠠ ᠮᠦᠴᠢᠷ ᠨᠢ ᠰᠢ ᠶᠢᠨ ᠫᠢᠡᠭ ᠶᠡᠷᠦᠩᠭᠡᠢ ᠱᠦᠵᠢ ᠶᠢᠨ ᠦᠪᠤᠷ ᠮᠤᠩᠭᠤᠯ ᠤᠨ ᠲᠦᠯᠦᠭᠡᠯᠡᠭᠴᠢᠳ ᠤᠨ ᠪᠦᠯᠭᠦᠮ ᠤᠨ ᠭᠢᠨᠠᠨ ᠵᠦᠪᠯᠡᠭᠦ ᠳᠤ ᠤᠷᠤᠯᠴᠠᠬᠤ ᠦᠶ᠎ᠠ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠵᠤ᠂ ᠪᠦᠭᠦ ᠲᠠᠯ᠎ᠠ ᠪᠠ ᠪᠠᠶᠢᠯᠳᠤᠬᠤ ᠪᠤᠳᠤᠯᠭ᠎ᠠ ᠶᠢᠨ ᠦᠨᠳᠦᠷᠴᠠ ᠠᠴᠠ ᠡᠭᠦᠰᠴᠦ᠂ ᠴᠢᠬᠤᠯᠠ ᠲᠤᠮᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠪᠠ ᠠᠶᠤᠯᠭᠦᠢ ᠦᠢᠯᠡᠳᠪᠤᠷᠢᠯᠠᠯ ᠤᠨ ᠠᠵᠢᠯ ᠤᠨ ᠴᠢᠬᠤᠯᠠ ᠴᠢᠨᠠᠷ ᠢ ᠭᠦᠢᠴᠡᠳ ᠲᠠᠨᠢᠵᠤ᠂ ᠦᠵᠠᠯ ᠰᠠᠨᠠᠭ᠎ᠠ ᠪᠠᠨ ᠲᠦᠪ ᠬᠤᠷᠢᠶ᠎ᠠ᠂ ᠦᠪᠡᠷᠳᠡᠭᠡᠨ ᠵᠠᠰᠠᠬᠤ ᠤᠷᠤᠨ ᠪᠠ ᠬᠤᠳᠠ ᠶᠢᠨ ᠨᠠᠮ ᠤᠨ ᠬᠤᠷᠢᠶᠠᠨ ᠤ ᠡᠯ᠎ᠠ ᠲᠦᠷᠦᠯ ᠤᠨ ᠰᠢᠢᠳᠪᠤᠷᠢᠳᠤ ᠪᠤᠳᠤᠯᠭ᠎ᠠ ᠲᠡᠭᠡᠷ᠎ᠠ ᠨᠢᠭᠡᠳᠭᠡᠵᠤ᠂ ᠨᠠᠩ ᠪᠠᠳᠤᠳᠠᠢ᠂ ᠨᠠᠩ ᠨᠠᠷᠢᠯᠢᠭ᠂ ᠨᠠᠩ ᠪᠦᠳᠦᠮᠵᠢᠳᠠᠢ ᠠᠷᠭ᠎ᠠ ᠶᠢ ᠠᠪᠴᠦ᠂ ᠴᠢᠬᠤᠯᠠ ᠲᠤᠮᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠪᠠ ᠠᠶᠤᠯᠭᠦᠢ ᠦᠢᠯᠡᠳᠪᠤᠷᠢᠯᠠᠯ ᠤᠨ ᠠᠵᠢᠯ ᠢ ᠪᠦᠭᠦ ᠭᠦᠴᠦᠨ ᠢᠶᠠᠷ ᠰᠠᠶᠢᠳᠤᠷ ᠭᠢᠵᠤ᠂ ᠪᠦᠭᠦ ᠬᠤᠳᠠ ᠶᠢᠨ ᠠᠵᠤ ᠠᠬᠤᠢ ᠶᠢᠨ ᠲᠤᠬᠳᠠᠭᠤᠨ ᠭᠦᠭᠵᠢᠯᠳᠠ ᠳᠤ ᠭᠦᠴᠦᠨ ᠪᠦᠭᠦᠢ ᠪᠠᠳᠤᠯᠠᠭ᠎ᠠ ᠬᠠᠨᠭ᠍ᠭᠠᠬᠤ ᠭᠡᠷᠡᠭᠳᠡᠢ ᠭᠡᠰᠡᠨ ᠪᠠᠶᠢᠨ᠎ᠠ᠃      ᠰᠡᠴᠡᠨᠪᠢᠯᠢᠭ ᠦᠤᠰᠢᠨ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠤᠨ ᠪᠤᠭᠤᠮᠳᠡ ᠰᠢᠪᠳᠤᠯᠬᠤ ᠠᠵᠢᠯ ᠢ ᠮᠠᠰᠢ ᠬᠠᠯᠠᠮᠵᠢᠯᠠᠵᠤ ᠪᠠᠶᠢᠯ᠎ᠡ᠃ ᠲᠡᠷᠡ ᠲᠤᠭ ᠪᠠᠯᠭᠠᠰᠤᠨ ᠤ ᠲᠠᠷᠬᠠᠨ ᠰᠦᠮ᠎ᠡ ᠭᠠᠴᠠᠭᠠᠨ ᠤ ᠲᠠᠷᠬᠠᠨ ᠰᠦᠮ᠎ᠡ ᠬᠤᠷᠰᠢᠶ᠎ᠡ ᠶᠢᠨ ᠶᠠᠳᠠᠭᠤ ᠭᠦᠴᠢᠷᠳᠡᠯᠳᠡᠢ ᠡᠷᠦᠭᠡ ᠨᠠᠷᠠᠨᠮᠠᠨᠳᠤᠯ᠎ᠡ ᠶᠢᠨ ᠬᠢᠨ ᠤ ᠳᠤ ᠭᠦᠷᠴᠤ᠂ ᠲᠡᠳᠡᠨ ᠤ ᠶᠠᠳᠠᠭᠤᠷᠠᠬᠰᠡᠨ ᠰᠢᠯᠳᠠᠭᠠᠨ᠂ ᠤᠷᠤᠯᠭ᠎ᠠ ᠶᠢᠨ ᠢᠷᠡᠯᠳᠡ᠂ ᠠᠵᠤ ᠦᠢᠯᠡᠰ ᠤᠨ ᠭᠦᠭᠵᠢᠯᠳᠡ᠂ ᠶᠠᠳᠠᠭᠤ ᠶᠢ ᠲᠡᠳᠭᠦᠭᠦ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠳᠡ ᠵᠡᠷᠭᠡ ᠪᠠᠶᠢᠳᠡᠯ ᠢ ᠨᠢᠮᠪᠠᠢ ᠠᠰᠠᠭᠤᠨ ᠯᠠᠪᠯᠠᠵᠤ᠂ ᠲᠡᠳᠡᠨ ᠢ ᠢᠳᠡᠭᠡᠯ ᠵᠤᠷᠢᠭ ᠢᠶᠠᠨ ᠪᠠᠳᠤᠳᠬᠠᠨ᠂ ᠴᠢᠨᠡᠭᠡᠯᠢᠭᠵᠢᠯ ᠤᠨ ᠵᠠᠮ ᠮᠦᠷ ᠢ ᠡᠷᠢᠯᠭᠢᠯᠡᠨ᠂ ᠦᠪᠡᠷ ᠤᠨ ᠢᠶᠠᠨ ᠭᠦᠴᠦ ᠭᠦᠳᠡᠯᠮᠦᠷᠢ ᠪᠠᠷ ᠢᠶᠠᠨ ᠠᠮᠢᠳᠤᠷᠡᠯ ᠢᠶᠠᠨ ᠡᠳᠦᠷ ᠢᠷᠡᠭᠦᠶ᠎ᠡ ᠴᠢᠨᠡᠭᠡᠯᠢᠭᠵᠢᠭᠦᠯᠭᠦ ᠶᠢ ᠵᠤᠷᠢᠬᠵᠢᠭᠤᠯᠤᠬᠰᠡᠨ ᠪᠠᠶᠢᠨ᠎ᠡ᠃  ᠲᠡᠷᠡ ᠴᠢᠬᠤᠯᠠᠴᠢᠯᠠᠬᠤ ᠳᠤ ᠪᠠᠨ᠂ ᠡᠯ᠎ᠡ ᠱᠠᠳᠤ ᠡᠯ᠎ᠡ ᠰᠠᠯᠠᠭ᠎ᠠ ᠮᠦᠴᠢᠷ ᠲᠡᠭᠡᠳᠤ ᠭᠡᠮᠵᠢᠶ᠎ᠡ ᠪᠠᠷ ᠴᠢᠬᠤᠯᠠᠴᠢᠯᠡᠨ᠂ ᠤᠨᠢᠨ ᠲᠡᠭᠡᠷ᠎ᠡ ᠨᠢ ᠶᠠᠳᠠᠭᠤ ᠶᠢ ᠲᠡᠳᠭᠦᠭᠦ ᠤᠨᠢᠨ ᠲᠡᠭᠡᠷ᠎ᠡ ᠨᠢ ᠶᠠᠳᠠᠭᠤ ᠠᠴᠠ ᠠᠩᠭᠢᠵᠢᠷᠠᠭᠤᠯᠬᠤ ᠦᠨᠳᠦᠰᠦᠨ ᠴᠢᠭᠯᠡᠯᠳᠡ ᠶᠢ ᠲᠤᠬᠳᠠᠭᠤᠨ ᠢᠶᠠᠷ ᠠᠭᠢᠭᠤᠯᠵᠤ᠂ ᠶᠠᠳᠠᠭᠤ ᠶᠢ ᠲᠡᠳᠭᠦᠭᠦ ᠠᠵᠢᠯ ᠤᠨ ᠪᠤᠳᠠᠳᠤ ᠦᠷ᠎ᠡ ᠠᠰᠢᠭ ᠤᠯᠬᠤ ᠶᠢ ᠪᠠᠳᠤᠯᠠᠬᠤ ᠭᠡᠷᠡᠭᠳᠡᠢ ᠭᠡᠵᠡᠢ᠃      ᠰᠡᠴᠡᠨᠪᠢᠯᠢᠭ ᠮᠠᠨ ᠤ ᠬᠤᠰᠢᠭᠤᠨ ᠤ ᠰᠤᠷᠭᠠᠨ ᠭᠦᠮᠦᠵᠢᠯ ᠤᠨ ᠭᠦᠷᠢᠶᠠᠯᠠᠩ ᠲᠤᠭᠤᠷᠢᠭ ᠪᠡ ᠮᠠᠨ ᠤ ᠬᠤᠰᠢᠭᠤᠨ ᠤ ᠮᠤᠩᠭᠤᠯ ᠡᠮᠨᠡᠯᠭᠡ ᠶᠢᠨ ᠬᠤᠷᠢᠶ᠎ᠡ ᠶᠢᠨ ᠰᠢᠨ᠎ᠡ ᠪᠠᠷ ᠪᠠᠶᠢᠭᠤᠯᠵᠤ ᠪᠠᠶᠢᠭ᠎ᠠ ᠲᠦᠷᠦᠯ ᠵᠦᠢᠯ ᠢ ᠪᠤᠳᠠᠳᠤ ᠭᠠᠵᠠᠷ ᠲᠤ ᠨᠢ ᠪᠠᠶᠢᠴᠠᠭᠠᠨ ᠦᠵᠡᠪᠡ᠃ ᠲᠡᠷᠡ ᠱᠠᠭᠠᠷᠳᠠᠬᠤ ᠳᠤ ᠪᠠᠨ᠂ ᠡᠯ᠎ᠡ ᠱᠠᠳᠤ ᠡᠯ᠎ᠡ ᠰᠠᠯᠠᠭ᠎ᠠ ᠮᠦᠴᠢᠷ ᠰᠤᠷᠭᠠᠨ ᠭᠦᠮᠦᠵᠢᠯ᠂ ᠡᠷᠡᠭᠦᠯ ᠬᠠᠮᠠᠭᠠᠯᠠᠯ ᠵᠡᠷᠭᠡ ᠤᠯᠡᠨ ᠨᠡᠶᠢᠳᠡ ᠶᠢᠨ ᠦᠢᠯᠡᠴᠢᠯᠡᠭᠡᠨ ᠤ ᠡᠭᠢ ᠪᠠᠶᠠᠯᠢᠭ ᠢ ᠵᠤᠭᠢᠰᠳᠡᠢ ᠲᠤᠭᠢᠷᠠᠭᠤᠯᠦᠨ᠂ ᠤᠯᠡᠨ ᠲᠦᠮᠡᠨ ᠳᠤ ᠦᠭᠡᠷᠡᠴᠢᠯᠡᠯᠳᠡ ᠭᠦᠭᠵᠢᠯᠳᠡ ᠶᠢᠨ ᠦᠷ᠎ᠡ ᠪᠦᠳᠦᠭᠡᠯ ᠢ ᠡᠳ᠋ᠯᠡᠭᠦᠯᠦᠨ᠂ ᠤᠯᠡᠨ ᠲᠦᠮᠡᠨ ᠤ ᠬᠠᠨᠤᠮᠵᠢ ᠶᠢᠨ ᠭᠡᠮᠵᠢᠶ᠎ᠡ ᠪᠡ ᠵᠤᠯ ᠵᠢᠷᠭᠠᠯᠳᠤ ᠲᠦᠷᠦᠭᠳᠡᠯ ᠢ ᠲᠠᠰᠤᠷᠡᠯᠳᠡ ᠦᠭᠡᠢ ᠨᠡᠮᠡᠭᠳᠡᠭᠦᠯᠦᠨ᠂ ᠪᠦᠭᠦ ᠬᠤᠳᠠ ᠶᠢᠨ ᠠᠵᠤ ᠠᠬᠤᠢ ᠨᠡᠶᠢᠭᠡᠮ ᠤᠨ ᠭᠦᠭᠵᠢᠯᠳᠡ ᠳᠤ ᠪᠠᠳᠤ ᠪᠠᠭᠢ ᠰᠠᠭᠤᠷᠢ ᠶᠢ ᠲᠠᠯᠪᠢᠬᠤ ᠭᠡᠷᠡᠭᠳᠡᠢ ᠭᠡᠰᠡᠨ ᠪᠠᠶᠢᠨ᠎ᠡ᠃
 
ᠢᠷᠡᠯᠲᠡ᠄ ᠥᠥᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号