ᠰᠢᠷᠬᠤᠰᠣ ᠬᠠᠭᠤᠴᠢ ᠪᠠᠭᠤᠷᠢ
ᠨᠡᠶᠢᠲᠡᠯᠡᠭᠰᠡᠨ ᠴᠠᠭ᠄
2018-04-18
     2001 ᠣᠨ ᠤ 6 ᠰᠠᠷᠠᠶᠢᠨ 25 ᠳᠤ ᠲᠦᠷᠦ ᠶᠢᠨ ᠶᠠᠪᠣᠳᠠᠯ ᠤᠨ ᠬᠤᠷᠢᠶ᠎ᠠ ᠠᠴᠠ ᠪᠤᠷᠤᠳᠤᠬᠤᠢ ᠶᠢᠨ ᠡᠷᠲᠡᠨ ᠤ ᠬᠦᠮᠦᠨ ᠤ ᠪᠠᠭᠤᠷᠢ ᠶᠢ ᠪᠦᠬᠦ ᠣᠯᠣᠰ ᠤᠨ ᠲᠠᠪᠣᠳᠣᠭᠠᠷ ᠪᠦᠯᠦᠭ ᠤᠨ ᠭᠤᠣᠯ ᠪᠤᠯᠬᠤ ᠲᠡᠥᠬᠡ ᠶᠢᠨ ᠳᠣᠷᠠᠰᠬᠠᠯᠲᠣ ᠵᠦᠢᠯᠡᠰ ᠢ ᠬᠠᠮᠠᠭᠠᠯᠠᠬᠤ ᠨᠢᠭᠡᠴᠢ ᠳᠤ ᠵᠢᠭᠰᠠᠭᠠᠪᠠ᠃ ᠲᠣᠰ ᠭᠠᠵᠠᠷ ᠨᠢ ᠳᠣᠮᠳᠠᠳᠣ ᠣᠯᠣᠰ ᠪᠠ ᠳᠡᠯᠡᠬᠡᠢ ᠶᠢᠨ ᠬᠠᠭᠤᠴᠢ ᠰᠣᠳᠣᠯᠣᠯ ᠤᠨ ᠬᠡᠪᠴᠢᠶᠡᠨ ᠳᠤ ᠴᠢᠬᠤᠯᠠ ᠨᠥᠯᠥᠭᠡ ᠲᠠᠢ 7-14 ᠲᠦᠮᠡᠨ ᠵᠢᠯ ᠤᠨ ᠡᠮᠦᠨᠡᠬᠢ ᠬᠠᠭᠤᠴᠢᠨ ᠴᠢᠯᠠᠭᠤᠨ ᠵᠡᠪᠰᠡᠭ ᠤᠨ ᠦᠶ᠎ᠡ ᠶᠢᠨ ᠰᠡᠭᠦᠯᠴᠢ ᠶᠢᠨ ᠬᠤᠭᠤᠴᠠᠭᠠᠨ ᠤ ᠰᠣᠶᠣᠯ ᠤᠨ ᠪᠠᠭᠤᠷᠢ ᠪᠣᠯᠣᠨ᠎ᠠ᠃ ᠵᠸᠥ ᠺᠸᠥ ᠳ᠋ᠢᠶᠠᠨ ᠤ ︽ᠪᠡᠭᠡᠵᠢᠩ ᠬᠦᠮᠦᠨ︾ ᠤ ᠪᠠᠭᠤᠷᠢ ᠶᠢᠨ ᠳᠠᠷᠠᠭ᠎ᠠ ᠣᠷᠣᠬᠤ ᠴᠢᠬᠤᠯᠠ ᠪᠤᠯᠬᠤ ᠲᠡᠥᠬᠡᠨ ᠦᠯᠡᠳᠡᠭᠳᠡᠯ ᠪᠠᠶᠢᠵᠤ᠂ ᠬᠦᠮᠦᠨ ᠲᠦᠷᠦᠯᠬᠢᠲᠡᠨ ᠤ ᠰᠣᠶᠣᠯ ᠪᠣᠯᠪᠠᠰᠣᠨ ᠤ ᠴᠢᠬᠤᠯᠠ ᠦᠯᠦᠭᠡᠢ ᠨᠣᠲᠤᠭ ᠭᠡᠮᠡᠨ ᠦᠨᠡᠯᠡᠭᠳᠡᠪᠡ᠃ ᠣᠳᠣ ᠪᠤᠯᠳᠠᠯᠠᠬᠢ ᠬᠦᠮᠦᠨ ᠲᠦᠷᠦᠯᠬᠢᠲᠡᠨ ᠤ ᠴᠢᠯᠡᠭᠤᠵᠢᠮᠠᠯ᠂ ᠴᠢᠯᠠᠭᠤᠨ ᠵᠡᠪᠰᠡᠭ ᠵᠡᠷᠭᠡ ᠦᠯᠡᠳᠡᠭᠳᠡᠯ ᠨᠢᠭᠡᠨᠲᠡ 500 ᠭᠠᠷᠣᠢ ᠪᠠᠶᠢᠵᠤ᠂ ᠵᠠᠭᠤᠨ ᠤ ᠰᠡᠭᠦᠯᠴᠢ ᠶᠢᠨ ᠦᠶ᠎ᠡ ᠶᠢᠨ ᠬᠦᠬᠦᠲᠡᠨ ᠪᠣᠯᠣᠨ ᠵᠢᠬᠦᠷᠳᠡᠨ ᠤ ᠲᠦᠷᠦᠯ ᠤᠨ ᠴᠢᠯᠠᠭᠤᠵᠢᠮᠠᠯ ᠢ 40 ᠭᠠᠷᠣᠢ ᠲᠥᠷᠥᠯ ᠮᠠᠯᠳᠠᠨ ᠭᠠᠷᠭᠠᠭᠰᠠᠨ ᠪᠠᠶᠢᠨ᠎ᠠ᠃

 
ᠢᠷᠡᠯᠲᠡ᠄ ᠦᠤᠰᠢᠨ ᠬᠤᠰᠢᠭᠤᠨ ᠤ ᠵᠢᠭᠤᠯᠴᠢᠯᠡᠯ ᠤᠨ ᠣᠶᠢᠯᠡᠰ ᠤᠨ ᠣᠶᠢᠯᠡᠴᠢᠯᠡᠬᠡᠨ ᠤ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号