ᠬᠠᠤᠯᠢ ᠴᠠᠭᠠᠵᠠ ᠶᠢᠨ ᠲᠤᠰᠠᠯᠠᠮᠵᠢ ᠭᠤᠶᠤᠪᠴᠢᠯᠠᠬᠤ ᠶᠠᠪᠤᠴᠠ ᠵᠢᠴᠢ ᠬᠡᠷᠡᠭᠰᠡᠭᠦ ᠮᠠᠲ᠋ᠧᠷᠢᠶᠠᠯ
ᠨᠡᠶᠢᠲᠡᠯᠡᠭᠰᠡᠨ ᠴᠠᠭ᠄
2018-04-18
     ᠬᠠᠤᠯᠢ ᠴᠠᠭᠠᠵᠠ ᠶᠢᠨ ᠲᠤᠰᠠᠯᠠᠮᠵᠢ ᠭᠤᠶᠤᠪᠴᠢᠯᠠᠬᠤ ᠨᠦᠬᠦᠴᠡᠯ᠃ ︵ᠨᠢᠭᠡ︶ ᠦᠪᠡᠷ ᠤᠨ ᠬᠠᠤᠯᠢ ᠶᠤᠰᠤᠨ  ᠤ ᠡᠷᠬᠡ ᠠᠰᠢᠭ ᠪᠠᠨ ᠬᠠᠤᠯᠢ ᠵᠤᠰᠤᠭᠠᠷ ᠬᠠᠮᠠᠭᠠᠯᠠᠬᠤ ᠴᠢᠬᠤᠯᠲᠠᠢ ᠲᠠᠢ ᠦᠶᠡᠰ ᠬᠠᠤᠯᠢ ᠴᠠᠭᠠᠵᠠ ᠶᠢᠨ ᠲᠤᠰᠠᠯᠠᠮᠵᠢ ᠭᠤᠶᠤᠪᠴᠢᠯᠠᠵᠤ ᠪᠤᠯᠤᠨ᠎ᠠ᠃ ︵ᠬᠤᠶᠠᠷ︶ ᠲᠤᠰ ᠭᠠᠵᠠᠷ ᠤᠨ ᠵᠠᠰᠠᠭ ᠤᠨ ᠤᠷᠳᠤᠨ ᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠭ᠎ᠠ ᠭᠦᠷᠲᠡᠵᠤ ᠪᠠᠶᠢᠬᠤ᠂ ᠠᠵᠢᠯ ᠠᠯᠳᠠᠭᠰᠠᠳ ᠤᠨ ᠳᠡᠳᠭᠦᠪᠦᠷᠢ ᠬᠦᠷᠲᠡᠵᠤ ᠪᠠᠶᠢᠬᠤ᠂ ᠤᠷᠤᠯᠭ᠎ᠠ ᠪᠠᠭ᠎ᠠ ᠪᠠᠶᠢᠬᠤ ᠮᠦᠷᠳᠡᠬᠡᠨ ᠭᠡᠷᠡᠴᠢ ᠬᠠᠩᠭᠠᠵᠤ ᠳᠡᠶᠢᠯᠭᠦ ᠬᠦᠮᠦᠰ ᠨᠦᠬᠦᠴᠡᠯ ᠳᠤ ᠬᠦᠷᠦᠨ᠎ᠡ᠃ ᠡᠷᠡᠭᠦᠤ  ᠶᠢᠨ ᠵᠠᠷᠭᠤ ᠶᠢᠨ ᠳᠤᠮᠳᠠ ᠠᠯᠠᠬᠤ ᠶᠠᠯ᠎ᠠ ᠪᠠᠷ ᠰᠢᠢᠳᠬᠡᠭᠳᠡᠬᠦ ᠪᠤᠯᠤᠯᠴᠠᠭ᠎ᠠ ᠲᠠᠢ ᠬᠦᠮᠦᠨ ᠪᠤᠶᠤ ᠨᠠᠰᠤᠨ ᠳᠤ ᠦᠯᠦ ᠭᠦᠷᠦᠭᠰᠡᠳ᠂ ᠰᠤᠬᠤᠷ᠂ ᠪᠠᠯᠠᠢ᠂ ᠶᠠᠪᠠ ᠬᠦᠮᠦᠨ᠂ ᠦᠮᠦᠭᠯᠡᠬᠦ ᠬᠠᠤᠯᠢᠴᠢ ᠦᠭᠡᠢ ᠬᠦᠮᠦᠰ ᠬᠠᠤᠯᠢ ᠴᠠᠭᠠᠵᠠ ᠶᠢᠨ ᠲᠤᠰᠠᠯᠠᠮᠵᠢ ᠤᠯᠪᠠᠯ ᠵᠤᠬᠢᠰᠲᠠᠢ᠃      ᠬᠠᠤᠯᠢ ᠴᠠᠭᠠᠵᠠ ᠶᠢᠨ ᠲᠤᠰᠠᠯᠠᠮᠵᠢ ᠭᠤᠶᠤᠪᠴᠢᠯᠠᠬᠤ ᠳᠤ ᠬᠠᠤᠯᠢ ᠴᠠᠭᠠᠵᠠ ᠶᠢᠨ ᠲᠤᠪᠴᠢᠶᠠᠨ ᠤ ᠬᠠᠤᠯᠢ ᠴᠠᠭᠠᠵᠠ ᠶᠢᠨ ᠲᠤᠰᠠᠯᠠᠮᠵᠢ ᠶᠢᠨ ᠲᠦᠪ ᠳᠤ ᠭᠤᠶᠤᠪᠴᠢᠯᠠᠯ ᠤᠨ ᠪᠢᠴᠢᠭ ᠢᠶᠠᠨ ᠲᠤᠰᠢᠶᠠᠬᠤ ᠶᠢᠨ ᠬᠠᠮᠲᠤ ᠬᠠᠤᠯᠢ ᠴᠠᠭᠠᠵᠠ ᠶᠢᠨ ᠲᠤᠰᠠᠯᠠᠮᠵᠢ ᠭᠤᠶᠤᠪᠴᠢᠯᠠᠬᠤ ᠬᠦᠰᠦᠨᠦᠭᠳᠦ ᠲᠠᠭᠯᠠᠨ᠎ᠠ᠃ ᠬᠠᠤᠯᠢ ᠴᠠᠭᠠᠵᠠ ᠶᠢᠨ ᠲᠤᠰᠠᠯᠠᠮᠵᠢ ᠭᠤᠶᠤᠪᠴᠢᠯᠠᠬᠤ ᠳᠤ ᠳᠤᠤᠷᠠᠬᠢ ᠭᠡᠷᠡᠴᠢ ᠮᠠᠲ᠋ᠧᠷᠢᠶᠠᠯ ᠢ ᠬᠠᠩᠭᠠᠬᠤ ᠴᠢᠬᠤᠯᠲᠠᠢ᠃      ᠨᠢᠭᠡ᠂ ᠰᠠᠭᠤᠬᠠᠯᠢ ᠠᠷᠠᠳ ᠤᠨ ᠪᠡᠶ᠎ᠡ ᠶᠢᠨ ᠦᠨᠡᠮᠯᠡᠯ ᠡᠰᠡᠭᠦᠯ᠎ᠡ ᠪᠤᠰᠤᠳ ᠬᠦᠴᠦᠨ ᠪᠦᠬᠦᠢ ᠦᠨᠡᠮᠯᠡᠯ ︵ᠲᠦᠷ ᠴᠠᠭ ᠤᠨ ᠪᠡᠶ᠎ᠡ ᠶᠢᠨ ᠦᠨᠡᠮᠯᠡᠯ᠂ ᠵᠢᠯᠤᠭᠤᠴᠢ ᠶᠢᠨ ᠦᠨᠡᠮᠯᠡᠯ ᠵᠡᠷᠭᠡ︶᠂ ᠤᠷᠤᠯᠠᠨ ᠭᠦᠢᠴᠡᠳᠬᠡᠬᠦ ᠪᠠᠷ ᠭᠤᠶᠤᠪᠴᠢᠯᠠᠭᠰᠠᠨ ᠪᠤᠯ ᠵᠠᠪᠠᠯ ᠭᠦᠢᠴᠡᠳᠬᠡᠭᠦ ᠡᠷᠬᠡ ᠶᠢᠨ ᠭᠡᠷᠡᠴᠢ ᠪᠠᠨ ᠲᠤᠰᠢᠶᠠᠬᠤ ᠬᠡᠷᠡᠭᠲᠠᠢ᠃      ᠬᠤᠶᠠᠷ᠂ ᠭᠤᠶᠤᠪᠴᠢᠯᠠᠭᠴᠢ ᠶᠢᠨ ᠰᠠᠭᠤᠭ᠎ᠠ ᠭᠠᠵᠠᠷ ᠤᠨ ᠰᠤᠮᠦ ᠪᠠᠯᠭᠠᠰᠤᠨ ᠤ ᠵᠠᠰᠠᠭ ᠤᠨ ᠤᠷᠳᠤᠨ ᠡᠰᠡᠭᠦᠯ᠎ᠡ ᠬᠠᠮᠢᠶ᠎ᠠ ᠪᠦᠬᠦᠢ ᠨᠢᠭᠡᠴᠢ ᠠᠴᠠ ᠭᠠᠷᠭᠠᠭᠰᠠᠨ ᠭᠤᠶᠤᠪᠴᠢᠯᠠᠭᠴᠢ ᠵᠢᠴᠢ ᠭᠡᠷ ᠪᠦᠯᠢ ᠶᠢᠨ ᠭᠡᠰᠢᠭᠦᠨ ᠤ ᠠᠵᠤ ᠠᠬᠤᠢ ᠶᠢᠨ ᠭᠦᠴᠢᠷᠳᠡᠯᠲᠠᠢ ᠪᠠᠶᠢᠬᠤ ᠪᠠᠶᠢᠳᠠᠯ ᠤᠨ ᠭᠡᠷᠡᠴᠢ ᠪᠠᠶᠢᠬᠤ ᠶᠤᠰᠤᠲᠠᠢ᠃      ᠭᠤᠷᠪᠠ᠂ ᠬᠠᠤᠯᠢ ᠴᠠᠭᠠᠵᠠ ᠶᠢᠨ ᠲᠤᠰᠠᠯᠠᠮᠵᠢ ᠬᠦᠷᠲᠡᠬᠦ ᠬᠡᠷᠡᠭ ᠤᠴᠢᠷ ᠤᠨ ᠲᠤᠬᠠᠢ ᠬᠤᠯᠪᠤᠭᠳᠠᠯ ᠪᠦᠬᠦᠢ ᠮᠠᠲ᠋ᠧᠷᠢᠶᠠᠯ ᠪᠤᠯᠤᠨ ᠭᠡᠷᠡᠴᠢ ᠪᠠᠷᠢᠮᠲᠠ ᠪᠠᠨ ᠬᠠᠩᠭᠠᠬᠤ ᠴᠢᠬᠤᠯᠠᠲᠠᠢ᠃      ᠲᠦᠷᠪᠡ᠂ ᠭᠤᠶᠤᠪᠴᠢᠯᠠᠭᠴᠢ ᠬᠦᠮᠦᠨ ᠬᠡᠷᠪᠡ ᠢᠷᠭᠡᠨ ᠤ ᠠᠵᠢᠯᠯᠠᠭᠠᠨ ᠤ ᠴᠢᠳᠠᠪᠤᠷᠢ ᠦᠭᠡᠢ ᠡᠰᠡᠭᠦᠯ᠎ᠡ ᠢᠷᠭᠡᠨ ᠤ ᠠᠵᠢᠯᠯᠠᠭ᠎ᠠ ᠬᠢᠵᠠᠭᠠᠷ ᠲᠠᠢ ᠪᠤᠯ ᠬᠠᠮᠠᠭᠠᠯᠠᠨ ᠬᠠᠷᠠᠭᠠᠯᠵᠠᠬᠤ ᠭᠦᠮᠦᠨ ᠡᠰᠡᠬᠦᠯ᠎ᠡ ᠬᠠᠤᠯᠢ ᠪᠠᠷ ᠲᠤᠭᠲᠠᠭᠠᠭᠰᠠᠨ ᠤᠷᠤᠯᠠᠨ ᠭᠦᠢᠴᠡᠳᠬᠡᠭᠴᠢ ᠠᠴᠠ ᠤᠷᠤᠯᠠᠨ ᠭᠤᠶᠤᠪᠴᠢᠯᠠᠨ᠎ᠠ᠃      ᠬᠠᠤᠯᠢ ᠴᠠᠭᠠᠵᠠ ᠶᠢᠨ ᠲᠤᠰᠠᠯᠠᠮᠵᠢ ᠶᠢᠨ ᠲᠦᠪ ᠬᠠᠤᠯᠢ ᠴᠠᠭᠠᠵᠠ ᠶᠢᠨ ᠲᠤᠰᠠᠯᠠᠮᠵᠢ ᠶᠢᠨ ᠭᠤᠶᠤᠪᠴᠢᠯᠠᠯ ᠢ ᠬᠤᠷᠢᠶᠠᠨ ᠤᠯᠤᠭᠰᠠᠨ ᠤ ᠳᠠᠷᠠᠭ᠎ᠠ ᠬᠢᠨᠠᠨ ᠬᠠᠷᠭᠤᠭᠤᠯᠵᠤ ᠪᠠᠶᠢᠴᠠᠭᠠᠨ᠎ᠠ᠃ ᠭᠤᠶᠤᠪᠴᠢᠯᠠᠭᠴᠢ ᠶᠢᠨ ᠲᠤᠰᠢᠶᠠᠭᠰᠠᠨ ᠭᠡᠷᠡᠴᠢ ᠪᠠᠷᠢᠮᠲᠠ ᠵᠠᠪᠠᠯ ᠦᠨᠡᠨ ᠪᠤᠳᠠᠲᠠᠢ ᠮᠦᠷᠲᠡᠭᠡᠨ ᠬᠠᠤᠯᠢ ᠳᠤ ᠨᠡᠶᠢᠴᠡᠭᠰᠡᠨ ᠪᠠᠶᠢᠬᠤ ᠬᠡᠷᠡᠭᠲᠠᠢ᠃ ᠭᠤᠶᠤᠪᠴᠢᠯᠠᠭᠰᠠᠨ ᠬᠦᠮᠦᠨ ᠤ ᠲᠤᠰᠢᠶᠠᠭᠰᠠᠨ ᠭᠡᠷᠡᠴᠢ ᠪᠠᠷᠢᠮᠲᠠ ᠪᠤᠯᠤᠨ ᠮᠠᠲ᠋ᠧᠷᠢᠶᠠᠯ ᠪᠦᠷᠢᠨ ᠭᠦᠢᠴᠡᠳ ᠦᠭᠡᠢ ᠪᠤᠯ ᠭᠤᠶᠤᠪᠴᠢᠯᠠᠭᠴᠢ ᠳᠤ ᠵᠠᠪᠠᠯ ᠨᠦᠭᠦᠪᠦᠷᠢᠯᠡᠬᠦ ᠪᠠ ᠭᠡᠷᠡᠴᠢ ᠤᠯᠬᠤ ᠱᠠᠭᠠᠷᠳᠠᠯᠭ᠎ᠠ ᠭᠠᠷᠭᠠᠨ᠎ᠠ᠃ ᠬᠡᠷᠪᠡ ᠨᠦᠭᠦᠪᠦᠷᠢᠯᠡᠬᠦ ᠪᠤᠶᠤ ᠭᠡᠷᠡᠴᠢᠯᠡᠯ ᠭᠠᠷᠭᠠᠬᠤ ᠦᠭᠡᠢ ᠪᠤᠯ ᠭᠤᠶᠤᠪᠴᠢᠯᠠᠯ ᠢ ᠦᠭᠡᠶᠢᠰᠭᠡᠭᠰᠡᠨ ᠢᠶᠠᠷ ᠦᠵᠡᠵᠤ ᠬᠦᠯᠢᠶᠡᠨ ᠠᠪᠴᠤ ᠰᠢᠢᠳᠪᠦᠷᠢᠯᠡᠬᠦ ᠦᠭᠡᠢ᠃      ᠭᠤᠶᠤᠪᠴᠢᠯᠠᠭᠴᠢ ᠲᠤᠰᠢᠶᠠᠭᠰᠠᠨ ᠭᠡᠷᠡᠴᠢ ᠪᠠᠷᠢᠮᠲᠠ ᠪᠤᠯᠤᠨ ᠮᠠᠲ᠋ᠧᠷᠢᠶᠠᠯ ᠢ ᠪᠠᠶᠢᠴᠠᠭᠠᠨ ᠬᠠᠷᠭᠤᠭᠤᠯᠤᠭᠠᠳ ᠪᠦᠷᠢᠨ ᠭᠦᠢᠴᠡᠳ ᠦᠨᠡᠨ ᠪᠤᠳᠠᠲᠠᠢ ᠪᠠᠶᠢᠵᠤ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠨᠦᠬᠦᠴᠡᠯ ᠳᠤ ᠨᠡᠶᠢᠴᠡᠪᠡᠯ ᠬᠠᠤᠯᠢ ᠴᠠᠭᠠᠵᠠ ᠶᠢᠨ ᠲᠤᠰᠠᠯᠠᠮᠵᠢ ᠶᠢᠨ ᠲᠦᠪ ᠴᠠᠭ ᠲᠤᠬᠠᠢ ᠳᠤᠨᠢ ᠬᠠᠤᠯᠢ ᠴᠠᠭᠠᠵᠠ ᠶᠢᠨ ᠲᠤᠰᠠᠯᠠᠮᠵᠢ ᠬᠠᠩᠭᠠᠨ᠎ᠠ︔ ᠬᠡᠷᠪᠡ ᠬᠠᠤᠯᠢ ᠴᠠᠭᠠᠵᠠ ᠶᠢᠨ ᠲᠤᠰᠠᠯᠠᠮᠵᠢ ᠭᠦᠷᠲᠡᠬᠦ ᠨᠦᠬᠦᠴᠡᠯ ᠳᠤ ᠨᠡᠶᠢᠴᠡᠬᠦ ᠦᠭᠡᠢ ᠪᠤᠯ ᠭᠤᠶᠤᠪᠴᠢᠯᠠᠭᠴᠢ ᠳᠤ ᠪᠢᠴᠢᠭ ᠢᠶᠠᠷ ᠮᠡᠳᠡᠭᠳᠡᠨ᠎ᠡ᠃      ᠭᠤᠶᠤᠪᠴᠢᠯᠠᠭᠴᠢ ᠬᠡᠷᠪᠡ ᠬᠠᠤᠯᠢ ᠴᠠᠭᠠᠵᠠ ᠶᠢᠨ ᠲᠤᠰᠠᠯᠠᠮᠵᠢ ᠶᠢ ᠬᠦᠯᠢᠶᠡᠨ ᠠᠪᠬᠤ ᠦᠭᠡᠢ ᠪᠠᠶᠢᠳᠠᠯ ᠳᠤ ᠤᠨᠳᠤᠤ ᠰᠠᠨᠠᠯ ᠲᠠᠢ ᠪᠤᠯ ᠲᠤᠰ ᠬᠠᠤᠯᠢ ᠴᠠᠭᠠᠵᠠ ᠶᠢᠨ ᠲᠤᠰᠠᠯᠠᠮᠵᠢ ᠶᠢᠨ ᠲᠦᠪ ᠤᠨ ᠬᠠᠮᠢᠶᠠᠷᠤᠭᠳᠠᠬᠤ ᠬᠠᠤᠯᠢ ᠴᠠᠭᠠᠵᠠ ᠶᠢᠨ ᠪᠠᠶᠢᠭᠤᠯᠤᠮᠵᠢ ᠳᠤ ᠰᠠᠨᠠᠯ ᠳᠡᠪᠰᠢᠭᠦᠯᠦᠨ᠎ᠡ᠃ ᠬᠠᠤᠯᠢ ᠴᠠᠭᠠᠵᠠ ᠶᠢᠨ ᠪᠠᠶᠢᠭᠤᠯᠤᠮᠵᠢ ᠰᠠᠨᠠᠯ ᠢ ᠬᠦᠯᠢᠶᠡᠨ ᠠᠪᠤᠭᠰᠠᠨ ᠤ ᠬᠢᠨᠢ 5 ᠡᠳᠤᠷ ᠤᠨ ᠳᠤᠲᠤᠷ᠎ᠠ ᠪᠠᠶᠢᠴᠠᠭᠠᠯᠲᠠ ᠬᠢᠵᠤ᠂ ᠪᠠᠶᠢᠴᠠᠭᠠᠯᠲᠠ ᠶᠢᠨ ᠦᠷ᠎ᠡ ᠳ᠋ᠦᠩ  ᠢ ᠨᠢ ᠲᠤᠰ ᠬᠦᠮᠦᠨ ᠪᠤᠯᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠲᠦᠪ ᠳᠤ ᠮᠡᠳᠡᠭᠳᠡᠨ᠎ᠡ᠃ ᠡᠭᠦᠨ ᠳᠤ ᠬᠠᠤᠯᠢ ᠴᠠᠭᠠᠵᠠ ᠶᠢᠨ ᠪᠠᠶᠢᠭᠤᠯᠤᠮᠵᠢ ᠭᠤᠶᠤᠪᠴᠢᠯᠠᠭᠴᠢ ᠶᠢᠨ ᠰᠠᠨᠠᠯ ᠢ ᠵᠦᠪᠰᠢᠶᠡᠷᠡᠪᠡᠯ ᠬᠠᠤᠯᠢ ᠴᠠᠭᠠᠵᠠ ᠶᠢᠨ ᠲᠤᠰᠠᠯᠠᠮᠵᠢ ᠭᠦᠷᠳᠡᠵᠤ ᠪᠤᠯᠤᠨ᠎ᠠ᠃ ᠡᠰᠡ ᠵᠦᠪᠰᠢᠶᠡᠷᠡᠪᠡᠯ ᠭᠤᠶᠤᠪᠴᠢᠯᠠᠭᠴᠢ 60 ᠡᠳᠤᠷ ᠤᠨ ᠳᠤᠲᠤᠷ᠎ᠠ ᠲᠤᠰ ᠱᠠᠳᠤᠨ ᠤ ᠠᠷᠠᠳ ᠤᠨ ᠵᠠᠰᠠᠭ ᠤᠨ ᠤᠷᠳᠤᠨ ᠪᠤᠶᠤ ᠳᠡᠭᠡᠳᠤ ᠱᠠᠲᠤᠨ ᠤ ᠬᠠᠤᠯᠢ ᠴᠠᠭᠠᠵᠠ ᠶᠢᠨ ᠪᠠᠶᠢᠭᠤᠯᠤᠮᠵᠢ ᠳᠤ ᠳᠠᠬᠢᠨ ᠵᠦᠪᠯᠡᠬᠦ ᠭᠤᠶᠤᠪᠴᠢᠯᠠᠯ ᠳᠡᠪᠰᠢᠭᠦᠯᠦᠨ᠎ᠡ᠃
 
ᠢᠷᠡᠯᠲᠡ᠄ ᠬᠠᠤᠯᠢ ᠴᠠᠭᠠᠵᠠ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号