ᠠᠵᠢᠯ ᠮᠡᠷᠭᠡᠵᠢᠯ ᠤᠨ ᠴᠢᠲᠠᠪᠤᠷᠢ ᠶᠢᠨ ᠬᠢᠨᠠᠨ ᠲᠤᠭᠲᠠᠭᠠᠯ ᠤᠨ ᠨᠦᠬᠦᠪᠦᠷᠢ ᠶᠢ ᠭᠤᠶᠤᠪᠴᠢᠯᠠᠬᠤ ᠶᠠᠪᠦᠴᠠ
ᠨᠡᠶᠢᠲᠡᠯᠡᠭᠰᠡᠨ ᠴᠠᠭ᠄
2018-04-18
     ⒈ ᠬᠠᠥᠯᠢ ᠳᠤ ᠲᠤᠭᠲᠠᠭᠠᠭᠰᠠᠨ ᠬᠦᠳᠡᠯᠮᠦᠷᠢᠯᠡᠬᠦ ᠨᠠᠰᠤᠨ ᠤ ᠬᠦᠮᠦᠰ ᠤᠨ ᠳᠤᠮᠳᠠᠬᠢ ᠠᠵᠢᠯ ᠤᠯᠭᠤᠯᠲᠠ  ᠶᠢᠨ ᠱᠠᠭᠠᠷᠳᠠᠯᠭ᠎ᠠ ᠲᠠᠢ ᠪᠤᠶᠤ ᠪᠤᠯᠪᠠᠰᠤᠷᠠᠯ ᠳᠤ ᠤᠷᠤᠯᠴᠠᠬᠤ ᠡᠷᠡᠮᠡᠯᠵᠡᠯ ᠲᠠᠢ ᠡᠯ᠎ᠡ ᠬᠦᠳᠡᠯᠮᠦᠷᠢᠴᠢᠳ ᠦᠪᠡᠷ ᠤᠨ ᠪᠡᠶ᠎ᠡ ᠶᠢᠨ ᠦᠨᠡᠮᠯᠡᠯ ᠤᠨ ᠬᠠᠭᠤᠯᠪᠤᠷᠢ ᠶᠢ 2 ᠬᠤᠪᠢ᠂ ᠤᠶᠢᠷ᠎ᠠ ᠶᠢᠨ ᠬᠤᠭᠤᠴᠠᠭᠠᠨ ᠳᠤ ᠰᠡᠭᠦᠳᠡᠷᠯᠡᠭᠰᠡᠨ ᠨᠢᠭᠡ ᠢᠮᠠᠬᠤ ᠶᠢᠨ ᠰᠡᠭᠦᠳᠡᠷ ᠪᠠ ᠬᠤᠶᠠᠷ ᠢᠮᠠᠬᠤ ᠶᠢᠨ ᠰᠡᠭᠦᠳᠡᠷ ᠢ ᠲᠤᠰᠪᠤᠷᠢ 2 ᠬᠤᠪᠢ ᠲᠤᠰᠢᠶᠠᠨ᠎ᠠ᠃      ⒉ ᠠᠵᠢᠯ ᠤᠯᠭᠤᠬᠤ ᠦᠢᠯᠡᠴᠢᠯᠡᠭᠡᠨ ᠤ ᠪᠤᠯᠪᠠᠰᠤᠷᠠᠯ ᠤᠨ ᠲᠦᠪ ᠠᠴᠠ ᠬᠦᠯᠢᠶᠡᠨ ᠠᠪᠴᠦ ᠰᠢᠢᠳᠪᠦᠷᠢᠯᠡᠨ᠎ᠡ᠃ ᠳᠦᠷᠢᠮ ᠲᠤᠭᠲᠠᠭᠠᠯ ᠳᠤ ᠨᠡᠶᠢᠴᠡᠭᠰᠡᠨ ᠮᠦᠷᠲᠡᠭᠡᠨ ᠮᠠᠲ᠋ᠧᠷᠢᠶᠠᠯ ᠶᠢᠨ ᠪᠦᠷᠢᠨ ᠬᠦᠢᠴᠡᠳ ᠲᠤᠰᠢᠶᠠᠭᠰᠠᠨ ᠪᠤᠯ ᠬᠦᠯᠢᠶᠡᠨ ᠠᠪᠴᠦ ᠰᠢᠢᠳᠪᠦᠷᠢᠯᠡᠨ᠎ᠡ᠃ ᠮᠠᠲ᠋ᠧᠷᠢᠶᠠᠯ ᠨᠢ ᠳᠦᠷᠢᠮ ᠲᠤᠭᠲᠠᠭᠠᠯ ᠳᠤ ᠨᠡᠶᠢᠴᠡᠭᠰᠡᠨ ᠦᠭᠡᠢ ᠪᠤᠶᠤ ᠪᠦᠷᠢᠨ ᠭᠦᠢᠴᠡᠳ ᠪᠤᠰᠤ ᠪᠤᠯ ᠪᠤᠴᠠᠭᠠᠵᠤ ᠬᠦᠯᠢᠶᠡᠨ ᠠᠪᠴᠦ ᠰᠢᠢᠳᠪᠤᠷᠢᠯᠡᠬᠦ ᠦᠭᠡᠢ᠃      ⒊ ᠭᠠᠷᠲᠠᠨ ᠭᠦᠢᠴᠡᠳᠬᠡᠭᠴᠢ ᠬᠢᠨᠠᠨ ᠬᠠᠷᠭᠤᠭᠤᠯᠤᠨ᠎ᠠ᠃      ⒋ ᠲᠤᠭᠲᠠᠭᠰᠠᠨ ᠴᠡᠭ ᠤᠨ ᠪᠤᠯᠪᠠᠰᠦᠷᠠᠯ ᠤᠨ ᠪᠠᠶᠢᠭᠤᠯᠤᠮᠵᠢ ᠳᠤ ᠭᠦᠷᠴᠤ ᠮᠡᠷᠭᠡᠵᠢᠯ ᠴᠢᠳᠠᠪᠤᠷᠢ ᠤᠨ ᠪᠤᠯᠪᠠᠰᠤᠷᠠᠯ ᠦᠷᠨᠢᠭᠦᠯᠬᠦ ᠶᠢ ᠵᠤᠬᠢᠶᠠᠨ ᠪᠠᠶᠢᠭᠤᠯᠤᠨ᠎ᠠ᠃      ⒌ ᠪᠤᠯᠪᠠᠰᠤᠷᠠᠯ ᠶᠢᠨ ᠶᠠᠪᠤᠴᠠ ᠶᠢᠨ ᠶᠠᠰᠤ ᠴᠢᠨᠠᠷ ᠳᠤ ᠬᠢᠨᠠᠯᠲᠠ ᠲᠠᠯᠪᠢᠬᠤ ᠪᠠ ᠪᠤᠯᠪᠠᠰᠤᠷᠠᠯ ᠤᠨ ᠮᠠᠲ᠋ᠧᠷᠢᠶᠠᠯ ᠢ ᠬᠢᠨᠠᠨ ᠬᠠᠷᠭᠤᠭᠤᠯᠤᠨ᠎ᠠ᠃      ⒍ ᠪᠤᠯᠪᠠᠰᠤᠷᠠᠯ ᠲᠡᠭᠦᠰᠬᠦ ᠳᠤ ᠬᠢᠷᠢ ᠲᠡᠩᠴᠡᠭᠰᠡᠳ ᠳᠤᠨᠢ ᠦᠨᠡᠮᠯᠡᠯ ᠤᠯᠭᠤᠨ᠎ᠠ᠃
 
ᠢᠷᠡᠯᠲᠡ᠄ ᠦᠦᠰᠢᠨ ᠬᠤᠰᠢᠭᠤᠨ ᠤ ᠠᠵᠢᠯ ᠤᠯᠭᠤᠬᠤ ᠦᠢᠯᠡᠴᠢᠯᠡᠭᠡᠨ ᠤ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号