ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ ᠭᠤᠶᠤᠪᠴᠢᠯᠠᠬᠤ ᠠᠯᠬᠤᠮ ᠲᠠᠷᠠᠭ᠎ᠠ
ᠨᠡᠶᠢᠲᠡᠯᠡᠭᠰᠡᠨ ᠴᠠᠭ᠄
2018-04-18
     ᠨᠢᠬᠡ᠂ ᠠᠯᠬᠤᠮ ᠲᠠᠷᠠᠭ᠎ᠠ      ⒈ ᠭᠤᠶᠤᠪᠴᠢᠯᠠᠭᠴᠢ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ ᠳᠤ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ ᠭᠤᠶᠤᠪᠴᠢᠯᠠᠬᠤ ᠭᠤᠶᠤᠪᠴᠢᠯᠠᠯ ᠭᠠᠷᠭᠠᠬᠤ ᠶᠢᠨ ᠬᠠᠮᠳᠤ ᠬᠠᠮᠢᠶ᠎ᠠ ᠪᠦᠬᠦᠢ ᠬᠡᠷᠡᠴᠢ ᠮᠠᠲ᠋ᠧᠷᠢᠶᠠᠯ ᠢᠶᠠᠨ ᠲᠤᠰᠢᠶᠠᠨ᠎ᠠ ︵ᠬᠡᠷᠡᠴᠢ ᠮᠠᠲ᠋ᠧᠷᠢᠶᠠᠯ ᠨᠢ ᠲᠤᠳᠠᠭᠤ ᠪᠤᠯ ᠬᠡᠷᠡᠴᠢ ᠮᠠᠲ᠋ᠧᠷᠢᠶᠠᠯ ᠢᠶᠠᠨ ᠨᠦᠬᠦᠵᠤ ᠪᠦᠷᠢᠯᠳᠡᠬᠦᠯᠬᠦ ᠪᠠᠷ ᠱᠠᠭᠠᠷᠳᠠᠨ᠎ᠠ︶᠃      ⒉ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ ᠨᠢ ᠭᠠᠴᠠᠭ᠎ᠠ ᠲᠤᠰᠬᠤᠨ᠂ ᠰᠠᠭᠤᠭᠠᠯᠢ ᠠᠷᠠᠳ  ᠤᠨ ᠵᠦᠪᠯᠡᠯ ᠤᠨ ᠬᠠᠮᠢᠶ᠎ᠠ ᠪᠦᠬᠦᠢ ᠬᠦᠮᠦᠰ ᠢ ᠵᠤᠬᠢᠶᠠᠨ ᠪᠠᠶᠢᠭᠤᠯᠤᠨ ᠭᠤᠶᠤᠪᠴᠢᠯᠠᠭᠴᠢ ᠶᠢᠨ ᠬᠡᠷ ᠪᠦᠯᠢ ᠶᠢᠨ ᠠᠵᠤ ᠠᠬᠤᠢ ᠶᠢᠨ ᠪᠠᠶᠢᠳᠠᠯ ᠪᠠ ᠪᠤᠳᠠᠳᠠᠢ ᠠᠮᠢᠳᠤᠷᠠᠯ ᠤᠨ ᠬᠢᠷᠢ ᠲᠦᠪᠰᠢᠨ ᠳᠤ 100% ᠶᠢᠨ ᠬᠢᠨᠠᠨ ᠬᠠᠷᠭᠤᠭᠤᠯᠬᠤ ᠠᠵᠢᠯ ᠢ ᠬᠢᠨ᠎ᠠ᠃      ⒊ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ ᠨᠢ ᠭᠠᠴᠠᠭ᠎ᠠ ᠲᠤᠰᠬᠤᠨ᠂ ᠰᠠᠭᠤᠭᠠᠯᠢ ᠠᠷᠠᠳ  ᠤᠨ ᠵᠦᠪᠯᠡᠯ ᠤᠨ ᠬᠠᠮᠢᠶ᠎ᠠ ᠪᠦᠬᠦᠢ ᠬᠦᠮᠦᠰ ᠢ ᠵᠤᠬᠢᠶᠠᠨ ᠪᠠᠶᠢᠭᠤᠯᠤᠨ ᠭᠤᠶᠤᠪᠴᠢᠯᠠᠭᠴᠢ ᠶᠢᠨ ᠤᠷᠤᠯᠭ᠎ᠠ ᠶᠢᠨ ᠪᠠᠶᠢᠳᠠᠯ ᠤᠨ ᠦᠨᠡᠨ ᠪᠤᠳᠠᠳᠤ ᠴᠢᠨᠠᠷ ᠲᠤ ᠦᠨᠡᠯᠡᠯᠳᠡ ᠬᠢᠵᠤ᠂ ᠦᠨᠡᠯᠡᠯᠳᠡ ᠬᠢᠬᠦ ᠪᠠᠷ ᠲᠠᠮᠵᠢᠨ ᠨᠦᠬᠦᠴᠡᠯ ᠳᠤ ᠨᠡᠶᠢᠴᠡᠭᠰᠡᠨ ᠢ ᠨᠢ ᠭᠤᠶᠤᠪᠴᠢᠯᠠᠭᠴᠢ ᠶᠢᠨ ᠰᠠᠭᠤᠵᠤ ᠪᠠᠶᠢᠭ᠎ᠠ ᠬᠠᠷᠢᠶ᠎ᠠ ᠲᠤᠭᠤᠷᠢᠭ ᠲᠤ ᠢᠯᠡ ᠨᠡᠶᠢᠳᠡᠯᠡᠨ᠎ᠡ ︵ᠨᠦᠬᠦᠴᠡᠯ ᠳᠤ ᠨᠡᠶᠢᠴᠡᠬᠦ ᠦᠬᠡᠢ ᠶᠢ ᠨᠢ ᠤᠴᠢᠷ ᠰᠢᠯᠳᠠᠭᠠᠨ ᠢ ᠲᠠᠶᠢᠯᠪᠤᠷᠢᠯᠠᠵᠤ ᠦᠭᠬᠦ ᠶᠢᠨ ᠬᠠᠮᠳᠤ ᠬᠡᠷᠡᠴᠢ ᠮᠠᠲ᠋ᠧᠷᠢᠶᠠᠯ ᠢ ᠨᠢ ᠪᠤᠴᠠᠭᠠᠨ᠎ᠠ︶᠃      ⒋ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ ᠭᠤᠶᠤᠪᠴᠢᠯᠠᠭᠴᠢ ᠶᠢᠨ ᠦᠨᠳᠤᠰᠦᠨ ᠪᠠᠶᠢᠳᠠᠯ  ᠤᠨ ᠬᠡᠷᠡᠴᠢ ᠮᠠᠲ᠋ᠧᠷᠢᠶᠠᠯ ᠶᠢ ᠬᠢᠨᠠᠨ ᠬᠠᠷᠭᠤᠭᠤᠯᠬᠤ ᠶᠢᠨ ᠬᠠᠮᠳᠤ ᠨᠡᠶᠢᠬᠡᠮ ᠤᠨ ᠲᠤᠰᠠᠯᠠᠮᠵᠢ ᠬᠦᠷᠳᠡᠬᠦ ᠬᠦᠰᠦᠨᠤᠭ᠍ᠳᠤ  ᠶᠢ ᠲᠠᠭᠯᠠᠵᠤ᠂ ᠵᠦᠪᠰᠢᠶᠡᠷᠡᠬᠦ ᠡᠰᠡᠬᠦ ᠶᠢᠨ ᠲᠤᠬᠠᠢ ᠭᠠᠷ ᠤᠨ ᠦᠰᠦᠭ ᠵᠢᠷᠦᠨ᠎ᠠ᠃      ⒌ ᠬᠤᠰᠢᠭᠤᠨ ᠤ ᠠᠷᠠᠳ ᠤᠨ ᠶᠠᠪᠤᠳᠠᠯ ᠤᠨ ᠲᠤᠪᠴᠢᠶᠠᠨ ᠤ ᠬᠤᠳᠠ ᠬᠦᠳᠡᠭᠡ ᠶᠢᠨ ᠰᠠᠭᠤᠭᠠᠯᠢ ᠠᠷᠠᠳ  ᠤᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ ᠶᠢᠨ ᠠᠯᠪᠠᠨ ᠬᠡᠷ ᠨᠢ ᠨᠡᠶᠢᠬᠡᠮ ᠤᠨ ᠲᠤᠰᠠᠯᠠᠮᠵᠢ ᠶᠢᠨ ᠬᠡᠷ ᠪᠦᠯᠢ ᠶᠢᠨ ᠠᠵᠤ ᠠᠬᠤᠢ ᠤᠷᠤᠯᠭ᠎ᠠ ᠶᠢᠨ ᠪᠠᠶᠢᠳᠠᠯ ᠤᠨ ᠰᠤᠷᠠᠭ ᠵᠠᠩᠬᠢ ᠶᠢ ᠬᠢᠨᠠᠨ ᠬᠠᠷᠭᠤᠭᠤᠯᠬᠤ ᠰᠢᠰᠲ᠋ᠧᠮ ᠲᠤᠳᠤᠷ᠎ᠠ ᠬᠢᠨᠠᠨ ᠬᠠᠷᠭᠤᠭᠤᠯᠵᠤ᠂ ᠨᠦᠬᠦᠴᠡᠯ ᠳᠤ ᠨᠡᠶᠢᠴᠡᠭᠰᠡᠨ ᠢ ᠨᠢ ᠭᠤᠶᠤᠪᠴᠢᠯᠠᠭᠴᠢ ᠶᠢᠨ ᠰᠠᠭᠤᠵᠤ ᠪᠠᠶᠢᠭ᠎ᠠ ᠬᠠᠷᠢᠶ᠎ᠠ ᠲᠤᠭᠤᠷᠢᠭ ᠲᠤ ᠬᠤᠶᠠᠳᠤᠭᠠᠷ ᠤᠳᠠᠭ᠎ᠠ ᠢᠯᠡ ᠨᠡᠶᠢᠳᠡᠯᠡᠨ᠎ᠡ᠂ ᠤᠨᠳᠤᠤ ᠰᠠᠨᠠᠯ ᠪᠠᠶᠢᠬᠤ ᠦᠬᠡᠢ ᠪᠤᠯ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ ᠤᠯᠭᠤᠬᠤ ᠰᠢᠢᠳᠪᠤᠷᠢ ᠭᠠᠷᠭᠠᠨ᠎ᠠ ︵ᠨᠦᠬᠦᠴᠡᠯ ᠳᠤ ᠨᠡᠶᠢᠴᠡᠬᠦ ᠦᠬᠡᠢ ᠶᠢ ᠨᠢ ᠤᠴᠢᠷ ᠰᠢᠯᠳᠠᠭᠠᠨ ᠢ ᠲᠠᠶᠢᠯᠪᠤᠷᠢᠯᠠᠵᠤ ᠦᠭᠬᠦ ᠶᠢᠨ ᠬᠠᠮᠳᠤ ᠬᠡᠷᠡᠴᠢ ᠮᠠᠲ᠋ᠧᠷᠢᠶᠠᠯ ᠢ ᠨᠢ ᠪᠤᠴᠠᠭᠠᠨ᠎ᠠ︶᠃      ⒍ ᠬᠤᠰᠢᠭᠤᠨ ᠤ ᠠᠷᠠᠳ ᠤᠨ ᠶᠠᠪᠤᠳᠠᠯ ᠤᠨ ᠲᠤᠪᠴᠢᠶ᠎ᠠ ᠨᠢ ᠬᠤᠳᠠ ᠬᠦᠳᠡᠭᠡ ᠶᠢᠨ ᠰᠠᠭᠤᠭᠠᠯᠢ ᠠᠷᠠᠳ  ᠤᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ ᠤᠯᠭᠤᠬᠤ ᠦᠨᠡᠮᠯᠡᠯ ᠲᠠᠷᠬᠠᠭᠠᠨ᠂ ᠲᠤᠭᠳᠠᠭᠰᠠᠨ ᠴᠠᠭ ᠲᠠᠭᠠᠨ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ ᠶᠢᠨ ᠮᠦᠩᠭᠦ ᠶᠢ ᠤᠯᠭᠤᠨ᠎ᠠ᠃      ᠬᠤᠶᠠᠷ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ ᠭᠤᠶᠤᠪᠴᠢᠯᠠᠬᠤ ᠨᠦᠬᠦᠴᠡᠯ      ⒈ ᠬᠠᠮᠲᠤ ᠠᠮᠢᠳᠤᠷᠠᠵᠤ ᠪᠠᠶᠢᠭ᠎ᠠ ᠭᠡᠷ ᠪᠦᠯᠢ ᠶᠢᠨ ᠪᠦᠷᠢᠯᠳᠦᠭᠦᠨ ᠤ ᠬᠦᠮᠦᠨ ᠲᠤᠳᠤᠮ ᠤᠨ ᠴᠡᠪᠡᠷ ᠤᠷᠤᠯᠭ᠎ᠠ ᠨᠢ ᠲᠤᠰ ᠭᠠᠵᠠᠷ ᠤᠷᠤᠨ ᠤ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ ᠶᠢᠨ ᠪᠠᠷᠢᠮᠵᠢᠶ᠎ᠠ ᠠᠴᠠ ᠲᠤᠤᠷ᠎ᠠ ᠪᠠᠶᠢᠬᠤ ᠬᠡᠷᠡᠭᠳᠠᠢ᠃      ⒉ ᠬᠡᠷ ᠪᠦᠯᠢ ᠶᠢᠨ ᠡᠳ᠋ ᠬᠦᠷᠦᠩᠬᠡ ᠶᠢᠨ ᠪᠠᠶᠢᠳᠠᠯ ᠨᠢ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ ᠶᠢᠨ ᠬᠡᠷ ᠪᠦᠯᠢ ᠶᠢᠨ ᠡᠳ᠋ ᠬᠦᠷᠦᠩᠬᠡ ᠶᠢᠨ ᠪᠠᠶᠢᠳᠠᠯ ᠤᠨ ᠲᠤᠭᠳᠠᠭᠠᠯ ᠲᠠᠢ ᠨᠡᠶᠢᠴᠡᠭᠰᠡᠨ ᠪᠠᠶᠢᠬᠤ ᠬᠡᠷᠡᠭᠲᠠᠢ᠃      ⒊ ᠲᠤᠰ ᠭᠠᠵᠠᠷ ᠤᠷᠤᠨ ᠳᠤ ᠪᠠᠶᠢᠩᠭᠤ ᠰᠠᠭᠤᠷᠢᠰᠢᠵᠤ ᠪᠠᠶᠢᠭ᠎ᠠ ᠡᠷᠦᠬᠡ᠃      ᠭᠤᠷᠪᠠ᠂ ᠭᠤᠶᠤᠪᠴᠢᠯᠠᠬᠤ ᠳᠤ ᠪᠡᠯᠡᠳᠬᠡᠬᠦ ᠬᠡᠷᠡᠴᠢ ᠮᠠᠲ᠋ᠧᠷᠢᠶᠠᠯ      ⒈ ᠬᠤᠳᠠ ᠬᠦᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ ᠭᠤᠶᠤᠪᠴᠢᠯᠠᠬᠤ ᠭᠤᠶᠤᠪᠴᠢᠯᠠᠯ ᠤᠨ ᠪᠢᠴᠢᠭ      ⒉ ᠬᠠᠮᠲᠤ ᠠᠮᠢᠳᠤᠷᠠᠵᠤ ᠪᠠᠶᠢᠭ᠎ᠠ ᠭᠡᠷ ᠪᠦᠯᠢ ᠶᠢᠨ ᠪᠦᠷᠢᠯᠳᠦᠭᠦᠨ ᠤ ᠪᠡᠶ᠎ᠡ ᠶᠢᠨ ᠦᠨᠠᠮᠯᠠᠯ᠂ ᠡᠷᠦᠬᠡ ᠠᠮᠠ  ᠶᠢᠨ ᠲᠠᠪᠳᠡᠷ ᠤᠨ ᠬᠠᠭᠤᠯᠪᠤᠷᠢ      ⒊ ᠠᠮᠢᠳᠤᠷᠠᠯ ᠬᠦᠴᠢᠷᠳᠡᠯᠲᠠᠢ ᠪᠠᠶᠢᠬᠤ ᠶᠢᠨ ᠤᠴᠢᠷ ᠰᠢᠯᠳᠠᠭᠠᠨ ᠤ ᠬᠡᠷᠡᠴᠢ ︵ᠡᠮᠴᠢᠯᠡᠭᠡᠨ ᠤ ᠪᠠᠶᠢᠭᠤᠯᠤᠮᠵᠢ  ᠶᠢᠨ ᠡᠪᠡᠳᠴᠢᠳᠠᠨ ᠤ ᠲᠡᠮᠳᠡᠭᠯᠡᠯ᠂ ᠤᠨᠤᠰᠢᠯᠠᠯᠲᠠ ᠶᠢᠨ ᠪᠢᠴᠢᠭ᠂ ᠵᠡᠮᠳᠡᠭᠴᠤᠳ ᠤᠨ ᠦᠨᠡᠮᠯᠡᠯ ᠤᠨ ᠬᠠᠭᠤᠯᠪᠤᠷᠢ᠂ ᠶᠡᠭᠡ ᠰᠤᠷᠭᠠᠭᠤᠯᠢ ᠳᠤ ᠰᠤᠷᠤᠯᠴᠠᠵᠤ ᠪᠠᠶᠢᠭ᠎ᠠ ᠰᠤᠷᠤᠭᠴᠢ ᠶᠢᠨ ᠬᠡᠷᠡᠴᠢ ᠪᠤᠶᠤ ᠪᠤᠰᠤᠳ ᠠᠮᠢᠳᠤᠷᠠᠯ ᠬᠦᠴᠢᠷᠳᠡᠯᠲᠠᠢ ᠪᠠᠶᠢᠬᠤ ᠶᠢ ᠬᠡᠷᠡᠴᠢᠯᠡᠬᠦ ᠬᠡᠷᠡᠴᠢ ᠮᠠᠲ᠋ᠧᠷᠢᠶᠠᠯ︶      ᠲᠦᠷᠪᠡ᠂ ᠬᠦᠢᠴᠡᠳᠬᠡᠬᠦ ᠴᠠᠭ ᠤᠨ ᠬᠢᠵᠠᠭᠠᠷ      ᠭᠤᠶᠤᠪᠴᠢᠯᠠᠭᠴᠢ ᠭᠤᠶᠤᠪᠴᠢᠯᠠᠯ ᠭᠠᠷᠭᠠᠭᠰᠠᠨ ᠴᠠᠭ ᠠᠴᠠ ᠡᠬᠢᠯᠡᠨ 60 ᠡᠳᠤᠷ ᠤᠨ ᠲᠤᠳᠤᠷ᠎ᠠ ᠵᠦᠪᠰᠢᠶᠡᠷᠡᠬᠦ ᠭᠠᠷ ᠬᠦᠢᠴᠡᠳᠬᠡᠯ ᠢ ᠬᠦᠢᠴᠡᠳᠬᠡᠵᠤ ᠪᠠᠷᠠᠭᠠᠨ᠎ᠠ᠃      ᠬᠠᠷᠢᠭᠤᠴᠠᠯᠭ᠎ᠠ ᠶᠢᠨ ᠰᠠᠯᠠᠭ᠎ᠠ ᠮᠦᠴᠢᠷ᠄ ᠦᠤᠰᠢᠨ ᠬᠤᠰᠢᠭᠤᠨ ᠤ ᠠᠷᠠᠳ ᠤᠨ ᠶᠠᠪᠤᠳᠠᠯ ᠤᠨ ᠲᠤᠪᠴᠢᠶᠠᠨ  ᠤ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ ᠶᠢᠨ ᠠᠯᠪᠠᠨ ᠬᠡᠷ      ᠬᠠᠷᠢᠭᠤᠴᠠᠯᠭᠠᠳᠠᠨ᠄ ᠰᠢᠶᠤᠤ ᠴᠦᠨ ᠸᠠᠩ      ᠬᠠᠷᠢᠯᠴᠠᠬᠤ ᠤᠳᠠᠰᠤ᠄ 0477 — 7216966
 
ᠢᠷᠡᠯᠲᠡ᠄ ᠠᠷᠠᠳ ᠤᠨ ᠶᠠᠪᠣᠳᠠᠯ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号