| | ᠴᠤᠯᠮᠤᠨ ᠡᠩ ᠤᠨ ᠨᠢᠬᠡᠨ ᠲᠡᠭᠷᠢ ᠤᠩᠰᠢᠬᠰᠠᠨ ᠮᠠᠯᠴᠢᠨ ᠵᠠᠶᠠᠭ᠎ᠠ ᠲᠠᠢ ᠲᠦᠷᠪᠡᠳ ᠬᠤᠰᠢᠭᠤᠨ ᠤ ᠤᠤᠭᠠᠯ᠃ | ᠬᠡᠬᠦ ᠳᠡᠭᠡᠨ ᠲᠡᠷᠡ ᠪᠠᠷ ᠠᠷᠠᠳ ᠤᠨ ᠬᠤᠷᠠᠯ ᠤᠨ ᠲᠠᠩᠬᠢᠮ ᠳᠤ ᠲᠤᠯᠤᠭᠠᠨᠳᠡ ᠬᠦᠯ ᠲᠠᠯᠪᠢᠬᠰᠠᠨ ᠵᠢᠷ ᠤᠨ | ᠠᠳᠠᠯ᠎ᠡ ᠪᠠᠨ ᠵᠢᠷ ᠤᠨ ᠪᠤᠰᠤ ᠮᠠᠯᠴᠢᠨ ᠬᠦᠮᠦᠨ ᠪᠠᠶᠢᠯ᠎ᠡ᠃ | ᠠᠩᠬ᠎ᠠ ᠤᠳᠠᠭ᠎ᠠ 2005 ᠤᠨ ᠳᠤ ᠪᠦᠬᠦ ᠤᠯᠤᠰ ᠤᠨ ᠬᠦᠳᠡᠯᠮᠤᠷᠢ ᠶᠢᠨ ᠵᠢᠱᠢᠶᠡᠴᠢ ᠪᠠᠷ ᠰᠤᠩᠭᠤᠬᠳᠠᠵᠤ᠂ | ᠠᠷᠠᠳ ᠤᠨ ᠶᠡᠭᠡ ᠬᠤᠷᠠᠯ ᠤᠨ ᠲᠠᠩᠬᠢᠮ ᠳᠤ ᠨᠠᠮ ᠵᠠᠰᠠᠭ ᠠᠴᠠ ᠤᠯᠭᠤᠬᠰᠠᠨ ᠠᠯᠳᠠᠷ ᠭᠠᠪᠢᠶ᠎ᠡ ᠪᠠᠷ ᠡᠩᠬᠡᠷ ᠢᠶᠠᠨ | ᠮᠢᠯᠢᠶᠠᠯᠭᠠᠵᠤ ᠪᠠᠶᠢᠬᠰᠠᠨ ᠪᠤᠯ 2008 ᠤᠨ ᠳᠤ ᠠᠷᠪᠠᠨ ᠨᠢᠬᠡᠳᠤᠬᠡᠷ ᠬᠤᠭᠤᠴᠠᠭᠠᠨ ᠤ ᠪᠦᠬᠦ ᠤᠯᠤᠰ ᠤᠨ | ᠠᠷᠠᠳ ᠤᠨ ᠲᠦᠯᠦᠬᠡᠯᠡᠭᠴᠢ ᠪᠠᠷ ᠰᠤᠩᠭᠤᠬᠳᠠᠵᠤ᠂ ᠠᠷᠠᠳ ᠲᠦᠮᠡᠨ ᠠᠴᠠ ᠤᠯᠭᠤᠬᠰᠠᠨ ᠢᠷᠠᠭᠤ ᠠᠯᠳᠠᠷ ᠢᠶᠠᠷ | ᠨᠡᠶᠢᠰᠯᠡᠯ ᠪᠡᠬᠡᠵᠢᠩ ᠢ ᠵᠤᠷᠢᠬᠰᠠᠨ ᠮᠠᠯᠴᠢᠨ ᠲᠦᠯᠦᠬᠡᠯᠡᠭᠴᠢ ᠪᠤᠯᠤᠬᠰᠠᠨ ᠪᠢᠯᠡ᠃ | ᠦᠨᠳᠦᠷ ᠲᠤᠮᠳᠠᠳᠤ ᠶᠢᠨ ᠯᠡ ᠰᠤᠷᠤᠯᠭ᠎ᠠ ᠶᠢᠨ ᠨᠠᠮᠳᠠᠷ ᠲᠠᠢ ᠮᠠᠯᠴᠢᠨ ᠴᠤᠯᠮᠤᠨ ᠬᠤᠶᠠᠳᠤᠭᠠᠷ ᠤᠳᠠᠭ᠎ᠠ ᠪᠠᠨ | ᠲᠡᠷᠤᠢ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠬᠡᠯᠡᠭᠴᠢ ᠪᠠᠷ | ᠰᠤᠩᠭᠤᠬᠳᠠᠬᠰᠠᠨ ᠨᠢ ᠶᠤᠰᠤᠳᠠᠢ ︽ᠠᠷᠠᠳ ᠤᠨ ᠲᠦᠯᠦᠬᠡᠯᠡᠭᠴᠢ ᠪᠠᠨ ᠠᠷᠠᠳ ᠲᠦᠮᠡᠨ ᠰᠤᠩᠭᠤᠨ᠎ᠡ︾ ᠬᠡᠳᠡᠭ ᠤᠨ | ᠪᠤᠳᠠᠳᠠᠢ ᠢᠯᠡᠷᠡᠯ᠃ ︽ᠮᠠᠯᠴᠢᠨ ᠨᠠᠳᠠ ᠳᠤ ᠠᠪᠴᠤ ᠬᠡᠯᠡᠪᠡᠯ᠂ ᠬᠤᠶᠡᠷ ᠬᠤᠭᠤᠴᠠᠭᠠᠨ ᠤ ᠪᠦᠬᠦ ᠤᠯᠤᠰ ᠤᠨ | ᠠᠷᠠᠳ ᠤᠨ ᠲᠦᠯᠦᠬᠡᠯᠡᠭᠴᠢ ᠪᠤᠯᠤᠨ᠎ᠡ ᠬᠡᠳᠡᠭ ᠬᠡᠴᠢᠨᠡᠨ ᠶᠡᠭᠡ ᠦᠩᠬᠡ ᠬᠡᠷᠡᠯ ᠬᠡᠳᠡᠭ ᠢ ᠬᠡᠯᠡᠨ᠎ᠡ ᠤᠤ ᠳ᠋ᠠ᠂ ᠡᠬᠡ | ᠤᠷᠤᠨ ᠠᠷᠠᠳ ᠲᠦᠮᠡᠨ ᠨᠠᠳᠠ ᠶᠢ ᠢᠳᠡᠬᠡᠭᠰᠡᠨ ᠳᠤ ᠮᠠᠰᠢ ᠶᠡᠭᠡ ᠪᠡᠶᠡᠷᠯᠠᠵᠤ ᠪᠠᠶᠢᠨ᠎ᠡ᠂ ᠲᠡᠷᠡ ᠮᠦᠷᠳᠡᠬᠡᠨ ᠮᠦᠷᠦᠨ | ᠲᠡᠬᠡᠷ᠎ᠡ ᠲᠠᠯᠪᠢᠬᠳᠠᠵᠤ ᠪᠠᠶᠢᠭ᠎ᠠ ᠡᠬᠦᠷᠬᠡ ᠬᠠᠷᠢᠭᠤᠴᠠᠯᠭ᠎ᠠ ᠮᠠᠰᠢ ᠬᠦᠨᠳᠤ ᠪᠠᠶᠢᠨ᠎ᠡ᠂ ᠪᠢ ᠮᠠᠯᠵᠢᠬᠤ ᠤᠷᠤᠨ ᠢᠶᠠᠨ | ᠲᠦᠯᠦᠬᠡᠯᠡᠵᠤ ᠪᠠᠶᠢᠨ᠎ᠡ᠂ ᠮᠠᠯᠴᠢᠳ ᠢᠶᠠᠨ ᠲᠦᠯᠦᠬᠡᠯᠡᠵᠤ ᠪᠠᠶᠢᠨ᠎ᠡ᠂ ᠮᠠᠯᠵᠢᠬᠤ ᠤᠷᠤᠨ ᠮᠠᠯᠴᠢᠳ ᠲᠤ ᠲᠤᠯᠭᠠᠷᠠᠵᠤ | ᠪᠠᠶᠢᠭ᠎ᠠ ᠠᠰᠠᠭᠤᠳᠠᠯ ᠢᠶᠠᠨ ᠶᠡᠷᠤᠩᠬᠡᠢ ᠱᠦᠵᠢ ᠳᠡᠭᠡᠨ ᠬᠠᠷᠢᠭᠤ ᠮᠡᠳᠡᠬᠦᠯᠦᠨ᠎ᠡ ᠁︾ ᠬᠡᠵᠤ ᠲᠡᠷᠡ ᠪᠠᠷ ᠡᠬᠦᠷᠬᠡ | ᠬᠠᠷᠢᠭᠤᠴᠠᠯᠭ᠎ᠠ ᠪᠠᠨ ᠴᠠᠭ ᠢᠮᠠᠬᠳᠡ ᠮᠠᠷᠳᠠᠯ ᠦᠬᠡᠢ ᠦᠪᠡᠷ ᠤᠨ ᠪᠡᠶ᠎ᠡ ᠳᠡᠭᠡᠨ ᠰᠠᠨᠠᠭᠤᠯᠵᠤ᠂ ᠰᠤᠷᠪᠤᠯᠵᠢᠯᠠᠭ᠎ᠠ | ᠬᠦᠯᠢᠶᠡᠬᠦ ᠦᠶ᠎ᠡ ᠪᠠᠷ ᠪᠠᠶᠢᠨ ᠲᠠᠬᠢᠨ ᠶᠠᠷᠢᠵᠤ ᠯᠡ ᠪᠠᠶᠢᠯ᠎ᠡ᠃ | | | | 2018 ᠤᠨ ᠤ 3 ᠰᠠᠷ᠎ᠡ ᠶᠢᠨ 4 ᠤ ᠤᠷᠤᠢ ᠴᠤᠯᠮᠤᠨ ᠲᠠᠢ ᠤᠳᠠᠰᠤ ᠪᠠᠷ ᠪᠤᠯᠵᠤᠨ ᠠᠭᠤᠯᠵᠠᠬᠤ ᠪᠠᠷ | ᠦᠷᠦᠬᠡᠨ ᠳᠤᠨᠢ ᠬᠦᠷᠬᠦ ᠳᠤ᠂ ᠪᠦᠬᠦ ᠤᠯᠤᠰ ᠤᠨ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠳᠤ | ᠲᠡᠪᠰᠢᠬᠦᠯᠬᠦ ᠰᠠᠨᠠᠯ ᠲᠤᠷᠠᠳᠤᠯᠭ᠎ᠠ ᠪᠠᠨ ᠪᠡᠯᠡᠳᠬᠡᠬᠡᠳ ᠶᠠᠭᠠᠷᠠᠤ ᠪᠠᠶᠢᠯ᠎ᠡ᠃ ︽ᠮᠠᠯ ᠤᠨ ᠠᠰᠢᠭ ᠰᠢᠮ᠎ᠡ | ᠭᠠᠷᠭᠠᠯᠳᠡ ᠶᠢᠨ ᠲᠠᠯ᠎ᠡ ᠪᠠᠷ᠂ ᠮᠠᠨ ᠤ ᠪᠡᠯᠴᠢᠬᠡᠷ ᠤᠨ ᠮᠠᠯ ᠤᠨ ᠮᠢᠬ᠎ᠠ ᠶᠡᠮᠡᠷ ᠴᠤ ᠪᠤᠬᠢᠷᠳᠤᠯ ᠦᠬᠡᠢ ᠪᠠᠶᠢᠳᠠᠭ᠃ | ᠬᠡᠳᠡᠯ᠎ᠡ ᠵᠠᠬ᠎ᠠ ᠲᠡᠬᠡᠷᠡᠬᠢ ᠪᠤᠶᠤ ᠬᠠᠰᠢᠶᠠᠯᠠᠵᠤ ᠪᠤᠷᠳᠤᠵᠤ ᠲᠡᠵᠢᠬᠡᠭᠰᠡᠨ ᠮᠠᠯ ᠤᠨ ᠮᠢᠬ᠎ᠠ ᠲᠠᠢ ᠦᠨ᠎ᠡ ᠬᠠᠩᠰᠢ ᠶᠢᠨ | ᠲᠠᠯ᠎ᠡ ᠪᠠᠷ ᠲᠡᠮᠡᠢ ᠢᠯᠭᠠᠭ᠎ᠠ ᠵᠦᠷᠢᠶ᠎ᠡ ᠬᠡᠵᠤ ᠪᠠᠶᠢᠬᠤ ᠦᠬᠡᠢ᠃ ᠲᠡᠷᠡ ᠮᠦᠷᠳᠡᠬᠡᠨ ᠮᠠᠯ ᠤᠨ ᠮᠢᠬᠠᠨ ᠤ ᠦᠨ᠎ᠡ ᠶᠢᠨ | ᠬᠡᠯᠪᠡᠯᠵᠡᠯᠳᠡ ᠶᠡᠭᠡ᠂ ᠤᠤᠯ ᠨᠢ ᠡᠷᠳᠡᠨᠢ ᠰᠢᠰᠢ ᠳᠤ ᠬᠠᠮᠭᠠᠯᠠᠯᠳᠡ ᠶᠢᠨ ᠦᠨ᠎ᠡ ᠬᠡᠵᠤ ᠪᠠᠶᠢᠬᠰᠠᠨ᠂ ᠲᠡᠬᠡᠬᠦ ᠪᠠᠷ | ᠮᠠᠯ ᠤᠨ ᠮᠢᠬ᠎ᠠ ᠳᠤ ᠪᠠᠰᠠ ᠡᠶᠢᠮᠤᠷᠬᠦᠦ ᠬᠠᠮᠤᠭ ᠤᠨ ᠲᠤᠤᠷ᠎ᠡ ᠪᠠᠳᠤᠯᠠᠭᠠᠳᠤ ᠦᠨ᠎ᠡ ᠶᠢ ᠲᠤᠬᠳᠠᠭᠠᠵᠤ ᠦᠭᠪᠡᠯ ᠶᠡᠮᠡᠷ | ︖ ᠪᠡᠯᠴᠢᠬᠡᠷ ᠤᠨ ᠮᠠᠯ ᠤᠨ ᠮᠢᠬᠠᠨ ᠤ ᠨᠡᠷᠡᠳᠤ ᠲᠡᠮᠳᠡᠭ ᠢ ᠡᠬᠦᠳᠪᠡᠯ ᠶᠠᠮᠡᠷ ᠪᠤᠯ︖︾ ᠬᠡᠵᠤ ᠲᠡᠷᠡ ᠪᠠᠷ | ᠦᠪᠡᠷ ᠤᠨ ᠲᠡᠪᠰᠢᠬᠦᠯᠬᠦ ᠬᠡᠵᠤ ᠪᠠᠶᠢᠭ᠎ᠠ ᠰᠠᠨᠠᠯ ᠲᠤᠷᠠᠳᠤᠯᠭ᠎ᠠ ᠪᠠᠨ ᠰᠤᠷᠪᠤᠯᠵᠢᠯᠠᠬᠴᠢ ᠲᠠᠢ ᠬᠤᠪᠢᠶᠠᠯᠴᠠᠵᠤ ᠪᠠᠶᠢᠯ᠎ᠡ᠃ | ᠤᠷᠴᠢᠮ ᠤᠨ ᠬᠡᠳᠤᠨ ᠵᠢᠯ ᠠᠴᠠ ᠬᠦᠳᠡᠭᠡ ᠲᠤᠰᠬᠤᠨ ᠮᠠᠯᠵᠢᠬᠤ ᠤᠷᠤᠨ ᠳᠤ ᠡᠯ᠎ᠡ ᠵᠦᠢᠯ ᠤᠨ | ᠰᠢᠯᠳᠠᠭᠠᠨ ᠠᠴᠠ ᠪᠤᠯᠵᠤ᠂ ᠮᠠᠯᠴᠢᠨ ᠲᠠᠷᠢᠶᠠᠴᠢᠳ ᠤᠨ ᠲᠤᠮᠳᠡ ᠦᠷᠢ ᠦᠭᠴᠡᠬᠡᠨ ᠤ ᠠᠰᠠᠭᠤᠳᠠᠯ ᠭᠠᠵᠡᠷ ᠠᠪᠴᠤ᠂ | ᠪᠠᠰᠠ ᠨᠢᠬᠡᠨ ᠨᠡᠶᠢᠬᠡᠮ ᠤᠨ ᠦᠵᠡᠭᠳᠡᠯ ᠪᠤᠯᠤᠬᠰᠠᠨ ᠪᠢᠯᠡ᠃ ᠡᠨᠡ ᠠᠰᠠᠭᠤᠳᠠᠯ ᠨᠢ ᠪᠠᠰᠠ ᠴᠤᠯᠮᠤᠨ ᠤ ᠲᠤᠰᠬᠠᠬᠤ | ᠬᠡᠰᠡᠨ ᠰᠠᠨᠠᠯ ᠲᠤᠷᠠᠳᠤᠯᠭ᠎ᠠ ᠶᠢᠨ ᠨᠢᠬᠡ ᠪᠠᠶᠢᠯ᠎ᠡ᠃ ︽ᠮᠠᠯᠴᠢᠳ ᠤᠨ ᠤᠷᠤᠯᠭ᠎ᠠ ᠶᠢ ᠨᠡᠮᠡᠭᠳᠡᠬᠦᠯᠵᠤ᠂ ᠦᠷᠢ | ᠦᠭᠴᠡᠭᠡ ᠶᠢ ᠪᠠᠭᠠᠰᠬᠠᠬᠤ ᠲᠠᠯ᠎ᠡ ᠪᠠᠷ᠂ ᠦᠨᠳᠦᠰᠦᠨ ᠰᠠᠭᠤᠷᠢ ᠪᠦᠳᠦᠬᠡᠨ ᠪᠠᠶᠢᠭᠤᠯᠤᠯᠳᠡ ᠶᠢ ᠰᠠᠶᠢᠳᠤᠷ ᠬᠢᠵᠤ᠂ | ᠬᠦᠳᠡᠭᠡ ᠨᠤᠳᠤᠭ ᠤᠨ ᠪᠠᠶᠢᠭᠠᠯᠢ ᠶᠢᠨ ᠭᠠᠮᠰᠢᠭ ᠢ ᠠᠷᠭᠠᠴᠠᠬᠤ ᠨᠦᠬᠦᠴᠡᠯ ᠢ ᠰᠠᠶᠢᠵᠢᠷᠠᠭᠤᠯᠬᠤ ᠬᠡᠷᠡᠭᠳᠡᠢ᠂ ᠤᠰᠤᠨ | ᠠᠰᠢᠬᠯᠠᠯᠳᠡ᠂ ᠴᠠᠬᠢᠯᠭᠠᠨ ᠵᠠᠮ ᠬᠠᠷᠢᠯᠴᠠᠭᠠᠨ ᠤ ᠲᠠᠯ᠎ᠡ ᠪᠠᠷ ᠬᠢ ᠨᠦᠬᠦᠴᠡᠯ ᠢ ᠰᠠᠶᠢᠵᠢᠷᠠᠭᠤᠯᠤᠨ᠂ ᠮᠠᠯᠴᠢᠳ ᠤᠨ | ᠵᠠᠷᠤᠯᠭ᠎ᠠ ᠶᠢ ᠪᠠᠭᠠᠰᠬᠠᠬᠤ ᠬᠡᠷᠡᠭᠳᠡᠢ︾ ᠬᠡᠵᠤ ᠦᠬᠡ ᠪᠤᠯᠭᠠᠨ ᠠᠴᠠ ᠨᠢ ᠮᠠᠯᠴᠢᠳ ᠤᠨ ᠢᠶᠠᠨ ᠲᠤᠬᠠᠢ | ᠰᠠᠨᠠᠭᠠᠰᠢᠷᠠᠬᠰᠠᠨ ᠨᠢ ᠢᠯᠡᠳᠳᠡ ᠪᠠᠶᠢᠯ᠎ᠡ᠃ | 2018 ᠤᠨ ᠤ 3 ᠰᠠᠷ᠎ᠡ ᠶᠢᠨ 5 ᠤ ᠦᠳᠡ ᠶᠢᠨ ᠬᠤᠶᠢᠨ᠎ᠡ᠂ ᠰᠢ ᠶᠢᠨ ᠫᠢᠩ ᠶᠡᠷᠤᠩᠬᠡᠢ ᠱᠦᠵᠢ | ᠦᠪᠡᠷ ᠤᠨ ᠢᠶᠠᠨ ᠪᠠᠶᠢᠭ᠎ᠠ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ | ᠲᠦᠯᠦᠬᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠦᠪᠦᠷ ᠮᠤᠩᠭᠤᠯ ᠤᠨ ᠲᠦᠯᠦᠬᠡᠯᠡᠭᠴᠢᠳ ᠤᠨ | ᠪᠦᠯᠬᠦᠮ ᠤᠨ ᠬᠢᠨᠠᠨ ᠵᠦᠪᠯᠡᠬᠦ ᠳᠤ ᠤᠷᠤᠯᠴᠠᠬᠤ ᠦᠶ᠎ᠡ ᠪᠠᠷ ᠴᠤᠯᠮᠤᠨ ᠶᠡᠷᠤᠩᠬᠡᠢ ᠱᠦᠵᠢ ᠶᠢᠨ ᠬᠠᠵᠠᠭᠤ ᠳᠤ | ᠰᠠᠭᠤᠵᠤ᠂ ᠵᠠᠰᠠᠭ ᠤᠨ ᠤᠷᠳᠤᠨ ᠤ ᠠᠵᠢᠯ ᠤᠨ ᠢᠯᠡᠳᠬᠡᠯ ᠢ ᠬᠢᠨᠠᠨ ᠵᠦᠪᠯᠡᠭᠰᠡᠨ ᠨᠢ ︽ᠠᠷᠠᠳ ᠤᠨ | ᠤᠳᠤᠷᠢᠳᠤᠬᠴᠢ ᠠᠷᠠᠳ ᠲᠦᠮᠡᠨ ᠢᠶᠠᠨ ᠬᠠᠶᠢᠷᠠᠯᠠᠨᠡ︾ ᠬᠡᠳᠡᠭ ᠤᠨ ᠬᠦᠨᠵᠡᠬᠡᠢ ᠲᠤᠰᠬᠠᠯ᠃ ︽ᠶᠡᠷᠤᠩᠬᠡᠢ | ᠱᠦᠵᠢ ᠶᠢᠨ ᠲᠡᠷᠬᠡᠳᠡ ᠰᠠᠭᠤᠵᠤ᠂ ᠤᠯᠤᠰ ᠤᠨ ᠶᠠᠪᠤᠳᠠᠯ ᠢ ᠵᠦᠪᠯᠡᠭᠰᠡᠨ ᠳᠡᠭᠡᠨ ᠪᠡᠶᠡᠷᠳᠡᠢ ᠪᠠᠶᠢᠨ᠎ᠡ᠂ ᠦᠨᠡᠬᠡᠷ ᠨᠢᠬᠡ | ᠦᠬᠡ ᠨᠢᠬᠡ ᠬᠦᠳᠡᠯᠬᠡᠬᠡᠨ ᠢ ᠨᠢ ᠠᠯᠳᠠᠯ ᠦᠬᠡᠢ ᠠᠩᠬᠠᠷᠴᠤ ᠰᠠᠭᠤᠯᠡ᠂ ᠶᠡᠷᠤᠩᠬᠡᠢ ᠱᠦᠵᠢ ᠨᠠᠳᠠ ᠳᠤ ᠮᠠᠰᠢ | ᠲᠤᠳᠤᠨᠤ ᠰᠠᠨᠠᠬᠳᠠᠬᠰᠠᠨ᠂ ᠤᠨᠴᠠᠭᠠᠶᠢᠢᠯᠠᠨ ᠲᠡᠬᠦᠨ ᠤ ᠶᠠᠷᠢᠶᠠᠨ ᠳᠤ ᠦᠷᠢ ᠦᠭᠴᠡᠬᠡᠨ ᠤ ᠲᠦᠭᠰᠢᠬᠦᠷᠢ ᠶᠢ | ᠪᠦᠳᠦᠮᠵᠢᠳᠡᠢ ᠰᠡᠷᠬᠡᠶᠢᠯᠡᠨ ᠠᠷᠢᠯᠭᠠᠵᠤ᠂ ᠦᠷᠢ ᠦᠭᠴᠡᠬᠡᠨ ᠤ ᠲᠦᠭᠰᠢᠬᠦᠷᠢ ᠶᠢ ᠰᠡᠷᠬᠡᠶᠢᠯᠡᠨ ᠨᠠᠮᠳᠠᠭᠠᠬᠤ ᠡᠷᠴᠢᠮ ᠢ | ᠴᠢᠩᠭᠠᠷᠠᠭᠤᠯᠬᠤ ᠬᠡᠷᠡᠭᠳᠡᠢ᠂ ᠶᠠᠳᠠᠭᠤ ᠠᠴᠠ ᠠᠩᠬᠢᠵᠢᠷᠠᠭᠤᠯᠬᠤ ᠶᠢ ᠰᠠᠶᠢᠳᠤᠷ ᠬᠢᠵᠤ᠂ ᠰᠠᠭᠤᠷᠢ ᠪᠦᠳᠦᠬᠡᠨ | ᠪᠠᠶᠢᠭᠤᠯᠤᠯᠳᠡ ᠶᠢ ᠡᠷᠴᠢᠮ ᠲᠠᠢ ᠬᠢᠬᠦ ᠬᠡᠷᠡᠭᠳᠡᠢ ᠬᠡᠵᠤ ᠲᠤᠷᠠᠳᠤᠬᠰᠠᠨ ᠨᠢ ᠨᠠᠳᠠ ᠳᠤ ᠮᠠᠰᠢ ᠶᠡᠭᠡ ᠰᠠᠭᠤᠬᠳᠠᠯ | ᠦᠯᠡᠳᠡᠬᠡᠭᠰᠡᠨ︾ ᠬᠡᠵᠤ ᠮᠠᠯᠴᠢᠨ ᠲᠦᠯᠦᠭᠡᠯᠡᠭᠴᠢ ᠴᠤᠯᠮᠤᠨ ᠪᠡᠶᠡᠷ ᠲᠤᠬᠳᠤᠯᠤᠯ ᠢᠶᠠᠨ ᠲᠠᠷᠤᠵᠤ ᠶᠠᠳᠠᠨ᠂ | ᠦᠬᠡ ᠶᠢᠨ ᠬᠡᠯᠬᠢᠶ᠎ᠡ ᠰᠤᠪᠤᠷᠠᠭᠤᠯᠵᠤ ᠪᠠᠶᠢᠯ᠎ᠡ᠃ |