ᠬᠦᠳᠡᠭᠡ ᠠᠵᠥ ᠠᠬᠤᠢ ᠬᠦᠳᠡᠭᠡ ᠳᠤᠰᠬᠤᠨ ᠤ ᠶᠠᠮᠤᠨ ᠪᠤᠯᠤᠨ ᠡᠳ᠋ ᠤᠨ ᠵᠠᠰᠠᠭ ᠤᠨ ᠶᠠᠮᠤᠨ ᠡᠨᠡ ᠵᠢᠯ ᠤᠨ ᠡᠳ᠋ ᠤᠨ ᠵᠠᠰᠠᠭ ᠠᠴᠠ ᠲᠡᠮᠵᠢᠬᠦ ᠭᠤᠤᠯᠳᠠᠯᠭᠠᠳᠤ ᠬᠦᠳᠡᠭᠡ ᠠᠵᠥ ᠠᠬᠤᠢ ᠶᠢ ᠬᠦᠴᠦᠷᠬᠡᠭᠵᠢᠬᠦᠯᠵᠥ ᠲᠠᠷᠢᠶᠠᠴᠢᠳ ᠲᠤ ᠠᠰᠢᠬ ᠬᠦᠷᠳᠡᠭᠡᠬᠦ ᠳᠦᠷᠦ ᠶᠢᠨ ᠪᠤᠳᠤᠯᠭ᠎ᠠ ᠶᠢ ᠨᠡᠶᠢᠳᠡᠯᠡᠪᠡ
ᠨᠡᠶᠢᠲᠡᠯᠡᠭᠰᠡᠨ ᠴᠠᠭ᠄
2018-04-19
     ᠰᠢᠨᠬᠤᠸᠠ ᠬᠤᠷᠢᠶᠠᠨ ᠤ ᠪᠡᠬᠡᠵᠢᠩ ᠤᠨ 4 ᠰᠠᠷ᠎ᠠ ᠶᠢᠨ 3᠎ ᠤ ᠴᠠᠬᠢᠯᠭᠠᠨ ᠮᠡᠳᠡᠭᠡ ᠬᠦᠳᠡᠭᠡ ᠠᠵᠥ ᠠᠬᠤᠢ ᠬᠦᠳᠡᠭᠡ ᠳᠤᠰᠬᠤᠨ ᠤ ᠶᠠᠮᠤᠨ ᠪᠤᠯᠤᠨ ᠡᠳ᠋ ᠤᠨ ᠵᠠᠰᠠᠭ ᠤᠨ ᠶᠠᠮᠤᠨ 3᠎ ᠤ ᠡᠳᠤᠷ ᠡᠨᠡ ᠵᠢᠯ ᠤᠨ ᠡᠳ᠋ ᠤᠨ ᠵᠠᠰᠠᠭ ᠠᠴᠠ ᠲᠡᠮᠵᠢᠬᠦ ᠭᠤᠤᠯᠳᠠᠯᠭᠠᠳᠤ ᠬᠦᠳᠡᠭᠡ ᠠᠵᠥ ᠠᠬᠤᠢ ᠶᠢ ᠬᠦᠴᠦᠷᠬᠡᠭᠵᠢᠬᠦᠯᠵᠥ ᠲᠠᠷᠢᠶᠠᠴᠢᠳ ᠲᠤ ᠠᠰᠢᠬ ᠬᠦᠷᠳᠡᠭᠡᠬᠦ ᠳᠦᠷᠦ ᠶᠢᠨ ᠪᠤᠳᠤᠯᠭ᠎ᠠ ᠶᠢ ᠬᠠᠮᠳᠤᠷᠠᠨ ᠨᠡᠶᠢᠳᠡᠯᠡᠵᠥ᠂ ᠳᠦᠪ ᠤᠨ ᠡᠳ᠋ ᠤᠨ ᠵᠠᠰᠠᠭ ᠠᠴᠠ ᠬᠦᠳᠡᠭᠡ ᠠᠵᠥ ᠠᠬᠤᠢ ᠶᠢ ᠳᠡᠮᠵᠢᠬᠦ ᠪᠡᠯᠡ ᠤᠷᠤᠭᠤᠯᠤᠯᠳᠠ ᠪᠠᠨ ᠦᠷᠬᠦᠯᠵᠢᠯᠡᠨ ᠨᠡᠮᠡᠭᠳᠡᠬᠦᠯᠵᠥ᠂ ᠳᠦᠷᠦᠯ ᠵᠦᠢᠯ ᠢ ᠨᠢᠬᠡᠳᠦᠯᠳᠡᠢ ᠳᠦᠯᠦᠪᠵᠢᠬᠦᠯᠦᠨ ᠨᠡᠶᠢᠳᠬᠡᠬᠦ ᠪᠠᠨ ᠴᠢᠩᠭᠠᠳᠬᠠᠵᠥ᠂ ᠪᠡᠯᠡ ᠮᠦᠩᠬᠦᠨ ᠤ ᠬᠡᠷᠡᠭᠯᠡᠯᠳᠡ ᠶᠢᠨ ᠬᠠᠮᠢᠶᠠᠷᠤᠯᠳᠠ ᠶᠢᠨ ᠳᠤᠬᠳᠠᠴᠠ ᠶᠢ ᠳᠡᠬᠦᠯᠳᠡᠷᠵᠢᠬᠦᠯᠬᠦ ᠪᠠᠷ ᠪᠤᠯᠪᠠ᠃      ᠡᠳᠡᠬᠡᠷ ᠳᠦᠷᠦ ᠶᠢᠨ ᠪᠤᠳᠤᠯᠭ᠎ᠠ ᠳᠤ 37 ᠵᠦᠢᠯ ᠪᠠᠶᠢᠵᠥ᠂ ᠳᠠᠷᠢᠶᠠᠴᠢᠳ ᠲᠤ ᠤᠯᠭᠤᠬᠤ ᠰᠢᠭᠤᠳ ᠨᠦᠬᠦᠪᠦᠷᠢ ᠶᠢ ᠪᠠᠭᠳᠠᠭᠠᠨ᠂ ᠰᠢᠨ᠎ᠡ ᠬᠡᠯᠪᠡᠷᠢ ᠶᠢᠨ ᠬᠦᠳᠡᠭᠡ ᠠᠵᠥ ᠠᠬᠤᠢ ᠡᠵᠡᠩᠨᠡᠬᠦ ᠭᠤᠤᠯ ᠴᠤᠬᠴᠠ ᠶᠢᠨ ᠬᠦᠭᠵᠢᠯᠳᠡ ᠶᠢ ᠳᠡᠮᠵᠢᠬᠦ᠂ ᠬᠦᠳᠡᠭᠡ ᠠᠵᠥ ᠠᠬᠤᠢ ᠶᠢᠨ ᠪᠦᠳᠦᠴᠡ ᠶᠢ ᠰᠢᠯᠢᠳᠡᠭᠵᠢᠬᠦᠯᠬᠦ᠂ ᠬᠦᠳᠡᠭᠡ ᠳᠤᠰᠬᠤᠨ ᠤ ᠠᠵᠥ ᠦᠢᠯᠡᠰ ᠤᠨ ᠠᠭᠤᠰᠤᠯᠴᠠᠨ ᠬᠦᠭᠵᠢᠬᠦ᠂ ᠪᠤᠬᠢᠷᠳᠤᠯ ᠦᠬᠡᠢ ᠦᠨᠳᠦᠷ ᠦᠷ᠎ᠡ ᠠᠰᠢᠬ ᠡᠬᠦᠤᠨᠬᠦ ᠮᠡᠷᠬᠡᠵᠢᠯ ᠤᠨ ᠦᠢᠯᠡᠴᠢᠯᠡᠭᠡ ᠪᠠᠨ ᠦᠷᠬᠡᠳᠬᠡᠬᠦ᠂ ᠬᠦᠳᠡᠭᠡ ᠠᠵᠥ ᠠᠬᠤᠢ ᠶᠢᠨ ᠡᠬᠢ ᠪᠠᠶᠠᠯᠢᠭ ᠠᠮᠢ ᠠᠬᠤᠢ ᠶᠢᠨ ᠬᠠᠮᠠᠭᠠᠯᠠᠯᠳᠠ ᠪᠤᠯᠤᠨ ᠤᠯᠠᠨ ᠡᠬᠢᠳᠤ ᠪᠤᠬᠢᠷᠳᠤᠯ ᠢ ᠰᠡᠷᠬᠡᠶᠢᠯᠡᠨ ᠵᠠᠰᠠᠬᠤ᠂ ᠬᠦᠳᠡᠭᠡ ᠠᠵᠥ ᠠᠬᠤᠢ ᠶᠢᠨ ᠭᠠᠮᠰᠢᠭ ᠠᠴᠠ ᠰᠡᠷᠬᠡᠶᠢᠯᠡᠵᠥ ᠭᠠᠮᠰᠢᠭ ᠠᠴᠠ ᠠᠪᠤᠷᠠᠬᠤ ᠵᠢᠴᠢ ᠬᠦᠳᠡᠭᠡ ᠠᠵᠥ ᠠᠬᠤᠢ ᠶᠢᠨ ᠦᠢᠯᠡᠳᠪᠦᠷᠢᠯᠡᠯ ᠤᠨ ᠳᠤᠮᠤ ᠰᠢᠶᠠᠨ ᠢ ᠱᠠᠩᠨᠠᠬᠤ ᠳᠦᠷᠦ ᠶᠢᠨ ᠪᠤᠳᠤᠯᠭ᠎ᠠ ᠵᠡᠷᠬᠡ ᠳᠠᠯ᠎ᠠ ᠶᠢ ᠬᠠᠮᠤᠷᠪᠠ᠃      ᠡᠨᠡ ᠵᠢᠯ ᠳᠤ ᠤᠯᠤᠰ ᠠᠴᠠ ᠯᠢᠶᠤᠤᠨᠢᠩ᠂ ᠬᠢᠷᠢᠨ᠂ ᠬᠠᠷᠠᠮᠦ᠋ᠷᠡᠨ ᠪᠤᠯᠤᠨ ᠦᠪᠦᠷ ᠮᠤᠩᠭᠤᠯ ᠳᠤ ᠡᠷᠳᠡᠨᠢ ᠰᠢᠰᠢ ᠵᠢᠴᠢ ᠰᠢᠷ᠎ᠠ ᠪᠤᠷᠴᠠᠭ ᠦᠢᠯᠡᠳᠪᠦᠷᠢᠯᠡᠭᠰᠡᠳ ᠲᠤ ᠨᠦᠬᠦᠪᠦᠷᠢ ᠦᠭᠬᠦ ᠳᠦᠷᠦ ᠶᠢᠨ ᠪᠤᠳᠤᠯᠭ᠎ᠠ ᠬᠡᠷᠡᠭᠵᠢᠬᠦᠯᠬᠦ ᠪᠠᠷ ᠳᠤᠬᠳᠠᠪᠠ᠃ ᠳᠦᠪ ᠤᠨ ᠡᠳ᠋ ᠤᠨ ᠵᠠᠰᠠᠭ ᠠᠴᠠ ᠡᠷᠳᠡᠨᠢ ᠰᠢᠰᠢ᠂ ᠰᠢᠷ᠎ᠠ ᠪᠤᠷᠴᠠᠭ ᠦᠢᠯᠡᠳᠪᠦᠷᠢᠯᠡᠭᠰᠡᠳ ᠲᠤ ᠨᠦᠬᠦᠪᠦᠷᠢ ᠦᠭᠭᠦ ᠶᠢ ᠨᠢᠬᠡᠳᠦᠯᠳᠡᠢ ᠳᠤᠬᠢᠷᠠᠭᠤᠯᠵᠥ᠂ ᠨᠦᠬᠦᠪᠦᠷᠢ ᠮᠦᠩᠬᠦ ᠶᠢ ︽ᠪᠦᠷᠢᠨ ᠴᠢᠳᠠᠮᠵᠢᠳᠤ ᠺᠠᠷᠲ︾ ᠵᠡᠷᠬᠡ ᠬᠡᠯᠪᠡᠷᠢ ᠪᠠᠷ ᠦᠢᠯᠡᠳᠪᠦᠷᠢᠯᠡᠭᠰᠡᠳ ᠲᠤ ᠰᠢᠭᠤᠤᠨ ᠤᠯᠭᠤᠨ᠎ᠠ᠃ ᠪᠤᠳᠠᠳᠠᠢ ᠨᠦᠬᠦᠪᠦᠷᠢ ᠶᠢᠨ ᠬᠦᠷᠢᠶ᠎ᠡ ᠬᠡᠪᠴᠢᠶ᠎ᠡ᠂ ᠨᠦᠬᠦᠪᠦᠷᠢ ᠶᠢᠨ ᠪᠠᠷᠢᠮᠳᠠ᠂ ᠨᠦᠬᠦᠪᠦᠷᠢ ᠶᠢᠨ ᠪᠠᠷᠢᠮᠵᠢᠶ᠎ᠠ ᠶᠢ ᠡᠯ᠎ᠡ ᠮᠤᠵᠢ ︵ᠤᠷᠤᠨ︶᠎ ᠶᠢᠨ ᠠᠷᠠᠳ ᠤᠨ ᠵᠠᠰᠠᠭ ᠤᠨ ᠤᠷᠳᠤᠨ ᠠᠴᠠ ᠳᠦᠪ ᠤᠨ ᠱᠠᠭᠠᠷᠳᠠᠯᠭ᠎ᠠ ᠶᠤᠰᠤᠭᠠᠷ ᠪᠠ ᠳᠤᠬᠠᠢ ᠶᠢᠨ ᠭᠠᠵᠠᠷ ᠤᠨ ᠪᠤᠳᠠᠳᠠᠢ ᠪᠠᠶᠢᠳᠠᠯ ᠢᠶᠠᠨ ᠦᠨᠳᠦᠰᠦᠯᠡᠨ ᠳᠤᠬᠳᠠᠭᠠᠬᠤ ᠬᠡᠷᠡᠭᠳᠡᠢ᠂ ᠬᠡᠬᠦ ᠳᠡᠭᠡᠨ ᠰᠢᠷ᠎ᠠ ᠪᠤᠷᠴᠠᠭ ᠤᠨ ᠨᠦᠬᠦᠪᠦᠷᠢ ᠶᠢ ᠡᠷᠳᠡᠨᠢ ᠰᠢᠰᠢ ᠶᠢᠨ ᠨᠦᠬᠦᠪᠦᠷᠢ ᠠᠴᠠ ᠦᠨᠳᠦᠷ ᠪᠠᠶᠢᠯᠭᠠᠬᠤ ᠬᠡᠷᠡᠭᠳᠡᠢ ᠬᠡᠵᠥ ᠳᠤᠬᠳᠠᠪᠠ᠃      ᠳᠤᠳᠤᠷᠭ᠎ᠠ ᠶᠢᠨ ᠬᠠᠮᠤᠭ ᠨᠠᠭᠠᠲᠦ ᠵᠠᠬ᠎ᠠ ᠶᠢᠨ ᠬᠤᠳᠠᠯᠳᠤᠨ ᠠᠪᠬᠤ ᠦᠨ᠎ᠡ ᠶᠢᠨ ᠦᠬᠡᠷᠡᠴᠢᠯᠠᠯᠳᠠ ᠶᠢ ᠠᠬᠢᠭᠤᠯᠤᠨ᠂ ᠠᠮᠤ ᠲᠠᠷᠢᠶ᠎ᠠ ᠳᠠᠷᠢᠬᠰᠠᠳ ᠤᠨ ᠠᠰᠢᠭ ᠤᠷᠤᠯᠭ᠎ᠠ ᠶᠢ ᠬᠠᠮᠠᠭᠠᠯᠠᠬᠤ ᠶᠢᠨ ᠳᠤᠰᠠᠳᠠ᠂ ᠤᠯᠤᠰ ᠠᠴᠠ ᠬᠠᠮᠢᠶ᠎ᠠ ᠪᠦᠬᠦᠢ ᠳᠤᠳᠤᠷᠭ᠎ᠠ ᠶᠢᠨ ᠭᠤᠤᠯ ᠭᠠᠷᠤᠯᠳᠠ ᠶᠢᠨ ᠮᠤᠵᠢ ᠤᠷᠤᠨ ᠳᠤ ᠳᠤᠳᠤᠷᠭ᠎ᠠ ᠶᠢᠨ ᠨᠦᠬᠦᠪᠦᠷᠢ ᠶᠢᠨ ᠳᠦᠷᠦ ᠶᠢᠨ ᠪᠤᠳᠤᠯᠭ᠎ᠠ ᠬᠡᠷᠡᠭᠵᠢᠬᠦᠯᠵᠥ᠂ ᠳᠦᠪ ᠤᠨ ᠡᠳ᠋ ᠤᠨ ᠵᠠᠰᠠᠭ ᠠᠴᠠ ᠳᠤᠬᠳᠠᠬᠰᠠᠨ ᠳᠤᠭᠠᠨ ᠤ ᠨᠦᠬᠦᠪᠦᠷᠢ ᠶᠢᠨ ᠪᠡᠯᠡ ᠮᠦᠩᠬᠦ ᠶᠢ ᠮᠤᠵᠢ ᠳᠤ ᠪᠠᠭᠤᠯᠭᠠᠨ ᠦᠭᠴᠤ᠂ ᠬᠠᠮᠢᠶ᠎ᠠ ᠪᠦᠬᠦᠢ ᠮᠤᠵᠢ ᠤᠷᠤᠨ ᠠᠴᠠ ᠪᠤᠳᠠᠳᠠᠢ ᠨᠦᠬᠦᠪᠦᠷᠢ ᠶᠢᠨ ᠬᠡᠷᠡᠭᠵᠢᠬᠦᠯᠦᠯᠳᠡ ᠶᠢᠨ ᠳᠦᠰᠦᠯ ᠳᠤᠬᠳᠠᠭᠠᠬᠤ ᠬᠡᠷᠡᠭᠳᠡᠢ᠃      ᠬᠦᠳᠡᠭᠡ ᠠᠵᠥ ᠠᠬᠤᠢ ᠬᠦᠳᠡᠭᠡ ᠳᠤᠰᠬᠤᠨ ᠤ ᠶᠠᠮᠤᠨ ᠪᠤᠯᠤᠨ ᠡᠳ᠋ ᠤᠨ ᠵᠠᠰᠠᠭ ᠤᠨ ᠶᠠᠮᠤᠨ ᠠᠴᠠ ᠪᠠᠰᠠ᠂ ᠳᠤᠬᠠᠶᠢᠢᠯᠠᠭᠰᠠᠠ ᠠᠵᠢᠯ ᠤᠨ ᠳᠠᠷᠢᠶᠠᠴᠢᠨ ᠤ ᠳᠦᠷᠢᠮ ᠢ ᠪᠦᠬᠦ ᠳᠠᠯ᠎ᠠ ᠪᠠᠷ ᠪᠠᠶᠢᠭᠤᠯᠵᠥ᠂ ᠰᠢᠨ᠎ᠡ ᠬᠡᠯᠪᠡᠷᠢ ᠶᠢᠨ ᠬᠦᠳᠡᠭᠡ ᠠᠵᠥ ᠠᠬᠤᠢ ᠡᠵᠡᠩᠨᠡᠬᠦ ᠭᠤᠤᠯ ᠴᠤᠬᠴᠠ ᠶᠢᠨ ᠲᠠᠭᠠᠭᠤᠯᠤᠭᠴᠢ᠂ ᠤᠳᠤ ᠦᠶ᠎ᠡ ᠶᠢᠨ ᠵᠠᠯᠠᠭᠤ ᠳᠠᠷᠢᠶᠠᠯᠠᠩ ᠤᠨ ᠳᠠᠯᠠᠪᠠᠢ ᠶᠢᠨ ᠡᠵᠡᠨ᠂ ᠬᠦᠳᠡᠭᠡ ᠠᠵᠥ ᠠᠬᠤᠢ ᠶᠢᠨ ᠠᠵᠢᠯ ᠮᠡᠷᠬᠡᠵᠢᠯ ᠤᠨ ᠴᠢᠳᠠᠪᠤᠷᠢᠳᠠᠨ᠂ ᠬᠦᠳᠡᠭᠡ ᠠᠵᠥ ᠠᠬᠤᠢ ᠶᠢᠨ ᠨᠡᠶᠢᠬᠡᠮᠴᠢᠯᠡᠭᠰᠡᠨ ᠦᠢᠯᠡᠴᠢᠯᠡᠬᠡᠨ ᠤ ᠭᠤᠤᠯ ᠬᠦᠴᠦᠨ ᠪᠤᠯᠤᠨ ᠬᠦᠳᠡᠭᠡ ᠠᠵᠥ ᠠᠬᠤᠢ ᠶᠢᠨ ᠠᠵᠥ ᠦᠢᠯᠡᠰ ᠤᠨ ᠶᠠᠳᠠᠭᠤ ᠶᠢ ᠳᠡᠳᠬᠦᠬᠦ ᠡᠳᠡᠬᠡᠳ ᠢ ᠭᠤᠤᠯᠳᠠᠯᠭᠠᠳᠤ ᠪᠤᠯᠪᠠᠰᠤᠷᠠᠯ ᠬᠦᠷᠳᠡᠬᠡᠬᠦ ᠡᠳᠡᠬᠡᠳ ᠪᠤᠯᠭᠠᠵᠥ᠂ ᠦᠢᠯᠡᠳᠪᠦᠷᠢᠯᠡᠯ ᠤᠨ ᠤᠷ᠎ᠠ ᠮᠡᠷᠬᠡᠵᠢᠯ ᠪᠤᠯᠤᠨ ᠡᠵᠡᠩᠨᠡᠯᠳᠡ ᠬᠠᠮᠢᠶᠠᠷᠤᠯᠳᠠ ᠶᠢᠨ ᠳᠦᠪᠰᠢᠨ ᠢ ᠨᠡᠮᠡᠭᠳᠡᠬᠦᠯᠬᠦ ᠪᠠᠷ ᠭᠤᠤᠯ ᠠᠭᠤᠯᠭ᠎ᠠ ᠪᠤᠯᠭᠠᠵᠥ ᠰᠢᠨ᠎ᠡ ᠬᠡᠯᠪᠡᠷᠢ ᠶᠢᠨ ᠳᠤᠬᠠᠶᠢᠢᠯᠠᠭᠰᠠᠠ ᠠᠵᠢᠯ ᠤᠨ ᠳᠠᠷᠢᠶᠠᠴᠢᠨ ᠢ 100 ᠳᠦᠮᠡᠨ ᠬᠦᠮᠦᠨ ᠤᠳᠠᠭ᠎ᠠ ᠪᠤᠯᠪᠠᠰᠤᠷᠠᠯ ᠬᠦᠷᠳᠡᠬᠡᠨ᠎ᠡ ᠬᠡᠵᠥ ᠳᠤᠬᠳᠠᠪᠠ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号