ᠰᠤᠷᠪᠤᠯᠵᠢᠯᠠᠭᠴᠢ ᠦᠪᠡᠷᠳᠡᠬᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠲᠢᠩᠬᠢᠮ ᠠᠴᠠ | ᠤᠶᠢᠢᠯᠠᠭᠠᠭᠰᠠᠨ ᠢᠶᠠᠷ᠂ ᠦᠨᠦᠳᠦᠷ ᠠᠴᠠ ᠡᠬᠢᠯᠡᠨ ᠪᠦᠬᠦ ᠤᠷᠤᠨ ᠤ ᠳᠤᠮᠳᠠᠳᠤ ᠪᠠᠭ᠎ᠠ ᠰᠤᠷᠭᠠᠭᠤᠯᠢ ᠶᠢᠨ | ᠰᠤᠷᠤᠭᠴᠢᠳ ᠤᠨ ᠰᠤᠷᠭᠠᠭᠤᠯᠢ ᠳᠤ ᠬᠦᠷᠬᠦ ᠴᠠᠭ ᠢ ᠪᠠᠭ᠎ᠠ ᠰᠤᠷᠭᠠᠭᠤᠯᠢ 8᠄ 00 ᠴᠠᠭ ᠠᠴᠠ ᠡᠷᠳᠡ ᠪᠠᠶᠢᠵᠤ | ᠪᠤᠯᠬᠤ ᠦᠬᠡᠢ᠂ ᠠᠩᠬ᠎ᠠ ᠳᠤᠮᠳᠠᠳᠤ 7᠄ 50 ᠮᠢᠨᠦ᠋ᠲ ᠠᠴᠠ ᠡᠷᠳᠡ ᠪᠠᠶᠢᠵᠤ ᠪᠤᠯᠬᠤ ᠦᠬᠡᠢ᠂ ᠦᠨᠳᠦᠷ | ᠳᠤᠮᠳᠠᠳᠤ 7᠄ 30 ᠮᠢᠨᠦ᠋ᠲ ᠠᠴᠠ ᠡᠷᠳᠡ ᠪᠠᠶᠢᠵᠤ ᠪᠤᠯᠬᠤ ᠦᠬᠡᠢ ᠬᠡᠵᠦ ᠳᠤᠬᠢᠷᠠᠭᠤᠯᠤᠯᠳᠠ ᠬᠢᠪᠡ᠃ ᠬᠦᠢᠳᠡᠨ | ᠭᠠᠵᠠᠷ ᠤᠨ ᠳᠤᠮᠳᠠᠳᠤ ᠪᠠᠭ᠎ᠠ ᠰᠤᠷᠭᠠᠭᠤᠯᠢ ᠤᠯᠠᠷᠢᠯ ᠤᠨ ᠪᠠᠶᠢᠳᠠᠯ᠂ ᠠᠭᠤᠷ ᠠᠮᠢᠰᠬᠤᠯ ᠤᠨ ᠬᠤᠪᠢᠷᠠᠯᠳᠠ ᠶᠢ | ᠦᠨᠳᠦᠰᠦᠯᠡᠵᠦ᠂ ᠰᠤᠷᠭᠠᠭᠤᠯᠢ ᠳᠤ ᠬᠦᠷᠬᠦ ᠪᠠ ᠪᠤᠴᠠᠬᠤ ᠴᠠᠭ ᠢ ᠵᠤᠬᠢᠰᠳᠠᠢ ᠳᠤᠬᠢᠷᠠᠭᠤᠯᠵᠦ ᠪᠤᠯᠤᠨ᠎ᠠ ᠬᠡᠪᠡ᠃ | ᠮᠠᠨ ᠤ ᠤᠷᠤᠨ ᠰᠤᠷᠤᠭᠴᠢ ᠶᠢᠨ ᠰᠤᠷᠭᠠᠭᠤᠯᠢ ᠳᠤ ᠪᠠᠶᠢᠬᠤ ᠴᠠᠭ ᠲᠤ ᠳᠤᠳᠤᠷᠬᠠᠢ ᠳᠤᠭᠳᠠᠭᠠᠯ ᠭᠠᠷᠭᠠᠪᠠ᠃ | ᠬᠡᠷ ᠠᠴᠠ ᠪᠠᠨ ᠵᠠᠮᠨᠠᠵᠤ ᠰᠤᠷᠤᠯᠴᠠᠵᠤ ᠪᠠᠶᠢᠬᠤ ᠪᠠᠭ᠎ᠠ ᠰᠤᠷᠭᠠᠭᠤᠯᠢ ᠶᠢᠨ ᠰᠤᠷᠤᠭᠴᠢ ᠶᠢᠨ ᠰᠤᠷᠭᠠᠭᠤᠯᠢ ᠳᠤ | ᠲᠦᠪᠯᠡᠷᠡᠬᠦᠯᠦᠨ ᠰᠤᠷᠤᠯᠴᠠᠬᠤ ᠴᠠᠭ ᠢ 6 ᠴᠠᠭ ᠠᠴᠠ ᠬᠡᠳᠦᠷᠡᠬᠦᠯᠵᠦ ᠪᠤᠯᠬᠤ ᠦᠬᠡᠢ᠂ ᠠᠩᠬ᠎ᠠ ᠳᠤᠮᠳᠠᠳᠤ 7 ᠴᠠᠭ | ᠠᠴᠠ ᠬᠡᠳᠦᠷᠡᠬᠦᠯᠵᠦ ᠪᠤᠯᠬᠤ ᠦᠬᠡᠢ᠂ ᠦᠨᠳᠦᠷ ᠳᠤᠮᠳᠠᠳᠤ 8 ᠴᠠᠭ ᠠᠴᠠ ᠬᠡᠳᠦᠷᠡᠬᠦᠯᠵᠦ ᠪᠤᠯᠬᠤ ᠦᠬᠡᠢ᠃ ᠦᠳᠡ | ᠶᠢᠨ ᠬᠤᠶᠢᠨ᠎ᠠ ᠰᠤᠷᠭᠠᠭᠤᠯᠢ ᠲᠠᠷᠬᠠᠬᠤ ᠴᠠᠭ ᠪᠠᠭ᠎ᠠ ᠰᠤᠷᠭᠠᠭᠤᠯᠢ ᠶᠢᠨ ᠰᠤᠷᠤᠭᠴᠢ 17᠄ 30᠂ ᠠᠩᠬ᠎ᠠ | ᠳᠤᠮᠳᠠᠳᠤ ᠶᠢᠨ ᠰᠤᠷᠤᠭᠴᠢ 18᠄ 00᠂ ᠦᠨᠳᠦᠷ ᠳᠤᠮᠳᠠᠳᠤ ᠶᠢᠨ ᠰᠤᠷᠤᠭᠴᠢ 18᠄ 30 ᠠᠴᠠ ᠤᠷᠤᠢ ᠪᠠᠶᠢᠵᠤ | ᠪᠤᠯᠬᠤ ᠦᠬᠡᠢ᠃ ᠬᠡᠷ ᠠᠴᠠ ᠪᠠᠨ ᠵᠠᠮᠨᠠᠵᠤ ᠰᠤᠷᠤᠯᠴᠠᠵᠤ ᠪᠠᠶᠢᠬᠤ ᠰᠤᠷᠤᠭᠴᠢ ᠶᠢ ᠤᠷᠤᠢ ᠶᠢᠨ ᠳᠠᠪᠳᠠᠯᠭ᠎ᠠ | ᠤᠷᠤᠭᠤᠯᠬᠤ ᠶᠢ ᠳᠠᠰᠤ ᠬᠤᠷᠢᠬᠯᠠᠨ᠎ᠠ᠃ ᠰᠤᠷᠭᠠᠭᠤᠯᠢ ᠳᠤ ᠬᠦᠷᠬᠦ ᠳᠤᠭᠳᠠᠭᠰᠠᠨ ᠴᠠᠭ ᠠᠴᠠ ᠡᠮᠦᠨ᠎ᠡ᠂ ᠪᠠᠶᠢᠷᠢ ᠳᠤ | ᠰᠠᠭᠤᠭ᠎ᠠ ᠰᠤᠷᠤᠭᠴᠢ ᠶᠢ ᠵᠤᠬᠢᠶᠠᠨ ᠪᠠᠶᠢᠭᠤᠯᠤᠨ ᠬᠢᠴᠢᠶᠡᠯ ᠤᠷᠤᠵᠤ ᠪᠤᠯᠬᠤ ᠦᠬᠡᠢ ᠬᠡᠵᠡᠢ᠃ | ᠱᠠᠭᠠᠷᠳᠠᠯᠭ᠎ᠠ ᠶᠤᠰᠤᠭᠠᠷ᠂ ᠪᠦᠬᠦ ᠤᠷᠤᠨ ᠤ ᠡᠯ᠎ᠠ ᠭᠠᠵᠠᠷ ᠤᠨ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ | ᠰᠠᠯᠠᠭ᠎ᠠ ᠮᠦᠴᠢᠷ ᠨᠢᠬᠡᠳᠦᠯᠳᠡᠢ ᠵᠢᠯᠤᠭᠤᠳᠴᠤ ᠪᠠᠶᠢᠭᠠᠳ ᠬᠠᠷᠢᠶᠠᠨ ᠳᠠᠬᠢ ᠳᠤᠮᠳᠠᠳᠤ ᠪᠠᠭ᠎ᠠ ᠰᠤᠷᠭᠠᠭᠤᠯᠢ ︵ᠠᠷᠠᠳ | ᠠᠴᠠ ᠡᠷᠬᠢᠯᠡᠭᠰᠡᠨ ᠰᠤᠷᠭᠠᠭᠤᠯᠢ ᠶᠢ ᠪᠠᠭᠳᠠᠭᠠᠨ᠎ᠠ︶ ᠶᠢ ᠨᠢᠬᠡᠳᠦᠯᠳᠡᠢ ᠵᠢᠯᠤᠭᠤᠳᠴᠤ ᠠᠵᠢᠯᠯᠠᠵᠤ ᠠᠮᠠᠷᠠᠬᠤ ᠴᠠᠭ ᠲᠤ | ᠳᠤᠬᠢᠷᠠᠭᠤᠯᠤᠯᠳᠠ ᠬᠢᠬᠦ ᠠᠵᠢᠯ ᠤᠨ ᠲᠦᠰᠦᠯ ᠭᠠᠷᠭᠠᠵᠤ᠂ ᠡᠯ᠎ᠠ ᠰᠤᠷᠭᠠᠭᠤᠯᠢ ᠠᠵᠢᠯᠯᠠᠵᠤ ᠠᠮᠠᠷᠠᠬᠤ ᠴᠠᠭ ᠲᠠᠭᠠᠨ | ᠳᠠᠬᠢᠨ ᠳᠤᠬᠢᠷᠠᠭᠤᠯᠤᠯᠳᠠ ᠬᠢᠵᠦ᠂ ᠰᠤᠷᠭᠠᠭᠤᠯᠢ ᠪᠠ ᠬᠡᠷ ᠪᠦᠯᠢ ᠬᠠᠮᠳᠤᠷᠠᠯᠴᠠᠵᠤ᠂ ᠡᠳᠦᠷ ᠪᠦᠷᠢ ᠪᠠᠭ᠎ᠠ | ᠰᠤᠷᠭᠠᠭᠤᠯᠢ ᠶᠢᠨ ᠰᠤᠷᠤᠭᠴᠢ 10 ᠴᠠᠭ ᠤᠨᠳᠠᠬᠤ᠂ ᠠᠩᠬ᠎ᠠ ᠳᠤᠮᠳᠠᠳᠤ ᠶᠢᠨ ᠰᠤᠷᠤᠭᠴᠢ 9 ᠴᠠᠭ ᠤᠨᠳᠠᠬᠤ᠂ | ᠦᠨᠳᠦᠷ ᠳᠤᠮᠳᠠᠳᠤ ᠶᠢᠨ ᠰᠤᠷᠤᠭᠴᠢ 8 ᠴᠠᠭ ᠤᠨᠳᠠᠬᠤ ᠶᠢ ᠪᠠᠳᠤᠯᠠᠬᠤ ᠬᠡᠷᠡᠭᠳᠡᠢ ᠭᠡᠪᠡ᠃ | ᠠᠵᠢᠯ ᠢ ᠳᠤᠤᠱᠳᠠᠢ ᠨᠠᠶᠢᠳᠠᠪᠤᠷᠢᠵᠢᠭᠤᠯᠬᠤ ᠶᠢᠨ ᠲᠦᠯᠦᠬᠡ᠂ ᠲᠦᠷᠢᠮ ᠳᠤᠭᠳᠠᠭᠠᠯ ᠠᠴᠠ ᠵᠦᠷᠢᠴᠡᠭᠰᠡᠨ | ᠰᠤᠷᠭᠠᠭᠤᠯᠢ ᠪᠠ ᠬᠠᠮᠢᠶ᠎ᠠ ᠪᠦᠬᠦᠢ ᠬᠠᠷᠢᠭᠤᠴᠠᠯᠭᠠᠳᠠᠨ ᠢ ᠪᠠᠶᠢᠴᠠᠭᠠᠨ ᠭᠠᠷᠭᠠᠬᠤ ᠡᠷᠴᠢᠮ ᠢᠶᠠᠨ ᠴᠢᠩᠭᠠᠷᠠᠭᠤᠯᠬᠤ | ᠪᠤᠯᠤᠨ᠎ᠠ᠃ ᠱᠠᠭᠠᠷᠳᠠᠯᠭ᠎ᠠ ᠶᠤᠰᠤᠭᠠᠷ᠂ ᠡᠯ᠎ᠠ ᠳᠤᠮᠳᠠᠳᠤ ᠪᠠᠭ᠎ᠠ ᠰᠤᠷᠭᠠᠭᠤᠯᠢ ᠶᠢᠨ ᠵᠠᠬᠢᠷᠤᠯ ᠨᠢᠬᠡᠳᠦᠬᠡᠷ | ᠬᠠᠷᠢᠭᠤᠴᠠᠯᠭᠠᠳᠠᠨ ᠪᠤᠯᠵᠤ᠂ ᠲᠦᠷᠢᠮ ᠳᠤᠭᠳᠠᠭᠠᠯ ᠢ ᠬᠡᠷᠡᠭᠵᠢᠬᠦᠯᠬᠦ ᠦᠬᠡᠢ ᠪᠤᠶᠤ ᠬᠡᠯᠪᠡᠷᠢ ᠶᠢ ᠨᠢ ᠬᠤᠪᠢᠷᠠᠭᠤᠯᠤᠨ | ᠬᠡᠷᠡᠭᠵᠢᠬᠦᠯᠵᠦ ᠰᠤᠷᠤᠭᠴᠢᠳ ᠢ ᠤᠷᠢᠳᠠᠪᠡᠷ ᠰᠤᠷᠭᠠᠭᠤᠯᠢ ᠳᠤ ᠤᠴᠢᠭᠤᠯᠪᠠᠯ ᠰᠤᠷᠭᠠᠭᠤᠯᠢ ᠶᠢᠨ ᠬᠠᠷᠢᠭᠤᠴᠠᠯᠭᠠᠳᠠᠨ | ᠠᠴᠠ ᠬᠠᠷᠢᠭᠤᠴᠠᠯᠭ᠎ᠠ ᠨᠡᠬᠡᠮᠵᠢᠯᠡᠨ᠎ᠡ᠃ ᠡᠯ᠎ᠠ ᠭᠠᠵᠠᠷ ᠤᠨ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ | ᠮᠦᠴᠢᠷ ᠳᠤᠬᠢᠷᠠᠭᠤᠯᠤᠯᠳᠠ ᠬᠢᠭᠰᠡᠨ ᠤ ᠳᠠᠷᠠᠭᠠᠬᠢ ᠰᠤᠷᠤᠭᠴᠢᠳ ᠤᠨ ᠰᠤᠷᠭᠠᠭᠤᠯᠢ ᠳᠤ ᠬᠦᠷᠬᠦ ᠴᠠᠭ ᠲᠤ ᠬᠢᠨᠠᠯᠳᠠ | ᠳᠠᠯᠪᠢᠬᠤ ᠪᠠᠨ ᠴᠢᠩᠭᠠᠳᠬᠠᠬᠤ ᠬᠡᠷᠡᠭᠳᠡᠢ᠃ ᠦᠪᠡᠷᠳᠡᠬᠡᠨ ᠵᠠᠰᠬᠠᠤ ᠤᠷᠤᠨ ᠤ ᠰᠤᠷᠭᠠᠨ ᠬᠦᠮᠦᠵᠢᠯ ᠤᠨ ᠰᠠᠯᠠᠭ᠎ᠠ | ᠮᠦᠴᠢᠷ ᠱᠠᠯᠠᠪᠳᠠᠨ ᠪᠠᠶᠢᠴᠠᠭᠠᠬᠤ ᠳᠤᠭᠤᠶᠢᠢᠯᠠᠩ ᠪᠠᠶᠢᠭᠤᠯᠵᠤ᠂ ᠡᠯ᠎ᠠ ᠭᠠᠵᠠᠷ ᠤᠨ ᠰᠤᠷᠤᠭᠴᠢᠳ ᠤᠨ | ᠰᠤᠷᠭᠠᠭᠤᠯᠢ ᠳᠤ ᠬᠦᠷᠴᠦ ᠪᠠᠶᠢᠬᠤ ᠴᠠᠭ ᠢ ᠳᠤᠭᠤᠷᠢᠨ ᠪᠠᠶᠢᠴᠠᠭᠠᠵᠤ᠂ ᠬᠢᠨᠠᠨ ᠬᠠᠮᠢᠶᠠᠷᠤᠯᠳᠠ ᠬᠦᠷᠦᠯᠴᠡᠬᠦ ᠦᠬᠡᠢ | ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠤᠨ ᠤᠳᠤᠷᠢᠳᠤᠯᠭ᠎ᠠ ᠲᠠᠢ ᠪᠤᠯᠵᠤᠨ ᠶᠠᠷᠢᠯᠴᠠᠵᠤ᠂ | ᠬᠠᠮᠢᠶ᠎ᠠ ᠪᠦᠬᠦᠢ ᠬᠠᠷᠢᠭᠤᠴᠠᠯᠭᠠᠳᠠᠨ ᠠᠴᠠ ᠬᠠᠷᠢᠭᠤᠴᠠᠯᠭ᠎ᠠ ᠨᠡᠬᠡᠮᠵᠢᠯᠡᠨ᠎ᠡ᠃ |