ᠬᠠᠯᠳᠠᠪᠤᠷᠢᠳᠤ ᠡᠪᠡᠳᠴᠢᠨ ᠲᠠᠢ ᠮᠠᠯ ᠢ ᠡᠮᠨᠡᠨ ᠵᠠᠰᠠᠬᠤ ᠲᠤᠬᠠᠢ
ᠨᠡᠶᠢᠲᠡᠯᠡᠭᠰᠡᠨ ᠴᠠᠭ᠄
2018-04-19
      ᠮᠠᠯ ᠤᠨ ᠬᠠᠯᠳᠠᠪᠤᠷᠢᠳᠤ ᠡᠪᠡᠳᠴᠢᠨ ᠢ ᠡᠮᠨᠡᠨ ᠵᠠᠰᠠᠬᠤ ᠪᠤᠯ ᠨᠢᠭᠡ ᠲᠠᠯ᠎ᠠ ᠪᠠᠷ ᠡᠪᠡᠳᠴᠢᠨ ᠲᠠᠢ ᠮᠠᠯ ᠢ ᠠᠪᠤᠷᠠᠵᠤ ᠬᠤᠬᠢᠷᠠᠯ ᠢ ᠪᠠᠭᠠᠰᠬᠠᠵᠤ᠂ ᠨᠥᠭᠦᠭᠡ ᠲᠠᠯ᠎ᠠ ᠪᠠᠷ ᠬᠠᠯᠳᠠᠪᠤᠷᠢ ᠶᠢᠨ ᠡᠬᠢ ᠶᠢ ᠤᠰᠠᠳᠬᠠᠬᠤ ᠶᠠᠪᠤᠳᠠᠯ ᠪᠤᠯᠤᠨ᠎ᠠ᠃ ᠡᠨᠡ ᠨᠢ ᠶᠡᠷᠥᠩᠬᠡᠶᠢᠯᠡᠭᠰᠡᠨ ᠴᠢᠨᠠᠷᠲᠠᠢ ᠬᠢᠵᠢᠭ ᠰᠡᠷᠭᠡᠶᠢᠯᠡᠯᠳᠡ ᠶᠢᠨ ᠨᠢᠭᠡ ᠴᠢᠬᠤᠯᠠ ᠪᠥᠷᠢᠯᠳᠥᠭᠦᠨ ᠪᠤᠯᠬᠤ ᠶᠤᠮ᠃ ᠵᠠᠷᠢᠮ ᠡᠮᠨᠡᠨ ᠵᠠᠰᠠᠬᠤ ᠠᠷᠭ᠎ᠠ ᠦᠭᠡᠢ ᠡᠮᠨᠡᠨ ᠵᠠᠰᠠᠬᠤ ᠥᠷᠳᠡᠭ ᠦᠭᠡᠢ ᠪᠤᠶᠤ ᠬᠥᠮᠥᠨ ᠤ ᠡᠷᠡᠭᠦᠯ ᠮᠡᠨᠳᠤ ᠳᠤ ᠬᠥᠨᠳᠥ ᠨᠤᠴᠢᠳᠠᠢ ᠰᠥᠷᠳᠡᠭᠦᠯᠥᠯ ᠪᠤᠯᠳᠠᠭ ᠡᠪᠡᠳᠴᠢᠨ ᠲᠠᠢ ᠮᠠᠯ ᠢ ᠬᠡᠷᠡᠭᠴᠡᠭᠡᠨ ᠠᠴᠠ ᠭᠠᠷᠭᠠᠵᠤ ᠠᠯᠠᠵᠤ ᠨᠢᠳᠤᠯᠡᠬᠤ ᠬᠡᠷᠡᠭᠳᠡᠢ᠃ ᠲᠤᠬᠠᠢ ᠶᠢᠨ ᠭᠠᠵᠠᠷ ᠲᠤ ᠶᠡᠷᠤ ᠭᠠᠷᠴᠤ ᠥᠩᠭᠡᠷᠡᠭᠰᠡᠨ ᠦᠭᠡᠢ ᠬᠠᠯᠳᠠᠪᠤᠷᠢᠳᠤ ᠡᠪᠡᠳᠴᠢᠨ ᠡᠭᠦᠰᠪᠡᠯ ᠲᠠᠷᠬᠠᠨ ᠳᠡᠯᠭᠡᠷᠡᠵᠤ᠂ ᠵᠠᠰᠠᠵᠤ ᠳᠡᠶᠢᠯᠬᠦ ᠦᠭᠡᠢ ᠪᠤᠯᠬᠤ ᠠᠴᠠ ᠰᠡᠷᠭᠡᠶᠢᠯᠡᠬᠦ ᠶᠢᠨ ᠲᠥᠯᠥᠭᠡ ᠴᠢᠩᠭ᠎ᠠ ᠠᠷᠢᠭᠤᠳᠬᠠᠭᠰᠠᠨ ᠤ ᠲᠠᠷᠠᠭ᠎ᠠ ᠠᠯᠠᠵᠤ ᠰᠢᠢᠳᠪᠥᠷᠢᠯᠡᠨ᠎ᠡ᠃ ᠬᠠᠯᠳᠠᠪᠤᠷᠢᠳᠤ ᠡᠪᠡᠳᠴᠢᠨ ᠢ ᠡᠮᠨᠡᠨ ᠵᠠᠰᠠᠬᠤ ᠎ ᠳᠤ ᠵᠠᠪᠠᠯ ᠡᠮᠨᠡᠨ ᠵᠠᠰᠠᠬᠤ ᠪᠠᠷ ᠭᠤᠤᠯᠳᠠᠯᠭ᠎ᠠ ᠪᠤᠯᠭᠠᠵᠤ᠂ ᠰᠡᠷᠭᠡᠶᠢᠯᠡᠬᠦ ᠶᠢ ᠬᠥᠩᠭᠡᠪᠴᠢᠯᠡᠬᠦ ᠪᠤᠶᠤ ᠰᠡᠷᠭᠡᠶᠢᠯᠡᠬᠦ ᠪᠠᠷ ᠭᠤᠤᠯ ᠪᠤᠯᠭᠠᠵᠤ ᠡᠮᠨᠡᠨ ᠵᠠᠰᠠᠬᠤ ᠦᠭᠡᠢ ᠪᠠᠶᠢᠬᠤ ᠬᠤᠶᠠᠷ ᠵᠦᠢᠯ ᠤᠨ ᠬᠠᠨᠳᠤᠰᠢ ᠠᠴᠠ ᠵᠠᠶᠢᠯᠠᠰᠬᠢᠬᠦ ᠬᠡᠷᠡᠭᠳᠡᠢ᠃      ᠬᠠᠯᠳᠠᠪᠤᠷᠢᠳᠤ ᠡᠪᠡᠳᠴᠢᠨ ᠲᠠᠢ ᠮᠠᠯ ᠢ ᠡᠮᠨᠡᠨ ᠵᠠᠰᠠᠬᠤ ᠨᠢ ᠪᠤᠰᠤᠳ ᠡᠩ ᠤᠨ ᠡᠪᠡᠳᠴᠢᠨ ᠲᠠᠢ ᠮᠠᠯ ᠢ ᠡᠮᠨᠡᠨ ᠵᠠᠰᠠᠬᠤ ᠲᠠᠢ ᠠᠳᠠᠯᠢ ᠦᠭᠡᠢ᠂ ᠤᠨᠴᠠᠭᠠᠶᠢᠯᠠᠨ ᠵᠠᠷᠢᠮ ᠳᠡᠯᠭᠡᠷᠡᠬᠦ ᠴᠢᠨᠠᠷ ᠨᠢ ᠴᠢᠩᠭ᠎ᠠ᠂ ᠬᠤᠬᠢᠷᠠᠯ ᠨᠢ ᠶᠡᠭᠡ ᠬᠠᠯᠳᠠᠪᠤᠷᠢᠳᠤ ᠡᠪᠡᠳᠴᠢᠨ ᠢ ᠡᠷᠬᠡᠪᠰᠢ ᠨᠢᠭᠳᠠ ᠪᠢᠳᠡᠭᠦᠮᠵᠢᠯᠡᠭᠰᠡᠨ ᠪᠠ ᠲᠤᠰᠠᠭᠠᠷᠯᠠᠭᠰᠠᠨ ᠨᠥᠬᠦᠴᠡᠯ ᠲᠤᠤᠷ᠎ᠠ ᠡᠮᠨᠡᠨ ᠵᠠᠰᠠᠬᠤ ᠬᠡᠷᠡᠭᠳᠡᠢ᠃ ᠬᠠᠯᠳᠠᠪᠤᠷᠢᠳᠤ ᠡᠪᠡᠳᠴᠢᠨ ᠢ ᠡᠮᠨᠡᠨ ᠵᠠᠰᠠᠬᠤ ᠳᠤ ᠡᠪᠡᠳᠴᠢᠯᠡᠭᠦᠯᠥᠭᠴᠢ ᠶᠢᠨ ᠡᠪᠡᠳᠴᠢᠨ ᠡᠭᠦᠰᠬᠡᠬᠦ ᠦᠢᠯᠡᠳᠥᠯ ᠢ ᠤᠰᠠᠳᠬᠠᠬᠤ ᠶᠢᠨ ᠬᠠᠮᠳᠤ ᠠᠮᠢᠳᠠᠨ ᠤ ᠪᠡᠶ᠎ᠡ ᠶᠢᠨ ᠡᠪᠡᠳᠴᠢᠨ ᠡᠰᠡᠷᠭᠦᠴᠡᠬᠦ ᠴᠢᠳᠠᠪᠤᠷᠢ ᠶᠢ ᠳᠡᠭᠡᠭᠰᠢᠯᠡᠭᠦᠯᠥᠨ ᠹᠢᠽᠢᠤᠯᠤᠬᠢ ᠶᠢᠨ ᠠᠵᠢᠯᠯᠠᠭ᠎ᠠ ᠶᠢ ᠲᠤᠬᠢᠷᠠᠭᠤᠯᠤᠨ ᠰᠡᠷᠭᠦᠭᠡᠬᠦ ᠵᠡᠷᠭᠡ ᠶᠡᠷᠥᠩᠬᠡᠶᠢᠯᠡᠭᠰᠡᠨ ᠡᠮᠴᠢᠯᠡᠬᠦ ᠠᠷᠭ᠎ᠠ ᠬᠡᠮᠵᠢᠶ᠎ᠡ ᠠᠪᠬᠤ ᠬᠡᠷᠡᠭᠳᠡᠢ᠃          《 ᠮᠠᠯ ᠤᠨ ᠬᠠᠯᠳᠠᠪᠤᠷᠢᠳᠤ ᠡᠪᠡᠳᠴᠢᠨ ᠤ ᠤᠬᠠᠭᠠᠨ》ᠭᠡᠬᠦ ᠨᠤᠮ ᠠᠴᠠ ᠪᠠᠭᠤᠯᠭᠠᠪᠠ
 
ᠢᠷᠡᠯᠲᠡ᠄ ᠲᠤᠰ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号