ᠭᠠᠭ᠋ᠠᠢ ᠶᠢᠨ ᠭᠠᠯ ᠬᠠᠪᠤᠳᠠᠷ ᠢ ᠰᠡᠷᠭᠡᠶᠢᠯᠡᠬᠦ ᠲᠤᠬᠠᠢ
ᠨᠡᠶᠢᠲᠡᠯᠡᠭᠰᠡᠨ ᠴᠠᠭ᠄
2018-04-19
     ⒈ ᠡᠩ ᠤᠨ ᠦᠶ᠎ᠡ ᠶᠢᠨ ᠰᠡᠷᠭᠡᠶᠢᠯᠡᠯᠳᠡ ᠶᠢᠨ ᠠᠷᠭ᠎ᠠ ᠮᠠᠶ᠋ᠢᠭ      ⑴ ᠠᠷᠠᠴᠢᠯᠠᠯᠳᠠ ᠬᠠᠮᠢᠶᠠᠷᠤᠯᠳᠠ ᠶᠢ ᠨᠢ ᠴᠢᠩᠭᠠᠳᠬᠠᠵᠤ ᠪᠤᠳᠠᠭᠠᠯᠢ ᠪᠡᠶ᠎ᠡ ᠶᠢᠨ ᠡᠪᠡᠳᠴᠢᠨ ᠢ ᠡᠰᠡᠷᠭᠦᠴᠡᠬᠦ ᠴᠢᠳᠠᠯ ᠢ ᠨᠢ ᠳᠡᠭᠡᠭᠰᠢᠯᠡᠭᠦᠯᠥᠨ᠎ᠡ᠃      ⑵ ᠲᠤᠭᠳᠠᠭᠰᠠ ᠬᠤᠭᠤᠴᠠᠭ᠎ᠠ ᠲᠠᠢ ᠪᠠᠷ ᠬᠠᠰᠢᠶ᠎ᠠ ᠰᠠᠷᠠᠪᠴᠢ᠂ ᠪᠠᠭᠠᠵᠢ ᠬᠡᠷᠡᠭᠰᠡᠯ ᠤᠨ ᠠᠷᠢᠭᠤᠨ ᠴᠡᠪᠡᠷ ᠎ ᠤᠨ ᠠᠵᠢᠯ ᠢ ᠰᠠᠶᠢᠳᠤᠷ ᠬᠢᠨ᠎ᠡ᠃      ⑶ ᠭᠠᠳᠠᠨ᠎ᠠ ᠠᠴᠠ ᠬᠤᠳᠠᠯᠳᠤᠨ ᠠᠪᠴᠢᠷᠠᠭᠰᠠᠨ ᠭᠠᠭ᠋ᠠᠢ ᠶᠢ ᠨᠢᠭᠡ ᠬᠤᠭᠤᠴᠠᠭ᠎ᠠ ᠲᠤᠰᠠᠭᠠᠷᠯᠠᠵᠤ ᠪᠠᠶᠢᠴᠠᠭᠠᠭᠠᠳ ᠰᠠᠶ᠋ᠢ ᠰᠥᠷᠥᠭ ᠲᠤ ᠨᠡᠶᠢᠯᠡᠭᠦᠯᠥᠨ᠎ᠡ᠃      ⑷ ᠢᠯᠠᠭ᠎ᠠ᠂ ᠪᠠᠳᠠᠭᠠᠨ᠎ᠠ᠂ ᠬᠤᠯᠤᠭᠠᠨ᠎ᠠ ᠶᠢᠨ ᠲᠥᠷᠥᠯ ᠢ ᠤᠰᠠᠳᠬᠠᠬᠤ ᠠᠵᠢᠯ ᠢ ᠰᠠᠶᠢᠳᠤᠷ ᠬᠢᠵᠤ᠂ ᠡᠪᠡᠳᠴᠢᠨ ᠲᠠᠷᠬᠠᠭᠠᠬᠤ ᠶᠢ ᠰᠡᠷᠭᠡᠶᠢᠯᠡᠨ᠎ᠡ᠃      ⑸ ᠵᠠᠬ᠎ᠠ ᠳᠡᠯᠭᠡᠭᠦᠷ᠂ ᠵᠠᠮ ᠨᠡᠪᠳᠡᠷᠡᠯᠭᠡ᠂ ᠤᠷᠤᠨ ᠰᠠᠭᠤᠴᠠ ᠶᠢᠨ ᠬᠢᠵᠢᠭ ᠪᠠᠶᠢᠴᠠᠭᠠᠯᠳᠠ ᠶᠢ ᠴᠢᠩᠭᠠᠳᠬᠠᠵᠤ ᠡᠪᠡᠳᠴᠢᠨ ᠬᠢᠵᠢᠭ ᠤᠨ ᠭᠠᠳᠠᠨ᠎ᠠ ᠠᠴᠠ ᠤᠷᠤᠵᠤ ᠢᠷᠡᠬᠦ ᠶᠢ ᠰᠡᠷᠭᠡᠶᠢᠯᠡᠨ᠎ᠡ᠃      ⑹ ᠰᠡᠷᠭᠡᠶᠢᠯᠡᠯᠳᠡ ᠶᠢᠨ ᠲᠠᠷᠢᠯᠭ᠎ᠠ ᠬᠢᠨ᠎ᠡ᠃ ᠥᠷᠭᠦᠯᠵᠢ ᠡᠪᠡᠳᠴᠢᠨ ᠳᠡᠯᠭᠡᠷᠡᠳᠡᠭ ᠤᠷᠤᠨ ᠳᠤ ᠵᠢᠯ ᠤᠨ ᠬᠤᠶᠠᠷ ᠤᠳᠠᠭ᠎ᠠ ᠰᠡᠷᠭᠡᠶᠢᠯᠡᠯᠳᠡ ᠶᠢᠨ ᠲᠠᠷᠢᠯᠭ᠎ᠠ ᠬᠢᠵᠤ᠂ ᠡᠪᠡᠳᠴᠢᠨ ᠡᠭᠦᠰᠬᠦ ᠶᠢ ᠤᠷᠢᠳᠴᠢᠯᠠᠨ ᠰᠡᠷᠭᠡᠶᠢᠯᠡᠨ᠎ᠡ᠃      ⒉ ᠡᠪᠡᠳᠴᠢᠨ ᠡᠭᠦᠰᠥᠭᠰᠡᠨ ᠥᠶ᠎ᠡ ᠳᠤ      ⑴ ᠬᠡᠮᠨᠡᠭᠰᠡᠨ ᠭᠠᠭ᠋ᠠᠢ ᠶᠢ ᠲᠤᠰᠠᠭᠠᠷᠯᠠᠨ ᠵᠠᠰᠠᠬᠤ ᠬᠡᠷᠡᠭᠳᠡᠢ᠃      ⑵ ᠪᠤᠬᠢᠷᠳᠤᠭᠰᠠᠨ ᠤᠷᠴᠢᠨ ᠲᠤᠭᠤᠷᠢᠨ ᠢ ᠨᠢ ᠠᠷᠢᠭᠤᠳᠬᠠᠬᠤ ᠬᠡᠷᠡᠭᠳᠡᠢ᠃      ⑶ ᠥᠬᠦᠳᠡᠯ ᠢ ᠨᠢ ᠭᠥᠨ ᠪᠤᠯᠠᠵᠤ ᠰᠢᠢᠳᠪᠥᠷᠢᠯᠡᠨ᠎ᠡ᠃      ⑷ ᠡᠷᠡᠭᠦᠯ ᠭᠠᠭ᠋ᠠᠢ ᠳᠤᠨᠢ ᠪᠠᠴᠢᠮ ᠸᠠᠺᠽᠢᠨ ᠲᠠᠷᠢᠵᠤ ᠬᠠᠯᠳᠠᠪᠤᠷᠢᠯᠠᠬᠤ ᠶᠢ ᠰᠡᠷᠭᠡᠶᠢᠯᠡᠨ᠎ᠡ᠃      ⒊ ᠡᠮᠨᠡᠨ ᠵᠠᠰᠠᠬᠤ      ᠲᠤᠰ ᠡᠪᠡᠳᠴᠢᠨ ᠢ ᠵᠠᠰᠠᠬᠤ ᠳᠤ ᠴᠢᠩ ᠮᠸᠢ ᠰᠤ᠋ ᠬᠠᠮᠤᠭ ᠲᠤᠬᠢᠷᠠᠮᠵᠢᠳᠠᠢ᠂ ᠲᠤ ᠮᠸᠢ ᠰᠤ᠋᠂ ᠬᠤᠩ ᠮᠸᠢ ᠰᠤ᠋ ᠪᠠᠰᠠ ᠨᠡᠯᠢᠶᠡᠳ ᠲᠤᠬᠢᠷᠠᠮᠵᠢᠳᠠᠢ ᠪᠠᠶᠢᠳᠠᠭ᠃      ᠲᠤᠰ ᠡᠪᠡᠳᠴᠢᠨ ᠨᠢ ᠬᠥᠮᠥᠨ ᠳᠤ ᠬᠠᠯᠳᠠᠪᠤᠷᠢᠯᠠᠨ᠎ᠠ᠂ ᠡᠭᠦᠨ ᠢ ᠭᠠᠯ ᠬᠠᠪᠤᠳᠠᠷᠯᠢᠭ ᠭᠡᠨ᠎ᠡ᠃ ᠬᠥᠮᠥᠨ ᠳᠤ ᠬᠠᠯᠳᠠᠪᠤᠷᠢᠯᠠᠬᠤ ᠨᠢ ᠤᠯᠠᠩᠬᠢ ᠳᠠᠭᠠᠨ ᠠᠵᠢᠯ ᠲᠥᠷᠥᠯ ᠤᠨ ᠡᠪᠡᠳᠴᠢᠨ ᠪᠠᠶᠢᠳᠠᠭ᠃ ᠡᠶᠢᠮᠤ ᠠᠴᠠ ᠮᠠᠯ ᠤᠨ ᠡᠮᠴᠢ ᠪᠠ ᠡᠪᠡᠳᠴᠢᠨ ᠲᠠᠢ ᠭᠠᠭ᠋ᠠᠢ ᠲᠠᠢ ᠤᠶᠢᠷᠠᠳᠤᠭᠰᠠᠳ ᠡᠷᠡᠭᠦᠯ ᠬᠠᠮᠠᠭᠠᠯᠠᠯ ᠤᠨ ᠠᠵᠢᠯ ᠢ ᠰᠠᠶᠢᠳᠤᠷ ᠬᠢᠬᠦ ᠬᠡᠷᠡᠭᠳᠡᠢ᠃            《 ᠮᠠᠯ ᠤᠨ ᠬᠠᠯᠳᠠᠪᠤᠷᠢᠳᠤ ᠡᠪᠡᠳᠴᠢᠨ ᠤ ᠤᠬᠠᠭᠠᠨ》 ᠭᠡᠬᠦ ᠨᠤᠮ ᠠᠴᠠ ᠪᠠᠭᠤᠯᠭᠠᠪᠠ
 
ᠢᠷᠡᠯᠲᠡ᠄ ᠳᠣᠰ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号