ᠬᠥᠮᠥᠨ ᠮᠠᠯ ᠳᠤ ᠬᠠᠮᠳᠤ ᠪᠠᠷ ᠬᠠᠯᠳᠠᠪᠤᠷᠢᠯᠠᠬᠤ ᠡᠪᠡᠳᠴᠢᠨ ᠤ ᠲᠤᠬᠠᠢ
ᠨᠡᠶᠢᠲᠡᠯᠡᠭᠰᠡᠨ ᠴᠠᠭ᠄
2018-04-19
      ᠬᠥᠮᠥᠨ ᠮᠠᠯ ᠳᠤ ᠬᠠᠮᠳᠤ ᠪᠠᠷ ᠬᠠᠯᠳᠠᠪᠤᠷᠢᠯᠠᠬᠤ ᠡᠪᠡᠳᠴᠢᠨ ᠭᠡᠳᠡᠭ ᠨᠢ ᠰᠡᠭᠡᠷᠳᠡᠨ ᠪᠠ ᠬᠥᠮᠥᠨ ᠲᠥᠷᠥᠯᠬᠢᠳᠡᠨ ᠤ ᠬᠤᠭᠤᠷᠤᠨᠳᠤ ᠠᠶᠠᠨᠳᠠᠭᠠᠨ ᠳᠠᠮᠵᠢᠨ ᠳᠡᠯᠭᠡᠷᠡᠳᠡᠭ ᠡᠪᠡᠳᠴᠢᠨ ᠬᠢᠵᠢᠭ ᠤᠨ ᠬᠠᠯᠳᠠᠪᠤᠷᠢᠯᠠᠯ ᠢ ᠬᠡᠯᠡᠵᠤ ᠪᠠᠶᠢᠨ᠎ᠠ᠃ ᠤᠳᠤᠬᠠᠨ ᠳᠤ ᠮᠡᠳᠡᠵᠤ ᠪᠠᠶᠢᠭ᠎ᠠ 200 ᠭᠠᠷᠤᠢ ᠵᠤᠶᠢᠯ ᠤᠨ ᠠᠮᠢᠳᠠᠨ ᠤ ᠬᠠᠯᠳᠠᠪᠤᠷᠢᠳᠤ ᠡᠪᠡᠳᠴᠢᠨ ᠪᠠ 100 ᠭᠠᠷᠤᠢ ᠵᠤᠶᠢᠯ ᠤᠨ ᠮᠥᠯᠵᠢᠭᠦᠷ ᠬᠤᠷᠤᠬᠠᠢ ᠶᠢᠨ ᠡᠪᠡᠳᠴᠢᠨ ᠠᠴᠠ ᠪᠠᠭ᠎ᠠ ᠳᠠᠭᠠᠨ 190 ᠭᠠᠷᠤᠢ ᠵᠤᠶᠢᠯ ᠨᠢ ᠬᠥᠮᠥᠨ ᠳᠤ ᠬᠠᠯᠳᠠᠪᠤᠷᠢᠯᠠᠵᠤ ᠪᠠᠶᠢᠳᠠᠭ᠃      ︵ᠨᠢᠭᠡ︶ ᠬᠥᠮᠥᠨ ᠮᠠᠯ ᠬᠠᠮᠳᠤ ᠬᠠᠯᠳᠠᠪᠤᠷᠢᠯᠠᠬᠤ ᠡᠪᠡᠳᠴᠢᠨ ᠤ ᠲᠥᠷᠥᠯ ᠬᠡᠯᠪᠡᠷᠢ      ᠡᠪᠡᠳᠴᠢᠨ ᠤ ᠳᠡᠯᠭᠡᠷᠡᠬᠦ ᠵᠦᠢ ᠶᠢᠨ ᠥᠵᠡᠯᠳᠡ ᠶᠢ ᠥᠨᠳᠥᠰᠥᠯᠡᠪᠡᠯ ᠬᠥᠮᠥᠨ ᠮᠠᠯ ᠬᠠᠮᠳᠤ ᠬᠠᠯᠳᠠᠪᠤᠷᠢᠯᠠᠬᠤ ᠡᠪᠡᠳᠴᠢᠨ ᠢ ᠡᠪᠡᠳᠴᠢᠯᠡᠭᠦᠯᠥᠭᠴᠢ ᠶᠢᠨ ᠠᠮᠢᠳᠤᠷᠠᠯ ᠤᠨ ᠲᠡᠤᠬᠡ ᠶᠢᠨ ᠲᠥᠷᠥᠯ ᠬᠡᠯᠪᠡᠷᠢ ᠪᠠᠷ ᠨᠢ ᠲᠤᠤᠷᠠᠬᠢ ᠮᠡᠳᠤ ᠬᠤᠪᠢᠶᠠᠨ᠎ᠠ᠃      ⒈ ᠰᠢᠭᠤᠳ ᠬᠠᠯᠳᠠᠪᠤᠷᠢᠯᠠᠬᠤ ᠴᠢᠨᠠᠷ ᠲᠠᠢ ᠬᠠᠯᠳᠠᠪᠤᠷᠢᠳᠤ ᠡᠪᠡᠳᠴᠢᠨ      ᠰᠢᠭᠤᠳ ᠬᠠᠯᠳᠠᠪᠤᠷᠢᠯᠠᠬᠤ ᠴᠢᠨᠠᠷ ᠪᠦᠬᠦᠢ ᠬᠠᠮᠳᠤ ᠬᠠᠯᠳᠠᠪᠤᠷᠢᠯᠠᠬᠤ ᠡᠪᠡᠳᠴᠢᠨ ᠪᠤᠯ ᠡᠪᠡᠳᠴᠢᠯᠡᠭᠦᠯᠥᠭᠴᠢ ᠎ ᠨᠢ ᠰᠡᠭᠡᠷᠳᠡᠨ ᠪᠠ ᠬᠥᠮᠥᠨ ᠲᠥᠷᠥᠯᠬᠢᠳᠡᠨ ᠤ ᠬᠤᠭᠤᠷᠤᠨᠳᠤ ᠰᠢᠭᠤᠳ ᠬᠥᠷᠥᠯᠴᠡᠬᠦ ᠪᠤᠶᠤ ᠵᠠᠭᠤᠴᠢ ᠠᠮᠢᠳᠠᠨ᠂ ᠪᠤᠬᠢᠷᠳᠤᠭᠰᠠᠨ ᠪᠤᠳᠠᠰ ᠢᠶᠠᠷ ᠳᠠᠮᠵᠢᠨ ᠳᠡᠯᠭᠡᠷᠡᠬᠦ ᠡᠪᠡᠳᠴᠢᠨ ᠢ ᠬᠡᠯᠡᠵᠤ ᠪᠠᠶᠢᠨ᠎ᠠ᠃ ᠵᠢᠱᠢᠶᠡᠯᠡᠪᠡᠯ ᠭᠠᠯᠵᠠᠭᠤ ᠡᠪᠡᠳᠴᠢᠨ᠂ ᠱᠥᠯᠭᠦᠭᠡ᠂ ᠪᠷᠦ᠋ᠽᠧᠯ ᠡᠪᠡᠳᠴᠢᠨ᠂ ᠰᠥᠷᠢᠶ᠎ᠡ ᠡᠪᠡᠳᠴᠢᠨ᠂ ᠪᠤᠭᠤᠮ᠎ᠠ᠂ ᠶᠠᠮ᠎ᠠ ᠵᠡᠷᠭᠡ ᠪᠠᠶᠢᠳᠠᠭ᠃      ⒉ ᠡᠭᠡᠯᠵᠢᠯᠡᠨ ᠳᠡᠯᠭᠡᠷᠡᠬᠦ ᠬᠠᠯᠳᠠᠪᠤᠷᠢᠳᠤ ᠡᠪᠡᠳᠴᠢᠨ      ᠬᠠᠮᠳᠤ ᠬᠠᠯᠳᠠᠪᠤᠷᠢᠯᠠᠬᠤ ᠡᠷᠭᠢᠯᠳᠡ ᠲᠠᠢ ᠳᠡᠯᠭᠡᠷᠡᠬᠦ ᠡᠪᠡᠳᠴᠢᠨ ᠪᠤᠯ ᠡᠪᠡᠳᠴᠢᠯᠡᠭᠦᠯᠥᠭᠴᠢ ᠨᠢ ᠠᠮᠢᠳᠤᠷᠠᠯ ᠎ ᠤᠨ ᠲᠡᠤᠬᠡ ᠪᠠᠨ ᠪᠡᠶᠡᠯᠡᠭᠦᠯᠬᠦ ᠶᠢᠨ ᠲᠥᠯᠥᠭᠡ ᠨᠢᠭᠡ ᠵᠦᠢᠯ ᠠᠴᠠ ᠳᠡᠭᠡᠭᠰᠢᠬᠢ ᠰᠡᠭᠡᠷᠳᠡᠨ ᠤᠷᠤᠰᠢᠭᠴᠢ ᠠᠮᠢᠳᠠᠨ ᠢ ᠬᠡᠷᠡᠭᠰᠡᠨ᠎ᠡ᠃ ᠭᠡᠪᠡᠴᠤ ᠰᠡᠭᠡᠷ ᠦᠭᠡᠶᠢᠳᠡᠨ ᠤᠷᠤᠰᠢᠭᠴᠢ ᠶᠢᠨ ᠤᠷᠤᠯᠴᠠᠯᠭ᠎ᠠ ᠶᠢ ᠬᠡᠷᠡᠭᠰᠡᠬᠦ ᠦᠭᠡᠢ᠃ ᠵᠢᠱᠢᠶᠡᠯᠡᠪᠡᠯ᠄ ᠮᠥᠯᠵᠢᠭᠦᠷ ᠬᠤᠷᠤᠬᠠᠢ ᠶᠢᠨ ᠡᠪᠡᠳᠴᠢᠨ ᠨᠢ ᠡᠶᠢᠮᠤ ᠪᠠᠶᠢᠳᠠᠭ᠃      ⒊ ᠵᠠᠭᠤᠴᠢ ᠪᠠᠷ ᠳᠠᠮᠵᠢᠨ ᠳᠡᠯᠭᠡᠷᠡᠬᠦ ᠴᠢᠨᠠᠷᠲᠠᠢ ᠬᠠᠯᠳᠠᠪᠤᠷᠢᠳᠤ ᠡᠪᠡᠳᠴᠢᠨ      ᠵᠠᠭᠤᠴᠢ ᠪᠠᠷ ᠳᠠᠮᠵᠢᠨ ᠳᠡᠯᠭᠡᠷᠡᠬᠦ ᠴᠢᠨᠠᠷ ᠲᠠᠢ ᠬᠠᠮᠳᠤ ᠬᠠᠯᠳᠠᠪᠤᠷᠢᠯᠠᠬᠤ ᠡᠪᠡᠳᠴᠢᠨ ᠪᠤᠯ ᠡᠪᠡᠳᠴᠢᠯᠡᠭᠦᠯᠥᠭᠴᠢ ᠶᠢᠨ ᠬᠢᠨᠢ ᠠᠮᠢᠳᠤᠷᠠᠯ ᠤᠨ ᠲᠡᠤᠬᠡ ᠨᠢ ᠰᠡᠭᠡᠷ ᠦᠭᠡᠶᠢᠳᠡᠨ ᠪᠠ ᠰᠡᠭᠡᠷᠳᠡᠨ ᠤ ᠤᠷᠤᠯᠴᠠᠬᠤ ᠶᠢ ᠬᠡᠷᠡᠭᠰᠡᠨ᠎ᠡ᠃ ᠰᠡᠭᠡᠷ ᠦᠭᠡᠶᠢᠳᠡᠨ ᠤ ᠪᠡᠶ᠎ᠡ ᠳᠤ ᠥᠷᠡᠵᠢᠭᠡᠳ ᠵᠤᠬᠢᠬᠤ ᠪᠤᠶᠢᠵᠢᠯᠳᠠ ᠪᠠᠨ ᠪᠡᠶᠡᠯᠡᠭᠦᠯᠵᠤ ᠨᠢᠭᠡ ᠬᠤᠭᠤᠴᠠᠭᠠᠨ ᠤ ᠳᠠᠯᠳᠠ ᠱᠠᠳᠤ ᠦᠶ᠎ᠡ ᠶᠢ ᠥᠩᠭᠡᠷᠡᠭᠦᠯᠥᠭᠡᠳ ᠰᠠᠶ᠋ᠢ ᠥᠭᠡᠷ᠎ᠡ ᠨᠢᠭᠡ ᠰᠡᠭᠡᠷᠳᠡᠨ ᠤ ᠤᠷᠤᠰᠢᠭᠴᠢ ᠪᠡᠶ᠎ᠡ ᠳᠤ ᠳᠠᠮᠵᠢᠨ ᠤᠷᠤᠨ᠎ᠠ᠃ ᠡᠭᠦᠨ ᠳᠤ ᠤᠯᠠᠩᠬᠢ ᠬᠤᠷᠤᠬᠠᠢ ᠵᠠᠭᠤᠴᠢᠳᠤ ᠸᠢᠷᠥ᠋ᠰ ᠤᠨ ᠬᠠᠯᠳᠠᠪᠤᠷᠢᠯᠠᠯ ᠪᠠᠭᠳᠠᠨ᠎ᠠ᠃ ᠵᠢᠱᠢᠶᠡᠯᠡᠪᠡᠯ᠄ ᠶᠠᠫᠤᠨ ᠤ ᠬᠥᠬᠡᠭᠴᠢᠨ ᠬᠡᠯᠪᠡᠷᠢ ᠶᠢᠨ ᠲᠠᠷᠢᠬᠢᠨ ᠥᠷᠪᠢᠰᠥᠯ᠂ ᠬᠠᠯᠳᠠᠪᠤᠷᠢᠳᠤ ᠴᠢᠨᠠᠷ ᠎ ᠲᠠᠢ ᠠᠳᠤᠭᠤᠨ ᠤ ᠲᠠᠷᠢᠬᠢ ᠨᠤᠭᠤᠰᠤᠨ ᠤ ᠥᠷᠪᠢᠰᠥᠯ ᠵᠡᠷᠭᠡ ᠪᠤᠢ᠃      ⒋ ᠢᠯᠵᠡᠷᠡᠮᠡᠯ ᠪᠤᠳᠡᠰ ᠢᠶᠠᠷ ᠳᠠᠮᠵᠢᠨ ᠳᠡᠯᠭᠡᠷᠡᠬᠦ ᠬᠠᠯᠳᠠᠪᠦᠷᠢᠳᠤ ᠡᠪᠡᠳᠴᠢᠨ      ᠡᠪᠡᠳᠴᠢᠯᠡᠭᠦᠯᠥᠭᠴᠢ ᠶᠢᠨ ᠬᠢᠨᠢ ᠠᠮᠢᠳᠤᠷᠠᠯ ᠤᠨ ᠲᠡᠤᠬᠡ ᠨᠢ ᠨᠢᠭᠡ ᠵᠦᠢᠯ ᠤᠨ ᠰᠡᠭᠡᠷᠳᠡᠨ ᠤᠷᠤᠰᠢᠭᠴᠢ ᠪᠠ ᠨᠢᠭᠡ ᠵᠦᠢᠯ ᠤᠨ ᠠᠮᠢᠳᠤ ᠪᠤᠳᠠᠰ ᠤᠨ ᠪᠤᠰᠤ ᠥᠰᠴᠤ ᠥᠷᠡᠵᠢᠬᠦ ᠭᠠᠵᠠᠷ ᠪᠤᠶᠤ ᠬᠠᠳᠠᠭᠠᠯᠠᠭᠳᠠᠬᠤ ᠭᠠᠵᠠᠷ ᠬᠡᠷᠡᠭᠰᠡᠨ᠎ᠡ᠃ ᠵᠢᠱᠢᠶᠡᠯᠡᠪᠡᠯ  ᠂ ᠬᠥᠷᠥᠰᠥ ᠰᠢᠷᠤᠢ᠂ ᠪᠤᠵᠠᠷ ᠤᠰᠤ᠂ ᠪᠤᠷᠳᠤᠭ᠎ᠠ᠂ ᠢᠳᠡᠭᠡᠨ᠂ ᠤᠷᠭᠤᠮᠠᠯ ᠵᠡᠷᠭᠡ ᠪᠠᠶᠢᠳᠠᠭ᠃ ᠡᠪᠡᠳᠴᠢᠨ ᠤ ᠵᠢᠱᠢᠶ᠎ᠡ ᠨᠢ ᠭᠡᠪᠡᠯ ᠮᠢᠬᠠᠨ ᠬᠤᠤᠷᠳᠠᠯᠭ᠎ᠠ ᠶᠢᠨ ᠤᠷᠬᠢᠨᠴᠠᠷ ᠪᠠᠺᠲ᠋ᠧᠷᠢ ᠳᠤ ᠬᠤᠤᠷᠳᠠᠭᠳᠠᠬᠤ ᠵᠡᠷᠭᠡ ᠪᠤᠯᠤᠨ᠎ᠠ᠃      ︵ᠬᠤᠶᠠᠷ︶ ᠬᠥᠮᠥᠨ ᠮᠠᠯ ᠬᠠᠮᠳᠤ ᠬᠠᠯᠳᠠᠪᠤᠷᠢᠯᠠᠬᠤ ᠡᠪᠡᠳᠴᠢᠨ ᠤ ᠤᠨᠴᠠᠯᠢᠭ      ⒈ ᠬᠥᠮᠥᠨ ᠮᠠᠯ ᠳᠤ ᠬᠠᠮᠳᠤ ᠬᠠᠯᠳᠠᠪᠤᠷᠢᠯᠠᠬᠤ ᠮᠠᠰᠢ ᠤᠯᠠᠨ ᠡᠪᠡᠳᠴᠢᠨ ᠨᠢ ᠮᠠᠯ ᠰᠥᠷᠥᠭ ᠢ ᠬᠥᠨᠳᠥ ᠨᠤᠴᠢᠳᠠᠢ ᠬᠤᠬᠢᠷᠠᠭᠤᠯᠬᠤ ᠡᠪᠡᠳᠴᠢᠨ ᠬᠢᠵᠢᠭ ᠮᠥᠷᠳᠡᠭᠡᠨ ᠬᠥᠮᠥᠨ ᠲᠥᠷᠥᠯᠬᠢᠳᠡᠨ ᠤ ᠲᠤᠭᠰᠢᠨ ᠴᠢᠨᠠᠷᠳᠠᠢ ᠬᠠᠯᠳᠠᠪᠤᠷᠢᠳᠤ ᠡᠪᠡᠳᠴᠢᠨ ᠪᠤᠯᠬᠤ ᠶᠤᠮ᠃ ᠲᠡᠷᠡ ᠨᠢ ᠤᠯᠠᠨ ᠨᠡᠶᠢᠳᠡ ᠶᠢᠨ ᠡᠷᠡᠭᠦᠯ ᠬᠠᠮᠠᠭᠠᠯᠠᠯ ᠳᠤ ᠬᠥᠨᠳᠤ ᠰᠥᠷᠡᠬᠡᠢ ᠰᠥᠷᠳᠡᠭᠦᠯᠥᠯ ᠪᠤᠯᠳᠠᠭ᠃ ᠵᠢᠱᠢᠶᠡᠯᠡᠪᠡᠯ᠂ ᠪᠤᠭᠤᠮ᠎ᠠ᠂ ᠭᠠᠯᠵᠠᠭᠤ᠂ ᠰᠥᠷᠢᠶ᠎ᠡ ᠵᠡᠷᠭᠡ᠃      ⒉ ᠳᠡᠳᠡᠭᠡᠷ ᠤᠨ ᠡᠪᠡᠳᠴᠢᠯᠡᠭᠦᠯᠥᠭᠴᠢ ᠶᠢᠨ ᠤᠷᠤᠰᠢᠭᠴᠢ ᠶᠢᠨ ᠳᠠᠷᠬᠠᠴᠠ ᠨᠢ ᠮᠠᠰᠢ ᠥᠷᠭᠡᠨ ᠪᠠᠶᠢᠳᠠᠭ᠃ ᠳᠤᠷᠰᠢᠯᠳᠠ ᠶᠢᠨ ᠨᠥᠬᠦᠴᠡᠯ ᠲᠤᠤᠷ᠎ᠠ ᠲᠥᠷᠥᠯ ᠬᠤᠪᠢᠶᠠᠷᠢᠯᠠᠯᠳᠠ ᠶᠢᠨ ᠰᠢᠰᠲ᠋ᠧᠮ ᠤᠨ ᠳᠠᠯ᠎ᠠ ᠪᠠᠷ ᠪᠥᠷ ᠮᠠᠰᠢ ᠤᠯᠠᠨ ᠵᠦᠢᠯ ᠤᠨ ᠬᠠᠯᠳᠠᠪᠤᠷᠢᠳᠤ ᠡᠪᠡᠳᠴᠢᠨ ᠬᠠᠯᠳᠠᠪᠤᠷᠢᠯᠠᠭᠤᠯᠤᠨ᠎ᠠ᠃      ⒊ ᠮᠠᠰᠢ ᠤᠯᠠᠨ ᠬᠥᠮᠥᠨ ᠮᠠᠯ ᠳᠤ ᠬᠠᠮᠳᠤ ᠬᠠᠯᠳᠠᠪᠤᠷᠢᠯᠠᠬᠤ ᠡᠪᠡᠳᠴᠢᠨ ᠨᠢ ᠪᠥᠷ ᠠᠵᠢᠯ ᠲᠥᠷᠥᠯ ᠤᠨ ᠡᠪᠡᠳᠴᠢᠨ ᠪᠤᠯᠤᠨ᠎ᠠ᠃ ᠵᠢᠱᠢᠶᠡᠯᠡᠪᠡᠯ ᠪᠤᠭᠤᠮ᠎ᠠ ᠨᠢ ᠨᠡᠬᠡᠮᠡᠯ ᠤᠨ ᠠᠵᠢᠯᠴᠢᠨ ᠳᠤ ᠤᠯᠠᠨ ᠬᠠᠯᠳᠠᠪᠤᠷᠢᠯᠠᠨ᠎ᠠ᠃      ⒋ ᠮᠠᠰᠢ ᠤᠯᠠᠨ ᠬᠥᠮᠥᠨ ᠮᠠᠯ ᠬᠠᠮᠳᠤ ᠬᠠᠯᠳᠠᠪᠤᠷᠢᠯᠠᠬᠤ ᠡᠪᠡᠳᠴᠢᠨ ᠨᠢ ᠪᠥᠷ ᠢᠳᠡᠭᠡᠨ ᠠᠴᠠ ᠡᠭᠦᠰᠥᠯ ᠎ ᠲᠠᠢ ᠡᠪᠡᠳᠴᠢᠨ ᠪᠤᠯᠤᠨ᠎ᠠ᠃ ᠵᠢᠱᠢᠶᠡᠯᠡᠪᠡᠯ ᠭᠠᠭ᠋ᠠᠢ ᠶᠢᠨ ᠮᠢᠬᠠᠨ ᠤ ᠤᠳᠤ ᠵᠡᠷᠭᠡ ᠪᠤᠯᠤᠨ᠎ᠠ᠃      ⒌ ᠬᠥᠮᠥᠨ ᠮᠠᠯ ᠬᠠᠮᠳᠤ ᠬᠠᠯᠳᠠᠪᠤᠷᠢᠯᠠᠬᠤ ᠡᠪᠡᠳᠴᠢᠨ ᠪᠤᠯ ᠬᠥᠮᠥᠨ ᠲᠥᠷᠥᠯᠬᠢᠳᠡᠨ ᠤ ᠬᠠᠯᠳᠠᠪᠤᠷᠢᠳᠤ ᠡᠪᠡᠳᠴᠢᠨ ᠤ ᠰᠤᠳᠤᠯᠤᠯᠳᠠ ᠳᠤ ᠮᠠᠰᠢ ᠰᠠᠶᠢᠨ ᠠᠮᠢᠳᠤ ᠪᠤᠳᠠᠰ ᠤᠨ ᠮᠤᠳᠧᠯ ᠪᠤᠯᠵᠤ ᠪᠠᠶᠢᠨ᠎ᠠ᠃          《 ᠮᠠᠯ ᠤᠨ ᠬᠠᠯᠳᠠᠪᠤᠷᠢᠳᠤ ᠡᠪᠡᠳᠴᠢᠨ ᠤ ᠤᠬᠠᠭᠠᠨ》ᠭᠡᠬᠦ ᠨᠤᠮ ᠠᠴᠠ ᠪᠠᠭᠤᠯᠭᠠᠪᠠ
 
ᠢᠷᠡᠯᠲᠡ᠄ ᠳᠣᠰ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号