ᠠᠳᠤᠭᠤᠨ ᠤ ᠴᠢᠰᠤ ᠲᠤᠳᠠᠬᠤ ᠬᠠᠯᠳᠠᠪᠤᠷᠢᠳᠤ ᠡᠪᠡᠳᠴᠢᠨ ᠢ ᠰᠡᠷᠭᠡᠶᠢᠯᠡᠨ ᠵᠠᠰᠠᠬᠤ ᠲᠤᠬᠠᠢ
ᠨᠡᠶᠢᠲᠡᠯᠡᠭᠰᠡᠨ ᠴᠠᠭ᠄
2018-04-19
     ᠠᠳᠤᠭᠤᠨ ᠤ ᠴᠢᠰᠤ ᠲᠤᠳᠠᠬᠤ ᠬᠠᠯᠳᠠᠪᠤᠷᠢᠳᠤ ᠡᠪᠡᠳᠴᠢᠨ ᠢ ᠤᠷᠢᠳᠴᠢᠯᠠᠨ ᠰᠡᠷᠭᠡᠶᠢᠯᠡᠬᠦ ᠪᠠ ᠤᠰᠠᠳᠬᠠᠬᠤ ᠎ ᠶᠢᠨ ᠲᠥᠯᠥᠭᠡ ︽ᠠᠳᠤᠭᠤᠨ ᠤ ᠬᠠᠯᠳᠠᠪᠤᠷᠢᠳᠤ ᠴᠢᠰᠤ ᠲᠤᠳᠠᠬᠤ ᠡᠪᠡᠳᠴᠢᠨ ᠤ ᠰᠡᠷᠭᠡᠶᠢᠯᠡᠯᠳᠡ ᠳᠤ ᠬᠡᠷᠡᠭᠵᠢᠭᠦᠯᠬᠦ ᠠᠷᠭ᠎ᠠ︾᠎ ᠶᠢ ᠡᠷᠬᠡᠪᠰᠢ ᠡᠷᠡᠰ ᠲᠤᠤᠱᠯᠠᠭᠤᠯᠬᠤ ᠬᠡᠷᠡᠭᠳᠡᠢ᠂ ᠴᠢᠬᠤᠯᠠ ᠠᠭᠤᠯᠭ᠎ᠠ ᠨᠢ ᠲᠤᠤᠷᠠᠬᠢ ᠮᠡᠳᠤ᠄      ⒈ ᠤᠷᠢᠳᠴᠢᠯᠠᠨ ᠰᠡᠷᠭᠡᠶᠢᠯᠡᠬᠦ ᠠᠷᠭ᠎ᠠ ᠮᠠᠶ᠋ᠢᠭ      ᠠᠷᠠᠴᠢᠯᠠᠯᠳᠠ ᠬᠠᠮᠢᠶᠠᠷᠤᠯᠳᠠ ᠪᠠᠨ ᠴᠢᠩᠭᠠᠳᠬᠠᠨ᠂ ᠤᠷᠴᠢᠨ ᠲᠤᠭᠤᠷᠢᠨ ᠤ ᠡᠷᠡᠭᠦᠯ ᠬᠠᠮᠠᠭᠠᠯᠠᠯ ᠢ ᠰᠠᠶᠢᠳᠤᠷ ᠬᠢᠵᠤ ᠪᠠᠳᠠᠭᠠᠨ᠎ᠠ᠂ ᠭᠡᠳᠡᠭᠡᠨ᠎ᠡ ᠶᠢ ᠤᠰᠠᠳᠬᠠᠨ᠎ᠠ᠃ ᠭᠠᠳᠠᠨ᠎ᠠ ᠠᠴᠠ ᠤᠷᠤᠭᠤᠯᠵᠤ ᠢᠷᠡᠬᠦ ᠠᠳᠤᠭᠤᠨ ᠳᠤ ᠬᠢᠵᠢᠭ ᠎ ᠤᠨ ᠪᠠᠶᠢᠴᠠᠭᠠᠯᠳᠠ ᠬᠢᠨ᠎ᠡ᠃      ⒉ ᠰᠡᠷᠭᠡᠶᠢᠯᠡᠨ ᠵᠠᠰᠠᠬᠤ ᠠᠷᠭ᠎ᠠ ᠮᠠᠶ᠋ᠢᠭ      ⑴ ᠪᠢᠳᠡᠭᠦᠮᠵᠢᠯᠡᠬᠦ᠄ ᠠᠳᠤᠭᠤᠨ ᠤ ᠴᠢᠰᠤ ᠲᠤᠳᠠᠬᠤ ᠬᠠᠯᠳᠠᠪᠤᠷᠢᠳᠤ ᠡᠪᠡᠳᠴᠢᠨ ᠳᠡᠯᠭᠡᠷᠡᠪᠡᠯ ᠬᠢᠵᠢᠭᠳᠦ ᠤᠷᠤᠨ ᠪᠠ ᠬᠢᠵᠢᠭ ᠤᠨ ᠴᠢᠭ ᠢ ᠵᠢᠷᠤᠨ ᠲᠤᠭᠳᠠᠭᠠᠵᠤ ᠪᠢᠳᠡᠭᠦᠮᠵᠢᠯᠡᠬᠦ ᠬᠡᠷᠡᠭᠳᠡᠢ᠃      ⑵ ᠬᠢᠵᠢᠭ ᠪᠠᠶᠢᠴᠠᠭᠠᠬᠤ᠄ ᠠᠳᠤᠭᠤᠨ ᠤ ᠪᠡᠶ᠎ᠡ ᠶᠢᠨ ᠬᠠᠯᠠᠭᠤᠨ ᠢ ᠨᠢ ᠬᠡᠮᠵᠢᠬᠦ᠂ ᠡᠮᠴᠢᠯᠡᠪᠦᠷᠢ ᠶᠢᠨ ᠪᠠ ᠴᠢᠰᠤᠨ ᠤ ᠪᠠᠶᠢᠴᠠᠭᠠᠯᠳᠠ ᠬᠢᠬᠦ ᠠᠴᠠ ᠭᠠᠳᠠᠨ᠎ᠠ ᠨᠢᠭᠡ ᠰᠠᠷ᠎ᠠ ᠠᠯᠤᠰᠯᠠᠭᠤᠯᠵᠤ᠂ ᠭᠤᠷᠪᠠ ᠤᠳᠠᠭ᠎ᠠ ᠶᠢᠨ ᠨᠥᠬᠦᠪᠥᠷᠢ ᠴᠤᠭᠴᠠ ᠤᠶᠠᠯᠳᠤᠬᠤ ᠤᠷᠪᠠᠯ ᠪᠠ ᠠᠭᠠᠷᠳᠤ ᠴᠠᠷᠴᠠᠮᠠᠯ ᠳᠤ ᠳᠠᠷᠬᠠᠬᠤ ᠤᠷᠪᠠᠯ ᠤᠨ ᠲᠤᠷᠰᠢᠯᠳᠠ ᠬᠢᠵᠤ ᠪᠠᠶᠢᠴᠠᠭᠠᠬᠤ ᠬᠡᠷᠡᠭᠳᠡᠢ᠃      ⑶ ᠲᠤᠰᠠᠭᠠᠷᠯᠠᠬᠤ᠄ ᠰᠢᠯᠭᠠᠨ ᠲᠤᠳᠤᠯᠠᠭᠰᠠᠨ ᠴᠢᠰᠤ ᠲᠤᠳᠠᠬᠤ ᠬᠠᠯᠳᠠᠪᠤᠷᠢᠳᠤ ᠡᠪᠡᠳᠴᠢᠨ ᠲᠠᠢ ᠠᠳᠤᠭᠤ ᠪᠠ ᠰᠡᠵᠢᠭᠳᠡᠢ ᠠᠳᠤᠭᠤ ᠶᠢ ᠡᠷᠡᠭᠦᠯ ᠠᠳᠤᠭᠤᠨ ᠤ ᠬᠤᠷᠤᠭ᠎ᠠ ᠰᠠᠷᠠᠪᠴᠢ ᠠᠴᠠ ᠬᠤᠯᠠ ᠭᠠᠵᠠᠷ ᠲᠤᠰᠠᠭᠠᠷᠯᠠᠵᠤ᠂ ᠬᠠᠯᠳᠠᠪᠤᠷᠢᠯᠠᠯ ᠤᠨ ᠥᠷᠭᠡᠵᠢᠬᠦ ᠶᠢ ᠰᠡᠷᠭᠡᠶᠢᠯᠡᠬᠦ ᠬᠡᠷᠡᠭᠳᠡᠢ᠃      ⑷ ᠠᠷᠢᠭᠤᠳᠬᠠᠬᠤ᠄ ᠬᠠᠯᠳᠠᠪᠤᠷᠢᠳᠤ ᠴᠢᠰᠤ ᠲᠤᠳᠠᠬᠤ ᠡᠪᠡᠳᠴᠢᠨ ᠤ ᠡᠪᠡᠳᠴᠢᠨ ᠲᠠᠢ ᠠᠳᠤᠭᠤ ᠪᠠ ᠰᠡᠵᠢᠭᠳᠦ ᠠᠳᠤᠭᠤᠨ ᠤ ᠪᠤᠬᠢᠷᠳᠤᠭᠤᠯᠤᠭᠰᠠᠨ ᠬᠤᠷᠤᠭ᠎ᠠ᠂ ᠤᠶᠠᠭᠠᠨ ᠤ ᠭᠠᠵᠠᠷ᠂ ᠡᠮᠨᠡᠨ ᠵᠠᠰᠠᠭᠰᠠᠨ ᠲᠠᠯᠠᠪᠠᠢ ᠵᠡᠷᠭᠡ ᠎ ᠶᠢ ᠪᠥᠷ ᠲᠤᠶᠢᠯᠪᠤᠷᠢᠳᠠᠢ ᠠᠷᠢᠭᠤᠳᠬᠠᠬᠤ ᠬᠡᠷᠡᠭᠳᠡᠢ᠃ ᠪᠠᠭᠠᠰᠤ ᠢᠯᠭᠠᠳᠠᠰᠤ ᠶᠢ ᠨᠢ ᠤᠪᠤᠭᠠᠯᠠᠨ ᠢᠰᠬᠡᠵᠤ ᠠᠷᠢᠭᠤᠳᠬᠠᠬᠤ ᠬᠡᠷᠡᠭᠳᠡᠢ᠃ ᠴᠢᠰᠤ ᠰᠤᠷᠤᠭᠴᠢ ᠬᠤᠷᠤᠬᠠᠢ ᠰᠢᠪᠡᠵᠢ ᠶᠢ ᠰᠡᠷᠭᠡᠶᠢᠯᠡᠬᠦ ᠶᠢᠨ ᠲᠥᠯᠥᠭᠡ 0.5%᠎ ᠶᠢᠨ ᠬᠤᠶᠠᠷᠴᠢ ᠹᠷᠤᠮ ᠤᠨ ᠹᠤᠰᠹᠤᠷ ᠪᠤᠶᠤ 0.1% ᠳ᠋ᠢ ᠳ᠋ᠢ ᠸᠧᠢ ᠶᠢᠨ ᠰᠢᠩᠭᠡᠨ ᠢ ᠰᠥᠷᠴᠢᠵᠤ ᠪᠤᠯᠤᠨ᠎ᠠ᠃      ⑸ ᠰᠢᠢᠳᠪᠤᠷᠢᠯᠡᠬᠦ᠄ ᠡᠪᠡᠳᠴᠢᠨ ᠲᠠᠢ ᠠᠳᠤᠭᠤ ᠶᠢ ᠲᠥᠪᠯᠡᠷᠡᠭᠦᠯᠥᠨ ᠠᠯᠠᠵᠤ ᠰᠢᠢᠳᠪᠥᠷᠢᠯᠡᠬᠦ ᠬᠡᠷᠡᠭᠳᠡᠢ᠃ ᠠᠯᠠᠭᠰᠠᠨ ᠪᠤᠶᠤ ᠬᠡᠮᠨᠡᠵᠤ ᠥᠬᠦᠭᠰᠡᠨ ᠠᠳᠤᠭᠤᠨ ᠥᠬᠦᠳᠡᠯ ᠢ ᠰᠢᠳᠠᠭᠠᠬᠤ ᠪᠤᠶᠤ ᠭᠥᠨ ᠪᠤᠯᠠᠬᠤ ᠡᠰᠡᠬᠦᠯ᠎ᠡ ᠬᠢᠮᠢ ᠎ ᠶᠢᠨ ᠦᠢᠯᠡᠳᠭᠦᠨ ᠤ ᠦᠢᠯᠡᠳᠪᠥᠷᠢ ᠳᠤ ᠬᠤᠤᠷ ᠢ ᠠᠷᠢᠯᠭᠠᠨ ᠰᠢᠢᠳᠪᠥᠷᠢᠯᠡᠵᠦ ᠪᠤᠷᠳᠤᠭ᠎ᠠ ᠪᠤᠯᠭᠠᠨ ᠪᠤᠯᠪᠠᠰᠤᠷᠠᠭᠤᠯᠬᠤ ᠬᠡᠷᠡᠭᠳᠡᠢ᠃      ⑹ ᠡᠭᠡᠭᠡᠯᠯᠡᠪᠥᠷᠢ ᠬᠢᠬᠦ᠄ ᠬᠢᠵᠢᠭᠳᠦ ᠤᠷᠤᠨ ᠤ ᠪᠤᠬᠢᠷᠳᠤᠯ ᠬᠥᠨᠳᠤ᠂ ᠪᠤᠬᠢᠷᠳᠤᠯ ᠤᠨ ᠬᠡᠪᠴᠢᠶ᠎ᠡ ᠨᠢ ᠶᠡᠭᠡ ᠪᠠᠶᠢᠪᠠᠯ᠂ ᠤᠷᠢᠳ ᠢᠶᠠᠷ ᠬᠢᠵᠢᠭ ᠪᠠᠶᠢᠴᠠᠭᠠᠵᠤ ᠡᠪᠡᠳᠴᠢᠨ ᠲᠠᠢ ᠠᠳᠤᠭᠤ ᠪᠠ ᠡᠷᠡᠭᠦᠯ ᠠᠳᠤᠭᠤᠨ‌‍ᠰᠥ᠋ᠷᠥᠭ ᠢ ᠰᠠᠯᠭᠠᠬᠤ ᠬᠡᠷᠡᠭᠳᠡᠢ  ᠃ ᠳᠠᠷᠠᠭ᠎ᠠ ᠨᠢ ᠡᠷᠡᠭᠦᠯ ᠠᠳᠤᠭᠤᠨ ᠳᠤ ᠠᠳᠤᠭᠤᠨ ᠤ ᠬᠠᠯᠳᠠᠪᠤᠷᠢᠳᠤ ᠴᠢᠰᠤ ᠲᠤᠳᠠᠬᠤ ᠡᠪᠡᠳᠴᠢᠨ ᠤ ᠡᠯᠵᠢᠭᠡᠨ ᠴᠠᠭᠠᠨ ᠡᠰ ᠤᠨ ᠪᠠᠭᠤᠷᠠᠢ ᠬᠤᠤᠷᠳᠤ ᠸᠠᠺᠽᠢᠨ ᠲᠠᠷᠢᠨ᠎ᠠ᠃ ᠲᠠᠷᠢᠯᠭ᠎ᠠ ᠶᠢᠨ ᠳᠠᠷᠠᠭ᠎ᠠ ᠶᠡᠷᠤ ᠎ ᠳᠡᠭᠡᠨ ᠲᠤᠭᠳᠠᠭᠰᠠᠨ ᠴᠠᠭ ᠲᠠᠢ ᠬᠢᠵᠢᠭ ᠤᠨ ᠪᠠᠶᠢᠴᠠᠭᠠᠯᠳᠠ ᠬᠢᠬᠦ ᠴᠢᠬᠤᠯᠠ ᠦᠭᠡᠢ ᠪᠠᠶᠢᠳᠠᠭ᠃ ᠡᠪᠡᠳᠴᠢᠨ ᠤ ᠰᠢᠨᠵᠢ ᠲᠡᠮᠳᠡᠭ ᠪᠦᠬᠦᠢ ᠡᠪᠡᠳᠴᠢᠨ ᠲᠠᠢ ᠠᠳᠤᠭᠤ ᠶᠢ ᠰᠢᠯᠭᠠᠨ ᠭᠠᠷᠭᠠᠪᠠᠯ ᠮᠥᠨ ᠲᠤᠭᠳᠠᠭᠠᠯ ᠶᠤᠰᠤᠭᠠᠷ ᠠᠯᠠᠵᠤ ᠰᠢᠢᠳᠪᠥᠷᠢᠯᠡᠬᠦ ᠬᠡᠷᠡᠭᠳᠡᠢ᠃ ᠡᠮᠴᠢᠯᠡᠪᠥᠷᠢ ᠶᠢᠨ ᠶᠡᠷᠥᠩᠬᠡᠶᠢᠯᠡᠭᠰᠡᠨ ᠤᠨᠤᠰᠢᠯᠠᠯᠳᠠ ᠬᠢᠭᠡᠳ ᠬᠢᠵᠢᠭᠳᠦ ᠤᠷᠤᠨ ᠳᠤ ᠲᠠᠷᠢᠯᠭ᠎ᠠ ᠶᠢᠨ ᠳᠠᠷᠠᠭᠠᠬᠢ 6 ᠰᠠᠷ᠎ᠠ ᠳᠤ ᠡᠪᠡᠳᠴᠢᠨ ᠲᠠᠢ ᠠᠳᠤᠭᠤ ᠭᠠᠷᠤᠭᠰᠠᠨ ᠦᠭᠡᠢ ᠪᠠᠶᠢᠪᠠᠯ ᠳᠠᠷᠤᠶᠢᠬᠠᠨ ᠪᠢᠳᠡᠭᠦᠮᠵᠢᠯᠡᠬᠦ ᠪᠠᠨ ᠵᠤᠭᠰᠤᠨ᠎ᠠ᠃    《 ᠮᠠᠯ ᠤᠨ ᠬᠠᠯᠳᠠᠪᠤᠷᠢᠳᠤ ᠡᠪᠡᠳᠴᠢᠨ ᠤ ᠤᠬᠠᠭᠠᠨ》ᠭᠡᠬᠦ ᠨᠤᠮ ᠠᠴᠠ ᠪᠠᠭᠤᠯᠭᠠᠪᠠ
 
ᠢᠷᠡᠯᠲᠡ᠄ ᠳᠣᠰ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号