ᠰᠣᠶᠣᠯ ᠵᠣᠭᠠᠴᠠᠯ ᠢ ᠬᠥᠭᠵᠢᠬᠦᠯᠵᠣ ᠥᠵᠡᠰᠬᠦᠯᠡᠩᠳᠥ ᠰᠠᠶᠢᠬᠠᠨ ᠬᠥᠳᠡᠭᠡ ᠳᠣᠰᠬᠤᠨ ᠢᠶᠠᠨ ᠪᠠᠶᠢᠭᠤᠯᠣᠨ᠎ᠠ
ᠨᠡᠶᠢᠲᠡᠯᠡᠭᠰᠡᠨ ᠴᠠᠭ᠄
2018-04-19
          ᠰᠣᠶᠣᠯ ᠵᠣᠭᠠᠴᠠᠯ ᠢ ᠬᠥᠭᠵᠢᠬᠦᠯᠵᠣ ᠥᠵᠡᠰᠬᠦᠯᠡᠩᠳᠥ           ᠰᠠᠶᠢᠬᠠᠨ ᠬᠥᠳᠡᠭᠡ ᠳᠣᠰᠬᠤᠨ ᠢᠶᠠᠨ ᠪᠠᠶᠢᠭᠤᠯᠣᠨ᠎ᠠ                — ᠥᠣᠰᠢᠨ ᠬᠤᠰᠢᠭᠤᠨ ᠤ ᠰᠥᠯᠳᠡ ᠰᠣᠮᠣᠨ ᠤ ᠠᠷᠡᠳ ᠤᠨ ᠲᠥᠯᠥᠭᠡᠯᠡᠭᠴᠢᠳ                     ᠤᠨ ᠶᠡᠭᠡ ᠬᠤᠷᠠᠯ ᠤᠨ ᠲᠡᠷᠢᠬᠦᠯᠡᠭᠴᠢ ᠲᠠᠮᠣᠷ ᠢ ᠰᠣᠷᠪᠣᠯᠵᠢᠯᠠᠬᠰᠠᠨ ᠨᠢ      ᠳᠦᠷᠦᠬᠦᠭᠡᠨ᠂ ᠨᠠᠮ ᠤᠨ ᠠᠷᠪᠠ ᠶᠢᠰᠥᠳᠣᠬᠡᠷ ᠶᠡᠭᠡ ᠬᠤᠷᠠᠯ ᠤᠨ ᠵᠣᠷᠢᠬ ᠰᠠᠨᠠᠭ᠎ᠠ ᠶᠢ ᠥᠨᠳᠥᠰᠥᠨ ᠱᠠᠳᠣᠨ ᠳᠤ ᠬᠡᠷᠬᠢᠨ ᠰᠣᠷᠣᠯᠴᠠᠨ ᠳᠣᠣᠱᠯᠠᠭᠤᠯᠵᠣ᠂ ᠶᠡᠭᠡ ᠬᠤᠷᠠᠯ ᠤᠨ ᠵᠣᠷᠢᠬ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠣ᠂ ᠨᠤᠳᠤᠭ ᠣᠷᠣᠨ ᠤ ᠪᠠᠨ ᠪᠣᠳᠠᠳᠣ ᠪᠠᠶᠢᠳᠠᠯ ᠲᠠᠢ ᠪᠠᠨ ᠣᠶᠠᠯᠳᠣᠭᠤᠯᠵᠣ᠂ ᠥᠨᠳᠥᠰᠣᠨ ᠱᠠᠳᠣᠨ ᠤ ᠠᠵᠢᠯ ᠥᠢᠯᠡᠰ ᠢᠶᠠᠨ ᠬᠡᠷᠬᠢᠨ ᠬᠢᠵᠣ ᠪᠠᠶᠢᠭ᠎ᠠ ᠳᠣᠬᠠᠢ ᠪᠢᠳᠠ ᠥᠣᠰᠢᠨ ᠬᠤᠰᠢᠭᠤᠨ ᠤ ᠰᠥᠯᠳᠡ ᠰᠣᠮᠣᠨ ᠤ ᠠᠷᠡᠳ ᠤᠨ ᠳᠥᠯᠥᠬᠡᠯᠡᠭᠴᠢᠳ ᠤᠨ ᠶᠡᠭᠡ ᠬᠤᠷᠠᠯ ᠤᠨ ᠲᠡᠷᠢᠬᠦᠯᠡᠭᠴᠢ ᠲᠠᠮᠣᠷ ᠢ ᠰᠣᠷᠪᠣᠯᠵᠢᠯᠠᠬᠰᠠᠨ ᠪᠢᠯᠠ᠃      ᠲᠠᠮᠣᠷ ᠨᠥᠬᠦᠷ᠂ ᠬᠡᠳᠦ᠋ᠢᠪᠠᠷ ᠥᠬᠡ ᠲᠠᠭᠤᠨ ᠴᠥᠬᠡᠨ ᠲᠠᠢ ᠪᠣᠯᠪᠠᠴᠣ᠂ ᠥᠨᠳᠣᠰᠣᠨ ᠱᠠᠳᠤᠨ ᠤ ᠠᠵᠢᠯ ᠢ ᠭᠠᠷ ᠤᠨ ᠵᠢᠷᠣᠭᠠᠰᠣ ᠰᠢᠬ ᠢᠶᠠᠨ ᠰᠠᠶᠢᠨ ᠥᠢᠯᠠᠭᠠᠵᠣ ᠮᠡᠳᠡᠳᠡᠭ ᠳᠣᠳᠣᠷ᠎ᠠ ᠲᠠᠮᠢᠷ ᠲᠠᠢ ᠵᠠᠯᠠᠭᠤ ᠺᠠᠳ᠋ᠷ ᠪᠣᠯᠬᠤ ᠨᠢ ᠢᠯᠡᠬᠡᠨ ᠪᠠᠶᠢᠯ᠎ᠠ᠃ ᠲᠡᠷᠡ᠄ ︽ᠮᠠᠨ ᠤ ᠰᠣᠮᠣ ᠪᠣᠯ ᠥᠣᠰᠢᠨ ᠬᠤᠰᠢᠭᠤᠨ ᠤ ᠪᠠᠷᠠᠭᠤᠨ ᠡᠮᠣᠨᠠᠳᠣ ᠪᠡᠶ᠎ᠠ ᠳᠤ ᠪᠠᠶᠢᠷᠢᠰᠢᠵᠣ᠂ ᠮᠠᠯ ᠠᠵᠣ ᠠᠬᠤᠢ ᠪᠠᠷ ᠭᠤᠣᠯ ᠪᠣᠯᠭᠠᠬᠰᠠᠨ ᠥᠣᠰᠢᠨ ᠬᠤᠰᠢᠭᠤᠨ ᠤ ᠴᠣᠷ ᠤᠨ ᠭᠠᠭᠴᠨ ᠨᠢᠬᠡ ᠮᠠᠯᠵᠢᠬᠤ ᠰᠣᠮᠣ ᠪᠣᠯᠬᠤ ᠶᠣᠮ᠂ ᠪᠥᠬᠦ ᠰᠣᠮᠣ 11 ᠭᠠᠴᠠᠭ᠎ᠠ ᠳᠣᠰᠬᠤᠨ᠂ ᠨᠢᠬᠡ ᠨᠠᠶᠢᠬᠡᠮ ᠲᠤᠭᠤᠷᠢᠭ ᠲᠠᠢ᠂ 4829 ᠡᠷᠣᠬᠡ ᠶᠢᠨ 12355 ᠬᠥᠮᠥᠨ ᠲᠠᠢ᠂ ᠡᠬᠦᠨ ᠳᠤ ᠮᠣᠩᠭᠤᠯ ᠦᠨᠳᠤᠰᠤᠳᠡᠨ 70%  ᠶᠢ ᠡᠵᠡᠯᠡᠵᠣ ᠪᠣᠢ ᠃ 472 ᠳᠥᠮᠡᠨ ᠮᠥ ᠨᠣᠳᠤᠬ ᠲᠡᠪᠢᠰᠬᠡᠷ ᠲᠠᠢ᠂ 38 ᠳᠥᠮᠡᠨ ᠮᠠᠯ ᠲᠠᠢ᠂ ᠮᠠᠯᠴᠢᠨ ᠲᠠᠷᠢᠶᠡᠴᠢᠳ ᠤᠨ ᠴᠡᠪᠡᠷ ᠣᠷᠣᠯᠭ᠎ᠠ 1.58 ᠳᠥᠮᠡᠨ ᠳᠦᠬᠦᠷᠢᠭ ᠲᠤ ᠬᠥᠷᠴᠥ᠂ ᠰᠤᠶᠤᠯ ᠵᠤᠭᠠᠴᠠᠯ ᠤᠨ ᠡᠬᠢ ᠪᠠᠶᠠᠯᠢᠬ ᠡᠯᠪᠡᠭ᠂ ᠦᠨᠢᠷ ᠵᠤᠵᠠᠭᠠᠨ ᠬᠤᠪᠢᠰᠬᠠᠯ ᠤᠨ ᠲᠡᠤᠭᠡ ᠤᠯᠠᠮᠵᠢᠯᠡᠯ ᠲᠠᠢ ᠨᠤᠳᠤᠭ ᠪᠢᠯᠡ︾ ᠬᠡᠵᠣ ᠰᠣᠮᠣ ᠶᠢᠨ ᠢᠶᠠᠨ ᠪᠠᠶᠢᠳᠠᠯ ᠢ ᠳᠥᠬᠦᠮ ᠲᠠᠨᠢᠯᠴᠠᠭᠤᠯᠪᠠ᠃ ᠲᠡᠷᠡ ᠵᠠᠯᠭᠠᠭᠠᠳ᠄ ︽ᠮᠠᠨ ᠤ ᠠᠳᠡ ᠨᠠᠮ ᠤᠨ ᠠᠷᠪᠠ ᠶᠢᠰᠥᠳᠣᠬᠡᠷ ᠶᠡᠭᠡ ᠬᠤᠷᠠᠯ ᠤᠨ ᠵᠣᠷᠢᠬ ᠰᠠᠨᠠᠭ᠎ᠠ ᠶᠢ ᠰᠣᠷᠣᠯᠴᠠᠨ ᠳᠣᠣᠱᠯᠠᠭᠤᠯᠬᠤ ᠠᠵᠢᠯ ᠢᠳᠡ ᠬᠦᠭ ᠲᠠᠢ ᠰᠠᠶᠢᠬᠠᠨ ᠶᠠᠪᠣᠬᠳᠠᠵᠣ ᠪᠠᠶᠢᠨ᠎ᠠ᠂ ᠨᠠᠮ ᠤᠨ ᠠᠷᠪᠠ ᠶᠢᠰᠥᠳᠥᠬᠡᠷ ᠶᠡᠭᠡ ᠬᠤᠷᠠᠯ ᠲᠡᠬᠦᠰᠥᠭᠰᠡᠨ ᠤ ᠲᠠᠷᠠᠭ᠎ᠠ᠂ ᠰᠣᠮᠣᠨ ᠤ ᠨᠠᠮ ᠤᠨ ᠬᠤᠷᠢᠶ᠎ᠠ ᠠᠴᠠ ᠨᠠᠮ ᠤᠨ ᠠᠷᠪᠠ ᠶᠢᠰᠥᠳᠥᠬᠡᠷ ᠶᠡᠭᠡ ᠬᠤᠷᠠᠯ ᠤᠨ ᠵᠣᠷᠢᠬ ᠰᠠᠨᠠᠭ᠎ᠠ ᠶᠢ ᠣᠯᠠᠮᠵᠢᠯᠠᠨ ᠰᠣᠷᠣᠯᠴᠠᠬᠤ ᠶᠢ ᠣᠳᠣᠬᠠᠨ ᠤ ᠥᠨᠳᠥᠰᠥᠨ ᠱᠠᠳᠣᠨ ᠤ ᠬᠠᠮᠤᠬ ᠤᠨ ᠴᠢᠬᠤᠯᠠ ᠣᠯᠣᠰ ᠳᠥᠷᠥ ᠶᠢᠨ ᠡᠬᠦᠷᠬᠡ ᠪᠣᠯᠭᠠᠵᠣ᠂ ᠰᠣᠮᠣᠨ ᠤ ᠱᠥᠵᠢ ᠲᠡᠷᠢᠬᠦᠯᠡᠨ ᠪᠥᠬᠦ ᠰᠣᠮᠣᠨ ᠤ ᠡᠯ᠎ᠠ ᠪᠠᠶᠢᠭᠤᠯᠭ᠎ᠠ ᠨᠢᠬᠡᠴᠢ ᠶᠢᠨ ᠨᠠᠮ ᠤᠨ ᠬᠡᠰᠢᠬᠦᠨ ᠺᠠᠳ᠋ᠷ᠂ ᠡᠯ᠎ᠠ ᠭᠠᠴᠠᠭ᠎ᠠ ᠳᠣᠰᠬᠤᠨ ᠤ ᠨᠠᠮ ᠤᠨ ᠬᠡᠰᠢᠬᠦᠨ ᠺᠠᠳ᠋ᠷ ᠢ ᠵᠣᠬᠢᠶᠠᠨ ᠪᠠᠶᠢᠭᠤᠯᠤᠨ ᠰᠣᠷᠣᠯᠴᠠᠬᠰᠠᠨ ᠪᠥᠬᠡᠳ ᠭᠠᠴᠠᠭ᠎ᠠ ᠳᠣᠰᠬᠤᠨ ᠢ ᠲᠠᠭᠠᠭᠠᠴᠢᠯᠠᠬᠰᠠᠨ ᠰᠣᠮᠣᠨ ᠤ ᠲᠡᠳ᠋ ᠰᠠᠯᠠᠭᠠᠨ ᠲᠡᠰ ᠤᠨ ᠺᠠᠳ᠋ᠷ ᠭᠠᠴᠠᠭ᠎ᠠ ᠳᠣᠰᠬᠤᠨ ᠳᠤ ᠪᠠᠨ ᠬᠥᠷᠴᠥ ᠭᠠᠴᠠᠭ᠎ᠠ ᠳᠣᠰᠬᠤᠨ ᠤ ᠭᠤᠷᠪᠠᠨ ᠵᠥᠪᠯᠠᠯ ᠤᠨ ᠺᠠᠳ᠋ᠷ ᠪᠠ ᠮᠠᠯᠴᠢᠨ ᠲᠠᠷᠢᠶᠠᠴᠢᠨ ᠨᠠᠮ ᠤᠨ ᠬᠡᠰᠢᠬᠦᠳ ᠲᠤ ᠣᠬᠠᠭᠤᠯᠣᠨ ᠳᠤᠰᠬᠠᠢ ᠲᠠᠶᠢᠯᠪᠣᠷᠢᠯᠠᠯᠳᠠ ᠬᠢᠪᠡ᠂ ᠪᠡᠰᠨ ᠰᠣᠮᠣᠨ ᠤ ᠱᠥᠵᠢ᠂ ᠰᠣᠮᠣᠨ ᠲᠠᠷᠤᠭ᠎ᠠ᠂ ᠭᠠᠴᠠᠭ᠎ᠠ ᠳᠣᠰᠬᠤᠨ ᠤ ᠭᠤᠷᠪᠠᠨ ᠵᠥᠪᠯᠠᠯ ᠤᠨ ᠬᠡᠰᠢᠬᠦᠨ ᠢᠶᠠᠷ ᠪᠥᠷᠢᠯᠳᠥᠭᠰᠡᠨ ᠣᠬᠠᠭᠤᠯᠣᠨ ᠲᠠᠶᠢᠯᠪᠣᠷᠢᠯᠠᠬᠤ ᠪᠥᠯᠬᠦᠮ ᠢ ᠵᠣᠬᠢᠶᠠᠨ ᠪᠠᠶᠢᠭᠤᠯᠵᠣ᠂ ᠡᠯ᠎ᠠ ᠭᠠᠴᠠᠭ᠎ᠠ ᠳᠣᠰᠬᠤᠨ᠂ ᠪᠠᠶᠢᠭᠤᠯᠭ᠎ᠠ ᠪᠠᠷ ᠬᠥᠨᠵᠡᠬᠡᠶᠢᠷᠡᠨ ᠣᠬᠠᠭᠤᠯᠣᠨ ᠲᠠᠶᠢᠯᠪᠣᠷᠢᠯᠠᠯᠳᠠ ᠬᠢᠬᠦ ᠶᠢᠨ ᠬᠠᠮᠳᠣ ᠣᠢᠢᠯᠠᠭᠠᠯᠳᠠ ᠳᠥᠷᠥᠭᠳᠡᠯ ᠢᠶᠠᠨ ᠶᠠᠷᠢᠯᠴᠠᠪᠠ᠃ ᠨᠠᠮ ᠤᠨ ᠠᠷᠪᠠ ᠶᠢᠰᠥᠳᠥᠬᠡᠷ ᠶᠡᠭᠡ ᠬᠤᠷᠠᠯ ᠤᠨ ᠢᠯᠡᠳᠬᠡᠯ ᠳᠤ᠂ ᠬᠥᠳᠡᠭᠡ ᠳᠣᠰᠬᠤᠨ ᠤ ᠭᠠᠵᠠᠷ ᠰᠢᠷᠥᠢ ᠶᠢᠨ ᠲᠠᠭᠠᠭᠠᠴᠢᠯᠠᠯᠳᠠ ᠶᠢ ᠥᠷᠬᠦᠯᠵᠢᠯᠡᠨ 30 ᠵᠢᠯ ᠣᠷᠳᠣᠳᠬᠠᠬᠤ᠂ 2020 ᠤᠨ ᠪᠣᠯᠬᠤ ᠳᠤ ᠶᠠᠳᠠᠭᠤ ᠠᠴᠠ ᠪᠥᠬᠦᠳᠡ ᠶᠢ ᠠᠩᠬᠢᠵᠢᠷᠠᠭᠤᠯᠬᠤ᠂ ᠠᠮᠢ ᠠᠬᠤᠢ ᠶᠢᠨ ᠪᠥᠳᠥᠬᠡᠨ ᠪᠠᠶᠢᠭᠤᠯᠣᠯᠳᠠ ᠶᠢ ᠰᠠᠶᠢᠨ ᠬᠢᠬᠦ᠂ ᠬᠡᠣᠬᠡᠳ ᠪᠥᠬᠦᠨ ᠳᠤ ᠠᠳᠠᠯᠢ ᠲᠡᠭᠰᠢ ᠪᠠᠷ ᠰᠣᠷᠭᠠᠨ ᠬᠥᠮᠥᠵᠢᠯ ᠬᠥᠷᠳᠡᠬᠡᠬᠦ ᠵᠡᠷᠬᠡ 8 ᠲᠠᠯ᠎ᠠ ᠶᠢᠨ ᠳᠣᠷᠠᠳᠣᠯᠭ᠎ᠠ ᠨᠢ ᠦᠨᠳᠤᠰᠤᠨ ᠱᠠᠳᠣᠨ ᠤ ᠺᠠᠳ᠋ᠷ ᠣᠯᠠᠨ ᠳᠥᠮᠡᠨ ᠤ ᠰᠡᠳᠬᠢᠯ ᠳᠤ ᠬᠥᠷᠴᠥ ᠬᠠᠯᠠᠭᠤᠨ ᠬᠥᠷᠢᠶᠡᠯᠡᠯ ᠢ ᠣᠯᠣᠬᠰᠠᠨ ᠪᠠᠶᠢᠨ᠎ᠠ︾ ᠬᠡᠵᠣ ᠨᠠᠮ ᠤᠨ ᠠᠷᠪᠠ ᠶᠢᠰᠥᠳᠥᠬᠡᠷ ᠶᠡᠭᠡ ᠬᠤᠷᠠᠯ ᠤᠨ ᠵᠣᠷᠢᠬ ᠰᠠᠨᠠᠭ᠎ᠠ ᠶᠢ ᠰᠣᠷᠣᠯᠴᠠᠬᠰᠠᠨ ᠪᠠᠶᠢᠳᠠᠯ ᠪᠠ ᠣᠢᠢᠯᠠᠭᠠᠯᠳᠠ ᠳᠥᠷᠥᠭᠳᠡᠯ ᠢᠶᠠᠨ ᠶᠠᠷᠢᠪᠡ᠃      ᠨᠢᠬᠡᠨ ᠥᠨᠳᠥᠰᠥᠨ ᠱᠠᠳᠣᠨ ᠤ ᠣᠳᠣᠷᠢᠳᠬᠤ ᠺᠠᠳ᠋ᠷ ᠪᠣᠯᠣᠬᠰᠠᠨ ᠤ ᠬᠤᠪᠢ ᠳᠤ᠂ ᠨᠠᠮ ᠤᠨ ᠠᠷᠪᠠ ᠶᠢᠰᠥᠳᠥᠬᠡᠷ ᠶᠡᠭᠡ ᠬᠤᠷᠠᠯ ᠤᠨ ᠵᠣᠷᠢᠬ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠣ᠂ ᠬᠤᠵᠢᠮ ᠤᠨ ᠠᠵᠢᠯ ᠢᠶᠠᠨ ᠪᠠᠶᠢᠷᠢᠯᠠᠭᠤᠯᠬᠤ ᠳᠤᠬᠠᠢ᠂ ᠲᠡᠷᠡ᠄ ︽ᠪᠢᠳᠡ ᠭᠠᠵᠠᠷ ᠣᠷᠣᠨ ᠤ ᠪᠣᠳᠠᠳᠣ ᠪᠠᠶᠢᠳᠠᠯ ᠠᠴᠠ ᠪᠠᠨ ᠡᠬᠦᠰᠴᠣ᠂ ᠮᠠᠯ ᠲᠠᠷᠢᠶᠠᠯᠠᠩ ᠤᠨ ᠠᠵᠣ ᠥᠢᠯᠡᠰ ᠤᠨ ᠪᠥᠳᠥᠴᠨ ᠶᠢᠨ ᠳᠣᠬᠢᠷᠠᠭᠤᠯᠣᠯᠳᠠ ᠬᠢᠬᠦ ᠬᠥᠴᠥᠯᠡᠴᠨ ᠪᠠᠨ ᠨᠡᠮᠡᠭᠳᠡᠬᠦᠯᠵᠣ᠂ ᠮᠠᠯᠵᠢᠬᠤ ᠳᠣᠮᠣ ᠰᠣᠮᠣ ᠶᠢ ᠪᠠᠶᠢᠭᠤᠯᠣᠨ᠎ᠠ︔ ᠰᠣᠶᠣᠯ ᠤᠨ ᠠᠵᠢᠯ᠂ ᠵᠣᠭᠠᠴᠠᠯ ᠤᠨ ᠥᠢᠯᠡᠰ ᠢ ᠬᠥᠭᠵᠢᠬᠦᠯᠵᠣ᠂ ᠰᠣᠶᠣᠯᠵᠢᠬᠰᠠᠨ ᠨᠠᠷᠠᠳᠣ ᠰᠣᠮᠣ ᠶᠢ ᠪᠥᠳᠥᠬᠡᠨ ᠪᠠᠶᠢᠭᠤᠯᠣᠨ᠎ᠠ︔ ᠠᠮᠢ ᠠᠬᠤᠢ ᠶᠢᠨ ᠠᠮᠣᠷ ᠳᠥᠪᠰᠢᠨ ᠤ ᠬᠠᠯᠬᠠᠪᠴᠢ ᠶᠢᠨ ᠪᠥᠳᠥᠬᠡᠨ ᠪᠠᠶᠢᠭᠤᠯᠣᠯᠳᠠ ᠶᠢ ᠰᠠᠶᠢᠳᠤᠷ ᠬᠢᠵᠣ᠂ ᠭᠤᠶᠣ ᠰᠠᠶᠢᠬᠠᠨ ᠠᠮᠢᠳᠣᠷᠠᠯ ᠤᠨ ᠣᠷᠴᠨ ᠳᠣᠭᠤᠷᠢᠨ ᠢ ᠴᠣᠬᠴᠠᠯᠠᠨ ᠪᠠᠶᠢᠭᠤᠯᠣᠨ᠎ᠠ︔ ᠰᠠᠭᠤᠷᠢ ᠳᠥᠬᠦᠬᠡᠷᠣᠮᠵᠢ ᠶᠢᠨ ᠪᠥᠳᠥᠬᠡᠨ ᠪᠠᠶᠢᠭᠤᠯᠣᠯᠳᠠ ᠶᠢ ᠲᠥᠷᠬᠡᠳᠬᠡᠵᠣ᠂ ᠠᠷᠡᠳ ᠣᠯᠠᠨ ᠤ ᠵᠣᠯ ᠵᠢᠷᠭᠠᠯ ᠤᠨ ᠬᠡᠮᠵᠢᠶ᠎ᠠ ᠶᠢ ᠲᠡᠬᠡᠭᠰᠢᠯᠡᠬᠦᠯᠣᠨ᠎ᠠ︔ ᠥᠬᠡᠷᠡᠴᠢᠯᠡᠯᠳᠡ ᠶᠢ ᠬᠥᠨᠵᠡᠬᠡᠶᠢᠷᠡᠬᠦᠯᠬᠦ ᠠᠵᠢᠯ ᠢ ᠲᠠᠰᠣᠷᠠᠯᠳᠠ ᠥᠬᠡᠢ ᠠᠬᠢᠭᠤᠯᠵᠣ᠂ ᠠᠵᠣ ᠥᠢᠯᠡᠰ ᠤᠨ ᠬᠥᠭᠵᠢᠯᠳᠡ ᠶᠢᠨ ᠬᠢᠵᠡᠭᠠᠷᠳᠠᠮᠠᠯ ᠲᠠᠯ᠎ᠠ ᠶᠢ ᠬᠥᠴᠣᠯᠠᠨ ᠳᠠᠪᠠᠵᠦ᠂ ᠥᠵᠡᠰᠬᠦᠯᠡᠩᠳᠥ ᠰᠠᠶᠢᠬᠠᠨ ᠬᠥᠳᠡᠭᠡ ᠨᠣᠳᠤᠬ ᠢᠶᠠᠨ ᠪᠥᠳᠥᠬᠡᠨ ᠪᠠᠶᠢᠭᠤᠯᠣᠨ᠎ᠠ︾ ᠬᠡᠵᠣ ᠢᠷᠡᠬᠦ ᠮᠠᠷᠭᠠᠰᠢ ᠶᠢᠨ ᠳᠥᠰᠥᠪ ᠳᠥᠯᠥᠪᠯᠡᠭᠡ ᠪᠠᠨ ᠵᠢᠷᠣᠬᠯᠠᠨ᠎ᠠ᠃
 
ᠢᠷᠡᠯᠲᠡ᠄ ᠣᠷᠳᠣᠰ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号