ᠲᠦᠯᠦᠭᠡᠯᠡᠭᠴᠢ ᠰᠤᠶᠤᠯᠳᠤ᠄ ᠬᠦᠳᠡᠭᠡ ᠲᠤᠰᠬᠤᠨ ᠢ ᠮᠠᠨᠳᠤᠭᠤᠯᠤᠨ ᠬᠦᠭᠵᠢᠬᠦᠯᠬᠦ ᠶᠢᠨ ᠭᠤᠤᠯᠳᠠᠯᠭ᠎ᠠ ᠨᠢ ᠬᠠᠮᠳᠤ ᠶᠢᠨ ᠠᠵᠤ ᠠᠬᠤᠢ ᠶᠢ ᠬᠦᠭᠵᠢᠬᠦᠯᠬᠦ ᠳᠤ ᠪᠤᠢ
ᠨᠡᠶᠢᠲᠡᠯᠡᠭᠰᠡᠨ ᠴᠠᠭ᠄
2018-04-19
         ᠨᠠᠮ ᠤᠨ ᠠᠷᠪᠠ ᠶᠢᠰᠤᠳᠤᠭᠡᠷ ᠶᠡᠭᠡ ᠬᠤᠷᠠᠯ ᠳᠤ ᠶᠡᠷᠦᠩᠭᠡᠢ ᠱᠦᠵᠢ ᠰᠢ ᠶᠢᠨ ᠫᠢᠩ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠲᠤᠷᠠᠳᠤᠨ ᠭᠠᠷᠭᠠᠭᠰᠠᠨ ᠶᠤᠮ᠃ ᠡᠨᠡ ᠬᠦ ᠠᠷᠠᠳ ᠲᠤ ᠠᠰᠢᠭᠲᠠᠢ᠂ ᠲᠦᠮᠡᠨ ᠳᠤ ᠡᠭᠡᠯᠢᠲᠠᠢ ᠲᠦᠷᠦ ᠶᠢᠨ ᠪᠤᠳᠤᠯᠭ᠎ᠠ ᠶᠢ ᠲᠤᠤᠱᠯᠠᠭᠤᠯᠬᠤ ᠶᠢᠨ ᠲᠤᠰᠠᠳᠠ ᠮᠠᠨ ᠤ ᠬᠤᠳᠠ ᠬᠠᠷᠭᠠᠯᠵᠠᠭᠰᠠᠨ ᠠᠷᠭ᠎ᠠ ᠪᠤᠳᠤᠯᠭ᠎ᠠ ᠭᠠᠷᠭᠠᠵᠤ᠂ ᠦᠨᠳᠤᠰᠤᠨ ᠱᠠᠳᠤᠨ ᠤ ᠮᠠᠯᠴᠢᠨ ᠲᠠᠷᠢᠶᠠᠴᠢᠳ ᠤᠨ ᠠᠰᠢᠭ ᠲᠤᠰᠠ ᠶᠢ ᠪᠠᠳᠤᠯᠠᠬᠤ ᠪᠠᠷ ᠭᠦᠴᠦᠯᠡᠵᠤ ᠪᠠᠶᠢᠨ᠎ᠠ᠃ ᠡᠨᠡ ᠵᠢᠯ ᠤᠨ ᠬᠤᠳᠠ ᠶᠢᠨ ᠬᠤᠶᠠᠷ ᠬᠤᠷᠠᠯ ᠤᠨ ᠠᠵᠠᠲᠠᠢ ᠵᠠᠪᠰᠢᠶᠠᠨ ᠢᠶᠠᠷ ᠮᠠᠯᠴᠢᠨ ᠲᠦᠯᠦᠭᠡᠯᠡᠭᠴᠢᠳ ᠮᠠᠨᠢ ᠴᠦᠮ ᠦᠪᠡᠷ ᠦᠪᠡᠷ ᠤᠨ ᠪᠤᠳᠤᠯ ᠲᠠᠢ ᠪᠠᠶᠢᠯ᠎ᠠ᠃      ᠲᠦᠯᠦᠭᠡᠯᠡᠭᠴᠢ ᠰᠤᠶᠤᠯᠳᠤ ᠪᠤᠯ ᠦᠤᠰᠢᠨ ᠬᠤᠰᠢᠭᠤᠨ ᠤ ᠤᠯᠠᠭᠠᠨᠲᠤᠯᠤᠭᠠᠢ ᠪᠠᠯᠭᠠᠰᠤᠨ ᠤ ᠪᠠᠶ᠋ᠬᠠᠤᠪᠤᠭ᠎ᠠ ᠭᠠᠴᠠᠭᠠᠨ ᠠᠴᠠ ᠢᠷᠡᠭᠰᠡᠨ ᠮᠠᠯᠴᠢᠨ ᠲᠦᠯᠦᠭᠡᠯᠡᠭᠴᠢ ᠶᠤᠮ᠃ ᠤᠳᠠᠭᠠᠨ ᠵᠢᠯ ᠤᠨ ᠲᠤᠷᠰᠢᠳᠠ ᠦᠨᠳᠤᠰᠤᠨ ᠱᠠᠳᠤᠨ ᠤ ᠭᠠᠴᠠᠭᠠᠨ ᠲᠠᠷᠤᠭ᠎ᠠ ᠶᠢᠨ ᠠᠵᠢᠯ ᠢ ᠬᠠᠷᠢᠭᠤᠴᠠᠵᠤ᠂ ᠮᠠᠯᠴᠢᠳ ᠤᠨ ᠦᠢᠯᠡᠳᠪᠤᠷᠢᠯᠡᠯ ᠠᠮᠢᠳᠤᠷᠠᠯ ᠲᠠᠢ ᠰᠢᠭᠤᠳ ᠬᠤᠯᠪᠤᠭᠳᠠᠭᠰᠠᠨ᠂ ᠮᠠᠯᠴᠢᠳ ᠤᠨ ᠬᠠᠮᠤᠭ ᠠᠴᠠ ᠢᠯᠡᠭᠦᠦ ᠠᠩᠬᠠᠷᠴᠤ ᠬᠠᠯᠠᠮᠵᠢᠯᠠᠳᠠᠭ᠂ ᠮᠠᠯᠵᠢᠬᠤ ᠤᠷᠤᠨ ᠢ ᠶᠠᠭᠠᠬᠢᠵᠤ ᠬᠦᠭᠵᠢᠭᠦᠯᠪᠡᠯ ᠵᠤᠬᠢᠬᠤ ᠪᠤᠢ ᠭᠡᠬᠦ ᠮᠡᠳᠤ ᠶᠢᠨ ᠠᠰᠠᠭᠤᠳᠠᠯ ᠳᠤ ᠬᠦᠨᠵᠡᠭᠡᠢ ᠲᠠᠨᠢᠯᠲᠠ ᠲᠠᠢ ᠪᠠᠶᠢᠯ᠎ᠠ᠃      ᠰᠤᠷᠪᠤᠯᠵᠢᠯᠠᠭᠴᠢ ᠠᠴᠠ ᠮᠠᠯᠵᠢᠬᠤ ᠤᠷᠤᠨ ᠢ ᠮᠠᠨᠳᠤᠭᠤᠯᠤᠨ ᠬᠦᠭᠵᠢᠬᠦᠯᠬᠦ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠬᠦ ᠳᠤ ᠶᠠᠮᠠᠷ ᠭᠤᠤᠯ ᠲᠠᠯ᠎ᠠ ᠶᠢ ᠠᠳᠬᠤᠪᠠᠯ ᠵᠤᠬᠢᠬᠤ ᠪᠤᠢ︖ ᠭᠡᠮᠡᠨ ᠠᠰᠠᠭᠤᠬᠤ ᠳᠤ ᠲᠡᠷᠡ᠄ ︽ᠠᠷᠪᠠ ᠶᠢᠰᠤᠳᠤᠭᠡᠷ ᠶᠡᠭᠡ ᠬᠤᠷᠠᠯ ᠲᠡᠭᠡᠷ᠎ᠠ ᠲᠤᠷᠠᠳᠤᠭᠰᠠᠨ ᠬᠦᠳᠡᠭᠡ ᠲᠤᠰᠬᠤᠨ ᠢ ᠮᠠᠨᠳᠤᠭᠤᠯᠤᠨ ᠬᠦᠭᠵᠢᠬᠦᠯᠬᠦ ᠪᠠᠶᠢᠯᠳᠤᠬᠤ ᠪᠤᠳᠤᠯᠭ᠎ᠠ ᠪᠤᠯ ᠮᠠᠯᠴᠢᠨ ᠲᠠᠷᠢᠶᠠᠴᠢᠨ ᠳᠤ ᠠᠰᠢᠭᠲᠠᠢ ᠲᠦᠷᠦ ᠶᠢᠨ ᠪᠤᠳᠤᠯᠭ᠎ᠠ ᠪᠠᠶᠢᠵᠤ᠂ ᠬᠦᠳᠡᠭᠡ ᠲᠤᠰᠬᠤᠨ ᠤ ᠬᠦᠭᠵᠢᠯᠲᠡ ᠶᠢ ᠴᠢᠨᠠᠭᠰᠢᠳᠠ ᠲᠦᠯᠬᠢᠨ ᠠᠬᠢᠭᠤᠯᠬᠤ ᠨᠢ ᠯᠠᠪᠲᠠᠢ᠃ ᠡᠶᠢᠨ ᠬᠦ ᠮᠠᠨ ᠤ ᠭᠠᠴᠠᠭᠠᠨ ᠤ ᠬᠢᠨ ᠪᠤᠳᠠᠳᠤ ᠪᠠᠶᠢᠳᠠᠯ ᠳᠤ ᠪᠠᠨ ᠰᠠᠭᠤᠷᠢᠯᠠᠨ ᠨᠢᠭᠡᠨ ᠮᠦᠭᠦᠯᠢᠭᠳᠦ ᠪᠤᠷᠳᠤᠭ᠎ᠠ ᠦᠢᠯᠡᠳᠪᠤᠷᠢᠯᠡᠬᠦ ᠺᠤᠮᠫᠠᠨᠢ ᠪᠠᠶᠢᠭᠤᠯᠵᠤ᠂ ᠬᠠᠮᠳᠤ ᠶᠢᠨ ᠠᠵᠤ ᠠᠬᠤᠢ ᠶᠢ ᠬᠦᠭᠵᠢᠬᠦᠯᠦᠨ᠂ ᠭᠠᠴᠠᠭᠠᠨ ᠤ ᠬᠦᠭᠵᠢᠯᠲᠡ ᠶᠢ ᠠᠬᠢᠭᠤᠯᠬᠤ ᠶᠢ ᠵᠤᠷᠢᠪᠠ᠃ ᠮᠠᠨ ᠤ ᠬᠦᠳᠡᠭᠡ ᠨᠤᠳᠤᠭ ᠤᠨ ᠪᠡᠯᠴᠢᠭᠡᠷ ᠬᠢᠭᠡᠳ ᠬᠦᠳᠡᠯᠮᠦᠷᠢ ᠬᠦᠴᠦ ᠲᠤᠭᠳᠠᠪᠤᠷᠢᠵᠢᠭᠰᠠᠨ ᠪᠤᠯᠬᠤᠷ ᠡᠨᠡ ᠬᠦ ᠪᠠᠶᠢᠳᠠᠯ ᠳᠤ ᠵᠤᠬᠢᠴᠠᠬᠰᠠᠨ ᠦᠢᠯᠡᠳᠪᠤᠷᠢᠯᠡᠯ ᠤᠨ ᠠᠷᠭ᠎ᠠ ᠮᠠᠶ᠋ᠢᠭ ᠢ ᠬᠦᠭᠵᠢᠭᠦᠯᠬᠦ ᠨᠢ ᠲᠤᠯᠭᠠᠮ᠎ᠠ ᠱᠠᠭᠠᠷᠳᠠᠭᠳᠠᠵᠤ ᠪᠠᠶᠢᠨ᠎ᠠ᠃ ᠤᠳᠤᠬᠠᠨ ᠳᠤ ᠬᠦᠳᠡᠭᠡ ᠳᠤ ᠴᠦᠮ ᠲᠠᠪᠢᠭᠠᠳ ᠨᠠᠰᠤ ᠠᠴᠠ ᠲᠡᠭᠡᠭᠰᠢ ᠬᠦᠮᠦᠰ ᠦᠯᠡᠳᠡᠵᠤ᠂ ᠵᠠᠯᠠᠭᠤᠴᠤᠳ ᠨᠢ ᠪᠢᠴᠢᠭ ᠰᠤᠶᠤᠯ ᠤᠨ ᠮᠦᠷ ᠬᠦᠭᠡᠭᠡᠭᠡᠳ ᠬᠤᠰᠢᠭᠤ ᠪᠤᠶᠤ ᠬᠤᠳᠠ ᠳᠤ ᠠᠵᠢᠯ ᠠᠯᠪᠠ ᠲᠠᠢ᠂ ᠭᠡᠷ ᠡᠷᠦᠬᠡ ᠲᠠᠢ ᠪᠤᠯᠵᠠᠢ᠃ ᠡᠶᠢᠮᠦ ᠪᠠᠶᠢᠳᠠᠯ ᠲᠤᠤᠷ᠎ᠠ ᠬᠦᠳᠡᠯᠮᠦᠷᠢ ᠬᠦᠴᠦ ᠶᠢ ᠠᠷᠪᠢᠯᠠᠵᠤ᠂ ᠲᠠᠳᠠᠨᠠᠷ ᠤᠨ ᠨᠠᠰᠤᠨ ᠤ ᠤᠨᠴᠠᠯᠢᠭ ᠲᠤ ᠵᠤᠬᠢᠴᠠᠭᠰᠠᠨ ᠬᠦᠳᠡᠯᠮᠦᠷᠢ ᠶᠢᠨ ᠠᠷᠭ᠎ᠠ ᠮᠠᠶ᠋ᠢᠭ ᠢ ᠰᠤᠩᠭᠤᠬᠤ ᠨᠢ ᠴᠢᠬᠤᠯᠠ᠃ ᠨᠦᠭᠦᠭᠡ ᠲᠠᠯ᠎ᠠ ᠪᠠᠷ᠂ ᠮᠠᠨ ᠤ ᠠᠳᠡ ᠡᠷᠳᠡᠨᠢ ᠰᠢᠰᠢ ᠶᠢᠨ ᠡᠰᠢ ᠰᠦᠷᠡᠯ ᠤᠨ ᠬᠠᠶᠠᠭᠳᠠᠮᠠᠯ ᠤᠯᠠᠨ ᠪᠠᠶᠢᠳᠠᠭ᠂ ᠡᠭᠦᠨ ᠢ ᠪᠠᠨ ᠬᠠᠷᠭᠠᠨ᠎ᠠ᠂ ᠲᠤᠷᠯᠤᠭ ᠂ ᠮᠤᠳᠤᠨ ᠨᠠᠮᠠᠭ᠎ᠠ᠂ ᠪᠤᠷᠦ ᠴᠠᠷᠭᠠᠰᠤ ᠵᠡᠷᠭᠡ ᠲᠠᠢ ᠵᠠᠭᠤᠨ ᠤ ᠬᠠᠷᠢᠴᠠᠯ ᠢᠶᠠᠷ ᠬᠤᠯᠢᠭᠠᠳ ᠮᠦᠭᠦᠯᠢᠭᠳᠦ ᠪᠤᠷᠳᠤᠭ᠎ᠠ ᠪᠤᠯᠭᠠᠴᠢᠬᠠᠪᠠᠯ ᠮᠠᠯ ᠲᠡᠵᠢᠭᠡᠬᠦ ᠳᠤ ᠬᠦᠳᠡᠯᠮᠦᠷᠢ ᠬᠦᠴᠦᠨ ᠳᠤ ᠭᠠᠮᠲᠠᠢ ᠮᠦᠷᠳᠡᠭᠡᠨ ᠲᠡᠶᠢᠮᠤ ᠶᠡᠭᠡ ᠡᠪᠡᠰᠤ ᠪᠤᠷᠳᠤᠭᠠᠨ ᠤ ᠬᠦᠮᠦᠷᠭᠡ ᠪᠠᠷᠢᠬᠤ ᠴᠤ ᠴᠢᠬᠤᠯᠠ ᠦᠭᠡᠢ᠃ ᠮᠠᠨ ᠤ ᠠᠳᠡ ᠪᠠᠰᠠ ᠪᠤᠷᠦ ᠴᠠᠷᠭᠠᠰᠤ ᠶᠢ ᠶᠡᠭᠡ ᠬᠡᠮᠵᠢᠶ᠎ᠠ ᠪᠠᠷ ᠲᠠᠷᠢᠳᠠᠭ᠂ ᠡᠨᠡ ᠬᠦ ᠤᠷᠭᠤᠮᠠᠯ ᠢ ᠲᠠᠷᠢᠪᠠᠯ ᠵᠢᠯ ᠳᠤ ᠬᠤᠶᠠᠷ ᠠᠴᠠ ᠭᠤᠷᠪᠠ ᠤᠳᠠᠭ᠎ᠠ ᠬᠠᠳᠤᠬᠤ ᠬᠡᠷᠡᠭᠲᠠᠢ᠂ ᠢᠩᠭᠢᠬᠦ ᠳᠤ ᠵᠠᠪᠠᠯ ᠶᠡᠬᠡᠭᠡᠨ ᠪᠡᠯᠡ ᠮᠦᠩᠭᠦ ᠵᠠᠷᠤᠴᠠᠭᠤᠯᠵᠤ ᠡᠪᠡᠰᠤ ᠪᠤᠷᠳᠤᠭᠠᠨ ᠤ ᠬᠦᠮᠦᠷᠭᠡ ᠪᠠᠶᠢᠭᠤᠯᠬᠤ ᠬᠡᠷᠡᠭᠲᠠᠢ᠃ ᠬᠡᠷᠪᠡ ᠡᠨᠡ ᠺᠤᠮᠫᠠᠨᠢ ᠶᠢ ᠪᠠᠶᠢᠭᠤᠯᠴᠢᠬᠠᠪᠠᠯ ᠪᠤᠷᠤ ᠴᠠᠷᠭᠠᠰᠤ ᠪᠠᠨ ᠴᠤ ᠮᠦᠭᠦᠯᠢᠭᠳᠦ ᠪᠤᠷᠳᠤᠭ᠎ᠠ ᠪᠤᠯᠭᠠᠴᠢᠬᠠᠬᠤ ᠪᠤᠯᠬᠤᠷ ᠲᠡᠭᠡᠷ᠎ᠠ ᠲᠤᠷᠠᠳᠤᠭᠰᠠᠨ ᠠᠰᠠᠭᠤᠳᠠᠯ ᠢ ᠪᠦᠳᠦᠮᠵᠢᠲᠠᠢ ᠰᠢᠢᠳᠪᠤᠷᠢᠯᠡᠴᠢᠬᠡᠨ᠎ᠠ᠃ ᠲᠡᠷᠡ ᠮᠦᠷᠳᠡᠭᠡᠨ ᠲᠤᠰ ᠺᠤᠮᠫᠠᠨᠢ ᠶᠢ ᠪᠠᠶᠢᠭᠤᠯᠬᠤ ᠨᠢ ᠲᠡᠵᠢᠭᠡᠪᠦᠷᠢ ᠶᠢᠨ ᠦᠢᠯᠡᠰ ᠡᠷᠬᠢᠯᠡᠬᠦ ᠳᠤ ᠴᠤ ᠠᠰᠢᠭᠲᠠᠢ᠂ ᠮᠠᠯᠴᠢᠳ ᠦᠭᠡᠷ᠎ᠠ ᠭᠠᠵᠠᠷ ᠠᠴᠠ ᠪᠤᠷᠳᠤᠭ᠎ᠠ ᠠᠪᠬᠤ ᠬᠡᠷᠡᠭ ᠦᠭᠡᠢ᠂ ᠰᠢᠭᠤᠳ ᠦᠪᠡᠷ ᠤᠨ ᠭᠠᠴᠠᠭᠠᠨ ᠤ ᠬᠠᠮᠳᠤ ᠶᠢᠨ ᠠᠵᠤ ᠠᠬᠤᠢ ᠠᠴᠠ ᠠᠰᠢᠭ ᠬᠦᠷᠳᠡᠴᠢᠬᠡᠨ᠎ᠠ᠂ ᠴᠢᠨᠠᠭᠰᠢᠯᠠᠪᠠᠯ ᠪᠤᠷᠳᠤᠭᠠᠨ ᠤ ᠴᠢᠨᠠᠷ ᠴᠢᠨᠰᠠᠭ᠎ᠠ ᠶᠢ ᠴᠤ ᠪᠠᠳᠤᠯᠠᠵᠤ᠂ ᠮᠠᠯ ᠤᠨ ᠮᠢᠬᠠᠨ ᠤ ᠠᠮᠲᠠ ᠨᠢ ᠰᠠᠶᠢᠨ ᠮᠦᠷᠳᠡᠭᠡᠨ ᠵᠠᠬ᠎ᠠ ᠲᠡᠯᠭᠡᠭᠦᠷ ᠲᠤ ᠦᠷᠢᠰᠦᠯᠳᠦᠬᠦ ᠬᠦᠴᠦᠨ ᠲᠠᠢ ᠶᠤᠮ︾ ᠭᠡᠵᠤ ᠬᠡᠯᠡᠪᠡ᠃      ᠲᠦᠯᠦᠭᠡᠯᠡᠭᠴᠢ ᠰᠤᠶᠤᠯᠳᠤ ᠡᠨᠡ ᠤᠳᠠᠭᠠᠨ ᠤ ᠬᠤᠳᠠ ᠶᠢᠨ ᠬᠤᠶᠠᠷ ᠬᠤᠷᠠᠯ ᠳᠤ ᠬᠠᠮᠳᠤ ᠶᠢᠨ ᠠᠵᠤ ᠠᠬᠤᠢ ᠶᠢ ᠬᠦᠭᠵᠢᠭᠦᠯᠬᠦ ᠲᠤᠬᠠᠢ ᠰᠠᠨᠠᠯ ᠲᠤᠷᠠᠳᠤᠯᠭ᠎ᠠ ᠪᠠᠨ ᠲᠡᠪᠰᠢᠭᠦᠯᠵᠠᠢ᠃ ᠲᠡᠷᠡ ᠬᠡᠯᠡᠬᠦ ᠳᠤ ᠪᠠᠨ᠄ ︽ᠤᠳᠤᠬᠠᠨ ᠳᠤ ᠤᠷᠳᠤᠰ ᠤᠨ ᠭᠠᠴᠠᠭ᠎ᠠ ᠲᠤᠰᠬᠤᠨ ᠤ ᠠᠯᠪᠠᠯᠠᠬᠤ ᠨᠦᠭᠦᠴᠡᠯ ᠪᠠᠷᠤᠭ ᠪᠦᠷᠢᠨ ᠲᠡᠭᠦᠯᠳᠡᠷᠵᠢᠭᠰᠡᠨ ᠪᠠᠶᠢᠳᠠᠯ ᠲᠠᠢ᠂ ᠭᠡᠳᠡᠯ᠎ᠠ ᠭᠠᠴᠠᠭᠠᠨ ᠤ ᠲᠤᠳᠤᠭᠠᠳᠤ ᠳᠠᠬᠢ ᠤᠴᠢᠷ ᠢᠶᠠᠨ ᠰᠢᠢᠳᠪᠤᠷᠢᠯᠡᠬᠦ ᠴᠢᠳᠠᠪᠤᠷᠢ ᠬᠦᠷᠦᠯᠴᠡᠬᠦ ᠦᠭᠡᠢ᠂ ᠪᠠᠭ᠎ᠠ ᠯᠠ ᠤᠴᠢᠷ ᠲᠠᠭᠠᠷᠠᠯᠳᠤᠪᠠᠯ ᠲᠡᠭᠡᠷ᠎ᠠ ᠱᠠᠳᠤᠨ ᠤ ᠵᠠᠰᠠᠭ ᠤᠨ ᠤᠷᠳᠤᠨ ᠳᠤ ᠮᠡᠳᠡᠭᠦᠯᠵᠤ᠂ ᠲᠡᠮᠵᠢᠯᠭᠡ ᠭᠤᠶᠤᠪᠴᠢᠯᠠᠬᠤ ᠴᠢᠬᠤᠯᠠ ᠲᠠᠢ ᠪᠠᠶᠢᠳᠠᠭ᠃ ᠬᠡᠷᠪᠡ ᠭᠠᠴᠠᠭᠠᠨ ᠤ ᠬᠠᠮᠳᠤ ᠶᠢᠨ ᠠᠵᠤ ᠠᠬᠤᠢ ᠪᠠᠨ ᠬᠦᠭᠵᠢᠭᠦᠯᠤᠭᠡᠳ ᠦᠷ᠎ᠠ ᠪᠦᠳᠦᠮᠵᠢᠲᠠᠢ ᠪᠤᠯᠴᠢᠬᠠᠪᠠᠯ ᠪᠢᠳᠠ ᠴᠤ ᠬᠤᠸᠠ ᠰᠢ ᠲᠤᠰᠬᠤᠨ ᠰᠢᠭ᠋ ᠦᠪᠡᠷ ᠤᠨ ᠬᠦᠴᠦ ᠪᠠᠷ ᠲᠡᠩᠭᠡᠷᠡᠭᠦ ᠴᠢᠳᠠᠪᠤᠷᠢ ᠲᠠᠢ ᠪᠤᠯᠴᠢᠬᠠᠨ᠎ᠠ᠃ ᠲᠡᠷᠡ ᠮᠦᠷᠳᠡᠭᠡᠨ ᠵᠠᠰᠠᠭ ᠤᠨ ᠲᠠᠷᠤᠭᠠᠰᠤ ᠶᠢ ᠴᠤ ᠬᠦᠩᠭᠡᠷᠡᠭᠦᠯᠵᠤ᠂ ᠦᠪᠡᠷᠳᠡᠭᠡᠨ ᠡᠵᠡᠨ ᠮᠡᠳᠡᠭᠦ ᠤᠷᠤᠨ ᠵᠠᠢ ᠲᠠᠢ ᠪᠤᠯᠤᠨ᠎ᠠ ᠰᠢᠤ᠃ ᠡᠶᠢᠮᠦ ᠠᠴᠠ ᠬᠦᠳᠡᠭᠡ ᠲᠤᠰᠬᠤᠨ ᠤ ᠬᠠᠮᠳᠤ ᠶᠢᠨ ᠠᠵᠤ ᠠᠬᠤᠢ ᠶᠢ ᠬᠦᠭᠵᠢᠬᠦᠯᠬᠦ ᠨᠢ ᠶᠠᠭ ᠠᠷᠪᠠ ᠶᠢᠰᠤᠳᠤᠭᠡᠷ ᠶᠡᠭᠡ ᠬᠤᠷᠠᠯ ᠤᠨ ᠲᠤᠷᠠᠳᠤᠭᠰᠠᠨ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠴᠢᠬᠤᠯᠠ ᠨᠢᠭᠡᠨ ᠠᠷᠭ᠎ᠠ ᠬᠡᠮᠵᠢᠶ᠎ᠠ ᠪᠠᠶᠢᠵᠤ᠂ ᠮᠠᠨ ᠤ ᠬᠤᠳᠠ ᠶᠢᠨ ᠬᠦᠭᠵᠢᠯᠲᠡ ᠶᠢᠨ ᠤᠨᠤᠯᠵᠢᠭᠤᠨ ᠲᠠᠢ ᠨᠡᠶᠢᠴᠡᠬᠦ ᠪᠠᠶᠢᠬᠤ ᠲᠤᠯᠠ ᠪᠢ ᠡᠨᠡ ᠰᠠᠨᠠᠯ ᠲᠤᠷᠠᠳᠤᠯᠭ᠎ᠠ ᠪᠠᠨ ᠲᠡᠪᠰᠢᠭᠦᠯᠦᠭᠰᠡᠨ ᠶᠤᠮ᠃ ᠤᠳᠤᠬᠠᠨ ᠤ ᠪᠠᠶᠢᠳᠠᠯ ᠢᠶᠠᠷ ᠠᠪᠴᠦ ᠦᠵᠡᠪᠡᠯ᠂ ᠭᠠᠴᠠᠭ᠎ᠠ ᠲᠤᠰᠬᠤᠨ ᠪᠤᠯᠭᠠᠨ ᠬᠠᠮᠳᠤ ᠶᠢᠨ ᠠᠵᠤ ᠠᠬᠤᠢ ᠶᠢ ᠬᠦᠭᠵᠢᠭᠦᠯᠬᠦ ᠪᠤᠯᠤᠮᠵᠢ ᠦᠭᠡᠢ᠂ ᠤᠷᠢᠳᠠᠪᠡᠷ ᠨᠢᠭᠡ ᠪᠦᠯᠦᠭ ᠵᠢᠱᠢᠶᠡᠴᠢ ᠭᠠᠵᠠᠷ ᠤᠷᠤᠨ ᠢᠶᠠᠷ ᠲᠠᠶᠢᠴᠢᠯᠠᠨ ᠲᠠᠭᠠᠭᠤᠯᠬᠤ ᠦᠢᠯᠡᠳᠦᠯ ᠦᠵᠡᠭᠦᠯᠬᠦ ᠬᠡᠷᠡᠭᠲᠠᠢ᠃ ᠪᠢᠳᠠ ᠮᠦᠭᠦᠯᠢᠭᠳᠦ ᠪᠤᠷᠳᠤᠭ᠎ᠠ ᠦᠢᠯᠡᠳᠪᠤᠷᠢᠯᠡᠬᠦ ᠺᠤᠮᠫᠠᠨᠢ ᠶᠢᠨ ᠢᠶᠠᠨ ᠰᠠᠭᠤᠷᠢ ᠲᠦᠭᠦᠭᠡᠷᠦᠮᠵᠢ ᠶᠢᠨ ᠪᠠᠶᠢᠭᠤᠯᠤᠯᠲᠠ ᠶᠢ ᠦᠨᠳᠤᠰᠤᠨ ᠳᠤ ᠪᠠᠨ ᠪᠡᠶᠡᠯᠡᠭᠦᠯᠵᠠᠢ᠃ ᠲᠠᠷᠠᠭ᠎ᠠ ᠠᠯᠬᠤᠮ ᠳᠤ ᠮᠠᠰᠢᠨ ᠲᠤᠨᠤᠭᠯᠠᠯ ᠤᠷᠤᠭᠤᠯᠬᠤ᠂ ᠲᠠᠯᠠᠪᠠᠢ ᠪᠠᠶᠢᠭᠤᠯᠬᠤ ᠵᠡᠷᠭᠡ ᠪᠡᠯᠡ ᠮᠦᠩᠭᠦ ᠬᠡᠷᠡᠭᠰᠡᠬᠦ ᠤᠴᠢᠷᠲᠠᠢ ᠪᠤᠯᠬᠤᠷ ᠵᠠᠰᠠᠭ ᠤᠨ ᠲᠠᠯ᠎ᠠ ᠶᠢᠨ ᠲᠡᠮᠵᠢᠯᠭᠡ ᠴᠢᠬᠤᠯᠠ ᠲᠠᠢ ᠪᠠᠶᠢᠨ᠎ᠠ︾ ᠭᠡᠵᠤ ᠦᠵᠡᠯᠲᠡ ᠪᠠᠨ ᠲᠡᠯᠭᠡᠵᠠᠢ᠃
 
ᠢᠷᠡᠯᠲᠡ᠄ ᠤᠷᠳᠣᠰ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号