ᠲᠥᠯᠥᠬᠡᠯᠡᠭᠴᠢ ᠰᠤᠤᠵᠢ᠄ ᠥᠨᠳᠤᠰᠤᠳᠡᠨ ᠤ ᠰᠤᠷᠭᠠᠭᠤᠯᠢ ᠶᠢ ᠨᠡᠮᠡᠵᠦ ᠪᠠᠶᠢᠭᠤᠯᠪᠠᠯ ᠵᠤᠬᠢᠨ᠎ᠠ
ᠨᠡᠶᠢᠲᠡᠯᠡᠭᠰᠡᠨ ᠴᠠᠭ᠄
2018-04-19
       ᠥᠥᠰᠢᠨ ᠬᠤᠰᠢᠭᠤᠨ ᠤ ᠮᠤᠩᠭᠤᠯ ᠥᠨᠳᠤᠰᠤᠳᠡᠨ ᠤ ᠬᠡᠤᠬᠡᠳ ᠤᠨ ᠴᠡᠴᠡᠷᠯᠢᠭ ᠤᠨ ᠪᠠᠭᠰᠢ ᠰᠤᠤᠵᠢ ᠪᠤᠯ ᠤᠳᠠᠭᠠᠨ ᠵᠢᠯ ᠤᠨ ᠲᠤᠷᠰᠢ ᠥᠨᠳᠤᠰᠤᠨ ᠱᠠᠳᠤᠨ ᠤ ᠰᠤᠷᠭᠠᠨ ᠬᠥᠮᠥᠵᠢᠯ ᠤᠨ ᠨᠢᠬᠡᠳᠤᠬᠡᠷ ᠹᠷᠤᠨᠲ ᠲᠤ ᠬᠠᠪᠰᠢᠭᠠᠢᠢᠯᠠᠨ ᠠᠵᠢᠯᠯᠠᠵᠦ᠂ ᠥᠨᠳᠤᠰᠤᠳᠡᠨ ᠤ ᠪᠠᠨ ᠰᠤᠷᠭᠠᠨ ᠬᠥᠮᠥᠵᠢᠯ ᠤᠨ ᠲᠤᠬᠠᠢ ᠠᠷᠪᠢᠨ ᠵᠦᠢᠯ ᠳᠤ ᠰᠠᠨᠠᠭ᠎ᠠ ᠰᠡᠳᠬᠢᠯ ᠢᠶᠠᠨ ᠴᠢᠯᠡᠬᠡᠭᠰᠡᠭᠡᠷ ᠢᠷᠡᠵᠠᠢ᠃ ᠲᠡᠷᠡ ᠡᠨᠡ ᠤᠳᠠᠭ᠎ᠠ ᠶᠢᠨ ᠠᠷᠠᠳ ᠤᠨ ᠲᠥᠯᠥᠬᠡᠯᠡᠭᠴᠢᠳ ᠤᠨ ᠬᠤᠷᠠᠯ ᠳᠤ ᠥᠨᠳᠤᠰᠤᠳᠡᠨ ᠤ ᠰᠤᠷᠭᠠᠨ ᠬᠥᠮᠥᠵᠢᠯ ᠤᠨ ᠲᠤᠬᠠᠢ ᠥᠪᠡᠷ ᠤᠨ ᠰᠠᠨᠠᠯ ᠵᠥᠪᠯᠡᠯᠬᠡ ᠪᠠᠨ ᠶᠠᠷᠢᠬᠤ ᠳᠤ ᠪᠠᠨ᠄ ︽ᠤᠷᠴᠢᠮ ᠤᠨ ᠵᠢᠯ ᠠᠴᠠ ᠥᠨᠳᠤᠰᠤᠳᠡᠨ ᠤ ᠰᠤᠷᠭᠠᠨ ᠬᠥᠮᠥᠵᠢᠯ ᠤᠨ ᠤᠢᠢᠯᠡᠰ ᠪᠠᠰᠠ ᠨᠡᠯᠢᠶᠡᠳ ᠬᠥᠭᠵᠢᠯᠳᠠ ᠲᠠᠢ ᠪᠠᠶᠢᠨ᠎ᠠ᠃ ᠵᠠᠷᠢᠮ ᠰᠤᠮᠤ ᠪᠠᠯᠭᠠᠰᠤᠨ ᠤ ᠮᠤᠩᠭᠤᠯ ᠰᠤᠷᠭᠠᠭᠤᠯᠢ ᠨᠤᠭᠤᠳ ᠢ ᠰᠡᠷᠬᠦᠬᠡᠵᠦ ᠡᠬᠢᠯᠡᠭᠰᠡᠨ ᠪᠠᠶᠢᠨ᠎ᠠ᠃ ᠰᠤᠮᠤ ᠪᠠᠯᠭᠠᠰᠤᠨ ᠤ ᠮᠤᠩᠭᠤᠯ ᠰᠤᠷᠭᠠᠭᠤᠯᠢ ᠶᠢ ᠰᠡᠷᠬᠦᠬᠡᠨ ᠪᠠᠶᠢᠭᠤᠯᠬᠤ ᠨᠢ ᠮᠠᠯᠴᠢᠨ ᠲᠥᠮᠡᠨ ᠵᠢᠴᠢ ᠪᠥᠬᠦ᠋ᠢᠯᠡ ᠬᠥᠮᠥᠰ ᠤᠨ ᠬᠥᠰᠡᠵᠦ ᠪᠠᠶᠢᠭ᠎ᠠ ᠵᠦᠢᠯ ᠶᠤᠮ᠃ ᠰᠤᠮᠤ ᠪᠠᠯᠭᠠᠰᠤ ᠪᠠᠷ ᠴᠤ ᠬᠡᠤᠬᠡᠳ ᠤᠨ ᠥᠨᠳᠤᠰᠤᠨ ᠵᠢᠭᠠᠨ ᠰᠤᠷᠭᠠᠯᠳᠡ ᠶᠢ ᠭᠢᠴᠢᠭᠡᠪᠠᠯ ᠮᠠᠨ ᠤ ᠮᠠᠯᠴᠢᠨ ᠲᠥᠮᠡᠨ ᠳᠤ ᠴᠤ ᠶᠡᠭᠡ ᠲᠥᠬᠦᠮ ᠪᠤᠯᠬᠤ ᠶᠤᠮ᠃ ᠵᠢᠱᠢᠶᠡᠯᠡᠪᠡᠯ᠂ ᠥᠥᠰᠢᠨᠵᠤᠤ ᠪᠠᠯᠭᠠᠰᠤ᠂ ᠲᠤᠭ ᠪᠠᠯᠭᠠᠰᠤᠨ ᠤ ᠮᠤᠩᠭᠤᠯ ᠪᠠᠭ᠎ᠠ ᠰᠤᠷᠭᠠᠭᠤᠯᠢ ᠰᠡᠷᠬᠦᠭᠡᠭᠳᠡᠭᠰᠡᠨ᠂ ᠤᠢᠢᠷ᠎ᠡ ᠶᠢᠨ ᠲᠠᠪᠤᠨ ᠵᠢᠯ ᠳᠤ ᠲᠤᠭ ᠪᠠᠯᠭᠠᠰᠤᠨ ᠤ ᠪᠠᠭ᠎ᠠ ᠰᠤᠷᠭᠠᠭᠤᠯᠢ ᠶᠢ ᠶᠡᠭᠡ ᠪᠠᠷ ᠥᠷᠬᠡᠳᠬᠡᠨ ᠪᠠᠶᠢᠭᠤᠯᠬᠤ ᠲᠥᠯᠥᠪᠯᠡᠭᠡ ᠲᠠᠢ ᠪᠠᠶᠢᠭ᠎ᠠ ᠵᠡᠷᠬᠡ ᠨᠢ ᠨᠠᠳᠠ ᠳᠤ ᠶᠡᠭᠡ ᠤᠷᠮᠠᠰᠢᠭᠤᠯᠤᠯ ᠪᠤᠯᠵᠠᠢ᠃ ᠬᠡᠪᠡᠴᠤ ᠥᠨᠳᠤᠰᠤᠨ ᠱᠠᠳᠤᠨ ᠤ ᠰᠤᠷᠭᠠᠨ ᠬᠥᠮᠥᠵᠢᠯ ᠤᠨ ᠲᠠᠯ᠎ᠠ ᠪᠠᠷ ᠪᠠᠰᠠ ᠪᠠᠭ᠎ᠠ ᠰᠠᠭ᠎ᠠ ᠠᠰᠠᠭᠤᠳᠠᠯ ᠤᠳ ᠤᠷᠤᠰᠢᠭᠰᠠᠭᠠᠷ ᠪᠠᠶᠢᠨ᠎ᠠ᠃ ᠤᠤᠯ ᠳᠤ ᠪᠠᠨ ᠥᠥᠰᠢᠨ ᠬᠤᠰᠢᠭᠤᠨ ᠤ ᠪᠠᠭᠰᠢ ᠨᠠᠷ ᠨᠢ ᠴᠢᠯᠥᠬᠡᠨ ᠬᠤᠭᠤᠴᠠᠭᠠᠨ ᠤ ᠨᠥᠬᠦᠪᠤᠷᠢ ᠮᠥᠡᠭᠬᠦ ᠲᠠᠢ ᠪᠠᠶᠢᠵᠦ᠂ 2017 ᠤᠨ ᠠᠴᠠ ᠡᠭᠢᠯᠠᠨ ᠬᠠᠰᠤᠭᠰᠠᠨ ᠪᠠᠶᠢᠨ᠎ᠠ᠃ ᠪᠠᠭᠰᠢ ᠨᠠᠷ ᠤᠨ ᠠᠵᠢᠯ ᠤᠨ ᠤᠷᠮᠠᠰᠢᠯ ᠢᠳᠡᠪᠬᠢᠵᠢᠯ ᠢ ᠲᠡᠭᠡᠭᠰᠢᠯᠡᠬᠦᠯᠵᠦ᠂ ᠵᠤᠷᠢᠭᠵᠢᠭᠤᠯᠤᠨ ᠬᠥᠬᠢᠬᠦᠯᠬᠦ ᠡᠬᠦᠳᠡᠨ ᠠᠴᠠ ᠴᠢᠯᠥᠬᠡᠨ ᠬᠤᠭᠤᠴᠠᠭᠠᠨ ᠤ ᠨᠥᠬᠦᠪᠤᠷᠢ ᠮᠥᠡᠭᠬᠦ ᠶᠢ ᠰᠡᠷᠬᠦᠬᠡᠵᠦ ᠥᠭᠬᠦ ᠠᠷᠭ᠎ᠠ ᠪᠤᠳᠤᠯᠭ᠎ᠠ ᠶᠢ ᠲᠤᠭᠳᠠᠭᠠᠬᠤ ᠶᠢ ᠬᠥᠰᠡᠵᠦ ᠪᠠᠶᠢᠨ᠎ᠠ᠃ ᠥᠨᠳᠤᠰᠤᠳᠡᠨ ᠤ ᠰᠤᠷᠭᠠᠨ ᠬᠥᠮᠥᠵᠢᠯ ᠤᠨ ᠲᠠᠯ᠎ᠠ ᠪᠠᠷ ᠮᠠᠨ ᠤ ᠥᠥᠰᠢᠨ ᠬᠤᠰᠢᠭᠤᠨ ᠳᠤ ᠪᠠᠰᠠ ᠥᠨᠳᠤᠰᠤᠳᠡᠨ ᠤ ᠰᠤᠷᠭᠠᠭᠤᠯᠢ ᠴᠥᠬᠡᠨ ᠪᠠᠶᠢᠭ᠎ᠠ ᠠᠰᠠᠭᠤᠳᠠᠯ ᠤᠷᠤᠰᠢᠵᠦ ᠪᠤᠢ᠃ ᠤᠳᠤᠬᠠᠨ ᠳᠤ ᠥᠥᠰᠢᠨ ᠬᠤᠰᠢᠭᠤᠨ ᠤ ᠥᠨᠳᠤᠰᠤᠳᠡᠨ ᠤ ᠰᠤᠷᠭᠠᠭᠤᠯᠢ ᠨᠢ ᠭᠠᠭᠴᠠᠬᠠᠨ ᠪᠠᠶᠢᠵᠦ᠂ ᠡᠬᠦᠨ ᠢ ᠨᠡᠮᠡᠵᠦ ᠥᠷᠬᠡᠳᠬᠡᠨ ᠪᠠᠶᠢᠭᠤᠯᠬᠤ ᠲᠤᠯᠭᠠᠮ᠎ᠠ ᠱᠠᠭᠠᠷᠳᠠᠯᠭ᠎ᠠ ᠲᠠᠢ ᠪᠠᠶᠢᠨ᠎ᠠ᠃ ᠬᠡᠤᠬᠡᠳ ᠤᠳ ᠤᠨ ᠲᠤᠭ᠎ᠠ ᠵᠢᠯ ᠠᠴᠠ ᠵᠢᠯ ᠨᠡᠮᠡᠭᠳᠡᠬᠡᠳ ᠰᠤᠷᠭᠠᠭᠤᠯᠢ ᠨᠢ ᠪᠠᠭᠳᠠᠬᠤ ᠥᠬᠡᠢ ᠪᠤᠯᠵᠦ ᠪᠠᠶᠢᠭ᠎ᠠ ᠪᠠᠶᠢᠳᠠᠯ ᠲᠠᠢ᠃ ᠡᠶᠢᠮᠥ ᠠᠴᠠ ᠥᠨᠳᠤᠰᠤᠳᠡᠨ ᠤ ᠰᠤᠷᠭᠠᠭᠤᠯᠢ ᠶᠢ ᠨᠡᠮᠡᠵᠦ ᠪᠠᠶᠢᠭᠤᠯᠤᠨ᠂ ᠥᠨᠳᠤᠰᠤᠨ ᠱᠠᠳᠤᠨ ᠤ ᠰᠤᠷᠭᠠᠭᠤᠯᠢ ᠶᠢᠨ ᠰᠠᠭᠤᠷᠢ ᠲᠥᠬᠦᠬᠡᠷᠤᠮᠵᠢ ᠶᠢᠨ ᠪᠠᠶᠢᠭᠤᠯᠤᠯᠳᠡ ᠶᠢ ᠤᠯᠠᠮ ᠲᠡᠭᠦᠯᠳᠡᠷᠵᠢᠭᠦᠯᠵᠤ᠂ ᠬᠡᠤᠬᠡᠳ ᠤᠳ ᠲᠤ ᠰᠤᠷᠭᠠᠨ ᠬᠥᠮᠥᠵᠢᠯ ᠬᠦ᠋ᠷᠳᠡᠬᠦ ᠰᠢᠯᠢᠳᠡᠭ ᠤᠷᠴᠢᠨ ᠢ ᠪᠥᠷᠢᠯᠳᠤᠬᠦᠯᠪᠡᠯ ᠵᠤᠬᠢᠨ᠎ᠠ︾ ᠭᠡᠯ᠎ᠡ᠃
 
ᠢᠷᠡᠯᠲᠡ᠄ ᠣᠷᠳᠣᠰ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号