ᠶᠦᠩ ᠮᠸᠢ ᠬᠡᠰᠢᠭᠦᠨ᠄ ᠮᠤᠩᠭᠤᠯ ᠡᠮᠨᠡᠯᠭᠡ ᠶᠢᠨ ᠶᠡᠷᠦᠩᠬᠡᠶᠢᠯᠡᠭᠰᠡᠨ ᠰᠠᠯᠠᠭ᠎ᠠ ᠶᠢᠨ ᠡᠮᠴᠢᠯᠡᠭᠡᠨ ᠤ ᠪᠠᠶᠢᠭᠤᠯᠤᠯᠳᠠ ᠶᠢ ᠴᠢᠨᠠᠬᠰᠢᠳᠠ ᠴᠢᠩᠭᠠᠳᠬᠠᠬᠤ ᠴᠢᠬᠤᠯᠠ ᠲᠠᠢ
ᠨᠡᠶᠢᠲᠡᠯᠡᠭᠰᠡᠨ ᠴᠠᠭ᠄
2018-04-19
     ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠭᠡᠯ ᠳᠤ᠂ ︽ᠶᠡᠷᠦᠩᠬᠡᠶᠢᠯᠡᠭᠰᠡᠨ ᠰᠠᠯᠠᠭ᠎ᠠ ᠶᠢᠨ ᠡᠮᠴᠢ ᠶᠢᠨ ᠡᠩᠨᠡᠭᠡ ᠶᠢᠨ ᠪᠠᠶᠢᠭᠤᠯᠤᠯᠳᠠ ᠶᠢ ᠴᠢᠩᠭᠠᠳᠬᠠᠨ᠎ᠠ︾ ᠬᠡᠵᠤ ᠲᠤᠷᠠᠳᠴᠤ᠂ ᠡᠨᠡ ᠵᠢᠯ ᠤᠨ ᠵᠠᠰᠠᠭ ᠤᠨ ᠤᠷᠳᠤᠨ ᠤ ᠠᠵᠢᠯ ᠤᠨ ᠢᠯᠡᠳᠭᠡᠯ ᠳᠤ ᠪᠠᠰᠠ ︽ᠶᠡᠷᠤᠩᠭᠡᠶᠢᠯᠡᠭᠰᠡᠨ ᠰᠠᠯᠠᠭ᠎ᠠ ᠶᠢᠨ ᠡᠮᠴᠢ ᠶᠢᠨ ᠡᠩᠨᠡᠭᠡ ᠶᠢᠨ ᠪᠠᠶᠢᠭᠤᠯᠤᠯᠳᠠ ᠶᠢ ᠴᠢᠩᠭᠠᠳᠬᠠᠵᠤ᠂ ᠱᠠᠳᠤ ᠬᠤᠪᠢᠶᠠᠨ ᠤᠨᠤᠰᠢᠯᠡᠨ ᠡᠮᠨᠡᠬᠦ ᠶᠢ ᠠᠬᠢᠭᠤᠯᠤᠨ᠎ᠠ︾ ᠬᠡᠵᠤ ᠲᠤᠷᠠᠳᠤᠬᠰᠠ ᠨᠢ᠂ ᠦᠪᠦᠷ ᠮᠤᠩᠭᠤᠯ ᠤᠨ ᠤᠯᠠᠨ ᠤᠯᠤᠰ ᠤᠨ ᠮᠤᠩᠭᠤᠯ ᠡᠮᠨᠡᠯᠭᠡ ᠶᠢᠨ ᠬᠤᠷᠢᠶ᠎ᠠ ᠶᠢᠨ ᠶᠡᠷᠦᠩᠬᠡᠶᠢᠯᠡᠭᠰᠡᠨ ᠡᠮᠴᠢᠯᠡᠭᠡᠨ ᠤ ᠰᠠᠯᠠᠭ᠎ᠠ ᠶᠢᠨ ᠲᠡᠳ᠋ ᠡᠷᠬᠢᠯᠡᠭᠴᠢ᠂ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠨ ᠤ ᠬᠡᠰᠢᠭᠦᠨ ᠶᠦᠩ ᠮᠸᠢ ᠳᠤ ᠲᠤᠩ ᠶᠡᠭᠡ ᠢᠳᠡᠭᠡᠯ ᠵᠤᠷᠢᠬᠵᠢᠭᠤᠯᠤᠯ ᠪᠤᠯᠵᠠᠢ᠃ ᠡᠨᠡ ᠤᠳᠠᠭ᠎ᠠ ᠲᠡᠷᠡᠪᠡᠷ᠂ ︽ᠮᠤᠩᠭᠤᠯ ᠡᠮᠨᠡᠯᠭᠡ ᠶᠢᠨ ᠶᠡᠷᠦᠩᠬᠡᠶᠢᠯᠡᠭᠰᠠᠨ ᠰᠠᠯᠠᠭ᠎ᠠ ᠶᠢᠨ ᠡᠮᠴᠢᠯᠡᠭᠡᠨ ᠤ ᠪᠠᠶᠢᠭᠤᠯᠤᠯᠳᠠ ᠶᠢ ᠴᠢᠩᠭᠠᠳᠬᠠᠵᠦ ᠡᠪᠡᠳᠴᠢᠨ ᠠᠴᠠ ᠪᠤᠯᠵᠤ ᠶᠠᠳᠠᠭᠤᠷᠠᠬᠰᠠᠳ ᠢ ᠶᠠᠳᠠᠭᠤ ᠠᠴᠠ ᠠᠩᠬᠢᠵᠢᠷᠠᠭᠤᠯᠬᠤ ᠠᠵᠢᠯ ᠳᠠᠬᠢ ᠦᠢᠯᠡᠳᠦᠯ ᠢ ᠨᠢ ᠪᠠᠳᠠᠷᠠᠭᠤᠯᠬᠤ ᠲᠤᠬᠠᠢ︾ ᠰᠠᠨᠠᠯ ᠲᠤᠷᠠᠳᠤᠯᠭ᠎ᠠ ᠪᠠᠨ ᠬᠤᠷᠠᠯ ᠳᠤ ᠲᠡᠪᠰᠢᠭᠦᠯᠪᠡ᠃
     
     ᠶᠦᠩ ᠮᠸᠢ ᠬᠡᠰᠢᠭᠦᠨ ᠤ ᠦᠵᠡᠭᠦ ᠪᠠᠷ᠂ ᠶᠡᠷᠦᠩᠬᠡᠶᠢᠯᠡᠭᠰᠨ ᠰᠠᠯᠠᠭ᠎ᠠ ᠶᠢᠨ ᠡᠮᠴᠢ ᠪᠤᠯ ᠮᠠᠨ ᠤ ᠤᠯᠤᠰ ᠤᠨ ᠤᠳᠤᠬᠠᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠤᠨ ᠲᠤᠳᠠᠭᠤᠳᠠᠯ ᠪᠠᠶᠢᠵᠤ᠂ ᠶᠡᠷᠦᠩᠬᠡᠶᠢᠯᠡᠭᠰᠠᠨ ᠰᠠᠯᠠᠭ᠎ᠠ ᠶᠢᠨ ᠡᠮᠴᠢ ᠶᠡᠭᠡᠪᠡᠷ ᠲᠤᠳᠠᠬᠳᠠᠵᠤ ᠪᠠᠶᠢᠨ᠎ᠠ᠃ ᠮᠠᠨ ᠤ ᠤᠯᠤᠰ ᠤᠨ ᠶᠡᠷᠦᠩᠬᠡᠶᠢᠯᠡᠭᠰᠡᠨ ᠰᠠᠯᠠᠭ᠎ᠠ ᠶᠢᠨ ᠡᠮᠴᠢᠯᠡᠭᠡᠨ ᠤ ᠠᠵᠢᠯ ᠤᠨ ᠡᠬᠢᠯᠡᠭᠰᠡᠨ ᠴᠠᠭ ᠨᠢ ᠬᠠᠷᠢᠴᠠᠩᠭᠤᠢ ᠪᠠᠷ ᠤᠷᠤᠢ᠃ ᠶᠡᠷᠦᠩᠬᠡᠶᠢᠯᠡᠭᠰᠡᠨ ᠰᠠᠯᠠᠭ᠎ᠠ ᠶᠢᠨ ᠡᠮᠴᠢᠯᠡᠭᠡᠨ ᠤ ᠤᠨᠴᠠᠯᠢᠭ ᠪᠤᠯ ᠲᠠᠷᠤᠢ ᠬᠦᠮᠦᠨ ᠤ ᠪᠡᠶ᠎ᠡ ᠶᠢ ᠪᠦᠬᠦᠯᠢ ᠴᠤᠬᠴᠠ ᠠᠴᠠ ᠠᠵᠢᠬᠯᠠᠳᠠᠭ᠂ ᠮᠤᠩᠭᠤᠯ ᠡᠮᠨᠡᠯᠭᠡ ᠶᠢᠨ ᠤᠨᠤᠰᠢᠯᠠᠨ ᠡᠮᠨᠡᠭᠦ ᠰᠡᠳᠬᠢᠭᠦᠢ ᠡᠷᠳᠡᠨ ᠠᠴᠠ ᠪᠠᠨ ᠠᠪᠤᠭᠠᠳ ᠮᠦᠨᠴᠤ ᠬᠦᠮᠦᠨ ᠤ ᠪᠡᠶ᠎ᠠ ᠶᠢ ᠪᠦᠬᠦᠯᠢ ᠴᠤᠬᠴᠠ ᠶᠢᠨ ᠡᠭᠦᠳᠡᠨ ᠠᠴᠠ ᠡᠯ᠎ᠠ ᠵᠦᠢᠯ ᠤᠨ ᠡᠪᠡᠳᠴᠢᠨ ᠡᠮᠭᠡᠭ ᠢ ᠬᠤᠪᠢᠰᠤᠩᠭᠤᠢ ᠪᠠᠷ ᠵᠠᠳᠠᠯᠵᠣ ᠤᠨᠤᠰᠢᠯᠠᠨ ᠡᠮᠨᠡᠳᠡᠭ᠃ ᠮᠤᠩᠭᠤᠯ ᠡᠮᠨᠡᠯᠭᠡ ᠶᠢᠨ ᠶᠡᠷᠦᠩᠬᠡᠶᠢᠯᠡᠭᠰᠡᠨ ᠰᠠᠯᠠᠭ᠎ᠠ ᠶᠢᠨ ᠡᠮᠴᠢᠯᠡᠭᠡ ᠡᠲᠡᠬᠡᠷ ᠠᠭᠤᠯᠭ᠎ᠠ ᠶᠢ ᠬᠠᠮᠤᠷᠴᠤ ᠪᠠᠶᠢᠬᠤ ᠪᠠᠷ ᠥᠯᠥ ᠪᠠᠷᠠᠮ᠂ ᠤᠳᠤ ᠶᠢᠨ ᠰᠠᠨᠠᠭᠠᠴᠢᠯᠠᠵᠤ ᠪᠠᠶᠢᠭ᠎ᠠ ᠪᠦᠬᠦ ᠲᠠᠯ᠎ᠠ ᠶᠢᠨ᠂ ᠪᠦᠬᠦ ᠦᠶᠡᠯᠡᠯ ᠤᠨ ᠬᠡᠭᠦ ᠱᠠᠭᠠᠷᠳᠠᠯᠭ᠎ᠠ ᠲᠠᠢ ᠶᠠᠪ ᠴᠠᠪ ᠨᠡᠶᠢᠴᠡᠵᠤ᠂ ᠠᠷᠠᠳ ᠲᠤ ᠲᠦᠭᠦᠮ ᠦᠵᠡᠭᠦᠯᠭᠦ ᠮᠦᠷᠳᠡᠭᠡᠨ ᠤᠷᠴᠢᠨ ᠨᠦᠬᠦᠴᠡᠯ ᠤᠨ ᠬᠢᠵᠠᠭᠠᠷᠯᠠᠯ ᠢ ᠬᠦᠷᠳᠡᠭᠦ ᠦᠭᠡᠢ ᠪᠠᠷ ᠡᠪᠡᠳᠴᠢᠨ ᠡᠮᠭᠡᠭ ᠢ ᠤᠨᠤᠰᠢᠯᠠᠨ ᠡᠮᠨᠡᠭᠦ ᠲᠠᠪᠠᠭᠤᠯᠢᠭ ᠲᠠᠢ᠃ ᠮᠤᠩᠭᠤᠯ ᠡᠮᠨᠡᠯᠭᠡ ᠶᠢᠨ ᠶᠡᠷᠦᠩᠬᠡᠶᠢᠯᠡᠭᠰᠨ ᠰᠠᠯᠠᠭ᠎ᠠ ᠶᠢᠨ ᠡᠮᠴᠢ ᠮᠤᠩᠭᠤᠯ ᠡᠮᠨᠡᠯᠭᠡ ᠶᠢᠨ ᠡᠮᠴᠢᠯᠡᠭᠡ᠂ ᠤᠳᠤ ᠦᠶ᠎ᠠ ᠶᠢᠨ ᠠᠨᠠᠭᠠᠬᠤ ᠤᠬᠠᠭᠠᠨ ᠤ ᠡᠮᠴᠢᠯᠡᠭᠡ ᠪᠤᠯᠤᠠ ᠮᠤᠩᠭᠤᠯ ᠡᠮᠨᠡᠯᠭᠡ ᠶᠢᠨ ᠤᠯᠠᠮᠵᠢᠯᠠᠯᠳᠤ ᠵᠠᠰᠠᠯ ᠢ ᠵᠡᠷᠭᠡᠪᠡᠷ ᠡᠵᠡᠮᠰᠢᠵᠤ᠂ ᠬᠤᠤᠰ ᠬᠡᠯᠡ ︵ᠮᠤᠩᠭᠤᠯ ᠬᠡᠯᠡ᠂ ᠬᠢᠳᠡᠳ ᠬᠡᠯᠡ︶ ᠮᠡᠳᠡᠳᠡᠭ ᠢᠶᠠᠷ ᠢᠶᠠᠨ ᠦᠭᠡ ᠬᠡᠯᠡᠨ ᠤ ᠰᠤᠯᠢᠯᠴᠠᠭᠠᠨ ᠤ ᠰᠠᠭᠠᠳ ᠦᠭᠡᠢ ᠪᠦᠭᠡᠳ ᠤᠷᠢᠳᠴᠢᠯᠡᠨ ᠰᠡᠷᠬᠡᠶᠢᠯᠡᠭᠦ ᠪᠠᠷ ᠭᠤᠤᠯ ᠪᠣᠯᠭᠠᠨ ᠡᠮᠨᠡᠨ ᠵᠠᠰᠠᠬᠤ ᠶᠢ ᠵᠡᠷᠭᠡᠪᠡᠷ ᠡᠷᠬᠢᠮᠯᠡᠭᠦ ᠵᠠᠷᠴᠢᠮ ᠢ ᠴᠢᠬᠤᠯᠠᠴᠢᠯᠠᠳᠠᠭ᠃ ᠡᠶᠢᠮᠦ ᠠᠴᠠ ᠮᠤᠩᠭᠤᠯ ᠡᠮᠨᠡᠯᠭᠡ ᠶᠢᠨ ᠶᠡᠷᠦᠩᠬᠡᠶᠢᠯᠡᠭᠰᠨᠨ ᠰᠠᠯᠠᠭ᠎ᠠ ᠶᠢᠨ ᠡᠮᠴᠢᠯᠡᠭᠡᠨ ᠤ ᠪᠠᠶᠢᠭᠤᠯᠤᠯᠳᠠ ᠶᠢ ᠴᠢᠩᠭᠠᠳᠬᠠᠬᠤ ᠨᠢ ᠡᠪᠡᠳᠴᠢᠨ ᠠᠴᠠ ᠪᠤᠯᠵᠤ ᠶᠠᠳᠠᠭᠤᠷᠠᠬᠰᠠᠳ ᠢ ᠴᠦᠭᠡᠳᠭᠡᠭᠦ ᠵᠢᠴᠢ ᠠᠷᠠᠳ ᠤᠯᠠᠨ ᠤ ᠡᠷᠡᠭᠦᠯ ᠮᠡᠨᠳᠦ ᠶᠢ ᠬᠠᠮᠠᠭᠠᠯᠠᠨ ᠡᠷᠡᠭᠦᠯ ᠮᠡᠨᠳᠦ ᠶᠢ ᠴᠢᠩᠭᠠᠳᠬᠠᠬᠤ ᠳᠤ ᠴᠦᠮ ᠴᠢᠬᠤᠯᠠ ᠠᠴᠢ ᠬᠤᠯᠪᠤᠬᠳᠠᠯ ᠲᠠᠢ᠃      ᠡᠨᠡᠬᠦ ᠪᠠᠶᠢᠳᠠᠯ ᠢ ᠦᠨᠳᠦᠰᠦᠯᠡᠨ ᠶᠦᠩ ᠮᠸᠢ ᠬᠡᠰᠢᠭᠦᠨ ᠳᠣᠣᠷᠠᠬᠢ ᠮᠡᠳᠦ ᠰᠠᠨᠠᠭᠤᠯᠭ᠎ᠠ ᠭᠠᠷᠭᠠᠪᠠ᠄ ᠮᠤᠩᠭᠤᠯ ᠡᠮᠨᠡᠯᠭᠡ ᠶᠢᠨ ᠶᠡᠷᠦᠩᠬᠡᠶᠢᠯᠡᠭᠰᠡᠨ ᠰᠠᠯᠠᠭ᠎ᠠ ᠶᠢᠨ ᠡᠮᠴᠢᠯᠡᠭᠡ ᠶᠢᠨ ᠡᠩᠨᠡᠭᠡ ᠶᠢᠨ ᠪᠠᠶᠢᠭᠤᠯᠤᠯᠳᠠ ᠶᠢ ᠢᠳᠡᠭ ᠢᠳᠡᠭ ᠢᠶᠠᠷ ᠲᠡᠭᠦᠯᠳᠡᠷᠵᠢᠭᠦᠯᠵᠤ᠂ ᠡᠮᠴᠢ ᠶᠢᠨ ᠲᠦᠷᠢᠮᠴᠢᠯᠡᠯᠳᠦ ᠪᠤᠯᠪᠠᠰᠤᠷᠠᠯ ᠳᠠᠬᠢ ᠮᠤᠩᠭᠤᠯ ᠡᠮᠨᠡᠯᠭᠡ ᠶᠢᠨ ᠶᠡᠷᠦᠩᠬᠡᠶᠢᠯᠡᠭᠰᠡᠨ ᠰᠠᠯᠠᠭ᠎ᠠ ᠶᠢᠨ ᠡᠮᠴᠢ ᠶᠢᠨ ᠲᠤᠭ᠎ᠠ ᠶᠢ ᠨᠡᠮᠡᠭᠳᠡᠭᠦᠯᠵᠤ᠂ ᠠᠬᠠᠮᠠᠳ ᠢᠳᠡᠷ ᠵᠠᠯᠠᠭᠤ ᠡᠮᠴᠢ ᠶᠢᠨ ᠡᠩᠨᠡᠭᠡ ᠶᠢᠨ ᠪᠠᠶᠢᠭᠤᠯᠤᠯᠳᠠ ᠶᠢ ᠰᠢᠨᠵᠢᠯᠡᠭᠦ ᠤᠬᠠᠭᠠᠴᠢ ᠪᠤᠯᠭᠠᠬᠤ ᠬᠡᠷᠡᠭᠳᠡᠢ︔ ᠲᠡᠭᠡᠳᠦ ᠵᠡᠷᠭᠡ ᠶᠢᠨ ᠡᠮᠨᠡᠯᠭᠡ ᠶᠢᠨ ᠬᠤᠷᠢᠶ᠎ᠠ ᠶᠢᠨ ᠲᠠᠭᠠᠭᠤᠯᠤᠨ ᠰᠤᠷᠭᠠᠬᠤ ᠦᠢᠯᠡᠳᠦᠯ ᠢ ᠪᠠᠳᠠᠷᠠᠭᠤᠯᠵᠤ᠂ ᠦᠨᠳᠦᠰᠦᠨ ᠱᠠᠳᠤ᠂ ᠨᠡᠶᠢᠭᠡᠮ ᠲᠤᠭᠤᠷᠢᠭ ᠤᠨ ᠡᠮᠴᠢᠯᠡᠭᠡᠨ ᠤ ᠡᠩᠨᠡᠭᠡ ᠶᠢ ᠢᠳᠡᠪᠬᠢᠳᠡᠢ ᠪᠤᠶᠢᠵᠢᠭᠤᠯᠵᠤ᠂ ᠪᠤᠳᠠᠳᠠᠢ ᠦᠢᠯᠡᠳᠦᠯᠭᠡ ᠲᠤᠮᠳᠠ ᠲᠡᠪᠲᠡᠨ ᠪᠤᠯᠪᠠᠰᠤᠷᠠᠭᠤᠯᠬᠤ ᠪᠠᠷ ᠲᠡᠮᠵᠢᠨ ᠲᠡᠳᠡᠨ ᠤ ᠮᠡᠷᠭᠡᠵᠢᠯ ᠴᠢᠳᠠᠪᠤᠷᠢ ᠶᠢ ᠨᠢ ᠲᠡᠭᠡᠭᠰᠢᠯᠡᠭᠦᠯᠭᠦ ᠶᠢᠨ ᠬᠠᠮᠳᠤ᠂ ᠠᠯᠤᠰ ᠡᠵᠡᠮᠰᠢᠯᠳᠦ ᠡᠮᠴᠢᠯᠡᠭᠡ ᠵᠡᠷᠭᠡ ᠰᠦᠯᠵᠢᠶᠠᠨ ᠤ ᠲᠠᠪᠴᠠᠩ ᠢ ᠠᠰᠢᠬᠯᠠᠨ᠂ ᠲᠡᠭᠡᠷ᠎ᠠ ᠱᠠᠳᠤᠨ ᠤ ᠡᠮᠴᠢᠯᠡᠭᠡᠨ ᠤ ᠪᠠᠶᠢᠭᠤᠯᠤᠮᠵᠢ ᠯᠤᠭ᠎ᠠ ᠢᠵᠢᠯ ᠠᠯᠬᠤᠮ ᠢᠶᠠᠷ ᠰᠤᠷᠤᠯᠴᠠᠵᠤ᠂ ᠳᠣᠬᠠᠶᠢᠯᠠᠭᠰᠠᠨ ᠠᠵᠢᠯ ᠤᠨ ᠤᠨᠤᠯ ᠤᠨ ᠮᠡᠳᠡᠯᠭᠡ ᠪᠠᠨ ᠰᠢᠨᠡᠴᠢᠯᠡᠭᠦ᠂ ᠤᠨᠤᠰᠢᠯᠠᠨ ᠡᠮᠨᠡᠭᠦ ᠮᠡᠷᠭᠡᠵᠢᠯ ᠢᠶᠠᠨ ᠲᠡᠭᠡᠭᠰᠢᠯᠡᠭᠦᠯᠭᠦ ᠲᠠᠯ᠎ᠠ ᠪᠠᠷ ᠨᠡᠩ ᠵᠢᠷᠣᠮᠵᠢᠭᠤᠯᠬᠤ ᠴᠢᠬᠤᠯᠠ ᠲᠠᠢ︔ ᠲᠠᠰᠤᠷᠠᠯᠳᠠ ᠦᠭᠡᠢ ᠴᠢᠷᠮᠠᠶᠢᠯᠭ᠎ᠠ ᠪᠠᠷ ᠢᠶᠠᠨ ᠲᠡᠮᠵᠢᠨ ᠡᠪᠡᠳᠴᠢᠳᠡᠨ ᠤ ᠣᠶᠢᠷ᠎ᠠ ᠬᠠᠪᠢ ᠳᠠᠭᠠᠨ ᠡᠮᠴᠢᠯᠡᠭᠦᠯᠭᠦ ᠳᠤ ᠲᠦᠭᠦᠮ ᠦᠵᠡᠭᠦᠯᠭᠦ ᠬᠡᠷᠡᠭᠳᠡᠢ︔ ᠡᠪᠡᠳᠴᠢᠨ ᠡᠮᠭᠡᠭ ᠢ ᠤᠷᠢᠳᠴᠢᠯᠡᠨ ᠰᠡᠷᠬᠡᠶᠢᠯᠡᠭᠦ ᠤᠯᠠᠨ ᠲᠠᠯ᠎ᠠ ᠶᠢᠨ ᠤᠬᠠᠭᠤᠯᠭ᠎ᠠ ᠶᠢ ᠴᠢᠨᠠᠬᠰᠢᠳᠠ ᠴᠢᠩᠭᠠᠳᠬᠠᠬᠤ ᠶᠢᠨ ᠬᠠᠮᠳᠤ ᠬᠦᠮᠦᠨ ᠪᠦᠬᠦᠨ ᠤ ᠡᠷᠡᠭᠦᠯ ᠮᠡᠨᠳᠦ ᠶᠢᠨ ᠤᠬᠠᠮᠰᠠᠷ ᠢ ᠲᠡᠭᠡᠭᠰᠢᠯᠡᠭᠦᠯᠵᠤ᠂ ᠡᠪᠡᠳᠴᠢᠨ ᠢ ᠰᠡᠷᠬᠡᠶᠢᠯᠡᠭᠦ ᠨᠢ ᠡᠪᠡᠳᠴᠢᠨ ᠢ ᠵᠠᠰᠠᠬᠤ ᠠᠴᠠ ᠨᠡᠩ ᠴᠢᠬᠤᠯᠠ ᠬᠡᠭᠦ ᠨᠡᠶᠢᠭᠡᠮ ᠤᠨ ᠬᠠᠮᠳᠤ ᠶᠢᠨ ᠲᠠᠨᠢᠯᠳᠠ ᠶᠢ ᠪᠤᠢ ᠪᠤᠯᠭᠠᠬᠤ ᠬᠡᠷᠡᠭᠳᠡᠢ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号