ᠲᠤᠮᠳᠠᠳᠤ ᠤᠯᠤᠰ ᠤᠨ ᠠᠩᠬᠠᠳᠠᠭᠴᠢ 5G ᠤᠳᠡᠰᠤ ᠵᠠᠯᠭᠠᠭᠳᠠᠵᠣ ᠬᠤᠳᠠᠯᠳᠤᠭᠠᠨ ᠳᠤ ᠬᠡᠷᠡᠭᠯᠡᠵᠤ ᠪᠤᠯᠬᠤ 5G ᠭᠠᠷ ᠤᠳᠡᠰᠤ ᠶᠢ ᠵᠢᠱᠢᠯᠳᠡ ᠪᠠᠷ 2019 ᠤᠨ ᠳᠤ ᠭᠠᠷᠭᠠᠨ᠎ᠠ
ᠨᠡᠶᠢᠲᠡᠯᠡᠭᠰᠡᠨ ᠴᠠᠭ᠄
2018-04-19
      ᠲᠤᠮᠳᠠᠳᠤ ᠤᠯᠤᠰ ᠤᠨ ᠨᠡᠭᠦᠳᠡᠯ ᠬᠤᠯᠪᠤᠭ᠎ᠠ ᠵᠦᠩ ᠰᠢᠩ ᠬᠤᠯᠪᠤᠭ᠎ᠠ ᠲᠠᠢ ᠬᠠᠮᠳᠤᠷᠠᠨ 2 ᠤᠨ ᠡᠳᠤᠷ ᠤᠯᠤᠰ ᠤᠨ ᠲᠤᠳᠤᠭᠠᠳᠤ ᠶᠢᠨ ᠠᠩᠬᠠᠳᠠᠭᠴᠢ 5G ᠤᠳᠡᠰᠤ ᠶᠢ ᠵᠠᠯᠭᠠᠭᠤᠯᠪᠠ᠂ ᠡᠨᠡ ᠨᠢ ᠠᠷᠠᠳ ᠤᠨ ᠵᠤᠭᠤᠰ  ᠢᠶᠠᠷ ᠲᠦᠮᠡᠨ ᠳ᠋ᠦᠩᠰᠢᠭᠤᠷ ᠲᠦᠬᠦᠷᠢᠭ ᠢ ᠲᠠᠪᠠᠭ᠋ᠤ ᠠᠵᠤ ᠦᠢᠯᠡᠰ ᠠᠩᠬᠠᠨ ᠤ ᠬᠥᠰᠢᠭᠡ ᠪᠠᠨ ᠢᠷᠡᠵᠦ ᠡᠬᠢᠯᠡᠭᠰᠡᠨ  ᠢ ᠬᠠᠷᠠᠭᠤᠯᠵᠤ ᠪᠠᠶᠢᠨ᠎ᠠ᠃ ᠬᠡᠪᠡᠴᠤ᠂ ᠬᠤᠳᠠᠯᠳᠤᠭᠠᠨ ᠳᠤ ᠬᠡᠷᠡᠭᠯᠡᠵᠤ ᠪᠤᠯᠬᠤ ᠦᠵᠤᠬᠦᠷ ᠲᠦᠭᠦᠭᠡᠷᠤᠮᠵᠢ ᠶᠢ ᠵᠢᠱᠢᠯᠳᠡ ᠪᠠᠷ 2019 ᠤᠨ ᠤ ᠲᠤᠤᠷ᠎ᠠ ᠬᠠᠭᠠᠰ ᠵᠢᠯ ᠰᠠᠶ᠋ᠢ ᠭᠠᠷᠭᠠᠵᠤ ᠴᠢᠳᠠᠨ᠎ᠠ᠃      ᠭᠤᠸᠠᠩᠳᠦ᠋ᠩ ᠮᠤᠵᠢ ᠶᠢᠨ ᠭᠤᠸᠠᠩᠵᠸᠤ ᠬᠤᠳᠠ ᠪᠤᠯᠤᠨ ᠱᠧᠨᠵᠧᠨ ᠬᠤᠳᠠ ᠴᠦᠮ 5G ᠶᠢᠨ ᠲᠤᠷᠰᠢᠯᠳᠠ  ᠳᠤ ᠤᠷᠤᠯᠴᠠᠵᠠᠢ᠃ ᠲᠤᠰ ᠤᠳᠠᠭ᠎ᠠ ᠠᠩᠬ᠎ᠠ ᠵᠠᠯᠭᠠᠭᠤᠯᠤᠭᠰᠠᠨ 5G ᠤᠳᠡᠰᠤ ᠶᠢ ᠭᠤᠸᠠᠩᠵᠸᠤ ᠳᠤ ᠲᠤᠷᠰᠢᠵᠠᠢ᠃ ᠡᠬᠦᠨ ᠠᠴᠠ ᠡᠮᠤᠨ᠎ᠠ ᠭᠤᠸᠠᠩᠵᠸᠤ ᠬᠤᠳᠠ ᠪᠠᠰᠠ ᠲᠤᠮᠳᠠᠳᠤ ᠤᠯᠤᠰ ᠤᠨ ᠠᠩᠬᠠᠳᠠᠭᠴᠢ 5G ᠶᠢᠨ ᠲᠤᠷᠰᠢᠯᠳᠠ ᠬᠢᠬᠦ ᠰᠠᠭᠤᠷᠢ ᠲᠡᠪᠴᠡᠩ ᠢ ᠨᠡᠪᠳᠡᠷᠡᠬᠦᠯᠵᠠᠢ᠃      ᠦᠢᠯᠠᠭᠠᠭᠰᠠᠨ ᠢᠶᠠᠷ᠂ ᠤᠯᠠᠨ ᠤᠯᠤᠰ ᠤᠨ ᠪᠠᠷᠢᠮᠵᠢᠶᠠᠵᠢᠭᠤᠯᠤᠯᠳᠡ ᠶᠢᠨ ᠵᠤᠬᠢᠶᠠᠨ ᠪᠠᠶᠢᠭᠤᠯᠤᠯᠳᠡ 3GPP ᠨᠢᠳᠤᠨᠤᠨ ᠤ 12 ᠰᠠᠷ᠎ᠠ ᠳᠤ ᠠᠩᠬᠠᠳᠠᠭᠴᠢ 5G ᠶᠢᠨ ᠪᠠᠷᠢᠮᠵᠢᠶ᠎ᠠ ᠲᠤᠬᠠᠶᠢᠯᠠᠪᠠᠯ 3GPP R15 ᠬᠡᠪ ᠢ ᠠᠯᠪᠠᠨ ᠶᠤᠰᠤ ᠪᠠᠷ ᠪᠢᠳᠡᠬᠦᠮᠵᠢᠯᠠᠵᠠᠢ᠃ ᠭᠤᠸᠠᠩᠳᠦ᠋ᠩ ᠤᠨ ᠨᠡᠭᠦᠳᠡᠯ ᠬᠤᠯᠪᠤᠭ᠎ᠠ ᠲᠤᠰ ᠤᠳᠠᠭ᠎ᠠ ᠲᠤᠷᠰᠢᠯᠳᠠ ᠬᠢᠬᠦ ᠳᠤ ᠬᠡᠷᠡᠭᠯᠡᠭᠰᠡᠨ 5G ᠶᠢᠨ ᠰᠠᠭᠤᠷᠢ ᠲᠡᠪᠴᠡᠩ᠂ ᠭᠤᠤᠯᠯᠠᠬᠤ ᠰᠦᠯᠵᠢᠶ᠎ᠠ ᠵᠢᠴᠢ ᠲᠤᠷᠰᠢᠯᠳᠠ ᠬᠢᠬᠦ ᠦᠵᠤᠬᠦᠷ ᠲᠦᠬᠦᠭᠡᠷᠤᠮᠵᠢ ᠵᠡᠷᠭᠡ ᠨᠢ ᠴᠦᠮ 3GPP R15 ᠬᠡᠪ ᠤᠨ ᠪᠠᠷᠢᠮᠵᠢᠶ᠎ᠠ ᠳᠤ ᠰᠠᠭᠤᠷᠢᠯᠠᠭᠰᠠᠨ ᠶᠤᠮ᠃      ᠬᠤᠳᠠᠯᠳᠤᠭᠠᠨ ᠳᠤ ᠬᠡᠷᠡᠭᠯᠡᠵᠤ ᠪᠤᠯᠬᠤ 5G ᠭᠠᠷ ᠤᠳᠡᠰᠤ ᠶᠢᠨ ᠠᠬᠢᠴᠠ ᠨᠢ 5G ᠶᠢᠨ ᠤᠯᠠᠨ ᠤᠯᠤᠰ  ᠤᠨ ᠪᠠᠷᠢᠮᠵᠢᠶ᠎ᠠ ᠶᠢᠨ ᠠᠬᠢᠴᠠ ᠠᠴᠠ ᠲᠤᠬᠳᠠᠭᠠᠭᠳᠠᠨ᠎ᠠ᠃ ᠲᠤᠮᠳᠠᠳᠤ ᠤᠯᠤᠰ ᠤᠨ ᠮᠡᠳᠡᠭᠡ ᠵᠠᠩᠬᠢ ᠶᠢᠨ ᠬᠤᠯᠪᠤᠭ᠎ᠠ  ᠶᠢᠨ ᠰᠤᠳᠤᠯᠭᠠᠨ ᠤ ᠬᠥᠷᠢᠶᠡᠯᠡᠩ ᠤᠨ ᠵᠠᠬᠢᠷᠤᠯ ᠯᠢᠤ ᠳ᠋ᠦᠸᠧ ᠲᠠᠨᠢᠯᠴᠠᠭᠤᠯᠬᠤ ᠳᠠᠭᠠᠨ᠂ 5G ᠶᠢᠨ ᠨᠢᠭᠡᠳᠤᠭᠡᠷ ᠬᠡᠪ ᠤᠨ ᠤᠯᠠᠨ ᠤᠯᠤᠰ ᠤᠨ ᠪᠠᠷᠢᠮᠵᠢᠶ᠎ᠠ ᠨᠢ ᠡᠨᠡ ᠵᠢᠯ ᠤᠨ 6 ᠰᠠᠷ᠎ᠠ ᠳᠤ ᠪᠡᠶᠡᠯᠡᠭᠳᠡᠬᠦ ᠪᠤᠯᠤᠨ᠎ᠠ᠂ 2020 ᠤᠨ  ᠳᠤ ᠬᠤᠳᠠᠯᠳᠤᠭᠠᠨ ᠳᠤ ᠬᠡᠷᠡᠭᠯᠡᠬᠦ ᠪᠤᠯᠳᠠᠯ᠎ᠠ᠂ ᠠᠵᠤ ᠦᠢᠯᠡᠰ ᠤᠨ ᠬᠢᠨ ᠳᠤ ᠠᠷᠠᠢ ᠬᠤᠶᠠᠷ ᠵᠢᠯ ᠬᠥᠷᠬᠦ ᠦᠭᠡᠢ ᠬᠤᠭᠤᠴᠠᠭ᠎ᠠ ᠦᠯᠡᠳᠡᠭᠡᠳ ᠪᠠᠶᠢᠨ᠎ᠠ ᠭᠡᠵᠠᠢ᠃ ᠲᠡᠬᠦᠨ ᠤ ᠦᠵᠡᠬᠦ ᠪᠠᠷ 5G ᠭᠠᠷ ᠤᠳᠡᠰᠤ ᠶᠢᠨ ᠦᠵᠤᠬᠦᠷ ᠲᠦᠬᠦᠭᠡᠷᠤᠮᠵᠢ ᠶᠢ ᠬᠤᠳᠠᠯᠳᠤᠭᠠᠨ ᠳᠤ ᠬᠡᠷᠡᠭᠯᠡᠬᠦ ᠨᠢ ᠬᠠᠮᠤᠭ ᠤᠨ ᠤᠷᠤᠢ ᠮᠦᠷᠳᠡᠭᠡᠨ ᠬᠠᠮᠤᠭ ᠤᠨ ᠬᠥᠴᠢᠷ ᠪᠠᠶᠢᠳᠠᠭ᠃ ᠲᠡᠬᠦᠨ ᠤ ᠵᠢᠱᠢᠭᠰᠡᠨ ᠢᠶᠠᠷ᠂ 2019 ᠤᠨ ᠤ ᠲᠤᠤᠷ᠎ᠠ ᠬᠠᠭᠠᠰ ᠵᠢᠯ ᠳᠤ ᠵᠢᠩᠬᠢᠨᠢ 5G ᠭᠠᠷ ᠤᠳᠡᠰᠤ ᠶᠢᠨ ᠦᠵᠤᠬᠦᠷ ᠲᠦᠬᠦᠭᠡᠷᠤᠮᠵᠢ ᠰᠠᠶ᠋ᠢ ᠬᠠᠷᠢᠴᠠᠩᠭᠤᠢ ᠪᠠᠷ ᠪᠤᠯᠪᠠᠰᠤᠷᠠᠩᠭᠤᠢ ᠪᠤᠯᠵᠤ ᠴᠢᠳᠠᠨ᠎ᠠ᠃      ᠲᠤᠮᠳᠠᠳᠤ ᠤᠯᠤᠰ ᠤᠨ ᠨᠡᠭᠦᠳᠡᠯ ᠬᠤᠯᠪᠤᠭ᠎ᠠ ᠶᠢᠨ ᠰᠤᠳᠤᠯᠭᠠᠨ ᠤ ᠬᠥᠷᠢᠶᠡᠯᠡᠩ ᠤᠨ ᠲᠡᠳ᠋ ᠵᠠᠬᠢᠷᠤᠯ ᠬᠤᠸᠠᠩ ᠢᠤᠢ ᠬᠤᠩ 5G ᠶᠢᠨ ᠭᠤᠷᠪᠠᠳᠤᠭᠠᠷ ᠱᠠᠳᠤᠨ ᠤ ᠲᠤᠷᠰᠢᠯᠳᠠ ᠶᠢ ᠲᠠᠨᠢᠯᠴᠠᠭᠤᠯᠬᠤ ᠳᠠᠭᠠᠨ᠂ ᠵᠢᠱᠢᠯᠳᠡ  ᠪᠠᠷ 2018 ᠤᠨ ᠤ ᠲᠦᠷᠤᠬᠦᠤ ᠬᠠᠭᠠᠰ ᠵᠢᠯ ᠳᠤ 5G ᠶᠢᠨ ᠬᠤᠳᠠᠯᠳᠤᠭᠠᠨ ᠤ ᠦᠵᠤᠬᠦᠷ ᠲᠦᠬᠦᠭᠡᠷᠤᠮᠵᠢ ᠶᠢᠨ ᠴᠠᠬᠢᠮ ᠢ ᠵᠢᠩᠬᠢᠨᠢ ᠪᠠᠷ ᠭᠠᠷᠭᠠᠵᠤ ᠪᠤᠯᠤᠨ᠎ᠠ ᠭᠡᠵᠤ ᠢᠯᠡᠷᠭᠡᠶᠢᠯᠡᠵᠠᠢ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号