ᠳᠣᠰᠬᠤᠨ ᠳᠤ ᠰᠠᠭᠤᠭ᠎ᠠ ᠺᠡᠳ᠋ᠷ ᠯᠸᠢ ᠮᠢᠩ ᠳ᠋ᠦᠡᠭ ᠤᠨ ᠵᠢᠳᠬᠦᠯ ᠴᠢᠷᠮᠡᠶᠢᠯᠭ᠎ᠠ ᠨᠢ ᠳᠦᠮᠡᠨ ᠤ ᠳᠣᠮᠳᠠ ᠰᠦᠮᠪᠣᠷᠯᠡᠨ᠎ᠠ
ᠨᠡᠶᠢᠲᠡᠯᠡᠭᠰᠡᠨ ᠴᠠᠭ᠄
2018-04-19
     ᠰᠢᠷᠬᠤᠰᠣᠨ ᠪᠠᠯᠭᠠᠰᠣᠨ ᠤ ᠤᠳᠠ ᠶᠢᠨ ᠭᠤᠤᠯ ᠲᠣᠰᠬᠤᠨ ᠤ ᠡᠷᠬᠢᠯᠡᠭᠴᠢ ᠶᠢᠨ ᠲᠤᠰᠠᠯᠠᠭᠴᠢ ᠯᠧᠢ ᠮᠢᠩ ᠳ᠋ᠦᠩ ᠤᠨ ᠡᠲᠦᠷ ᠤᠨ ᠲᠡᠮᠳᠡᠭᠯᠡᠯ ᠢ ᠣᠷᠪᠠᠭᠤᠯᠣᠨ ᠦᠵᠡᠪᠡᠯ᠂ ᠠᠶᠢᠯ ᠠᠶᠢᠮᠠᠭ ᠤᠨ ᠬᠤᠭᠤᠷᠤᠨᠲᠤᠬᠢ ᠵᠦᠷᠢᠴᠠᠯ ᠮᠦᠷᠭᠦᠯᠳᠣᠭᠡᠨ ᠠᠴᠠ ᠠᠪᠣᠭᠠᠳ ᠬᠦᠳᠡᠭᠡ ᠳᠣᠰᠬᠤᠨ ᠤ ᠵᠣᠭᠠᠴᠠᠯ᠂ ᠤᠨᠤᠪᠴᠢᠲᠠᠢ ᠪᠠᠷ ᠶᠠᠳᠠᠭᠤ ᠶᠢ ᠳᠡᠳᠬᠦᠬᠦ ᠠᠵᠢᠯ ᠵᠡᠷᠭᠡ ᠨᠢᠭᠡ ᠵᠢᠯ ᠤᠨ ᠲᠤᠰᠬᠤᠨ ᠳᠤ ᠰᠠᠭᠤᠭᠰᠡᠨ ᠠᠵᠢᠯ ᠠᠮᠢᠲᠤᠷᠠᠯ ᠤᠨ ᠦᠡᠭᠬᠡᠷᠡᠯᠳᠡ ᠪᠣᠯᠣᠨ ᠦᠵᠡᠯᠳᠡ ᠲᠠᠨᠢᠯᠳᠡ ᠪᠠᠨ ᠨᠠᠷᠢᠨ ᠬᠢᠨᠠᠮᠠᠭᠠᠢ ᠳᠡᠮᠳᠡᠭᠯᠡᠨ ᠪᠢᠴᠢᠵᠤ ᠳᠡᠬᠦᠨ ᠤ ᠳᠣᠰᠬᠤᠨ ᠤ ᠳᠦᠮᠡᠨ ᠳᠤ ᠣᠶᠢᠯᠡᠴᠢᠯᠡᠭᠰᠡᠨ ᠵᠢᠳᠬᠦᠯ ᠴᠢᠷᠮᠠᠶᠢᠯᠭ᠎ᠠ ᠶᠢ ᠭᠡᠷᠡᠴᠢᠯᠡᠨ ᠳᠣᠰᠬᠠᠭᠰᠠᠨ ᠪᠡᠶᠢᠨ᠎ᠠ᠃      ︽ᠠᠳᠠᠯᠢ ᠪᠤᠰᠤ ᠤᠷᠴᠢᠨ ᠲᠤᠭᠤᠷᠢᠨ ᠳᠤ ᠠᠳᠠᠯᠢ ᠪᠤᠰᠤ ᠦᠷᠢᠰᠦᠯᠲᠦᠭᠡᠨ ᠲᠠᠢ ᠪᠠᠶᠢᠳᠠᠭ᠂ ᠭᠡᠪᠡᠴᠣ ᠲᠡᠷᠡ  ᠨᠢ ᠡᠪ ᠬᠠᠮᠲᠤ ᠨᠠᠮ ᠤᠨ ᠬᠡᠰᠢᠭᠦᠨ ᠤ ᠦᠨᠲᠤᠰᠦᠨ ᠱᠠᠲᠤᠨ ᠤ ᠠᠵᠢᠯ ᠪᠣᠯᠣᠨ ᠬᠦᠳᠡᠭᠡ ᠲᠤᠰᠬᠤᠨ ᠤ ᠵᠤᠭᠠᠴᠠᠯ  ᠤᠨ ᠦᠢᠯᠡᠰ ᠲᠤ ᠬᠠᠨᠲᠤᠭᠰᠡᠨ ᠦᠨᠡᠨ ᠰᠠᠨᠠᠭᠠᠨ ᠤ ᠵᠢᠳᠬᠦᠯ ᠴᠢᠷᠮᠠᠶᠢᠯᠭ᠎ᠠ ᠶᠢ ᠰᠢᠯᠭᠠᠵᠤ ᠪᠠᠶᠢᠳᠠᠭ᠃︾ ᠡᠨᠡ ᠪᠤᠯ ᠦᠣᠰᠢᠨ ᠬᠤᠰᠢᠭᠤᠨ ᠤ ᠵᠣᠭᠠᠴᠠᠯ ᠤᠨ ᠣᠶᠢᠯᠡᠰ ᠤᠨ ᠬᠦᠭᠵᠢᠬᠦᠯᠣᠯᠳᠡ ᠶᠢᠨ ᠳᠦᠪ ᠤᠨ ᠠᠵᠢᠯᠳᠡᠨ᠂ ᠣᠳᠣ ᠰᠢᠷᠬᠤᠰᠣᠨ ᠪᠠᠯᠭᠠᠰᠣᠨ ᠤ ᠤᠳᠠ ᠶᠢᠨ ᠭᠤᠤᠯ ᠲᠣᠰᠬᠤᠨ ᠤ ᠡᠷᠬᠢᠯᠡᠭᠴᠢ ᠶᠢᠨ ᠲᠤᠰᠠᠯᠠᠭᠴᠢ ᠪᠠᠷ ᠳᠣᠮᠢᠯᠠᠭᠳᠠᠵᠣ ᠶᠠᠪᠣᠭ᠎ᠠ ᠯᠧᠢ ᠮᠢᠩ ᠳ᠋ᠦᠩ ᠤᠨ ᠳᠡᠮᠳᠡᠭᠯᠡᠯ ᠤᠨ ᠳᠡᠪᠳᠡᠷ ᠳᠡᠭᠡᠷ᠎ᠡ ᠪᠢᠴᠢᠵᠤ ᠪᠠᠶᠢᠳᠠᠭ ᠦᠪᠡᠷ ᠢ ᠪᠠᠨ ᠵᠤᠷᠢᠭᠵᠢᠭᠤᠯᠳᠠᠭ ᠦᠬᠦᠯᠡᠪᠤᠷᠢ ᠪᠤᠯᠤᠨ᠎ᠠ᠃      ᠯᠧᠢ ᠮᠢᠩ ᠳ᠋ᠦᠩ ᠢ ᠰᠣᠷᠪᠣᠯᠵᠢᠯᠠᠬᠤ ᠪᠠᠷ ᠬᠦᠷᠬᠦ ᠳᠤ᠂ ᠳᠡᠬᠦᠨ ᠤ ᠳᠣᠰᠬᠤᠨ ᠳᠤ ᠰᠠᠭᠤᠭ᠎ᠠ ᠠᠵᠢᠯ ᠤᠨ ᠭᠤᠣᠯᠳᠠᠯᠭ᠎ᠠ ᠪᠣᠯᠬᠤ ᠳᠣᠰᠬᠤᠨ ᠤ ᠬᠠᠷᠢᠯᠴᠠᠨ ᠬᠠᠪᠰᠤᠷᠤᠯᠴᠠᠵᠤ ᠬᠠᠮᠲᠤ ᠪᠠᠷ ᠪᠦᠲᠦᠬᠡᠨ ᠪᠠᠶᠢᠭᠤᠯᠬᠤ ᠪᠠᠶᠢᠭᠤᠯᠭ᠎ᠠ  ᠶᠢᠨ ᠪᠤᠯᠭᠤᠭᠠᠨ ᠳᠣᠬᠤᠨᠢᠭᠤᠯᠭ᠎ᠠ ᠪᠣᠯᠣᠨ ᠭᠤᠤᠯᠳᠠᠯᠭᠠᠲᠠᠢ ᠪᠠᠷ ᠳᠡᠳᠭᠦᠵᠣ ᠪᠡᠶᠢᠭ᠎ᠠ ᠶᠠᠳᠠᠭᠤ ᠡᠷᠦᠬᠡ ᠳᠤ ᠬᠦᠷᠴᠦ ᠦᠨᠳᠣᠰᠣᠨ ᠪᠡᠶᠢᠳᠡᠯ ᠢ ᠣᠶᠢᠯᠠᠭᠠᠬᠤ ᠠᠵᠢᠯ ᠢ ᠵᠣᠬᠢᠴᠠᠭᠤᠯᠣᠨ ᠳᠠᠭᠠᠭᠤᠯᠵᠣ ᠶᠠᠭᠠᠷᠴᠣ ᠪᠡᠶᠢᠯ᠎ᠠ᠃ ᠲᠠᠷᠢᠶᠠᠴᠢᠨ ᠯᠢ ᠵᠢᠶᠠᠨ ᠰᠢᠶᠠ ᠶᠢᠨ ᠬᠢᠨ ᠪᠣᠯ ᠣᠣᠯ ᠳᠤ ᠪᠠᠨ ᠠᠮᠢᠳᠣᠷᠠᠯ ᠤᠨ ᠨᠦᠬᠦᠴᠡᠯ ᠵᠦᠭᠡᠷ ᠰᠢᠭ ᠪᠠᠶᠢᠵᠣ᠂ ᠬᠦᠣ ᠨᠢ ᠬᠦᠨᠳᠣ ᠡᠪᠡᠳᠴᠢᠨ ᠳᠤ ᠨᠠᠷᠪᠡᠭᠳᠡᠭᠰᠡᠨ ᠠᠴᠠ ᠪᠣᠯᠵᠣ ᠳᠣᠰᠬᠤᠨ ᠳᠤ ᠪᠠᠨ ᠨᠡᠯᠢᠶᠠᠳ ᠤᠨᠴᠠᠭᠠᠢ ᠶᠠᠳᠠᠭᠤ ᠬᠦᠴᠢᠷᠳᠡᠯᠲᠡᠢ ᠡᠷᠦᠬᠡ ᠪᠣᠯᠣᠭᠰᠠᠨ ᠪᠠᠶᠢᠨ᠎ᠠ᠃ ᠵᠢᠯ ᠭᠠᠷᠣᠢ ᠶᠢᠨ ᠬᠤᠭᠤᠴᠠᠭᠠᠨ ᠳᠤ᠂ ᠯᠧᠢ ᠮᠢᠩ ᠳ᠋ᠦᠩ ᠬᠠᠮᠤᠭ  ᠠᠴᠠ ᠢᠯᠡᠬᠦᠤ ᠡᠨ᠋ᠨ ᠡᠷᠣᠬᠡ ᠶᠢ ᠲᠡᠮᠵᠢᠨ ᠳᠣᠰᠠᠯᠠᠵᠣ᠂ ᠲᠡᠷᠢᠶᠠᠯᠠᠩ ᠤᠨ ᠮᠠᠰᠢᠨ ᠬᠡᠷᠡᠭᠰᠡᠯ ᠬᠤᠳᠠᠯᠳᠣᠨ ᠠᠪᠴᠤ ᠦᠭᠬᠦ ᠠᠴᠠ ᠭᠠᠳᠠᠨ᠎ᠠ ᠪᠠᠰᠠ ᠯᠢ ᠵᠢᠶᠠᠨ ᠰᠢᠶᠠ ᠶᠢᠨ ᠮᠠᠨᠲᠠᠤ ᠬᠢᠬᠦ ᠪᠣᠯᠣᠨ ᠪᠣᠷᠭᠠᠰᠣᠨ ᠬᠦᠷᠣᠮᠠᠯ ᠬᠢᠬᠦ ᠮᠡᠷᠭᠡᠵᠢᠯ  ᠤᠨ ᠳᠠᠪᠠᠭᠤᠯᠢᠭ ᠢ ᠠᠰᠢᠭᠯᠠᠨ ᠪᠠᠶᠠᠵᠢᠯ ᠤᠨ ᠵᠠᠮ ᠢ ᠡᠷᠢᠯᠬᠢᠯᠡᠵᠣ ᠲᠤᠰᠬᠤᠨ ᠤ ᠬᠠᠷᠢᠯᠴᠠᠨ ᠬᠠᠪᠰᠤᠷᠤᠯᠴᠠᠵᠤ ᠬᠠᠮᠲᠤ ᠪᠠᠷ ᠪᠠᠶᠢᠭᠤᠯᠬᠤ ᠪᠠᠶᠢᠭᠤᠯᠭ᠎ᠠ ᠲᠠᠢ ᠬᠠᠮᠳᠣᠷᠠᠨ ᠳᠡᠬᠦᠨ ᠤ ᠭᠠᠷ ᠣᠷᠠᠯᠠᠯ ᠤᠨ ᠪᠦᠳᠣᠭᠡᠭᠳᠡᠬᠦᠨ ᠤ ᠪᠣᠷᠣᠯᠠᠭᠤᠯᠭ᠎ᠠ ᠶᠢᠨ ᠵᠡᠮ ᠢ ᠤᠯᠭᠤᠭᠰᠠᠨ ᠮᠦᠷᠳᠡᠬᠡᠨ ᠨᠢᠬᠡᠨ ᠳᠣᠰᠬᠠᠶᠢᠵᠢᠭᠰᠡᠨ ᠮᠠᠨᠳᠠᠤ ᠬᠢᠬᠦ ᠣᠶᠢᠯᠡᠳᠪᠣᠷᠢ ᠭᠠᠷᠭᠠᠵᠣ ᠦᠭᠬᠦ ᠪᠠᠷ ᠪᠠᠶᠢᠨ᠎ᠠ᠃      ᠯᠢ ᠵᠢᠶᠠᠨ ᠰᠢᠶᠠ᠄ ︽ᠵᠤᠭᠠᠴᠠᠯ ᠤᠨ ᠳᠣᠪᠴᠢᠶᠠᠨ ᠤ ᠬᠦᠮᠣᠨ ᠰᠠᠷ᠎ᠠ ᠬᠤᠷᠢ ᠬᠤᠨᠤᠭ ᠳᠤ ᠮᠠᠨ ᠤ ᠳᠤ ᠢᠷᠡᠵᠣ ᠦᠬᠡᠷ ᠳᠡᠵᠢᠬᠡᠬᠦ ᠣᠶᠢᠯᠡᠰ ᠢ ᠬᠦᠭᠵᠢᠬᠦᠯᠣᠨ ᠰᠠᠶᠢᠨ ᠬᠢᠬᠦ ᠳᠤ ᠵᠢᠯᠣᠭᠤᠳᠣᠨ ᠬᠠᠪᠰᠣᠷᠴᠣ᠂ ᠮᠠᠨᠳᠠᠤ ᠬᠢᠬᠦ ᠣᠶᠢᠯᠡᠳᠪᠣᠷᠢ ᠶᠢ ᠴᠣ᠋ ᠡᠨᠡ ᠵᠢᠯ ᠨᠡᠭᠡᠭᠡᠬᠦ ᠪᠠᠷ ᠪᠠᠶᠢᠵᠣ ᠡᠳᠡᠨᠣᠰ ᠭᠡᠵᠢᠶᠡᠳᠡ ᠪᠠᠨ ᠪᠢᠳᠠᠨ ᠳᠤ ᠲᠦᠯᠦᠪᠵᠢᠬᠦᠯᠭᠡ ᠬᠢᠵᠤ ᠪᠢᠳᠠᠨ ᠢ ᠴᠢᠨᠡᠭᠡᠯᠢᠭ ᠲᠦᠪᠰᠢᠨ ᠳᠤ ᠤᠷᠤᠭᠤᠯᠬᠤ ᠪᠠᠷ ᠴᠢᠮᠠᠶᠢᠳᠠᠭ ᠪᠠᠶᠢᠨ᠎ᠠ︾ ᠭᠡᠵᠤ ᠶᠠᠷᠢᠵᠤ ᠪᠠᠶᠢᠯ᠎ᠠ᠃      ᠪᠠᠶᠡᠷ ᠳᠠᠯᠠᠷᠬᠠᠯ ᠤᠨ ᠢᠨᠢᠶᠡᠳᠣ ᠳᠣᠳᠣᠷᠠᠭᠰᠠᠨ ᠯᠢ ᠵᠢᠶᠠᠨ ᠰᠢᠶᠠ ᠶᠢ ᠬᠠᠷᠠᠭᠠᠳ ᠯᠧᠢ ᠮᠢᠩ ᠳ᠋ᠦᠩ ᠤᠨ ᠰᠡᠳᠬᠢᠯ ᠤᠨ ᠲᠠᠷᠤᠭᠠᠰᠤ ᠴᠦ ᠬᠦᠡᠭᠬᠡᠷᠡᠭᠰᠡᠨ ᠰᠢᠭ ᠪᠣᠯᠣᠯ᠎ᠠ᠃ ᠤᠲᠠ ᠶᠢᠨ ᠭᠤᠤᠯ ᠲᠤᠰᠬᠤᠨ ᠨᠢ ᠤᠯᠤᠰ ᠤᠨ ᠲᠤᠲᠤᠭᠠᠲᠤ ᠳᠤ ᠪᠠᠨ ᠤᠷᠭᠠᠨᠢᠭ ᠤᠰᠤᠨ ᠲᠤᠲᠤᠷᠭ᠎ᠠ ᠪᠠᠷ ᠨᠡᠷ᠎ᠠ ᠠᠯᠳᠡᠷᠰᠢᠭ᠌ᠰᠠᠨ ᠪᠤᠯᠪᠠᠴᠤ ᠪᠦᠬᠦ ᠲᠤᠰᠬᠤᠨ ᠤ ᠲᠠᠷᠢᠶᠠᠨ ᠭᠠᠵᠠᠷ ᠤᠨ ᠬᠦᠷᠣᠰᠣᠨ ᠰᠢᠷᠤᠢ ᠶᠢᠨ ᠴᠢᠨᠡᠷ ᠴᠢᠨᠰᠠᠭᠠᠨ ᠤ ᠠᠳᠠᠯᠢ ᠦᠬᠡᠢ ᠠᠴᠠ ᠪᠣᠯᠵᠣ ᠰᠢᠷᠬᠤᠰᠣᠨ ᠭᠤᠣᠯ ᠤᠨ ᠰᠠᠪᠡ ᠳᠠᠭᠠᠣ ᠭᠠᠵᠠᠷ ᠠᠴᠠ ᠵᠠᠶᠢᠳᠡᠭᠤ ᠪᠡᠶᠢᠭ᠎ᠠ ᠭᠡᠳᠣᠨ ᠬᠤᠷᠰᠢᠶᠠᠨ ᠤ ᠨᠣᠳᠤᠭ ᠪᠡᠯᠴᠢᠭᠡᠷ ᠪᠠᠭ᠎ᠠ᠂ ᠣᠢ ᠮᠣᠳᠣ ᠠᠷᠪᠢᠨ᠂ ᠬᠦᠷᠦᠰᠤ ᠰᠢᠷᠤᠢ ᠶᠢᠨ ᠨᠦᠬᠦᠴᠡᠯ ᠢᠶᠠᠷ ᠠᠨᠠᠢ ᠠᠴᠠ ᠳᠠᠷᠢᠶᠠᠴᠢᠳ ᠤᠨ ᠤᠷᠤᠯᠭ᠎ᠠ ᠨᠢ ᠴᠦ ᠨᠡᠯᠢᠶᠡᠳ ᠳᠣᠣᠷ᠎ᠠ ᠪᠠᠶᠢᠳᠠᠭ᠃ ᠡᠨᠡᠬᠦ ᠪᠣᠳᠠᠳᠣ ᠪᠡᠶᠢᠳᠡᠯ ᠢ ᠦᠨᠲᠦᠰᠦᠯᠡᠨ᠂ ᠵᠤᠭᠠᠴᠠᠯ ᠤᠨ ᠣᠶᠢᠯᠡᠰ ᠤᠨ ᠬᠦᠭᠵᠢᠬᠦᠯᠣᠯᠳᠡ ᠤᠨ ᠳᠦᠪ ᠲᠤ ᠠᠵᠢᠯ ᠲᠠᠢ ᠯᠧᠢ ᠮᠢᠩ ᠳ᠋ᠦᠩ ᠠᠵᠢᠯ ᠤᠨ ᠪᠡᠶᠢᠷᠢ ᠶᠢᠨ ᠲᠠᠪᠠᠭᠤᠯᠢᠭ ᠲᠤ ᠪᠠᠨ ᠳᠦᠰᠢᠭᠯᠡᠨ ᠲᠤᠰᠬᠤᠨ ᠤ ᠨᠠᠮ ᠤᠨ ᠡᠭᠦᠷ ᠪᠣᠯᠣᠨ ᠵᠤᠭᠠᠴᠠᠯ ᠤᠨ ᠰᠠᠯᠠᠭ᠎ᠠ ᠮᠦᠴᠢᠷ ᠲᠠᠢ ᠰᠠᠶᠢᠳᠣᠷ ᠬᠠᠷᠢᠯᠴᠠᠨ ᠦᠵᠡᠰᠬᠦᠯᠡᠩᠲᠤ ᠰᠠᠶᠢᠬᠠᠨ ᠬᠦᠳᠡᠭᠡ ᠲᠤᠰᠬᠤᠨ ᠢ ᠡᠭᠦᠳᠣᠨ ᠪᠠᠶᠢᠭᠤᠯᠬᠤ ᠳᠦᠷᠣ ᠶᠢᠨ ᠪᠣᠳᠣᠯᠭ᠎ᠠ ᠶᠢᠨ ᠳᠣᠬᠢᠶᠠᠯ ᠢ ᠠᠳᠬᠤᠨ ᠪᠦᠬᠦ ᠬᠦᠴᠤ ᠪᠠᠷ ᠪᠠᠨ ᠬᠦᠳᠡᠭᠡ ᠲᠤᠰᠬᠤᠨ ᠤ ᠵᠤᠭᠠᠴᠠᠯ ᠤᠨ ᠦᠢᠯᠡᠰ ᠢ ᠬᠦᠭᠵᠢᠬᠦᠯᠣᠯ᠎ᠡ᠃ ᠨᠢᠭᠡ ᠵᠢᠯ  ᠤᠨ ᠴᠢᠷᠮᠠᠶᠢᠯᠭ᠎ᠠ ᠪᠠᠷ᠂ ᠳᠣᠰᠬᠤᠨ ᠳᠤ ᠨᠦᠬᠡᠨ ᠭᠡᠷ ᠤᠨ ᠮᠦᠽᠸᠢ ᠶᠢ ᠪᠠᠶᠢᠭᠤᠯᠣᠭᠰᠠᠨ ᠢᠶᠠᠷ ᠪᠠᠷᠠᠬᠤ ᠦᠬᠡᠢ ᠤᠰᠤᠨ ᠭᠠᠷᠤᠯᠲᠠ ᠶᠢᠨ ᠳᠡᠵᠢᠭᠡᠪᠦᠷᠢ ᠶᠢᠨ ᠣᠶᠢᠯᠡᠰ᠂ ᠦᠵᠣᠮ᠂ ᠠᠯᠮᠣᠷᠠᠳ᠂ ᠯᠢᠩᠬᠤᠸ᠎ᠠ ᠴᠡᠴᠡᠭ ᠲᠠᠷᠢᠬᠤ ᠵᠡᠷᠭᠡ ᠵᠢᠷᠭᠤᠭᠠᠨ ᠶᠡᠭᠡ ᠰᠠᠭᠤᠷᠢᠨ ᠭᠠᠵᠠᠷ ᠢ ᠠᠩᠬ᠎ᠠ ᠠᠯᠬᠤᠮ ᠪᠦᠷᠢᠯᠳᠣᠭᠦᠯᠣᠨ ᠤᠳᠠ ᠶᠢᠨ ᠭᠤᠤᠯ ᠲᠤᠰᠬᠤᠨ ᠤ ᠬᠦᠳᠡᠭᠡ ᠲᠤᠰᠬᠤᠨ ᠤ ᠵᠤᠭᠠᠴᠠᠯ ᠤᠨ ᠦᠢᠯᠡᠰ ᠤᠨ ᠠᠩᠬ᠎ᠠ ᠠᠯᠬᠤᠮ ᠤᠨ ᠬᠡᠯᠪᠡᠷᠢᠵᠢᠯ ᠢ ᠪᠣᠢ ᠪᠣᠯᠭᠠᠯ᠎ᠠ᠃ ᠣᠳᠣᠬᠠᠨ ᠳᠤ᠂ ᠭᠤᠤᠯ ᠤᠨ ᠰᠠᠪᠡ ᠲᠠᠭᠠᠤ ᠪᠠᠶᠢᠭ᠎ᠠ ᠲᠠᠷᠢᠶᠠᠴᠢᠳ ᠦᠷᠭᠦᠯᠵᠢᠯᠡᠨ ᠠᠮᠢ ᠠᠬᠤᠢ ᠶᠢᠨ ᠲᠠᠷᠢᠶᠠᠯᠠᠩ ᠢ ᠬᠦᠭᠵᠢᠬᠦᠯᠣᠨ ᠭᠤᠤᠯ ᠠᠴᠠ ᠵᠠᠶᠢᠳᠡᠭᠤ ᠪᠡᠶᠢᠭ᠎ᠠ ᠲᠠᠷᠢᠶᠠᠴᠢᠳ ᠨᠢ ᠯᠢ ᠵᠢᠶᠠᠨ ᠰᠢᠶᠠ ᠲᠠᠢ ᠠᠳᠠᠯᠢ ᠦᠪᠡᠷ ᠦᠪᠡᠷ  ᠤᠨ ᠢᠶᠠᠨ ᠣᠷ᠎ᠠ ᠮᠠᠷᠭᠡᠵᠢᠯ ᠢ ᠳᠣᠪᠣᠶᠢᠯᠭᠠᠭᠰᠠᠨ ᠭᠠᠷ ᠣᠷᠠᠯᠠᠯ᠂ ᠢᠳᠡᠭᠡᠨ ᠣᠮᠳᠠᠭᠠᠨ ᠤ ᠪᠦᠳᠣᠭᠡᠭᠳᠡᠬᠦᠨ ᠢᠶᠠᠨ ᠬᠢᠵᠣ ᠣᠷᠣᠯᠭ᠎ᠠ ᠪᠠᠨ ᠨᠠᠮᠡᠭᠳᠡᠭᠦᠯᠣᠨ ᠯᠧᠢ ᠮᠢᠩ ᠳ᠋ᠦᠩ ᠤᠨ ᠭᠡᠯᠡᠭᠰᠡᠨᠴᠢᠯᠡᠨ ᠲᠠᠷᠢᠶᠠᠴᠢᠳ ᠤᠨ ᠬᠦᠭᠵᠢᠶᠠᠨ ᠨᠠᠷᠬᠢᠶᠠᠨ ᠲᠠᠢ ᠬᠦᠳᠡᠯᠮᠣᠷᠢ ᠠᠮᠢᠳᠣᠷᠠᠯ ᠨᠢ ᠶᠠᠳᠠᠭᠤ ᠠᠴᠠ ᠠᠩᠬᠢᠵᠢᠷᠠᠨ ᠪᠠᠶᠠᠵᠢᠨ ᠴᠢᠨᠡᠭᠡᠯᠢᠭᠵᠢᠬᠦ ᠡᠬᠢᠯᠡᠯᠳᠡ ᠪᠣᠯᠣᠯ᠎ᠠ᠃      ᠯᠧᠢ ᠮᠢᠩ ᠳ᠋ᠦᠩ᠄ ︽ᠪᠢᠳᠠ ᠲᠠᠷᠢᠶᠠᠴᠢᠳ ᠲᠤ ᠦᠵᠡᠯ ᠰᠠᠨᠠᠭ᠎ᠠ᠂ ᠠᠵᠤ ᠦᠢᠯᠡᠰ ᠤᠨ ᠳᠡᠳᠭᠦᠯᠳᠡ ᠵᠡᠷᠭᠡ ᠬᠤᠶᠠᠷ ᠲᠠᠯ᠎ᠠ ᠪᠠᠷ ᠳᠣᠰᠠᠯᠠᠵᠣ᠂ ᠦᠵᠡᠯ ᠰᠠᠨᠠᠭᠠᠨ ᠤ ᠲᠠᠯ᠎ᠠ ᠳᠤ ᠳᠡᠳᠡᠨ ᠤ ᠦᠵᠡᠯᠳᠡ ᠲᠠᠨᠢᠯᠲᠠ ᠶᠢ ᠳᠡᠭᠡᠭᠰᠢᠯᠡᠭᠦᠯᠦᠨ᠂ ᠡᠷᠳᠡᠬᠡᠨ ᠶᠠᠳᠠᠭᠤ ᠠᠴᠠ ᠠᠩᠬᠢᠵᠢᠷᠠᠬᠤ ᠢᠳᠡᠭᠡᠯ ᠵᠣᠷᠢᠭ ᠢ ᠪᠤᠢ ᠪᠣᠯᠭᠠᠵᠣ ᠠᠵᠤ ᠦᠢᠯᠡᠰ ᠤᠨ ᠲᠠᠯ᠎ᠠ ᠪᠠᠷ ᠵᠠᠰᠠᠭ ᠤᠨ ᠤᠷᠲᠤᠨ ᠤ ᠠᠵᠤ ᠦᠢᠯᠡᠰ ᠤᠨ ᠲᠠᠮᠵᠢᠯᠭᠡ ᠠᠴᠠ ᠭᠠᠳᠠᠨ᠎ᠠ ᠪᠠᠰᠠ ᠳᠡᠳᠡᠭᠡᠷ ᠤᠨ ᠡᠨᠡ ᠬᠦ ᠮᠠᠨᠳᠠᠤ ᠵᠢᠩᠨᠡᠬᠦ᠂ ᠬᠦᠷᠣᠮᠠᠯ ᠰᠠᠭᠰᠤ ᠬᠢᠬᠦ ᠵᠡᠷᠭᠡ ᠭᠠᠷ ᠣᠷᠠᠯᠠᠯ ᠤᠨ ᠪᠦᠳᠣᠭᠡᠭᠳᠡᠬᠦᠨ ᠢ ᠶᠡᠭᠡ ᠬᠡᠮᠵᠢᠶ᠎ᠡ ᠪᠠᠷ ᠣᠬᠠᠭᠤᠯᠣᠨ ᠪᠣᠷᠣᠯᠠᠭᠤᠯᠵᠣ ᠣᠷᠣᠯᠭ᠎ᠠ ᠶᠢ ᠨᠢ ᠨᠡᠮᠡᠭᠳᠡᠭᠦᠯᠣᠨ ᠶᠠᠳᠠᠭᠤ ᠠᠴᠠ ᠠᠩᠬᠢᠵᠢᠷᠠᠵᠤ ᠪᠠᠶᠠᠵᠢᠨ ᠴᠢᠨᠡᠭᠡᠯᠢᠭᠵᠢᠬᠦ ᠢ ᠳᠠᠶᠢᠴᠢᠯᠡᠨ ᠳᠠᠭᠠᠭᠤᠯᠵᠤ ᠪᠠᠶᠢᠨ᠎ᠠ᠃ ᠦᠨᠳᠦᠰᠦᠨ ᠱᠠᠳᠤᠨ ᠤ ᠠᠵᠢᠯ ᠬᠢᠬᠦ ᠪᠠᠷ ᠲᠠᠮᠵᠢᠨ᠂ ᠪᠢ ᠰᠠᠶ᠋ᠢ ᠤᠯᠠᠨ ᠶᠠᠭᠤᠮ᠎ᠠ ᠮᠡᠳᠡᠯ᠎ᠡ᠃ ᠦᠨᠳᠦᠰᠦᠨ ᠱᠠᠳᠤᠨ ᠤ ᠠᠮᠢᠳᠤᠷᠠᠯ ᠳᠠᠬᠢ ᠵᠦᠷᠢᠴᠡᠯ ᠪᠦᠬᠦᠨ ᠢ ᠡᠷᠬᠡᠪᠰᠢ ᠨᠠᠷᠢᠨ ᠤᠶᠢᠯᠠᠭᠠᠵᠤ᠂ ᠨᠠᠷᠢᠨ ᠪᠠᠶᠢᠴᠠᠭᠠᠨ᠂ ᠦᠵᠡᠯ ᠰᠠᠨᠠᠭᠠᠨ ᠤ ᠬᠦᠮᠦᠵᠢᠯ ᠬᠢᠬᠦ ᠬᠡᠷᠡᠭᠲᠠᠢ᠃ ᠬᠤᠵᠢᠮ᠂ ᠤᠯᠠᠨ ᠲᠦᠮᠡᠨ ᠲᠠᠢ ᠨᠡᠩ ᠢᠯᠡᠬᠦᠤ ᠤᠶᠢᠷᠠᠳᠤᠨ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠪᠠᠷ ᠪᠦᠬᠦ ᠲᠤᠰᠬᠤᠨ ᠤ ᠠᠷᠠᠳ ᠢ ᠬᠠᠪᠰᠤᠷᠤᠨ ᠶᠠᠳᠠᠭᠤ ᠠᠴᠠ ᠠᠩᠬᠢᠵᠢᠷᠠᠭᠤᠯᠵᠤ᠂ ᠡᠷᠳᠡᠭᠡᠨ ᠴᠢᠨᠡᠭᠡᠯᠢᠭ ᠨᠡᠶᠢᠬᠡᠮ ᠳᠤ ᠣᠷᠣᠭᠤᠯᠬᠤ ᠪᠠᠷ ᠴᠢᠷᠮᠠᠶᠢᠨ᠎ᠠ︾ ᠭᠡᠵᠤ ᠶᠠᠷᠢᠵᠤ ᠪᠠᠶᠢᠯ᠎ᠠ᠃      ᠯᠸᠢ ᠮᠢᠩ ᠳ᠋ᠦᠩ ᠶᠠᠳᠠᠭᠤ ᠡᠷᠦᠬᠡ ᠦ᠋ ᠸᠧᠨ ᠴᠢᠨ ᠤ ᠳᠤ ᠬᠦᠷᠬᠦ ᠳᠤ᠂ ᠬᠠᠪᠰᠤᠷᠤᠯᠴᠠᠨ ᠬᠠᠮᠳᠤᠪᠠᠷ ᠪᠠᠶᠢᠭᠤᠯᠬᠤ ᠪᠠᠶᠢᠭᠤᠯᠭ᠎ᠠ ᠶᠢᠨ ᠲᠤᠬᠤᠨᠢᠭᠤᠯᠭ᠎ᠠ ᠶᠢᠨ ᠲᠤᠭᠤᠶᠢᠯᠠᠩ ᠤᠨ ᠬᠢᠨ ᠨᠢᠬᠡᠨᠳᠡ ᠳᠡᠨᠳᠡ ᠢᠷᠡᠴᠢᠬᠡᠭᠰᠡᠨ ᠪᠠᠶᠢᠯ᠎ᠠ᠃ ᠦ᠋ ᠸᠧᠨ ᠴᠢᠨ᠂ ᠨᠦᠬᠦᠷ ᠲᠠᠢ ᠪᠠᠨ ᠬᠤᠶᠠᠭᠤᠯᠠ ᠪᠦᠷ ᠵᠡᠮᠳᠡᠭ ᠶᠤᠮ᠃ ᠨᠢᠬᠡ ᠵᠢᠯ ᠤᠨ ᠡᠮᠦᠨ᠎ᠡ᠂ ᠯᠸᠢ ᠮᠢᠩ ᠳ᠋ᠦᠩ ᠬᠠᠪᠰᠤᠷᠬᠤ ᠪᠠᠶᠢᠭᠤᠯᠭ᠎ᠠ ᠲᠠᠢ ᠵᠦᠪᠳᠡᠯᠴᠡᠵᠦ ᠪᠠᠶᠢᠭᠠᠳ᠂ ᠳᠡᠳᠡᠨ ᠤ ᠬᠢᠨ ᠳᠤ ᠭᠤᠷᠪᠠᠨ ᠦᠨᠢᠶ᠎ᠡ ᠦᠭᠭᠦ ᠶᠢᠨ ᠬᠠᠮᠲᠤ ᠦᠬᠡᠷ ᠤᠨ ᠰᠠᠷᠠᠪᠴᠢ ᠪᠠᠷᠢᠵᠤ ᠦᠭᠭᠦᠭᠰᠡᠨ ᠪᠡᠶᠢᠨ᠎ᠠ᠃      ᠦ᠋ ᠸᠧᠨ ᠴᠢᠨ᠄ ︽ᠤᠤᠯ ᠳᠤ ᠪᠠᠨ ᠮᠠᠨ ᠤ ᠬᠢᠨ ᠮᠠᠰᠢ ᠬᠦᠴᠢᠷᠳᠡᠵᠦ ᠪᠠᠶᠢᠯ᠎ᠠ᠃ ᠤᠳᠤ ᠳᠠᠶᠠᠭᠠᠷ ᠤᠨ ᠬᠠᠪᠰᠤᠷᠤᠯᠭ᠎ᠠ ᠪᠠᠷ ᠠᠮᠢᠳᠣᠷᠠᠯ ᠰᠠᠶᠢᠨ ᠪᠤᠯᠤᠯ᠎ᠠ᠃ ᠦᠬᠡᠷ ᠬᠤᠨᠢ ᠪᠦᠷ ᠪᠠᠶᠢᠨ᠎ᠠ᠃ ᠮᠠᠰᠢᠨ ᠮᠧᠬᠠᠨᠢᠭ ᠴᠦ ᠪᠠᠶᠢᠨ᠎ᠠ ᠃ ᠦᠨᠢᠶ᠎ᠡ ᠴᠦ ᠤᠳᠠᠯ ᠦᠬᠡᠢ ᠲᠤᠭᠤᠯᠯᠠᠴᠢᠬᠠᠨ᠎ᠠ︾ ᠭᠡᠵᠤ ᠪᠠᠶᠠᠷᠲᠠᠢ ᠶᠠᠷᠢᠵᠤ ᠪᠠᠶᠢᠯ᠎ᠠ᠃      ᠣᠳᠣᠬᠠᠨ ᠪᠣᠯᠬᠤ ᠳᠤ᠂ ᠣᠳᠠ ᠶᠢᠨ ᠭᠤᠣᠯ ᠲᠤᠰᠬᠤᠨ ᠤ ᠬᠠᠮᠳᠣ ᠶᠢᠨ ᠠᠵᠤ ᠠᠬᠤᠢ ᠬᠦᠴᠣᠷᠭᠡᠭᠵᠢᠵᠣ ᠲᠤᠰᠬᠤᠨ ᠤ ᠲᠠᠷᠢᠶᠠᠴᠢᠳ ᠴᠦ ᠬᠦᠳᠡᠭᠡ ᠲᠤᠰᠬᠤᠨ ᠤ ᠵᠤᠭᠠᠴᠠᠯ ᠤᠨ ᠣᠶᠢᠯᠡᠰ ᠤᠨ ᠬᠦᠭᠵᠢᠬᠦᠯᠣᠯᠳᠡ ᠳᠤ ᠬᠦᠨᠵᠡᠬᠡᠢ ᠤᠶᠢᠯᠠᠭᠠᠯᠳᠠ ᠲᠠᠢ ᠪᠣᠯᠵᠣ ᠳᠠᠶᠠᠭᠠᠷ ᠤᠨ ᠣᠷᠣᠯᠭ᠎ᠠ ᠨᠡᠮᠡᠭᠳᠡᠯ᠎ᠡ᠃ ᠨᠠᠮ ᠤᠨ ᠳᠦᠪ ᠬᠤᠷᠢᠶᠠᠨ ᠤ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠣᠷᠢᠶᠠᠯᠠᠭ᠎ᠠ ᠶᠢ ᠰᠤᠨᠤᠰᠤᠭᠰᠠᠨ ᠯᠸᠢ ᠮᠢᠩ ᠳ᠋ᠦᠩ ᠠᠳᠡ ᠪᠠᠰᠠ ᠨᠢᠬᠡ ᠵᠢᠯ ᠦᠷᠭᠦᠯᠵᠢᠯᠡᠨ ᠳᠣᠰᠢᠶᠠᠯ ᠡᠬᠦᠷᠭᠡᠯᠡᠬᠦ ᠪᠠᠷ ᠭᠤᠶᠣᠪᠴᠢᠯᠡᠵᠣ ᠣᠯᠠᠨ ᠳᠦᠮᠡᠨ ᠤ ᠳᠣᠮᠳᠡ ᠵᠠᠯᠠᠭᠤ ᠨᠠᠰᠣᠨ ᠤ ᠵᠣᠯᠪᠣᠭᠠᠳᠣ ᠣᠶᠢᠯᠠᠰ ᠤᠨ ᠵᠢᠳᠬᠦᠯ ᠴᠢᠷᠮᠠᠶᠢᠯᠭ᠎ᠠ ᠭᠠᠷᠠᠭᠠᠬᠤ ᠪᠠᠷ ᠪᠡᠶᠢᠨ᠎ᠠ᠃  
 
ᠢᠷᠡᠯᠲᠡ᠄ ᠥᠥᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号