ᠰᠦᠯᠳᠡ ᠰᠤᠮᠤ ᠬᠠᠪᠤᠷ ᠤᠨ ᠤᠯᠠᠷᠢᠯ ᠤᠨ ᠤᠶᠢᠵᠢᠭᠤᠯᠭ᠎ᠠ ᠶᠢᠨ ᠠᠵᠢᠯ ᠢᠶᠠᠨ ᠢᠳᠡᠪᠬᠢᠳᠡᠢ ᠬᠢᠵᠤ ᠪᠤᠢ
ᠨᠡᠶᠢᠲᠡᠯᠡᠭᠰᠡᠨ ᠴᠠᠭ᠄
2018-04-20
      ᠨᠠᠮ ᠤᠨ ᠠᠷᠪᠠ ᠶᠢᠰᠤᠳᠤᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠤᠱᠯᠠᠭᠤᠯᠵᠤ᠂ ︽ᠬᠦᠬᠡᠮᠳᠤᠭ᠌ ᠠᠭᠤᠯᠠ ᠴᠡᠩᠬᠡᠭ ᠤᠰᠤ ᠪᠤᠯ ᠠᠯᠳᠠ ᠮᠦᠩᠭᠦᠨ ᠠᠭᠤᠯᠠ︾ ᠬᠡᠬᠦ ᠬᠦᠭᠵᠢᠯᠳᠡ ᠎ ᠶᠢᠨ ᠤᠶᠢᠯᠠᠭᠠᠭᠳᠠᠭᠤᠨ ᠢ ᠦᠢᠯᠡᠳᠤᠯᠭᠡᠵᠢᠭᠦᠯᠤᠨ᠂  ᠵᠢᠪᠬᠤᠭᠠᠳᠤ ᠰᠦᠯᠳᠡ ᠶᠢᠨ ᠠᠮᠢ ᠠᠬᠤᠢ ᠶᠢᠨ ᠪᠤᠯᠪᠠᠰᠤᠨ ᠤ ᠪᠦᠳᠤᠭᠡᠨ ᠪᠠᠶᠢᠭᠤᠯᠤᠯᠳᠠ ᠶᠢ ᠲᠦᠯᠬᠢᠨ ᠠᠬᠢᠭᠤᠯᠬᠤ ᠶᠢᠨ ᠲᠤᠰᠠᠳᠠ᠂ ᠤᠶᠢᠷ᠎ᠠ ᠶᠢᠨ ᠡᠳᠤᠷ ᠰᠦᠯᠳᠡ ᠰᠤᠮᠤ ᠬᠠᠪᠤᠷ ᠤᠨ ᠤᠯᠠᠷᠢᠯ ᠤᠨ ᠤᠶᠢᠵᠢᠭᠤᠯᠭ᠎ᠠ ᠶᠢᠨ ᠠᠵᠢᠯ ᠢᠶᠠᠨ ᠢᠳᠡᠪᠬᠢᠳᠡᠢ ᠬᠢᠵᠤ ᠪᠤᠢ᠃      4 ᠰᠠᠷ᠎ᠠ ᠶᠢᠨ16᠎ ᠤ ᠡᠳᠤᠷ᠂ ᠰᠦᠯᠳᠡ ᠰᠤᠮᠤ ᠺᠠᠳ᠋ᠷ ᠠᠵᠢᠯᠳᠡᠨ ᠢᠶᠠᠨ ᠵᠤᠬᠢᠶᠠᠨ ᠪᠠᠶᠢᠭᠤᠯᠵᠤ ᠴᠤᠤᠳᠠᠢ ᠭᠠᠴᠠᠭᠠᠨ ᠤ ᠪᠠᠭ᠎ᠠ ᠭᠤᠤᠯ ᠤᠨ ᠬᠦᠪᠡᠭᠡᠨ ᠳᠠᠬᠢ ᠤᠶᠢᠵᠢᠭᠤᠯᠭ᠎ᠠ ᠶᠢᠨ ᠭᠠᠵᠠᠷ ᠲᠤ ᠬᠠᠪᠤᠷ ᠤᠨ ᠤᠯᠠᠷᠢᠯ ᠤᠨ ᠠᠯᠪᠠᠨ ᠵᠢᠷᠤᠮ ᠤᠨ ᠦᠢᠵᠢᠭᠤᠯᠭ᠎ᠠ ᠬᠢᠵᠤ᠂ ᠤᠯᠠᠨ ᠢᠶᠠᠷ ᠢᠶᠠᠨ ᠬᠠᠮᠵᠢᠯᠴᠠᠨ ᠢᠳᠡᠪᠬᠢᠳᠡᠢ ᠠᠵᠢᠯᠯᠠᠵᠤ᠂ ᠬᠤᠶᠠᠷ ᠵᠠᠭᠤ ᠭᠠᠷᠤᠢ ᠮᠤ᠋ ᠶᠢᠨ ᠲᠤᠷᠯᠤᠭ ᠤᠨ ᠰᠤᠶᠤᠭ᠎ᠠ ᠲᠠᠷᠢᠬᠤ ᠠᠵᠢᠯ ᠢᠶᠠᠨ ᠠᠮᠵᠢᠯᠳᠡ ᠲᠠᠢ ᠲᠠᠭᠤᠰᠬᠠᠪᠠ᠃      ᠤᠶᠢᠯᠠᠭᠠᠭᠰᠠᠨ ᠢᠶᠠᠷ᠂ ᠡᠨᠡ ᠬᠠᠪᠤᠷ ᠰᠦᠯᠳᠡ ᠰᠤᠮᠤᠨ ᠤ ᠡᠯ᠎ᠡ ᠨᠠᠮ ᠤᠨ ᠭᠡᠰᠢᠭᠦᠨ᠂ ᠭᠠᠴᠠᠭ᠎ᠠ ᠲᠤᠰᠬᠤᠨ ︵ᠨᠡᠶᠢᠬᠡᠮ ᠲᠤᠭᠤᠷᠢᠭ︶  ᠎ ᠤ ︽ᠭᠤᠷᠪᠡᠨ ᠵᠦᠪᠯᠡᠯ︾᠎ ᠤᠨ ᠭᠡᠰᠢᠭᠦᠳ᠂ ᠭᠠᠴᠠᠭ᠎ᠠ ᠲᠠᠭᠠᠭᠠᠴᠢᠯᠠᠵᠤ ᠪᠠᠶᠢᠭ᠎ᠠ ᠬᠤᠰᠢᠭᠤ ᠠᠯᠪᠠᠨ ᠪᠠᠶᠢᠭᠤᠯᠭ᠎ᠠ ᠶᠢᠨ ᠺᠠᠳ᠋ᠷ ᠠᠵᠢᠯᠳᠠᠨ ᠬᠠᠮᠳᠤᠷᠠᠯᠴᠠᠨ ᠬᠠᠪᠤᠷ ᠤᠨ ᠤᠶᠢᠵᠢᠭᠤᠯᠭ᠎ᠠ ᠶᠢᠨ ᠠᠵᠢᠯ ᠢ ᠢᠳᠡᠪᠬᠢᠲᠠᠢ ᠬᠢᠵᠤ᠂ ᠤᠷᠴᠢᠨ ᠲᠤᠭᠤᠷᠢᠨ ᠤ ᠬᠠᠮᠠᠭᠠᠯᠠᠯᠳᠠ ᠶᠢᠨ ᠦᠢᠯᠡᠰ ᠲᠤ ᠢᠳᠡᠪᠬᠢᠳᠡᠢ ᠤᠷᠤᠯᠴᠠᠵᠤ᠂ ᠪᠤᠳᠠᠳᠤ ᠦᠢᠯᠡ ᠠᠵᠢᠯᠯᠠᠭ᠎ᠠ ᠪᠠᠷ ᠢᠶᠠᠨ ᠡᠬᠡ ᠨᠤᠳᠤᠭ ᠢᠶᠠᠨ ᠴᠤᠭᠴᠠᠯᠠᠨ ᠪᠠᠶᠢᠭᠤᠯᠬᠤ ᠦᠢᠯᠡᠰ ᠲᠤ ᠦᠪᠡᠷ ᠤᠨ ᠬᠤᠪᠢ ᠨᠡᠮᠡᠷᠢ ᠪᠠᠨ ᠦᠵᠡᠭᠦᠯᠵᠤ ᠶᠠᠭᠠᠷᠠᠯᠳᠤᠵᠤ ᠪᠠᠶᠢᠨ᠎ᠠ᠃
 
ᠢᠷᠡᠯᠲᠡ᠄ ᠰᠦᠯᠳᠡ ᠰᠤᠮᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号