ᠲᠤᠮᠳᠠᠳᠤ ᠤᠯᠤᠰ ᠤᠨ ᠡᠪ ᠬᠠᠮᠳᠤ ᠨᠠᠮ ᠤᠨ ᠲᠤᠭ ᠪᠠᠯᠭᠠᠰᠤᠨ ᠤ ᠭᠤᠷᠪᠠᠳᠤᠭᠠᠷ ᠬᠤᠭᠤᠴᠠᠭᠠᠨ ᠤ ᠲᠦᠯᠦᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠠᠮᠵᠢᠯᠲᠠᠲᠠᠢ ᠬᠤᠷᠠᠯᠳᠤᠪᠠ
ᠨᠡᠶᠢᠲᠡᠯᠡᠭᠰᠡᠨ ᠴᠠᠭ᠄
2018-04-20
     4 ᠰᠠᠷ᠎ᠠ ᠶᠢᠨ10᠎ ᠤ ᠡᠳᠦᠷ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠤᠭ ᠪᠠᠯᠭᠠᠰᠤᠨ ᠤ ᠭᠤᠷᠪᠠᠳᠤᠭᠠᠷ ᠬᠤᠭᠤᠴᠠᠭᠠᠨ ᠤ ᠲᠦᠯᠦᠭᠡᠯᠡᠭᠴᠢᠳ ᠤᠨ  ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠠᠮᠵᠢᠯᠲᠠᠲᠠᠢ ᠬᠤᠷᠠᠯᠳᠤᠪᠠ᠃ ᠪᠠᠯᠭᠠᠰᠤᠨ ᠤ ᠬᠠᠮᠢᠶ᠎ᠠ ᠪᠦᠬᠦᠢ ᠤᠳᠤᠷᠢᠳᠤᠯᠭ᠎ᠠ ᠪᠤᠯᠤᠨ ᠪᠦᠬᠦ ᠪᠠᠯᠭᠠᠰᠤᠨ ᠤ 64 ᠨᠡᠷ᠎ᠡ ᠨᠠᠮ ᠤᠨ ᠲᠦᠯᠦᠭᠡᠯᠡᠭᠴᠢ ᠬᠤᠷᠠᠯ ᠳᠤ ᠤᠷᠤᠯᠴᠠᠵᠤ᠂ ᠨᠠᠮ ᠤᠨ ᠭᠡᠰᠢᠬᠦᠨ ᠺᠠᠳ᠋ᠷ᠂ ᠡᠯ᠎ᠡ ᠭᠠᠴᠠᠭ᠎ᠠ ᠲᠤᠰᠬᠤᠨ ︵ᠨᠡᠶᠢᠬᠡᠮ ᠲᠤᠭᠤᠷᠢᠭ︶᠎ ᠤ ︽ᠭᠤᠷᠪᠠᠨ ᠵᠦᠪᠯᠡᠯ︾᠎ ᠤᠨ ᠬᠠᠷᠢᠭᠤᠴᠠᠯᠭᠠᠲᠠᠨ᠂ ᠡᠯ᠎ᠡ ᠪᠠᠶᠢᠭᠤᠯᠭ᠎ᠠ ᠨᠢᠭᠡᠴᠢ ᠶᠢᠨ ᠬᠠᠷᠢᠭᠤᠴᠠᠯᠭᠠᠲᠠᠨ ᠵᠢᠴᠢ ᠤᠶᠤᠲᠠᠨ ᠭᠠᠴᠠᠭᠠᠨ ᠲᠠᠷᠤᠭ᠎ᠠ᠂ ᠲᠤᠰᠬᠤᠨ ᠳᠤ ᠰᠠᠭᠤᠭ᠎ᠠ ᠺᠠᠳ᠋ᠷ᠂ ᠨᠢᠭᠡᠳᠤᠭᠡᠷ ᠱᠥᠵᠢ᠂ ᠠᠯᠪᠠᠨ ᠪᠠᠶᠢᠭᠤᠯᠭ᠎ᠠ ᠶᠢᠨ ᠪᠥᠭᠦ ᠨᠠᠮ ᠤᠨ ᠭᠡᠰᠢᠭᠦᠨ ᠬᠤᠷᠠᠯ ᠳᠤ ᠰᠤᠯᠠ ᠤᠷᠤᠯᠴᠠᠪᠠ᠃      ᠬᠤᠷᠠᠯ ᠲᠡᠭᠡᠷ᠎ᠡ᠂  ᠪᠠᠯᠭᠠᠰᠤᠨ ᠤ ᠨᠠᠮ ᠤᠨ ᠬᠤᠷᠢᠶᠠᠨ ᠤ ᠤᠳᠤᠷᠢᠳᠬᠤ ᠪᠠᠭ ᠤᠨ ᠪᠦᠷᠢᠯᠳᠦᠭᠦᠨ ᠤ ᠲᠤᠰᠢᠶᠠᠯ ᠤᠨ ᠮᠡᠳᠡᠬᠦᠯᠦᠯᠲᠡ ᠪᠤᠯᠤᠨ ᠠᠷᠢᠭᠤᠨ ᠴᠢᠭᠡᠴᠢ ᠪᠠᠷ ᠵᠠᠰᠠᠭ ᠪᠠᠷᠢᠬᠤ ᠮᠡᠳᠡᠭᠦᠯᠦᠯᠲᠡ ᠶᠢ ᠭᠢᠨᠠᠨ ᠵᠥᠪᠯᠠᠭᠦ ᠎ ᠶᠢᠨ ᠬᠠᠮᠲᠤ ᠪᠠᠯᠭᠠᠰᠤᠨ ᠤ ᠨᠠᠮ ᠤᠨ ᠬᠤᠷᠢᠶᠠᠨ ᠤ ᠤᠳᠤᠷᠢᠳᠬᠤ ᠪᠠᠭ ᠪᠠ ᠪᠦᠷᠢᠯᠳᠦᠭᠦᠨ ᠳᠤ ᠠᠷᠠᠳᠴᠢᠯᠠᠯ ᠤᠨ ᠭᠢᠨᠠᠨ ᠥᠨᠠᠯᠠᠯᠳᠠ ᠭᠢᠪᠡ᠃ ᠬᠤᠷᠠᠯ ᠠᠴᠠ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠤᠭ ᠪᠠᠯᠭᠠᠰᠤᠨ ᠤ ᠭᠤᠷᠪᠠᠳᠤᠭᠠᠷ ᠬᠤᠭᠤᠴᠠᠭᠠᠨ ᠤ ᠲᠦᠯᠦᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠤ ᠨᠠᠮ ᠎ ᠤᠨ ᠬᠤᠷᠢᠶᠠᠨ ᠤ ᠠᠵᠢᠯ ᠤᠨ ᠮᠡᠳᠡᠭᠦᠯᠦᠯᠲᠡ ᠶᠢᠨ ᠲᠤᠬᠠᠢ ᠰᠢᠢᠳᠪᠤᠷᠢ ︵ᠲᠦᠰᠦᠯ︶᠂  ᠲᠤᠮᠳᠠᠳᠤ ᠤᠯᠤᠰ ᠤᠨ ᠡᠪ ᠬᠠᠮᠳᠤ ᠨᠠᠮ ᠤᠨ ᠲᠤᠭ ᠪᠠᠯᠭᠠᠰᠤᠨ ᠤ ᠭᠤᠷᠪᠠᠳᠤᠭᠠᠷ ᠬᠤᠭᠤᠴᠠᠭᠠᠨ ᠤ ᠲᠦᠯᠦᠭᠡᠯᠡᠭᠴᠢᠳ ᠤᠨ ᠶᠡᠭᠡ ᠬᠤᠷᠠᠯ ᠎ ᠤᠨ ᠭᠤᠷᠪᠠᠳᠤᠭᠠᠷ ᠬᠤᠷᠠᠯᠳᠤᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠭᠦᠯᠦᠯᠲᠡ  ᠎ ᠶᠢᠨ ᠲᠤᠬᠠᠢ ᠰᠢᠢᠳᠪᠦᠷᠢ ︵ᠲᠦᠰᠦᠯ︶᠎ ᠶᠢ ᠬᠢᠨᠠᠨ  ᠪᠠᠲᠤᠯᠠᠪᠠ᠃      ᠬᠤᠷᠠᠯ ᠠᠴᠠ ᠱᠠᠭᠠᠷᠳᠠᠬᠤ ᠳᠠᠭᠠᠨ ᠪᠦᠬᠦ ᠪᠠᠯᠭᠠᠰᠤ ᠪᠠᠷ ᠢᠶᠠᠨ ᠲᠤᠰ ᠤᠳᠠᠭᠠᠨ ᠤ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠤᠬᠠᠭᠤᠯᠬᠤ ᠶᠢ  ᠤᠳᠤᠬᠠᠨ ᠤ ᠤᠯᠤᠰ ᠲᠦᠷᠦ ᠶᠢᠨ ᠴᠢᠬᠤᠯᠠ ᠡᠭᠦᠷᠭᠡ  ᠪᠤᠯᠭᠠᠵᠤ᠂ ᠬᠤᠷᠠᠯ ᠤᠨ ᠵᠤᠷᠢᠭ ᠰᠠᠨᠠᠭᠠᠨ ᠤ ᠮᠦᠨ ᠴᠢᠨᠠᠷ ᠢ ᠭᠦᠨᠵᠡᠭᠡᠢ ᠲᠠᠨᠢᠵᠤ᠂ ᠬᠤᠷᠠᠯ ᠤᠨ ᠵᠤᠷᠢᠭ ᠰᠠᠨᠠᠭ᠎ᠠ ᠪᠠᠷ ᠲᠠᠷᠢᠬᠢ ᠲᠤᠯᠤᠭᠠᠢ ᠪᠠᠨ ᠵᠡᠪᠰᠡᠭᠯᠡᠵᠦ᠂ ᠦᠢᠯᠡᠳᠦᠯᠭᠡ ᠶᠢ ᠵᠢᠯᠤᠭᠤᠳᠤᠨ ᠠᠵᠢᠯ ᠢ ᠠᠬᠢᠭᠤᠯᠤᠨ ᠡᠯ᠎ᠡ ᠲᠦᠷᠦᠯ ᠤᠨ ᠬᠠᠷᠠᠯᠲᠠ ᠡᠭᠦᠷᠬᠡ ᠪᠠᠨ  ᠠᠮᠵᠢᠯᠲᠠᠲᠠᠢ  ᠪᠡᠶᠡᠯᠡᠬᠦᠯᠬᠦ ᠶᠢ ᠪᠠᠲᠤᠯᠠᠬᠤ ᠬᠡᠷᠡᠭᠲᠡᠢ᠃ ᠦᠷᠭᠡᠨ ᠤᠯᠠᠨ ᠨᠠᠮ ᠤᠨ ᠭᠡᠰᠢᠬᠦᠨ ᠺᠠᠳ᠋ᠷᠴᠤᠳ ᠲᠤᠰ ᠤᠳᠠᠭᠠᠨ ᠤ ᠬᠤᠷᠠᠯ ᠤᠨ ᠰᠢᠢᠳᠪᠦᠷᠢᠲᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠬᠤᠶᠢᠰᠢᠲᠡ ᠎ ᠶᠢᠨ ᠠᠵᠢᠯ ᠤᠨ ᠢᠶᠠᠨ ᠴᠢᠬᠤᠯᠠ ᠶᠡᠭᠡ ᠡᠭᠦᠷᠭᠡ ᠪᠠᠨ ᠪᠤᠯᠭᠠᠵᠤ᠂ ᠳᠡᠭᠡᠲᠤ ᠬᠡᠮᠵᠢᠶᠡᠨ ᠤ ᠦᠵᠡᠯ ᠰᠠᠨᠠᠭᠠᠨ ᠤ ᠤᠬᠠᠮᠰᠠᠷ᠂ ᠤᠯᠤᠰ ᠲᠦᠷᠦ ᠶᠢᠨ ᠤᠬᠠᠮᠰᠠᠷ ᠪᠤᠯᠤᠨ ᠦᠢᠯᠡ ᠠᠵᠢᠯᠯᠠᠭᠠᠨ ᠤ ᠤᠬᠠᠮᠰᠠᠷ  ᠎ ᠢᠶᠠᠷ ᠠᠵᠢᠯ ᠢ ᠠᠬᠢᠭᠤᠯᠤᠨ ᠪᠤᠲᠠᠲᠠᠢ ᠳᠤ ᠨᠠᠶᠢᠳᠠᠪᠤᠷᠢᠵᠢᠭᠤᠯᠵᠤ᠂ ᠡᠯ᠎ᠡ ᠭᠠᠴᠠᠭ᠎ᠠ  ᠲᠤᠰᠬᠤᠨ ︵ᠨᠡᠶᠢᠭᠡᠮ ᠲᠤᠭᠤᠷᠢᠭ︶ ᠲᠤᠰ ᠤᠳᠠᠭᠠᠨ ᠤ ᠬᠤᠷᠠᠯ ᠳᠤ ᠲᠤᠭᠲᠠᠭᠠᠭᠰᠠᠨ ᠭᠤᠤᠯᠳᠠᠯᠭ᠎ᠠ ᠲᠠᠢ ᠠᠵᠢᠯ ᠳᠤ ᠨᠠᠷᠢᠨ ᠵᠠᠳᠠᠯᠤᠯᠲᠠ ᠬᠢᠵᠤ  ᠡᠭᠦᠷᠭᠡ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠪᠤᠳᠠᠲᠤ ᠦᠷ᠎ᠡ ᠠᠰᠢᠭ ᠢ ᠡᠭᠦᠳᠴᠦ᠂ ᠲᠤᠭ ᠪᠠᠯᠭᠠᠰᠤᠨ ᠤ ᠬᠦᠭᠵᠢᠯᠲᠡ ᠶᠢ ᠲᠦᠯᠬᠢᠨ ᠠᠬᠢᠭᠤᠯᠬᠤ ᠬᠡᠷᠡᠭᠲᠠᠢ ᠭᠡᠪᠡ᠃
 
ᠢᠷᠡᠯᠲᠡ᠄ ᠥᠥᠰᠢᠨ ᠬᠤᠰᠢᠭᠤᠨ ᠤ ᠷᠠᠳᠢᠤ᠋ ᠲᠧᠯᠸᠢᠰ ᠤᠨ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号