ᠲᠤᠭ ᠪᠠᠯᠭᠠᠰᠤᠨ ᠤ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠎ ᠤᠨ ᠬᠤᠶᠠᠳᠤᠭᠠᠷ ᠬᠤᠷᠠᠯᠳᠤᠭᠠᠨ ᠠᠮᠵᠢᠯᠳᠠᠳᠠᠢ ᠬᠤᠷᠠᠯᠳᠤᠪᠠ
ᠨᠡᠶᠢᠲᠡᠯᠡᠭᠰᠡᠨ ᠴᠠᠭ᠄
2018-04-20
      4 ᠰᠠᠷ᠎ᠠ ᠶᠢᠨ10᠎ ᠤ ᠡᠳᠦᠷ᠂ ᠲᠤᠭ ᠪᠠᠯᠭᠠᠰᠤᠨ ᠤ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠠᠮᠵᠢᠯᠳᠠᠳᠠᠢ ᠬᠤᠷᠠᠯᠳᠤᠪᠠ᠃ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠦᠢᠯᠡᠳᠪᠦᠷᠢ ᠬᠤᠳᠠᠯᠳᠤᠭᠠᠨ ᠤ ᠬᠤᠯᠪᠤᠭᠠᠨ ᠤ ᠲᠡᠷᠢᠬᠦᠯᠡᠭᠴᠢ ᠾᠧ ᠤᠯᠠᠭᠠᠨ ᠬᠤᠷᠠᠯ ᠳᠡᠭᠡᠷ᠎ᠡ ᠵᠢᠭᠠᠨ ᠵᠢᠯᠤᠭᠤᠳᠤᠯᠭ᠎ᠠ ᠬᠢᠪᠠ᠃ ᠪᠦᠬᠦ  ᠪᠠᠯᠭᠠᠰᠤᠨ ᠤ 45 ᠠᠷᠠᠳ ᠤᠨ ᠲᠦᠯᠦᠭᠡᠯᠡᠭᠴᠢ᠂ ᠲᠤᠭ ᠪᠠᠯᠭᠠᠰᠤᠨ ᠤ ᠪᠦᠬᠦ ᠺᠠᠳ᠋ᠷ ᠠᠵᠢᠯᠳᠠᠨ᠂ ᠡᠯ᠎ᠡ ᠭᠠᠴᠠᠭ᠎ᠠ ᠲᠤᠰᠬᠤᠨ ︵ᠨᠡᠶᠢᠬᠡᠮ ᠲᠤᠭᠤᠷᠢᠭ︶᠎ ᠤ ᠬᠤᠶᠠᠷ ᠵᠦᠪᠯᠡᠯ ᠤᠨ ᠬᠠᠷᠢᠭᠤᠴᠠᠯᠭᠠᠳᠠᠨ ᠂ ᠤᠶᠤᠳᠠᠨ ᠭᠠᠴᠠᠭ᠎ᠠ ᠲᠤᠰᠬᠤᠨ ᠤ ᠲᠠᠷᠤᠭ᠎ᠠ ᠵᠢᠴᠢ ᠬᠠᠮᠢᠶ᠎ᠠ ᠪᠦᠬᠦᠢ ᠪᠠᠶᠢᠭᠤᠯᠭ᠎ᠠ ᠶᠢᠨ ᠬᠠᠷᠢᠭᠤᠴᠠᠯᠭᠠᠳᠠᠨ ᠬᠤᠷᠠᠯ ᠎ ᠳᠤ ᠤᠷᠤᠯᠴᠠᠪᠠ᠃      ᠬᠤᠷᠠᠯ ᠳᠡᠭᠡᠷ᠎ᠡ᠂ ᠲᠤᠭ ᠪᠠᠯᠭᠠᠰᠤᠨ ᠤ ᠨᠠᠮ ᠤᠨ ᠬᠤᠷᠢᠶᠠᠨ ᠤ ᠲᠡᠳ᠋ ᠱᠦᠵᠢ ᠪᠠᠯᠭᠠᠰᠤᠨ ᠲᠠᠷᠤᠭ᠎ᠠ ᠬᠠᠰᠴᠢᠮᠡᠭ ᠤᠨ ᠲᠤᠭ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ ᠢ ᠲᠦᠯᠦᠭᠡᠯᠡᠵᠤ ᠬᠢᠭᠰᠡᠨ ︽ᠵᠠᠰᠠᠭ ᠤᠨ ᠤᠷᠳᠤᠨ ᠤ ᠠᠵᠢᠯ ᠤᠨ ᠢᠯᠡᠳᠭᠡᠯ︾  ᠂ ᠪᠠᠯᠭᠠᠰᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠡᠷᠢᠬᠦᠯᠡᠭᠴᠢ ᠬᠠᠰᠴᠢᠯᠠᠭᠤ ᠶᠢᠨ ᠪᠠᠯᠭᠠᠰᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠢ ᠲᠦᠯᠦᠭᠡᠯᠡᠵᠤ ᠬᠢᠭᠰᠡᠨ ︽ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠢᠯᠡᠳᠬᠡᠯ︾᠎ ᠢ ᠰᠤᠨᠤᠰᠬᠤ ᠶᠢᠨ ᠬᠠᠮᠲᠤ ᠬᠢᠨᠠᠨ ᠵᠦᠪᠯᠡᠵᠦ᠂ ︽ᠲᠤᠭ ᠪᠠᠯᠭᠠᠰᠤᠨ ᠤ 2017 ᠤᠨ ᠤ ᠡᠳ᠋ ᠤᠨ ᠵᠠᠰᠠᠭ ᠤᠨ ᠲᠦᠰᠦᠪ ᠢ ᠬᠡᠷᠡᠭᠵᠢᠬᠦᠯᠦᠭᠰᠡᠨ ᠪᠠᠶᠢᠳᠠᠯ ᠵᠢᠴᠢ 2018 ᠤᠨ ᠤ ᠡᠳ᠋ ᠤᠨ ᠵᠠᠰᠠᠭ ᠤᠨ ᠲᠦᠰᠦᠪ ᠤᠨ ᠮᠡᠳᠡᠬᠦᠯᠦᠯᠳᠡ︾᠎ ᠶᠢ ᠬᠢᠨᠠᠨ  ᠪᠠᠳᠤᠯᠠᠭᠰᠠᠨ ᠪᠠᠶᠢᠨ᠎ᠠ᠃      ᠬᠤᠷᠠᠯ ᠤᠨ ᠬᠤᠭᠤᠴᠠᠭᠠᠨ ᠳᠤ᠂ ᠡᠯ᠎ᠡ ᠶᠠᠷᠢᠯᠴᠠᠬᠤ ᠲᠤᠭᠤᠶᠢᠯᠠᠩ ᠤᠨ ᠬᠢᠨ ᠭᠤᠷᠪᠠᠨ ᠠᠵᠢᠯ ᠤᠨ ᠮᠡᠳᠡᠬᠦᠯᠦᠯᠳᠡ ᠶᠢᠨ ᠲᠤᠭᠤᠷᠢᠨ ᠳᠤ ᠶᠠᠷᠢᠯᠴᠠᠭ᠎ᠠ ᠦᠷᠨᠢᠬᠦᠯᠵᠦ᠂ ᠪᠦᠬᠦᠳᠡᠭᠡᠷ ᠢᠶᠠᠨ ᠡᠨᠡ ᠤᠳᠠᠭᠠᠨ ᠤ ᠬᠤᠷᠠᠯ ᠢ ᠦᠨᠡᠨ ᠠᠴᠠ ᠵᠦᠪ ᠢ ᠡᠷᠢᠭᠰᠡᠨ᠂ ᠪᠥᠯᠭᠦᠮᠳᠠᠨ  ᠨᠢᠭᠲᠠᠷᠠᠯᠴᠠᠭᠰᠠᠨ᠂ ᠤᠷᠤᠭᠰᠢᠯᠠᠨ ᠲᠠᠪᠰᠢᠭᠰᠠᠨ ᠶᠡᠭᠡ ᠬᠤᠷᠠᠯ ᠪᠤᠯᠤᠭᠰᠠᠨ ᠮᠦᠷᠳᠡᠭᠡᠨ ᠠᠭᠤᠯᠭ᠎ᠠ ᠨᠢ ᠪᠤᠳᠠᠳᠠᠢ᠂ ᠦᠵᠡᠯᠳᠡ ᠲᠤᠳᠤ᠂ ᠬᠠᠷᠠᠯᠳᠠ ᠲᠤᠳᠤᠷᠬᠠᠢ᠂ ᠮᠠᠰᠢ ᠴᠢᠩᠭ᠎ᠠ ᠦᠢᠯᠡᠳᠦᠯᠭᠡ ᠶᠢᠨ ᠴᠢᠨᠠᠷ᠂ ᠤᠨᠤᠯ ᠤᠨ ᠴᠢᠨᠠᠷ᠂ ᠴᠢᠭᠯᠡᠬᠦᠯᠦᠯᠲᠤ ᠴᠢᠨᠠᠷ ᠪᠠ ᠤᠷᠤᠯᠳᠤᠯᠭ᠎ᠠ ᠶᠢᠨ ᠴᠢᠨᠠᠷ ᠲᠠᠢ ᠬᠡᠵᠦ ᠦᠵᠡᠴᠡᠭᠡᠪᠡ᠃      ᠬᠤᠷᠠᠯ ᠠᠴᠠ ᠵᠢᠭᠠᠬᠤ ᠳᠤ ᠪᠠᠨ᠂ ᠲᠠᠶᠠᠭᠠᠷ ᠢᠶᠠᠨ ᠲᠤᠰ ᠤᠳᠠᠭᠠᠨ ᠤ ᠬᠤᠷᠠᠯ ᠤᠨ ᠵᠤᠷᠢᠭ ᠰᠠᠨᠠᠭ᠎ᠠ ᠶᠢ ᠰᠠᠶᠢᠳᠤᠷ ᠰᠤᠷᠤᠯᠴᠠᠨ ᠤᠯᠠᠮᠵᠢᠯᠠᠵᠤ᠂ ᠬᠤᠷᠠᠯ ᠤᠨ ᠡᠯ᠎ᠡ ᠲᠦᠷᠦᠯ ᠤᠨ ᠬᠠᠷᠠᠯᠳᠠ ᠡᠬᠦᠷᠭᠡ ᠶᠢ ᠴᠢᠩᠭ᠎ᠠ ᠨᠠᠶᠢᠳᠠᠪᠤᠷᠢᠵᠢᠭᠤᠯᠤᠨ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠪᠤᠳᠠᠳᠠᠢ ᠬᠡᠷᠡᠭᠵᠢᠬᠦᠯᠵᠦ᠂ ᠬᠦᠨᠳᠦ ᠶᠡᠭᠡ  ᠲᠦᠭᠰᠢᠬᠦᠷᠢ ᠶᠢ ᠰᠡᠷᠬᠡᠶᠢᠯᠡᠨ ᠰᠶᠢᠳᠪᠤᠷᠢᠯᠠᠭᠦ᠂ ᠤᠨᠤᠪᠴᠢᠲᠠᠢ ᠪᠠᠷ ᠶᠠᠳᠠᠭᠤ ᠠᠴᠠ  ᠠᠩᠭᠢᠵᠢᠷᠠᠭᠤᠯᠬᠤ᠂ ᠪᠤᠬᠢᠷᠳᠤᠯ ᠢ ᠰᠠᠷᠭᠡᠶᠢᠯᠠᠨ ᠵᠠᠰᠠᠬᠤ ᠭᠤᠷᠪᠠᠨ ᠶᠡᠭᠡ ᠪᠤᠭᠤᠮᠳᠠ ᠰᠢᠪᠳᠤᠯᠬᠤ ᠠᠵᠢᠯ ᠢ ᠪᠥᠭᠦ ᠭᠥᠴᠤᠨ ᠢᠶᠠᠷ ᠢᠶᠠᠨ ᠰᠠᠶᠢᠳᠤᠷ ᠬᠢᠵᠦ᠂ ᠪᠠᠶᠠᠨ ᠴᠢᠨᠡᠬᠡᠯᠢᠭ᠂ ᠡᠶ᠎ᠡ ᠵᠤᠬᠢᠴᠠᠯᠲᠤ ᠲᠤᠭ ᠢ ᠪᠦᠲᠦᠬᠡᠨ ᠪᠠᠶᠢᠭᠤᠯᠬᠤ ᠎ ᠳᠤ ᠬᠤᠪᠢ ᠨᠡᠮᠡᠷᠢ ᠪᠠᠨ ᠦᠵᠡᠬᠦᠯᠬᠦ ᠬᠡᠷᠡᠭᠲᠠᠢ ᠬᠡᠵᠡᠢ᠃
 
ᠢᠷᠡᠯᠲᠡ᠄ ᠥᠥᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号