ᠦᠦᠰᠢᠨᠵᠤᠤ ᠪᠠᠯᠭᠠᠰᠤᠨ ᠤ ᠠᠮᠢᠲᠠᠨ ᠤ ᠭᠦᠨᠳᠦ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2018-04-20
      ᠤᠶᠢᠷ᠎ᠠ ᠳᠤ᠂ ᠦᠦᠰᠢᠨᠵᠤᠤ ᠪᠠᠯᠭᠠᠰᠤᠨ ᠤ ᠠᠮᠢᠲᠠᠨ ᠤ ᠭᠦᠨᠳᠦ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠬᠤᠷᠠᠯ ᠢ ᠬᠤᠷᠠᠯᠳᠤᠵᠤ᠂ ᠦᠦᠰᠢᠨᠵᠤᠤ ᠪᠠᠯᠭᠠᠰᠤᠨ ᠤ ᠤᠳᠤᠷᠢᠳᠬᠤ ᠪᠠᠭ᠂ ᠪᠦᠬᠦ ᠺᠠᠳ᠋ᠷ ᠠᠵᠢᠯᠲᠠᠨ  ᠪᠤᠯᠤᠨ ᠡᠯ᠎ᠡ ᠭᠠᠴᠠᠭ᠎ᠠ ᠲᠣᠰᠬᠤᠨ ᠨᠡᠶᠢᠬᠡᠮ ᠲᠣᠭᠤᠷᠢᠭ ᠤᠨ ︽ᠭᠤᠷᠪᠠᠨ ᠵᠥᠪᠯᠡᠯ︾᠎ ᠤᠨ ᠬᠠᠷᠢᠭᠤᠴᠠᠯᠭᠠᠲᠠᠨ ᠵᠢᠴᠢ ᠭᠠᠴᠠᠭ᠎ᠠ ᠲᠣᠰᠬᠤᠨ ᠤ ᠬᠢᠵᠢᠭ ᠢ ᠰᠠᠷᠭᠡᠶᠢᠯᠡᠬᠦ ᠠᠵᠢᠯᠲᠠᠳ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ ᠬᠠᠪᠤᠷ ᠤᠨ ᠤᠯᠠᠷᠢᠯ ᠤᠨ ᠬᠢᠵᠢᠭ ᠡᠪᠡᠳᠴᠢᠨ ᠢ ᠰᠡᠷᠭᠡᠶᠢᠯᠡᠬᠦ ᠠᠵᠢᠯ ᠢ ᠪᠠᠶᠢᠷᠢᠯᠡᠭᠤᠯᠵᠤ᠂ ᠬᠤᠰᠢᠭᠤ ᠬᠢᠵᠢᠭ ᠡᠪᠡᠳᠴᠢᠨ ᠢ ᠰᠡᠷᠭᠡᠶᠢᠯᠡᠬᠦ ᠲᠥᠪ ᠤᠨ ᠡᠷᠬᠢᠯᠡᠭᠴᠢ ᠼᠤᠤ ᠽᠧᠩ ᠹᠦ᠋ ᠠᠴᠠ ᠬᠢᠵᠢᠭ ᠡᠪᠡᠳᠴᠢᠨ ᠢ ᠭᠡᠷᠬᠢᠨ ᠰᠡᠷᠭᠡᠶᠢᠯᠡᠬᠦ᠂ ᠮᠠᠯ ᠤᠨ ᠡᠷᠡᠭᠦᠯ ᠭᠦᠭᠵᠢᠯᠲᠡ ᠪᠤᠯᠤᠨ ᠨᠡᠶᠢᠲᠡ ᠶᠢᠨ ᠠᠷᠢᠭᠤᠨ ᠴᠡᠪᠡᠷ ᠠᠮᠤᠷ ᠲᠦᠪᠰᠢᠨ ᠤ ᠪᠠᠳᠤᠯᠠᠭ᠎ᠠ ᠶᠢ ᠴᠢᠩᠭᠠᠳᠬᠠᠬᠤ ᠲᠤᠬᠠᠢ ᠲᠠᠶᠢᠯᠤᠮᠵᠢ ᠬᠢᠵᠤ᠂ ᠭᠠᠴᠠᠭ᠎ᠠ ᠳᠣᠰᠬᠤᠨ ᠤ ᠠᠮᠢᠳᠠᠨ ᠤ ᠬᠢᠵᠢᠭ ᠢ ᠰᠡᠷᠭᠡᠶᠢᠯᠡᠬᠦ ᠠᠵᠢᠯᠲᠠᠨ ᠳᠤ ᠮᠡᠷᠭᠡᠵᠢᠯ ᠤᠨ ᠪᠤᠯᠪᠠᠰᠤᠷᠠᠯ  ᠬᠦᠷᠳᠡᠭᠡᠪᠡ᠃      ᠬᠤᠷᠠᠯ ᠠᠴᠠ ᠡᠯ᠎ᠡ ᠭᠠᠴᠠᠭ᠎ᠠ ᠳᠤᠰᠬᠤᠨ ᠲᠤᠰ ᠠᠵᠢᠯ ᠢ ᠴᠢᠬᠤᠯᠠᠴᠢᠯᠠᠨ ᠦᠵᠡᠵᠦ᠂  ᠬᠢᠵᠢᠭ ᠢ ᠰᠠᠷᠭᠡᠶᠢᠯᠡᠬᠦ ᠠᠵᠢᠯᠲᠠᠨ ᠪᠤᠯᠤᠨ ᠲᠤᠰᠬᠤᠨ ᠳᠤ ᠪᠠᠭᠤᠭ᠎ᠠ ᠺᠠᠳ᠋ᠷ ᠡᠷᠦᠬᠡ ᠲᠠᠷᠠᠭᠠᠯᠠᠨ ᠤᠬᠠᠭᠤᠯᠬᠤ ᠠᠵᠢᠯ ᠢ ᠰᠠᠶᠢᠲᠦᠷ ᠬᠢᠬᠦ ᠶᠢ ᠱᠠᠭᠠᠷᠳᠠᠵᠤ᠂ ᠲᠡᠵᠢᠭᠡᠪᠦᠷᠢ ᠶᠢᠨ ᠡᠷᠦᠬᠡ᠂  ᠮᠠᠯ ᠤᠨ ᠮᠠᠶᠢᠮᠠᠶᠢᠴᠢᠨ ᠢ ᠭᠤᠣᠯᠳᠠᠯᠭ᠎ᠠ ᠲᠠᠢ ᠬᠢᠨᠠᠬᠤ ᠬᠡᠷᠡᠭᠲᠠᠢ ᠭᠡᠵᠤ ᠴᠢᠬᠤᠯᠠᠴᠢᠯᠠᠪᠠ᠃
 
ᠢᠷᠡᠯᠲᠡ᠄ ᠦᠦᠰᠢᠨᠵᠤᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号