ᠦᠦᠰᠢᠨᠵᠤᠤ ᠪᠠᠯᠭᠠᠰᠤᠨ ᠤ ᠬᠠᠭᠤᠴᠢᠨ ᠬᠡᠷ ᠪᠠᠶᠢᠰᠢᠩ ᠢ ᠦᠭᠡᠷᠡᠴᠢᠯᠡᠨ ᠪᠠᠶᠢᠭᠤᠯᠵᠤ ᠭᠡᠷ ᠲᠣᠬᠢᠷᠠᠭᠤᠯᠵᠤ ᠭᠡᠷ ᠰᠣᠩᠭᠤᠬᠤ ᠶᠡᠭᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2018-04-20
     ᠤᠶᠢᠷ᠎ᠠ ᠶᠢᠨ ᠡᠲᠦᠷ᠂ ᠦᠦᠰᠢᠨᠵᠤᠤ ᠪᠠᠯᠭᠠᠰᠤᠨ ᠤ ᠬᠠᠭᠤᠴᠢᠨ ᠭᠡᠷ ᠣᠷᠣᠨ ᠢ ᠥᠭᠡᠷᠡᠴᠢᠯᠡᠨ ᠪᠠᠶᠢᠭᠤᠯᠬᠤ ᠭᠤᠷᠪᠠᠳᠤᠭᠠᠷ ᠤᠳᠠᠭᠠᠨ ᠤ ᠭᠡᠷ ᠲᠤᠬᠢᠷᠠᠭᠤᠯᠵᠤ ᠭᠡᠷ ᠰᠤᠩᠭᠤᠬᠤ ᠶᠡᠭᠡ ᠬᠤᠷᠠᠯ ᠢ ᠬᠤᠢ ᠽᠧ ᠨᠡᠶᠢᠬᠡᠮ ᠲᠣᠭᠤᠷᠢᠭ ᠲᠤ ᠬᠤᠷᠠᠯᠳᠤᠪᠠ᠃ 38 ᠡᠷᠦᠬᠡ ᠶᠢᠨ ᠰᠠᠭᠤᠭᠠᠯᠢ ᠠᠷᠠᠳ ᠬᠤᠷᠠᠯ ᠳᠤ ᠣᠷᠣᠯᠴᠠᠪᠠ᠃      ᠥᠷᠭᠡᠨ ᠣᠯᠠᠨ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠨᠦᠬᠦᠴᠡᠯ ᠢ ᠰᠠᠶᠢᠵᠢᠷᠠᠭᠤᠯᠤᠨ᠂ ᠣᠷᠣᠨ ᠰᠠᠭᠤᠴᠠ ᠶᠢᠨ ᠴᠢᠨᠠᠷ ᠴᠢᠨᠰᠠᠭ᠎ᠠ ᠶᠢ ᠥᠨᠳᠣᠰᠣᠨ ᠠᠴᠠ ᠪᠠᠨ ᠰᠠᠶᠢᠵᠢᠷᠠᠭᠤᠯᠵᠤ᠂ ᠲᠡᠳᠡᠨ ᠤ ᠬᠠᠮᠤᠭ ᠤᠨ ᠬᠠᠯᠠᠮᠵᠢᠯᠠᠵᠤ ᠪᠠᠶᠢᠭ᠎ᠠ ᠣᠷᠣᠨ ᠰᠠᠭᠤᠴᠠ ᠶᠢᠨ ᠣᠷᠴᠢᠨ ᠲᠣᠭᠤᠷᠢᠨ ᠤ ᠠᠰᠠᠭᠤᠳᠠᠯ ᠢ ᠰᠢᠢᠳᠪᠤᠷᠢᠯᠠᠬᠦ ᠶᠢᠨ ᠲᠤᠰᠠᠳᠠ ᠦᠦᠰᠢᠨᠵᠤᠤ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠴᠤᠴᠠᠯᠲᠠ ᠦᠭᠡᠢ ᠴᠢᠷᠮᠠᠶᠢᠯᠭ᠎ᠠ ᠪᠠᠷ ᠡᠳᠦᠭᠡ ᠨᠢᠭᠡᠨᠲᠡ 154 ᠡᠷᠦᠬᠡ ᠨᠢ ᠭᠡᠷ ᠰᠤᠩᠭᠤᠵᠤ᠂ 113 ᠡᠷᠦᠬᠡ ᠨᠢ ᠲᠦᠯᠬᠢᠭᠦᠷ ᠢᠶᠠᠨ ᠭᠠᠷᠳᠠᠨ᠂  ᠭᠡᠰᠡᠭ ᠪᠦᠯᠦᠭ ᠰᠠᠭᠤᠭᠠᠯᠢ ᠠᠷᠠᠳ ᠨᠢ ᠰᠢᠨ᠎ᠡ ᠭᠡᠷ ᠲᠤ ᠪᠠᠨ ᠣᠷᠣᠨ ᠰᠠᠭᠤᠭᠰᠠᠨ ᠪᠠᠶᠢᠨ᠎ᠠ᠃
 
ᠢᠷᠡᠯᠲᠡ᠄ ᠦᠦᠰᠢᠨᠵᠤᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号