ᠳᠤᠭ ᠪᠠᠯᠭᠠᠰᠤ ᠶᠠᠳᠠᠭᠤ ᠶᠢ ᠳᠡᠳᠬᠦᠬᠦ ᠳᠠᠷᠢᠶᠠᠯᠠᠩ ᠤᠨ ᠮᠡᠷᠭᠡᠵᠢᠯ ᠴᠢᠳᠠᠪᠤᠷᠢ ᠶᠢᠨ ᠪᠤᠯᠪᠠᠰᠤᠷᠠᠯ ᠤᠨ ᠠᠩᠬᠢ ᠡᠷᠬᠢᠯᠡᠯ᠎ᠠ
ᠨᠡᠶᠢᠲᠡᠯᠡᠭᠰᠡᠨ ᠴᠠᠭ᠄
2018-04-20
      ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠪᠤᠯᠤᠨ ᠬᠦᠳᠡᠭᠡ ᠳᠤᠰᠬᠤᠨ ᠢ ᠬᠦᠭᠵᠢᠬᠦᠯᠤᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠮᠠᠯ ᠳᠠᠷᠢᠶᠠᠯᠠᠩ ᠤᠨ ᠬᠠᠨᠭ᠍ᠭᠠᠯᠭ᠎ᠠ ᠶᠢᠨ ᠳᠠᠯ᠎ᠠ ᠶᠢᠨ ᠪᠦᠳᠤᠴᠡ ᠶᠢᠨ ᠴᠢᠨᠠᠷᠳᠠᠢ ᠦᠭᠡᠷᠡᠴᠢᠯᠡᠯᠳᠡ ᠶᠢ ᠠᠬᠢᠭᠤᠯᠬᠤ ᠶᠢᠨ ᠳᠤᠰᠠᠳᠠ᠂ ᠳᠤᠭ ᠪᠠᠯᠭᠠᠰᠤ ᠤᠳᠤᠬᠠᠨ ᠤ ᠬᠠᠪᠤᠷ ᠤᠨ ᠳᠠᠷᠢᠶᠠᠯᠠᠭ᠎ᠠ ᠶᠢᠨ ᠪᠡᠯᠡᠳᠭᠡᠯ ᠱᠠᠳᠤᠨ ᠳᠤ ᠤᠷᠤᠬᠰᠠᠨ ᠵᠠᠩᠬᠢᠯᠠᠭ᠎ᠠ ᠶᠢᠨ ᠴᠠᠭ ᠦᠶ᠎ᠠ ᠳᠤ᠂ ᠪᠦᠬᠦ ᠪᠠᠯᠭᠠᠰᠤᠨ ᠤ ᠶᠠᠳᠠᠭᠤ ᠶᠢ ᠳᠡᠳᠬᠦᠬᠦ ᠳᠠᠷᠢᠶᠠᠯᠠᠩ ᠤᠨ ᠮᠡᠷᠭᠡᠵᠢᠯ ᠴᠢᠳᠠᠪᠤᠷᠢ ᠶᠢᠨ ᠪᠤᠯᠪᠠᠰᠤᠷᠠᠯ ᠤᠨ ᠠᠩᠬᠢ ᠶᠢ ᠡᠷᠬᠢᠯᠡᠨ ᠬᠢᠪᠡ᠃      ᠪᠤᠯᠪᠠᠰᠤᠷᠠᠯ ᠳᠤ ᠮᠠᠨ ᠤ ᠬᠤᠰᠢᠭᠤᠨ ᠤ ᠳᠠᠷᠢᠶᠠᠯᠠᠩ ᠤᠨ ᠮᠡᠷᠭᠡᠵᠢᠯ ᠢ ᠳᠡᠯᠭᠡᠷᠡᠬᠦᠯᠬᠦ ᠦᠷᠳᠡᠭᠡᠨ ᠠᠴᠠ ᠳᠤᠰᠬᠠᠢ ᠮᠡᠷᠭᠡᠵᠢᠯᠳᠡᠨ ᠤᠷᠢᠵᠤ ᠬᠢᠴᠢᠶᠡᠯ ᠤᠷᠤᠭᠤᠯᠵᠠᠢ᠃ ᠡᠨᠡ ᠤᠳᠠᠭᠠᠨ ᠤ ᠪᠤᠯᠪᠠᠰᠤᠷᠠᠯ ᠳᠤ᠂ ᠡᠯ᠎ᠠ ᠭᠠᠴᠠᠭ᠎ᠠ ᠳᠤᠰᠬᠤᠨ ᠤ ᠳᠠᠷᠢᠮᠠᠯ ᠳᠡᠵᠢᠭᠡᠪᠤᠷᠢ ᠶᠢᠨ ᠡᠷᠤᠭᠡ᠂ ᠶᠠᠳᠠᠭᠤ ᠬᠦᠴᠢᠷᠳᠡᠯᠳᠡᠢ ᠡᠷᠤᠭᠡ ᠶᠢᠨ 130 ᠭᠠᠷᠤᠢ ᠬᠦᠮᠤᠨ ᠤᠷᠤᠯᠴᠠᠪᠠ᠃ ᠪᠤᠯᠪᠠᠰᠤᠷᠠᠯ ᠳᠤ᠂ ᠮᠠᠨ ᠤ ᠬᠤᠰᠢᠭᠤᠨ ᠤ ᠬᠦᠷᠤᠰᠤ ᠰᠢᠷᠤᠢ ᠶᠢ ᠭᠡᠮᠵᠢᠨ ᠪᠤᠷᠳᠤᠭᠤᠷ ᠤᠷᠤᠭᠤᠯᠬᠤ ᠪᠤᠯᠪᠠᠰᠤᠷᠠᠯ ᠤᠨ ᠵᠢᠭᠠᠬᠤ ᠮᠠᠲ᠋ᠧᠷᠢᠶᠠᠯ ︽ᠮᠡᠷᠭᠡᠵᠢᠯ ᠤᠨ ᠵᠠᠭᠤᠨ ᠰᠡᠳᠤᠪ ᠤᠨ ᠠᠰᠠᠭᠤᠯᠳᠠ ᠬᠠᠷᠢᠭᠤᠯᠳᠠ︾᠂ ︽ᠰᠢᠨᠵᠢᠯᠡᠬᠦ ᠤᠬᠠᠭᠠᠨᠴᠢ ᠪᠠᠷ ᠪᠤᠷᠳᠤᠭᠤᠷ ᠤᠷᠤᠭᠤᠯᠬᠤ 100 ᠠᠰᠠᠭᠤᠯᠳᠠ︾᠂ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠷᠢᠶᠠᠨ ᠦᠷ᠎ᠠ ᠶᠢᠨ ᠬᠠᠤᠯᠢ︾ ᠵᠡᠷᠭᠡ ᠬᠠᠮᠢᠶ᠎ᠠ ᠪᠦᠬᠦᠢ ᠬᠠᠤᠯᠢ ᠳᠦᠷᠢᠮ ᠤᠨ ᠳᠤᠬᠠᠢ ᠤᠬᠠᠭᠤᠯᠭ᠎ᠠ ᠶᠢᠨ ᠮᠠᠲ᠋ᠧᠷᠢᠶᠠᠯ ᠢ 400 ᠭᠠᠷᠤᠢ ᠬᠤᠪᠢ ᠳᠠᠷᠬᠠᠭᠠᠨ ᠦᠭᠴᠡᠢ᠃ ᠪᠤᠯᠪᠠᠰᠤᠷᠠᠯ ᠳᠡᠭᠡᠷ᠎ᠠ ᠪᠠᠰᠠ ᠳᠠᠷᠢᠶᠠᠨ ᠭᠡᠷᠡᠭᠰᠡᠯ ᠢ ᠬᠤᠳᠠᠯᠳᠤᠨ ᠠᠪᠬᠤ ᠳᠤ ᠠᠩᠬᠠᠷᠬᠤ ᠵᠦᠢᠯᠡᠰ᠂ ᠲᠠᠷᠢᠶᠠᠨ ᠦᠷ᠎ᠠ᠂ ᠮᠡᠷᠭᠡᠵᠢᠯ ᠵᠢᠴᠢ ᠦᠷᠬᠦᠯᠵᠢ ᠳᠤᠬᠢᠶᠠᠯᠳᠤᠬᠤ ᠡᠪᠡᠳᠴᠢᠨ ᠬᠤᠷᠤᠬᠠᠶᠢᠳᠤᠯ ᠢ ᠢᠯᠭᠠᠨ ᠳᠠᠨᠢᠬᠤ ᠮᠡᠳᠡᠯᠭᠡ ᠵᠡᠷᠭᠡ ᠶᠢ ᠳᠠᠨᠢᠯᠴᠠᠭᠤᠯᠤᠨ ᠳᠠᠶᠢᠯᠪᠤᠷᠢᠯᠠᠬᠰᠠᠨ ᠪᠠᠶᠢᠨ᠎ᠠ᠃
 
ᠢᠷᠡᠯᠲᠡ᠄ ᠲᠤᠭ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号