ᠤᠯᠠᠮᠵᠢᠯᠠᠯᠳᠤ ᠬᠤᠷᠢᠮ ᠨᠠᠶᠢᠷ ᠤᠨ ᠵᠠᠩ ᠦᠢᠯᠡ
ᠨᠡᠶᠢᠲᠡᠯᠡᠭᠰᠡᠨ ᠴᠠᠭ᠄
2018-04-20
     ᠤᠷᠤᠭ ᠬᠤᠷᠢᠮ ᠨᠢ ᠤᠷᠤᠭ ᠲᠦᠷᠦᠯ ᠤᠨ ᠨᠡᠶᠢᠭᠡᠮ ᠪᠤᠶᠤ ᠤᠪᠤᠭ ᠠᠶᠢᠮᠠᠭ ᠤᠨ ᠪᠠᠶᠢᠭᠤᠯᠤᠯ ᠡᠬᠦᠰᠴᠤ ᠬᠦᠭᠵᠢᠭᠰᠡᠨ ᠤ ᠵᠠᠶᠢᠯᠠᠰᠢ ᠦᠭᠡᠢ ᠦᠷ᠎ᠡ ᠪᠦᠳᠦᠭᠡᠯ ᠪᠤᠯᠤᠨ᠎ᠠ᠃ ᠮᠤᠩᠭᠤᠯ ᠤᠨ ᠦᠭᠡᠨ ᠳᠤ ︽ᠬᠦᠦ ᠦᠰᠪᠡᠯ ᠪᠡᠷᠢ ᠪᠠᠭᠤᠯᠭᠠᠵᠤ᠂ ᠭᠡᠤᠭᠡᠨ ᠦᠰᠪᠡᠯ ᠬᠠᠷᠢ ᠳᠤ ᠮᠤᠷᠳᠠᠨ᠎ᠠ︾ ᠭᠡᠳᠡᠭ᠃ ᠤᠷᠤᠭ ᠬᠤᠷᠢᠮ ᠨᠢ ᠨᠤᠳᠤᠭ ᠤᠨ ᠬᠦᠮᠦᠰ ᠲᠤ ᠠᠪᠴᠤ ᠦᠵᠡᠪᠡᠯ ᠭᠡᠷ ᠪᠦᠯᠢ ᠶᠢᠨ ᠴᠢᠬᠤᠯᠠ ᠪᠠᠶᠠᠷ ᠨᠠᠶᠢᠷ ᠤᠨ ᠤᠴᠢᠷ ᠪᠦᠭᠡᠳ ᠬᠦᠦ ᠭᠡᠤᠭᠡᠨ ᠤ ᠨᠢᠭᠡ ᠨᠠᠰᠤᠨ ᠤ ᠲᠤᠮᠤ ᠶᠠᠪᠤᠳᠠᠯ ᠪᠤᠯᠤᠨ᠎ᠠ᠃ ᠡᠶᠢᠨ ᠬᠦ ᠡᠷᠳᠡᠨ ᠠᠴᠠ ᠨᠠᠭᠠᠰᠢ ᠤᠷᠤᠭ ᠬᠤᠷᠢᠮ ᠤᠨ ᠶᠠᠪᠤᠳᠠᠯ ᠢ ᠲᠤᠩ ᠴᠢᠬᠤᠯᠠᠴᠢᠯᠠᠨ ᠬᠦᠨᠳᠤᠳᠭᠡᠵᠤ᠂ ᠵᠢᠯ ᠪᠤᠶᠤ ᠭᠡᠳᠤᠨ ᠰᠠᠷ᠎ᠠ ᠶᠢᠨ ᠪᠡᠯᠡᠳᠭᠡᠯ ᠬᠢᠵᠤ᠂ ᠭᠡᠳᠤᠨ ᠦᠶ᠎ᠡ ᠶᠢᠨ ᠬᠦᠮᠦᠰ ᠶᠠᠭᠠᠷᠠᠯᠳᠤᠵᠤ ᠪᠠᠶᠠᠷ ᠴᠡᠩᠭᠡᠯ ᠢᠶᠠᠨ ᠬᠦᠷ ᠨᠠᠷᠬᠢᠶᠠᠨ ᠲᠠᠢ ᠬᠦᠢᠴᠡᠳᠭᠡᠬᠦ ᠶᠢ ᠡᠷᠬᠢᠮᠯᠡᠳᠡᠭ᠃ ᠠᠬᠠᠮᠠᠳ ᠪᠤᠭᠤᠷᠤᠯᠴᠤᠳ ᠠᠴᠠ ᠠᠰᠠᠭᠤᠨ ᠤᠶᠢᠯᠠᠭᠠᠭᠰᠠᠨ ᠢᠶᠠᠷ ᠨᠤᠳᠤᠭ ᠤᠨ ᠣᠷᠤᠭ ᠬᠤᠷᠢᠮ ᠨᠢ ᠳᠤᠤᠷᠠᠬᠢ ᠮᠠᠳᠤ ᠶᠢᠨ ᠡᠷᠭᠡᠪᠰᠢ ᠪᠠᠷᠢᠮᠳᠠᠯᠠᠬᠤ ᠤᠯᠠᠮᠵᠢᠯᠠᠯᠳᠤ ᠳᠡᠰ ᠳᠠᠷᠠᠭᠠᠯᠠᠯ ᠢᠶᠠᠷ ᠶᠠᠪᠤᠭᠳᠠᠳᠠᠭ᠃      ᠨᠤᠳᠤᠭ ᠤᠨ ᠬᠤᠷᠢᠮ ᠤᠨ ᠭᠤᠤᠯ ᠬᠦᠭ ᠨᠠᠶᠢᠷ ᠨᠢ ᠮᠤᠩᠭᠤᠯᠴᠤᠳ ᠤᠨ ᠣᠯᠠᠮᠵᠢᠯᠠᠯᠳᠤ ᠵᠠᠩ ᠦᠢᠯᠡ ᠶᠢᠨ ᠲᠦᠪᠯᠡᠷᠡᠯ ᠪᠤᠯᠵᠤ᠂ ᠠᠷᠠᠳ ᠤᠨ ᠤᠳᠬ᠎ᠠ ᠰᠤᠶᠤᠯ᠂ ᠬᠤᠪᠴᠠᠰᠤ ᠵᠠᠰᠠᠯ᠂ ᠢᠳᠡᠭᠡᠨ ᠤᠮᠳᠠᠭᠠᠨ ᠤ ᠢᠵᠠᠭᠤᠷ ᠰᠤᠶᠤᠯ ᠤᠨ ᠵᠠᠩ ᠦᠢᠯᠡ ᠶᠢ ᠬᠦᠨ ᠠᠬᠤᠭᠤᠯᠤᠭᠰᠠᠨ ᠪᠠᠶᠢᠳᠠᠭ᠃ ᠡᠴᠢᠭᠡ ᠲᠡᠭᠷᠢ ᠳᠤ ᠳᠠᠭᠠᠳᠬᠠᠬᠤ᠂ ᠡᠵᠡᠨ ᠰᠠᠩ ᠤᠩᠰᠢᠬᠤ ᠠᠴᠠ ᠡᠬᠢᠯᠡᠨ ᠳᠠᠬᠢᠯᠭ᠎ᠠ ᠶᠢᠨ ᠰᠤᠶᠤᠯ᠂ ᠬᠤᠨᠢᠨ ᠰᠢᠭᠦᠰᠤ ᠳᠠᠯᠪᠢᠬᠤ᠂ ᠠᠷᠢᠬᠢ ᠭᠡᠮᠨᠡᠬᠦ᠂ ᠢᠷᠦᠭᠡᠯ ᠤᠩᠰᠢᠬᠤ ᠵᠡᠷᠭᠡ ᠢᠳᠡᠭᠡᠨ ᠤᠮᠳᠠᠭᠠᠨ ᠤ ᠰᠤᠶᠤᠯ᠂ ᠰᠠᠭᠠᠳᠠᠭ ᠮᠤᠷᠳᠠᠭᠤᠯᠬᠤ᠂ ᠡᠭᠦᠳᠡ ᠳᠠᠷᠤᠬᠤ᠂ ᠪᠡᠷᠢ ᠮᠢᠯᠢᠶᠠᠬᠤ᠂ ᠭᠡᠤᠭᠡᠨ ᠬᠦᠷᠭᠡᠬᠦ ᠬᠡᠯᠪᠡᠷᠢ ᠪᠠᠷ ᠶᠤᠰᠤ ᠵᠠᠩᠰᠢᠯ ᠵᠢᠴᠢ ᠠᠳᠤᠭᠤᠨ ᠰᠤᠶᠤᠯ ᠤᠨ ᠭᠠᠶᠢᠬᠠᠮᠰᠢᠭ ᠢ ᠢᠯᠡᠷᠡᠬᠦᠯᠵᠤ᠂ ᠰᠢᠨ᠎ᠡ ᠪᠡᠷᠢ ᠶᠢᠨ ᠬᠠᠮᠤᠭ ᠤᠨ ᠭᠤᠶᠤ ᠵᠠᠰᠠᠯ ᠴᠢᠮᠡᠭᠯᠡᠯ ᠢᠶᠠᠷ ᠳᠠᠮᠵᠢᠭᠤᠯᠵᠤ ᠭᠠᠵᠠᠷ ᠤᠷᠤᠨ ᠤ ᠬᠤᠪᠴᠠᠰᠤ ᠵᠠᠰᠠᠯ ᠤᠨ ᠪᠡ ᠵᠠᠬᠦᠭᠡ ᠵᠠᠰᠠᠯ ᠤᠨ ᠰᠤᠶᠤᠯ ᠢ ᠳᠡᠭᠡᠳᠤ ᠭᠡᠮᠵᠢᠶ᠎ᠡ ᠪᠠᠷ ᠢᠯᠡᠷᠡᠭᠦᠯᠦᠭᠰᠡᠨ ᠦᠪᠡᠷᠮᠢᠴᠡ ᠭᠡᠪ ᠨᠠᠮᠪᠠ ᠲᠠᠢ ᠪᠠᠶᠢᠵᠤ᠂ ᠨᠤᠳᠤᠭ ᠤᠨ ᠪᠠ ᠤᠷᠳᠤᠰ ᠮᠤᠩᠭᠤᠯᠴᠤᠳ ᠤᠨ ᠵᠠᠩ ᠦᠢᠯᠡ ᠶᠢᠨ ᠠᠮᠢᠳᠤ ᠬᠤᠷᠢᠶᠠᠩᠭᠤᠢ ᠲᠤᠯᠢ ᠪᠤᠯᠳᠠᠭ ᠪᠠᠶᠢᠨ᠎ᠠ᠃            ︽ᠤᠷᠳᠤᠰ ᠰᠤᠶᠤᠯ ᠵᠠᠩ ᠦᠢᠯᠡ︾᠎ ᠠᠴᠠ ᠪᠠᠭᠤᠯᠭᠠᠪᠠ
 
ᠢᠷᠡᠯᠲᠡ᠄ ᠦᠣᠰᠢᠨ ᠬᠤᠰᠢᠭᠤᠨ ᠤ ᠦᠨᠳᠣᠰᠣᠳᠠᠨ ᠱᠠᠰᠢᠨ ᠰᠣᠷᠳᠠᠬᠤᠨ ᠤ ᠬᠡᠷᠡᠭ ᠡᠷᠬᠢᠯᠡᠬᠦ ᠳᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号