【2017.12.6 】ᠦᠣᠰᠢᠨ ᠬᠤᠰᠢᠭᠤᠨ ᠤ ᠠᠷᠪᠠᠨ ᠳᠣᠯᠣᠳᠣᠭᠠᠷ ᠬᠤᠭᠤᠴᠠᠭᠠᠨ ᠤ ᠠᠷᠠᠳ ᠤᠨ | ᠲᠥᠯᠥᠬᠡᠯᠡᠭᠴᠢᠳ ᠤᠨ ᠶᠡᠭᠡ ᠬᠤᠷᠠᠯ ᠤᠨ ᠠᠩᠬᠠᠳᠣᠭᠠᠷ ᠣᠳᠠᠭᠠᠨ ᠤ ᠬᠤᠷᠠᠯᠳᠣᠭᠠᠨ ᠤ ᠪᠢᠴᠢᠭ ᠮᠠᠲ᠋ᠧᠷᠢᠶᠠᠯ | | | ᠵᠠᠰᠠᠭ ᠤᠨ ᠤᠷᠳᠤᠨ ᠤ ᠠᠵᠢᠯ ᠤᠨ ᠢᠯᠡᠳᠬᠡᠯ | | —— 2017 ᠣᠨ ᠤ 12 ᠰᠠᠷ᠎ᠠ ᠶᠢᠨ 6 ᠤ ᠡᠳᠦᠷ ᠤᠨ ᠦᠣᠰᠢᠨ ᠬᠤᠰᠢᠭᠤᠨ ᠤ ᠠᠷᠪᠠᠨ | ᠳᠣᠯᠣᠳᠣᠭᠠᠷ ᠬᠤᠭᠤᠴᠠᠭᠠᠨ ᠤ ᠠᠷᠠᠳ ᠤᠨ ᠲᠥᠯᠥᠬᠡᠯᠡᠭᠴᠢᠳ ᠤᠨ ᠶᠡᠭᠡ ᠬᠤᠷᠠᠯ ᠤᠨ ᠠᠩᠬᠠᠳᠣᠭᠠᠷ ᠣᠳᠠᠭᠠᠨ ᠤ | ᠬᠤᠷᠠᠯᠳᠣᠭᠠᠨ ᠳᠡᠭᠡᠷ᠎ᠡ | | ᠦᠦᠰᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠬᠤᠰᠢᠭᠤ ᠲᠠᠷᠤᠭ᠎ᠠ | ᠴᠢᠶᠤᠤ ᠶᠦᠨ ᠯᠢ | | ᠲᠦᠯᠦᠭᠡᠯᠡᠭᠴᠢᠳ ᠡ᠄ | ᠤᠳᠤ ᠪᠢ ᠬᠤᠰᠢᠭᠤ ᠠᠷᠠᠳ ᠤᠨ ᠵᠠᠰᠠᠭ ᠤᠨ ᠤᠷᠳᠤᠨ ᠢ ᠲᠦᠯᠦᠭᠡᠯᠡᠨ ᠶᠡᠭᠡ ᠬᠤᠷᠠᠯ ᠳᠤ ᠳᠣᠰ | ᠬᠤᠭᠤᠴᠠᠭᠠᠨ ᠤ ᠵᠠᠰᠠᠭ ᠤᠨ ᠣᠷᠳᠣᠨ ᠤ ᠦᠩᠬᠡᠷᠡᠭᠰᠡᠨ ᠳᠠᠪᠣᠨ ᠵᠢᠯ ᠤᠨ ᠠᠵᠢᠯ ᠢᠶᠠᠨ ᠮᠡᠳᠡᠬᠦᠯᠵᠣ ᠬᠤᠶᠢᠰᠢᠳᠠ | ᠶᠢᠨ ᠳᠠᠪᠣᠨ ᠵᠢᠯ ᠤᠨ ᠠᠵᠢᠯ ᠳᠤ ᠰᠠᠨᠠᠭᠤᠯᠭ᠎ᠠ ᠳᠣᠷᠠᠳᠣᠶ᠎ᠠ᠂ ᠳᠠᠨᠠᠷ ᠬᠢᠨᠠᠨ ᠵᠦᠪᠯᠡᠬᠦ ᠶᠢᠨ ᠲᠠᠭᠠᠤ ᠬᠤᠰᠢᠭᠤ | ᠤᠯᠤᠰ ᠲᠦᠷᠦ ᠶᠢᠨ ᠵᠦᠪᠯᠡᠯᠭᠡᠨ ᠤ ᠭᠡᠰᠢᠬᠦᠳ ᠪᠤᠯᠤᠨ ᠬᠤᠷᠠᠯ ᠳᠤ ᠤᠷᠤᠯᠴᠠᠭᠰᠡᠳ ᠰᠠᠨᠠᠯ ᠢᠶᠠᠨ ᠲᠤᠷᠠᠳᠤᠭᠠᠷᠠᠢ᠃ | | ᠨᠢᠬᠡ᠂ ᠦᠩᠬᠡᠷᠡᠭᠰᠡᠨ ᠳᠠᠪᠣᠨ ᠵᠢᠯ ᠤᠨ ᠠᠵᠢᠯ ᠤᠨ ᠡᠷᠬᠢᠴᠡᠬᠦᠯᠥᠯ | 2012 ᠣᠨ ᠠᠴᠠ ᠨᠠᠰᠢ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠪᠠ | ᠬᠤᠰᠢᠭᠤ ᠨᠠᠮ ᠤᠨ ᠬᠤᠷᠢᠶᠠᠨ ᠤ ᠵᠦᠪ ᠣᠨᠣᠪᠴᠢᠳᠠᠢ ᠣᠳᠣᠷᠢᠳᠣᠯᠭ᠎ᠠ ᠳᠣᠣᠷ᠎ᠠ ᠬᠤᠰᠢᠭᠤ ᠠᠷᠠᠳ ᠤᠨ | ᠲᠥᠯᠥᠬᠡᠯᠡᠭᠴᠢᠳ ᠤᠨ ᠶᠡᠭᠡ ᠬᠤᠷᠠᠯ᠂ ᠣᠯᠣᠰ ᠲᠦᠷᠦ ᠶᠢᠨ ᠵᠦᠪᠯᠡᠯᠭᠡᠨ ᠤ ᠬᠢᠨᠠᠯᠳᠠ ᠳᠡᠮᠵᠢᠯᠬᠡ ᠳᠣᠣᠷ᠎ᠠ | ᠬᠤᠰᠢᠭᠤ ᠠᠷᠠᠳ ᠤᠨ ᠵᠠᠰᠠᠭ ᠤᠨ ᠣᠷᠳᠣᠨ ᠪᠦᠬᠦ ᠬᠤᠰᠢᠭᠤᠨ ᠤ ᠡᠯ᠎ᠡ ᠦᠨᠳᠣᠰᠣᠳᠠᠨ ᠤ ᠺᠠᠳ᠋ᠷ ᠣᠯᠠᠨ ᠲᠦᠮᠡᠨ ᠢ | ᠪᠦᠯᠬᠦᠮᠳᠠᠬᠦᠯᠥᠨ ᠳᠠᠶᠢᠴᠢᠯᠠᠵᠣ ᠳᠣᠭᠳᠠᠭᠤᠨ ᠪᠠᠶᠢᠯᠭᠠᠬᠤ ᠶᠢᠨ ᠵᠡᠷᠬᠡ ᠳᠤ ᠣᠷᠣᠭᠰᠢᠯᠠᠭᠤᠯᠬᠤ ᠠᠵᠢᠯ ᠤᠨ ᠶᠡᠷᠦᠩᠬᠡᠢ | ᠬᠦᠭ ᠠᠶᠠᠰ ᠢ ᠪᠠᠷᠢᠮᠳᠠᠯᠠᠨ ᠨᠡᠮᠡᠭᠳᠡᠯ ᠢ ᠳᠣᠭᠳᠠᠪᠣᠷᠢᠵᠢᠭᠤᠯᠬᠤ᠂ ᠦᠬᠡᠷᠡᠴᠢᠯᠡᠯᠳᠡ ᠶᠢ ᠠᠬᠢᠭᠤᠯᠬᠤ᠂ ᠪᠦᠳᠦᠴᠡ ᠶᠢ | ᠳᠣᠬᠢᠷᠠᠭᠤᠯᠬᠤ᠂ ᠠᠷᠠᠳ ᠤᠨ ᠠᠮᠢᠳᠣᠷᠠᠯ ᠢ ᠬᠠᠷᠠᠭᠠᠯᠵᠠᠬᠤ᠂ ᠲᠦᠭᠰᠢᠬᠦᠷᠢ ᠶᠢ ᠰᠠᠷᠬᠡᠶᠢᠯᠡᠬᠦ ᠡᠯ᠎ᠡ ᠲᠦᠷᠥᠯ ᠤᠨ | ᠠᠵᠢᠯ ᠢ ᠨᠢᠬᠡᠳᠣᠯᠳᠡᠢ ᠲᠥᠯᠥᠪᠵᠢᠬᠦᠯᠥᠨ ᠠᠬᠢᠭᠤᠯᠵᠣ᠂ ︽ᠠᠷᠪᠠᠨ ᠬᠤᠶᠠᠳᠣᠭᠠᠷ ᠳᠠᠪᠣᠨ ᠵᠢᠯ︾ ᠤᠨ | ᠲᠥᠯᠥᠪᠵᠢᠬᠦᠯᠬᠡ ᠤᠨ ᠬᠠᠷᠠᠯᠳᠠ ᠶᠢ ᠵᠢᠱᠢᠭᠰᠡᠨ ᠬᠤᠭᠤᠴᠠᠭ᠎ᠠ ᠶᠣᠰᠣᠭᠠᠷ ᠪᠠᠶᠡᠯᠡᠬᠦᠯᠵᠣ᠂ ︽ᠠᠷᠪᠠᠨ ᠭᠤᠷᠪᠠᠳᠣᠭᠠᠷ | ᠳᠠᠪᠣᠨ ᠵᠢᠯ︾ ᠤᠨ ᠲᠥᠯᠥᠪᠵᠢᠬᠦᠯᠬᠡ ᠶᠢ ᠡᠮᠬᠢ ᠴᠡᠭᠴᠡᠳᠡᠢ ᠬᠡᠷᠡᠭᠵᠢᠬᠦᠯᠪᠠ᠃ ᠡᠯ᠎ᠡ ᠲᠦᠷᠥᠯ ᠤᠨ ᠭᠤᠣᠯ ᠪᠣᠯᠬᠤ | ᠠᠵᠣ ᠠᠬᠤᠢ ᠶᠢᠨ ᠬᠦᠢᠴᠡᠳᠬᠡᠯ ᠳᠤᠭ᠎ᠠ ᠶᠢ ᠳᠣᠭᠳᠠᠭᠤᠨ ᠪᠠᠶᠢᠯᠭᠠᠬᠤ ᠶᠢᠨ ᠵᠡᠷᠬᠡ ᠳᠤ ᠨᠡᠮᠡᠭᠳᠡᠬᠦᠯᠵᠣ᠂ 2017 | ᠣᠨ ᠳᠤ ᠲᠦᠰᠦᠬᠡᠯᠡᠪᠠᠯ ᠪᠦᠬᠦ ᠬᠤᠰᠢᠭᠤᠨ ᠤ ᠣᠷᠣᠨ ᠨᠣᠳᠤᠭ ᠤᠨ ᠣᠶᠢᠯᠡᠳᠪᠣᠷᠢᠯᠡᠯ ᠤᠨ ᠶᠡᠷᠦᠩᠬᠡᠢ ᠦᠷᠳᠡᠭ ᠢ | 446 ᠳ᠋ᠦᠩᠰᠢᠭᠤᠷ ᠲᠦᠬᠦᠷᠢᠭ ᠬᠦᠷᠬᠡᠵᠣ᠂ ᠣᠯᠠᠨ ᠨᠠᠶᠢᠳᠠ ᠶᠢᠨ ᠡᠳ᠋ ᠤᠨ ᠵᠠᠰᠠᠭ ᠤᠨ ᠲᠦᠰᠦᠪ ᠤᠨ ᠣᠷᠣᠯᠭ᠎ᠠ | ᠶᠢ 16 ᠳ᠋ᠦᠩᠰᠢᠭᠤᠷ ᠲᠦᠬᠦᠷᠢᠭ ᠬᠦᠷᠬᠡᠵᠣ᠂ ᠨᠡᠶᠢᠬᠡᠮ ᠤᠨ ᠬᠡᠷᠡᠭᠯᠡᠬᠡᠨ ᠤ ᠵᠣᠶᠢᠯᠡᠰ ᠢ ᠵᠢᠵᠢᠭᠯᠡᠨ | ᠪᠣᠷᠣᠯᠠᠭᠤᠯᠣᠭᠰᠠᠨ ᠶᠡᠷᠦᠩᠬᠡᠢ ᠳᠤᠭ᠎ᠠ ᠶᠢ 46 ᠳ᠋ᠦᠩᠰᠢᠭᠤᠷ ᠲᠦᠬᠦᠷᠢᠭ ᠬᠦᠷᠬᠡᠵᠣ᠂ ᠬᠤᠳᠠ ᠬᠦᠳᠡᠭᠡ ᠶᠢᠨ | ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠦᠮᠦᠨ ᠳᠣᠮᠳᠠᠴᠢ ᠶᠢᠨ ᠳᠣᠬᠢᠷᠠᠭᠤᠯᠵᠣ ᠪᠣᠯᠬᠤ ᠣᠷᠣᠯᠭ᠎ᠠ ᠶᠢ | ᠳᠣᠰᠪᠣᠷᠢ 41700 ᠲᠦᠬᠦᠷᠢᠭ ᠪᠠ 17000 ᠲᠦᠬᠦᠷᠢᠭ ᠬᠦᠷᠬᠡᠵᠣ᠂ ᠳᠣᠭᠳᠠᠮᠠᠯ ᠬᠦᠷᠦᠩᠬᠡ ᠶᠢᠨ ᠪᠡᠯᠡ | ᠣᠷᠣᠭᠤᠯᠣᠯᠳᠠ ᠶᠢ ᠳᠠᠪᠣᠨ ᠵᠢᠯ ᠨᠡᠶᠢᠳᠠ 1983 ᠳ᠋ᠦᠩᠰᠢᠭᠤᠷ ᠲᠦᠬᠦᠷᠢᠭ ᠪᠡᠶᠡᠯᠡᠬᠦᠯᠪᠠ᠃ | — ᠦᠩᠬᠡᠷᠡᠭᠰᠡᠨ ᠳᠠᠪᠣᠨ ᠵᠢᠯ ᠪᠣᠯ ᠮᠠᠨ ᠤ ᠬᠤᠰᠢᠭᠤ ᠠᠵᠣ ᠠᠬᠤᠢ ᠶᠢᠨ ᠪᠣᠳᠠᠳᠣ ᠬᠦᠴᠦᠨ ᠢᠶᠠᠨ | ᠳᠠᠰᠣᠷᠠᠯᠳᠡ ᠦᠬᠡᠢ ᠨᠡᠮᠡᠭᠳᠡᠬᠦᠯᠵᠣ ᠠᠵᠣ ᠣᠶᠢᠯᠡᠰ ᠤᠨ ᠪᠦᠳᠦᠴᠡ ᠶᠢ ᠦᠷᠬᠦᠯᠵᠢᠯᠡᠨ ᠰᠢᠯᠢᠳᠡᠭᠵᠢᠬᠦᠯᠥᠭᠰᠡᠨ | ᠳᠠᠪᠣᠨ ᠵᠢᠯ ᠪᠣᠯᠣᠨ᠎ᠠ᠃ ︽ᠳᠣᠯᠣᠭᠠᠨ ᠣᠶᠢᠯᠡᠰ︾ ᠢ ᠬᠠᠮᠳᠣᠪᠠᠷ ᠬᠦᠭᠵᠢᠬᠦᠯᠬᠦ ᠳᠣᠭᠤᠷᠢᠨ ᠳᠤ ᠲᠦᠷᠥᠯ ᠵᠣᠶᠢᠯ ᠢ | ᠠᠳᠬᠤᠬᠤ᠂ ᠪᠡᠯᠡ ᠣᠷᠣᠭᠤᠯᠣᠯᠳᠠ ᠶᠢ ᠦᠷᠬᠡᠳᠬᠡᠬᠦ ᠶᠢ ᠪᠡᠷᠢᠮᠳᠠᠯᠠᠵᠣ ᠰᠢᠨ᠎ᠡ ᠬᠡᠯᠪᠠᠷᠢ ᠶᠢᠨ ᠠᠵᠣ | ᠣᠶᠢᠯᠡᠳᠪᠣᠷᠢᠵᠢᠯᠳᠠ ᠶᠢᠨ ᠠᠬᠢᠴᠠ ᠶᠢ ᠲᠦᠷᠬᠡᠳᠬᠡᠪᠠ᠃ ᠳ᠋ᠦᠩᠰᠢᠭᠤᠷ ᠲᠦᠬᠦᠷᠢᠭ ᠠᠴᠠ ᠳᠡᠬᠡᠭᠰᠢᠬᠢ ᠠᠵᠣ | ᠣᠶᠢᠯᠡᠳᠪᠣᠷᠢ ᠶᠢᠨ ᠲᠦᠷᠥᠯ ᠵᠣᠶᠢᠯ ᠢ ᠨᠡᠶᠢᠳᠠ 51 ᠬᠡᠷᠡᠭᠵᠢᠬᠦᠯᠵᠤ᠂ ᠵᠦᠩ ᠲᠢᠶᠠᠨ ᠾᠧ ᠴᠤᠸᠠᠩ ᠺᠣᠮᠫᠠᠨᠢ ᠶᠢᠨ | ᠨᠡᠬᠦᠷᠠᠰᠣ ᠶᠢ ᠨᠠᠷᠢᠯᠢᠭ ᠪᠣᠯᠪᠠᠰᠣᠷᠠᠭᠤᠯᠬᠤ᠂ ᠵᠦᠩ ᠮᠧᠢ ᠮᠧᠩ ᠳ᠋ᠠ ᠺᠣᠮᠫᠠᠨᠢ ᠶᠢᠨ ᠪᠠᠷᠢᠯᠭ᠎ᠠ ᠶᠢᠨ ᠰᠣᠯᠢᠶᠣᠣ | ᠣᠶᠢᠯᠡᠳᠪᠣᠷᠢᠯᠡᠬᠦ᠂ ᠵᠦᠩ ᠮᠧᠢ ᠺᠣᠮᠫᠠᠨᠢ ᠶᠢᠨ ᠬᠢᠮᠢ ᠶᠢᠨ ᠪᠣᠷᠳᠣᠭᠤᠷ᠂ ᠪᠥᠸᠧ ᠳ᠋ᠠ ᠱᠢ ᠳ᠋ᠢ ᠺᠣᠮᠫᠠᠨᠢ ᠶᠢᠨ | ᠰᠢᠬᠡᠰᠦᠯᠢᠭ ᠡᠳ᠋ ᠤᠨ ᠲᠦᠷᠥᠯ ᠵᠣᠶᠢᠯ᠂ ᠵᠦᠩ ᠮᠧᠢ ᠶᠤᠸᠠᠨ ᠰᠢᠩ ᠺᠣᠮᠫᠠᠨᠢ ᠶᠢᠨ ᠮᠧᠲ᠋ᠢᠯ ᠠᠯᠺᠦᠦᠯ᠂ ᠬᠤᠩ ᠵᠢᠢ | ᠢ ᠲᠠᠢ ᠺᠣᠮᠫᠠᠨᠢ ᠶᠢᠨ ᠰᠢᠩᠬᠡᠨᠵᠢᠬᠦᠯᠥᠭᠰᠡᠨ ᠪᠠᠶᠢᠭᠠᠯᠢ ᠶᠢᠨ ᠰᠢᠳᠠᠮᠠᠬᠠᠢ ᠬᠡᠢ ᠵᠡᠷᠬᠡ 18 ᠲᠦᠷᠥᠯ ᠵᠣᠶᠢᠯ ᠢ | ᠠᠰᠢᠭᠯᠠᠯᠳᠠ ᠳᠤ ᠣᠷᠣᠭᠤᠯᠵᠣ᠂ ᠪᠦᠬᠦ ᠬᠤᠰᠢᠭᠤᠨ ᠤ ᠮᠧᠲ᠋ᠢᠯ ᠠᠯᠺᠦᠦᠯ᠂ ᠠᠯᠺᠧᠨ ᠨᠡᠬᠦᠷᠣᠭ᠍ᠴᠢ᠂ ᠬᠢᠮᠢ ᠶᠢᠨ | ᠪᠣᠷᠳᠣᠭᠤᠷ᠂ ᠰᠢᠩᠬᠡᠨᠵᠢᠬᠦᠯᠥᠭᠰᠡᠨ ᠪᠠᠶᠢᠭᠠᠯᠢ ᠶᠢᠨ ᠰᠢᠳᠠᠮᠠᠬᠠᠢ ᠬᠡᠢ ᠶᠢᠨ ᠣᠶᠢᠯᠡᠳᠪᠣᠷᠢᠯᠡᠯ ᠤᠨ ᠴᠢᠳᠠᠪᠬᠢ ᠶᠢ | ᠳᠣᠰᠪᠣᠷᠢ 480 ᠲᠦᠮᠡᠨ ᠳᠣᠠᠨ᠋ᠨ᠂ 197 ᠲᠦᠮᠡᠨ ᠳᠣᠠᠨ᠋ᠨ᠂ 255 ᠲᠦᠮᠡᠨ ᠳᠣᠠᠨ᠋ᠨ᠂ 58 ᠲᠦᠮᠡᠨ ᠳᠣᠠᠨ᠋ᠨ | ᠰᠢᠨ᠎ᠡ ᠪᠠᠷ ᠨᠡᠮᠡᠭᠳᠡᠬᠦᠯᠪᠠ᠃ ᠮᠦᠩᠬᠡᠴᠢ᠂ ᠬᠤᠯᠣᠰᠣ ᠵᠡᠷᠬᠡ ᠨᠡᠬᠦᠷᠠᠰᠣᠨ ᠠᠭᠤᠷᠬᠠᠢ ᠶᠢᠨ ᠬᠠᠮᠳᠣᠷᠠᠵᠣ ᠳᠣᠷᠰᠢᠨ | ᠠᠵᠢᠯᠯᠠᠬᠤ ᠶᠢ ᠪᠠᠶᠠᠯᠡᠬᠦᠯᠪᠠ᠃ ᠠᠵᠣ ᠣᠶᠢᠯᠡᠰ ᠢ ᠢᠵᠢ ᠪᠦᠷᠢᠳᠦᠬᠦᠯᠥᠨ ᠬᠦᠭᠵᠢᠬᠦᠯᠬᠦ ᠶᠢ ᠴᠢᠩᠭᠠᠳᠬᠠᠵᠣ᠂ ᠵᠢᠶᠧ | ᠯᠢᠨ ᠰᠣᠯᠢᠶᠣᠣ ᠣᠶᠢᠯᠡᠳᠪᠣᠷᠢᠯᠡᠬᠦ ᠺᠣᠮᠫᠠᠨᠢ ᠶᠢᠨ 2 ᠲᠦᠮᠡᠨ ᠳᠣᠠᠨ᠋ᠨ ᠬᠦᠨᠳᠣ ᠠᠴᠢᠶ᠎ᠠ ᠶᠢ ᠪᠣᠭᠤᠳᠠᠯᠯᠠᠬᠤ | ᠪᠦᠷᠬᠦᠪᠴᠢ ᠵᠡᠷᠬᠡ ᠨᠢᠬᠡ ᠪᠦᠯᠥᠭ ᠬᠡᠯᠬᠢᠶᠠᠵᠢᠯ ᠢ ᠣᠷᠳᠣᠳᠬᠠᠵᠣ ᠨᠦᠬᠦᠪᠦᠷᠢᠯᠡᠬᠦ ᠲᠦᠷᠥᠯ ᠵᠣᠶᠢᠯ ᠢ ᠣᠷᠣᠭᠤᠯᠣᠨ | ᠠᠪᠴᠢᠷᠠᠪᠠ᠃ ᠳᠠᠷᠢᠶᠠᠯᠠᠩ ᠮᠠᠯ ᠠᠵᠣ ᠠᠬᠤᠢ ᠶᠢᠨ ᠬᠠᠩᠭᠠᠯᠭ᠎ᠠ ᠶᠢᠨ ᠳᠠᠯ᠎ᠠ ᠶᠢᠨ ᠪᠦᠳᠦᠴᠡ ᠶᠢᠨ ᠴᠢᠨᠡᠷᠳᠡᠢ | ᠦᠬᠡᠷᠡᠴᠢᠯᠡᠯᠳᠡ ᠶᠢ ᠬᠦᠨᠵᠡᠬᠡᠢ ᠠᠬᠢᠭᠤᠯᠵᠣ᠂ ᠳᠣᠬᠢᠷᠠᠮᠵᠢᠳᠣ ᠬᠡᠪᠴᠢᠶᠠᠨ ᠤ ᠡᠵᠡᠩᠨᠡᠯᠳᠡ ᠶᠢᠨ ᠡᠷᠦᠬᠡ ᠶᠢ 2702 | ᠬᠦᠮᠦᠵᠢᠬᠦᠯᠵᠣ᠂ ᠦᠨᠳᠣᠷ ᠪᠠᠷᠢᠮᠵᠢᠶᠠᠳᠣ ᠰᠠᠭᠤᠷᠢ ᠳᠠᠷᠢᠶᠠᠨ ᠭᠠᠵᠠᠷ ᠢ 7 ᠲᠦᠮᠡᠨ ᠮᠣ᠋ ᠪᠠᠶᠢᠭᠤᠯᠣᠨ ᠣᠰᠣ | ᠠᠷᠪᠢᠯᠠᠬᠤ ᠣᠰᠣᠯᠠᠯᠳᠠ ᠶᠢᠨ ᠳᠠᠯᠠᠪᠠᠢ ᠶᠢ 26 ᠲᠦᠮᠡᠨ ᠮᠣ᠋ ᠳᠤ ᠬᠦᠷᠬᠡᠵᠣ᠂ ᠳᠠᠷᠢᠶᠠᠯᠠᠩ ᠮᠠᠯ ᠠᠵᠣ ᠣᠶᠢᠯᠡᠰ ᠤᠨ | ᠣᠰᠣ ᠠᠷᠪᠢᠯᠠᠬᠤ ᠶᠢ ᠲᠦᠬᠡᠮᠡᠯᠵᠢᠬᠦᠯᠥᠭᠰᠡᠨ ᠨᠣᠷᠮ᠎ᠠ ᠶᠢ 2012 ᠣᠨ ᠤ ᠬᠢ ᠠᠴᠠ 15 ᠵᠠᠭᠤᠨ ᠤ ᠨᠢᠬᠡᠴᠢ | ᠳᠡᠬᠡᠭᠰᠢᠯᠡᠬᠦᠯᠥᠨ᠂ ᠢᠳᠡᠰᠢᠨ ᠨᠣᠭᠤᠭᠠᠨ ᠤ ᠬᠦᠯᠡᠮᠵᠢ ᠶᠢ 1734 ᠰᠢᠨ᠎ᠡ ᠪᠠᠷ ᠨᠡᠮᠡᠭᠳᠡᠬᠦᠯᠪᠠ᠃ ᠠᠮᠣ ᠪᠣᠳᠠᠭ᠎ᠠ᠂ | ᠠᠵᠣ ᠠᠬᠤᠢ ᠶᠢᠨ ᠳᠠᠷᠢᠮᠠᠯ᠂ ᠡᠪᠠᠰᠣ ᠪᠣᠷᠳᠤᠭ᠎ᠠ ᠶᠢᠨ ᠬᠠᠷᠢᠴᠠᠯ ᠢ 2012 ᠣᠨ ᠤ 79᠄ 6᠄ 15 ᠪᠠᠶᠢᠭᠰᠠᠨ | ᠠᠴᠠ 2017 ᠣᠨ ᠤ 60᠄ 10᠄ 30 ᠪᠣᠯᠭᠠᠭᠰᠠᠨ ᠪᠠᠶᠢᠨ᠎ᠠ᠃ ᠰᠢᠷᠬᠤᠰᠣ᠂ ᠴᠠᠭᠠᠨ ᠰᠦᠯᠳᠡ᠂ ᠪᠠᠶᠠᠠᠨᠠᠭᠤᠷ | ᠵᠡᠷᠬᠡ ᠦᠵᠡᠮᠵᠢ ᠶᠢᠨ ᠣᠷᠣᠨ ᠤ ᠰᠠᠭᠤᠷᠢ ᠲᠦᠬᠦᠬᠡᠷᠣᠮᠵᠢ ᠶᠢ ᠳᠡᠬᠦᠯᠳᠡᠷᠵᠢᠬᠦᠯᠵᠣ᠂ AAAA ᠳᠠᠰ ᠤᠨ ᠦᠵᠡᠮᠵᠢ | ᠶᠢᠨ ᠣᠷᠣᠨ ᠢ 1 ᠰᠢᠨ᠎ᠡ ᠪᠠᠷ ᠨᠡᠮᠡᠭᠳᠡᠬᠦᠯᠵᠣ᠂ ᠣᠳᠣᠨ ᠳᠠᠰ ᠤᠨ ᠮᠠᠯᠴᠢᠨ ᠳᠠᠷᠢᠶᠠᠴᠢᠨ ᠠᠶᠢᠯ ᠤᠨ ᠵᠣᠴᠢᠯᠠᠭ᠎ᠠ ᠶᠢ | 41 ᠡᠷᠦᠬᠡ ᠬᠦᠭᠵᠢᠬᠦᠯᠵᠣ ᠳᠣᠮᠣ ᠬᠡᠯᠪᠠᠷᠢ ᠶᠢᠨ ᠰᠣᠶᠣᠯ ᠵᠢᠭᠤᠯᠴᠢᠯᠡᠯ ᠤᠨ ᠠᠵᠢᠯᠯᠠᠭᠠᠨ ᠢ 140 ᠭᠠᠷᠦᠢ | ᠳᠠᠯᠠᠪᠣᠷ ᠣᠳᠠᠭ᠎ᠠ ᠡᠷᠬᠢᠯᠡᠨ ᠳᠠᠪᠣᠨ ᠵᠢᠯ ᠳᠤ ᠨᠡᠶᠢᠳᠠ 340 ᠲᠦᠮᠡᠨ ᠬᠦᠮᠦᠨ ᠣᠳᠠᠭ᠎ᠠ ᠶᠢᠨ ᠵᠢᠭᠤᠯᠴᠢᠯᠠᠭᠰᠠᠳ ᠢ | ᠬᠦᠯᠢᠶᠠᠨ ᠵᠣᠴᠢᠯᠠᠵᠣ ᠵᠢᠭᠤᠯᠴᠢᠯᠡᠯ ᠤᠨ ᠶᠡᠷᠦᠩᠬᠡᠶᠢᠯᠡᠭᠰᠡᠨ ᠣᠷᠣᠯᠭ᠎ᠠ ᠶᠢ 106 ᠳ᠋ᠦᠩᠰᠢᠭᠤᠷ ᠲᠦᠬᠦᠷᠢᠭ | ᠪᠠᠶᠡᠯᠡᠬᠦᠯᠪᠠ᠃ ᠪᠠᠷᠠᠭᠠᠨ ᠬᠦᠢᠯᠬᠡᠬᠡᠨ ᠤ ᠠᠵᠣ ᠠᠬᠤᠶᠢᠯᠡᠯ ᠢ 80 ᠰᠢᠨ᠎ᠡ ᠪᠠᠷ ᠨᠡᠮᠡᠭᠳᠡᠬᠦᠯᠵᠣ᠂ ᠳᠠᠷᠢᠶᠠᠯᠠᠩ ᠤᠨ | ᠠᠷᠠᠯᠵᠢᠶᠠᠨ ᠤ ᠵᠠᠬ᠎ᠠ ᠳᠡᠯᠬᠡᠬᠦᠷ ᠢ 2 ᠰᠢᠨ᠎ᠡ ᠪᠠᠷ ᠪᠠᠶᠢᠭᠤᠯᠵᠣ᠂ ᠠᠭᠤᠷᠬᠠᠢ ᠶᠢᠨ ᠣᠷᠣᠨ᠂ ᠬᠦᠷᠢᠶᠠᠯᠠᠩ | ᠳᠣᠭᠤᠷᠢᠭ᠂ ᠭᠤᠣᠯ ᠪᠣᠯᠬᠤ ᠡᠳ᠋ ᠪᠠᠷᠠᠭᠠᠨ ᠤ ᠲᠦᠪᠯᠡᠷᠡᠬᠦᠯᠵᠣ ᠳᠠᠷᠬᠠᠭᠠᠬᠤ ᠴᠡᠭ ᠢ ᠬᠠᠮᠣᠷᠠᠭᠰᠠᠨ ᠲᠦᠪᠯᠡᠷᠡᠬᠦᠯᠥᠨ | ᠨᠡᠪᠳᠠᠷᠠᠬᠦᠯᠬᠦ ᠰᠢᠰᠲ᠋ᠧᠮ ᠪᠠ ᠰᠣᠮᠣ ᠪᠠᠯᠭᠠᠰᠣ᠂ ᠭᠤᠣᠯᠳᠠᠯᠭᠠᠳᠣ ᠭᠠᠴᠠᠭ᠎ᠠ ᠳᠣᠰᠬᠤᠨ ᠢ ᠬᠠᠮᠣᠷᠠᠭᠰᠠᠨ ᠲᠦᠷᠬᠡᠨ | ᠬᠦᠷᠬᠡᠯᠳᠡ ᠶᠢᠨ ᠳᠣᠬᠢᠷᠠᠭᠤᠯᠣᠨ ᠬᠦᠷᠬᠡᠬᠦ ᠰᠢᠰᠲ᠋ᠧᠮ ᠢ ᠪᠠᠶᠢᠭᠤᠯᠪᠠ᠃ ᠭᠤᠷᠪᠠᠨ ᠠᠵᠣ ᠣᠶᠢᠯᠡᠰ ᠤᠨ ᠪᠦᠳᠦᠴᠡ | ᠶᠢ 2012 ᠣᠨ ᠤ 3᠄ 75᠄ 22 ᠪᠠᠶᠢᠭᠰᠠᠨ ᠠᠴᠠ 2017 ᠣᠨ ᠤ 4᠄ 73᠄ 23 ᠪᠣᠯᠭᠠᠪᠠ᠃ | — ᠦᠩᠬᠡᠷᠡᠭᠰᠡᠨ ᠳᠠᠪᠣᠨ ᠵᠢᠯ ᠪᠣᠯ ᠮᠠᠨ ᠤ ᠬᠤᠰᠢᠭᠤ ᠰᠠᠭᠤᠷᠢ ᠳᠣᠨᠤᠭ ᠲᠦᠬᠦᠬᠡᠷᠣᠮᠵᠢ ᠶᠢ ᠪᠦᠬᠦ ᠳᠠᠯ᠎ᠠ | ᠪᠠᠷ ᠰᠠᠶᠢᠵᠢᠷᠠᠭᠤᠯᠵᠣ᠂ ᠬᠤᠳᠠ ᠬᠦᠳᠡᠭᠡ ᠶᠢᠨ ᠲᠦᠷᠢ ᠲᠦᠷᠬᠦ ᠳᠤ ᠴᠢᠬᠤᠯᠠ ᠶᠡᠭᠡ ᠬᠤᠪᠢᠷᠠᠯᠳᠡ ᠭᠠᠷᠣᠭᠰᠠᠨ | ᠳᠠᠪᠣᠨ ᠵᠢᠯ ᠪᠣᠯᠣᠨ᠎ᠠ᠃ ᠬᠤᠳᠠ ᠬᠦᠳᠡᠭᠡ ᠶᠢᠨ ᠳᠠᠩᠴᠡᠬᠦᠷᠢᠳᠣ ᠬᠦᠭᠵᠢᠯᠳᠡ ᠶᠢ ᠪᠠᠷᠢᠮᠳᠠᠯᠠᠨ ᠣᠯᠠᠨ ᠨᠠᠶᠢᠳᠠ ᠶᠢᠨ | ᠦᠨᠳᠣᠰᠣᠨ ᠣᠶᠢᠯᠡᠴᠢᠯᠡᠭᠡ ᠪᠠᠷ ᠬᠤᠳᠠ ᠬᠦᠳᠡᠭᠡ ᠶᠢᠨ ᠰᠠᠭᠤᠭᠠᠯᠢ ᠠᠷᠠᠳ ᠢ ᠬᠠᠷᠠᠭᠠᠯᠵᠠᠭᠰᠠᠨ ᠪᠠᠶᠢᠨ᠎ᠠ᠃ ᠬᠤᠳᠠ | ᠪᠠᠯᠭᠠᠰᠣᠨ ᠤ ᠴᠢᠳᠠᠪᠬᠢ ᠶᠢ ᠳᠠᠰᠣᠷᠠᠯᠳᠡ ᠦᠬᠡᠢ ᠳᠠᠬᠦᠯᠳᠡᠷᠵᠢᠬᠦᠯᠵᠣ᠂ ᠭᠠᠯᠠᠭᠤᠳᠣ ᠪᠠᠯᠭᠠᠰᠣᠨ ᠤ ᠳᠣᠭᠤᠷᠢᠭ ᠤᠨ | ᠡᠯ᠎ᠡ ᠲᠦᠷᠥᠯ ᠤᠨ ᠬᠤᠭᠤᠯᠠᠢ ᠳᠣᠣᠷ ᠢ 309 ᠺᠢᠯᠣᠮᠧᠲᠷ᠂ ᠢᠯᠴᠢ ᠰᠣᠯᠢᠯᠴᠠᠭᠤᠯᠬᠤ ᠦᠷᠳᠡᠭᠡ ᠶᠢ 10᠂ ᠣᠰᠣ | ᠪᠠᠷ ᠵᠠᠶᠢᠯᠠᠬᠤ ᠬᠡᠯᠪᠠᠷᠢ ᠶᠢᠨ ᠵᠣᠷᠯᠣᠩ ᠢ 104 ᠰᠢᠨ᠎ᠡ ᠪᠠᠷ ᠪᠠᠶᠢᠭᠤᠯᠣᠭᠰᠠᠨ ᠪᠠ ᠦᠬᠡᠷᠡᠴᠢᠯᠡᠨ ᠪᠠᠶᠢᠭᠤᠯᠵᠣ᠂ | 33 ᠲᠦᠮᠡᠨ ᠳᠡᠭᠰᠢ ᠲᠦᠷᠪᠠᠯᠵᠢᠨ ᠮᠧᠲᠷ ᠤᠨ ᠵᠠᠮ ᠢ ᠰᠢᠨ᠎ᠡ ᠪᠠᠷ ᠵᠠᠰᠠᠪᠠ᠃ ᠰᠣᠶᠣᠯ ᠳᠠᠮᠢᠷ ᠤᠨ ᠣᠷᠳᠣᠨ᠂ | ᠦᠳᠦᠨ ᠪᠦᠮᠪᠦᠭᠡ ᠫᠢᠩᠫᠠᠩ ᠪᠦᠮᠪᠦᠭᠡ ᠶᠢᠨ ᠣᠷᠳᠣᠨ᠂ ᠣᠮᠪᠠᠯᠳᠠ ᠶᠢᠨ ᠣᠷᠳᠣᠨ ᠢ ᠪᠠᠶᠢᠭᠤᠯᠪᠠ᠃ ᠪᠠᠳᠣᠯᠠᠪᠣᠷᠢ | ᠶᠢᠨ ᠣᠷᠣᠨ ᠰᠠᠭᠤᠴᠠ ᠶᠢ 1735 ᠢᠵᠢ᠂ ᠠᠷᠠᠳ ᠲᠤ ᠲᠦᠬᠦᠮ ᠦᠵᠡᠬᠦᠯᠬᠦ ᠳᠣᠭᠤᠢ ᠳᠡᠷᠬᠡᠨ ᠴᠡᠭ ᠢ 25 | ᠭᠠᠵᠠᠷ ᠰᠢᠨ᠎ᠡ ᠪᠠᠷ ᠪᠠᠶᠢᠭᠤᠯᠣᠨ ᠭᠤᠣᠯᠳᠠᠯᠭᠠᠳᠣ ᠳᠣᠭᠤᠷᠢᠭ ᠲᠤ WiFi ᠶᠢ ᠨᠡᠶᠢᠳᠡᠮᠵᠢᠬᠦᠯᠪᠠ᠃ 34 ᠲᠦᠮᠡᠨ | ᠳᠡᠭᠰᠢ ᠲᠦᠷᠪᠠᠯᠵᠢᠨ ᠮᠧᠲᠷ ᠤᠨ ᠵᠡᠬᠡᠯᠢ ᠭᠤᠳᠣᠮᠵᠢ ᠶᠢᠨ ᠬᠠᠳᠠᠭᠤᠵᠢᠭᠤᠯᠣᠯᠳᠠ ᠶᠢ ᠪᠠᠶᠠᠯᠡᠬᠦᠯᠵᠣ᠂ ᠵᠡᠬᠡᠯᠢ | ᠭᠤᠳᠣᠮᠵᠢ ᠶᠢᠨ ᠳ᠋ᠧᠩ ᠢ 520 ᠣᠭᠰᠠᠷᠠᠨ ᠬᠤᠳᠠ ᠶᠢᠨ ᠭᠤᠣᠯ ᠳᠣᠭᠤᠷᠢᠭ ᠤᠨ ᠨᠣᠭᠤᠭᠠᠷᠠᠭᠤᠯᠣᠭᠰᠠᠨ ᠭᠠᠵᠠᠷ | ᠤᠨ ᠳᠠᠯᠠᠪᠠᠢ ᠶᠢ 1235 ᠡᠾᠧᠺᠲ᠋ᠡᠷ ᠬᠦᠷᠬᠡᠵᠣ᠂ ᠣᠷᠣᠨ ᠳᠣᠭᠤᠷᠢᠭ ᠤᠨ ᠨᠣᠭᠤᠭᠠᠷᠠᠭᠤᠯᠣᠯᠳᠠ ᠶᠢᠨ ᠪᠦᠷᠬᠦᠴᠡ | ᠨᠣᠷᠮ᠎ᠠ ᠪᠠ ᠨᠣᠭᠤᠭᠠᠷᠠᠭᠤᠯᠣᠭᠰᠠᠨ ᠭᠠᠵᠠᠷ ᠤᠨ ᠨᠣᠷᠮ᠎ᠠ ᠶᠢ ᠳᠣᠰᠪᠣᠷᠢ 47% ᠪᠠ 44% ᠳᠤ ᠬᠦᠷᠬᠡᠵᠣ᠂ | ᠬᠦᠮᠦᠨ ᠳᠣᠮᠳᠠᠴᠢ ᠶᠢᠨ ᠴᠡᠴᠡᠷᠯᠢᠭ ᠤᠨ ᠨᠣᠭᠤᠭᠠᠷᠠᠭᠤᠯᠣᠭᠰᠠᠨ ᠭᠠᠵᠠᠷ ᠤᠨ ᠳᠠᠯᠠᠪᠠᠢ ᠶᠢ 26 ᠳᠡᠭᠰᠢ ᠲᠦᠷᠪᠠᠯᠵᠢᠨ | ᠮᠧᠲᠷ ᠳᠤ ᠬᠦᠷᠬᠡᠪᠠ᠃ ᠣᠶᠣᠨᠴᠢ ᠬᠤᠳᠠ ᠶᠢᠨ ᠵᠠᠰᠠᠭ ᠤᠨ ᠶᠠᠪᠣᠳᠠᠯ ᠤᠨ ᠳᠠᠪᠴᠠᠩ ᠢ ᠪᠦᠳᠦᠬᠡᠨ ᠪᠠᠶᠢᠭᠤᠯᠪᠠ᠃ | ᠳᠤᠭ ᠪᠠᠯᠭᠠᠰᠣ᠂ ᠰᠢᠷᠬᠤᠰᠣ ᠪᠠᠯᠭᠠᠰᠣ ᠵᠡᠷᠬᠡ ᠭᠠᠵᠠᠷ ᠲᠤ ᠲᠦᠪᠯᠡᠷᠡᠬᠦᠯᠥᠭᠰᠡᠨ ᠳᠣᠯᠠᠭᠠᠯᠠᠯᠭ᠎ᠠ ᠬᠠᠩᠭᠠᠬᠤ᠂ | ᠪᠠᠶᠢᠭᠠᠯᠢ ᠶᠢᠨ ᠰᠢᠳᠠᠮᠠᠬᠠᠢ ᠬᠡᠢ ᠬᠠᠩᠭᠠᠬᠤ᠂ ᠨᠣᠭᠤᠭᠠᠷᠠᠭᠤᠯᠬᠤ᠂ ᠬᠡᠷᠡᠯᠳᠦᠬᠦᠯᠬᠦ ᠵᠡᠷᠬᠡ ᠢᠨᠵᠧᠨᠧᠷᠢᠩ ᠢ | ᠬᠡᠷᠡᠭᠵᠢᠬᠦᠯᠵᠣ ᠵᠢᠵᠢᠭ ᠬᠤᠳᠠ ᠪᠠᠯᠭᠠᠰᠣᠨ ᠤ ᠳᠠᠭᠠᠭᠤᠯᠥᠨ ᠳᠠᠶᠢᠴᠢᠯᠠᠬᠤ ᠴᠢᠳᠠᠪᠣᠷᠢ ᠶᠢ ᠳᠠᠰᠣᠷᠠᠯᠳᠡ ᠦᠬᠡᠢ | ᠴᠢᠩᠭᠠᠳᠬᠠᠪᠠ᠃ ᠦᠵᠡᠰᠬᠦᠯᠡᠩᠳᠣ ᠰᠠᠶᠢᠬᠠᠨ ᠬᠦᠳᠡᠭᠡ ᠳᠣᠰᠬᠤᠨ ᠤ ᠪᠠᠶᠢᠭᠤᠯᠣᠯᠳᠠ ᠶᠢ ᠯᠠᠪᠳᠠᠭᠤᠨ ᠠᠬᠢᠭᠤᠯᠵᠣ | ᠬᠦᠳᠡᠭᠡ ᠳᠣᠰᠬᠤᠨ ᠤ ᠵᠠᠰᠠᠮᠠᠯ ᠵᠠᠮ ᠢ 1203 ᠺᠢᠯᠣᠮᠧᠲᠷ ᠳᠠᠪᠢᠰᠴᠣ᠂ 17799 ᠡᠷᠦᠬᠡ ᠶᠢᠨ ᠨᠣᠷᠠᠬᠤ | ᠠᠶᠣᠯᠳᠡᠢ ᠬᠡᠷ ᠪᠠᠶᠢᠰᠢᠩ ᠢ ᠦᠬᠡᠷᠡᠴᠢᠯᠡᠨ ᠵᠠᠰᠠᠵᠣ᠂ 1506 ᠺᠢᠯᠣᠮᠧᠲᠷ ᠤᠨ ᠴᠠᠬᠢᠯᠭᠠᠨ ᠣᠳᠠᠰᠣ ᠶᠢ ᠳᠠᠳᠠᠵᠣ᠂ | ᠠᠮᠣᠷ ᠲᠦᠪᠰᠢᠨ ᠣᠣᠭᠤᠬᠤ ᠣᠰᠣᠨ ᠤ ᠢᠨᠵᠧᠨᠧᠷᠢᠩ ᠢ 101 ᠬᠡᠷᠡᠭᠵᠢᠬᠦᠯᠵᠤ᠂ ᠰᠠᠭᠤᠭᠠᠯᠢ ᠠᠷᠠᠳ ᠤᠨ | ᠲᠦᠪᠯᠡᠷᠡᠯ ᠤᠨ ᠴᠡᠭ ᠢ 14 ᠪᠦᠳᠦᠬᠡᠨ ᠪᠠᠶᠢᠭᠤᠯᠵᠣ ᠮᠠᠯᠵᠢᠬᠤ ᠳᠠᠷᠢᠶᠠᠯᠠᠬᠤ ᠣᠷᠣᠨ ᠤ ᠰᠣᠶᠣᠯ᠂ ᠰᠣᠷᠭᠠᠨ | ᠬᠦᠮᠦᠵᠢᠯ᠂ ᠡᠷᠡᠬᠦᠯ ᠬᠠᠮᠠᠭᠠᠯᠠᠯ ᠵᠡᠷᠬᠡ ᠣᠯᠠᠨ ᠨᠠᠶᠢᠳᠠ ᠶᠢᠨ ᠣᠶᠢᠯᠡᠴᠢᠯᠡᠬᠡᠨ ᠤ ᠬᠢᠷᠢ ᠲᠦᠪᠰᠢᠨ ᠢ ᠶᠡᠬᠡᠪᠡᠷ | ᠳᠡᠬᠡᠭᠰᠢᠯᠡᠬᠦᠯᠥᠭᠰᠡᠨ ᠪᠠᠶᠢᠨ᠎ᠠ᠃ ᠰᠠᠭᠤᠷᠢ ᠠᠴᠢᠶᠠᠯᠠᠪᠣᠷᠢ ᠶᠢᠨ ᠲᠦᠪᠰᠢᠨ ᠢ ᠢᠯᠡᠳᠳᠡ ᠳᠡᠬᠡᠭᠰᠢᠯᠡᠬᠦᠯᠵᠣ ︽ | ᠳᠣᠯᠣᠭᠠᠨ ᠳᠣᠣᠷ︾ ᠤᠨ ᠢᠨᠵᠧᠨᠧᠷᠢᠩ ᠤᠨ ᠪᠠᠶᠢᠭᠤᠯᠣᠯᠳᠠ ᠶᠢ ᠠᠬᠢᠭᠤᠯᠣᠨ ᠦᠪᠣᠷ ᠮᠣᠩᠭᠤᠯ ᠤᠨ ᠪᠠᠷᠠᠭᠤᠨ | ᠬᠡᠰᠡᠭ ᠤᠨ ᠣᠷᠣᠨ ᠠᠴᠠ ᠳᠣᠮᠳᠠᠳᠣ ᠣᠷᠣᠨ ᠬᠦᠷᠬᠦ ᠳᠠᠮᠣᠷ ᠵᠠᠮ ︵ᠦᠪᠣᠷ ᠮᠣᠩᠭᠤᠯ ᠤᠨ ᠬᠡᠰᠡᠭ︶ ᠤᠨ | ᠪᠠᠷᠢᠯᠭ᠎ᠠ ᠶᠢ ᠡᠬᠢᠯᠡᠬᠦᠯᠥᠨ ᠳᠣᠯᠢ ᠠᠴᠠ ᠣᠳᠤᠭ ᠤᠨ ᠡᠮᠣᠨᠡᠳᠣ ᠬᠤᠰᠢᠭᠤ ᠬᠦᠷᠬᠦ ᠳᠠᠮᠣᠷ ᠵᠠᠮ ᠤᠨ ᠪᠠᠷᠢᠯᠭ᠎ᠠ ᠶᠢ | ᠳᠠᠭᠤᠰᠬᠠᠨ 7 ᠵᠣᠷᠪᠣᠰ ᠳᠠᠮᠣᠷ ᠵᠠᠮ ᠤᠨ ᠱᠤᠭᠤᠮ ᠪᠠ ᠦᠣᠰᠢᠨᠵᠣᠣ ᠠᠴᠠ ᠭᠠᠯᠠᠭᠤᠳᠣ ᠬᠦᠷᠬᠦ ᠨᠢᠬᠡᠳᠣᠬᠡᠷ ᠳᠠᠰ | ᠤᠨ ᠵᠠᠰᠠᠮᠠᠯ ᠵᠠᠮ ᠪᠠᠶᠢᠭᠤᠯᠣᠭᠳᠠᠵᠣ᠂ ᠳᠠᠮᠣᠷ ᠵᠠᠮ ᠪᠠ ᠳᠡᠬᠡᠳᠣ ᠳᠠᠰ ᠤᠨ ᠵᠠᠰᠠᠮᠠᠯ ᠵᠠᠮ ᠤᠨ ᠳᠡᠷᠬᠡ ᠨᠠᠪᠳᠡᠷᠡᠭᠰᠡᠨ | ᠵᠠᠮ ᠤᠨ ᠣᠷᠳᠣ ᠨᠢ ᠳᠣᠰᠪᠣᠷᠢ 259 ᠺᠢᠯᠣᠮᠧᠲᠷ ᠪᠠ 470 ᠺᠢᠯᠣᠮᠧᠲᠷ ᠲᠤ ᠬᠦᠷᠪᠠ︔ 110 ᠺᠢᠯᠣᠸᠣᠯᠲ | ᠤᠨ ᠴᠠᠬᠢᠯᠭᠠᠨ ᠬᠦᠷᠬᠡᠵᠣ ᠬᠤᠪᠢᠰᠬᠠᠬᠤ ᠦᠷᠳᠡᠭᠡ ᠶᠢ 3᠂ 35 ᠺᠢᠯᠣᠸᠣᠯᠲ ᠤᠨ ᠴᠠᠬᠢᠯᠭᠠᠨ ᠬᠦᠷᠬᠡᠵᠣ | ᠬᠤᠪᠢᠰᠬᠠᠬᠤ ᠦᠷᠳᠡᠭᠡ ᠶᠢ 8 ᠰᠢᠨ᠎ᠡ ᠪᠠᠷ ᠪᠠᠶᠢᠭᠤᠯᠵᠣ᠂ ᠦᠣᠰᠢᠨ ᠤ 220 ᠺᠢᠯᠣᠸᠣᠯᠲ ᠤᠨ ᠴᠠᠬᠢᠯᠭᠠᠨ | ᠬᠦᠷᠬᠡᠵᠣ ᠬᠤᠪᠢᠰᠬᠠᠬᠤ ᠦᠷᠳᠡᠭᠡ ᠠᠴᠠ ᠳᠣᠯᠢ ᠶᠢᠨ 110 ᠺᠢᠯᠣᠸᠣᠯᠲ ᠤᠨ ᠴᠠᠬᠢᠯᠭᠠᠨ ᠬᠦᠷᠬᠡᠵᠣ ᠬᠤᠪᠢᠰᠬᠠᠬᠤ | ᠦᠷᠳᠡᠭᠡ ᠬᠦᠷᠬᠦ ᠵᠡᠷᠬᠡ 16 ᠵᠣᠷᠪᠣᠰ ᠴᠠᠬᠢᠯᠭᠠᠨ ᠬᠦᠷᠬᠡᠬᠦ ᠰᠣᠭᠤᠮ ᠢ ᠠᠰᠢᠭᠯᠠᠯᠳᠠ ᠳᠤ ᠣᠷᠣᠭᠤᠯᠪᠠ᠃ | ᠨᠠᠷᠢᠠᠭᠤᠣᠯ — ᠳᠤᠭ — ᠦᠳᠰᠢᠨᠵᠣᠣ ᠬᠦᠷᠬᠦ ᠣᠰᠣ ᠳᠠᠮᠵᠢᠭᠤᠯᠬᠤ ᠬᠤᠭᠤᠯᠠᠢ ᠱᠤᠭᠤᠮ ᠤᠨ ᠪᠠᠷᠢᠯᠭ᠎ᠠ ᠶᠢ | ᠳᠠᠭᠤᠰᠬᠠᠪᠠ᠃ | — ᠦᠩᠬᠡᠷᠡᠭᠰᠡᠨ ᠳᠠᠪᠣᠨ ᠵᠢᠯ ᠪᠣᠯ ᠮᠠᠨ ᠤ ᠬᠤᠰᠢᠭᠤ ᠠᠮᠢ ᠠᠬᠤᠢ ᠶᠢᠨ ᠣᠷᠴᠢᠨ ᠳᠣᠭᠤᠷᠢᠨ ᠢᠶᠠᠨ | ᠳᠠᠰᠣᠷᠠᠯᠳᠡ ᠦᠬᠡᠢ ᠰᠢᠯᠢᠳᠡᠭᠵᠢᠬᠦᠯᠥᠨ᠂ ᠠᠮᠢ ᠠᠬᠤᠢ ᠶᠢᠨ ᠪᠣᠯᠪᠠᠰᠣᠨ ᠪᠠᠶᠢᠭᠤᠯᠣᠯᠳᠠ ᠳᠣᠪᠣᠶᠢᠮ᠎ᠠ ᠠᠮᠵᠢᠯᠳᠠ | ᠣᠯᠣᠭᠰᠠᠨ ᠳᠠᠪᠣᠨ ᠵᠢᠯ ᠪᠣᠯᠣᠨ᠎ᠠ᠃ ᠠᠮᠢ ᠠᠬᠤᠢ ᠶᠢᠨ ᠪᠠᠶᠢᠭᠤᠯᠣᠯᠳᠠ ᠶᠢ ᠢᠮᠠᠭᠳᠠ ᠳᠡᠷᠢᠬᠦᠨ ᠪᠠᠶᠢᠷᠢᠨ ᠳᠤ | ᠳᠠᠯᠪᠢᠨ ᠰᠢᠢᠳᠪᠣᠷᠢ ᠪᠣᠳᠣᠯᠭ᠎ᠠ ᠶᠢ ᠶᠡᠷᠦᠩᠬᠡᠶᠢᠯᠡᠨ ᠶᠠᠪᠣᠭᠤᠯᠵᠣ᠂ ᠪᠠᠶᠢᠭᠤᠯᠵᠣ ᠬᠠᠮᠢᠶᠠᠷᠬᠤ ᠶᠢ ᠬᠠᠮᠳᠣ ᠳᠤᠨᠢ | ᠴᠢᠬᠤᠯᠠᠴᠢᠯᠠᠵᠣ ᠠᠮᠢ ᠠᠬᠤᠢ ᠶᠢ ᠦᠷᠡᠭᠳᠡᠬᠦᠯᠬᠦ ᠪᠠᠷ ᠨᠢᠬᠡᠨ ᠴᠠᠭ ᠤᠨ ᠬᠦᠭᠵᠢᠯᠳᠡ ᠶᠢ ᠰᠣᠯᠢᠭᠰᠠᠨ ᠦᠬᠡᠢ᠃ | ᠭᠤᠣᠯᠳᠠᠯᠭᠠᠳᠣ ᠣᠷᠣᠨ ᠪᠦᠰᠠ ᠶᠢᠨ ᠨᠣᠭᠤᠭᠠᠷᠠᠭᠤᠯᠣᠯᠳᠠ ᠶᠢ ᠶᠡᠬᠡᠪᠡᠷ ᠠᠬᠢᠭᠤᠯᠵᠣ ᠳᠠᠪᠣᠨ ᠵᠢᠯ ᠳᠤ ᠨᠠᠶᠢᠳᠠ | 127 ᠲᠦᠮᠡᠨ ᠮᠣ᠋ ᠶᠢᠨ ᠣᠢ ᠰᠢᠭᠤᠢ ᠶᠢᠨ ᠠᠮᠢ ᠠᠬᠤᠢ ᠶᠢ ᠪᠦᠳᠦᠬᠡᠨ ᠪᠠᠶᠢᠭᠤᠯᠵᠣ᠂ 41 ᠲᠦᠮᠡᠨ ᠮᠣ᠋ ᠶᠢᠨ | ᠨᠣᠳᠤᠭ ᠪᠠᠯᠴᠢᠬᠡᠷ ᠢ ᠪᠢᠳᠡᠬᠦᠮᠵᠢᠯᠡᠨ ᠰᠡᠷᠬᠦᠬᠡᠵᠣ᠂ 140 ᠲᠦᠮᠡᠨ ᠮᠣ᠋ ᠣᠰᠣ ᠬᠦᠷᠦᠰᠦᠨ ᠤ ᠢᠳᠡᠭᠳᠡᠯ ᠢ | ᠶᠡᠷᠦᠩᠬᠡᠶᠢᠯᠡᠨ ᠵᠠᠰᠠᠭᠠᠳ ᠣᠢ ᠰᠢᠭᠤᠢ ᠶᠢᠨ ᠪᠦᠷᠬᠦᠴᠡ ᠶᠢᠨ ᠨᠣᠷᠮ᠎ᠠ ᠪᠠ ᠣᠷᠭᠤᠮᠠᠯ ᠤᠨ ᠪᠦᠷᠬᠦᠴᠡ ᠶᠢᠨ ᠨᠣᠷᠮ᠎ᠠ | ᠶᠢ ᠳᠣᠰᠪᠣᠷᠢ 32.9% ᠪᠠ 80% ᠬᠦᠷᠬᠡᠪᠠ᠃ ᠣᠷᠴᠢᠨ ᠳᠣᠭᠤᠷᠢᠨ ᠤ ᠬᠠᠮᠠᠭᠠᠯᠠᠯᠳᠠ ᠶᠢᠨ ᠡᠷᠴᠢᠮ ᠢ | ᠦᠷᠬᠦᠯᠵᠢᠯᠡᠨ ᠶᠡᠬᠡᠰᠬᠡᠵᠣ᠂ 60 ᠭᠠᠷᠦᠢ ᠳ᠋ᠦᠩᠰᠢᠭᠤᠷ ᠲᠦᠬᠦᠷᠢᠭ ᠤᠨ ᠪᠡᠯᠡ ᠣᠷᠣᠭᠤᠯᠵᠣ᠂ ᠡᠯ᠎ᠡ ᠬᠦᠷᠢᠶᠠᠯᠠᠩ | ᠳᠣᠭᠤᠷᠢᠭ ᠤᠨ ᠪᠣᠬᠢᠷ ᠣᠰᠣ ᠰᠢᠢᠳᠪᠣᠷᠢᠯᠡᠬᠦ ᠭᠠᠵᠠᠷ᠂ ᠰᠢᠭᠠᠷᠣ ᠰᠢᠢᠳᠪᠣᠷᠢᠯᠡᠬᠦ ᠳᠠᠯᠠᠪᠣᠷ᠂ ᠬᠤᠭ ᠨᠣᠪᠰᠢ ᠪᠣᠯᠠᠵᠣ | ᠰᠢᠢᠳᠪᠣᠷᠢᠯᠡᠬᠦ ᠳᠠᠯᠠᠪᠣᠷ᠂ ᠣᠨᠴᠠ ᠡᠬᠦᠷᠬᠡᠳᠣ ᠭᠠᠯ ᠣᠨᠳᠠᠷᠠᠭᠠᠬᠤ ᠦᠷᠳᠡᠭᠡ ᠵᠡᠷᠬᠡ ᠲᠦᠷᠥᠯ ᠵᠣᠶᠢᠯ ᠢ | ᠬᠡᠷᠡᠭᠵᠢᠬᠦᠯᠵᠣ ᠵᠦᠩ ᠮᠧᠢ ᠺᠣᠮᠫᠠᠨᠢ ᠶᠢᠨ ᠬᠢᠮᠢ ᠶᠢᠨ ᠪᠣᠷᠳᠣᠭᠤᠷ ᠤᠨ ᠲᠦᠷᠥᠯ ᠵᠣᠶᠢᠯ ᠤᠨ ᠠᠭᠤᠷᠬᠠᠢ ᠶᠢᠨ | ᠬᠤᠣᠳᠳᠤᠭ ᠤᠨ ᠣᠰᠣ ᠶᠢ ᠬᠦᠨᠵᠡᠬᠡᠢ ᠰᠢᠢᠳᠪᠣᠷᠢᠯᠡᠬᠦ ᠵᠡᠷᠬᠡ ᠨᠢᠬᠡ ᠪᠦᠯᠥᠭ ᠰᠠᠭᠤᠷᠢ ᠢᠨᠵᠧᠨᠧᠷᠢᠩ ᠢ ᠬᠡᠷᠡᠭᠯᠡᠯᠳᠡ | ᠳᠤ ᠣᠷᠣᠭᠤᠯᠪᠠ᠃ ᠪᠣᠬᠢᠷᠳᠣᠯ ᠲᠠᠢ ᠪᠣᠳᠠᠰ ᠤᠨ ᠰᠦᠯᠵᠢᠶᠠᠨ ᠳᠡᠬᠡᠷᠡᠬᠢ ᠬᠢᠨᠡᠨ ᠡᠵᠡᠮᠰᠢᠯ ᠤᠨ ᠲᠦᠪ ᠪᠠ 5 | ᠰᠣᠮᠣ ᠪᠠᠯᠭᠠᠰᠣᠨ ᠤ ᠠᠭᠠᠷ ᠮᠠᠨᠳᠠᠯ ᠤᠨ ᠴᠡᠪᠡᠷᠴᠠ ᠶᠢᠨ ᠠᠦ᠋ᠲ᠋ᠤ᠋ ᠬᠢᠨᠡᠨ ᠬᠡᠮᠵᠢᠯᠳᠡ ᠶᠢᠨ ᠦᠷᠳᠡᠭᠡ ᠶᠢ | ᠰᠦᠯᠵᠢᠶᠠᠵᠢᠬᠦᠯᠥᠨ ᠠᠵᠢᠯᠯᠠᠭᠤᠯᠵᠣ᠂ ᠪᠦᠬᠦ ᠬᠤᠰᠢᠭᠤᠨ ᠤ ᠣᠷᠴᠢᠨ ᠳᠣᠭᠤᠷᠢᠨ ᠤ ᠶᠠᠰᠣ ᠴᠢᠨᠡᠷ ᠤᠨ ᠬᠢᠨᠠᠯᠳᠠ ᠶᠢ | ᠨᠡᠶᠢᠳᠠᠮᠵᠢᠬᠦᠯᠪᠠ᠃ ᠠᠮᠢ ᠠᠬᠤᠢ ᠶᠢᠨ ᠣᠷᠴᠢᠨ ᠳᠣᠭᠤᠷᠢᠨ ᠤ ᠬᠠᠮᠠᠭᠠᠯᠠᠯᠳᠠ ᠶᠢᠨ ᠳᠣᠭᠳᠠᠴᠠ ᠶᠢ ᠪᠦᠷᠢᠨᠰᠢᠬᠦᠯᠪᠠ᠃ | ᠣᠷᠴᠢᠨ ᠳᠣᠭᠤᠷᠢᠨ ᠤ ᠪᠣᠬᠢᠷᠳᠣᠯ ᠤᠨ ᠭᠤᠷᠪᠠᠳᠣᠭᠠᠷ ᠡᠳᠡᠬᠡᠳ ᠤᠨ ᠵᠠᠰᠠᠯᠳᠡ ᠶᠢ ᠬᠡᠷᠡᠭᠵᠢᠬᠦᠯᠵᠣ᠂ ᠪᠠᠶᠢᠭᠠᠯᠢ | ᠶᠢᠨ ᠰᠢᠳᠠᠮᠠᠬᠠᠢ ᠬᠡᠢ ᠦᠷᠣᠮᠳᠠᠬᠦ ᠳᠤ ︽ᠠᠵᠣ ᠣᠶᠢᠯᠡᠳᠪᠣᠷᠢ ᠶᠢᠨ ᠬᠡᠷᠡᠭᠯᠡᠬᠡᠨ ᠤ ᠰᠢᠩᠬᠡᠨ ᠰᠢᠪᠡᠷ ᠢ ᠭᠠᠵᠠᠷ ᠲᠤ | ᠬᠦᠷᠬᠡᠬᠦ ᠦᠬᠡᠢ︾ ᠪᠠᠶᠢᠬᠤ ᠶᠢ ᠪᠠᠶᠠᠯᠡᠬᠦᠯᠪᠠ᠃ ᠪᠠᠶᠢᠭᠠᠯᠢ ᠶᠢᠨ ᠡᠬᠢ ᠪᠠᠶᠠᠯᠢᠭ ᠡᠳ᠋ ᠬᠦᠷᠦᠩᠭᠡ ᠶᠢᠨ ᠦᠷᠢᠳᠣ | ᠬᠦᠰᠦᠨᠦᠭᠳᠣ ᠶᠢ ᠨᠠᠶᠢᠷᠠᠭᠤᠯᠣᠨ ᠳᠣᠭᠳᠠᠭᠠᠬᠤ ᠠᠵᠢᠯ ᠢ ᠦᠷᠨᠢᠬᠦᠯᠵᠣ᠂ ᠣᠰᠣᠨ ᠰᠣᠷᠪᠣᠯᠵᠢ ᠶᠢᠨ ᠣᠷᠣᠨ ᠤ | ᠬᠠᠮᠠᠭᠠᠯᠠᠯᠳᠠ ᠶᠢ ᠴᠢᠩᠭᠠᠳᠬᠠᠵᠣ ᠣᠰᠣᠨ ᠡᠬᠢ ᠰᠣᠷᠪᠣᠯᠵᠢ ᠶᠢᠨ ᠬᠠᠮᠢᠶᠠᠷᠣᠯᠳᠠ ᠶᠢᠨ ᠬᠠᠮᠤᠭ ᠴᠢᠩᠭ᠎ᠠ ᠲᠦᠷᠢᠮ ᠢ | ᠪᠦᠬᠦ ᠳᠠᠯ᠎ᠠ ᠪᠠᠷ ᠨᠠᠶᠢᠳᠠᠪᠣᠷᠢᠵᠢᠭᠤᠯᠪᠠ᠃ ᠪᠣᠬᠢᠷᠳᠣᠯ ᠦᠬᠡᠢ ᠣᠶᠢᠯᠡᠳᠪᠣᠷᠢᠯᠡᠯ ᠤᠨ ᠮᠡᠷᠬᠡᠵᠢᠯ ᠤᠨ ᠬᠡᠷᠡᠭᠯᠡᠯᠳᠡ ᠶᠢᠨ | ᠬᠡᠪᠴᠢᠶ᠎ᠠ ᠶᠢ ᠦᠷᠬᠡᠳᠬᠡᠵᠣ ᠳᠡᠭᠡᠳᠣ ᠱᠠᠳᠣᠨ ᠠᠴᠠ ᠪᠠᠭᠤᠯᠭᠠᠭᠰᠠᠨ ᠲᠦᠮᠡᠨ ᠲᠦᠬᠦᠷᠢᠭ ᠤᠨ GDP ᠤᠨ | ᠡᠨᠧᠷᠬᠢ ᠶᠢᠨ ᠬᠤᠷᠣᠭᠳᠠᠯ᠂ ᠣᠰᠣᠨ ᠤ ᠬᠤᠷᠣᠭᠳᠠᠯ ᠢ ᠡᠵᠡᠮᠳᠡᠬᠦ ᠬᠠᠷᠠᠯᠳᠠ ᠶᠢ ᠪᠠᠶᠠᠯᠡᠬᠦᠯᠪᠠ᠃ | — ᠦᠩᠬᠡᠷᠡᠭᠰᠡᠨ ᠳᠠᠪᠣᠨ ᠵᠢᠯ ᠪᠣᠯ ᠮᠠᠨ ᠤ ᠬᠤᠰᠢᠭᠤ ᠠᠷᠠᠳ ᠤᠨ ᠠᠮᠢᠳᠣᠷᠠᠯ ᠤᠨ ᠴᠢᠨᠡᠷ ᠪᠦᠳᠣᠮᠵᠢ ᠶᠢ | ᠢᠯᠡᠷᠬᠡᠢ ᠳᠡᠬᠡᠭᠰᠢᠯᠡᠬᠦᠯᠵᠣ᠂ ᠨᠡᠶᠢᠬᠡᠮ ᠤᠨ ᠪᠠᠳᠣᠯᠠᠪᠣᠷᠢ ᠶᠢᠨ ᠰᠢᠰᠲ᠋ᠧᠮ ᠢ ᠳᠠᠰᠣᠷᠠᠯᠳᠡ ᠦᠬᠡᠢ | ᠳᠡᠬᠦᠯᠳᠡᠷᠵᠢᠬᠦᠯᠥᠭᠰᠡᠨ ᠳᠠᠪᠣᠨ ᠵᠢᠯ ᠪᠣᠯᠣᠨ᠎ᠠ᠃ ᠨᠠᠶᠢᠳᠠ 145 ᠳ᠋ᠦᠩᠰᠢᠭᠤᠷ ᠲᠦᠬᠦᠷᠢᠭ ᠤᠨ ᠪᠡᠯᠡ ᠣᠷᠣᠭᠤᠯᠵᠣ | ᠂ ᠨᠡᠶᠢᠬᠡᠮ ᠤᠨ ᠪᠠᠳᠣᠯᠠᠭ᠎ᠠ ᠶᠢᠨ ᠳᠣᠣᠷ ᠢ ᠨᠢᠭᠳᠠ ᠰᠦᠯᠵᠢᠵᠣ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠵᠤᠯ | ᠵᠢᠷᠭᠠᠯ ᠢ ᠨᠡᠮᠡᠭᠳᠡᠬᠦᠯᠪᠠ᠃ ᠶᠠᠳᠠᠭᠤ ᠶᠢ ᠳᠡᠳᠬᠦᠬᠦ ᠡᠬᠢ ᠪᠠᠶᠠᠯᠢᠭ ᠢ ᠨᠢᠬᠡᠳᠬᠡᠨ ᠨᠠᠷᠢᠯᠢᠭ ᠣᠨᠣᠪᠴᠢᠳᠠᠢ ᠪᠠᠷ | ᠶᠠᠳᠠᠭᠤ ᠶᠢ ᠳᠡᠳᠬᠦᠬᠦ ᠶᠢ ᠬᠡᠷᠡᠭᠵᠢᠬᠦᠯᠵᠣ᠂ ᠶᠠᠳᠠᠭᠤ ᠬᠦᠴᠢᠷᠳᠡᠯᠳᠡᠢ ᠬᠦᠮᠦᠨ ᠠᠮᠠ ᠶᠢ ᠨᠠᠶᠢᠳᠠ 10538 | ᠬᠦᠮᠦᠨ ᠴᠦᠬᠡᠳᠬᠡᠵᠣ᠂ ᠳᠣᠬᠢᠳᠠᠢ ᠣᠷᠣᠨ ᠳᠤᠨᠢ ᠨᠡᠬᠦᠯᠬᠡᠨ ᠰᠢᠯᠵᠢᠬᠦᠯᠬᠦ ᠠᠵᠢᠯ ᠢ 169 ᠡᠷᠦᠬᠡ ᠪᠠᠶᠡᠯᠡᠬᠦᠯᠵᠣ᠂ | 752 ᠡᠷᠦᠬᠡ ᠠᠮᠢᠳᠣᠷᠠᠯ ᠳᠤ ᠪᠠᠨ ᠳᠣᠶᠢᠯ ᠤᠨ ᠬᠦᠴᠢᠷᠳᠡᠯᠳᠡᠢ ᠣᠯᠠᠨ ᠲᠦᠮᠡᠨ ᠳᠤ ᠬᠡᠷ ᠪᠠᠶᠢᠰᠢᠩ ᠪᠠᠷᠢᠵᠣ᠂ | ᠡᠬᠦᠨ ᠳᠤ ᠴᠦᠬᠡᠨ ᠳᠣᠭᠠᠳᠣ ᠦᠨᠳᠣᠰᠣᠳᠠᠨ 574 ᠡᠷᠦᠬᠡ ᠪᠣᠢ᠃ 11940 ᠬᠦᠮᠦᠰ ᠢ ᠬᠤᠳᠠ ᠪᠠᠯᠭᠠᠰᠣᠨ | ᠳᠤ ᠰᠢᠨ᠎ᠡ ᠪᠠᠷ ᠠᠵᠢᠯ ᠣᠯᠭᠤᠵᠣ᠂ ᠨᠠᠶᠢᠳᠠ ᠶᠢᠨ ᠠᠰᠠᠷᠠᠮᠵᠢ ᠶᠢᠨ ᠴᠢᠨᠡᠷᠳᠡᠢ ᠠᠵᠢᠯ ᠤᠨ ᠪᠠᠶᠢᠷᠢ ᠶᠢ 400 | ᠭᠠᠷᠭᠠᠵᠣ᠂ ᠶᠡᠭᠡ ᠳᠡᠬᠡᠳᠣ ᠰᠣᠷᠭᠠᠭᠤᠯᠢ ᠳᠡᠬᠦᠰᠦᠭᠰᠡᠨ 501 ᠰᠣᠷᠣᠭᠴᠢ ᠶᠢ ᠨᠠᠶᠢᠳᠠᠨ ᠬᠦᠮᠦᠵᠢᠬᠦᠯᠵᠣ᠂ ᠠᠵᠢᠯ | ᠣᠯᠭᠤᠵᠣ ᠣᠶᠢᠯᠡᠰ ᠪᠣᠰᠬᠠᠬᠤ ᠠᠵᠢᠯ ᠤᠨ ᠵᠢᠬᠡᠯᠡᠯᠬᠡ ᠶᠢ 9671 ᠲᠦᠮᠡᠨ ᠲᠦᠬᠦᠷᠢᠭ ᠳᠠᠯᠪᠢᠵᠣ᠂ ᠶᠡᠭᠡ | ᠰᠣᠷᠭᠠᠭᠤᠯᠢ ᠶᠢᠨ ᠰᠣᠷᠣᠭᠴᠢᠳ ᠤᠨ ᠣᠶᠢᠯᠡᠰ ᠪᠣᠰᠬᠠᠬᠤ ᠬᠦᠷᠢᠶᠠᠯᠠᠩ ᠪᠠ ᠮᠠᠯᠴᠢᠨ ᠳᠠᠷᠢᠶᠠᠴᠢᠳ ᠨᠣᠳᠤᠭ ᠲᠠᠭᠠᠨ | ᠪᠣᠴᠠᠨ ᠣᠶᠢᠯᠡᠰ ᠪᠣᠰᠬᠠᠬᠤ ᠬᠦᠷᠢᠶᠠᠯᠠᠩ ᠢ ᠪᠠᠶᠢᠭᠤᠯᠪᠠ᠃ ᠭᠤᠷᠪᠠᠳᠣᠭᠠᠷ ᠳᠣᠷᠰᠢᠯᠳᠠ ᠶᠢᠨ ᠪᠠᠭ᠎ᠠ ᠰᠣᠷᠭᠠᠭᠤᠯᠢ᠂ | ᠮᠣᠩᠭᠤᠯ ᠦᠨᠳᠣᠰᠣᠳᠠᠨ ᠤ ᠬᠡᠣᠬᠡᠳ ᠤᠨ ᠴᠡᠴᠡᠷᠯᠢᠭ ᠵᠡᠷᠬᠡ 24 ᠰᠣᠷᠭᠠᠭᠤᠯᠢ ᠶᠢ ᠰᠢᠨ᠎ᠡ ᠪᠠᠷ ᠪᠠᠶᠢᠭᠤᠯᠣᠭᠰᠠᠨ | ᠪᠠ ᠨᠡᠬᠦᠯᠬᠡᠨ ᠪᠠᠶᠢᠭᠤᠯᠵᠣ ᠦᠬᠡᠷᠡᠴᠢᠯᠡᠨ ᠪᠠᠶᠢᠭᠤᠯᠵᠣ᠂ ᠰᠣᠷᠭᠠᠭᠤᠯᠢ ᠡᠷᠬᠢᠯᠡᠬᠦ ᠨᠦᠬᠦᠴᠡᠯ ᠢ ᠶᠡᠬᠡᠪᠡᠷ | ᠰᠠᠶᠢᠵᠢᠷᠠᠭᠤᠯᠪᠠ︔ ᠨᠠᠷᠠᠳᠣ ᠪᠠᠭᠰᠢᠨᠡᠷ ᠤᠨ ᠱᠠᠳᠣᠴᠢ ᠡᠩᠨᠡᠬᠡᠨ ᠤ ᠪᠠᠶᠢᠭᠤᠯᠣᠯᠳᠠ ᠶᠢᠨ ᠢᠨᠵᠧᠨᠧᠷᠢᠩ ᠢ | ᠠᠬᠢᠭᠤᠯᠵᠣ᠂ ᠪᠠᠭᠰᠢᠨᠡᠷ ᠤᠨ ᠦᠷ᠎ᠡ ᠪᠦᠳᠣᠮᠵᠢ ᠶᠢᠨ ᠴᠡᠯᠢᠩ ᠢ ᠬᠦᠢᠴᠡᠳ ᠳᠤᠭ᠎ᠠ ᠪᠠᠷ ᠨᠢ ᠣᠯᠭᠤᠵᠣ᠂ 450 | ᠨᠠᠷᠠᠰ ᠪᠠᠭᠰᠢ ᠣᠷᠢᠨ ᠠᠪᠴᠢᠷᠠᠪᠠ︔ ᠦᠨᠳᠣᠰᠣᠳᠠᠨ ᠤ ᠰᠣᠷᠭᠠᠨ ᠬᠦᠮᠦᠵᠢᠯ ᠤᠨ ᠪᠦᠬᠦ ᠬᠤᠳᠠ ᠳᠤ | ᠣᠷᠣᠶᠢᠯᠠᠭᠰᠠᠨ ᠬᠢᠷᠢ ᠲᠦᠪᠰᠢᠨ ᠢ ᠪᠠᠳᠣᠯᠠᠪᠠ︔ ᠣᠯᠣᠰ ᠤᠨ ᠠᠯᠪᠠᠨ ᠵᠢᠷᠣᠮ ᠤᠨ ᠰᠣᠷᠭᠠᠨ ᠬᠦᠮᠦᠵᠢᠯ ᠤᠨ | ᠬᠦᠭᠵᠢᠯᠳᠡ ᠦᠨᠳᠣᠰᠣᠨ ᠳᠡᠭᠡᠨ ᠳᠡᠩᠴᠡᠬᠦᠷᠢᠳᠡᠢ ᠪᠠᠶᠢᠬᠤ ᠬᠤᠰᠢᠭᠤᠨ ᠤ ᠰᠢᠯᠭᠠᠨ ᠬᠤᠷᠢᠶᠠᠯᠳᠠ ᠶᠢ ᠳᠣᠭᠤᠯᠪᠠ᠃ | ᠡᠮ ᠡᠮᠨᠡᠯᠬᠡ ᠡᠷᠡᠬᠦᠯ ᠬᠠᠮᠠᠭᠠᠯᠠᠯ ᠤᠨ ᠪᠠᠶᠢᠭᠤᠯᠣᠮᠵᠢ ᠶᠢᠨ ᠦᠬᠡᠷᠡᠴᠢᠯᠡᠯᠳᠡ ᠪᠠ ᠠᠯᠪᠠᠨ ᠠᠴᠠ ᠡᠷᠬᠢᠯᠡᠭᠰᠠᠨ ᠡᠮᠨᠡᠯᠬᠡ | ᠶᠢᠨ ᠬᠤᠷᠢᠶᠠᠨ ᠤ ᠦᠬᠡᠷᠡᠴᠢᠯᠡᠯᠳᠡ ᠶᠢ ᠢᠳᠡᠪᠬᠢᠳᠡᠢ ᠲᠦᠯᠬᠢᠨ ᠠᠬᠢᠭᠤᠯᠵᠣ ᠬᠤᠰᠢᠭᠤ ᠠᠷᠠᠳ ᠤᠨ ᠡᠮᠨᠡᠯᠬᠡ ᠶᠢᠨ | ᠬᠤᠷᠢᠶ᠎ᠠ ᠶᠢ ᠨᠡᠬᠦᠯᠬᠡᠨ ᠰᠢᠯᠵᠢᠬᠦᠯᠬᠦ ᠠᠵᠢᠯ ᠢ ᠪᠠᠶᠠᠯᠡᠬᠦᠯᠵᠣ ᠠᠯᠪᠠᠨ ᠠᠴᠠ ᠡᠷᠬᠢᠯᠡᠭᠰᠠᠨ ᠡᠮᠨᠡᠯᠬᠡ ᠶᠢᠨ | ᠪᠠᠶᠢᠭᠤᠯᠣᠮᠵᠢ ᠳᠤ 157 ᠡᠪᠡᠳᠴᠢᠳᠠᠨ ᠤ ᠤᠷᠣ ᠶᠢ ᠰᠢᠨ᠎ᠡ ᠨᠡᠮᠡᠵᠣ᠂ ︽ᠡᠷᠡᠬᠦᠯ ᠡᠩᠬᠡ ᠦᠣᠰᠢᠨ︾ ᠤ | ᠪᠠᠶᠢᠭᠤᠯᠣᠯᠳᠠ ᠶᠢᠨ ᠬᠢᠷᠢ ᠲᠦᠪᠰᠢᠨ ᠢ ᠢᠯᠡᠳᠳᠡ ᠳᠡᠬᠡᠭᠰᠢᠯᠡᠬᠦᠯᠪᠠ᠃ ︽4334︾ ᠰᠣᠶᠣᠯ ᠢᠶᠠᠷ ᠠᠷᠠᠳ ᠲᠤ | ᠠᠰᠢᠭ ᠬᠦᠷᠳᠡᠬᠡᠬᠦ ᠢᠨᠵᠧᠨᠧᠷᠢᠩ ᠢ ᠬᠡᠷᠡᠭᠵᠢᠬᠦᠯᠥᠨ ᠣᠯᠠᠨ ᠨᠠᠶᠢᠳᠠ ᠶᠢᠨ ᠰᠣᠶᠣᠯ ᠤᠨ ᠣᠶᠢᠯᠡᠴᠢᠯᠡᠬᠡᠨ ᠤ | ᠪᠠᠷᠢᠮᠵᠢᠶᠠᠴᠢᠯᠠᠭᠰᠠᠨ ᠪᠠᠶᠢᠭᠤᠯᠣᠯᠳᠠ ᠶᠢ ᠠᠬᠢᠭᠤᠯᠵᠣ᠂ ᠮᠠᠯᠴᠢᠨ ᠳᠠᠷᠢᠶᠠᠴᠢᠳ ᠲᠤ ᠲᠧᠯᠸᠢᠰ ᠤᠨ 30 ᠫᠷᠦᠭᠷᠡᠮ ᠢ | ᠲᠥᠯᠥᠪᠣᠷᠢ ᠦᠬᠡᠢ ᠬᠦᠯᠢᠶᠠᠨ ᠦᠵᠡᠬᠦᠯᠵᠣ᠂ ᠬᠤᠳᠠ ᠪᠠᠯᠭᠠᠰᠣᠨ ᠤ ᠠᠷᠪᠠᠨ ᠮᠢᠨᠦ᠋ᠲ ᠲᠤ ᠬᠦᠷᠬᠦ᠂ ᠳᠠᠷᠢᠶᠠᠯᠠᠬᠤ | ᠣᠷᠣᠨ ᠤ ᠬᠤᠶᠠᠷ ᠺᠢᠯᠣᠮᠧᠲᠷ ᠵᠠᠶᠢᠳᠠᠢ᠂ ᠮᠠᠯᠵᠢᠬᠤ ᠣᠷᠣᠨ ᠤ ᠠᠷᠪᠠᠨ ᠺᠢᠯᠣᠮᠧᠲᠷ ᠵᠠᠶᠢᠳᠠᠢ ᠣᠯᠠᠨ ᠨᠠᠶᠢᠳᠠ ᠶᠢᠨ | ᠰᠣᠶᠣᠯ ᠤᠨ ᠳᠣᠭᠤᠷᠢᠭ ᠢ ᠦᠨᠳᠣᠰᠣᠨ ᠳᠡᠭᠡᠨ ᠪᠦᠷᠢᠯᠳᠦᠬᠦᠯᠪᠠ᠃ ᠨᠠᠰᠣᠳᠠᠨ ᠤ ᠬᠦᠷᠢᠶᠠᠯᠠᠩ 2᠂ ᠨᠠᠰᠣᠳᠠᠨ ᠢ | ᠠᠰᠠᠷᠠᠨ ᠰᠣᠪᠢᠯᠠᠬᠤ ᠬᠦᠷᠢᠶᠠᠯᠠᠩ 1᠂ ᠵᠣᠯ ᠵᠢᠷᠭᠠᠯᠳᠣ ᠬᠠᠷᠢᠯᠴᠠᠨ ᠬᠠᠪᠰᠣᠷᠣᠯᠴᠠᠬᠤ ᠨᠠᠰᠣᠳᠠᠨ ᠤ ᠠᠰᠠᠷᠠᠮᠵᠢ ᠶᠢᠨ | ᠬᠦᠷᠢᠶᠠᠯᠡᠩ 12 ᠢ ᠪᠦᠳᠦᠬᠡᠨ ᠪᠠᠶᠢᠭᠤᠯᠣᠭᠰᠠᠨ ᠪᠠᠶᠢᠨ᠎ᠠ᠃ ᠬᠤᠳᠠ ᠬᠦᠳᠡᠭᠡ ᠶᠢᠨ ᠨᠠᠭᠠᠳᠣ ᠵᠠᠬ᠎ᠠ ᠶᠢᠨ ᠠᠮᠢᠳᠣᠷᠠᠯ | ᠤᠨ ᠪᠠᠳᠣᠯᠠᠭ᠎ᠠ ᠶᠢᠨ ᠪᠠᠷᠢᠮᠵᠢᠶ᠎ᠠ ᠶᠢ 2012 ᠣᠨ ᠤ ᠬᠦᠮᠦᠨ ᠪᠣᠯᠭᠠᠨ ᠰᠠᠷ᠎ᠠ ᠪᠦᠷᠢ 500 ᠲᠦᠬᠦᠷᠢᠭ ᠪᠠ | 360 ᠲᠦᠬᠦᠷᠢᠭ ᠠᠴᠠ ᠳᠡᠬᠡᠭᠰᠢᠯᠡᠬᠦᠯᠥᠬᠡᠳ ᠬᠦᠮᠦᠨ ᠪᠣᠯᠭᠠᠨ ᠰᠠᠷ᠎ᠠ ᠪᠦᠷᠢ 584 ᠲᠦᠬᠦᠷᠢᠭ ᠪᠠ 439 | ᠲᠦᠬᠦᠷᠢᠭ ᠪᠣᠯᠭᠠᠪᠠ᠃ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠨᠠᠰᠣᠵᠢᠯ ᠤᠨ ᠠᠰᠠᠷᠠᠮᠵᠢ ᠶᠢᠨ ᠳᠠᠭᠠᠳᠬᠠᠯ | ᠤᠨ ᠣᠯᠭᠤᠮᠵᠢ ᠶᠢ 2012 ᠣᠨ ᠤ ᠬᠦᠮᠦᠨ ᠪᠣᠯᠭᠠᠨ ᠰᠠᠷ᠎ᠠ ᠪᠦᠷᠢ 260 ᠲᠦᠬᠦᠷᠢᠭ ᠪᠠ 450 ᠲᠦᠬᠦᠷᠢᠭ | ᠠᠴᠠ ᠳᠡᠬᠡᠭᠰᠢᠯᠡᠬᠦᠯᠥᠬᠡᠳ ᠬᠦᠮᠦᠨ ᠪᠣᠯᠭᠠᠨ ᠰᠠᠷ᠎ᠠ ᠪᠦᠷᠢ 340 ᠲᠦᠬᠦᠷᠢᠭ ᠪᠠ 580 ᠲᠦᠬᠦᠷᠢᠭ ᠪᠣᠯᠭᠠᠪᠠ᠃ | ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠦᠨᠳᠣᠰᠣᠨ ᠡᠮᠨᠡᠯᠬᠡ ᠶᠢᠨ ᠳᠠᠭᠠᠳᠬᠠᠯ ᠤᠨ ᠬᠤᠷᠰᠢᠭᠰᠠᠨ ᠡᠮᠨᠡᠯᠬᠡ | ᠳᠤ ᠣᠷᠣᠯᠴᠠᠬᠰᠠᠨ ᠨᠣᠷᠮ᠎ᠠ ᠶᠢ 97.5% ᠬᠦᠷᠬᠡᠵᠣ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠵᠠᠭᠤᠨ | ᠡᠷᠦᠬᠡ ᠳᠠᠬᠢ ᠬᠡᠷ ᠪᠦᠯᠢ ᠶᠢᠨ ᠬᠡᠷᠡᠭᠯᠡᠬᠡᠨ ᠤ ᠮᠠᠰᠢᠨ ᠳᠡᠷᠬᠡ 67 ᠪᠠ 58 ᠪᠠᠶᠢᠵᠣ᠂ 2012 ᠣᠨ ᠤ ᠬᠢ ᠠᠴᠠ | 7 ᠪᠠ 35 ᠨᠡᠮᠡᠭᠳᠡᠪᠠ᠃ ᠬᠠᠯᠢᠭᠤᠳᠣ ᠶᠢᠨ ᠰᠦᠮ᠎ᠡ ᠵᠡᠷᠬᠡ ᠶᠢ ᠬᠠᠮᠠᠭᠠᠯᠠᠨ ᠵᠠᠰᠠᠬᠤ ᠢᠨᠵᠧᠨᠧᠷᠢᠩ ᠢ ᠪᠠᠶᠠᠯᠡᠬᠦᠯᠵᠣ᠂ | ᠵᠠᠮ᠂ ᠴᠠᠬᠢᠯᠭᠠᠨ ᠨᠡᠪᠳᠡᠷᠡᠬᠦ ᠪᠠᠷᠢᠯᠭ᠎ᠠ ᠶᠢ ᠬᠡᠷᠡᠭᠵᠢᠬᠦᠯᠥᠨ ᠪᠦᠢᠳᠠ ᠪᠦᠭᠯᠡᠬᠦᠦ ᠠᠯᠣᠰ ᠬᠤᠯᠠ ᠭᠠᠵᠠᠷ ᠣᠷᠣᠨ ᠤ | ᠴᠦᠬᠡᠨ ᠳᠣᠭᠠᠳᠣ ᠦᠨᠳᠣᠰᠣᠳᠠᠨ ᠤ ᠭᠠᠳᠠᠭᠰᠢ ᠳᠣᠳᠣᠭᠰᠢ ᠶᠠᠪᠣᠬᠤ ᠪᠠ ᠴᠠᠬᠢᠯᠭᠠᠨ ᠬᠡᠷᠡᠭᠯᠡᠬᠦ ᠠᠰᠠᠭᠤᠳᠠᠯ ᠢ | ᠦᠨᠳᠣᠰᠣᠨ ᠳᠡᠭᠡᠨ ᠰᠢᠢᠳᠪᠣᠷᠢᠯᠡᠪᠠ᠃ | — ᠦᠩᠬᠡᠷᠡᠭᠰᠡᠨ ᠳᠠᠪᠣᠨ ᠵᠢᠯ ᠪᠣᠯ ᠮᠠᠨ ᠤ ᠬᠤᠰᠢᠭᠤ ᠦᠬᠡᠷᠡᠴᠢᠯᠡᠯᠳᠡ ᠶᠢᠨ ᠠᠬᠢᠴᠠ ᠪᠠᠨ ᠳᠠᠰᠣᠷᠠᠯᠳᠠ | ᠦᠬᠡᠢ ᠲᠦᠷᠬᠡᠳᠬᠡᠵᠣ᠂ ᠪᠠᠶᠢᠭᠤᠯᠣᠮᠵᠢ ᠳᠣᠭᠳᠠᠴᠠ ᠶᠢ ᠳᠠᠰᠣᠷᠠᠯᠳᠡ ᠦᠬᠡᠢ ᠰᠢᠨ᠎ᠡ ᠪᠠᠷ ᠡᠬᠦᠳᠣᠭ᠍ᠰᠠᠨ ᠳᠠᠪᠣᠨ ᠵᠢᠯ | ᠪᠣᠯᠣᠨ᠎ᠠ᠃ ᠬᠦᠭᠵᠢᠯᠳᠡ ᠶᠢᠨ ᠰᠢᠨ᠎ᠡ ᠣᠶᠢᠯᠡᠭᠠᠭᠳᠠᠬᠤᠨ ᠢ ᠬᠦᠨᠵᠡᠬᠡᠢ ᠳᠣᠣᠱᠯᠠᠭᠤᠯᠣᠨ ᠨᠠᠶᠢᠳᠠᠪᠣᠷᠢᠵᠢᠭᠤᠯᠵᠣ | ᠬᠠᠩᠭᠠᠯᠭ᠎ᠠ ᠶᠢᠨ ᠳᠠᠯ᠎ᠠ ᠶᠢᠨ ᠪᠦᠳᠦᠴᠡ ᠶᠢᠨ ᠴᠢᠨᠡᠷᠳᠡᠢ ᠦᠬᠡᠷᠡᠴᠢᠯᠡᠯᠳᠡ ᠶᠢ ᠬᠦᠨᠵᠡᠬᠡᠶᠢᠷᠡᠬᠦᠯᠵᠣ᠂ ᠵᠢᠵᠢᠭ ᠪᠢᠴᠢᠯ | ᠠᠵᠣ ᠠᠬᠤᠶᠢᠯᠡᠯ ᠢ ᠳᠡᠮᠵᠢᠬᠦ ᠲᠦᠷᠦ ᠶᠢᠨ ᠪᠣᠳᠣᠯᠭ᠎ᠠ᠂ ᠠᠷᠭ᠎ᠠ ᠪᠠᠷᠢᠯ ᠢ ᠨᠠᠶᠢᠳᠠᠪᠣᠷᠢᠵᠢᠭᠤᠯᠣᠨ ᠡᠵᠡᠩᠨᠡᠯᠳᠡ ᠶᠢᠨ | ᠭᠠᠶᠢᠯᠢ ᠶᠢ ᠦᠬᠡᠷᠡᠴᠢᠯᠡᠬᠡᠳ ᠨᠡᠮᠡᠭᠳᠡᠯ ᠤᠨ ᠭᠠᠶᠢᠯᠢ ᠪᠣᠯᠭᠠᠨ ᠬᠤᠷᠢᠶᠠᠬᠤ ᠲᠦᠷᠢᠮ ᠤᠨ ᠦᠬᠡᠷᠡᠴᠢᠯᠡᠯᠳᠡ ᠶᠢ | ᠪᠠᠶᠠᠯᠡᠬᠦᠯᠵᠣ᠂ ᠴᠠᠬᠢᠯᠭᠠᠨ ᠬᠦᠴᠦᠨ ᠢ ᠣᠯᠠᠨ ᠳᠠᠯ᠎ᠠ ᠳᠤ ᠠᠷᠠᠯᠵᠢᠶᠠᠯᠠᠬᠤ ᠪᠠᠷ ᠳᠡᠮᠵᠢᠨ ᠠᠵᠣ ᠠᠬᠤᠶᠢᠯᠡᠯ ᠤᠨ | ᠳᠠᠷᠣᠭᠠᠰᠣ ᠶᠢ 3 ᠳ᠋ᠦᠩᠰᠢᠭᠤᠷ ᠲᠦᠬᠦᠷᠢᠭ ᠬᠦᠩᠬᠡᠷᠡᠬᠦᠯᠪᠠ᠃ ᠳᠠᠪᠣᠨ ᠵᠢᠯ ᠳᠤ ᠨᠠᠶᠢᠳᠠ ᠳᠣᠮᠳᠠ ᠵᠢᠵᠢᠭ ᠪᠢᠴᠢᠯ | ᠠᠵᠣ ᠠᠬᠤᠶᠢᠯᠡᠯ ᠢ 1900᠂ ᠬᠤᠪᠢ ᠡᠵᠡᠩᠨᠡᠯᠳᠡ ᠶᠢᠨ ᠣᠶᠢᠯᠡᠳᠪᠣᠷᠢ ᠬᠤᠳᠠᠯᠳᠣᠭᠠᠨ ᠤ ᠡᠷᠦᠬᠡ ᠶᠢ 7000᠂ | ᠡᠬᠦᠳᠣᠯᠳᠠ ᠶᠢᠨ ᠳᠣᠰᠬᠠᠢ ᠠᠰᠢᠭ ᠤᠨ ᠡᠷᠬᠡ ᠶᠢᠨ ᠬᠡᠷᠡᠭᠯᠡᠬᠡᠨ ᠪᠠ ᠰᠢᠨ᠎ᠡ ᠬᠡᠯᠪᠠᠷᠢ ᠶᠢᠨ ᠳᠣᠰᠬᠠᠢ ᠠᠰᠢᠭ ᠤᠨ | ᠡᠷᠬᠡ ᠶᠢ ᠰᠢᠨ᠎ᠡ ᠪᠠᠷ 48 ᠨᠡᠮᠡᠭᠳᠡᠬᠦᠯᠪᠠ᠃ 34 ᠲᠦᠮᠡᠨ ᠳᠡᠭᠰᠢ ᠲᠦᠷᠪᠡᠯᠵᠢᠨ ᠮᠧᠲᠷ ᠤᠨ ᠬᠦᠮᠦᠷᠬᠡᠯᠡᠭᠳᠡᠵᠣ | ᠪᠠᠶᠢᠬᠤ ᠣᠷᠣᠨ ᠰᠠᠭᠤᠴᠠ ᠢ ᠰᠢᠢᠳᠪᠣᠷᠢᠯᠡᠭᠰᠡᠨ ᠪᠠᠶᠢᠨ᠎ᠠ᠃ ᠡᠷᠬᠡ ᠶᠢᠨ ᠨᠠᠷᠢᠨ ᠳᠠᠩᠰᠠ ᠪᠠ ᠬᠢᠨᠠᠨ ᠬᠠᠮᠢᠶᠠᠷᠣᠯᠳᠠ | ᠶᠢᠨ ᠨᠠᠷᠢᠨ ᠳᠠᠩᠰᠠ ᠶᠢ ᠬᠠᠣᠯᠢ ᠶᠣᠰᠣᠭᠠᠷ ᠨᠡᠶᠢᠳᠠᠯᠠᠵᠣ ᠵᠠᠰᠠᠭ ᠵᠠᠬᠢᠷᠭᠠᠨ ᠤ ᠬᠢᠨᠠᠨ ᠵᠦᠪᠰᠢᠶᠠᠷᠠᠯ ᠤᠨ ︽ᠭᠤᠷᠪᠠ | ᠶᠢ ᠲᠦᠪᠯᠡᠷᠡᠬᠦᠯᠵᠣ᠂ ᠭᠤᠷᠪᠠ ᠶᠢ ᠨᠠᠶᠢᠳᠠᠪᠣᠷᠢᠵᠢᠭᠤᠯᠬᠤ︾ ᠶᠢ ᠠᠬᠢᠭᠤᠯᠪᠠ︔ ᠣᠶᠣᠨᠴᠢ ᠵᠠᠰᠠᠭ ᠤᠨ ᠶᠠᠪᠣᠳᠠᠯ ᠢ | ᠰᠦᠯᠵᠢᠶᠠᠵᠢᠬᠦᠯᠥᠨ ᠠᠵᠢᠯᠯᠠᠭᠤᠯᠵᠣ ᠦᠯᠣ ᠬᠦᠳᠡᠯᠬᠦ ᠬᠦᠷᠦᠩᠬᠡ ᠢ ᠨᠢᠬᠡᠳᠣᠯᠳᠡᠢ ᠳᠠᠩᠰᠠᠯᠠᠬᠤ ᠶᠢ ᠪᠠᠶᠠᠯᠡᠬᠦᠯᠵᠣ | ᠣᠯᠠᠨ ᠲᠦᠮᠡᠨ ᠤ ᠠᠵᠢᠯ ᠶᠠᠪᠣᠳᠠᠯ ᠢᠶᠠᠨ ᠬᠦᠢᠴᠡᠳᠬᠡᠬᠦ ᠳᠤ ᠨᠡᠩ ᠲᠦᠬᠦᠮ ᠳᠦᠳᠡ ᠪᠣᠯᠭᠠᠪᠠ᠃ ᠳᠣᠮᠳᠠ | ᠬᠤᠭᠤᠴᠠᠭᠠᠨ ᠤ ᠡᠳ᠋ ᠤᠨ ᠵᠠᠰᠠᠭ ᠤᠨ ᠲᠥᠯᠥᠪᠯᠡᠭᠡ ᠶᠢᠨ ᠬᠠᠮᠢᠶᠠᠷᠣᠯᠳᠠ ᠶᠢ ᠬᠡᠷᠡᠭᠵᠢᠬᠦᠯᠵᠣ᠂ ᠣᠨ ᠠᠯᠣᠰᠯᠠᠭᠰᠠᠨ | ᠲᠦᠰᠦᠪ ᠤᠨ ᠳᠡᠩᠴᠡᠬᠦᠷᠢᠳᠣ ᠳᠣᠭᠳᠠᠴᠠ ᠶᠢ ᠪᠠᠶᠢᠭᠤᠯᠪᠠ᠃ ᠠᠮᠣ ᠪᠣᠳᠠᠭᠠᠨ ᠤ ᠠᠵᠢᠯ ᠤᠨ ᠬᠦᠷᠢᠶᠠᠨ ᠳᠠᠬᠢ | ᠬᠤᠯᠢᠮᠠᠭ ᠦᠮᠴᠢᠯᠡᠯ ᠤᠨ ᠦᠬᠡᠷᠡᠴᠢᠯᠡᠯᠳᠡ ᠶᠢᠨ ᠦᠷ᠎ᠡ ᠪᠦᠳᠣᠮᠵᠢ ᠢᠯᠡᠷᠬᠡᠢ ᠪᠠᠶᠢᠵᠣ᠂ ᠠᠮᠣ ᠪᠣᠳᠠᠭᠠᠨ ᠤ | ᠬᠦᠮᠦᠷᠬᠡ ᠶᠢᠨ ᠪᠠᠭᠳᠠᠭᠠᠮᠵᠢ ᠶᠢ ᠰᠢᠨ᠎ᠡ ᠪᠠᠷ 7.5 ᠲᠦᠮᠡᠨ ᠳᠣᠠᠨ᠋ᠨ ᠨᠡᠮᠡᠭᠳᠡᠬᠦᠯᠪᠠ᠃ ᠡᠷᠦᠬᠡ ᠠᠮᠠ ᠶᠢᠨ ᠳᠠᠩᠰᠠᠨ | ᠲᠦᠷᠢᠮ᠂ ᠬᠦᠯ ᠪᠦᠮᠪᠦᠭᠡ᠂ ᠮᠦᠩᠬᠦᠨ ᠬᠦᠢᠯᠬᠡᠬᠡ ᠵᠡᠷᠬᠡ ᠬᠦᠷᠢᠶᠠᠨ ᠤ ᠦᠬᠡᠷᠡᠴᠢᠯᠡᠯᠳᠡ ᠶᠢ ᠯᠠᠪᠳᠠᠭᠤᠨ | ᠠᠬᠢᠭᠤᠯᠵᠣ᠂ ᠣᠯᠠᠨ ᠨᠠᠶᠢᠳᠠ ᠶᠢᠨ ᠡᠬᠢ ᠪᠠᠶᠠᠯᠢᠭ ᠤᠨ ᠰᠣᠯᠢᠯᠴᠠᠭᠠᠨ ᠤ ᠳᠠᠪᠴᠠᠩ ᠢ ᠬᠤᠪᠢᠶᠠᠷᠢᠯᠠᠨ ᠰᠢᠯᠵᠢᠬᠦᠯᠬᠦ᠂ | ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠡᠮᠨᠡᠯᠬᠡ ᠶᠢᠨ ᠳᠠᠭᠠᠳᠬᠠᠯ ᠤᠨ ᠲᠦᠷᠢᠮ ᠢ ᠨᠢᠬᠡᠳᠬᠡᠬᠦ᠂ ᠨᠠᠮ | ᠵᠠᠰᠠᠭ ᠤᠨ ᠪᠠᠶᠢᠭᠤᠯᠣᠯᠭ᠎ᠠ ᠪᠠ ᠠᠯᠪᠠᠳᠠᠨ ᠤ ᠬᠠᠮᠢᠶᠠᠷᠣᠯᠳᠠ ᠶᠢᠨ ᠠᠷᠭ᠎ᠠ ᠶᠢ ᠦᠨᠳᠣᠰᠣᠯᠡᠭᠰᠡᠨ ᠠᠵᠢᠯ ᠣᠶᠢᠯᠡᠰ | ᠤᠨ ᠨᠢᠬᠡᠴᠡ ᠶᠢᠨ ᠠᠯᠪᠠᠨ ᠬᠡᠷᠡᠭᠯᠡᠬᠡᠨ ᠤ ᠳᠡᠷᠬᠡ ᠵᠡᠷᠬᠡ ᠶᠢᠨ ᠦᠬᠡᠷᠡᠴᠢᠯᠡᠯᠳᠡ ᠶᠢ ᠪᠠᠶᠡᠯᠡᠬᠦᠯᠪᠠ᠃ | — ᠦᠩᠬᠡᠷᠡᠭᠰᠡᠨ ᠳᠠᠪᠣᠨ ᠵᠢᠯ ᠪᠣᠯ ᠮᠠᠨ ᠤ ᠬᠤᠰᠢᠭᠤ ᠬᠠᠣᠯᠢ ᠶᠣᠰᠣᠭᠠᠷ ᠵᠠᠰᠠᠭ ᠶᠠᠪᠣᠭᠤᠯᠬᠤ ᠶᠢ | ᠦᠨᠡᠨᠬᠦ ᠴᠢᠩᠭᠠᠳᠬᠠᠵᠣ᠂ ᠨᠡᠶᠢᠬᠡᠮ ᠤᠨ ᠵᠠᠰᠠᠯᠳᠠ ᠶᠢᠨ ᠰᠢᠰᠲ᠋ᠧᠮ ᠪᠠ ᠵᠠᠰᠠᠬᠤ ᠴᠢᠳᠠᠪᠣᠷᠢ ᠶᠢᠨ ᠣᠳᠣᠬᠢᠴᠢᠯᠠᠭᠰᠠᠨ | ᠬᠢᠷᠢ ᠲᠦᠪᠰᠢᠨ ᠢ ᠳᠠᠰᠣᠷᠠᠯᠳᠡ ᠦᠬᠡᠢ ᠳᠡᠬᠡᠭᠰᠢᠯᠡᠬᠦᠯᠥᠭᠰᠡᠨ ᠳᠠᠪᠣᠨ ᠵᠢᠯ ᠪᠣᠯᠣᠨ᠎ᠠ᠃ ᠨᠠᠮ ᠤᠨ ᠣᠯᠠᠨ ᠲᠦᠮᠡᠨᠴᠢ | ᠱᠣᠭᠤᠮ ᠤᠨ ᠬᠦᠮᠦᠵᠢᠯ ᠣᠶᠢᠯᠡᠳᠣᠯᠬᠡ ᠶᠢᠨ ᠠᠵᠢᠯᠯᠠᠭ᠎ᠠ᠂ ︽ᠭᠤᠷᠪᠠᠨ ᠴᠢᠩᠭ᠎ᠠ ᠭᠤᠷᠪᠠᠨ ᠪᠣᠳᠠᠳᠠᠢ︾ ᠳᠣᠰᠬᠠᠢ | ᠰᠠᠳᠣᠪᠳᠣ ᠬᠦᠮᠦᠵᠢᠯ᠂ ︽ᠬᠤᠶᠡᠷ ᠢ ᠰᠣᠷᠣᠯᠴᠠᠵᠣ ᠨᠢᠬᠡ ᠳᠤ ᠳᠠᠩᠴᠡᠬᠦᠯᠬᠦ︾ ᠰᠣᠷᠣᠯᠴᠠᠯᠭ᠎ᠠ ᠬᠦᠮᠦᠵᠢᠯ ᠢ | ᠯᠠᠪᠳᠠᠭᠤᠨ ᠦᠷᠨᠢᠬᠦᠯᠵᠤ᠂ ︽ᠲᠦᠷᠪᠠᠨ ᠰᠣᠷᠳᠠᠯ︾ ᠢ ᠴᠦᠬᠦᠷᠡᠰᠢ ᠦᠬᠡᠢ ᠵᠠᠯᠠᠷᠠᠭᠤᠯᠵᠣ᠂ ᠭᠤᠷᠪᠠᠨ ᠠᠯᠪᠠᠨ ᠤ | ᠵᠠᠷᠣᠳᠠᠯ ᠢ ᠦᠷᠬᠦᠯᠵᠢᠯᠡᠨ ᠳᠣᠷᠣᠭᠰᠢᠯᠠᠭᠤᠯᠪᠠ᠃ ᠬᠠᠣᠯᠢ ᠴᠠᠭᠠᠵᠠ ᠶᠢᠨ ᠵᠦᠪᠳᠡᠭᠴᠢ ᠶᠢᠨ ᠲᠦᠷᠢᠮ ᠢ | ᠬᠡᠷᠡᠭᠵᠢᠬᠦᠯᠵᠣ᠂ ᠴᠢᠬᠤᠯᠠ ᠶᠡᠭᠡ ᠣᠴᠢᠷ ᠶᠠᠪᠣᠳᠠᠯ ᠳᠤ ᠣᠯᠠᠨ ᠲᠦᠮᠡᠨ ᠣᠷᠣᠯᠴᠠᠬᠤ᠂ ᠳᠣᠰᠬᠠᠢ ᠮᠡᠷᠬᠡᠵᠢᠯᠳᠡᠨ | ᠨᠣᠳᠠᠯᠠᠬᠤ᠂ ᠠᠶᠣᠯ ᠲᠦᠭᠰᠢᠬᠦᠷᠢ ᠶᠢ ᠦᠨᠡᠯᠡᠬᠦ᠂ ᠬᠠᠣᠯᠢ ᠶᠣᠰᠣᠭᠠᠷ ᠬᠢᠨᠠᠨ ᠪᠠᠶᠢᠴᠠᠭᠠᠬᠤ ᠪᠠ ᠬᠠᠮᠳᠣ ᠪᠠᠷ | ᠶᠠᠷᠢᠯᠴᠠᠨ ᠳᠣᠭᠳᠠᠭᠠᠬᠤ ᠶᠠᠪᠣᠴᠠ ᠶᠢ ᠴᠢᠩᠭ᠎ᠠ ᠬᠡᠷᠡᠭᠵᠢᠬᠦᠯᠵᠣ᠂ ᠳᠣᠭᠳᠠᠭᠰᠠᠨ ᠬᠤᠭᠤᠴᠠᠭ᠎ᠠ ᠲᠠᠢ ᠪᠠᠷ ᠠᠷᠠᠳ ᠤᠨ | ᠲᠥᠯᠥᠬᠡᠯᠡᠭᠴᠢᠳ ᠤᠨ ᠶᠡᠭᠡ ᠬᠤᠷᠠᠯ ᠳᠤ ᠠᠵᠢᠯ ᠢᠶᠠᠨ ᠮᠡᠳᠡᠬᠦᠯᠬᠦ ᠪᠠ ᠣᠯᠣᠰ ᠲᠦᠷᠦ ᠶᠢᠨ ᠵᠦᠪᠯᠡᠯᠬᠡᠨ ᠤ ᠵᠦᠪᠯᠡᠬᠦ | ᠠᠷᠠᠳᠴᠢᠯᠡᠯ ᠤᠨ ᠲᠦᠷᠢᠮ ᠢ ᠪᠦᠷᠢᠨᠰᠢᠬᠦᠯᠵᠣ᠂ ᠬᠠᠣᠯᠢ ᠶᠣᠰᠣᠭᠠᠷ ᠵᠠᠰᠠᠭ ᠶᠠᠪᠣᠭᠤᠯᠬᠤ᠂ ᠰᠢᠨᠵᠢᠯᠡᠬᠦ ᠣᠬᠠᠭᠠᠨᠴᠢ | ᠪᠠᠷ ᠰᠢᠢᠳᠪᠣᠷᠢ ᠳᠣᠭᠳᠠᠭᠠᠬᠤ ᠴᠢᠳᠠᠪᠣᠷᠢ ᠪᠠ ᠬᠢᠷᠢ ᠲᠦᠪᠰᠢᠨ ᠢ ᠢᠯᠡᠳᠳᠡ ᠳᠡᠬᠡᠭᠰᠢᠯᠡᠬᠦᠯᠪᠠ᠃ ᠳᠣᠰᠬᠠᠢ | ᠮᠡᠷᠬᠡᠵᠢᠯᠳᠠᠨ ᠠᠴᠠ ᠬᠡᠮ ᠰᠣᠭᠤᠭ ᠢ ᠪᠠᠶᠢᠴᠠᠭᠠᠬᠤ ᠪᠠ ᠠᠮᠣᠷ ᠲᠦᠪᠰᠢᠨ ᠣᠶᠢᠯᠡᠳᠪᠣᠷᠢᠯᠡᠯ ᠤᠨ ᠨᠢᠬᠡᠳᠣᠬᠡᠷ ᠹᠷᠣᠨᠲ | ᠤᠨ ᠬᠠᠮᠢᠶᠠᠷᠣᠯᠳᠠ ᠶᠢᠨ ᠪᠠᠷᠢᠮᠵᠢᠶᠠᠴᠢᠯᠠᠭᠰᠠᠨ ᠲᠦᠷᠢᠮ ᠢ ᠪᠠᠶᠢᠭᠤᠯᠵᠣ ᠠᠶᠣᠯᠬᠦᠢ ᠣᠶᠢᠯᠡᠳᠪᠣᠷᠢᠯᠡᠯ ᠤᠨ ᠪᠠᠶᠢᠳᠠᠯ ᠢ | ᠦᠷᠬᠦᠯᠵᠢᠯᠡᠨ ᠳᠣᠭᠳᠠᠭᠤᠨ ᠪᠣᠯᠭᠠᠪᠠ᠃ ᠢᠳᠡᠬᠡᠨ ᠣᠮᠳᠠᠭᠠᠨ ᠡᠮ ᠤᠨ ᠵᠣᠶᠢᠯᠡᠰ ᠢ ᠲᠦᠷᠬᠡᠨ ᠰᠢᠯᠭᠠᠨ | ᠪᠠᠶᠢᠴᠠᠭᠠᠬᠤ ᠪᠠ ᠢᠳᠡᠬᠡᠨ ᠣᠮᠳᠠᠭᠠᠨ ᠤ ᠶᠠᠰᠣ ᠴᠢᠨᠡᠷ ᠤᠨ ᠠᠮᠣᠷ ᠲᠦᠪᠰᠢᠨ ᠳᠤ ᠮᠦᠷᠳᠡᠯᠳᠡ ᠬᠢᠬᠦ ᠰᠢᠰᠲ᠋ᠧᠮ ᠤᠨ | ᠪᠠᠶᠢᠭᠤᠯᠣᠯᠳᠠ ᠶᠢᠨ ᠢᠨᠵᠧᠨᠧᠷᠢᠩ ᠢ ᠬᠡᠷᠡᠭᠵᠢᠬᠦᠯᠵᠣ ᠣᠷᠣᠨ ᠨᠣᠳᠤᠭ ᠤᠨ ᠢᠳᠡᠬᠡᠨ ᠣᠮᠳᠠᠭᠠᠨ ᠤ ᠵᠣᠶᠢᠯᠡᠰ ᠤᠨ | ᠬᠦᠷᠢᠶᠠᠯᠠᠩ᠂ ᠢᠳᠡᠬᠡᠨ ᠣᠮᠳᠠᠭᠠᠨ ᠡᠮ ᠤᠨ ᠵᠣᠶᠢᠯᠡᠰ ᠤᠨ ᠰᠢᠯᠭᠠᠨ ᠪᠠᠶᠢᠴᠠᠭᠠᠯᠳᠠ ᠶᠢᠨ ᠲᠦᠪ ᠪᠠ ᠵᠠᠬ᠎ᠠ | ᠳᠡᠯᠬᠡᠬᠦᠷ ᠤᠨ ᠬᠢᠨᠠᠯᠳᠠ ᠬᠠᠮᠢᠶᠠᠷᠣᠯᠳᠠ ᠶᠢᠨ ᠦᠷᠳᠡᠭᠡ ᠶᠢ 6 ᠪᠠᠶᠢᠭᠤᠯᠪᠠ᠃ ᠠᠷᠠᠳ ᠲᠦᠮᠡᠨ ᠪᠠ ᠨᠡᠶᠢᠬᠡᠮ ᠤᠨ | ᠠᠰᠢᠭ ᠳᠣᠰᠠ ᠶᠢ ᠬᠦᠨᠳᠣ ᠨᠣᠴᠢᠳᠠᠢ ᠬᠤᠬᠢᠷᠠᠭᠤᠯᠣᠭᠰᠠᠨ ᠬᠠᠣᠯᠢ ᠵᠦᠷᠢᠴᠡᠭᠰᠡᠨ ᠡᠯ᠎ᠡ ᠲᠥᠷᠥᠯ ᠤᠨ ᠶᠡᠯᠡᠳᠣ | ᠠᠵᠢᠯᠯᠠᠭ᠎ᠠ ᠳᠤ ᠴᠢᠩᠭ᠎ᠠ ᠴᠣᠬᠢᠯᠳᠡ ᠦᠭᠪᠠ᠃ ᠦᠨᠳᠣᠰᠣᠨ ᠱᠠᠳᠣᠨ ᠤ ᠳᠣᠮᠢᠯᠠᠭᠰᠠᠨ ᠰᠠᠯᠪᠣᠷᠢ ᠪᠠ ᠳᠣᠳᠣᠭᠠᠳᠣ | ᠶᠢ ᠬᠠᠮᠠᠭᠠᠯᠠᠬᠤ ᠪᠠᠶᠢᠴᠠᠭᠠᠯᠳᠠ ᠶᠢᠨ ᠦᠷᠳᠡᠭᠡ ᠶᠢ 5 ᠰᠢᠨ᠎ᠡ ᠪᠠᠷ ᠪᠠᠶᠢᠭᠤᠯᠣᠭᠰᠠᠨ ᠪᠡ ᠦᠬᠡᠷᠡᠴᠢᠯᠡᠨ ᠪᠠᠶᠢᠭᠤᠯᠵᠣ | ᠣᠯᠠᠨ ᠲᠦᠮᠡᠨᠴᠢ ᠠᠵᠢᠯ ᠤᠨ ︽ᠲᠦᠷᠪᠠᠨ ᠳᠠᠰ ᠤᠨ ᠳᠣᠣᠷ︾ ᠤᠨ ᠰᠢᠰᠲ᠋ᠧᠮ ᠢ ᠪᠠᠶᠢᠭᠤᠯᠪᠠ᠃ ︽ᠬᠦᠳᠡᠭᠡ | ᠨᠣᠳᠤᠭ ᠤᠨ ᠪᠣᠯᠪᠠᠰᠣᠨ ᠰᠣᠷᠳᠠᠯ ᠤᠨ ᠠᠵᠢᠯᠯᠠᠭᠠᠨ︾ ᠢ ᠬᠦᠨᠵᠡᠬᠡᠢ ᠦᠷᠨᠢᠬᠦᠯᠵᠣ ︽ᠬᠡᠨ ᠬᠠᠣᠯᠢ ᠬᠡᠷᠡᠭᠵᠢᠬᠦᠯᠪᠠᠯ | ᠬᠠᠣᠯᠢ ᠶᠢ ᠬᠡᠨ ᠲᠦᠬᠡᠮᠡᠯᠵᠢᠬᠦᠯᠬᠦ︾ ᠲᠦᠷᠢᠮ ᠢ ᠨᠠᠶᠢᠳᠠᠪᠣᠷᠢᠵᠢᠭᠤᠯᠣᠨ ᠣᠯᠠᠨ ᠲᠦᠮᠡᠨ ᠤ ᠬᠠᠣᠯᠢ ᠶᠣᠰᠣᠭᠠᠷ | ᠠᠵᠢᠯᠯᠠᠬᠤ᠂ ᠣᠴᠢᠷ ᠶᠠᠪᠣᠳᠠᠯ ᠳᠣᠬᠢᠶᠠᠯᠳᠣᠪᠠᠯ ᠬᠠᠣᠯᠢ ᠶᠢ ᠬᠠᠶᠢᠬᠤ᠂ ᠠᠰᠠᠭᠤᠳᠠᠯ ᠢ ᠬᠠᠣᠯᠢ ᠪᠠᠷ ᠰᠢᠢᠳᠪᠣᠷᠢᠯᠡᠬᠦ᠂ | ᠵᠦᠷᠢᠴᠡᠯ ᠵᠢᠭᠤᠷᠠᠭᠠᠨ ᠢ ᠬᠠᠣᠯᠢ ᠪᠠᠷ ᠡᠶᠡᠳᠡᠬᠦᠯᠥᠨ ᠰᠢᠢᠳᠪᠣᠷᠢᠯᠡᠬᠦ ᠠᠭᠤᠷ ᠠᠮᠢᠰᠬᠤᠯ ᠢ ᠡᠳᠦᠷ ᠢᠷᠡᠬᠦᠶ᠎ᠠ | ᠵᠣᠵᠠᠭᠠᠳᠬᠠᠪᠠ᠃ ᠠᠷᠠᠳ ᠲᠦᠮᠡᠨ ᠤ ᠵᠡᠪᠰᠡᠭᠳᠣ ᠬᠡᠯᠳᠡᠰ᠂ ᠳᠠᠩᠰᠠ ᠡᠪᠬᠡᠮᠡᠯ ᠪᠠ ᠳᠡᠣᠬᠡ ᠳᠡᠮᠳᠡᠭᠯᠡᠯ᠂ | ᠡᠮᠡᠭᠳᠡᠶᠢᠴᠣᠳ ᠪᠠ ᠬᠡᠣᠬᠡᠳ᠂ ᠨᠠᠰᠣᠵᠢᠯ ᠪᠠ ᠨᠢᠬᠦᠯᠡᠰᠦᠩᠬᠦᠢ ᠶᠢᠨ ᠣᠶᠢᠯᠡᠰ ᠵᠡᠷᠬᠡ ᠠᠵᠢᠯ ᠢ ᠰᠢᠨ᠎ᠡ ᠳᠠᠪᠰᠢᠯᠳᠡ | ᠲᠠᠢ ᠪᠣᠯᠭᠠᠪᠠ᠃ | ᠲᠥᠯᠥᠬᠡᠯᠡᠭᠴᠢᠳ ᠡ᠂ ᠦᠩᠬᠡᠷᠡᠨ ᠣᠳᠬᠤ ᠬᠡᠵᠣ ᠪᠠᠶᠢᠭ᠎ᠠ 2017 ᠣᠨ ᠳᠤ ᠪᠢᠳᠡ ᠲᠦᠷᠦ ᠶᠢᠨ | ᠪᠣᠳᠣᠯᠭ᠎ᠠ ᠶᠢᠨ ᠠᠵᠠ ᠳᠣᠬᠢᠶᠠᠯ ᠢ ᠠᠳᠬᠤᠨ ᠡᠯ᠎ᠡ ᠲᠦᠷᠥᠯ ᠤᠨ ᠠᠶᠣᠯ ᠲᠦᠭᠰᠢᠬᠦᠷᠢ ᠢ ᠪᠦᠳᠣᠮᠵᠢᠳᠠᠢ | ᠰᠢᠢᠳᠪᠣᠷᠢᠯᠡᠵᠣ ᠡᠯ᠎ᠡ ᠲᠦᠷᠥᠯ ᠤᠨ ᠠᠵᠢᠯ ᠢ ᠦᠷᠬᠦᠯᠵᠢᠯᠡᠨ ᠠᠬᠢᠭᠤᠯᠵᠣ ᠠᠵᠣ ᠠᠬᠤᠢ ᠨᠡᠶᠢᠬᠡᠮ ᠢ ᠳᠣᠭᠳᠠᠭᠤᠨ | ᠪᠠᠶᠢᠯᠭᠠᠬᠤ ᠶᠢᠨ ᠵᠡᠷᠬᠡ ᠳᠤ ᠣᠷᠣᠭᠰᠢᠯᠠᠭᠤᠯᠬᠤ ᠶᠢ ᠪᠠᠶᠠᠯᠡᠬᠦᠯᠪᠠ᠃ | ︵ᠨᠢᠬᠡ︶ ᠠᠵᠣ ᠣᠶᠢᠯᠡᠳᠪᠣᠷᠢ ᠶᠢᠨ ᠠᠵᠣ ᠠᠬᠤᠢ ᠶᠢ ᠳᠣᠭᠳᠠᠭᠤᠨ ᠪᠠᠶᠢᠯᠭᠠᠬᠤ ᠵᠡᠷᠬᠡ ᠳᠤ ᠰᠠᠶᠢᠨ ᠳᠠᠰᠢ | ᠬᠦᠭᠵᠢᠬᠦᠯᠪᠠ᠃ ᠨᠠᠷᠢᠠᠭᠤᠣᠯ ᠠᠭᠤᠷᠬᠠᠢ ᠶᠢᠨ ᠳᠣᠭᠤᠷᠢᠭ ᠤᠨ ᠶᠡᠷᠦᠩᠬᠡᠢ ᠲᠥᠯᠥᠪᠵᠢᠬᠦᠯᠬᠡ ᠵᠦᠪᠰᠢᠶᠠᠷᠡᠭᠳᠠᠵᠣ | ᠪᠠᠶᠠᠠᠭᠤᠣᠯ ᠨᠠᠬᠦᠷᠠᠰᠣᠨ ᠠᠭᠤᠷᠬᠠᠢ ᠨᠢ ᠠᠭᠤᠷᠬᠠᠢ ᠮᠠᠯᠳᠠᠬᠤ ᠵᠦᠪᠰᠢᠶᠠᠷᠠᠯ ᠢ ᠣᠯᠵᠣ᠂ ᠮᠣᠳᠣᠨᠴᠠᠶᠢᠳᠠᠮ᠂ | ᠨᠠᠷᠢᠠᠭᠤᠣᠯ ᠤᠨ ᠬᠤᠶᠠᠳᠣᠭᠠᠷ ᠨᠣᠮᠧᠷᠳᠣ ᠨᠡᠬᠦᠷᠠᠰᠣᠨ ᠠᠭᠤᠷᠬᠠᠢ ᠬᠢᠨᠠᠨ ᠵᠦᠪᠰᠢᠶᠠᠷᠠᠯ ᠢ ᠣᠯᠪᠠ᠃ ᠵᠦᠩ ᠲᠢᠶᠠᠨ | ᠾᠧ ᠴᠤᠸᠠᠩ ᠺᠣᠮᠫᠠᠨᠢ ᠶᠢᠨ ᠨᠡᠬᠦᠷᠠᠰᠣ ᠶᠢ ᠨᠠᠷᠢᠯᠢᠭ ᠪᠣᠯᠪᠠᠰᠣᠷᠠᠭᠤᠯᠬᠤ ᠳᠠᠭᠤᠷᠢᠶᠠᠯ ᠲᠦᠷᠥᠯ ᠵᠣᠶᠢᠯ ᠨᠢ | ᠬᠤᠳᠠᠯᠳᠣᠭᠠᠴᠢᠯᠡᠯ ᠤᠨ ᠡᠵᠡᠩᠨᠡᠯᠳᠡ ᠳᠤ ᠣᠷᠣᠵᠣ᠂ ᠱᠢ ᠯᠢᠨ ᠬᠢᠮᠢ ᠶᠢᠨ ᠠᠵᠣ ᠣᠶᠢᠯᠡᠳᠪᠣᠷᠢ ᠶᠢᠨ ᠺᠣᠮᠫᠠᠨᠢ ᠶᠢᠨ | 30 ᠲᠦᠮᠡᠨ ᠳᠣᠨᠨ᠋ᠨ ᠨᠡᠬᠦᠷᠠᠰᠣ ᠪᠠᠷ ᠮᠧᠲ᠋ᠢᠯ ᠠᠯᠺᠦᠦᠯ ᠣᠶᠢᠯᠡᠳᠬᠦ ᠮᠡᠷᠬᠡᠵᠢᠯ ᠤᠨ ᠦᠬᠡᠷᠡᠴᠢᠯᠡᠯᠳᠡ ᠶᠢᠨ ᠲᠦᠷᠥᠯ | ᠵᠣᠶᠢᠯ ᠤᠨ ᠪᠠᠷᠢᠯᠭ᠎ᠠ ᠶᠢ ᠳᠠᠭᠤᠰᠬᠠᠵᠣ᠂ ᠶᠥᠩ ᠲᠠᠢ ᠪᠦᠯᠥᠭᠯᠡᠯ ᠤᠨ 2×25MW ᠢᠯᠴᠢ ᠴᠠᠬᠢᠯᠭᠠᠨ ᠤ | ᠬᠠᠮᠳᠣᠷᠠᠭᠰᠠᠨ ᠣᠶᠢᠯᠡᠳᠪᠣᠷᠢᠯᠡᠯ ᠵᠡᠷᠬᠡ ᠲᠦᠷᠥᠯ ᠵᠣᠶᠢᠯ ᠢ ᠡᠮᠬᠢ ᠴᠡᠭᠴᠡᠳᠡᠢ ᠠᠬᠢᠭᠤᠯᠪᠠ᠃ 22 ᠬᠡᠪᠴᠢᠶᠠᠵᠢᠯ | ᠠᠴᠠ ᠳᠡᠬᠡᠭᠰᠢᠬᠢ ᠠᠵᠣ ᠣᠶᠢᠯᠡᠳᠪᠣᠷᠢ ᠤᠨ ᠠᠵᠣ ᠠᠬᠤᠶᠢᠯᠡᠯ ᠤᠨ ᠠᠵᠣ ᠣᠶᠢᠯᠡᠳᠪᠣᠷᠢ ᠶᠢᠨ ᠶᠡᠷᠦᠩᠬᠡᠢ | ᠣᠶᠢᠯᠡᠳᠪᠣᠷᠢᠯᠡᠯ ᠤᠨ ᠦᠷᠳᠡᠭ ᠢ ᠲᠦᠰᠣᠬᠡᠯᠡᠪᠠᠯ 900 ᠳ᠋ᠦᠩᠰᠢᠭᠤᠷ ᠲᠦᠬᠦᠷᠢᠭ ᠪᠠᠶᠡᠯᠡᠬᠦᠯᠥᠭᠰᠡᠨ ᠪᠠᠶᠢᠨ᠎ᠠ᠃ | ᠮᠧᠲ᠋ᠢᠯ ᠠᠯᠺᠦᠦᠯ᠂ ᠰᠢᠩᠬᠡᠨᠵᠢᠬᠦᠯᠦᠭᠰᠡᠨ ᠪᠠᠶᠢᠭᠠᠯᠢ ᠶᠢᠨ ᠰᠢᠳᠠᠮᠠᠬᠠᠢ ᠬᠡᠢ᠂ ᠠᠯᠺᠧᠨ ᠨᠡᠬᠦᠷᠣᠭ᠍ᠴᠢ᠂ ᠰᠢᠬᠡᠰᠦᠯᠢᠭ | ᠡᠳ᠋᠂ ᠨᠡᠬᠦᠷᠠᠰᠣᠨ ᠤ ᠭᠠᠷᠣᠯᠳᠠ ᠨᠢ ᠴᠦᠮ ᠶᠡᠬᠡᠪᠡᠷ ᠨᠡᠮᠡᠭᠳᠡᠪᠠ᠃ | ︵ᠬᠤᠶᠡᠷ︶ ᠣᠳᠣ ᠦᠶ᠎ᠡ ᠶᠢᠨ ᠳᠠᠷᠢᠶᠠᠯᠠᠩ ᠮᠠᠯ ᠠᠵᠣ ᠠᠬᠤᠢ ᠶᠢᠨ ᠶᠠᠰᠣ ᠴᠢᠨᠡᠷ ᠢᠶᠠᠨ ᠳᠡᠬᠡᠭᠰᠢᠯᠡᠬᠦᠯᠥᠨ | ᠦᠷ᠎ᠡ ᠪᠦᠳᠣᠮᠵᠢ ᠶᠢ ᠨᠡᠮᠡᠭᠳᠡᠬᠦᠯᠪᠠ᠃ ᠠᠵᠣ ᠣᠶᠢᠯᠡᠰ ᠤᠨ ᠪᠦᠳᠦᠴᠡ ᠶᠢ ᠳᠣᠬᠢᠷᠠᠭᠤᠯᠬᠤ ᠪᠠᠷ ᠭᠠᠷᠳᠠᠴᠠ ᠪᠣᠯᠭᠠᠨ | ᠰᠢᠨ᠎ᠡ ᠮᠡᠷᠬᠡᠵᠢᠯ ᠢ ᠬᠡᠷᠡᠭᠯᠡᠬᠦ ᠪᠠ ᠨᠠᠷᠠᠳᠣ ᠳᠡᠮᠳᠡᠭᠳᠣ ᠶᠢ ᠬᠦᠮᠦᠵᠢᠬᠦᠯᠬᠦ ᠶᠢ ᠴᠢᠩᠭᠠᠳᠬᠠᠵᠣ ᠰᠢᠨ᠎ᠡ ᠡᠬᠦᠯᠳᠡᠷ ᠢ 63 | ᠲᠦᠷᠥᠯ ᠣᠷᠣᠭᠤᠯᠵᠣ ᠠᠮᠣ ᠪᠣᠳᠠᠭᠠᠨ ᠤ ᠳᠠᠷᠢᠮᠠᠯ ᠢ 5 ᠲᠦᠮᠡᠨ ᠮᠣ᠋ ᠳᠣᠬᠢᠷᠠᠭᠤᠯᠣᠨ ᠪᠠᠭᠠᠰᠬᠠᠵᠣ᠂ ᠵᠠᠳᠠᠭᠠᠢ | ᠭᠠᠵᠠᠷ ᠤᠨ ᠢᠳᠡᠰᠢᠨ ᠨᠣᠭᠤᠭ᠎ᠠ ᠶᠢ 1.5 ᠲᠦᠮᠡᠨ ᠮᠣ᠋ ᠰᠢᠨ᠎ᠡ ᠨᠠᠮᠠᠵᠣ ᠳᠠᠷᠢᠨ ᠪᠣᠷᠣ ᠴᠡᠷᠭᠠᠰᠣ ᠶᠢ 4 ᠲᠦᠮᠡᠨ | ᠮᠣ᠋ ᠳᠠᠷᠢᠪᠠ︔ ᠣᠰᠣ ᠠᠷᠪᠢᠯᠠᠬᠤ ᠣᠰᠣᠯᠠᠯᠳᠠ ᠶᠢ 5 ᠲᠦᠮᠡᠨ ᠮᠣ᠋ ᠬᠦᠭᠵᠢᠬᠦᠯᠵᠣ᠂ 980 ᠢᠵᠢ ᠳᠠᠷᠢᠶᠠᠯᠠᠩ | ᠤᠨ ᠮᠠᠰᠢᠨ ᠬᠡᠷᠡᠭᠰᠡᠯ ᠳᠤ ᠨᠦᠬᠦᠪᠦᠷᠢ ᠣᠯᠭᠤᠵᠣ᠂ ᠳᠠᠷᠢᠶᠠᠯᠠᠩ ᠤᠨ ᠮᠠᠰᠢᠨᠴᠢᠯᠠᠯᠳᠠ ᠶᠢᠨ ᠨᠣᠷᠮ᠎ᠠ ᠶᠢ 90% ᠳᠤ | ᠬᠦᠷᠬᠡᠪᠠ᠃ ᠣᠷᠳᠣᠰ ᠤᠨ ᠨᠠᠷᠢᠨ ᠨᠣᠣᠰᠣᠳᠣ ᠬᠤᠨᠢᠨ ᠮᠢᠬ᠎ᠠ᠂ ᠰᠢᠷᠬᠤᠰᠣ ᠶᠢᠨ ᠳᠣᠳᠣᠷᠭ᠎ᠠ᠂ ᠪᠠᠳᠣ ᠶᠢᠨ | ᠳᠣᠬᠤᠢ ᠶᠢᠨ ᠬᠤᠶᠠᠭᠳᠣ ᠮᠡᠯᠡᠬᠡᠢ ᠨᠢ ᠠᠷᠪᠠᠨ ᠨᠠᠢᠮᠠᠳᠣᠭᠠᠷ ᠬᠤᠭᠤᠴᠠᠭᠠᠨ ᠤ ᠳᠣᠮᠳᠠᠳᠣ ᠣᠯᠣᠰ ᠤᠨ ᠪᠣᠬᠢᠷᠳᠣᠯ | ᠦᠬᠡᠢ ᠢᠳᠡᠬᠡᠨ ᠤ ᠦᠵᠡᠰᠬᠦᠯᠡᠩ ᠳᠤ ᠠᠯᠳᠠᠨ ᠮᠧᠳᠠᠯ ᠬᠦᠷᠳᠡᠵᠣ᠂ ᠦᠣᠰᠢᠨ ᠤ ᠳᠠᠯ᠎ᠠ ᠨᠣᠳᠤᠭ ᠤᠨ ᠣᠯᠠᠭᠠᠨ | ᠦᠬᠡᠷ ᠨᠢ ᠭᠠᠵᠠᠷ ᠵᠦᠢ ᠶᠢᠨ ᠪᠡᠯᠬᠡ ᠳᠡᠮᠳᠡᠭᠳᠣ ᠪᠦᠳᠦᠭᠡᠭᠳᠠᠬᠦᠨ ᠢᠶᠠᠷ ᠳᠣᠭᠳᠠᠭᠠᠭᠳᠠᠵᠣ᠂ ᠬᠤᠸᠠᠩ ᠰᠢᠶᠠᠩ | ᠳᠡᠮᠳᠡᠭᠳᠣ ᠴᠡᠷᠭᠠᠰᠣ ᠪᠠᠷ ᠳᠡᠵᠢᠬᠡᠭᠰᠡᠨ ᠭᠠᠭ᠋ᠠᠢ ᠶᠢᠨ ᠮᠢᠬ᠎ᠠ ᠵᠡᠷᠬᠡ 3 ᠲᠦᠷᠥᠯ ᠤᠨ ᠮᠠᠯ ᠲᠠᠷᠢᠶᠠᠯᠡᠩ ᠤᠨ | ᠪᠦᠳᠦᠭᠡᠭᠳᠠᠬᠦᠨ ᠨᠢ ᠦᠪᠣᠷ ᠮᠣᠩᠭᠤᠯ ᠤᠨ ᠨᠠᠷᠠᠳᠣ ᠰᠢᠯᠢᠳᠡᠭ ᠣᠨᠴᠠᠯᠢᠭᠳᠣ ᠪᠦᠳᠦᠬᠡᠭᠳᠡᠬᠦᠨ︾ ᠢᠶᠠᠷ | ᠬᠡᠷᠡᠴᠢᠯᠡᠭᠳᠡᠪᠠ᠃ ᠪᠦᠬᠦ ᠬᠤᠰᠢᠭᠤᠨ ᠤ ᠮᠠᠯᠵᠢᠯ ᠤᠨ ᠣᠨ ᠤ ᠮᠠᠯᠵᠢᠵᠣ ᠪᠠᠶᠢᠭ᠎ᠠ ᠮᠠᠯ ᠨᠢ 214 ᠲᠦᠮᠡᠨ | ᠳᠣᠯᠣᠭᠠᠢ ᠬᠦᠷᠪᠠ᠃ ᠳᠣᠯᠣᠭᠠᠶᠢᠯᠠᠭᠴᠢ ᠠᠵᠣ ᠠᠬᠤᠶᠢᠯᠡᠯ ᠪᠣᠯᠣᠨ ᠮᠠᠯᠴᠢᠨ ᠳᠠᠷᠢᠶᠠᠴᠢᠨ ᠤ ᠠᠰᠢᠭ ᠳᠣᠰᠠ ᠲᠠᠢ | ᠬᠤᠯᠪᠣᠭᠳᠠᠭᠰᠠᠨ ᠳᠣᠭᠳᠠᠴᠠ ᠶᠢ ᠪᠦᠷᠢᠨᠰᠢᠬᠦᠯᠵᠣ᠂ ᠮᠧᠩ ᠧ ᠡᠯᠵᠢᠬᠡᠨ ᠠᠷᠠᠰᠣᠨ ᠴᠡᠪᠠᠣ᠂ ᠦ᠋ ᠶᠤᠸᠠᠨ ᠮᠢᠬᠠᠨ | ᠲᠦᠷᠥᠯ ᠤᠨ ᠢᠳᠡᠬᠡᠨ ᠢ ᠪᠣᠯᠪᠠᠰᠣᠷᠠᠭᠤᠯᠬᠤ ᠵᠡᠷᠬᠡ ᠲᠦᠷᠥᠯ ᠵᠣᠶᠢᠯ ᠢ ᠪᠠᠶᠢᠭᠤᠯᠵᠣ᠂ ᠳᠠᠷᠢᠶᠠᠯᠠᠩ ᠮᠠᠯ ᠠᠵᠣ | ᠠᠬᠤᠢ ᠶᠢᠨ ᠳᠣᠯᠣᠭᠠᠶᠢᠯᠠᠭᠴᠢ ᠠᠵᠣ ᠠᠬᠤᠶᠢᠯᠡᠯ ᠢ 5᠂ ᠮᠠᠯᠴᠢᠨ ᠳᠠᠷᠢᠶᠠᠴᠢᠨ ᠤ ᠳᠣᠰᠬᠠᠢ ᠬᠤᠷᠰᠢᠶᠠᠵᠢᠯ ᠢ 37᠂ | ᠬᠡᠷ ᠪᠦᠯᠢ ᠶᠢᠨ ᠮᠠᠯᠵᠢᠯ ᠤᠨ ᠳᠠᠯᠠᠪᠣᠷ ᠢ 160 ᠪᠣᠢ ᠪᠣᠯᠭᠠᠵᠣ᠂ ᠺᠣᠮᠫᠠᠨᠢᠴᠢᠯᠠᠭᠰᠠᠨ ᠳᠡᠵᠢᠬᠡᠨ ᠦᠷᠡᠵᠢᠬᠦᠯᠬᠦ | ᠬᠦᠷᠢᠶᠠᠯᠠᠩ ᠳᠣᠭᠤᠷᠢᠭ ᠢ 1 ᠡᠬᠢᠯᠡᠬᠦᠯᠥᠨ ᠪᠠᠶᠢᠭᠤᠯᠪᠠ᠃ | ︵ᠭᠤᠷᠪᠠ︶ ᠣᠳᠣ ᠦᠶ᠎ᠡ ᠶᠢᠨ ᠣᠶᠢᠯᠡᠴᠢᠯᠡᠬᠡᠨ ᠤ ᠠᠮᠢᠵᠢᠷᠠᠯ ᠤᠨ ᠬᠦᠴᠦᠨ ᠳᠣᠪᠣᠶᠢᠮ᠎ᠠ ᠪᠣᠯᠪᠠ᠃ ᠪᠦᠬᠦ | ᠣᠷᠣᠨ ᠪᠦᠰᠠ ᠶᠢᠨ ᠵᠢᠭᠤᠯᠴᠢᠯᠡᠯ ᠤᠨ ᠳᠣᠰᠬᠠᠢ ᠲᠦᠷᠥᠯ ᠤᠨ ᠬᠦᠭᠵᠢᠯᠳᠡ ᠶᠢᠨ ᠪᠡᠯᠡ ᠮᠦᠩᠬᠦ ᠶᠢ ᠳᠣᠬᠢᠷᠠᠭᠤᠯᠵᠣ | ᠂ ᠰᠣᠶᠣᠯ ᠤᠨ ᠪᠦᠳᠦᠬᠡᠯᠴᠢ ᠰᠠᠳᠬᠢᠮᠵᠢ ᠲᠠᠢ ᠠᠵᠣ ᠣᠶᠢᠯᠡᠰ ᠤᠨ ᠬᠦᠷᠢᠶᠠᠯᠩ ᠢ ᠪᠠᠶᠢᠭᠤᠯᠵᠣ ᠰᠢᠷᠬᠤᠰᠣ ᠣᠯᠣᠰ | ᠤᠨ ᠬᠠᠭᠤᠴᠢ ᠰᠣᠳᠣᠯᠣᠯ ᠤᠨ ᠴᠡᠴᠡᠷᠯᠢᠭ ᠤᠨ ᠮᠦᠽᠸᠢ ᠶᠢ ᠡᠬᠢᠯᠡᠬᠦᠯᠥᠨ ᠪᠠᠶᠢᠭᠤᠯᠪᠠ︔ ᠬᠡᠬᠡᠷ᠎ᠡ ᠪᠠᠭᠤᠳᠠᠯᠯᠠᠬᠤ | ᠭᠠᠵᠠᠷ ᠢ 2᠂ ᠵᠢᠭᠤᠯᠴᠢᠯᠡᠯ ᠤᠨ ᠣᠶᠢᠯᠡᠴᠢᠯᠡᠬᠡᠨ ᠤ ᠦᠷᠳᠡᠭᠡ ᠶᠢ 10 ᠪᠠᠶᠢᠭᠤᠯᠪᠠ︔ ᠬᠤᠶᠠᠳᠣᠭᠠᠷ | ᠬᠤᠭᠤᠴᠠᠭᠠᠨ ᠤ ᠣᠷᠳᠣᠰ ᠤᠨ ᠦᠵᠡᠰᠬᠦᠯᠡᠩᠳᠣ ᠰᠠᠶᠢᠬᠠᠨ ᠬᠦᠳᠡᠭᠡ ᠳᠣᠰᠬᠤᠨ ᠤ ᠵᠢᠭᠤᠯᠴᠢᠯᠡᠯ ᠤᠨ ᠨᠠᠶᠢᠷ ᠵᠡᠷᠬᠡ | ᠪᠠᠶᠠᠷ ᠳᠣᠷᠠᠰᠬᠠᠯ ᠤᠨ ᠠᠵᠢᠯᠯᠠᠭᠠᠨ ᠢ ᠡᠷᠬᠢᠯᠡᠨ ᠬᠢᠪᠠ᠃ ᠳᠦᠰᠦᠬᠡᠯᠡᠪᠠᠯ ᠪᠦᠬᠦ ᠵᠢᠯ ᠤᠨ ᠬᠦᠯᠢᠶᠠᠨ ᠵᠣᠴᠢᠯᠠᠭᠰᠠᠨ | ᠵᠢᠭᠤᠯᠴᠢᠯᠠᠭᠰᠠᠳ ᠢ 96 ᠲᠦᠮᠡᠨ ᠬᠦᠮᠦᠨ ᠣᠳᠠᠭ᠎ᠠ ᠶᠢ ᠳᠠᠪᠠᠵᠣ᠂ 32 ᠳ᠋ᠦᠩᠰᠢᠭᠤᠷ ᠲᠦᠬᠦᠷᠢᠭ ᠤᠨ | ᠵᠢᠭᠤᠯᠴᠢᠯᠠᠯ ᠤᠨ ᠶᠡᠷᠦᠩᠬᠡᠶᠢᠯᠡᠭᠰᠡᠨ ᠣᠷᠣᠯᠭ᠎ᠠ ᠶᠢ ᠪᠠᠶᠠᠯᠡᠬᠦᠯᠪᠠ᠃ 1949 ᠤᠠ ᠤ ᠨᠠᠮᠤᠷ ᠤᠨ ᠰᠡᠭᠦᠯᠴᠢ ᠶᠢᠨ | ᠦᠣᠰᠢᠨ ᠬᠤᠰᠢᠭᠤᠨ ᠤ ᠬᠤᠷᠢᠶ᠎ᠠ ᠶᠢᠨ ᠠᠯᠪᠠᠯᠠᠨ ᠠᠵᠢᠯᠯᠠᠵᠣ ᠪᠠᠶᠢᠭᠰᠠᠨ ᠬᠠᠭᠤᠴᠢᠠ ᠪᠠᠭᠤᠷᠢ ᠶᠢ ᠵᠠᠰᠠᠨ | ᠬᠠᠮᠠᠭᠠᠯᠠᠬᠤ ᠠᠵᠢᠯ ᠢ ᠳᠠᠭᠤᠰᠬᠠᠪᠠ᠃ ︽ᠦᠷᠡᠵᠢᠨ ᠨᠡᠮᠡᠭᠳᠡᠭᠰᠡᠬᠡᠷ︾᠂ ︽ᠰᠠᠳᠬᠢᠯ ᠳᠤ ᠬᠤᠨᠣᠭᠰᠢᠭᠰᠠᠨ | ᠰᠢᠷᠬᠤᠰᠣ︾ ᠬᠡᠬᠦ ᠺᠢᠨᠤ᠋ ᠶᠢᠨ ᠰᠡᠬᠦᠳᠡᠷᠯᠡᠬᠦ ᠠᠵᠢᠯ ᠢ ᠡᠬᠢᠯᠡᠬᠦᠯᠪᠠ᠃ ᠳᠠᠮᠣᠷ ᠵᠠᠮ ᠤᠨ ᠪᠠᠷᠠᠭ᠎ᠠ ᠳᠡᠬᠡᠬᠡᠪᠣᠷᠢᠯᠡᠭᠰᠡᠨ | ᠬᠡᠮᠵᠢᠶ᠎ᠠ ᠨᠢ ᠲᠦᠰᠦᠬᠡᠯᠡᠪᠠᠯ 910 ᠲᠦᠮᠡᠨ ᠳᠣᠨᠨ᠋ᠨ ᠬᠦᠷᠴᠣ ᠠᠳᠠᠯᠢ ᠬᠤᠭᠤᠴᠠᠭᠠᠨ ᠤ ᠬᠢ ᠠᠴᠠ ᠪᠠᠨ 91% | ᠨᠡᠮᠡᠭᠳᠡᠪᠠ︔ ᠵᠠᠰᠠᠮᠠᠯ ᠵᠠᠮ ᠤᠨ ᠪᠠᠷᠠᠭ᠎ᠠ ᠳᠡᠬᠡᠬᠡᠪᠣᠷᠢᠯᠡᠭᠰᠡᠨ ᠬᠡᠮᠵᠢᠶ᠎ᠠ ᠶᠢ ᠲᠦᠰᠦᠬᠡᠯᠡᠪᠠᠯ 1789 ᠲᠦᠮᠡᠨ ᠳᠣᠨᠨ᠋ᠨ | ᠬᠦᠷᠴᠣ ᠠᠳᠠᠯᠢ ᠬᠤᠭᠤᠴᠠᠭᠠᠨ ᠤ ᠬᠢ ᠠᠴᠠ ᠪᠠᠨ 10% ᠨᠡᠮᠡᠭᠳᠡᠪᠠ︔ ᠰᠢᠨ ᠺᠠᠩ ᠬᠢᠳᠠᠳ ᠡᠮᠨᠡᠯᠬᠡ ᠶᠢᠨ | ᠬᠤᠷᠢᠶ᠎ᠠ᠂ ᠡᠮᠨᠡᠯᠬᠡ ᠰᠣᠪᠢᠯᠠᠯᠳᠠ ᠶᠢᠨ ᠬᠤᠷᠢᠶ᠎ᠠ ᠶᠢ ᠬᠡᠷᠡᠭᠯᠡᠯᠳᠡ ᠣᠷᠣᠭᠤᠯᠵᠣ ᠨᠡᠶᠢᠬᠡᠮᠴᠢᠯᠡᠭᠰᠡᠨ ᠡᠮᠨᠡᠯᠬᠡ ᠨᠠᠰᠣᠵᠢᠯ | ᠤᠨ ᠠᠰᠠᠷᠠᠮᠵᠢ ᠶᠢᠨ ᠠᠵᠢᠯ ᠰᠢᠪᠳᠣᠯᠣᠯᠳᠠ ᠲᠠᠢ ᠪᠣᠯᠪᠠ︔ ᠡᠯᠺᠲᠷᠣᠨ ᠠᠵᠣ ᠠᠬᠤᠶᠢᠯᠡᠯ ᠢ 19 ᠰᠢᠨ᠎ᠡ ᠪᠠᠷ | ᠪᠠᠶᠢᠭᠤᠯᠵᠣ᠂ ᠣᠶᠢᠯᠡᠴᠢᠯᠡᠬᠡᠨ ᠤ ᠣᠶᠢᠯᠡᠰ ᠤᠨ ᠠᠭᠤᠯᠣᠭᠳᠠᠬᠤᠨ ᠢ ᠨᠡᠩ ᠪᠠᠶᠠᠯᠢᠭᠵᠢᠭᠤᠯᠣᠨ ᠬᠤᠪᠢᠶᠠᠷᠢᠯᠠᠯᠳᠠ ᠶᠢ | ᠨᠡᠩ ᠨᠠᠷᠢᠯᠢᠭ ᠪᠣᠯᠭᠠᠪᠠ᠃ | ︵ᠲᠦᠷᠪᠠ︶ ᠰᠠᠭᠤᠷᠢ ᠳᠣᠨᠤᠭ ᠲᠦᠬᠦᠬᠡᠷᠣᠮᠵᠢ ᠶᠢ ᠡᠳᠦᠷ ᠢᠷᠡᠬᠦᠶ᠎ᠠ ᠳᠡᠬᠦᠯᠳᠡᠷᠵᠢᠬᠦᠯᠪᠠ᠃ ᠣᠯᠣᠰ ᠤᠨ | ᠵᠠᠰᠠᠮᠠᠯ ᠵᠠᠮ ᠤᠨ 338 ᠱᠤᠭᠤᠮ ᠤᠨ ᠭᠠᠯᠠᠭᠤᠳᠣ ᠠᠴᠠ ᠰᠤᠪᠤᠷᠭ᠎ᠠ ᠪᠡᠶᠢᠭᠠᠯᠢ ᠶᠢᠨ ᠰᠢᠳᠠᠮᠠᠬᠠᠢ ᠭᠡᠢ | ᠰᠢᠢᠳᠪᠤᠷᠢᠯᠡᠭᠦ ᠭᠤᠷᠪᠠᠳᠤᠭᠠᠷ ᠥᠢᠯᠡᠳᠪᠤᠷᠢ ᠬᠥᠷᠬᠦ ᠨᠢᠭᠡᠳᠤᠭᠡᠷ ᠳᠡᠰ ᠤᠨ ᠵᠠᠰᠠᠮᠠᠯ ᠵᠠᠮ ᠤᠨ ᠪᠠᠷᠢᠯᠭ᠎ᠠ ᠶᠢ | ᠡᠬᠢᠯᠡᠭᠦᠯᠵᠤ᠂ ᠮᠣᠵᠢ ᠶᠢᠨ ᠳᠠᠰ ᠤᠨ ᠵᠠᠰᠠᠮᠠᠯ ᠵᠠᠮ ᠤᠨ 215 ᠱᠤᠭᠤᠮ ᠤᠨ ᠰᠦᠯᠳᠡ ᠠᠴᠠ ᠬᠤᠨᠴᠢᠨ ᠴᠠᠶᠢᠳᠠᠮ | ᠬᠦᠷᠬᠦ ᠵᠠᠮ ᠢ ᠶᠡᠬᠡᠪᠡᠷ ᠰᠠᠯᠪᠢᠨ ᠵᠠᠰᠠᠬᠤ ᠪᠠᠷᠢᠯᠭ᠎ᠠ ᠶᠢ ᠳᠠᠭᠤᠰᠬᠠᠵᠣ᠂ ᠮᠣᠵᠢ ᠶᠢᠨ ᠳᠠᠰ ᠤᠨ ᠵᠠᠰᠠᠮᠠᠯ ᠵᠠᠮ ᠤᠨ | 216 ᠱᠤᠭᠤᠮ ᠤᠨ ᠦᠣᠰᠢᠨ ᠤ ᠬᠡᠰᠡᠭ ︵ᠰᠢᠷᠬᠤᠰᠣᠨ ᠪᠠᠯᠭᠠᠰᠣᠨ ᠤ ᠰᠢᠷᠬᠤᠰᠣᠨ ᠳᠣᠰᠬᠤᠨ ᠠᠴᠠ ᠵᠢᠩᠪᠢᠶᠠᠨ | ᠰᠢᠶᠠᠨ ᠤ ᠵᠠᠩᠭᠤᠳᠣ ᠳᠣᠰᠬᠤᠨ︶ ᠤᠨ ᠪᠠᠷᠢᠯᠭ᠎ᠠ ᠶᠢ ᠦᠨᠳᠣᠰᠣᠨ ᠳᠡᠭᠡᠨ ᠳᠠᠭᠤᠰᠬᠠᠵᠣ᠂ ᠲᠦᠩᠽᠢ ᠠᠴᠠ | ᠪᠤᠷᠤᠪᠠᠯᠭᠠᠰᠣ ᠭᠥᠷᠭᠦ ᠬᠤᠶᠠᠳᠣᠭᠠᠷ ᠳᠠᠰ ᠤᠨ ᠵᠠᠰᠠᠮᠠᠯ ᠵᠠᠮ ᠢ ᠳᠡᠷᠬᠡ ᠨᠡᠪᠳᠡᠷᠡᠬᠦᠯᠪᠠ᠃ ᠪᠠᠶᠠᠠᠭᠤᠣᠯ ᠵᠡᠷᠬᠡ 3 | ᠵᠣᠷᠪᠣᠰ ᠳᠠᠮᠣᠷ ᠵᠠᠮ ᠤᠨ ᠳᠣᠰᠬᠠᠢ ᠬᠡᠷᠡᠭᠯᠡᠬᠡᠨ ᠤ ᠱᠤᠭᠤᠮ ᠢ ᠠᠰᠢᠭᠯᠠᠯᠳᠠ ᠳᠤ ᠣᠷᠣᠭᠤᠯᠪᠠ᠃ ᠨᠠᠶᠢᠳᠠᠮ | ᠬᠡᠷᠡᠭᠯᠡᠬᠡᠨ ᠤ ᠨᠢᠰᠬᠡᠯ ᠤᠨ ᠳᠠᠯᠠᠪᠣᠷ ᠤᠨ ᠣᠷᠣᠨ ᠪᠠᠶᠢᠷᠢ ᠰᠣᠩᠭᠤᠬᠤ ᠠᠵᠢᠯ ᠢ ᠳᠠᠭᠤᠰᠬᠠᠪᠠ᠃ ᠱᠠᠩᠬᠠᠢ ᠶᠢᠨ | ᠰᠥᠮ᠎ᠠ ᠠᠴᠠ ᠱᠠᠨᠳᠦ᠋ᠩ ᠭᠥᠷᠭᠦ ᠤᠡᠴᠠ ᠥᠡᠳᠤᠷ ᠬᠦᠴᠦᠳᠠᠯᠳᠣ ᠴᠠᠬᠢᠯᠭᠠᠠ ᠬᠦᠷᠬᠡᠬᠦ ᠱᠤᠭᠤᠮ ︵ᠦᠣᠰᠢᠨ ᠤ | ᠬᠡᠰᠡᠭ︶ ᠪᠠ ᠮᠠᠰᠢᠨ ᠴᠠᠬᠢᠯᠭᠠᠨ ᠬᠤᠳᠳᠤᠭ ᠲᠤ ᠴᠠᠬᠢᠯᠭᠠᠨ ᠨᠡᠪᠳᠡᠷᠡᠬᠦᠯᠬᠦ ᠢᠨᠵᠧᠨᠧᠷᠢᠩ ᠤᠨ ᠠᠵᠢᠯ ᠢ | ᠳᠠᠭᠤᠰᠬᠠᠪᠠ᠃ ᠴᠢᠮᠡᠭᠡ ᠬᠤᠯᠪᠣᠭᠠᠨ ᠤ ᠰᠠᠭᠤᠷᠢ ᠦᠷᠳᠡᠭᠡ ᠶᠢ 18 ᠰᠢᠨ᠎ᠡ ᠪᠠᠷ ᠪᠠᠶᠢᠭᠤᠯᠪᠠ᠃ ᠬᠤᠨᠴᠢᠨ ᠨᠠᠭᠤᠷ | ᠤᠨ ᠴᠡᠴᠡᠷᠯᠢᠭ᠂ ᠳᠠᠪᠴᠠᠭ ᠴᠡᠴᠡᠷᠯᠢᠭ ᠵᠡᠷᠬᠡ ᠶᠢᠨ ᠳᠡᠬᠡᠭᠰᠢᠯᠡᠬᠦᠯᠥᠯᠳᠡ ᠶᠢᠨ ᠢᠨᠵᠧᠨᠧᠷᠢᠩ ᠢ ᠪᠠᠶᠠᠯᠡᠬᠦᠯᠵᠣ᠂ | ᠨᠤᠭᠤᠭᠠᠷᠠᠭᠤᠯᠣᠯᠳᠠ ᠶᠢᠨ ᠳᠠᠯᠠᠪᠡᠢ ᠶᠢ 21 ᠲᠥᠮᠠᠠ ᠳᠡᠭᠰᠢ ᠳᠥᠷᠪᠡᠯᠵᠢᠠ ᠮᠧᠲᠷ ᠰᠢᠨ᠎ᠠ ᠪᠠᠷ ᠨᠡᠮᠡᠭᠳᠡᠬᠦᠯᠵᠤ᠂ | ᠬᠤᠭᠤᠯᠠᠢ ᠳᠣᠣᠷ ᠢ 12 ᠺᠢᠯᠣᠮᠧᠲᠷ ᠳᠠᠪᠢᠰᠴᠣ᠂ ᠤᠰᠤ ᠪᠠᠷ ᠵᠡᠶᠢᠯᠠᠬᠤ ᠭᠡᠯᠪᠡᠷᠢ ᠶᠢᠨ ᠵᠤᠷᠯᠤᠩ ᠢ 11 ᠰᠢᠨ᠎ᠡ | ᠪᠠᠷ ᠪᠠᠶᠢᠭᠤᠯᠣᠨ ᠬᠤᠳᠠ ᠶᠢᠨ ᠶᠠᠪᠣᠳᠠᠯ ᠪᠠ ᠵᠡᠬᠡᠯᠢ ᠭᠤᠳᠤᠮᠵᠢ ᠶᠢ 17 ᠲᠥᠮᠠᠠ ᠳᠡᠭᠰᠢ ᠲᠥᠷᠪᠡᠯᠵᠢᠠ ᠮᠧᠲᠷ | ᠬᠠᠳᠠᠭᠤᠵᠢᠭᠤᠯᠵᠤ᠂ ᠬᠠᠭᠤᠴᠢᠠ ᠰᠠᠭᠤᠭᠠᠯᠢ ᠠᠷᠠᠳ ᠤᠨ ᠳᠤᠭᠤᠷᠢᠭ ᠢ 10 ᠦᠬᠡᠷᠡᠴᠢᠯᠡᠨ ᠵᠠᠰᠠᠪᠠ᠃ ᠪᠣᠰᠣᠳ | ᠰᠣᠮᠣ ᠪᠠᠯᠭᠠᠰᠣᠨ ᠤ ᠵᠠᠮ᠂ ᠬᠤᠭᠤᠯᠠᠢ ᠳᠣᠣᠷ᠂ ᠨᠣᠭᠤᠭᠠᠷᠠᠭᠤᠯᠬᠤ᠂ ᠬᠠᠳᠠᠭᠤᠵᠢᠭᠤᠯᠬᠤ᠂ ᠬᠤᠭ ᠨᠣᠪᠰᠢ | ᠰᠢᠢᠳᠪᠣᠷᠢᠯᠡᠬᠦ᠂ ᠪᠣᠬᠢᠷ ᠣᠰᠣ ᠰᠢᠢᠳᠪᠣᠷᠢᠯᠡᠬᠦ ᠵᠡᠷᠬᠡ ᠰᠠᠭᠤᠷᠢ ᠳᠣᠨᠤᠭ ᠲᠦᠬᠦᠬᠡᠷᠣᠮᠵᠢ ᠶᠢᠨ ᠪᠠᠶᠢᠭᠤᠯᠣᠯᠳᠠ ᠶᠢ | ᠲᠦᠯᠬᠢᠨ ᠠᠬᠢᠭᠤᠯᠪᠠ᠃ ᠠᠮᠢ ᠠᠬᠤᠢ ᠶᠢᠨ ᠪᠠᠶᠢᠭᠤᠯᠣᠯᠳᠠ ᠪᠠ ᠬᠠᠮᠠᠭᠠᠯᠠᠯᠳᠠ ᠶᠢᠨ ᠡᠷᠴᠢᠮ ᠢ ᠶᠡᠬᠡᠰᠬᠡᠨ ᠣᠢ | ᠰᠢᠭᠤᠢ ᠶᠢᠨ ᠠᠮᠢ ᠠᠬᠤᠢ ᠶᠢᠨ ᠪᠠᠶᠢᠭᠤᠯᠣᠯᠳᠠ ᠶᠢ 17 ᠲᠦᠮᠡᠨ ᠮᠣ᠋᠂ ᠳᠠᠯ᠎ᠠ ᠨᠣᠳᠤᠭ ᠤᠨ ᠠᠮᠢ ᠠᠬᠤᠢ ᠶᠢᠨ | ᠬᠠᠮᠠᠭᠠᠯᠠᠯᠳᠠ ᠶᠢ 71 ᠲᠦᠮᠡᠨ ᠮᠣ᠋᠂ ᠬᠦᠷᠣᠰᠣ ᠰᠢᠷᠦᠢ ᠶᠢᠨ ᠢᠳᠡᠭᠳᠡᠯ ᠤᠨ ᠶᠡᠷᠦᠩᠬᠡᠶᠢᠯᠡᠭᠰᠡᠨ ᠵᠠᠰᠠᠯᠳᠠ ᠶᠢ 24 | ᠲᠦᠮᠡᠨ ᠮᠣ᠋ ᠪᠠᠶᠠᠯᠡᠬᠦᠯᠪᠠ᠃ ᠭᠤᠣᠯ ᠤᠨ ᠳᠠᠷᠤᠭ᠎ᠠ ᠶᠢᠨ ᠲᠦᠷᠢᠮ ᠢ ᠪᠦᠬᠦ ᠳᠡᠯ᠎ᠡ ᠪᠠᠷ ᠬᠡᠷᠡᠭᠵᠢᠬᠦᠯᠵᠣ᠂ ᠪᠠᠶᠢᠭᠠᠯᠢ | ᠶᠢᠨ ᠡᠬᠢ ᠪᠠᠶᠠᠯᠢᠭ ᠡᠳ᠋ ᠬᠦᠷᠦᠩᠬᠡ ᠳᠠᠬᠢ ᠬᠢᠨᠠᠨ ᠪᠣᠳᠣᠯᠳᠠ ᠶᠢᠨ ᠠᠵᠢᠯ ᠢ ᠦᠷᠨᠢᠬᠦᠯᠪᠠ᠃ ᠵᠦᠩ ᠮᠧᠢ ᠶᠤᠸᠠᠨ | ᠰᠢᠩ ᠺᠣᠮᠫᠠᠨᠢ ᠶᠢᠨ ᠣᠰᠣ ᠶᠢ ᠬᠦᠨᠵᠡᠬᠡᠢ ᠰᠢᠢᠳᠪᠣᠷᠢᠯᠡᠬᠦ ᠲᠦᠷᠥᠯ ᠵᠣᠶᠢᠯ ︵ᠬᠤᠶᠠᠳᠣᠭᠠᠷ ᠬᠤᠭᠤᠴᠠᠭ᠎ᠠ︶ ᠢ | ᠬᠡᠷᠡᠭᠯᠡᠯᠳᠡ ᠳᠤ ᠣᠷᠣᠭᠤᠯᠵᠣ᠂ ᠣᠯᠣᠰ ᠤᠨ ᠳᠣᠳᠣᠭᠠᠳᠣ ᠳᠤ ᠣᠳᠣ ᠪᠠᠶᠢᠭᠤᠯᠵᠣ ᠪᠠᠶᠢᠭ᠎ᠠ ᠬᠡᠪᠴᠢᠶᠠᠵᠢᠯ ᠢᠶᠠᠷ | ᠬᠠᠮᠤᠭ ᠶᠡᠭᠡ ᠠᠭᠤᠷᠬᠠᠢ ᠶᠢᠨ ᠬᠤᠳᠳᠤᠭ ᠤᠨ ᠣᠰᠣ ᠶᠢ ᠰᠢᠢᠳᠪᠣᠷᠢᠯᠡᠬᠦ ᠲᠦᠷᠥᠯ ᠵᠣᠶᠢᠯ — ᠵᠦᠩ ᠲᠢᠶᠠᠨ ᠾᠧ | ᠴᠤᠸᠠᠩ ᠺᠣᠮᠫᠠᠨᠢ ᠶᠢᠨ ᠠᠭᠤᠷᠬᠠᠢ ᠶᠢᠨ ᠬᠤᠳᠳᠤᠭ ᠤᠨ ᠣᠰᠣ ᠶᠢ ᠬᠦᠨᠵᠡᠬᠡᠢ ᠰᠢᠢᠳᠪᠣᠷᠢᠯᠡᠬᠦ ᠣᠶᠢᠯᠡᠳᠪᠣᠷᠢ ᠶᠢᠨ | ᠪᠠᠷᠢᠯᠭ᠎ᠠ ᠶᠢ ᠡᠬᠢᠯᠡᠬᠦᠯᠪᠠ᠃ ᠬᠤᠰᠢᠭᠤ ᠱᠠᠳᠣᠨ ᠤ ᠴᠢᠮᠡᠭᠡ ᠵᠠᠩᠬᠢᠵᠢᠯᠳᠠ ᠶᠢᠨ ᠳᠠᠪᠴᠠᠩ ᠢ ᠪᠠᠶᠢᠭᠤᠯᠵᠣ ᠬᠤᠰᠢᠭᠤ | ᠂ ᠬᠦᠷᠢᠶᠠᠯᠡᠩ ᠳᠣᠭᠤᠷᠢᠭ᠂ ᠰᠣᠮᠣ ᠪᠠᠯᠭᠠᠰᠣ᠂ ᠭᠠᠴᠠᠭ᠎ᠠ ᠳᠣᠰᠬᠤᠨ ᠳᠤ ᠨᠡᠶᠢᠳᠡᠮᠵᠢᠭᠰᠡᠨ ᠴᠢᠮᠡᠭᠡ ᠵᠠᠩᠬᠢ ᠶᠢᠨ | ᠳᠣᠣᠷ ᠢ ᠪᠣᠢ ᠪᠣᠯᠭᠠᠵᠣ ᠠᠨᠣᠷ ᠲᠦᠪᠰᠢᠨ ᠣᠶᠢᠯᠡᠳᠪᠣᠷᠢᠯᠡᠯ᠂ ᠢᠳᠡᠬᠡᠨ ᠣᠮᠳᠠᠭᠠᠨ ᠡᠮ ᠤᠨ ᠵᠣᠶᠢᠯᠡᠰ᠂ ᠣᠷᠴᠢᠨ | ᠳᠣᠭᠤᠷᠢᠨ ᠤ ᠬᠠᠮᠠᠭᠠᠯᠠᠯᠳᠠ ᠵᠡᠷᠬᠡ ᠬᠦᠷᠢᠶᠠᠨ ᠤ ᠳᠤᠭ᠎ᠠ ᠮᠠᠭᠠᠳ ᠤᠨ ᠡᠬᠢ ᠪᠠᠶᠠᠯᠢᠭ ᠢ ᠰᠦᠯᠵᠢᠶᠠᠵᠢᠬᠦᠯᠥᠨ | ᠨᠡᠪᠳᠡᠷᠡᠬᠦᠯᠬᠦ ᠶᠢ ᠪᠠᠶᠠᠯᠡᠬᠦᠯᠪᠠ᠃ | ︵ᠳᠠᠪᠤ︶ ᠠᠷᠠᠳ ᠣᠯᠠᠨ ᠤ ᠬᠦᠷᠳᠡᠮᠵᠢ ᠶᠢᠨ ᠲᠦᠷᠦᠭᠳᠡᠯ ᠢ ᠦᠷᠬᠦᠯᠵᠢᠯᠡᠨ ᠴᠢᠩᠭᠠᠳᠬᠠᠪᠠ᠃ ᠪᠦᠬᠦ ᠵᠢᠯ | ᠳᠤ ᠡᠯ᠎ᠡ ᠲᠦᠷᠥᠯ ᠤᠨ ᠶᠠᠳᠠᠭᠤ ᠶᠢ ᠳᠡᠳᠬᠦᠬᠦ ᠪᠡᠯᠡ ᠮᠦᠩᠬᠦ ᠶᠢ 1 ᠳ᠋ᠦᠩᠰᠢᠭᠤᠷ ᠲᠦᠬᠦᠷᠢᠭ ᠪᠡᠯᠡ ᠣᠷᠣᠭᠤᠯᠣᠨ | 39 ᠡᠷᠦᠬᠡ 104 ᠨᠠᠷᠠᠰ ᠣᠯᠣᠰ ᠤᠨ ᠳᠠᠰ ᠤᠨ ᠶᠠᠳᠠᠭᠤ ᠬᠦᠴᠢᠷᠳᠡᠯᠳᠡᠢ ᠬᠦᠮᠦᠨ ᠠᠮᠠ ᠶᠢ ᠶᠠᠳᠠᠭᠤ ᠠᠴᠠ | ᠳᠣᠭᠳᠠᠭᠤᠨ ᠠᠩᠬᠢᠵᠢᠷᠠᠭᠤᠯᠵᠣ᠂ 854 ᠡᠷᠦᠬᠡ 2351 ᠨᠠᠷᠠᠰ ᠬᠤᠳᠠ ᠶᠢᠨ ᠳᠠᠰ ᠤᠨ ᠪᠠᠭ᠎ᠠ ᠣᠷᠣᠯᠭ᠎ᠠ ᠲᠠᠢ | ᠬᠦᠮᠦᠨ ᠠᠮᠠ ᠶᠢᠨ ᠬᠦᠮᠦᠨ ᠳᠣᠮᠳᠠᠴᠢ ᠶᠢᠨ ᠣᠷᠣᠯᠭ᠎ᠠ ᠶᠢ 20% ᠠᠴᠠ ᠳᠡᠬᠡᠭᠰᠢ ᠨᠡᠮᠡᠭᠳᠡᠬᠦᠯᠪᠠ᠃ ᠮᠡᠷᠬᠡᠵᠢᠯ | ᠴᠢᠳᠠᠪᠣᠷᠢ ᠶᠢᠨ ᠪᠣᠯᠪᠠᠰᠣᠷᠠᠯ ᠢ 1487 ᠬᠦᠮᠦᠰ ᠲᠤ ᠬᠦᠷᠳᠡᠬᠡᠵᠣ᠂ ᠨᠠᠶᠢᠳᠠ ᠶᠢᠨ ᠠᠰᠠᠷᠠᠮᠵᠢ ᠶᠢᠨ ᠴᠢᠨᠡᠷᠳᠡᠢ | ᠠᠵᠢᠯ ᠤᠨ ᠪᠠᠶᠢᠷᠢ ᠶᠢ 75 ᠭᠠᠷᠭᠠᠵᠣ᠂ ᠶᠡᠭᠡ ᠳᠡᠬᠡᠳᠣ ᠰᠣᠷᠭᠠᠭᠤᠯᠢ ᠳᠡᠬᠦᠰᠦᠭᠰᠡᠨ 186 ᠰᠣᠷᠣᠭᠴᠢ ᠶᠢ | ᠨᠠᠶᠢᠳᠠᠨ ᠬᠦᠮᠦᠵᠢᠬᠦᠯᠵᠣ᠂ 2300 ᠬᠦᠮᠦᠰ ᠢ ᠬᠤᠳᠠ ᠪᠠᠯᠭᠠᠰᠣᠨ ᠳᠤ ᠰᠢᠨ᠎ᠡ ᠪᠠᠷ ᠠᠵᠢᠯ ᠣᠯᠭᠤᠵᠣ᠂ ᠬᠤᠳᠠ | ᠪᠠᠯᠭᠠᠰᠣᠨ ᠤ ᠳᠠᠩᠰᠠᠯᠠᠭᠤᠯᠣᠭᠰᠠᠨ ᠠᠵᠢᠯ ᠠᠯᠳᠠᠯᠳᠠ ᠶᠢᠨ ᠨᠣᠷᠮ᠎ᠠ ᠶᠢ 3.1% ᠳᠣᠳᠣᠷ᠎ᠠ ᠬᠢᠵᠠᠭᠠᠷᠯᠠᠪᠠ᠃ | ᠬᠤᠰᠢᠭᠤ ᠨᠠᠮ ᠤᠨ ᠰᠣᠷᠭᠠᠭᠤᠯᠢ ᠶᠢᠨ ᠰᠢᠨ᠎ᠡ ᠰᠣᠷᠭᠠᠭᠤᠯᠢ ᠶᠢᠨ ᠳᠣᠭᠤᠷᠢᠭ᠂ ᠴᠢᠬᠡᠴᠢ ᠵᠠᠰᠠᠭ ᠤᠨ ᠰᠣᠶᠣᠯ | ᠬᠦᠮᠦᠵᠢᠯ ᠤᠨ ᠲᠦᠪ ᠤᠨ ᠪᠦᠳᠦᠬᠡᠨ ᠪᠠᠶᠢᠭᠤᠯᠣᠯᠳᠠ ᠶᠢ ᠡᠬᠢᠯᠡᠬᠦᠯᠵᠣ᠂ ᠪᠣᠷᠣ ᠬᠡᠷᠳᠣ ᠳᠣᠭᠤᠷᠢᠭ ᠤᠨ | ᠦᠬᠡᠷᠡᠴᠢᠯᠡᠯᠳᠡ ᠶᠢ 704 ᠢᠵᠢ ᠪᠠᠶᠠᠯᠡᠬᠦᠯᠵᠣ᠂ ᠬᠦᠮᠦᠷᠬᠡᠯᠡᠭᠳᠡᠵᠣ ᠪᠠᠶᠢᠬᠤ ᠳᠠᠸᠠᠷ ᠤᠨ ᠬᠡᠷ ᠪᠠᠶᠢᠰᠢᠩ ᠢ 10 | ᠲᠦᠮᠡᠨ ᠳᠡᠭᠰᠢ ᠲᠦᠷᠪᠡᠯᠵᠢᠨ ᠮᠧᠲᠷ ᠰᠢᠢᠳᠪᠣᠷᠢᠯᠡᠪᠠ᠃ ᠬᠠᠳᠠᠭᠤᠴᠠᠶᠢᠳᠠᠮ ᠣᠰᠣᠨ ᠰᠣᠷᠪᠣᠯᠵᠢ ᠶᠢᠨ ᠣᠷᠣᠨ ᠤ | ᠨᠢᠬᠡᠳᠣᠬᠡᠷ ᠳᠠᠰ ᠤᠨ ᠬᠠᠮᠠᠭᠠᠯᠠᠯᠳᠠ ᠶᠢᠨ ᠳᠣᠭᠤᠷᠢᠭ ᠤᠨ ᠨᠠᠬᠦᠳᠡᠯ ᠠᠷᠠᠳ ᠢ ᠲᠦᠪᠬᠢᠨᠡᠬᠦᠯᠬᠦ ᠢᠨᠵᠧᠨᠧᠷᠢᠩ ᠢ | ᠪᠠᠶᠢᠭᠤᠯᠪᠠ᠃ ᠳᠤᠭ ᠬᠡᠣᠬᠡᠳ ᠤᠨ ᠴᠡᠴᠡᠷᠯᠢᠭ᠂ ᠮᠣᠩᠭᠤᠯ ᠦᠨᠳᠣᠰᠣᠳᠠᠨ ᠤ ᠳᠣᠷᠰᠢᠯᠳᠠ ᠶᠢᠨ ᠪᠠᠭ᠎ᠠ | ᠰᠣᠷᠭᠠᠭᠤᠯᠢ ᠶᠢᠨ ᠶᠡᠷᠦᠩᠬᠡᠶᠢᠯᠡᠭᠰᠡᠨ ᠠᠰᠠᠷ ᠢ ᠠᠰᠢᠭᠯᠠᠯᠳᠠ ᠳᠤ ᠣᠷᠣᠭᠤᠯᠵᠣ᠂ ᠬᠤᠳᠠ ᠶᠢᠨ ᠮᠣᠩᠭᠤᠯ | ᠦᠨᠳᠣᠰᠣᠳᠠᠨ ᠤ ᠬᠤᠶᠠᠳᠣᠭᠠᠷ ᠳᠣᠮᠳᠠᠳᠣ ᠰᠣᠷᠭᠠᠭᠤᠯᠢ ᠵᠡᠷᠬᠡ ᠰᠢᠨ᠎ᠡ ᠪᠠᠷ ᠪᠡᠶᠢᠭᠤᠯᠬᠤ ᠪᠠ ᠦᠬᠡᠷᠡᠴᠢᠯᠡᠨ | ᠪᠠᠶᠢᠭᠤᠯᠬᠤ 4 ᠰᠣᠷᠭᠠᠭᠤᠯᠢ ︵ᠬᠡᠣᠬᠡᠳ ᠤᠨ ᠴᠡᠴᠡᠷᠯᠢᠭ︶ ᠤᠨ ᠲᠥᠯᠥᠪᠯᠡᠨ ᠵᠢᠷᠣᠬᠤ ᠠᠵᠢᠯ ᠢ ᠳᠠᠭᠤᠰᠬᠠᠵᠣ᠂ | 125 ᠨᠠᠷᠠᠰ ᠪᠠᠭᠰᠢ ᠶᠢ ᠣᠷᠣᠭᠤᠯᠣᠨ ᠠᠪᠴᠢᠷᠠᠪᠠ︔ ᠮᠣᠩᠭᠤᠯ ᠡᠮᠨᠡᠯᠬᠡ ᠶᠢᠨ ᠬᠤᠷᠢᠶ᠎ᠠ ᠶᠢ ᠣᠳᠠᠯ ᠦᠬᠡᠢ | ᠨᠡᠬᠦᠯᠬᠡᠨ ᠰᠢᠯᠵᠢᠬᠦᠯᠵᠣ᠂ ︽ᠪᠦᠬᠦ ᠣᠯᠣᠰ ᠤᠨ ᠦᠨᠳᠣᠰᠣᠨ ᠱᠠᠳᠣᠨ ᠤ ᠮᠣᠩᠭᠤᠯ ᠬᠢᠳᠡᠳ ᠡᠮ ᠡᠮᠨᠡᠯᠬᠡ ᠶᠢᠨ | ᠠᠵᠢᠯ ᠤᠨ ᠳᠠᠷᠢᠬᠦᠨ ᠤ ᠬᠤᠰᠢᠭᠤ︾ ᠶᠢ ᠡᠬᠦᠳᠣᠨ ᠴᠣᠭᠴᠠᠯᠠᠬᠤ ᠠᠵᠢᠯ ᠨᠢ ᠰᠢᠯᠭᠠᠨ ᠬᠤᠷᠢᠶᠠᠯᠳᠠ ᠶᠢ ᠳᠣᠭᠤᠯᠪᠠ | ᠃ ᠣᠯᠠᠭᠠᠨᠳᠣᠯᠣᠭᠠᠢ ᠵᠠᠬ᠎ᠠ ᠳᠡᠯᠬᠡᠬᠦᠷ ᠤᠨ ᠬᠢᠨᠠᠨ ᠪᠠᠶᠢᠴᠠᠭᠠᠬᠤ ᠭᠠᠵᠠᠷ ᠤᠨ ᠪᠠᠷᠢᠯᠭ᠎ᠠ ᠶᠢ ᠳᠠᠭᠤᠰᠬᠠᠪᠠ᠃ ᠢᠳᠡᠬᠡᠨ | ᠣᠮᠳᠠᠭᠠᠨ ᠡᠮ ᠤᠨ ᠵᠣᠶᠢᠯᠡᠰ ᠤᠨ ᠰᠢᠯᠭᠠᠨ ᠪᠠᠶᠢᠴᠠᠭᠠᠯᠳᠠ ᠶᠢᠨ ᠲᠦᠪ ᠨᠢ ᠦᠪᠡᠷᠳᠡᠬᠡᠨ ᠵᠠᠰᠠᠬᠤ ᠣᠷᠣᠨ ᠤ ᠳᠠᠰ | ᠤᠨ ᠬᠢᠷᠢ ᠬᠡᠮ ᠤᠨ ᠬᠡᠷᠡᠴᠢᠯᠡᠯᠳᠡ ᠶᠢ ᠳᠠᠮᠵᠢᠵᠣ ᠪᠦᠬᠦ ᠬᠤᠰᠢᠭᠤᠨ ᠳᠤ ᠨᠡᠶᠢᠳᠡᠮᠵᠢᠭᠰᠡᠨ ᠲᠦᠷᠬᠡᠨ ᠰᠢᠯᠭᠠᠨ | ᠪᠠᠶᠢᠴᠠᠭᠠᠬᠤ ᠰᠢᠰᠲ᠋ᠧᠮ ᠢ ᠪᠦᠷᠢᠯᠳᠣᠬᠦᠯᠪᠠ᠃ ᠦᠨᠳᠣᠰᠣᠳᠠᠨ ᠤ ᠪᠦᠯᠬᠦᠮᠳᠠᠯ ᠳᠠᠪᠰᠢᠯᠳᠡ ᠶᠢᠨ ᠠᠵᠢᠯ ᠣᠶᠢᠯᠡᠰ ᠢ | ᠯᠠᠪᠳᠠᠭᠤᠨ ᠠᠬᠢᠭᠤᠯᠵᠠᠢ᠃ ︽ᠪᠦᠬᠦ ᠣᠷᠣᠨ ᠤ ᠦᠨᠳᠣᠰᠣᠳᠠᠨ ᠤ ᠪᠦᠯᠬᠦᠮᠳᠠᠯ ᠳᠠᠪᠰᠢᠯᠳᠡ ᠶᠢ ᠡᠬᠦᠳᠣᠨ | ᠪᠠᠶᠢᠭᠤᠯᠬᠤ ᠠᠵᠢᠯᠯᠠᠭᠠᠨ ᠤ ᠳᠠᠭᠤᠷᠢᠶᠠᠯ ᠬᠤᠰᠢᠭᠤ︾ ᠪᠠᠷ ᠨᠡᠷᠡᠶᠢᠳᠣᠭ᠍ᠳᠠᠵᠣ᠂ ᠳᠣᠭᠤᠷᠢᠮ ᠭᠠᠴᠠᠭ᠎ᠠ ᠨᠢ ︽ | ᠬᠤᠶᠠᠳᠣᠭᠠᠷ ᠪᠦᠯᠥᠭ ᠳᠣᠮᠳᠠᠳᠣ ᠣᠯᠣᠰ ᠤᠨ ᠴᠦᠬᠡᠨ ᠳᠣᠭᠠᠳᠣ ᠦᠨᠳᠣᠰᠣᠳᠠᠨ ᠤ ᠣᠨᠴᠠᠯᠢᠭᠳᠣ ᠭᠠᠴᠠᠭ᠎ᠠ | ᠳᠣᠰᠬᠤᠨ︾ ᠢᠶᠠᠷ ᠦᠨᠡᠯᠡᠭᠳᠡᠪᠠ᠃ | ︵ᠵᠢᠷᠭᠤᠭ᠎ᠠ︶ ᠦᠬᠡᠷᠡᠴᠢᠯᠡᠯᠳᠡ ᠶᠢ ᠪᠦᠬᠦ ᠳᠠᠯ᠎ᠠ ᠪᠠᠷ ᠬᠦᠨᠵᠡᠬᠡᠶᠢᠷᠡᠬᠦᠯᠥᠨ ᠠᠬᠢᠭᠤᠯᠪᠠ᠃ ᠵᠠᠬ᠎ᠠ ᠲᠡᠯᠭᠡᠭᠦᠷ | ᠤᠨ ᠠᠮᠢᠵᠢᠷᠠᠯ ᠤᠨ ᠬᠦᠴᠦᠨ ᠢᠯᠡᠷᠬᠡᠢ ᠴᠢᠩᠭᠠᠷᠠᠵᠣ ᠪᠦᠬᠦ ᠬᠤᠰᠢᠭᠤᠨ ᠤ ᠴᠠᠬᠢᠯᠭᠠᠨ ᠬᠦᠴᠦᠨ ᠤ ᠣᠯᠠᠨ ᠳᠠᠯᠠᠳᠣ | ᠠᠷᠠᠯᠵᠢᠶᠠᠨ ᠤ 14 ᠠᠵᠣ ᠠᠬᠤᠶᠢᠯᠡᠯ ᠤᠨ ᠬᠡᠷᠡᠭᠯᠡᠭᠰᠡᠨ ᠴᠠᠬᠢᠯᠭᠠᠨ ᠤ ᠦᠪᠡᠷ ᠤᠨ ᠦᠷᠳᠡᠭ ᠢ ᠨᠠᠶᠢᠳᠠ 1 | ᠳ᠋ᠦᠩᠰᠢᠭᠤᠷ ᠲᠦᠬᠦᠷᠢᠭ ᠠᠷᠪᠢᠯᠠᠪᠠ︔ ᠭᠠᠵᠠᠷ ᠰᠢᠷᠦᠢ ᠨᠣᠳᠤᠭ ᠪᠡᠯᠴᠢᠬᠡᠷ ᠤᠨ ︽ᠭᠤᠷᠪᠠᠨ ᠡᠷᠬᠡ︾ ᠶᠢ | ᠰᠠᠯᠭᠠᠬᠤ ᠠᠵᠢᠯ ᠢ ᠠᠬᠢᠭᠤᠯᠵᠣ᠂ ᠨᠣᠳᠤᠭ ᠪᠡᠯᠴᠢᠬᠡᠷ ᠤᠨ ᠡᠷᠬᠡ ᠶᠢ ᠳᠣᠭᠳᠠᠭᠠᠬᠤ ᠠᠵᠢᠯ ᠢ ᠦᠨᠳᠣᠰᠣᠨ ᠳᠡᠭᠡᠨ | ᠳᠠᠭᠤᠰᠬᠠᠵᠣ᠂ ᠭᠠᠵᠠᠷ ᠰᠢᠷᠦᠢ ᠶᠢᠨ ᠡᠷᠬᠡ ᠶᠢ ᠳᠣᠭᠳᠠᠭᠠᠬᠤ ᠠᠵᠢᠯ ᠢ ᠯᠠᠪᠳᠠᠭᠤᠨ ᠦᠷᠨᠢᠬᠦᠯᠪᠠ᠃ ︽ᠵᠠᠰᠠᠭ ᠢ | ᠴᠣᠮᠬᠤᠳᠬᠠᠨ ᠡᠷᠬᠡ ᠶᠢ ᠳᠣᠷᠣᠭᠰᠢ ᠪᠠᠭᠤᠯᠭᠠᠵᠣ᠂ ᠪᠠᠭᠤᠯᠭᠠᠬᠤ ᠪᠠ ᠬᠠᠮᠢᠶᠠᠷᠬᠤ ᠶᠢ ᠣᠶᠠᠯᠳᠣᠭᠤᠯᠣᠨ | ᠣᠶᠢᠯᠡᠴᠢᠯᠡᠭᠡ ᠶᠢ ᠰᠢᠯᠢᠳᠡᠭᠵᠢᠬᠦᠯᠬᠦ︾ ᠦᠭᠡᠷᠡᠴᠢᠯᠡᠯᠳᠡ ᠶᠢ ᠬᠦᠨᠵᠡᠭᠡᠶᠢᠷᠡᠬᠦᠯᠵᠦ ︽ᠬᠤᠷᠢᠨ ᠳᠣᠯᠣᠭᠠᠨ ᠦᠨᠡᠮᠯᠡᠯ ᠢ | ᠨᠢᠬᠡ ᠪᠣᠯᠭᠠᠨ ᠨᠢᠬᠡᠳᠬᠡᠬᠦ︾ ᠶᠢ ᠬᠡᠷᠡᠭᠵᠢᠬᠦᠯᠵᠣ᠂ ᠭᠠᠷ ᠣᠳᠠᠰᠣᠨ ᠤ APP ᠤᠨ ᠬᠢᠨᠠᠨ ᠵᠦᠪᠰᠢᠶᠠᠷᠠᠯ ᠢ | ᠳᠡᠯᠬᠡᠷᠡᠬᠦᠯᠵᠣ᠂ ᠵᠠᠰᠠᠭ ᠤᠨ ᠶᠠᠪᠣᠳᠠᠯ ᠤᠨ ᠣᠶᠢᠯᠡᠴᠢᠯᠡᠬᠡᠨ ᠤ ᠲᠦᠪ ᠢ ᠰᠢᠨ᠎ᠠ ᠪᠠᠶᠢᠷᠢᠨ ᠳᠤ ᠰᠢᠯᠵᠢᠬᠦᠯᠥᠨ | ᠬᠡᠷᠡᠭᠯᠡᠯᠳᠡ ᠳᠤ ᠣᠷᠣᠭᠤᠯᠪᠠ︔ ︽ᠬᠤᠣᠰ ᠰᠣᠭᠤᠴᠢᠵᠣ᠂ ᠨᠢᠬᠡ ᠶᠢ ᠢᠯᠡ ᠪᠣᠯᠭᠠᠬᠤ︾ ᠬᠢᠨᠡᠨ ᠬᠠᠮᠢᠶᠠᠷᠣᠯᠳᠠ ᠶᠢ | ᠪᠦᠬᠦ ᠳᠠᠯ᠎ᠠ ᠪᠠᠷ ᠬᠡᠷᠡᠭᠵᠢᠬᠦᠯᠪᠠ᠃ ᠬᠤᠰᠢᠭᠤ ᠱᠠᠳᠣᠨ ᠤ ᠬᠠᠣᠯᠢ ᠬᠡᠷᠡᠭᠵᠢᠬᠦᠯᠬᠦ ᠡᠩᠨᠡᠭᠡ ᠪᠠ ᠰᠣᠮᠣ ᠪᠠᠯᠭᠠᠰᠣᠨ ᠤ | ᠶᠡᠷᠦᠩᠬᠡᠶᠢᠯᠡᠭᠰᠡᠨ ᠬᠠᠣᠯᠢ ᠬᠡᠷᠡᠭᠵᠢᠬᠦᠯᠬᠦ ᠳᠣᠪᠴᠢᠶ᠎ᠠ ᠶᠢ 9 ᠵᠣᠬᠢᠶᠠᠨ ᠪᠠᠶᠢᠭᠤᠯᠵᠣ᠂ ᠶᠡᠷᠦᠩᠬᠡᠶᠢᠯᠡᠭᠰᠡᠨ ᠵᠠᠰᠠᠭ | ᠵᠠᠬᠢᠷᠭᠠᠨ ᠤ ᠬᠠᠣᠯᠢ ᠬᠡᠷᠡᠭᠵᠢᠬᠦᠯᠥᠯᠳᠡ ᠶᠢᠨ ᠪᠠᠶᠢᠭᠤᠯᠣᠮᠵᠢ ᠶᠢᠨ ᠦᠬᠡᠷᠡᠴᠢᠯᠡᠯᠳᠡ ᠶᠢ ᠪᠠᠶᠡᠯᠡᠬᠦᠯᠪᠠ᠃ ᠠᠮᠤᠷ | ᠲᠦᠪᠰᠢᠨ ᠣᠶᠢᠯᠡᠳᠪᠣᠷᠢᠯᠡᠯ ᠤᠨ ︽ᠳᠣᠯᠣᠭᠠᠨ ᠠᠵᠢᠯ ᠢ ᠨᠢᠬᠡᠳᠣᠬᠡᠷ ᠹᠷᠣᠨᠲ︾ ᠲᠤ ᠨᠠᠶᠢᠳᠠᠪᠣᠷᠢᠵᠢᠭᠤᠯᠬᠤ | ᠪᠦᠳᠣᠮᠵᠢᠳᠣ ᠳᠣᠭᠳᠠᠯᠴᠠᠭ᠎ᠠ ᠶᠢ ᠬᠦᠨᠵᠡᠬᠡᠢ ᠨᠠᠶᠢᠳᠠᠪᠣᠷᠢᠵᠢᠭᠤᠯᠵᠣ ᠠᠮᠣᠷ ᠲᠦᠪᠰᠢᠨ ᠣᠶᠢᠯᠡᠳᠪᠣᠷᠢᠯᠡᠯ ᠤᠨ | ᠪᠠᠶᠢᠴᠠᠭᠠᠯᠳᠠ ᠶᠢ ᠦᠷᠬᠦᠯᠵᠢᠯᠡᠨ ᠦᠷᠨᠢᠬᠦᠯᠵᠣ ᠠᠮᠣᠷ ᠲᠦᠪᠰᠢᠨ ᠣᠶᠢᠯᠡᠳᠪᠣᠷᠢᠯᠡᠯ ᠤᠨ ᠳᠣᠭᠳᠠᠭᠤᠨ ᠪᠠᠶᠢᠳᠠᠯ ᠢ | ᠪᠠᠳᠣᠯᠠᠪᠠ᠃ ᠵᠦᠷᠢᠴᠡᠯ ᠵᠢᠭᠤᠷᠠᠯᠳᠣᠭᠠᠨ ᠢ ᠪᠠᠶᠢᠴᠠᠭᠠᠨ ᠡᠶᠡᠳᠡᠬᠦᠯᠥᠨ ᠰᠢᠢᠳᠪᠣᠷᠢᠯᠡᠬᠦ ᠶᠢ ᠴᠢᠩᠭᠠᠳᠬᠠᠵᠣ ᠵᠠᠬᠢᠳᠠᠯ | ᠰᠣᠷᠪᠣᠯᠵᠢᠯᠠᠭ᠎ᠠ ᠶᠢᠨ ᠠᠵᠢᠯ ᠤᠨ ᠲᠦᠷᠢᠮ ᠤᠨ ᠦᠬᠡᠷᠡᠴᠢᠯᠡᠯᠳᠡ ᠶᠢ ᠲᠦᠯᠬᠢᠨ ᠠᠬᠢᠭᠤᠯᠵᠣ ᠣᠯᠠᠨ ᠲᠦᠮᠡᠨ ᠤ | ᠵᠦᠢ ᠵᠣᠬᠢᠰᠳᠡᠢ ᠬᠠᠣᠯᠢ ᠶᠣᠰᠣᠨ ᠤ ᠬᠦᠰᠡᠯ ᠱᠠᠭᠠᠷᠳᠠᠯᠭ᠎ᠠ ᠶᠢ ᠦᠨᠡᠨᠬᠦ ᠰᠢᠢᠳᠪᠣᠷᠢᠯᠠᠪᠠ᠃ ︽ᠳᠣᠯᠣᠳᠣᠭᠠᠷ | ᠳᠠᠪᠣᠨ ᠵᠢᠯ︾ ᠤᠨ ᠬᠠᠣᠯᠢ ᠲᠦᠬᠡᠮᠡᠯᠵᠢᠬᠦᠯᠣᠯᠳᠠ ᠶᠢᠨ ᠠᠵᠢᠯ ᠢ ᠬᠦᠨᠵᠡᠬᠡᠢ ᠦᠷᠨᠢᠬᠦᠯᠵᠣ ᠪᠦᠬᠦ ᠠᠷᠠᠳ ᠤᠨ | ᠬᠠᠣᠯᠢᠵᠢᠯ ᠤᠨ ᠦᠵᠡᠯ ᠣᠬᠠᠮᠰᠠᠷ ᠢ ᠴᠢᠩᠭᠠᠳᠬᠠᠪᠠ᠃ ᠬᠤᠰᠢᠭᠤ ᠪᠠᠴᠢᠮ ᠪᠠᠶᠢᠳᠠᠯ ᠢ ᠰᠢᠢᠳᠪᠣᠷᠢᠯᠡᠬᠦ ᠶᠢ | ᠵᠢᠯᠣᠭᠤᠳᠬᠤ ᠠᠵᠢᠯ ᠤᠨ ᠲᠦᠪ ᠢ ᠪᠠᠶᠢᠭᠤᠯᠵᠣ ᠬᠠᠷᠠᠭᠠᠨ ᠳᠠᠪᠳᠠᠮᠵᠢᠳᠣ ᠬᠢᠨᠡᠨ ᠡᠵᠡᠮᠰᠢᠯ ᠢᠶᠠᠷ ᠭᠤᠣᠯᠯᠠᠭᠤᠯᠣᠭᠰᠠᠨ | ᠣᠯᠠᠨ ᠨᠡᠶᠢᠳᠠ ᠶᠢᠨ ᠠᠶᠣᠯᠬᠦᠢ ᠶᠢᠨ ᠮᠡᠷᠬᠡᠵᠢᠯ ᠤᠨ ᠰᠠᠷᠬᠡᠶᠢᠯᠡᠯᠳᠡ ᠶᠢᠨ ᠰᠢᠰᠲ᠋ᠧᠮ ᠢ ᠳᠡᠬᠦᠯᠳᠡᠷᠵᠢᠬᠦᠯᠥᠨ ᠠᠮᠣᠷ | ᠬᠠᠮᠠᠭᠠᠯᠠᠯᠳᠠ ᠪᠠ ᠡᠷᠡᠬᠦᠦ ᠶᠢᠨ ᠬᠡᠷᠡᠭ ᠤᠨ ᠬᠤᠣᠰ ᠳᠣᠷᠣᠭᠰᠢᠯᠠᠭᠤᠯᠣᠯᠳᠠ ᠶᠢ ᠪᠠᠶᠠᠯᠡᠬᠦᠯᠵᠣ᠂ ᠠᠷᠠᠳ ᠣᠯᠠᠨ ᠤ | ᠠᠮᠣᠷ ᠲᠦᠪᠰᠢᠨ ᠤ ᠲᠦᠷᠥᠭᠳᠡᠯ ᠢ ᠳᠠᠰᠣᠷᠠᠯᠳᠡ ᠦᠬᠡᠢ ᠳᠡᠬᠡᠭᠰᠢᠯᠡᠬᠦᠯᠪᠠ᠃ | ︵ᠳᠣᠯᠤᠭ᠎ᠠ︶ ᠵᠠᠰᠠᠭ ᠤᠨ ᠣᠷᠳᠣᠨ ᠤ ᠳᠣᠰ ᠪᠡᠶ᠎ᠡ ᠶᠢᠨ ᠪᠠᠶᠢᠭᠤᠯᠣᠯᠳᠠ ᠶᠢ ᠳᠠᠰᠣᠷᠠᠯᠳᠡ ᠦᠬᠡᠢ | ᠴᠢᠩᠭᠠᠳᠬᠠᠪᠠ᠃ ᠪᠦᠬᠦ ᠳᠠᠯ᠎ᠠ ᠪᠠᠷ ᠨᠠᠮ ᠢ ᠴᠢᠩᠭ᠎ᠠ ᠵᠠᠰᠠᠬᠤ ᠬᠠᠷᠢᠭᠤᠴᠠᠯᠭ᠎ᠠ ᠶᠢ ᠨᠠᠶᠢᠳᠠᠪᠦᠷᠢᠵᠢᠭᠤᠯᠵᠣ ᠣᠯᠠᠨ | ᠲᠦᠮᠡᠨ ᠤ ᠠᠰᠢᠭ ᠳᠣᠰᠠ ᠶᠢ ᠬᠤᠭᠢᠷᠠᠭᠤᠯᠬᠤ ᠲᠦᠪ ᠪᠣᠰᠣ ᠰᠣᠷᠳᠠᠯ ᠢ ᠡᠷᠡᠰ ᠵᠠᠯᠠᠷᠠᠭᠤᠯᠣᠨ ︽ᠣᠭᠳᠣ | ᠬᠦᠯᠢᠴᠡᠬᠦ ᠦᠬᠡᠢ︾ ᠣᠪᠣᠷ ᠢᠶᠠᠷ ᠢᠯᠵᠢᠷᠠᠮᠠᠯ ᠤᠨ ᠠᠵᠢᠯᠯᠠᠭ᠎ᠠ ᠶᠢ ᠵᠠᠯᠬᠠᠭᠠᠨ ᠰᠢᠳᠬᠡᠪᠠ᠃ ᠬᠠᠣᠯᠢ ᠳᠤ | ᠳᠣᠭᠳᠠᠭᠠᠭᠰᠠᠨ ᠡᠷᠬᠡ ᠶᠢᠨ ᠬᠢᠵᠠᠭᠠᠷᠯᠠᠯ ᠪᠠ ᠶᠠᠪᠣᠴᠠ ᠶᠢ ᠴᠢᠩᠭ᠎ᠠ ᠦᠨᠳᠣᠰᠣᠯᠡᠨ ᠡᠷᠬᠡ ᠪᠠᠨ ᠬᠡᠷᠡᠭᠵᠢᠬᠦᠯᠵᠣ᠂ | ᠡᠬᠦᠷᠬᠡ ᠬᠠᠷᠢᠭᠤᠴᠠᠯᠭ᠎ᠠ ᠪᠠᠨ ᠬᠦᠢᠴᠡᠳᠬᠡᠪᠠ᠃ ᠠᠷᠠᠳ ᠤᠨ ᠲᠥᠯᠥᠬᠡᠯᠡᠭᠴᠢᠳ ᠤᠨ ᠶᠡᠭᠡ ᠬᠤᠷᠠᠯ ᠤᠨ ᠬᠠᠣᠯᠢ | ᠴᠠᠭᠠᠵᠠ ᠶᠢᠨ ᠬᠢᠨᠠᠯᠳᠠ ᠪᠠ ᠣᠯᠣᠰ ᠲᠦᠷᠦ ᠶᠢᠨ ᠵᠦᠪᠯᠯᠡᠬᠡᠨ ᠤ ᠠᠷᠠᠳᠴᠢᠯᠠᠯᠳᠣ ᠬᠢᠨᠠᠯᠳᠠ ᠶᠢ ᠣᠬᠠᠮᠰᠠᠷ | ᠠᠴᠠ ᠪᠠᠨ ᠬᠦᠯᠢᠶᠠᠵᠣ ᠠᠷᠠᠳ ᠤᠨ ᠲᠥᠯᠥᠬᠡᠯᠡᠭᠴᠢᠳ ᠤᠨ ᠰᠠᠨᠠᠭᠠᠣᠯᠭᠠ ᠶᠢ 45 ᠬᠤᠪᠢ᠂ ᠣᠯᠣᠰ ᠲᠦᠷᠦ ᠶᠢᠨ | ᠵᠦᠪᠯᠡᠯᠬᠡᠨ ᠤ ᠰᠠᠨᠠᠯ ᠳᠣᠷᠠᠳᠣᠯᠭ᠎ᠠ ᠶᠢ 37 ᠬᠤᠪᠢ ᠬᠦᠢᠴᠡᠳᠬᠡᠪᠠ᠃ ︽ᠬᠤᠶᠡᠷ ᠢ ᠰᠣᠷᠣᠯᠴᠠᠵᠣ ᠨᠢᠬᠡ ᠳᠤ | ᠳᠡᠩᠴᠡᠬᠦᠯᠬᠦ︾ ᠰᠣᠷᠣᠯᠴᠠᠯᠭ᠎ᠠ ᠬᠦᠮᠦᠵᠢᠯ ᠢ ᠪᠠᠶᠢᠩᠭᠤᠵᠢᠭᠤᠯᠣᠨ ᠲᠦᠷᠢᠮᠵᠢᠬᠦᠯᠬᠦ ᠶᠢ ᠲᠦᠯᠬᠢᠨ ᠠᠬᠢᠭᠤᠯᠵᠣ | ᠳᠣᠭᠤᠷᠢᠨ ᠪᠠᠶᠢᠴᠠᠭᠠᠯᠳᠠ ᠪᠠ ᠴᠠᠭᠳᠠᠨ ᠪᠠᠶᠢᠴᠠᠭᠠᠯᠳᠠ ᠶᠢᠨ ᠳᠣᠰᠬᠠᠭᠰᠠᠨ ᠠᠰᠠᠭᠤᠳᠠᠯ ᠢ ᠴᠡᠭᠴᠡᠯᠡᠨ ᠵᠠᠰᠠᠬᠤ | ᠠᠵᠢᠯ ᠢ ᠳᠡᠬᠡᠳᠣ ᠬᠡᠮᠵᠢᠶ᠎ᠠ ᠪᠠᠷ ᠴᠢᠬᠤᠯᠠᠴᠢᠯᠠᠵᠣ᠂ ᠬᠢᠨᠡᠨ ᠪᠣᠳᠣᠯᠳᠠ ᠶᠢᠨ ᠦᠷ᠎ᠡ ᠳ᠋ᠦᠩ ᠤᠨ ᠬᠡᠷᠡᠭᠯᠡᠯᠳᠡ ᠶᠢ | ᠴᠢᠩᠭᠠᠳᠬᠠᠵᠣ ᠴᠢᠬᠡᠴᠢ ᠵᠠᠰᠠᠭ ᠤᠨ ᠪᠠᠶᠢᠭᠤᠯᠣᠯᠳᠠ ᠪᠠ ᠢᠯᠵᠢᠷᠡᠮᠠᠯ ᠢ ᠡᠰᠡᠷᠬᠦᠴᠡᠬᠦ ᠳᠠᠮᠠᠴᠡᠯ ᠰᠢᠨ᠎ᠡ ᠦᠷ᠎ᠡ ᠠᠰᠢᠭ | ᠤᠯᠪᠠ᠃ | ᠲᠦᠯᠦᠭᠡᠯᠡᠭᠴᠢᠳ ᠡ᠂ ᠲᠤᠰ ᠬᠤᠭᠤᠴᠠᠭᠠᠨ ᠤ ᠵᠠᠰᠠᠭ ᠤᠨ ᠤᠷᠳᠤᠨ ᠤ ᠠᠵᠢᠯ ᠦᠢᠯᠡᠳᠦᠯᠭᠡ ᠶᠢ | ᠡᠷᠬᠢᠴᠡᠭᠦᠯᠪᠡᠯ ᠮᠠᠨ ᠤ ᠬᠤᠰᠢᠭᠤᠨ ᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠦᠷᠬᠦᠯᠵᠢᠯᠡᠨ ᠪᠦᠳᠦᠮᠵᠢᠳᠡᠢ | ᠶᠠᠪᠤᠭᠳᠠᠨ ᠬᠤᠳᠠ ᠬᠦᠳᠡᠭᠡᠨ ᠤ ᠲᠦᠷᠢ ᠲᠦᠷᠬᠦ ᠦᠨᠳᠦᠰᠦᠨ ᠠᠴᠠ ᠪᠠᠨ ᠬᠤᠪᠢᠷᠠᠯᠳᠠ ᠲᠠᠢ ᠪᠤᠯᠵᠤ ᠠᠷᠠᠳ | ᠲᠦᠮᠡᠨ ᠤ ᠠᠮᠢᠳᠤᠷᠠᠯ ᠶᠡᠷᠦᠩᠬᠡᠢ ᠳᠤ ᠪᠠᠨ ᠰᠠᠶᠢᠵᠢᠷᠠᠭᠰᠠᠨ ᠲᠠᠪᠤᠨ ᠵᠢᠯ ᠪᠠᠶᠢᠵᠤ᠂ ᠨᠤᠮᠢᠨ ᠲᠠᠩᠰᠤᠭ ᠦᠦᠰᠢᠨ ᠤ | ᠬᠦᠭᠵᠢᠯᠳᠡ ᠶᠢᠨ ᠲᠡᠦᠬᠡᠨ ᠳᠠᠬᠢ ᠬᠡᠷᠡᠯ ᠰᠠᠴᠣᠷᠡᠩᠭᠤᠢ ᠨᠢᠭᠡᠨ ᠬᠠᠭᠤᠳᠠᠰᠤ ᠪᠤᠯᠤᠨ ᠲᠡᠮᠳᠡᠭᠯᠡᠭᠳᠡᠵᠡᠢ᠃ ᠤᠷᠢᠳ | ᠬᠤᠵᠢᠳ ︽ᠤᠯᠤᠰ ᠤᠨ ᠲᠡᠰ ᠤᠨ ᠡᠷᠡᠭᠦᠯ ᠬᠠᠮᠠᠭᠠᠯᠠᠯ ᠤᠨ ᠰᠢᠶᠠᠨ︾᠂ ︽ᠤᠯᠤᠰ ᠤᠨ ᠲᠡᠰ ᠤᠨ | ᠴᠡᠴᠡᠷᠯᠢᠭᠵᠢᠬᠦᠯᠥᠯᠳᠡ ᠶᠢᠨ ᠰᠢᠶᠠᠨ︾᠂ ᠤᠯᠤᠰ ᠤᠨ ᠰᠢᠶᠠᠨ ᠲᠤᠭᠤᠷᠢᠭ ᠤᠨ ᠲᠡᠰ ᠤᠨ ︽ᠨᠤᠮ ᠤᠨ ᠪᠤᠶᠠᠨᠳᠤ | ᠬᠤᠳᠠ ︵ᠳᠣᠭᠤᠷᠢᠭ ᠬᠤᠰᠢᠭᠤ ᠰᠢᠶᠠᠨ︶︾᠂ ︽ᠪᠦᠬᠦ ᠤᠯᠤᠰ ᠤᠨ ᠰᠡᠯᠡᠭᠦᠴᠡᠯ ᠮᠠᠯ ᠲᠠᠷᠢᠶᠠᠯᠠᠩ ᠤᠨ ᠦᠢᠯᠡᠰ | ᠪᠤᠯᠤᠨ ᠮᠠᠯᠵᠢᠬᠤ ᠲᠠᠷᠢᠶᠠᠯᠠᠬᠤ ᠤᠷᠤᠨ ᠤ ᠵᠢᠭᠤᠯᠴᠢᠯᠠᠯ ᠤᠨ ᠲᠠᠭᠤᠷᠢᠶᠠᠯ ᠬᠤᠰᠢᠭᠤ︾ ᠵᠡᠷᠬᠡ ᠢᠷᠠᠭᠤ ᠠᠯᠳᠠᠷ ᠢ | ᠬᠦᠷᠳᠡᠵᠣ᠂ ᠪᠦᠬᠦ ᠣᠯᠣᠰ ᠤᠨ ᠬᠤᠰᠢᠭᠤ ᠰᠢᠶᠠᠨ ᠤ ᠠᠵᠣ ᠠᠬᠤᠢ ᠶᠢᠨ ᠵᠠᠭᠤᠨ ᠬᠦᠴᠦᠷᠬᠡᠭ ᠬᠤᠰᠢᠭᠤ ᠰᠢᠶᠠᠨ ᠤ | ᠳᠠᠯᠠᠨ ᠳᠠᠪᠣᠳᠣᠭᠠᠷ ᠲᠤ ᠪᠠᠶᠢᠷᠢᠯᠠᠪᠠ᠃ ᠡᠳᠡᠭᠡᠷ ᠬᠢᠷᠢ ᠪᠦᠳᠦᠮᠵᠢ ᠶᠢ ᠤᠯᠤᠭᠰᠠᠨ ᠨᠢ ᠬᠤᠳᠠ ᠶᠢᠨ ᠨᠠᠮ ᠤᠨ | ᠬᠤᠷᠢᠶ᠎ᠠ᠂ ᠵᠠᠰᠠᠭ ᠤᠨ ᠤᠷᠳᠤᠨ ᠪᠤᠯᠤᠨ ᠬᠤᠰᠢᠭᠤ ᠨᠠᠮ ᠤᠨ ᠬᠤᠷᠢᠶᠠᠨ ᠤ ᠵᠦᠪ ᠤᠨᠤᠪᠴᠢᠳᠠᠢ ᠤᠳᠤᠷᠢᠳᠤᠯᠭ᠎ᠠ | ᠶᠢᠨ ᠦᠷ᠎ᠡ ᠳ᠋ᠦᠩ ᠮᠦᠨ᠂ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ | ᠵᠦᠪᠯᠡᠯᠭᠡᠨ ᠤ ᠬᠢᠨᠠᠯᠳᠠ ᠲᠡᠮᠵᠢᠯᠭᠡ ᠶᠢᠨ ᠦᠷ᠎ᠡ ᠳ᠋ᠦᠩ ᠮᠦᠨ᠂ ᠪᠦᠬᠦ ᠬᠤᠰᠢᠭᠤᠨ ᠤ ᠡᠯ᠎ᠡ ᠦᠨᠳᠦᠰᠦᠳᠡᠨ ᠤ | ᠺᠠᠳ᠋ᠷ ᠤᠯᠠᠨ ᠲᠦᠮᠡᠨ ᠰᠡᠳᠬᠢᠯ ᠨᠢᠭᠡᠳᠦᠨ ᠬᠦᠴᠦ ᠪᠠᠨ ᠲᠦᠪᠯᠡᠷᠡᠬᠦᠯᠵᠦ᠂ ᠪᠦᠯᠬᠦᠮᠳᠡᠨ ᠲᠡᠮᠡᠴᠡᠭᠰᠡᠨ ᠤ ᠦᠷ᠎ᠡ | ᠳ᠋ᠦᠩ ᠮᠦᠨ᠃ ᠠᠳᠡ ᠪᠢ ᠬᠤᠰᠢᠭᠤ ᠵᠠᠰᠠᠭ ᠤᠨ ᠤᠷᠳᠤᠨ ᠢ ᠲᠦᠯᠦᠭᠡᠯᠡᠨ ᠠᠷᠠᠳ ᠤᠨ ᠲᠦᠯᠦᠭᠡᠯᠡᠭᠴᠢᠳ᠂ | ᠤᠯᠤᠰ ᠲᠦᠷᠦ ᠶᠢᠨ ᠵᠦᠪᠯᠡᠯᠭᠡᠨ ᠤ ᠬᠡᠰᠢᠭᠦᠳ᠂ ᠠᠵᠢᠯ ᠤᠨ ᠠᠮᠠᠷᠠᠯᠳᠠ ᠪᠠᠨ ᠠᠪᠤᠭᠰᠠᠨ ᠠᠬᠠᠮᠠᠳ ᠺᠠᠳ᠋ᠷᠴᠤᠳ | ᠪᠤᠯᠤᠨ ᠨᠡᠶᠢᠬᠡᠮ ᠤᠨ ᠡᠯ᠎ᠡ ᠡᠳᠡᠭᠡᠳ ᠤᠨ ᠬᠢᠨ ᠳᠤ ᠴᠢᠩ ᠰᠡᠳᠬᠢᠯ ᠤᠨ ᠪᠠᠶᠠᠷ ᠲᠠᠯᠠᠷᠬᠠᠯ ᠪᠤᠯᠤᠨ ᠡᠷᠬᠢᠮ ᠲᠡᠭᠡᠳᠦ | ᠬᠦᠨᠳᠦᠳᠭᠡᠯ ᠢᠶᠠᠨ ᠲᠡᠪᠰᠢᠬᠦᠯᠦᠶ᠎ᠡ︕ | ᠲᠠᠪᠤᠨ ᠵᠢᠯ ᠤᠨ ᠲᠤᠷᠰᠢ᠂ ᠡᠯ᠎ᠡ ᠲᠦᠷᠦᠯ ᠤᠨ ᠠᠵᠢᠯ ᠴᠦᠮ ᠵᠤᠬᠢᠬᠤ ᠬᠢᠷᠢ ᠪᠦᠳᠦᠮᠵᠢ ᠤᠯᠤᠭᠰᠠᠨ | ᠪᠣᠯᠪᠠᠴᠣ ᠲᠡᠭᠡᠷ᠎ᠡ ᠱᠠᠳᠤᠨ ᠤ ᠱᠠᠭᠠᠷᠳᠠᠯᠭ᠎ᠠ ᠪᠤᠯᠤᠨ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ | ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠲᠠᠢ ᠬᠠᠷᠠᠬᠠᠨ ᠵᠠᠶᠢᠳᠠᠢ ᠪᠠᠶᠢᠭᠰᠠᠭᠠᠷ᠂ ᠭᠤᠤᠯ ᠢᠯᠡᠷᠡᠯ ᠨᠢ᠄ ᠠᠵᠤ | ᠦᠢᠯᠡᠰ ᠤᠨ ᠬᠦᠭᠵᠢᠯᠳᠡ ᠲᠡᠩᠴᠡᠭᠦᠷᠢ ᠦᠭᠡᠢ᠂ ᠴᠢᠳᠠᠪᠬᠢ ᠨᠢ ᠬᠠᠷᠢᠯᠴᠠᠨ ᠨᠦᠬᠦᠪᠦᠷᠢᠯᠡᠵᠦ᠂ ᠭᠤᠣᠯ ᠪᠣᠯᠬᠤ ᠪᠠ | ᠳᠠᠭᠠᠯᠳᠠ ᠪᠣᠯᠬᠤ ᠠᠵᠤ ᠦᠢᠯᠡᠰ ᠴᠢᠩᠭ᠎ᠠ ᠠᠪᠤᠴᠠᠯᠳᠤᠭᠰᠠᠨ ᠠᠵᠤ ᠦᠢᠯᠡᠰ ᠤᠨ ᠬᠡᠯᠬᠢᠶᠡᠵᠢᠯ ᠬᠠᠷᠠᠬᠠᠨ | ᠪᠦᠷᠢᠯᠳᠦᠬᠡᠳᠦᠢ︔ ᠡᠳ᠋ ᠤᠨ ᠵᠠᠰᠠᠭ ᠤᠨ ᠵᠠᠶᠢᠯᠠᠰᠢ ᠦᠬᠡᠢ ᠵᠠᠷᠣᠯᠭ᠎ᠠ ᠨᠡᠯᠢᠶᠡᠳ ᠤᠯᠠᠨ᠂ ᠤᠷᠤᠯᠭ᠎ᠠ ᠵᠠᠷᠤᠯᠭ᠎ᠠ ᠶᠢᠨ | ᠵᠦᠷᠢᠴᠡᠯ ᠨᠡᠯᠢᠶᠡᠳ ᠲᠤᠪᠤᠶᠢᠮ᠎ᠠ ᠪᠤᠢ︔ ᠰᠢᠨᠵᠢᠯᠡᠬᠦ ᠤᠬᠠᠭᠠᠨ ᠮᠡᠷᠭᠡᠵᠢᠯ᠂ ᠰᠤᠷᠭᠠᠨ ᠬᠦᠮᠦᠵᠢᠯ᠂ ᠰᠤᠶᠤᠯ᠂ | ᠡᠷᠡᠭᠦᠯ ᠬᠠᠮᠠᠭᠠᠯᠠᠯ ᠵᠡᠷᠭᠡ ᠨᠡᠶᠢᠬᠡᠮ ᠤᠨ ᠦᠢᠯᠡᠰ ᠤᠨ ᠬᠦᠭᠵᠢᠯᠳᠡ ᠬᠦᠢᠴᠡᠳ ᠪᠤᠰᠤ ᠪᠠᠶᠢᠵᠤ᠂ ᠠᠷᠠᠳ ᠤᠨ | ᠠᠮᠢᠳᠤᠷᠠᠯ ᠢ ᠪᠠᠳᠤᠯᠠᠬᠤ ᠪᠠ ᠰᠠᠶᠢᠵᠢᠷᠠᠭᠤᠯᠬᠤ ᠳᠤ ᠦᠷᠬᠦᠯᠵᠢᠯᠡᠨ ᠬᠦᠴᠦ ᠲᠠᠯᠪᠢᠬᠤ ᠬᠡᠷᠡᠭᠳᠡᠢ︔ ᠵᠠᠷᠢᠮ ᠺᠠᠳ᠋ᠷ | ᠠᠵᠢᠯᠳᠠᠨ ᠤ ᠬᠡᠪ ᠰᠤᠷᠳᠠᠯ ᠪᠤᠳᠠᠳᠠᠢ ᠠᠴᠠ ᠵᠠᠶᠢᠳᠠᠵᠤ᠂ ᠬᠠᠷᠢᠭᠤᠴᠠᠯᠭᠠᠳᠤ ᠴᠢᠨᠠᠷ ᠬᠦᠷᠦᠯᠴᠡᠬᠦ ᠦᠭᠡᠢ᠂ ᠴᠢᠳᠠᠪᠤᠷᠢ | ᠬᠦᠷᠦᠯᠴᠡᠬᠦ ᠦᠭᠡᠢ ᠪᠠᠶᠢᠳᠠᠯ ᠮᠦᠨ ᠤᠷᠤᠰᠢᠵᠤ ᠪᠠᠶᠢᠭ᠎ᠠ ᠵᠡᠷᠭᠡ ᠪᠤᠢ᠃ ᠡᠳᠡᠭᠡᠷ ᠠᠰᠠᠭᠤᠳᠠᠯ ᠳᠤ ᠴᠢᠭᠯᠡᠬᠦᠯᠦᠨ | ᠪᠢᠳᠡ ᠲᠡᠭᠡᠳᠤ ᠬᠡᠮᠵᠢᠶ᠎ᠡ ᠪᠠᠷ ᠴᠢᠬᠤᠯᠠᠴᠢᠯᠠᠵᠤ ᠨᠡᠩ ᠪᠦᠳᠦᠮᠵᠢᠳᠠᠢ ᠠᠷᠭ᠎ᠠ ᠬᠡᠮᠵᠢᠶ᠎ᠡ ᠠᠪᠤᠨ ᠨᠠᠷᠢᠨ ᠬᠢᠨᠠᠮᠠᠭᠠᠢ | ᠰᠢᠢᠳᠪᠣᠷᠢᠯᠡᠨ᠎ᠠ᠃ | ᠬᠤᠶᠠᠷ᠂ ᠬᠤᠶᠢᠰᠢᠳᠠ ᠶᠢᠨ ᠲᠠᠪᠤᠨ ᠵᠢᠯ ᠤᠨ ᠠᠵᠢᠯ ᠤᠨ ᠰᠠᠨᠠᠭᠤᠯᠭ᠎ᠠ | ᠲᠦᠯᠦᠭᠡᠯᠡᠭᠴᠢᠳ ᠡ᠂ ᠨᠠᠮ ᠤᠨ ᠠᠷᠪᠠ ᠶᠢᠰᠦᠳᠤᠬᠡᠷ ᠶᠡᠭᠡ ᠬᠤᠷᠠᠯ ᠨᠢ ᠨᠡᠶᠢᠬᠡᠮ ᠵᠢᠷᠤᠮᠳᠤ | ᠤᠳᠤᠬᠢᠴᠢᠯᠠᠭᠰᠠᠨ ᠬᠦᠴᠦᠷᠬᠡᠭ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢ ᠡᠬᠢᠯᠡᠬᠦᠯᠵᠣ | ᠠᠭᠤᠤ ᠶᠡᠭᠡ ᠬᠦᠰᠡᠯ ᠡᠷᠡᠮᠡᠯᠵᠡᠯ ᠢᠶᠠᠨ ᠪᠡᠶᠡᠯᠡᠬᠦᠯᠬᠦ ᠠᠤᠭ᠎ᠠ ᠲᠦᠯᠦᠪ ᠢ ᠵᠢᠷᠤᠭᠯᠠᠭᠰᠠᠨ ᠶᠤᠮ᠃ ᠤᠳᠤᠬᠠᠨ ᠳᠤ | ᠪᠦᠬᠦ ᠬᠤᠰᠢᠭᠤ ᠪᠠᠷ ᠢᠶᠠᠨ ᠤᠷᠤᠭᠰᠢᠯᠠᠨ ᠲᠠᠪᠰᠢᠬᠤ ᠶᠢ ᠰᠦᠪᠡᠭᠴᠢᠯᠡᠵᠦ᠂ ᠠᠵᠤ ᠦᠢᠯᠡᠰ ᠤᠨ ᠰᠠᠭᠤᠷᠢ᠂ ᠠᠵᠤ | ᠦᠢᠯᠡᠰ ᠤᠨ ᠬᠡᠪᠴᠢᠶᠡᠵᠢᠯ᠂ ᠠᠵᠤ ᠦᠢᠯᠡᠰ ᠤᠨ ᠬᠡᠯᠪᠡᠷᠢ ᠵᠡᠷᠬᠡ ᠲᠠᠯ᠎ᠠ ᠶᠢᠨ ᠲᠠᠪᠠᠭᠤᠯᠢᠭ ᠡᠳᠦᠷ ᠢᠷᠡᠬᠦᠶ᠎ᠡ | ᠲᠤᠪᠤᠶᠢᠵᠤ᠂ ᠣᠷᠣᠨ ᠳᠠᠪᠰᠢᠵᠣ ᠳᠠᠪᠠᠭ᠋ᠣ ᠰᠠᠭᠤᠷᠢ ᠪᠤᠯᠤᠨ ᠨᠦᠬᠦᠴᠡᠯ ᠪᠦᠷᠢᠯᠳᠦᠭᠰᠡᠨ ᠪᠠᠶᠢᠨ᠎ᠠ᠃ ᠰᠢᠨ᠎ᠡ ᠴᠠᠭ | ᠦᠶ᠎ᠡ ᠳᠤ ᠤᠷᠤᠭᠠᠳ ᠪᠢᠳᠡ ︽ᠲᠦᠷᠪᠡᠨ ᠤᠬᠠᠮᠰᠠᠷ︾ ᠢ ᠪᠤᠢ ᠪᠤᠯᠭᠠᠨ ︽ᠲᠦᠷᠪᠡᠨ ᠢᠳᠡᠭᠡᠯ︾ ᠢ | ᠴᠢᠩᠭᠠᠳᠬᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ | ᠲᠤᠤᠱᠯᠠᠭᠤᠯᠬᠤ ᠶᠢ ᠣᠯᠣᠰ ᠲᠦᠷᠦ ᠶᠢᠨ ᠳᠠᠷᠢᠬᠦᠨ ᠤ ᠡᠬᠦᠷᠭᠡ ᠪᠠᠨ ᠪᠤᠯᠭᠠᠵᠤ᠂ ᠨᠡᠶᠢᠬᠡᠮ ᠤᠨ ᠭᠤᠤᠯ ᠵᠦᠷᠢᠴᠡᠯ | ᠬᠤᠪᠢᠷᠠᠯᠳᠠ ᠭᠠᠷᠤᠭᠰᠠᠨ ᠰᠢᠨ᠎ᠡ ᠤᠨᠴᠠᠯᠢᠭ ᠢ ᠴᠢᠩᠭ᠎ᠠ ᠠᠳᠬᠤᠵᠤ᠂ ᠦᠪᠡᠷᠳᠡᠭᠡᠨ ᠵᠠᠰᠠᠬᠤ ᠤᠷᠤᠨ ᠤ ᠨᠠᠮ ᠤᠨ | ᠬᠤᠷᠢᠶᠠᠨ ᠤ ᠠᠷᠪᠠᠳᠤᠭᠠᠷ ᠬᠤᠭᠤᠴᠠᠭᠠᠨ ᠤ ᠲᠦᠷᠪᠡᠳᠦᠭᠡᠷ ᠤᠳᠠᠭᠠᠨ ᠤ ᠪᠦᠬᠦᠳᠡ ᠬᠤᠷᠠᠯ᠂ ᠬᠤᠳᠠ ᠶᠢᠨ ᠨᠠᠮ | ᠤᠨ ᠬᠤᠷᠢᠶᠠᠨ ᠤ ᠲᠦᠷᠪᠡᠳᠦᠬᠡᠷ ᠬᠤᠭᠤᠴᠠᠭᠠᠨ ᠤ ᠲᠦᠷᠪᠡᠳᠦᠬᠡᠷ ᠤᠳᠠᠭᠠᠨ ᠤ ᠪᠦᠬᠦᠳᠡ ᠬᠤᠷᠠᠯ ᠪᠠ ᠬᠤᠰᠢᠭᠤ | ᠨᠠᠮ ᠤᠨ ᠬᠤᠷᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠲᠠᠪᠤᠳᠤᠭᠠᠷ ᠤᠳᠠᠭᠠᠨ ᠤ ᠪᠦᠬᠦᠳᠡ ᠬᠤᠷᠠᠯ ᠤᠨ | ᠵᠤᠷᠢᠭ ᠰᠠᠨᠠᠭ᠎ᠠ ᠶᠢ ᠬᠦᠨᠵᠡᠭᠡᠢ ᠨᠠᠶᠢᠳᠠᠪᠣᠷᠢᠵᠢᠭᠤᠯᠣᠨ ᠦᠷᠭᠡᠨ ᠤᠯᠠᠨ ᠺᠠᠳ᠋ᠷ ᠤᠯᠠᠨ ᠲᠦᠮᠡᠨ ᠤ ᠢᠳᠡᠪᠬᠢᠵᠢᠯ᠂ | ᠰᠠᠨᠠᠭᠠᠴᠢᠯᠠᠭᠠᠳᠤ ᠴᠢᠨᠠᠷ ᠪᠤᠯᠤᠨ ᠪᠦᠳᠦᠭᠡᠯᠴᠢ ᠴᠢᠨᠠᠷ ᠢ ᠬᠦᠢᠴᠡᠳ ᠲᠠᠶᠢᠴᠢᠯᠠᠵᠤ᠂ ᠲᠦᠮᠡᠨ ᠤᠯᠠᠨ ᠢᠶᠠᠷ ᠢᠶᠠᠨ | ᠰᠡᠳᠬᠢᠯ ᠨᠢᠭᠡᠳᠦᠨ ᠤᠷᠤᠭᠰᠢ ᠲᠠᠪᠰᠢᠵᠤ᠂ ᠬᠡᠯᠪᠡᠷᠢ ᠪᠠᠨ ᠬᠤᠪᠢᠷᠠᠭᠤᠯᠤᠨ ᠬᠦᠭᠵᠢᠬᠦ ᠶᠢ ᠲᠦᠷᠭᠡᠳᠬᠡᠵᠦ᠂ | ᠦᠭᠡᠷᠡᠴᠢᠯᠡᠯᠳᠡ ᠬᠢᠵᠦ ᠰᠢᠨ᠎ᠡ ᠶᠢ ᠡᠬᠦᠳᠬᠦ ᠶᠢ ᠠᠬᠢᠭᠤᠯᠵᠤ᠂ ᠴᠢᠨᠡᠭᠡᠯᠢᠭ ᠨᠡᠶᠢᠬᠡᠮ ᠢ ᠪᠦᠬᠦ ᠲᠠᠯ᠎ᠠ ᠪᠠᠷ ᠪᠡᠶᠡᠯᠡᠬᠦᠯᠬᠦ | ᠰᠢᠢᠳᠪᠤᠷᠢᠳᠤ ᠢᠯᠠᠯᠳᠠ ᠶᠢ ᠤᠯᠵᠤ᠂ ᠨᠤᠮᠢᠨ ᠲᠠᠩᠰᠤᠭ ᠦᠦᠰᠢᠨ ᠤ ᠠᠵᠤ ᠠᠬᠤᠢ ᠶᠢᠨ ᠪᠤᠳᠠᠳᠤ ᠬᠦᠴᠦᠨ ᠢ | ᠤᠯᠠᠮ ᠬᠦᠴᠦᠷᠬᠡᠭᠵᠢᠬᠦᠯᠦᠨ ᠠᠷᠠᠳ ᠲᠦᠮᠡᠨ ᠳᠤ ᠨᠡᠩ ᠤᠯᠠᠨ ᠵᠤᠯ ᠵᠢᠷᠭᠠᠯ ᠢ ᠤᠯᠭᠤᠨ ᠪᠤᠯᠪᠠᠰᠤᠨ ᠤ ᠬᠢᠷᠢ | ᠲᠦᠪᠰᠢᠨ ᠢ ᠤᠯᠠᠮ ᠦᠨᠳᠦᠷᠵᠢᠬᠦᠯᠵᠦ᠂ ᠠᠮᠢ ᠠᠬᠤᠢ ᠶᠢᠨ ᠤᠷᠴᠢᠨ ᠲᠤᠭᠤᠷᠢᠨ ᠢ ᠨᠡᠩ ᠦᠵᠡᠰᠬᠦᠯᠡᠩ ᠰᠠᠶᠢᠬᠠᠨ | ᠪᠤᠯᠭᠠᠬᠤ ᠪᠠᠷ ᠴᠢᠷᠮᠠᠶᠢᠵᠤ ᠨᠤᠮᠢᠨ ᠲᠠᠩᠰᠤᠭ ᠦᠦᠰᠢᠨ ᠳᠤ ᠪᠡᠯᠡ ᠤᠷᠤᠭᠤᠯᠤᠨ ᠠᠳᠠᠯ ᠪᠤᠰᠬᠠᠵᠤ ᠠᠵᠢᠯᠯᠠᠵᠤ | ᠠᠮᠢᠳᠤᠷᠠᠵᠤ ᠪᠠᠶᠢᠭ᠎ᠠ ᠬᠦᠮᠦᠨ ᠪᠦᠬᠦᠨ ᠤ ᠬᠦᠷᠳᠡᠮᠵᠢ ᠶᠢᠨ ᠲᠦᠷᠦᠭᠳᠡᠯ ᠪᠠ ᠠᠮᠵᠢᠯᠳᠠ ᠶᠢᠨ ᠲᠦᠷᠦᠭᠳᠡᠯ᠂ ᠠᠵᠠ | ᠵᠢᠷᠭᠠᠯ ᠤᠨ ᠲᠦᠷᠦᠭᠳᠡᠯ ᠢ ᠨᠡᠩ ᠨᠡᠮᠡᠭᠳᠡᠬᠦᠯᠥᠨ᠎ᠠ︕ | ᠬᠤᠶᠢᠰᠢᠳᠠ ᠶᠢᠨ ᠲᠠᠪᠤᠨ ᠵᠢᠯ ᠤᠨ ᠵᠠᠰᠠᠭ ᠤᠨ ᠤᠷᠳᠤᠨ ᠤ ᠠᠵᠢᠯ ᠤᠨ ᠶᠡᠷᠦᠩᠬᠡᠢ ᠰᠡᠳᠬᠢᠴᠡ ᠪᠤᠯ᠄ ᠰᠢ | ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ | ᠰᠠᠨᠠᠭ᠎ᠠ ᠪᠤᠯᠤᠨ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠲᠤᠤᠱᠯᠠᠭᠤᠯᠵᠤ᠂ | ᠠᠷᠠᠳ ᠲᠦᠮᠡᠨ ᠢᠶᠠᠷ ᠭᠤᠣᠯ ᠪᠣᠯᠭᠠᠭᠰᠠᠨ ᠬᠦᠭᠵᠢᠯᠳᠡ ᠶᠢᠨ ᠦᠵᠡᠯ ᠰᠠᠨᠠᠭ᠎ᠠ ᠶᠢ ᠪᠦᠷᠢᠯᠳᠦᠬᠦᠯᠥᠨ ᠪᠠᠳᠣᠳᠬᠠᠵᠣ᠂ | ︽ᠲᠤᠭᠳᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠪᠠᠷ ᠴᠢᠷᠮᠠᠶᠢᠬᠤ︾ ᠠᠵᠢᠯ ᠤᠨ ᠶᠡᠷᠦᠩᠬᠡᠢ ᠬᠦᠭ | ᠠᠶᠠᠰ ᠢ ᠪᠠᠷᠢᠮᠳᠠᠯᠠᠨ ᠬᠦᠭᠵᠢᠯᠳᠡ᠂ ᠠᠷᠠᠳ ᠤᠨ ᠠᠮᠢᠳᠤᠷᠠᠯ᠂ ᠠᠮᠢ ᠠᠬᠤᠢ ︽ᠭᠤᠷᠪᠠᠨ ᠬᠤᠷᠢᠭ᠎ᠠ ᠱᠤᠭᠤᠮ︾ ᠢ | ᠪᠠᠳᠤ ᠰᠠᠬᠢᠵᠤ ᠬᠦᠬᠡᠬᠤᠳᠠ᠂ ᠪᠤᠭᠤᠳᠤ᠂ ᠤᠷᠳᠤᠰ ᠵᠤᠬᠢᠴᠠᠯᠳᠤᠨ ᠬᠦᠭᠵᠢᠬᠦ ᠪᠤᠯᠤᠨ ᠬᠦᠬᠡᠬᠤᠳᠠ᠂ ᠪᠤᠭᠤᠳᠤ᠂ | ᠢᠷᠭᠠᠢ᠂ ᠲᠡᠮᠡᠭᠡᠳᠤ ᠶᠢᠨ ᠬᠤᠳᠠ ᠶᠢᠨ ᠴᠤᠭᠯᠠᠷᠠᠯ ᠲᠠᠢ ᠢᠳᠡᠪᠬᠢᠳᠡᠢ ᠠᠭᠤᠰᠤᠯᠴᠠᠵᠤ ᠬᠦᠭᠵᠢᠯᠳᠡ ᠶᠢᠨ ᠴᠢᠨᠠᠷ | ᠴᠢᠨᠰᠠᠭ᠎ᠠ ᠪᠠ ᠦᠷ᠎ᠡ ᠪᠦᠳᠦᠮᠵᠢ ᠶᠢ ᠲᠡᠭᠡᠭᠰᠢᠯᠡᠬᠦᠯᠬᠦ ᠪᠠᠷ ᠭᠤᠤᠯ ᠪᠤᠯᠭᠠᠨ ᠬᠠᠩᠭᠠᠯᠭ᠎ᠠ ᠶᠢᠨ ᠲᠠᠯ᠎ᠠ ᠶᠢᠨ ᠪᠦᠳᠦᠴᠡ | ᠶᠢᠨ ᠴᠢᠨᠠᠷᠳᠠᠢ ᠦᠬᠡᠷᠠᠴᠢᠯᠡᠯᠳᠡ ᠶᠢ ᠲᠦᠯᠬᠢᠨ ᠠᠬᠢᠭᠤᠯᠬᠤ ᠪᠠᠷ ᠭᠤᠤᠯ ᠰᠢᠵᠢᠮ ᠪᠤᠯᠭᠠᠵᠤ᠂ ᠪᠦᠬᠦ ᠲᠠᠯ᠎ᠠ ᠪᠠᠷ | ᠴᠢᠨᠡᠭᠡᠯᠢᠭ ᠨᠠᠶᠢᠭᠡᠮ ᠢ ᠪᠡᠶᠡᠯᠡᠬᠦᠯᠬᠦ ᠰᠢᠢᠳᠪᠤᠷᠢᠳᠤ ᠢᠯᠠᠯᠳᠠ ᠶᠢ ᠲᠡᠮᠡᠴᠡᠨ ᠤᠯᠵᠤ ᠤᠳᠤᠬᠢᠴᠢᠯᠠᠭᠰᠠᠨ ᠦᠦᠰᠢᠨ | ᠬᠤᠰᠢᠭᠤ ᠶᠢ ᠪᠦᠬᠦ ᠲᠠᠯ᠎ᠠ ᠪᠠᠷ ᠪᠡᠶᠡᠯᠡᠬᠦᠯᠬᠦ ᠰᠢᠨ᠎ᠡ ᠠᠶᠠᠨ ᠢ ᠡᠬᠢᠯᠡᠬᠦᠯᠵᠣ ᠨᠤᠮᠢᠨ ᠲᠠᠩᠰᠤᠭ ᠦᠦᠰᠢᠨ ᠢᠶᠠᠨ | ᠬᠡᠯᠪᠡᠷᠢ ᠪᠠᠨ ᠬᠤᠪᠢᠷᠠᠭᠤᠯᠤᠨ ᠲᠡᠰ ᠲᠡᠪᠰᠢᠬᠦᠯᠬᠦ ᠮᠠᠩᠯᠠᠶᠢᠯᠠᠭᠴᠢ᠂ ᠰᠤᠶᠤᠯ ᠵᠢᠭᠤᠯᠴᠢᠯᠠᠯ ᠠᠭᠤᠰᠤᠯᠴᠠᠭᠰᠠᠨ | ᠲᠠᠭᠤᠷᠢᠶᠠᠯ ᠤᠷᠤᠨ᠂ ᠠᠮᠢ ᠠᠬᠤᠢ ᠶᠢᠨ ᠪᠤᠯᠪᠠᠰᠤᠨ ᠤ ᠬᠦᠳᠦᠯᠦᠨ ᠲᠠᠭᠠᠭᠤᠯᠤᠭᠴᠢ᠂ ᠡᠮᠦᠨᠡᠰᠢ ᠪᠠᠨ ᠨᠡᠭᠡᠭᠡᠯᠳᠡ | ᠬᠢᠬᠦ ᠪᠠᠬᠢᠯᠡᠯᠳᠡ᠂ ᠵᠤᠯ ᠵᠢᠷᠭᠠᠯᠳᠤ ᠠᠮᠢᠳᠤᠷᠠᠯ ᠢ ᠬᠠᠮᠳᠤᠪᠠᠷ ᠡᠳ᠋ᠯᠡᠬᠦ ᠤᠷᠤᠨ ᠪᠤᠯᠭᠠᠬᠤ ᠶᠢ ᠠᠬᠢᠭᠤᠯᠵᠤ᠂ | ᠦᠵᠡᠰᠬᠦᠯᠡᠩᠳᠦ ᠰᠠᠶᠢᠬᠠᠨ ᠴᠢᠨᠠᠷᠵᠢᠭᠤᠨ ᠪᠦᠬᠦᠢ ᠵᠤᠯ ᠵᠢᠷᠭᠠᠯᠳᠤ ᠤᠷᠳᠤᠰ ᠢ ᠪᠦᠳᠦᠭᠡᠨ ᠪᠠᠶᠢᠭᠤᠯᠬᠤ ᠪᠠ ︽ | ᠦᠵᠡᠰᠬᠦᠯᠡᠩᠳᠦ ᠰᠠᠶᠢᠬᠠᠨ ᠦᠪᠦᠷ ᠮᠤᠩᠭᠤᠯ ᠢ ᠪᠦᠳᠦᠭᠡᠨ ᠪᠠᠶᠢᠭᠤᠯᠵᠤ᠂ ᠠᠭᠤᠤ ᠶᠡᠭᠡ ᠲᠤᠮᠳᠠᠳᠤ ᠶᠢᠨ ᠵᠡᠬᠦᠳᠦ ᠶᠢ | ᠬᠠᠮᠳᠤᠪᠠᠷ ᠲᠡᠷᠭᠡᠯᠰᠢᠬᠦᠯᠬᠦ︾ ᠳᠤ ᠨᠡᠩ ᠶᠡᠭᠡ ᠬᠤᠪᠢ ᠨᠡᠮᠡᠷᠢ ᠪᠠᠨ ᠦᠵᠡᠬᠦᠯᠦᠨ᠎ᠡ᠃ | ᠬᠤᠶᠢᠰᠢᠳᠠ ᠶᠢᠨ ᠲᠠᠪᠤᠨ ᠵᠢᠯ ᠳᠤ ᠪᠦᠬᠦ ᠬᠤᠰᠢᠭᠤᠨ ᠤ ᠠᠵᠤ ᠠᠬᠤᠢ ᠨᠡᠶᠢᠬᠡᠮ ᠤᠨ ᠬᠦᠭᠵᠢᠯᠳᠡ ᠶᠢᠨ | ᠭᠤᠤᠯ ᠬᠠᠷᠠᠯᠳᠠ ᠪᠤᠯ᠄ ᠤᠷᠤᠨ ᠨᠤᠳᠤᠭ ᠤᠨ ᠦᠢᠯᠡᠳᠪᠤᠷᠢᠯᠡᠯ ᠤᠨ ᠶᠡᠷᠦᠩᠬᠡᠢ ᠦᠷᠳᠡᠭ ᠢ ᠵᠢᠯ ᠲᠤᠮᠳᠠᠴᠢ ᠪᠠᠷ 7. | 5% ᠨᠡᠮᠡᠭᠳᠡᠬᠦᠯᠵᠣ ᠤᠯᠠᠨ ᠨᠡᠶᠢᠳᠡ ᠶᠢᠨ ᠡᠳ᠋ ᠤᠨ ᠵᠠᠰᠠᠭ ᠤᠨ ᠲᠦᠰᠦᠪ ᠤᠨ ᠤᠷᠤᠯᠭ᠎ᠠ ᠶᠢ ᠵᠢᠯ ᠲᠤᠮᠳᠠᠴᠢ ᠪᠠᠷ | 10% ᠨᠡᠮᠡᠭᠳᠡᠬᠦᠯᠵᠣ᠂ ᠲᠤᠭᠳᠠᠮᠠᠯ ᠭᠦᠷᠦᠩᠭᠡ ᠶᠢᠨ ᠪᠡᠯᠡ ᠤᠷᠤᠭᠤᠯᠤᠯᠳᠠ ᠶᠢ ᠵᠢᠯ ᠲᠤᠮᠳᠠᠴᠢ ᠪᠠᠷ 8% | ᠨᠡᠮᠡᠭᠳᠡᠬᠦᠯᠥᠨ ᠨᠡᠶᠢᠭᠡᠮ ᠤᠨ ᠬᠡᠷᠡᠭᠯᠡᠭᠡᠨ ᠤ ᠵᠣᠶᠢᠯᠠᠰ ᠢ ᠵᠢᠵᠢᠭᠯᠡᠨ ᠪᠤᠷᠤᠯᠠᠭᠤᠯᠬᠤ ᠶᠡᠷᠦᠩᠬᠡᠢ ᠳᠤᠭ᠎ᠠ ᠶᠢ ᠵᠢᠯ | ᠲᠤᠮᠳᠠᠴᠢ ᠪᠠᠷ 10.5% ᠨᠡᠮᠡᠭᠳᠡᠬᠦᠯᠵᠣ᠂ ᠬᠤᠳᠠ ᠬᠦᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ | ᠡᠵᠡᠮᠳᠡᠵᠦ ᠪᠤᠯᠬᠤ ᠤᠷᠤᠯᠭ᠎ᠠ ᠶᠢ ᠵᠢᠯ ᠲᠤᠮᠳᠠᠴᠢ ᠪᠠᠷ ᠳᠣᠰᠪᠣᠷᠢ 9%᠂10% ᠨᠡᠮᠡᠭᠳᠡᠬᠦᠯᠵᠣ ︽ᠠᠷᠪᠠᠨ | ᠭᠤᠷᠪᠠᠳᠤᠭᠠᠷ ᠲᠠᠪᠤᠨ ᠵᠢᠯ︾ ᠤᠨ ᠲᠦᠯᠦᠪᠵᠢᠬᠦᠯᠭᠡ ᠶᠢᠨ ᠡᠯ᠎ᠡ ᠲᠦᠷᠦᠯ ᠤᠨ ᠬᠠᠷᠠᠯᠳᠠ ᠶᠢ ᠠᠮᠵᠢᠯᠳᠠᠳᠠᠢ | ᠪᠡᠶᠡᠯᠡᠬᠦᠯᠵᠦ ᠴᠢᠨᠡᠭᠡᠯᠢᠭ ᠨᠡᠶᠢᠬᠡᠮ ᠢ ᠪᠦᠬᠦ ᠲᠠᠯ᠎ᠠ ᠪᠠᠷ ᠪᠡᠶᠡᠯᠡᠬᠦᠯᠦᠨ᠎ᠡ᠃ | ᠲᠡᠭᠡᠷᠡᠬᠢ ᠬᠠᠷᠠᠯᠳᠠ ᠶᠢ ᠪᠡᠶᠡᠯᠡᠬᠦᠯᠬᠦ ᠳᠤ ᠰᠢᠨ᠎ᠡ ᠨᠢᠭᠡᠨ ᠬᠤᠭᠤᠴᠠᠭᠠᠨ ᠤ ᠵᠠᠰᠠᠭ ᠤᠨ ᠤᠷᠳᠤᠨ ᠨᠢ | ᠲᠤᠤᠷᠠᠬᠢ ᠳᠣᠯᠣᠭᠠᠨ ᠲᠠᠯ᠎ᠠ ᠶᠢᠨ ᠠᠵᠢᠯ ᠢ ᠭᠤᠤᠯᠳᠠᠯᠭ᠎ᠠ ᠲᠠᠢ ᠠᠳᠬᠤᠬᠤ ᠬᠡᠷᠡᠭᠳᠡᠢ᠃ | ︵ᠨᠢᠭᠡ︶ ᠰᠢᠨ᠎ᠡ ᠬᠡᠯᠪᠡᠷᠢ ᠶᠢᠨ ᠠᠵᠤ ᠦᠢᠯᠡᠳᠪᠤᠷᠢᠵᠢᠯᠳᠡ ᠶᠢ ᠲᠦᠷᠬᠡᠨ ᠮᠦᠷᠳᠡᠬᠡᠨ ᠯᠠᠪᠳᠠᠭᠤᠨ | ᠠᠬᠢᠭᠤᠯᠵᠣ᠂ ᠬᠡᠯᠪᠡᠷᠢ ᠪᠠᠨ ᠬᠤᠪᠢᠷᠠᠭᠤᠯᠤᠨ ᠲᠡᠰ ᠲᠡᠪᠰᠢᠬᠦ ᠶᠢ ᠤᠯᠠᠮ ᠴᠢᠨᠠᠷᠵᠢᠭᠤᠨ ᠪᠤᠯᠭᠠᠨ᠎ᠠ᠃ ᠰᠢᠨ᠎ᠡ ᠶᠢ | ᠡᠬᠦᠳᠬᠦ ᠬᠦᠭᠵᠢᠯᠳᠡ ᠶᠢᠨ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠵᠦ᠂ ︽ᠲᠤᠯᠤᠭᠠᠨ ᠦᠢᠯᠡᠰ︾ ᠢ ᠬᠠᠮᠳᠤᠪᠠᠷ | ᠴᠡᠴᠡᠭᠯᠡᠬᠦᠯᠥᠨ ᠬᠦᠭᠵᠢᠬᠦᠯᠬᠦ ᠶᠢᠨ ᠲᠣᠭᠤᠷᠢᠨ ᠳᠤ ᠤᠨᠤᠪᠴᠢᠳᠠᠢ ᠪᠠᠷ ᠬᠤᠳᠠᠯᠳᠤᠭᠠᠴᠢᠨ ᠤᠷᠢᠬᠤ ᠠᠵᠢᠯ ᠢ | ᠦᠷᠨᠢᠬᠦᠯᠵᠦ ᠬᠦᠴᠦ ᠪᠠᠨ ᠲᠦᠪᠯᠡᠷᠡᠭᠦᠯᠦᠨ ᠬᠦᠭᠵᠢᠯᠳᠡ ᠶᠢᠨ ᠰᠢᠨ᠎ᠡ ᠬᠦᠳᠡᠯᠭᠡᠭᠴᠢ ᠬᠦᠴᠦᠨ ᠢ ᠬᠦᠴᠦᠯᠡᠨ | ᠪᠤᠶᠢᠵᠢᠭᠤᠯᠤᠨ᠎ᠠ᠃ ᠬᠦᠷᠢᠶᠡᠯᠡᠩ ᠲᠤᠭᠤᠷᠢᠭ ᠢᠶᠠᠷ ᠴᠢᠬᠤᠯᠠ ᠬᠦᠴᠦᠨ ᠵᠣᠶᠢᠯ ᠪᠠ ᠠᠵᠤ ᠦᠢᠯᠡᠰ ᠤᠨ ᠲᠦᠪᠯᠡᠷᠡᠯ | ᠤᠨ ᠠᠴᠢᠶᠠᠯᠠᠭᠴᠢ ᠪᠤᠯᠭᠠᠬᠤ ᠶᠢ ᠪᠠᠷᠢᠮᠳᠠᠯᠠᠵᠤ᠂ ᠰᠠᠭᠤᠷᠢ ᠲᠦᠭᠦᠭᠡᠷᠦᠮᠵᠢ ᠪᠤᠯᠤᠨ ᠨᠡᠶᠢᠳᠡ ᠶᠢᠨ ᠦᠢᠯᠡᠴᠢᠯᠡᠭᠡᠨ ᠤ | ᠢᠵᠢ ᠪᠦᠷᠢᠳᠬᠦ ᠶᠢ ᠲᠦᠷᠭᠡᠳᠭᠡᠨ ᠪᠦᠷᠢᠨᠰᠢᠬᠦᠯᠵᠦ ᠰᠢᠰᠲ᠋ᠧᠮ ᠲᠤᠭᠳᠠᠴᠠ ᠪᠤᠯᠤᠨ ᠲᠦᠷᠦ ᠶᠢᠨ ᠪᠤᠳᠤᠯᠭ᠎ᠠ ᠶᠢᠨ | ᠤᠷᠴᠢᠨ ᠠᠬᠤᠢ ᠶᠢᠨ ᠰᠢᠨ᠎ᠡ ᠶᠢ ᠡᠬᠦᠳᠬᠦ ᠶᠢ ᠬᠦᠨᠵᠡᠭᠡᠶᠢᠷᠡᠬᠦᠯᠵᠦ᠂ ᠮᠡᠷᠭᠡᠵᠢᠯ ᠤᠨ ᠰᠢᠨ᠎ᠡ ᠶᠢ ᠡᠬᠦᠳᠬᠦ᠂ | ᠪᠣᠶᠢᠵᠢᠭᠤᠯᠣᠨ ᠬᠦᠭᠵᠢᠬᠦᠯᠬᠦ ᠲᠠᠪᠴᠠᠩ ᠢ ᠪᠠᠶᠢᠭᠤᠯᠤᠨ ᠡᠯ᠎ᠡ ᠲᠦᠷᠦᠯ ᠤᠨ ᠠᠵᠤ ᠠᠬᠤᠶᠢᠯᠠᠯ ᠢ ᠨᠤᠮᠢᠨ ᠲᠠᠩᠰᠤᠭ | ᠦᠦᠰᠢᠨ ᠤ ᠦᠷᠭᠡᠨ ᠠᠭᠤᠳᠠᠮ ᠨᠤᠳᠤᠭ ᠲᠡᠪᠢᠰᠭᠡᠷ ᠲᠡᠭᠡᠷ᠎ᠡ ᠦᠷᠨᠢᠩᠬᠦᠢ ᠬᠦᠭᠵᠢᠬᠦᠯᠦᠨ᠎ᠡ᠃ ᠠᠮᠣᠷ ᠲᠦᠪᠰᠢᠨ᠂ | ᠪᠤᠬᠢᠷᠳᠤᠯ ᠦᠭᠡᠢ᠂ ᠤᠶᠤᠨᠴᠢᠯᠠᠭᠰᠠᠨ ᠮᠠᠶ᠋ᠢᠭ ᠢᠶᠠᠷ ᠨᠡᠬᠦᠷᠡᠰᠦ ᠶᠢ ᠨᠡᠭᠡᠭᠡᠨ ᠮᠠᠯᠳᠠᠬᠤ ᠪᠠ ᠠᠷᠢᠭᠤᠨ ᠴᠡᠪᠡᠷ᠂ | ᠦᠨᠳᠦᠷ ᠪᠦᠳᠦᠮᠵᠢᠳᠡᠢ᠂ ᠲᠤᠤᠷ᠎ᠠ ᠨᠡᠬᠦᠷᠡᠰᠦᠳᠦ᠋ᠷᠦᠭᠴᠢᠳᠤ ᠮᠠᠶ᠋ᠢᠭ ᠢᠶᠠᠷ ᠠᠰᠢᠭᠯᠠᠬᠤ ᠪᠠᠷ ᠭᠤᠤᠯ ᠰᠢᠪᠳᠤᠯᠤᠯᠳᠠ | ᠪᠤᠯᠭᠠᠵᠤ ᠪᠦᠭᠯᠡᠵᠦ ᠲᠦᠭᠦᠷᠭᠡᠬᠦ᠂ ᠤᠰᠤ ᠶᠢ ᠬᠠᠮᠠᠭᠠᠯᠠᠬᠤ ᠵᠡᠷᠬᠡ ᠶᠢᠨ ᠪᠤᠬᠢᠷᠳᠤᠯ ᠦᠭᠡᠢ ᠨᠡᠭᠡᠭᠡᠨ ᠮᠠᠯᠳᠠᠬᠤ | ᠮᠡᠷᠬᠡᠵᠢᠯ ᠢ ᠲᠡᠯᠭᠡᠷᠡᠭᠦᠯᠦᠨ ᠴᠢᠨᠠᠷ ᠪᠠ ᠲᠡᠰ ᠬᠤᠪᠢᠶᠠᠨ ᠠᠰᠢᠭᠯᠠᠬᠤ ᠶᠢ ᠦᠷᠨᠢᠬᠦᠯᠵᠦ᠂ ᠨᠡᠬᠦᠷᠡᠰᠦᠨ ᠤ ᠠᠵᠦ | ᠦᠢᠯᠡᠰ ᠴᠢᠨᠠᠷ ᠢᠶᠠᠨ ᠰᠠᠶᠢᠵᠢᠷᠠᠭᠤᠯᠤᠨ ᠪᠦᠳᠦᠮᠵᠢ ᠪᠠᠨ ᠲᠡᠭᠡᠭᠰᠢᠯᠡᠬᠦᠯᠬᠦ ᠶᠢ ᠠᠬᠢᠭᠤᠯᠤᠨ᠎ᠠ᠃ 2022 ᠤᠨ | ᠪᠤᠯᠬᠤ ᠳᠤ ᠨᠡᠭᠦᠷᠡᠰᠦᠨ ᠤ ᠭᠠᠷᠭᠠᠯᠳᠠ ᠶᠢ 7000 ᠲᠦᠮᠡᠨ ᠳᠣᠨᠨ᠋ᠨ ᠢ ᠳᠠᠪᠠᠭᠤᠯᠬᠤ ᠪᠠᠷ ᠴᠢᠷᠮᠠᠶᠢᠵᠤ᠂ ᠲᠤᠬᠠᠢ | ᠶᠢᠨ ᠭᠠᠵᠠᠷ ᠲᠤ ᠨᠠᠷᠢᠯᠢᠭ ᠪᠤᠯᠪᠠᠰᠤᠷᠠᠭᠤᠯᠬᠤ ᠨᠤᠷᠮ᠎ᠠ ᠶᠢ 40% ᠠᠴᠠ ᠲᠡᠭᠡᠭᠰᠢ ᠪᠠᠶᠢᠯᠭᠠᠨ᠎ᠠ᠃ ᠪᠠᠶᠢᠭᠠᠯᠢ ᠶᠢᠨ | ᠰᠢᠳᠠᠮᠠᠬᠠᠢ ᠬᠡᠢ ᠶᠢᠨ ᠭᠡᠪ ᠤᠨ ᠨᠡᠭᠡᠭᠡᠨ ᠠᠰᠢᠭᠯᠠᠯᠳᠠ ᠶᠢᠨ ᠬᠡᠪᠴᠢᠶ᠎ᠡ ᠶᠢ ᠲᠤᠭᠳᠠᠪᠤᠷᠢᠵᠢᠭᠤᠯᠵᠤ ᠪᠠᠶᠢᠭᠠᠯᠢ ᠶᠢᠨ | ᠰᠢᠳᠠᠮᠠᠬᠠᠢ ᠬᠡᠢ ᠦᠷᠦᠮᠳᠦᠨ ᠮᠠᠯᠳᠠᠬᠤ᠂ ᠲᠦᠪᠯᠡᠷᠡᠭᠦᠯᠦᠨ ᠬᠦᠷᠬᠡᠬᠦ ᠴᠢᠳᠠᠮᠵᠢ ᠶᠢ ᠲᠡᠭᠡᠭᠰᠢᠯᠡᠬᠦᠯᠦᠨ᠎ᠡ᠃ ᠠᠵᠤ | ᠦᠢᠯᠡᠰ ᠤᠨ ᠬᠡᠯᠬᠢᠶᠡᠵᠢᠯ ᠢᠶᠠᠨ ᠤᠷᠳᠤᠳᠬᠠᠵᠤ᠂ ᠨᠡᠮᠡᠯᠳᠡ ᠦᠷᠳᠡᠭ ᠢ ᠨᠡᠮᠡᠭᠳᠡᠬᠦᠯᠦᠨ ᠰᠢᠨ᠎ᠡ ᠬᠡᠯᠪᠡᠷᠢ ᠶᠢᠨ | ᠨᠡᠬᠦᠷᠡᠰᠦ ᠬᠢᠮᠢ ᠶᠢᠨ ᠠᠵᠤ ᠦᠢᠯᠡᠳᠪᠤᠷᠢ᠂ ᠨᠠᠷᠢᠯᠢᠭ ᠪᠤᠯᠪᠠᠰᠤᠷᠠᠭᠤᠯᠬᠤ ᠬᠢᠮᠢ ᠶᠢᠨ ᠠᠵᠤ ᠣᠶᠢᠯᠡᠳᠪᠣᠷᠢ᠂ ᠴᠡᠪᠡᠷ | ᠡᠨᠧᠷᠬᠢ᠂ ᠰᠢᠨ᠎ᠡ ᠮᠡᠲ᠋ᠧᠷᠢᠶᠠᠯ ᠤᠨ ᠠᠵᠤ ᠦᠢᠯᠡᠰ ᠵᠡᠷᠬᠡ ᠵᠠᠭᠤᠨ ᠳ᠋ᠦᠩᠰᠢᠭᠤᠷ ᠲᠡᠰ ᠤᠨ ᠲᠦᠷᠪᠡᠨ ᠲᠤᠮᠤ ᠠᠵᠤ | ᠦᠢᠯᠡᠰ ᠤᠨ ᠴᠤᠭᠯᠠᠷᠠᠯ ᠢ ᠪᠦᠳᠦᠭᠡᠨ ᠪᠠᠶᠢᠭᠤᠯᠵᠤ ᠬᠦᠨᠳᠡᠯᠡᠨ ᠢᠶᠠᠷ ᠢᠵᠢ ᠪᠦᠷᠢᠳᠴᠦ᠂ ᠭᠤᠯᠳᠤ ᠪᠠᠷ | ᠭᠦᠨᠵᠡᠭᠡᠶᠢᠷᠡᠬᠦ ᠠᠵᠤ ᠦᠢᠯᠡᠰ ᠤᠨ ᠬᠦᠭᠵᠢᠯᠳᠡ ᠶᠢᠨ ᠰᠢᠨ᠎ᠡ ᠪᠠᠶᠢᠳᠠᠯ ᠢ ᠪᠦᠷᠢᠯᠳᠦᠬᠦᠯᠦᠨ᠎ᠠ᠃ ᠠᠵᠤ ᠦᠢᠯᠡᠰ ᠤᠨ | ᠬᠡᠯᠬᠢᠶᠡᠵᠢᠯ ᠢᠶᠠᠷ ᠬᠤᠳᠠᠯᠳᠤᠭᠠᠴᠢᠨ ᠤᠷᠢᠬᠤ᠂ ᠬᠤᠳᠠᠯᠳᠤᠭ᠎ᠠ ᠪᠠᠷ ᠬᠤᠳᠠᠯᠳᠤᠭᠠᠴᠢᠨ ᠤᠷᠢᠬᠤ᠂ ᠴᠢᠭᠯᠡᠯᠳᠦ | ᠴᠢᠨᠠᠷᠳᠠᠢ ᠪᠠᠷ ᠬᠤᠳᠠᠯᠳᠤᠭᠠᠴᠢᠨ ᠤᠷᠢᠬᠤ ᠵᠡᠷᠬᠡ ᠠᠷᠭ᠎ᠠ ᠪᠠᠷᠢᠯ ᠢᠶᠠᠷ ᠲᠠᠮᠵᠢᠨ ᠡᠨᠧᠷᠬᠢ ᠳᠤ ᠠᠷᠪᠢᠳᠠᠢ ᠪᠤᠬᠢᠷᠳᠤᠯ | ᠦᠭᠡᠢ ᠠᠵᠤ ᠦᠢᠯᠡᠰ᠂ ᠮᠤᠩᠭᠤᠯ ᠬᠢᠳᠠᠳ ᠡᠮ ᠡᠮᠨᠡᠯᠭᠡ ᠵᠡᠷᠬᠡ ᠰᠢᠨ᠎ᠡ ᠪᠠᠷ ᠦᠷᠨᠢᠵᠦ ᠪᠠᠶᠢᠭ᠎ᠠ ᠪᠠᠶᠢᠯᠳᠤᠬᠤ | ᠪᠤᠳᠤᠯᠭ᠎ᠠ ᠶᠢᠨ ᠴᠢᠨᠠᠷᠳᠠᠢ ᠠᠵᠤ ᠦᠢᠯᠡᠰ ᠢ ᠶᠡᠭᠡ ᠬᠦᠴᠦ ᠪᠠᠷ ᠤᠷᠢᠨ ᠠᠪᠴᠢᠷᠠᠵᠤ᠂ ᠠᠵᠤ ᠦᠢᠯᠡᠰ ᠤᠨ ᠤᠯᠠᠨ | ᠡᠰᠢᠳᠤ ᠲᠤᠯᠭᠠᠭᠤᠷᠢᠯᠠᠨ ᠬᠦᠭᠵᠢᠬᠦ ᠬᠦᠭᠵᠢᠯᠳᠡ ᠶᠢᠨ ᠰᠢᠨ᠎ᠡ ᠪᠠᠶᠢᠳᠠᠯ ᠢ ᠪᠤᠢ ᠪᠤᠯᠭᠠᠨ᠎ᠠ᠃ ᠪᠠᠷᠢᠮᠵᠢᠶᠠᠵᠢᠭᠰᠠᠨ | ᠦᠢᠯᠡᠳᠪᠤᠷᠢ ᠶᠢᠨ ᠲᠠᠰᠤᠭ ᠢ ᠪᠦᠳᠦᠭᠡᠨ ᠪᠠᠶᠢᠭᠤᠯᠵᠤ᠂ ᠨᠡᠬᠦᠷᠡᠰᠦᠨ ᠠᠭᠤᠷᠬᠠᠢ᠂ ᠨᠡᠬᠦᠷᠡᠰᠦ ᠬᠢᠮᠢ ᠶᠢᠨ ᠠᠵᠤ | ᠦᠢᠯᠡᠳᠪᠤᠷᠢ ᠲᠠᠢ ᠢᠵᠢ ᠪᠦᠷᠢᠳᠦᠭᠰᠡᠨ ᠲᠤᠮᠳᠠ ᠵᠢᠵᠢᠭ ᠠᠵᠤ ᠠᠬᠤᠶᠢᠯᠠᠯ ᠤᠨ ᠰᠠᠭᠤᠷᠢᠰᠢᠨ ᠨᠣᠳᠣᠭᠰᠢᠬᠤ ᠶᠢ | ᠠᠬᠢᠭᠤᠯᠵᠣ ᠲᠤᠮᠤ ᠲᠤᠮᠳᠠ ᠵᠢᠵᠢᠭ ᠠᠵᠤ ᠠᠬᠤᠶᠢᠯᠠᠯ ᠤᠨ ᠱᠠᠳᠣᠴᠢ ᠦᠷᠢᠰᠣᠯᠳᠦᠬᠡᠨ ᠤ ᠬᠦᠭᠵᠢᠯᠳᠡ ᠶᠢᠨ ᠰᠢᠨ᠎ᠡ | ᠪᠠᠶᠢᠳᠠᠯ ᠢ ᠡᠬᠦᠳᠦᠨ᠎ᠡ᠃ ᠠᠵᠤ ᠠᠬᠤᠶᠢᠯᠠᠯ ᠢ ᠲᠡᠳᠬᠦᠬᠦ ᠡᠯ᠎ᠡ ᠲᠦᠷᠦᠯ ᠤᠨ ᠲᠦᠷᠦ ᠶᠢᠨ ᠪᠤᠳᠤᠯᠭ᠎ᠠ ᠶᠢ | ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠦᠢᠯᠳᠪᠤᠷᠢᠯᠡᠯ ᠡᠵᠡᠩᠨᠡᠯᠳᠡ ᠶᠢᠨ ᠦᠪᠡᠷ ᠤᠨ ᠦᠷᠳᠡᠭ ᠢ | ᠪᠠᠭᠤᠷᠠᠭᠤᠯᠣᠨ ᠨᠢᠭᠡ ᠪᠦᠯᠦᠭ ᠪᠣᠷᠣᠯᠠᠭᠤᠯᠣᠯᠳᠠ ᠶᠢᠨ ᠤᠷᠤᠯᠭ᠎ᠠ ᠨᠢ ᠵᠠᠭᠤᠨ ᠳ᠋ᠦᠩᠰᠢᠭᠤᠷ ᠲᠦᠭᠦᠷᠢᠭ ᠢ | ᠳᠠᠪᠠᠭᠰᠠᠨ ᠪᠠ ᠤᠷᠤᠨ ᠨᠤᠳᠤᠭ ᠤᠨ ᠡᠳ᠋ ᠤᠨ ᠵᠠᠰᠠᠭ ᠲᠤ ᠦᠵᠡᠬᠦᠯᠬᠦ ᠬᠤᠪᠢ ᠨᠡᠮᠡᠷᠢ ᠨᠢ ᠳ᠋ᠦᠩᠰᠢᠭᠤᠷ | ᠲᠦᠭᠦᠷᠢᠭ ᠢ ᠲᠠᠪᠠᠭᠰᠠᠨ ᠭᠤᠤᠯᠳᠠᠯᠭᠠᠳᠤ ᠠᠵᠤ ᠠᠬᠤᠶᠢᠯᠠᠯ ᠢ ᠪᠤᠶᠢᠵᠢᠭᠤᠯᠵᠤ ᠭᠤᠤᠯ ᠪᠤᠯᠬᠤ ᠠᠵᠤ ᠠᠬᠤᠢ ᠶᠢᠨ | ᠬᠦᠢᠴᠡᠳᠬᠡᠯ ᠲᠤᠭᠠᠨ ᠤ ᠨᠡᠮᠡᠭᠳᠡᠯ ᠢ ᠪᠦᠬᠦ ᠬᠤᠳᠠ ᠶᠢᠨ ᠲᠤᠮᠳᠠᠴᠢᠯᠠᠭᠰᠠᠨ ᠬᠢᠷᠢ ᠲᠦᠪᠰᠢᠨ ᠠᠴᠠ ᠪᠠᠶᠢᠩᠭᠤ | ᠦᠨᠳᠦᠷ ᠪᠠᠶᠢᠯᠭᠠᠵᠤ ᠠᠵᠤ ᠠᠬᠤᠢ ᠶᠢᠨ ᠶᠡᠷᠦᠩᠬᠡᠢ ᠬᠡᠮᠵᠢᠶ᠎ᠡ᠂ ᠬᠦᠭᠵᠢᠯᠳᠡ ᠶᠢᠨ ᠴᠢᠨᠠᠷ ᠴᠢᠨᠰᠠᠭ᠎ᠠ ᠪᠦᠬᠦ ᠬᠤᠳᠠ | ᠶᠢᠨ ᠲᠡᠷᠢᠬᠦᠨ ᠡᠩᠨᠡᠭᠡᠨ ᠳᠤ ᠤᠷᠤᠬᠤ ᠶᠢ ᠪᠠᠳᠤᠯᠠᠨ᠎ᠠ᠃ | ︵ᠬᠤᠶᠠᠷ︶ ᠬᠦᠳᠡᠭᠡ ᠲᠤᠰᠬᠤᠨ ᠢ ᠰᠡᠷᠬᠦᠭᠡᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ | ᠨᠠᠶᠢᠳᠠᠪᠤᠷᠢᠵᠢᠭᠤᠯᠬᠤ ᠳᠤ ᠪᠠᠨ ᠰᠡᠳᠬᠢᠯ ᠨᠢᠭᠡᠳᠦᠨ ᠪᠡᠷᠬᠡᠰᠢᠶᠡᠯ ᠢ ᠳᠣᠭᠤᠯᠵᠣ᠂ ᠬᠤᠳᠠ ᠬᠦᠳᠡᠭᠡ ᠶᠢᠨ | ᠬᠦᠭᠵᠢᠯᠳᠡ ᠶᠢ ᠤᠯᠠᠮ ᠲᠡᠩᠴᠡᠭᠦᠷᠢᠳᠡᠢ ᠪᠤᠯᠭᠠᠨ᠎ᠠ᠃ ᠠᠵᠤ ᠦᠢᠯᠡᠰ ᠴᠡᠴᠡᠭᠯᠡᠨ ᠬᠦᠭᠵᠢᠭᠰᠡᠨ᠂ ᠠᠮᠢ ᠠᠬᠤᠢ | ᠰᠠᠭᠤᠷᠢᠰᠢᠬᠤ ᠳᠤ ᠲᠤᠬᠢᠳᠠᠢ᠂ ᠨᠤᠳᠤᠭ ᠤᠨ ᠰᠣᠷᠳᠠᠯ ᠪᠤᠯᠪᠠᠰᠤᠨ᠂ ᠵᠠᠰᠠᠯᠳᠠ ᠪᠦᠳᠦᠮᠵᠢᠳᠡᠢ᠂ ᠠᠮᠢᠳᠤᠷᠠᠯ | ᠴᠢᠨᠡᠭᠡᠯᠢᠭ ᠪᠠᠶᠢᠬᠤ ᠶᠡᠷᠦᠩᠬᠡᠢ ᠱᠠᠭᠠᠷᠳᠠᠯᠭ᠎ᠠ ᠳᠤ ᠨᠡᠶᠢᠴᠡᠬᠦᠯᠦᠨ ᠮᠠᠯ ᠲᠠᠷᠢᠶᠠᠯᠠᠩ ᠤᠨ ᠠᠵᠣ ᠠᠬᠤᠢ ᠶᠢᠨ ᠦᠷ᠎ᠡ | ᠠᠰᠢᠭ ᠢ ᠨᠡᠮᠡᠭᠳᠡᠬᠦᠯᠬᠦ᠂ ᠮᠠᠯᠴᠢᠨ ᠲᠠᠷᠢᠶᠠᠴᠢᠨ ᠤ ᠤᠷᠤᠯᠭ᠎ᠠ ᠶᠢ ᠨᠡᠮᠡᠭᠳᠡᠬᠦᠯᠬᠦ ᠳᠤ ᠬᠦᠴᠦ ᠲᠠᠯᠪᠢᠵᠤ᠂ ᠬᠦᠳᠡᠭᠡ | ᠨᠤᠳᠤᠭ ᠤᠨ ᠶᠡᠷᠦᠩᠬᠡᠶᠢᠯᠡᠭᠰᠡᠨ ᠴᠤᠭᠴᠠ ᠶᠢᠨ ᠢᠵᠢ ᠪᠦᠷᠢᠳᠦᠭᠰᠡᠨ ᠲᠦᠷᠦ ᠶᠢᠨ ᠪᠤᠳᠤᠯᠭ᠎ᠠ ᠶᠢᠨ ᠲᠤᠭᠳᠠᠴᠠ ᠶᠢ | ᠪᠠᠶᠢᠭᠤᠯᠤᠨ ᠪᠦᠷᠢᠨᠰᠢᠬᠦᠯᠵᠦ ᠪᠦᠳᠦᠭᠡᠯᠴᠢ ᠰᠡᠳᠬᠢᠮᠵᠢ ᠲᠠᠢ ᠣᠶᠣᠨᠴᠢᠯᠠᠭᠰᠠᠨ ᠮᠠᠯ ᠲᠠᠷᠢᠶᠠᠯᠠᠩ ᠤᠨ ᠦᠢᠯᠡᠰ ᠢ | ᠬᠦᠭᠵᠢᠬᠦᠯᠵᠦ᠂ ᠳᠠᠷᠢᠶᠠᠯᠠᠩ ᠢ ᠪᠡᠶᠡᠴᠢᠯᠡᠨ ᠤᠶᠢᠯᠠᠭᠠᠬᠤ᠂ ᠬᠦᠳᠡᠭᠡ ᠲᠤᠰᠬᠤᠨ ᠤ ᠵᠢᠭᠤᠯᠴᠢᠯᠠᠯ ᠵᠡᠷᠬᠡ ᠶᠢᠨ | ᠲᠦᠭᠦᠭᠡᠷᠦᠮᠵᠢ ᠶᠢ ᠪᠦᠷᠢᠨᠰᠢᠬᠦᠯᠵᠦ ᠬᠦᠳᠡᠭᠡ ᠨᠤᠳᠤᠭ ᠤᠨ ᠶᠡᠷᠦᠩᠬᠡᠶᠢᠯᠡᠭᠰᠡᠨ ᠴᠤᠭᠴᠠ ᠶᠢ ᠪᠠᠶᠢᠭᠤᠯᠤᠨ ᠮᠠᠯᠵᠢᠬᠤ | ᠲᠠᠷᠢᠶᠠᠯᠠᠬᠤ ᠤᠷᠤᠨ ᠤ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠯ ᠢ ᠠᠬᠢᠭᠤᠯᠤᠨ᠎ᠠ | ᠃ ᠲᠠᠭᠠᠭᠠᠴᠢᠯᠠᠭᠰᠠᠨ ᠭᠠᠵᠠᠷ ᠰᠢᠷᠦᠢ ᠶᠢᠨ ︽ᠭᠤᠷᠪᠠᠨ ᠡᠷᠬᠡ︾ ᠶᠢ ᠰᠠᠯᠭᠠᠬᠤ ᠲᠦᠷᠢᠮ ᠢ ᠲᠡᠭᠦᠯᠳᠡᠷᠵᠢᠬᠦᠯᠦᠨ | ᠮᠠᠯᠵᠢᠬᠤ ᠲᠠᠷᠢᠶᠠᠯᠠᠬᠤ ᠤᠷᠤᠨ ᠤ ᠬᠠᠮᠳᠤ ᠶᠢᠨ ᠦᠮᠴᠢᠯᠡᠯ ᠤᠨ ᠲᠦᠷᠢᠮ ᠤᠨ ᠦᠭᠡᠷᠡᠴᠢᠯᠡᠯᠳᠡ ᠶᠢ ᠬᠠᠶᠢᠨ | ᠰᠦᠪᠡᠭᠴᠢᠯᠡᠵᠦ ᠭᠠᠵᠠᠷ ᠰᠢᠷᠤᠢ᠂ ᠨᠤᠳᠤᠭ ᠪᠡᠯᠴᠢᠭᠡᠷ ᠤᠨ ᠡᠵᠡᠩᠨᠡᠯᠳᠡ ᠶᠢᠨ ᠡᠷᠬᠡ ᠶᠢᠨ ᠡᠷᠬᠢᠯᠳᠦᠯ᠂ ᠪᠠᠷᠢᠴᠠᠭᠠᠯᠠᠨ | ᠠᠷᠠᠯᠵᠢᠶᠠᠯᠠᠬᠤ ᠲᠠᠪᠴᠠᠩ ᠢ ᠪᠠᠶᠢᠭᠤᠯᠤᠨ᠎ᠠ᠃ ᠲᠤᠯᠤᠭᠠᠶᠢᠯᠠᠭᠴᠢ ᠠᠵᠤ ᠠᠬᠤᠶᠢᠯᠠᠯ ᠪᠤᠯᠤᠨ ᠵᠤᠬᠢᠬᠤ | ᠬᠡᠪᠴᠢᠶᠡᠵᠢᠭᠰᠡᠨ ᠡᠵᠡᠩᠨᠡᠯᠳᠡ ᠶᠢᠨ ᠭᠤᠤᠯ ᠴᠤᠭᠴᠠ᠂ ᠮᠠᠯᠴᠢᠨ ᠲᠠᠷᠢᠶᠠᠴᠢᠨ ᠡᠷᠦᠬᠡ ᠶᠢᠨ ᠦᠢᠯᠡᠳᠪᠦᠷᠢᠯᠡᠯ | ᠪᠤᠷᠤᠯᠠᠭᠤᠯᠭ᠎ᠠ ᠶᠢ ᠵᠠᠯᠭᠠᠯᠳᠣᠭᠤᠯᠬᠤ ᠪᠤᠯᠤᠨ ᠬᠤᠷᠰᠢᠨ ᠠᠵᠢᠯᠯᠠᠭᠤᠯᠬᠤ ᠶᠢ ᠠᠬᠢᠭᠤᠯᠵᠤ᠂ ᠴᠢᠭᠯᠡᠯᠳᠤ ᠴᠢᠨᠠᠷᠳᠠᠢ | ᠪᠡᠯᠡ ᠤᠷᠤᠭᠤᠯᠤᠯᠳᠠ᠂ ᠰᠢᠯᠢᠳᠡᠭ ᠡᠬᠦᠯᠳᠡᠷ ᠪᠤᠶᠢᠵᠢᠭᠤᠯᠬᠤ᠂ ᠲᠤᠰᠬᠠᠢ ᠲᠦᠷᠦᠯ ᠤᠨ ᠦᠢᠯᠡᠴᠢᠯᠡᠭᠡ᠂ ᠵᠠᠬᠢᠶᠠᠯᠠᠭ᠎ᠠ | ᠪᠠᠷ ᠬᠤᠳᠠᠯᠳᠣᠨ ᠠᠪᠬᠤ ᠵᠡᠷᠬᠡ ᠠᠷᠭ᠎ᠠ ᠪᠠᠷᠢᠯ ᠢᠶᠠᠷ ᠲᠠᠮᠵᠢᠨ ᠦᠷ᠎ᠡ ᠠᠰᠢᠭ ᠤᠨ ᠬᠤᠯᠪᠤᠯᠳᠤᠯ ᠤᠨ ᠲᠤᠭᠳᠠᠴᠠ ᠶᠢ | ᠲᠡᠬᠦᠯᠳᠡᠷᠵᠢᠬᠦᠯᠦᠨ ᠬᠡᠪᠴᠢᠶᠡᠵᠢᠭᠰᠡᠨ ᠡᠵᠡᠩᠨᠡᠯᠳᠡ ᠶᠢᠨ ᠳᠠᠯᠠᠪᠠᠢ ᠶᠢ ᠦᠷᠬᠡᠳᠬᠡᠨ᠎ᠠ᠃ ᠮᠠᠯᠴᠢᠨ ᠲᠠᠷᠢᠶᠠᠴᠢᠳ ᠤᠨ | ᠰᠢᠨ᠎ᠡ ᠶᠢ ᠡᠬᠦᠳᠦᠨ ᠦᠢᠯᠡᠰ ᠪᠤᠰᠬᠠᠬᠤ ᠶᠢ ᠵᠤᠷᠢᠭᠵᠢᠭᠤᠯᠵᠤ ᠮᠡᠷᠭᠡᠵᠢᠯ ᠲᠠᠢ ᠮᠠᠯᠴᠢᠨ ᠲᠠᠷᠢᠶᠠᠴᠢᠨ ᠢ | ᠬᠦᠮᠦᠵᠢᠬᠦᠯᠦᠨ ︽ᠢᠨᠲ᠋ᠧᠷ ᠰᠦᠯᠵᠢᠶ᠎ᠡ +︾ ᠳᠤ ᠰᠠᠭᠤᠷᠢᠯᠠᠨ ᠪᠤᠬᠢᠷᠳᠤᠯ ᠦᠭᠡᠢ᠂ ᠦᠪᠡᠷᠮᠢᠴᠡ ᠤᠨᠴᠠᠯᠢᠭ | ᠪᠦᠬᠦᠢ ᠦᠢᠯᠠᠳᠪᠤᠷᠢᠯᠡᠯ ᠢ ᠦᠷᠨᠢᠬᠦᠯᠵᠦ᠂ ᠨᠢᠭᠡ ᠪᠦᠯᠦᠭ ᠨᠠᠷᠢᠯᠢᠭ ᠰᠠᠶᠢᠬᠠᠨ᠂ ᠤᠨᠴᠠᠯᠢᠭ ᠢᠶᠠᠷ ᠳᠣᠳᠣ ᠮᠠᠯ | ᠲᠠᠷᠢᠶᠠᠯᠠᠩ ᠤᠨ ᠦᠢᠯᠡᠰ ᠤᠨ ᠰᠠᠭᠤᠷᠢᠨ ᠭᠠᠵᠠᠷ ᠪᠠ ᠬᠦᠷᠢᠶᠡᠯᠡᠩ ᠲᠤᠭᠤᠷᠢᠭ ᠢ ᠪᠦᠳᠦᠭᠡᠨ ᠪᠠᠶᠢᠭᠤᠯᠵᠤ᠂ ᠤᠯᠤᠰ | ᠤᠨ ᠲᠡᠰ ᠤᠨ ᠮᠠᠯ ᠲᠠᠷᠢᠶᠠᠯᠠᠩ ᠤᠨ ᠪᠦᠳᠦᠭᠡᠭᠳᠡᠬᠦᠨ ᠤ ᠴᠢᠨᠠᠷ ᠴᠢᠨᠰᠠᠭ᠎ᠠ ᠠᠮᠤᠷ ᠲᠦᠪᠰᠢᠨ ᠬᠤᠰᠢᠭᠤ ᠶᠢ | ᠪᠦᠳᠦᠭᠡᠨ ᠪᠠᠶᠢᠭᠤᠯᠤᠨ᠎ᠠ᠃ ᠤᠷᠳᠤᠰ ᠤᠨ ᠨᠠᠷᠢᠨ ᠨᠤᠤᠰᠤᠳᠤ ᠬᠤᠨᠢ᠂ ᠦᠦᠰᠢᠨ ᠤ ᠲᠠᠯ᠎ᠠ ᠨᠤᠳᠤᠭ ᠤᠨ ᠤᠯᠠᠭᠠᠨ | ᠦᠬᠡᠷ᠂ ᠦᠦᠰᠢᠨ ᠬᠤᠰᠢᠭᠤᠨ ᠤ ᠬᠤᠸᠠᠩ ᠰᠢᠶᠠᠩ ᠳᠡᠮᠳᠡᠭᠳᠣ ᠭᠠᠭ᠋ᠠᠢ ᠵᠡᠷᠬᠡ ᠭᠠᠵᠠᠷ ᠵᠦᠢ ᠶᠢᠨ ᠪᠡᠯᠬᠡ ᠲᠡᠮᠳᠡᠭᠳᠦ | ᠪᠦᠳᠦᠬᠡᠭᠳᠡᠬᠦᠨ ᠤ ᠠᠭᠤᠯᠬᠤᠨ ᠢ ᠴᠢᠨᠠᠭᠰᠢᠳᠠ ᠰᠦᠪᠡᠭᠴᠢᠯᠡᠵᠦ᠂ ᠲᠡᠵᠢᠭᠡᠨ ᠦᠷᠡᠵᠢᠬᠦᠯᠬᠦ ᠴᠢᠨᠠᠷ ᠴᠢᠨᠰᠠᠭ᠎ᠠ ᠶᠢ | ᠲᠡᠭᠡᠭᠰᠢᠯᠡᠬᠦᠯᠬᠦ ᠢᠨᠵᠧᠨᠧᠷᠢᠩ ᠢ ᠬᠡᠷᠡᠭᠵᠢᠬᠦᠯᠦᠨ ᠮᠢᠬᠠᠨ ᠲᠦᠷᠥᠯ ᠤᠨ ᠲᠤᠮᠳᠠ ᠦᠨᠳᠣᠷ ᠵᠡᠷᠬᠡ ᠶᠢᠨ ᠬᠠᠩᠭᠠᠯᠭ᠎ᠠ | ᠶᠢᠨ ᠤᠷᠤᠨ ᠢ ᠪᠠᠶᠢᠭᠤᠯᠤᠨ᠎ᠠ᠃ ᠨᠡᠷᠡᠳᠦ ᠪᠠ ᠠᠯᠳᠠᠷᠳᠤ ᠲᠡᠮᠳᠡᠭᠳᠦ ᠶᠢ ᠬᠦᠴᠦ ᠲᠠᠯᠪᠢᠨ ᠬᠦᠮᠦᠵᠢᠬᠦᠯᠵᠦ ᠮᠠᠯ | ᠲᠠᠷᠢᠶᠠᠯᠠᠩ ᠤᠨ ᠪᠦᠳᠦᠬᠡᠭᠳᠡᠬᠦᠨ ᠢ ︽ᠰᠠᠶᠢᠨ ᠳᠠᠷᠢᠵᠣ᠂ ᠰᠠᠶᠢᠨ ᠮᠠᠯᠵᠢᠵᠣ︾ ᠪᠠᠶᠢᠭᠰᠠᠨ ᠠᠴᠠ ᠪᠠᠨ ︽ | ᠪᠤᠷᠤᠯᠠᠭᠤᠯᠭ᠎ᠠ ᠰᠠᠶᠢᠳᠠᠢ︾ ᠪᠤᠯᠭᠠᠨ᠎ᠠ᠃ ᠨᠢᠭᠡ ᠪᠦᠯᠦᠭ ᠮᠠᠯ ᠲᠠᠷᠢᠶᠠᠯᠠᠩ ᠤᠨ ᠪᠦᠳᠦᠬᠡᠭᠳᠡᠬᠦᠨ ᠢ ᠨᠠᠷᠢᠯᠢᠭ | ᠪᠤᠯᠪᠠᠰᠤᠷᠠᠭᠤᠯᠬᠤ᠂ ᠬᠦᠢᠳᠡᠨ ᠬᠡᠯᠬᠢᠶᠡᠵᠢᠯ ᠤᠨ ᠪᠤᠳᠠᠰ ᠤᠨ ᠭᠦᠢᠯᠭᠡᠭᠡᠨ ᠤ ᠲᠦᠷᠦᠯ ᠵᠦᠢᠯ ᠢ ᠤᠷᠤᠭᠤᠯᠵᠤ ᠮᠠᠯ | ᠲᠠᠷᠢᠶᠠᠯᠠᠩ ᠤᠨ ᠪᠦᠳᠦᠬᠡᠭᠳᠡᠬᠦᠨ ᠤ ᠲᠤᠬᠠᠢ ᠶᠢᠨ ᠭᠠᠵᠠᠷ ᠲᠤᠨᠢ ᠣᠨᠳᠣᠣᠰᠢᠭᠤᠯᠬᠤ ᠨᠤᠷᠮ᠎ᠠ ᠪᠠ ᠨᠡᠮᠡᠯᠳᠡ ᠦᠷᠳᠡᠭ | ᠢ ᠲᠡᠭᠡᠭᠰᠢᠯᠡᠬᠦᠯᠦᠨ ᠮᠠᠯᠴᠢᠨ ᠳᠠᠷᠢᠶᠠᠴᠢᠨ ᠤ ᠣᠷᠣᠯᠭ᠎ᠠ ᠶᠢ ᠣᠯᠠᠨ ᠠᠷᠭ᠎ᠠ ᠵᠠᠮ ᠢᠶᠠᠷ ᠨᠡᠮᠡᠭᠳᠡᠬᠦᠯᠬᠦ ᠶᠢ | ᠠᠬᠢᠭᠤᠯᠣᠨ᠎ᠠ᠃ 2022 ᠤᠨ ᠪᠤᠯᠬᠤ ᠳᠤ ᠮᠠᠯᠴᠢᠨ ᠲᠠᠷᠢᠶᠠᠴᠢᠨ ᠤ ᠮᠠᠯ ᠲᠠᠷᠢᠶᠠᠯᠠᠩ ᠤᠨ ᠪᠤᠰᠤ ᠠᠵᠤ ᠦᠢᠯᠡᠰ | ᠤᠨ ᠤᠷᠤᠯᠭ᠎ᠠ ᠶᠢ 10% ᠲᠡᠭᠡᠭᠰᠢᠯᠡᠬᠦᠯᠦᠨ᠎ᠡ᠃ ᠬᠤᠳᠠ ᠬᠦᠳᠡᠭᠡ ᠶᠢᠨ ᠴᠢᠬᠤᠯᠠ ᠬᠦᠴᠦᠨ ᠵᠣᠶᠢᠯ ᠤᠨ ᠢᠵᠢ | ᠪᠦᠷᠢᠳᠦᠬᠦ ᠶᠢ ᠨᠢᠭᠡᠳᠦᠯᠳᠡᠢ ᠲᠦᠯᠦᠪᠯᠡᠨ ᠮᠠᠯᠵᠢᠬᠤ ᠲᠠᠷᠢᠶᠠᠯᠠᠬᠤ ᠤᠷᠤᠨ ᠤ ᠤᠷᠤᠰᠢᠨ ᠰᠠᠭᠤᠷᠢᠰᠢᠬᠤ ᠤᠷᠴᠢᠨ | ᠲᠤᠭᠤᠷᠢᠨ ᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭᠠᠨ ᠢ ᠬᠦᠨᠵᠡᠭᠡᠢ ᠦᠷᠨᠢᠬᠦᠯᠵᠣ ︽ᠰᠢᠳᠠᠮᠠᠬᠠᠢ ᠬᠡᠢ | ᠶᠢ ᠨᠡᠶᠢᠳᠡᠮᠵᠢᠬᠦᠯᠥᠭᠰᠡᠨ ᠦᠦᠰᠢᠨ︾ ᠤ ᠢᠨᠵᠧᠨᠧᠷᠢᠩ ᠢ ᠠᠬᠢᠭᠤᠯᠵᠤ᠂ ᠵᠢᠵᠢᠭ ᠬᠤᠳᠠ ᠪᠠᠯᠭᠠᠰᠤ ᠪᠠ ᠬᠦᠳᠡᠭᠡ | ᠲᠤᠰᠬᠤᠨ ᠤ ᠳᠣᠯᠠᠭᠠᠯᠠᠯᠭ᠎ᠠ ᠬᠠᠩᠭᠠᠬᠤ᠂ ᠪᠤᠬᠢᠷ ᠤᠰᠤ᠂ ᠬᠤᠭ ᠨᠣᠪᠰᠢ ᠰᠢᠢᠳᠪᠤᠷᠢᠯᠡᠬᠦ ᠵᠡᠷᠬᠡ ᠴᠢᠳᠡᠪᠬᠢ ᠶᠢ | ᠲᠦᠬᠦᠷᠵᠢᠬᠦᠯᠥᠨ ᠮᠠᠯᠵᠢᠬᠤ ᠳᠠᠷᠢᠶᠠᠯᠠᠬᠤ ᠣᠷᠣᠨ ᠤ ᠴᠠᠬᠢᠯᠭᠠᠨ ᠬᠦᠴᠦᠨ᠂ ᠵᠠᠮ᠂ ᠣᠰᠣᠨ ᠠᠰᠢᠭᠯᠠᠯᠳᠠ᠂ ᠴᠢᠮᠡᠭᠡ | ᠬᠤᠯᠪᠣᠭ᠎ᠠ ᠵᠡᠷᠬᠡ ᠰᠠᠭᠤᠷᠢ ᠲᠦᠭᠦᠬᠡᠷᠦᠮᠵᠢ ᠶᠢᠨ ᠪᠠᠶᠢᠭᠤᠯᠤᠯᠳᠠ ᠶᠢ ᠴᠢᠩᠭᠠᠳᠬᠠᠵᠣ ᠮᠠᠯᠵᠢᠬᠤ ᠲᠠᠷᠢᠶᠠᠯᠠᠬᠤ ᠤᠷᠤᠨ | ᠤ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠤ ᠳᠣᠳᠠᠭᠤᠳᠠᠯ ᠢ ᠨᠦᠬᠦᠪᠦᠷᠢᠯᠡᠨ᠂ ᠨᠢᠭᠡ ᠪᠦᠯᠦᠭ ᠭᠤᠶᠢᠳᠠ | ᠦᠵᠡᠰᠬᠦᠯᠡᠩᠳᠣ ᠰᠠᠶᠢᠬᠠᠨ ᠵᠢᠵᠢᠭ ᠪᠠᠯᠭᠠᠰᠤ ᠪᠠ ᠤᠷᠤᠰᠢᠨ ᠰᠠᠭᠤᠷᠢᠰᠢᠬᠤ ᠳᠤ ᠲᠤᠬᠢᠳᠠᠢ ᠬᠦᠳᠡᠭᠡ ᠲᠤᠰᠬᠤᠨ ᠤ | ᠲᠠᠭᠤᠷᠢᠶᠠᠯ ᠴᠢᠭ ᠢ ᠪᠣᠢ ᠪᠣᠯᠭᠠᠵᠣ᠂ ᠮᠠᠯᠵᠢᠬᠤ ᠲᠠᠷᠢᠶᠠᠯᠠᠬᠤ ᠤᠷᠤᠨ ᠢ ᠨᠡᠩ ᠦᠵᠡᠰᠬᠦᠯᠡᠩᠳᠣ ᠰᠠᠶᠢᠬᠠᠨ᠂ ᠮᠠᠯᠴᠢᠨ | ᠲᠠᠷᠢᠶᠠᠴᠢᠨ ᠤ ᠠᠮᠢᠳᠤᠷᠠᠯ ᠢ ᠨᠡᠩ ᠵᠤᠯ ᠵᠢᠷᠭᠠᠯᠳᠠᠢ ᠪᠤᠯᠭᠠᠨ᠎ᠠ᠃ | ︵ᠭᠤᠷᠪᠠ︶ ᠰᠤᠶᠤᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠳᠡᠭᠡᠷ᠎ᠡ ᠤᠯᠠᠨ ᠡᠰᠢ ᠪᠠᠷ | ᠬᠦᠴᠦᠯᠡᠵᠦ᠂ ᠰᠢᠨ᠎ᠡ ᠬᠡᠯᠪᠡᠷᠢ ᠶᠢᠨ ᠦᠢᠯᠡᠰ ᠢ ᠤᠯᠠᠮ ᠠᠮᠢᠵᠢᠷᠠᠯ ᠤᠨ ᠬᠦᠴᠦᠨ ᠪᠢᠯᠬᠠᠭᠤᠯᠤᠨ᠎ᠠ᠃ ᠨᠡᠶᠢᠭᠡᠮ | ᠵᠢᠷᠤᠮᠲᠤ ᠭᠤᠣᠯᠯᠠᠭᠴᠢ ᠥᠷᠳᠡᠭ ᠤᠨ ᠦᠵᠡᠯᠲᠡ ᠶᠢ ᠬᠥᠮᠥᠵᠢᠭᠦᠯᠵᠦ ᠣᠶᠢᠯᠡᠳᠣᠯᠬᠡᠵᠢᠬᠦᠯᠥᠨ ᠬᠦᠰᠡᠯ ᠢᠲᠡᠭᠡᠯ ᠤᠨ | ᠬᠦᠮᠦᠵᠢᠯ ᠢ ᠭᠦᠨᠵᠡᠭᠡᠢ ᠥᠷᠨᠢᠭᠦᠯᠵᠦ ᠰᠤᠶᠤᠯ ᠤᠨ ᠢᠲᠡᠭᠡᠯ ᠢ ᠴᠢᠩᠭᠠᠳᠬᠠᠨ᠎ᠠ᠃ ᠤᠯᠠᠨ ᠨᠡᠶᠢᠲᠡ ᠶᠢᠨ ᠰᠤᠶᠤᠯ ᠤᠨ | ᠦᠢᠯᠡᠴᠢᠯᠡᠭᠡᠨ ᠤ ᠪᠠᠷᠢᠮᠵᠢᠶᠠᠴᠢᠯᠠᠯ ᠢ ᠲᠦᠯᠬᠢᠨ ᠠᠬᠢᠭᠤᠯᠵᠤ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ | ᠢᠨᠵᠧᠨᠧᠷᠢᠩ ᠢ ᠬᠡᠷᠡᠭᠵᠢᠭᠦᠯᠦᠨ ᠳᠣᠭᠠᠴᠠᠯᠠᠭᠰᠠᠨ ᠨᠣᠮ ᠤᠨ ᠰᠠᠩ᠂ ᠳᠣᠭᠠᠴᠠᠯᠠᠭᠰᠠᠨ ᠮᠦᠽᠧᠢ᠂ ᠳᠣᠭᠠᠴᠠᠯᠠᠭᠰᠠᠨ | ᠰᠤᠶᠤᠯ ᠤᠨ ᠣᠷᠳᠣᠨ ᠵᠡᠷᠭᠡ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠤᠯᠠᠨ ᠲᠦᠮᠡᠨ ᠤ ᠣᠶᠣᠨ | ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ ᠪᠦᠬᠦ ᠤᠯᠤᠰ ᠤᠨ ᠬᠤᠰᠢᠭᠤ ᠰᠢᠶᠡᠨ ᠳᠡᠰ ᠤᠨ ᠪᠤᠯᠪᠠᠰᠤᠨ | ᠬᠤᠲᠠ ᠶᠢᠨ ᠨᠠᠷᠠᠰ ᠤᠨ ᠳᠣᠷᠠᠳᠣᠯᠭ᠎ᠠ ᠶᠢᠨ ᠬᠢᠷᠢ ᠬᠡᠮ ᠢ ᠳᠡᠮᠡᠴᠡᠨ ᠤᠯᠤᠨ᠎ᠠ᠃ ᠰᠣᠶᠣᠯ ᠤᠨ ᠪᠦᠲᠦᠭᠡᠯᠴᠢ | ᠰᠡᠳᠬᠢᠮᠵᠢ ᠲᠠᠢ ᠠᠵᠤ ᠦᠢᠯᠡᠰ ᠤᠨ ᠬᠦᠷᠢᠶᠡᠯᠡᠩ ᠢ ᠰᠠᠶᠢᠳᠣᠷ ᠠᠳᠬᠤᠨ ᠠᠵᠢᠯᠯᠠᠭᠤᠯᠵᠣ᠂ ᠤᠯᠠᠨ ᠨᠡᠶᠢᠲᠡ ᠶᠢᠨ | ᠦᠢᠯᠡᠴᠢᠯᠡᠭᠡᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ ᠨᠡᠩ ᠤᠯᠠᠨ ᠰᠤᠶᠤᠯ ᠤᠨ ᠦᠢᠯᠡᠰᠴᠢᠨ ᠢ | ᠬᠦᠳᠦᠯᠥᠨ ᠳᠠᠭᠠᠭᠤᠯᠵᠣ ᠬᠦᠷᠢᠶᠡᠯᠡᠩ ᠲᠤᠭᠤᠷᠢᠭ ᠲᠤ ᠲᠥᠪᠯᠡᠷᠡᠭᠦᠯᠦᠨ ᠣᠯᠠᠨ ᠤ ᠬᠦᠷᠢᠶᠡᠯᠡᠯ᠂ ᠠᠷᠠᠯᠵᠢᠶᠠᠨ ᠤ | ᠠᠮᠢᠰᠬᠤᠯ ᠢ ᠬᠤᠷᠠᠮᠳᠤᠭᠤᠯᠤᠨ᠎ᠠ᠃ ᠪᠦᠬᠦ ᠣᠷᠣᠨ ᠪᠦᠰᠡ ᠶᠢᠨ ᠵᠢᠭᠤᠯᠴᠢᠯᠠᠯ ᠤᠨ ᠬᠥᠭᠵᠢᠯᠲᠡ ᠶᠢ ᠲᠦᠯᠬᠢᠨ | ᠠᠬᠢᠭᠤᠯᠵᠤ ᠰᠢᠷᠬᠤᠰᠤᠨ ᠰᠤᠶᠤᠯ᠂ ᠠᠮᠢ ᠠᠬᠤᠢ ᠶᠢᠨ ᠰᠣᠶᠣᠯ᠂ ᠲᠠᠯ᠎ᠠ ᠨᠤᠲᠤᠭ ᠤᠨ ᠰᠤᠶᠤᠯ ᠤᠨ ᠠᠭᠤᠯᠬᠤᠨ ᠢ | ᠭᠦᠨ ᠠᠭᠤᠳᠠᠯᠤᠨ ᠰᠤᠶᠤᠯ ᠵᠢᠭᠤᠯᠴᠢᠯᠠᠯ ᠤᠨ ᠦᠢᠯᠡᠰ ᠢ ᠠᠵᠤ ᠦᠢᠯᠡᠳᠪᠦᠷᠢ᠂ ᠲᠠᠷᠢᠶᠠᠯᠠᠩ ᠮᠠᠯ ᠠᠵᠣ ᠠᠬᠤᠢ᠂ | ᠰᠤᠶᠤᠯ ᠲᠠᠮᠢᠷ ᠵᠡᠷᠭᠡ ᠠᠵᠤ ᠦᠢᠯᠡᠰ ᠲᠠᠢ ᠠᠭᠤᠰᠤᠯᠴᠠᠭᠤᠯᠤᠨ ᠰᠢᠷᠬᠤᠰᠤᠨ ᠭᠤᠣᠯ ᠪᠠ ᠪᠠᠶᠠᠨᠨᠠᠭᠤᠷ ᠤᠨ ᠲᠠᠯ᠎ᠠ | ᠨᠤᠲᠤᠭ ᠵᠡᠷᠭᠡ ᠦᠵᠡᠮᠵᠢ ᠶᠢᠨ ᠣᠷᠣᠨ ᠢ ᠨᠢᠬᠡ ᠴᠣᠭᠴᠠᠵᠢᠭᠤᠯᠣᠨ ᠪᠦᠲᠦᠭᠡᠨ ᠪᠠᠶᠢᠭᠤᠯᠵᠤ᠂ ᠭᠤᠣᠯ ᠦᠵᠡᠮᠵᠢ ᠶᠢᠨ | ᠣᠷᠣᠨ᠂ ᠵᠢᠭᠤᠯᠴᠢᠯᠠᠯ ᠤᠨ ᠵᠠᠮ ᠱᠤᠭᠤᠮ ᠤᠨ ᠠᠭᠤᠯᠵᠡᠷ ᠴᠡᠭ ᠤᠨ ᠲᠤᠨᠤᠭ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠶᠢ ᠲᠡᠭᠦᠯᠳᠡᠷᠵᠢᠭᠦᠯᠦᠨ ᠮᠠᠯᠴᠢᠨ ᠲᠠᠷᠢᠶᠠᠴᠢᠨ ᠠᠶᠢᠯ ᠤᠨ ᠵᠣᠴᠢᠯᠠᠭ᠎ᠠ᠂ ᠬᠤᠪᠢ ᠶᠢᠨ ᠮᠠᠰᠢᠨ ᠢᠶᠠᠷ | ᠵᠤᠭᠠᠴᠠᠬᠤ ᠪᠠᠭᠤᠴᠠ ︵ᠥᠷᠲᠡᠭᠡ︶ ᠶᠢᠨ ᠵᠢᠭᠤᠯᠴᠢᠯᠡᠯ ᠤᠨ ᠪᠠᠶᠠᠴᠢᠯᠡᠨ ᠣᠶᠢᠯᠠᠭᠠᠬᠤ ᠲᠦᠷᠥᠯ ᠵᠣᠶᠢᠯ ᠢ | ᠭᠦᠢᠴᠡᠳ ᠪᠣᠯᠭᠠᠵᠤ᠂ ᠵᠢᠭᠤᠯᠴᠢᠯᠠᠯ ᠤᠨ ᠴᠡᠭ ᠢ ᠵᠢᠭᠤᠯᠴᠢᠯᠠᠯ ᠤᠨ ᠱᠣᠭᠤᠮ ᠪᠣᠯᠭᠠᠨ ᠵᠡᠷᠬᠡ ᠳᠠᠰ ᠢ | ᠳᠡᠭᠡᠭᠰᠢᠯᠡᠭᠦᠯᠵᠦ ᠪᠠᠶᠢᠭᠠᠯᠢ ᠶᠢᠨ ᠦᠵᠡᠮᠵᠢ ᠨᠡᠩ ᠦᠵᠡᠰᠬᠦᠯᠡᠩ ᠰᠠᠶᠢᠬᠠᠨ ᠪᠦᠬᠦ ᠣᠷᠣᠨ ᠪᠦᠰᠠ ᠶᠢᠨ | ᠵᠢᠭᠤᠯᠴᠢᠯᠠᠯ ᠤᠨ ᠬᠠᠷᠠᠯᠳᠠᠳᠣ ᠣᠷᠣᠨ ᠪᠠ ᠰᠤᠶᠤᠯ ᠵᠢᠭᠤᠯᠴᠢᠯᠠᠯ ᠠᠭᠤᠰᠤᠯᠴᠠᠭᠰᠠᠨ ᠳᠠᠭᠤᠷᠢᠶᠠᠯ ᠣᠷᠣᠨ ᠢ | ᠪᠦᠲᠦᠭᠡᠨ ᠪᠠᠶᠢᠭᠤᠯᠵᠣ ᠵᠢᠭᠤᠯᠴᠢᠯᠡᠯ ᠤᠨ ᠶᠡᠷᠦᠩᠬᠡᠶᠢᠯᠡᠭᠰᠠᠨ ᠣᠷᠣᠯᠭ᠎ᠠ ᠶᠢ ᠵᠢᠯ ᠳᠣᠮᠳᠠᠴᠢ ᠪᠠᠷ 10% | ᠨᠡᠮᠡᠭᠳᠡᠬᠦᠯᠥᠨ᠎ᠠ᠃ ︽ᠣᠯᠠᠨ ᠬᠤᠷᠠᠬᠤ︾ ᠵᠡᠷᠭᠡ ᠪᠠᠶᠠᠷ ᠳᠤᠷᠠᠰᠬᠠᠯ ᠤᠨ ᠨᠡᠷ᠎ᠡ ᠳᠡᠮᠳᠡᠭᠲᠦ ᠳᠤ ᠳᠦᠰᠢᠭᠯᠡᠨ | ᠦᠨᠳᠦᠰᠦᠲᠡᠨ᠂ ᠵᠠᠩ ᠣᠶᠢᠯᠡ ᠶᠢᠨ ᠰᠤᠶᠤᠯ ᠢᠶᠠᠷ ᠭᠤᠣᠯ ᠰᠡᠳᠦᠪ ᠪᠣᠯᠭᠠᠭᠰᠠᠨ ᠥᠪᠡᠷᠮᠢᠴᠡ ᠣᠨᠴᠠᠯᠢᠭᠳᠣ | ᠰᠤᠶᠤᠯ ᠤᠨ ᠪᠦᠳᠦᠬᠡᠭᠳᠡᠬᠦᠨ ᠤ ᠪᠣᠷᠣᠯᠠᠭᠤᠯᠣᠯᠳᠠ ᠶᠢᠨ ᠵᠠᠬ᠎ᠠ ᠳᠡᠯᠭᠡᠬᠦᠷ ᠢ ᠥᠷᠭᠡᠳᠬᠡᠵᠦ᠂ ᠪᠤᠳᠠᠰ ᠤᠨ ᠪᠤᠰᠤ | ᠰᠤᠶᠤᠯ ᠤᠨ ᠥᠪ ᠢ ᠤᠯᠠᠮᠵᠢᠯᠠᠵᠤ ᠬᠠᠮᠠᠭᠠᠯᠠᠬᠤ ᠶᠢ ᠵᠢᠭᠤᠯᠴᠢᠯᠠᠯ᠂ ᠭᠠᠷ ᠤᠷᠠᠯᠠᠯ ᠤᠨ ᠪᠦᠳᠦᠬᠡᠭᠳᠡᠬᠦᠨ ᠤ | ᠦᠢᠯᠡᠳᠪᠦᠷᠢᠯᠡᠯ ᠲᠠᠢ ᠬᠠᠷᠢᠯᠴᠠᠨ ᠠᠬᠢᠭᠤᠯᠵᠤ ᠬᠠᠮᠲᠤ ᠪᠠᠷ ᠬᠦᠭᠵᠢᠬᠦᠯᠥᠭᠰᠡᠨ ᠪᠠᠶᠢᠳᠠᠯ ᠢ ᠪᠦᠷᠢᠯᠳᠦᠬᠦᠯᠥᠨ᠎ᠠ᠃ | ᠠᠷᠠᠯᠵᠢᠶ᠎ᠠ ᠬᠤᠳᠠᠯᠳᠤᠭ᠎ᠠ᠂ ᠭᠦᠢᠯᠭᠡᠭᠡ ᠵᠡᠷᠭᠡ ᠠᠵᠢᠯ ᠲᠦᠷᠦᠯ ᠢ ᠰᠦᠯᠵᠢᠶᠡᠨ ᠤ ᠭᠠᠳᠠᠨ᠎ᠠ ᠳᠣᠲᠤᠨ᠎ᠠ ᠭᠦᠨ | ᠤᠶᠠᠯᠳᠤᠭᠤᠯᠤᠨ ᠠᠮᠢᠳᠤᠷᠠᠯ ᠤᠨ ᠴᠢᠨᠠᠷ ᠲᠠᠢ ᠦᠢᠯᠡᠴᠢᠯᠡᠭᠡᠨ ᠤ ᠲᠥᠷᠥᠯ ᠤᠨ ᠨᠠᠷᠢᠯᠢᠭᠵᠢᠭᠤᠯᠣᠯᠳᠠ ᠪᠠ | ᠴᠢᠨᠡᠷᠵᠢᠭᠤᠯᠣᠯᠳᠠ ᠶᠢᠨ ᠬᠢᠷᠢ ᠳᠥᠪᠰᠢᠨ ᠢ ᠳᠡᠭᠡᠭᠰᠢᠯᠡᠭᠦᠯᠦᠨ᠎ᠡ᠃ ᠭᠤᠷᠪᠠᠳᠤᠭᠠᠷ ᠲᠠᠯ᠎ᠠ ᠶᠢᠨ ᠪᠤᠳᠠᠰ ᠤᠨ | ᠭᠦᠢᠯᠭᠡᠭᠡ ᠶᠢ ᠶᠡᠬᠡᠪᠡᠷ ᠬᠥᠭᠵᠢᠭᠦᠯᠵᠦ᠂ ᠲᠠᠸᠠᠷ ᠤᠨ ᠪᠦᠭᠡᠮ ᠠᠷᠠᠯᠵᠢᠶ᠎ᠠ᠂ ᠲᠦᠪᠯᠡᠷᠡᠬᠦᠯᠵᠣ ᠲᠠᠷᠬᠠᠭᠠᠵᠣ | ᠵᠥᠭᠡᠭᠡᠪᠦᠷᠢᠯᠡᠬᠦ ᠲᠣᠣᠷ᠂ ᠴᠢᠮᠡᠭᠡ ᠵᠠᠩᠭᠢ ᠶᠢᠨ ᠮᠥᠩᠭᠦᠨ ᠭᠦᠢᠯᠭᠡᠭᠡ ᠪᠠᠷ ᠲᠤᠯᠭᠠᠭᠤᠷᠢᠯᠠᠭᠤᠯᠤᠭᠰᠠᠨ ︽ᠭᠤᠷᠪᠠ ᠶᠢ | ᠨᠢᠬᠡ ᠴᠣᠭᠴᠠᠵᠢᠭᠤᠯᠬᠤ︾ ᠲᠠᠪᠴᠠᠩ ᠢ ᠪᠦᠲᠦᠭᠡᠨ ᠪᠠᠶᠢᠭᠤᠯᠵᠤ᠂ ᠪᠤᠳᠠᠰ ᠤᠨ ᠭᠦᠢᠯᠭᠡᠭᠡ ᠶᠢ ᠨᠡᠩ ᠰᠢᠯᠣᠭᠤᠨ | ᠨᠡᠪᠲᠡᠷᠡᠭᠦᠯᠦᠨ ᠲᠦᠬᠦᠷᠵᠢᠭᠰᠡᠨ ᠦᠢᠯᠡᠴᠢᠯᠡᠭᠡᠨ ᠤ ᠰᠢᠰᠲ᠋ᠧᠮ ᠢ ᠨᠡᠩ ᠲᠡᠭᠦᠯᠳᠡᠷᠵᠢᠭᠦᠯᠵᠣ ᠪᠤᠭᠤᠲᠤ ᠬᠥᠬᠡᠬᠤᠲᠠ | ᠢᠷᠭᠠᠢ ᠲᠡᠮᠡᠭᠡᠲᠦ ᠵᠡᠷᠭᠡ ᠶᠢᠨ ᠭᠠᠵᠠᠷ ᠣᠷᠣᠨ ᠤ ᠴᠢᠨᠠᠷᠲᠠᠢ ᠪᠤᠳᠠᠰ ᠤᠨ ᠭᠦᠢᠯᠭᠡᠭᠡ ᠶᠢᠨ ᠠᠭᠤᠯᠵᠠᠷ ᠴᠡᠭ ᠪᠠ | ᠤᠮᠠᠷᠠᠲᠤ ᠶᠢᠨ ᠨᠡᠭᠦᠷᠡᠰᠦ ᠶᠢ ᠡᠮᠦᠨᠡᠰᠢ ᠲᠡᠭᠡᠭᠡᠪᠦᠷᠢᠯᠡᠬᠦ ᠠᠵᠢᠯ ᠤᠨ ᠲᠦᠪᠯᠡᠷᠡᠬᠦᠯᠵᠣ ᠬᠦᠷᠬᠡᠬᠦ ᠴᠡᠭ ᠢ ᠴᠣᠭᠴᠠᠯᠠᠨ | ᠪᠠᠶᠢᠭᠤᠯᠤᠨ᠎ᠠ᠃ 2022 ᠣᠨ ᠪᠣᠯᠬᠤ ᠳᠤ ᠲᠡᠮᠦᠷ ᠵᠠᠮ ᠤᠨ ᠲᠡᠭᠡᠭᠡᠪᠦᠷᠢ ᠶᠢᠨ ᠴᠢᠳᠠᠪᠤᠷᠢ ᠶᠢ 1.2 ᠳ᠋ᠦᠩᠰᠢᠭᠤᠷ | ᠳᠣᠨᠨ᠋ᠨ ᠭᠦᠷᠭᠡᠵᠦ᠂ ᠦᠢᠯᠡᠴᠢᠯᠡᠭᠡᠨ ᠤ ᠲᠦᠷᠦᠯ ᠤᠨ GDP ᠳᠠᠬᠢ ᠡᠵᠡᠯᠡᠬᠦ ᠬᠠᠷᠢᠴᠠᠯ ᠢ 27% ᠠᠴᠠ ᠳᠡᠭᠡᠭᠰᠢ | ᠪᠣᠯᠭᠠᠨ᠎ᠠ᠃ | ︵ᠳᠥᠷᠪᠡ︶ ᠨᠠᠷᠢᠯᠢᠭᠵᠢᠭᠤᠯᠣᠭᠰᠠᠨ ᠬᠠᠮᠢᠶᠠᠷᠤᠯᠲᠠ ᠳᠡᠭᠡᠷ᠎ᠡ ᠶᠡᠭᠡ ᠬᠦᠴᠦ ᠲᠠᠯᠪᠢᠵᠦ᠂ ᠰᠠᠭᠤᠷᠢ | ᠳᠠᠭᠠᠭᠠᠴᠠ ᠶᠢ ᠨᠡᠩ ᠵᠣᠬᠢᠴᠠᠩᠭᠤᠢ ᠪᠣᠯᠭᠠᠨ᠎ᠠ᠃ ᠬᠦᠮᠦᠨ ᠢᠶᠠᠷ ᠭᠤᠣᠯ ᠪᠣᠯᠭᠠᠭᠰᠠᠨ ᠰᠢᠨ᠎ᠡ ᠬᠡᠯᠪᠠᠷᠢ ᠶᠢᠨ ᠬᠤᠲᠠ | ᠪᠠᠯᠭᠠᠰᠣᠵᠢᠯᠳᠡ ᠶᠢ ᠯᠠᠪᠳᠠᠭᠤᠨ ᠠᠬᠢᠭᠤᠯᠵᠤ᠂ ᠬᠤᠲᠠ ᠪᠠᠯᠭᠠᠰᠤᠨ ᠤ ᠵᠡᠷᠬᠡ ᠳᠠᠰ ᠢ ᠳᠡᠭᠡᠭᠰᠢᠯᠡᠭᠦᠯᠬᠦ | ᠢᠨᠵᠧᠨᠧᠷᠢᠩ ᠢ ᠬᠡᠷᠡᠭᠵᠢᠭᠦᠯᠦᠨ ᠪᠤᠷᠤᠭᠠᠨ ᠤᠰᠤ ᠶᠢ ᠳᠠᠬᠢᠨ ᠠᠰᠢᠭᠯᠠᠨ ᠦᠶᠡᠷ ᠤᠰᠤᠳᠤᠯ ᠢ ᠰᠡᠷᠭᠡᠶᠢᠯᠡᠬᠦ᠂ | ᠰᠠᠭᠠᠳ ᠦᠬᠡᠢ ᠨᠡᠪᠳᠡᠷᠡᠬᠦ᠂ ᠬᠤᠲᠠ ᠪᠠᠯᠭᠠᠰᠤᠨ ᠤ ᠬᠤᠭᠤᠯᠠᠢ ᠲᠣᠣᠷ᠂ ᠴᠡᠴᠡᠷᠯᠢᠭᠵᠢᠭᠦᠯᠦᠯᠲᠡ | ᠨᠣᠭᠤᠭᠠᠷᠠᠭᠤᠯᠤᠯᠲᠠ ᠵᠡᠷᠭᠡ ᠲᠠᠯ᠎ᠠ ᠳᠡᠭᠡᠷ᠎ᠡ ᠨᠢᠭᠡ ᠪᠦᠯᠦᠭ ᠲᠦᠷᠦᠯ ᠵᠦᠢᠯ ᠢ ᠰᠦᠪᠡᠭᠴᠢᠯᠡᠨ᠎ᠡ᠃ ᠳᠣᠯᠠᠭᠠᠯᠠᠯᠭ᠎ᠠ | ᠬᠠᠩᠭᠠᠬᠤ᠂ ᠪᠣᠬᠢᠷᠳᠤᠯ ᠭᠠᠳᠠᠭᠰᠢᠯᠠᠭᠤᠯᠬᠤ᠂ ᠬᠡᠷᠡᠯᠳᠦᠬᠦᠯᠥᠯᠬᠡ ᠵᠡᠷᠭᠡ ᠲᠥᠬᠦᠭᠡᠷᠦᠮᠵᠢ ᠶᠢ ᠵᠢᠵᠢᠭ ᠵᠡᠭᠡᠯᠢ | ᠭᠤᠳᠤᠮᠵᠢ ᠳᠠᠰᠢ ᠥᠷᠭᠡᠳᠬᠡᠨ᠎ᠡ᠃ ᠭᠤᠣᠯᠳᠠᠯᠭᠠᠳᠣ ᠣᠷᠣᠨ ᠪᠦᠰᠡ᠂ ᠭᠤᠣᠯ ᠪᠣᠯᠬᠤ ᠠᠭᠤᠯᠵᠠᠷ ᠤᠨ ᠴᠡᠭ ᠤᠨ | ᠦᠵᠡᠮᠵᠢ ᠶᠢᠨ ᠳᠡᠭᠡᠭᠰᠢᠯᠡᠭᠦᠯᠦᠯᠲᠡ ᠶᠢ ᠰᠠᠶᠢᠲᠤᠷ ᠠᠳᠬᠤᠵᠤ᠂ ᠪᠣᠷᠣ ᠭᠡᠷᠲᠣ ᠲᠤᠭᠤᠷᠢᠭ ᠤᠨ ᠥᠭᠡᠷᠡᠴᠢᠯᠡᠯᠲᠡ ᠶᠢ | ᠪᠡᠶᠡᠯᠡᠭᠦᠯᠦᠨ᠎ᠡ᠃ ᠴᠠᠭ ᠳᠣᠬᠠᠢ ᠳᠤᠨᠢ ᠬᠢᠨᠠᠨ ᠡᠵᠡᠮᠳᠡᠭᠰᠡᠨ᠂ ᠬᠤᠲᠠ ᠪᠠᠯᠭᠠᠰᠣ ᠶᠢᠨ ᠬᠠᠮᠢᠶᠠᠷᠤᠯᠲᠠ ᠶᠢᠨ | ᠥᠳᠲᠦᠷ ᠲᠦᠷᠭᠡᠨ ᠦᠨᠳᠦᠷ ᠪᠦᠲᠦᠮᠵᠢ ᠲᠠᠢ ᠲᠣᠭᠠᠴᠠᠯᠠᠭᠰᠠᠨ ᠣᠶᠣᠨᠴᠢ ᠴᠢᠮᠡᠭᠡ ᠵᠠᠩᠭᠢ ᠶᠢᠨ ᠳᠠᠪᠴᠠᠩ ᠢ | ᠪᠦᠲᠦᠭᠡᠨ ᠪᠠᠶᠢᠭᠤᠯᠵᠤ᠂ ᠬᠤᠲᠠ ᠪᠠᠯᠭᠠᠰᠤ ᠶᠢᠨ ᠨᠠᠷᠢᠯᠢᠭᠵᠢᠭᠤᠯᠣᠭᠰᠠᠨ ᠬᠠᠮᠢᠶᠠᠷᠤᠯᠲᠠ ᠶᠢᠨ ᠬᠢᠷᠢ ᠳᠥᠪᠰᠢᠨ ᠢ | ᠳᠡᠭᠡᠭᠰᠢᠯᠡᠭᠦᠯᠦᠨ᠎ᠡ᠃ ᠡᠷᠦᠬᠡ ᠠᠮᠠ ᠶᠢᠨ ᠳᠥᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠤᠶᠤᠯ᠂ | ᠰᠤᠷᠭᠠᠨ ᠬᠦᠮᠦᠵᠢᠯ᠂ ᠡᠮᠴᠢᠯᠡᠭᠡ᠂ ᠨᠠᠰᠤᠵᠢᠯ ᠤᠨ ᠠᠰᠠᠷᠠᠮᠵᠢ᠂ ᠦᠢᠯᠡᠰ ᠪᠣᠰᠬᠠᠵᠣ ᠠᠵᠢᠯ ᠣᠯᠬᠤ ᠵᠡᠷᠭᠡ | ᠲᠠᠯ᠎ᠠ ᠶᠢᠨ ᠲᠥᠬᠦᠭᠡᠷᠦᠮᠵᠢ ᠶᠢ ᠲᠡᠭᠦᠯᠳᠡᠷᠵᠢᠭᠦᠯᠦᠨ ᠰᠠᠭᠤᠭᠠᠯᠢ ᠠᠷᠠᠳ ᠲᠤ ᠣᠬᠢ ᠰᠠᠶᠢᠨ ᠤᠯᠠᠨ ᠨᠡᠶᠢᠲᠡ ᠶᠢᠨ | ᠦᠢᠯᠡᠴᠢᠯᠡᠭᠡ ᠬᠠᠩᠭᠠᠵᠤ ᠬᠤᠲᠠ ᠪᠠᠯᠭᠠᠰᠤ ᠶᠢ ᠤᠯᠠᠮ ᠲᠣᠬᠢᠯᠢᠭ ᠰᠠᠶᠢᠬᠠᠨ᠂ ᠠᠵᠢᠯᠯᠠᠵᠤ ᠠᠮᠢᠳᠤᠷᠠᠬᠤ ᠳᠤ ᠨᠡᠩ | ᠲᠣᠬᠢᠷᠠᠮᠵᠢᠲᠠᠢ ᠪᠣᠯᠭᠠᠨ᠎ᠠ᠃ ᠪᠦᠬᠦ ᠬᠤᠰᠢᠭᠤᠨ ᠤ ᠡᠷᠦᠬᠡ ᠠᠮᠠ ᠶᠢᠨ ᠬᠤᠲᠠ ᠪᠠᠯᠭᠠᠰᠣᠵᠢᠯᠳᠡ ᠶᠢᠨ ᠨᠣᠷᠮ᠎ᠠ ᠶᠢ | 63% ᠠᠴᠠ ᠳᠡᠬᠡᠭᠰᠢ ᠬᠦᠷᠭᠡᠨ᠎ᠡ᠃ ︽ᠳᠤᠯᠤᠭᠠᠨ ᠲᠣᠣᠷ︾ ᠢ ᠬᠠᠮᠳᠣᠪᠠᠷ ᠪᠠᠶᠢᠭᠤᠯᠬᠤ ᠶᠢ ᠪᠠᠷᠢᠮᠲᠠᠯᠠᠵᠤ᠂ | ᠬᠤᠲᠠ ᠬᠦᠳᠡᠭᠡ ᠶᠢᠨ ᠨᠢᠬᠡ ᠴᠣᠭᠴᠠᠵᠢᠭᠤᠯᠣᠭᠰᠠᠨ ᠬᠦᠭᠵᠢᠯᠳᠡ ᠲᠠᠢ ᠵᠣᠬᠢᠴᠠᠭᠰᠠᠨ ᠰᠠᠭᠤᠷᠢ ᠲᠥᠬᠦᠭᠡᠷᠦᠮᠵᠢ ᠶᠢᠨ | ᠰᠢᠰᠲ᠋ᠧᠮ ᠢ ᠪᠠᠶᠢᠭᠤᠯᠤᠨ ᠲᠡᠮᠦᠷ ᠵᠠᠮ ᠤᠨ ᠭᠤᠣᠯ ᠱᠤᠭᠤᠮ ᠢ ᠨᠠᠪᠳᠠᠷᠠᠬᠦᠯᠵᠣ ᠳᠠᠮᠣᠷ ᠵᠠᠮ ᠤᠨ ᠳᠠᠬᠡᠬᠡᠪᠣᠷᠢ ᠶᠢᠨ | ᠲᠣᠣᠷ ᠢ ᠲᠡᠭᠦᠯᠳᠡᠷᠵᠢᠭᠦᠯᠵᠦ᠂ ᠵᠠᠰᠠᠮᠠᠯ ᠵᠠᠮ ᠤᠨ ᠭᠠᠷᠴᠠ ᠶᠢ ᠬᠤᠯᠪᠤᠵᠤ ᠨᠠᠪᠳᠠᠷᠠᠬᠦᠯᠬᠦ ᠢ ᠰᠠᠶᠢᠳᠣᠷ ᠠᠳᠬᠤᠵᠣ | ᠨᠡᠶᠢᠲᠡᠮ ᠬᠡᠷᠡᠭᠯᠡᠭᠡᠨ ᠤ ᠨᠢᠰᠭᠡᠯ ᠤᠨ ᠳᠠᠯᠠᠪᠣᠷ ᠢ ᠪᠦᠲᠦᠭᠡᠨ ᠪᠠᠶᠢᠭᠤᠯᠵᠤ᠂ ᠭᠠᠳᠠᠨ᠎ᠠ ᠳᠤᠳᠤᠨ᠎ᠠ ᠶᠢ ᠬᠤᠯᠪᠣᠨ | ᠬᠤᠲᠠ ᠬᠦᠳᠡᠭᠡ ᠶᠢ ᠪᠦᠷᠬᠦᠭᠰᠡᠨ ᠪᠤᠰᠤᠭ᠎ᠠ ᠴᠤᠭᠴᠠᠲᠤ ᠵᠠᠮ ᠬᠠᠷᠢᠯᠴᠠᠭᠠᠨ ᠤ ᠳᠡᠭᠡᠭᠡᠪᠦᠷᠢ ᠶᠢᠨ ᠲᠣᠣᠷ ᠢ | ᠪᠦᠲᠦᠭᠡᠨ ᠪᠠᠶᠢᠭᠤᠯᠤᠨ᠎ᠠ᠃ 500 ᠺᠢᠯᠣᠸᠠᠲ ᠢᠶᠠᠷ ᠲᠤᠯᠭᠠᠭᠤᠷᠢᠯᠠᠭᠤᠯᠤᠭᠰᠠᠨ ᠳᠠᠩᠴᠡᠬᠦᠷᠢᠳᠣ ᠲᠠᠷᠬᠠᠯᠲᠠ ᠲᠠᠢ | ᠬᠤᠣᠰ ᠬᠠᠷᠢᠯᠲᠠ ᠶᠢᠨ ᠵᠠᠮ ᠲᠠᠢ ᠴᠠᠬᠢᠯᠭᠠᠨ ᠬᠦᠴᠦᠨ ᠤ ᠲᠣᠣᠷ ᠢ ᠪᠦᠲᠦᠭᠡᠨ ᠪᠠᠶᠢᠭᠤᠯᠤᠨ᠎ᠠ᠃ ︽ᠣᠶᠣᠨᠴᠢ | ᠦᠥᠰᠢᠨ︾ ᠢ ᠦᠨᠳᠦᠷ ᠪᠠᠷᠢᠮᠵᠢᠶ᠎ᠠ ᠪᠠᠷ ᠪᠦᠲᠦᠭᠡᠨ ᠪᠠᠶᠢᠭᠤᠯᠵᠤ᠂ ᠰᠠᠭᠤᠷᠢ ᠲᠥᠬᠦᠭᠡᠷᠦᠮᠵᠢ ᠪᠦᠷᠢᠨ ᠲᠡᠭᠦᠯᠳᠡᠷ᠂ | ᠡᠬᠢ ᠪᠠᠶᠠᠯᠢᠭ ᠤᠨ ᠬᠦᠮᠦᠷᠬᠡ ᠪᠦᠷᠢᠨ ᠬᠠᠩᠭᠠᠯᠲᠠ ᠲᠠᠢ ᠪᠠ ᠣᠶᠣᠨᠴᠢ ᠬᠡᠷᠡᠭᠯᠡᠭᠡ ᠬᠤᠷᠠᠮᠳᠤᠭᠰᠠᠨ ᠴᠢᠮᠡᠭᠡ | ᠵᠠᠩᠭᠢᠴᠢᠯᠠᠯᠲᠠ ᠶᠢᠨ ᠳᠠᠪᠴᠠᠩ ᠢ ᠪᠦᠲᠦᠭᠡᠨ ᠪᠠᠶᠢᠭᠤᠯᠤᠨ᠎ᠠ᠃ ᠣᠰᠣᠨ ᠤ ᠡᠩ ᠤᠨ ᠪᠣᠰᠣ ᠡᠬᠢ ᠪᠠᠶᠠᠯᠢᠭ ᠢ | ᠵᠣᠬᠢᠰᠲᠠᠢ ᠨᠡᠭᠡᠭᠡᠨ ᠠᠰᠢᠭᠯᠠᠬᠤ ᠶᠢ ᠯᠠᠪᠳᠠᠭᠤᠨ ᠠᠬᠢᠭᠤᠯᠵᠤ ᠨᠡᠶᠢᠭᠡᠮ ᠤᠨ ᠪᠡᠯᠡ ᠬᠥᠷᠥᠩᠭᠡ ᠶᠢ ᠵᠢᠯᠣᠭᠤᠳᠣᠨ | ᠣᠰᠣᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠣᠯᠳᠠ ᠳᠤ ᠣᠷᠣᠯᠴᠠᠭᠤᠯᠤᠨ ᠣᠰᠣᠨ | ᠠᠰᠢᠭᠯᠠᠯᠲᠠ ᠪᠠᠷ ᠨᠡᠶᠢᠭᠡᠮ ᠠᠵᠤ ᠠᠬᠤᠢ ᠶᠢᠨ ᠬᠥᠭᠵᠢᠯᠲᠡ ᠶᠢ ᠪᠠᠲᠤᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ | ︵ᠲᠠᠪᠤ︶ ᠪᠤᠬᠢᠷᠳᠣᠯ ᠦᠭᠡᠢ ᠬᠥᠭᠵᠢᠯᠲᠡ ᠶᠢ ᠳᠦᠯᠬᠢᠨ ᠠᠬᠢᠭᠤᠯᠬᠤ ᠳᠡᠭᠡᠷ᠎ᠡ ᠲᠤᠭᠲᠠᠭᠤᠨ ᠪᠦᠭᠡᠳ | ᠤᠷᠲᠤ ᠤᠳᠠᠭᠠᠨ ᠪᠣᠳᠣᠯᠭ᠎ᠠ ᠶᠠᠪᠤᠭᠤᠯᠵᠤ᠂ ᠠᠮᠢ ᠠᠬᠤᠢ ᠶᠢᠨ ᠣᠷᠴᠢᠨ ᠲᠤᠭᠤᠷᠢᠨ ᠢ ᠤᠯᠠᠮ ᠥᠵᠡᠰᠭᠦᠯᠡᠩ | ᠰᠠᠶᠢᠬᠠᠨ ᠪᠣᠯᠭᠠᠨ᠎ᠠ᠃ ︽ᠬᠥᠬᠡ ᠣᠭᠲᠤᠷᠭᠤᠢ ᠨᠣᠮᠢᠨ ᠲᠠᠯ᠎ᠠ ᠨᠢ ᠠᠯᠲᠠ ᠮᠥᠩᠭᠦ ᠠᠴᠠ ᠦᠨᠠᠳᠠᠢ︾ ᠭᠡᠬᠦ | ᠣᠶᠢᠯᠠᠭᠠᠭᠳᠠᠬᠤᠨ ᠢ ᠪᠠᠲᠤ ᠪᠦᠷᠢᠯᠳᠦᠭᠦᠯᠵᠦ ᠠᠮᠢ ᠠᠬᠤᠢ ᠶᠢᠨ ᠪᠤᠯᠪᠠᠰᠤᠨ ᠤ ᠪᠦᠲᠦᠭᠡᠨ ᠪᠠᠶᠢᠭᠤᠯᠤᠯᠲᠠ ᠶᠢ ᠠᠵᠤ | ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠲᠠᠯ᠎ᠠ ᠪᠣᠯᠣᠨ ᠪᠦᠬᠦ ᠲᠠᠯ᠎ᠠ ᠳᠤ ᠲᠣᠣᠱᠯᠠᠭᠤᠯᠤᠨ ᠠᠵᠤ ᠠᠬᠤᠢ | ᠨᠡᠶᠢᠭᠡᠮ ᠤᠨ ᠬᠥᠭᠵᠢᠯᠲᠡ ᠶᠢ ᠪᠠᠶᠢᠭᠠᠯᠢ ᠶᠢᠨ ᠨᠦᠬᠦᠴᠡᠯ ᠪᠣᠯᠣᠨ ᠡᠬᠢ ᠪᠠᠶᠠᠯᠢᠭ ᠣᠷᠴᠢᠨ ᠠᠬᠤᠢ ᠶᠢᠨ ᠳᠠᠭᠠᠭᠠᠴᠠ | ᠬᠦᠴᠦᠨ ᠳᠡᠭᠡᠷ᠎ᠡ ᠰᠠᠭᠤᠷᠢᠯᠠᠭᠤᠯᠤᠨ᠎ᠠ᠃ ᠲᠠᠯ᠎ᠠ ᠨᠤᠲᠤᠭ ᠪᠣᠯᠣᠨ ᠨᠣᠭᠤ ᠭᠠᠵᠠᠷ ᠤᠨ ᠬᠠᠮᠠᠭᠠᠯᠠᠯᠲᠠ᠂ ᠬᠦᠷᠦᠰᠣ | ᠰᠢᠷᠦᠢ ᠶᠢᠨ ᠬᠠᠮᠠᠭᠠᠯᠠᠯᠳᠠ ᠵᠡᠷᠭᠡ ᠭᠤᠣᠯ ᠢᠨᠵᠧᠨᠧᠷᠢᠩ ᠢ ᠵᠣᠬᠢᠶᠠᠨ ᠪᠠᠶᠢᠭᠤᠯᠵᠤ ᠬᠡᠷᠡᠭᠵᠢᠭᠦᠯᠦᠨ ᠴᠢᠨᠠᠷ ᠮᠠᠭᠤᠳᠠᠢ | ᠦᠷ᠎ᠡ ᠠᠰᠢᠭ ᠳᠣᠣᠷ᠎ᠠ 50 ᠲᠦᠮᠡᠨ ᠮᠦ ᠣᠢ ᠰᠢᠭᠤᠢ ᠶᠢ ᠥᠭᠡᠷᠡᠴᠢᠯᠡᠨ 100 ᠲᠦᠮᠡᠨ ᠮᠦ ᠠᠴᠠ ᠳᠡᠭᠡᠭᠰᠢ | ᠨᠤᠲᠤᠭ ᠪᠡᠯᠴᠢᠭᠡᠷ ᠢ ᠬᠠᠮᠠᠭᠠᠯᠠᠵᠣ᠂ ᠠᠮᠢ ᠠᠬᠤᠢ ᠶᠢᠨ ᠰᠢᠰᠲ᠋ᠧᠮ ᠤᠨ ᠲᠣᠭᠲᠠᠪᠤᠷᠢᠲᠤ ᠴᠢᠨᠠᠷ ᠢ ᠢᠯᠡᠳᠳᠡ | ᠰᠠᠶᠢᠵᠢᠷᠠᠭᠤᠯᠤᠨ᠎ᠠ᠃ ᠦᠨᠳᠦᠰᠦᠨ ᠠᠴᠠ ᠨᠢ ᠬᠢᠵᠠᠭᠠᠷᠯᠠᠬᠤ᠂ ᠶᠠᠪᠤᠴᠠ ᠳᠤᠨᠢ ᠰᠠᠷᠬᠡᠶᠢᠯᠡᠨ ᠡᠵᠡᠮᠳᠡᠬᠦ ᠶᠢ | ᠳᠣᠪᠣᠶᠢᠯᠭᠠᠵᠤ ᠠᠭᠠᠷ ᠮᠠᠨᠳᠠᠯ᠂ ᠣᠰᠣ ᠬᠦᠷᠣᠰᠣ ᠰᠢᠷᠦᠢ ᠶᠢᠨ ᠪᠤᠬᠢᠷᠳᠣᠯ ᠢ ᠰᠡᠷᠬᠡᠶᠢᠯᠡᠨ ᠵᠠᠰᠠᠬᠤ ᠠᠵᠢᠯᠯᠠᠭᠠᠨ ᠤ | ᠲᠥᠯᠥᠪᠯᠡᠭᠡ ᠶᠢ ᠬᠡᠷᠡᠭᠵᠢᠭᠦᠯᠦᠨ ᠮᠠᠯ ᠳᠠᠷᠢᠶᠠᠯᠠᠩ ᠤᠨ ᠦᠢᠯᠡᠰ ᠲᠤ ᠡᠯᠧᠺᠲᠷᠣᠨ ᠮᠥᠷᠳᠡᠯᠭᠡ ᠶᠢᠨ ᠳᠥᠷᠢᠮ ᠢ | ᠬᠡᠷᠡᠭᠯᠡᠵᠦ᠂ ᠣᠷᠴᠢᠨ ᠲᠤᠭᠤᠷᠢᠨ ᠤ ᠬᠠᠮᠠᠭᠠᠯᠠᠯᠳᠠ ᠶᠢᠨ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠦᠨ ᠠᠮᠢ | ᠠᠬᠤᠢ ᠶᠢᠨ ᠣᠷᠴᠢᠨ ᠲᠣᠭᠤᠷᠢᠨ ᠤ ᠴᠢᠨᠠᠷ ᠴᠢᠨᠰᠠᠭ᠎ᠠ ᠶᠢ ᠵᠢᠯ ᠠᠴᠠ ᠵᠢᠯ ᠰᠠᠶᠢᠵᠢᠷᠠᠭᠤᠯᠬᠤ ᠶᠢ ᠪᠠᠳᠣᠯᠠᠨ᠎ᠠ᠃ | ᠣᠷᠴᠢᠨ ᠲᠤᠭᠤᠷᠢᠨ ᠤ ᠪᠣᠬᠢᠷᠳᠤᠯ ᠢ ᠵᠠᠬ᠎ᠠ ᠳᠡᠯᠭᠡᠭᠦᠷᠴᠢᠯᠡᠨ ᠵᠠᠰᠠᠵᠤ ᠣᠷᠴᠢᠨ ᠲᠣᠭᠤᠷᠢᠨ ᠢ ᠬᠠᠮᠠᠭᠠᠯᠠᠬᠤ ᠠᠵᠤ | ᠦᠢᠯᠡᠰ ᠢ ᠪᠣᠶᠢᠵᠢᠭᠤᠯᠤᠨ ᠦᠨᠳᠦᠷ ᠳᠠᠪᠤᠰᠤᠲᠤ ᠤᠰᠤ᠂ ᠠᠭᠤᠷᠬᠠᠢ ᠶᠢᠨ ᠬᠤᠳᠳᠤᠭ ᠤᠨ ᠤᠰᠤ᠂ ᠬᠠᠲᠠᠭᠤ | ᠬᠠᠶᠠᠭᠳᠠᠮᠠᠯ ᠵᠡᠷᠭᠡ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠨᠣᠷᠮ᠎ᠠ ᠶᠢ ᠳᠡᠭᠡᠭᠰᠢᠯᠡᠭᠦᠯᠦᠨ ᠨᠢᠬᠡᠴᠡ | ᠦᠢᠯᠡᠳᠪᠦᠷᠢᠯᠡᠯ ᠤᠨ ᠶᠡᠷᠦᠩᠬᠡᠢ ᠦᠷᠳᠡᠭ ᠤᠨ ᠣᠰᠤ᠂ ᠡᠨᠧᠷᠭᠢ ᠶᠢᠨ ᠶᠡᠷᠦᠩᠬᠡᠢ ᠬᠤᠷᠣᠭᠳᠠᠯ ᠢ | ᠳᠣᠷᠣᠭᠰᠢᠯᠠᠭᠤᠯᠤᠨ᠎ᠠ᠃ ᠠᠭᠤᠷᠬᠠᠢ ᠶᠢᠨ ᠣᠷᠣᠨ ᠤ ᠡᠶ᠎ᠡ ᠵᠣᠬᠢᠴᠠᠩᠭᠤᠢ᠂ ᠪᠣᠬᠢᠷᠳᠤᠯ ᠦᠭᠡᠢ ᠠᠭᠤᠷᠬᠠᠢ ᠶᠢᠨ | ᠪᠠᠶᠢᠭᠤᠯᠤᠯᠲᠠ ᠶᠢ ᠭᠦᠨᠵᠡᠭᠡᠢ ᠳᠦᠯᠬᠢᠨ ᠠᠬᠢᠭᠤᠯᠵᠤ᠂ ᠡᠬᠢ ᠪᠠᠶᠠᠯᠢᠭ ᠢ ᠠᠷᠪᠢᠯᠠᠨ ᠡᠷᠴᠢᠮᠵᠢᠬᠦᠯᠵᠣ᠂ | ᠠᠭᠤᠷᠬᠠᠢ ᠶᠢᠨ ᠣᠷᠣᠨ ᠤ ᠠᠮᠢ ᠠᠬᠤᠢ ᠶᠢ ᠰᠡᠷᠭᠦᠭᠡᠨ ᠵᠠᠰᠠᠬᠤ ᠶᠢ ᠨᠦᠬᠦᠪᠦᠷᠢᠯᠡᠬᠦ ᠲᠤᠭᠲᠠᠴᠠ ᠶᠢ ᠪᠠᠶᠢᠭᠤᠯᠤᠨ᠎ᠠ᠃ | ᠤᠯᠤᠰ ᠤᠨ ᠭᠠᠵᠠᠷ ᠰᠢᠷᠦᠢ ᠶᠢᠨ ᠤᠷᠤᠨ ᠵᠠᠢ ᠶᠢᠨ ᠬᠡᠷᠡᠭᠯᠡᠯᠳᠡ ᠶᠢᠨ ᠬᠠᠮᠢᠶᠠᠷᠤᠯᠲᠠ ᠶᠢ ᠰᠢᠯᠢᠳᠡᠭᠵᠢᠭᠦᠯᠦᠨ ᠠᠮᠢ | ᠠᠬᠤᠢ ᠶᠢᠨ ᠬᠠᠮᠠᠭᠠᠯᠠᠯᠲᠠ ᠶᠢᠨ ᠰᠡᠷᠡᠮᠵᠢ ᠶᠢᠨ ᠱᠤᠭᠤᠮ ᠢ ᠴᠢᠩᠭ᠎ᠠ ᠰᠠᠬᠢᠨ᠎ᠠ᠃ ᠮᠠᠯ ᠲᠠᠷᠢᠶᠠᠯᠠᠩ ᠤᠨ ᠣᠰᠣᠨ ᠤ | ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠤᠰᠤ ᠪᠠᠷ ᠲᠦᠷᠦᠯ ᠵᠦᠢᠯ | ᠂ ᠬᠡᠪᠴᠢᠶ᠎ᠡ ᠲᠣᠭᠲᠠᠭᠠᠬᠤ ᠶᠢ ᠪᠠᠷᠢᠮᠲᠠᠯᠠᠨ᠂ ᠤᠰᠤᠨ ᠤ ᠡᠬᠢ ᠪᠠᠶᠠᠯᠢᠭ ᠢ ᠬᠠᠮᠢᠶᠠᠷᠬᠤ ᠬᠠᠮᠤᠭ ᠴᠢᠩᠭ᠎ᠠ ᠳᠥᠷᠢᠮ ᠢ | ᠨᠠᠶᠢᠳᠠᠪᠣᠷᠢᠵᠢᠭᠤᠯᠵᠣ᠂ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠢ ᠪᠦᠲᠦᠭᠡᠨ ᠪᠠᠶᠢᠭᠤᠯᠤᠨ᠎ᠠ᠃ ᠠᠮᠢ ᠠᠬᠤᠢ ᠶᠢᠨ | ᠠᠮᠤᠷ ᠳᠥᠪᠰᠢᠨ ᠤ ᠬᠠᠷᠢᠭᠤᠴᠠᠯᠭ᠎ᠠ ᠶᠢᠨ ᠳᠥᠷᠢᠮ ᠢ ᠲᠡᠭᠦᠯᠳᠡᠷᠵᠢᠭᠦᠯᠵᠦ᠂ ᠠᠮᠢ ᠠᠬᠤᠢ ᠶᠢ ᠡᠪᠳᠡᠭᠰᠡᠨ | ᠬᠠᠷᠢᠭᠤᠴᠠᠯᠭ᠎ᠠ ᠶᠢᠨ ᠨᠡᠬᠡᠮᠵᠢᠯᠡᠯ ᠢ ᠴᠢᠩᠭᠠᠳᠬᠠᠨ᠎ᠠ᠃ ᠠᠮᠢ ᠠᠬᠤᠢ ᠶᠢᠨ ᠵᠢᠭᠤᠯᠴᠢᠯᠠᠯ᠂ ᠠᠵᠤ ᠠᠬᠤᠢ ᠶᠢᠨ ᠤᠢ | ᠪᠣᠯᠣᠨ ᠣᠢ ᠮᠤᠳᠤ ᠡᠯᠡᠰᠦᠨ ᠤ ᠦᠢᠯᠡᠰ ᠢ ᠶᠡᠬᠡᠪᠡᠷ ᠬᠥᠭᠵᠢᠭᠦᠯᠵᠦ᠂ ᠠᠵᠤ ᠠᠬᠤᠢ᠂ ᠨᠡᠶᠢᠭᠡᠮ᠂ ᠠᠮᠢ ᠠᠬᠤᠢ ᠶᠢᠨ | ᠥᠷ᠎ᠡ ᠠᠰᠢᠭ ᠬᠠᠮᠳᠣᠪᠠᠷ ᠳᠡᠭᠡᠭᠰᠢᠯᠡᠬᠦ ᠶᠢ ᠪᠡᠶᠡᠯᠡᠭᠦᠯᠦᠨ᠎ᠡ᠃ ᠠᠷᠪᠢᠯᠠᠨ ᠭᠠᠮᠨᠠᠬᠤ ᠬᠡᠯᠪᠡᠷᠢ ᠶᠢᠨ ᠠᠯᠪᠠᠨ | ᠪᠠᠶᠢᠭᠤᠯᠭ᠎ᠠ᠂ ᠪᠣᠬᠢᠷᠳᠣᠯ ᠦᠭᠡᠢ ᠰᠤᠷᠭᠠᠭᠤᠯᠢ᠂ ᠪᠣᠬᠢᠷᠳᠣᠯ ᠦᠭᠡᠢ ᠨᠡᠶᠢᠭᠡᠮ ᠲᠤᠭᠤᠷᠢᠭ ᠵᠡᠷᠭᠡ ᠶᠢ ᠡᠭᠦᠳᠦᠨ | ᠪᠠᠶᠢᠭᠤᠯᠬᠤ ᠠᠵᠢᠯᠯᠠᠭ᠎ᠠ ᠶᠢ ᠦᠷᠨᠢᠬᠦᠯᠥᠨ ᠪᠦᠬᠦ ᠬᠤᠰᠢᠭᠤᠨ ᠤ ᠬᠤᠲᠠ ᠬᠦᠳᠡᠭᠡ ᠶᠢᠨ ᠰᠠᠭᠤᠭᠠᠯᠢ ᠠᠷᠠᠳ ᠤᠨ | ᠣᠷᠴᠢᠨ ᠲᠤᠭᠤᠷᠢᠨ ᠢ ᠬᠠᠮᠠᠭᠠᠯᠠᠬᠤ ᠤᠬᠠᠮᠰᠠᠷ ᠢ ᠳᠡᠭᠡᠭᠰᠢᠯᠡᠭᠦᠯᠦᠨ ᠠᠭᠠᠷ ᠲᠡᠭᠷᠢ ᠢ ᠨᠢ ᠴᠡᠯᠮᠡᠭ᠂ ᠲᠠᠯ᠎ᠠ ᠨᠤᠳᠤᠭ ᠢ | ᠨᠢ ᠨᠤᠭᠤᠭᠠᠨ᠂ ᠤᠰᠤ ᠮᠦᠷᠡᠨ ᠢ ᠨᠢ ᠳᠣᠩᠭᠠᠯᠠᠭ ᠪᠠᠶᠢᠯᠭᠠᠨ᠎ᠠ᠃ | ︵ᠵᠢᠷᠭᠤᠭ᠎ᠠ︶ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠵᠢᠯ ᠳᠡᠬᠡᠷ᠎ᠡ ᠡᠷᠡᠰ ᠵᠣᠷᠢᠭᠳᠡᠢ ᠣᠷᠣᠭᠰᠢᠯᠡᠵᠣ᠂ | ᠨᠡᠶᠢᠭᠡᠮ ᠤᠨ ᠵᠠᠰᠠᠯᠲᠠ ᠶᠢ ᠤᠯᠠᠮ ᠪᠦᠲᠦᠮᠵᠢ ᠲᠠᠢ ᠪᠣᠯᠭᠠᠨ᠎ᠠ᠃ ᠰᠢᠰᠲ᠋ᠧᠮᠴᠢ ᠰᠡᠳᠬᠢᠴᠡ ᠪᠠᠷ ᠥᠭᠡᠷᠡᠴᠢᠯᠡᠯᠲᠡ ᠶᠢ | ᠰᠦᠪᠡᠭᠴᠢᠯᠡᠨ ᠪᠠᠶᠢᠭᠤᠯᠤᠮᠵᠢ ᠲᠤᠭᠲᠠᠴᠠ ᠶᠢᠨ ᠬᠠᠷᠰᠢ ᠰᠠᠭᠠᠳ ᠢ ᠠᠷᠢᠯᠭᠠᠵᠤ᠂ ᠥᠭᠡᠷᠡᠴᠢᠯᠡᠯᠲᠡ ᠪᠠᠷ ᠰᠢᠨ᠎ᠡ ᠶᠢ | ᠡᠭᠦᠳᠴᠦ ᠨᠡᠭᠡᠭᠡᠯᠲᠡ ᠲᠠᠢ ᠬᠥᠭᠵᠢᠯᠲᠡ ᠶᠢ ᠠᠬᠢᠭᠤᠯᠤᠨ᠎ᠠ᠃ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ | ᠴᠢᠨᠡᠷᠳᠡᠢ ᠥᠭᠡᠷᠡᠴᠢᠯᠡᠯᠲᠡ ᠶᠢ ᠭᠦᠨᠵᠡᠭᠡᠢ ᠳᠦᠯᠬᠢᠨ ᠠᠬᠢᠭᠤᠯᠵᠤ ᠵᠠᠬ᠎ᠠ ᠳᠡᠯᠭᠡᠭᠦᠷ᠂ ᠪᠠᠷᠢᠮᠵᠢᠶ᠎ᠠ᠂ ᠬᠠᠣᠯᠢ ᠪᠠᠷ | ᠵᠠᠰᠠᠬᠤ ᠵᠡᠷᠭᠡ ᠠᠷᠭ᠎ᠠ ᠪᠠᠷᠢᠯ ᠢ ᠬᠡᠷᠡᠭᠯᠡᠨ ᠠᠵᠤ ᠦᠢᠯᠡᠰ ᠤᠨ ᠳᠠᠰ ᠳᠡᠪᠰᠢᠬᠦ ᠶᠢ ᠳᠦᠯᠬᠢᠨ ᠠᠬᠢᠭᠤᠯᠤᠨ᠎ᠠ᠃ | ᠰᠢᠨᠵᠢᠯᠡᠭᠡ ᠮᠡᠷᠭᠡᠵᠢᠯ ᠤᠨ ᠱᠠᠩᠨᠠᠯ ᠬᠥᠬᠢᠭᠦᠯᠦᠯ ᠤᠨ ᠳᠥᠷᠢᠮ ᠢ ᠲᠡᠭᠦᠯᠳᠡᠷᠵᠢᠭᠦᠯᠵᠦ ᠡᠵᠡᠨ ᠮᠡᠳᠡᠨ ᠰᠢᠨ᠎ᠡ ᠶᠢ | ᠡᠭᠦᠳᠬᠦ ᠶᠢ ᠵᠣᠷᠢᠭᠵᠢᠭᠤᠯᠤᠨ ᠶᠠᠰᠣ ᠴᠢᠨᠠᠷ ᠢᠶᠠᠷ ᠠᠵᠤ ᠠᠬᠤᠶᠢᠯᠠᠯ ᠢ ᠬᠦᠭᠵᠢᠬᠦᠯᠥᠨ ᠬᠦᠴᠦᠷᠬᠡᠭᠵᠢᠭᠦᠯᠬᠦ ᠶᠢ | ᠳᠦᠯᠬᠢᠨ ᠠᠬᠢᠭᠤᠯᠵᠤ ᠬᠢᠮᠢ ᠶᠢᠨ ᠠᠵᠤ ᠦᠢᠯᠡᠳᠪᠦᠷᠢ᠂ ᠨᠡᠭᠦᠷᠡᠰᠦ ᠵᠡᠷᠭᠡ ᠠᠵᠤ ᠦᠢᠯᠡᠰ ᠤᠨ ᠳᠣᠮᠳᠠᠬᠢ ᠦᠨᠳᠦᠷ | ᠳᠡᠰ ᠤᠨ ᠬᠠᠩᠭᠠᠯᠭ᠎ᠠ ᠶᠢ ᠥᠷᠭᠡᠳᠬᠡᠨ ᠬᠥᠬᠡᠬᠤᠲᠠ ᠪᠣᠭᠤᠳᠤ ᠣᠷᠳᠤᠰ ᠤᠨ ᠬᠠᠮᠳᠣᠷᠠᠭᠰᠠᠨ ᠬᠥᠭᠵᠢᠯᠲᠡ ᠶᠢᠨ | ᠳᠤᠮᠳᠠ ᠰᠠᠨᠠᠭᠠᠴᠢᠯᠠᠭᠠᠲᠤ ᠪᠠᠶᠢᠷᠢ ᠶᠢ ᠲᠡᠮᠡᠴᠡᠨ ᠣᠯᠵᠤ᠂ ᠲᠦᠷᠦᠭᠦᠴᠢ ᠲᠤᠬᠢᠶᠠᠯ ᠢ ᠡᠵᠡᠮᠳᠡᠨ᠎ᠠ᠃ ᠡᠳ᠋ ᠤᠨ | ᠵᠠᠰᠠᠭ ᠤᠨ ᠲᠦᠰᠦᠪ ᠤᠨ ᠬᠠᠮᠢᠶᠠᠷᠤᠯᠲᠠ ᠶᠢ ᠴᠢᠩᠭᠠᠳᠬᠠᠵᠤ᠂ ᠦᠷ᠎ᠡ ᠪᠦᠲᠦᠮᠵᠢ ᠶᠢᠨ ᠬᠠᠮᠢᠶᠠᠷᠤᠯᠲᠠ ᠶᠢ ᠪᠦᠬᠦ | ᠲᠠᠯ᠎ᠠ ᠪᠠᠷ ᠬᠡᠷᠡᠭᠵᠢᠭᠦᠯᠦᠨ᠎ᠡ᠃ ᠡᠳ᠋ ᠤᠨ ᠵᠠᠰᠠᠭ ᠤᠨ ᠳᠠᠮ ᠬᠦᠦ ᠮᠥᠩᠭᠦ᠂ ᠪᠡᠯᠡ ᠬᠤᠷᠠᠮᠳᠣᠭᠤᠯᠭ᠎ᠠ ᠶᠢᠨ | ᠪᠠᠳᠣᠯᠠᠪᠣᠷᠢ᠂ ᠱᠠᠩᠨᠠᠯ ᠢᠶᠠᠷ ᠨᠥᠬᠦᠪᠦᠷᠢ ᠶᠢ ᠣᠷᠣᠯᠠᠭᠤᠯᠬᠤ ᠵᠡᠷᠭᠡ ᠠᠷᠭ᠎ᠠ ᠪᠠᠷᠢᠯ ᠢ ᠶᠡᠷᠦᠩᠬᠡᠶᠢᠯᠡᠨ ᠬᠡᠷᠡᠭᠯᠡᠵᠦ | ᠲᠥᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠳᠡᠮᠵᠢᠨ ᠡᠳ᠋ ᠤᠨ ᠵᠠᠰᠠᠭ ᠤᠨ ᠪᠡᠯᠡ ᠮᠥᠩᠭᠦᠨ ᠤ ᠵᠢᠯᠣᠭᠤᠳᠤᠨ | ᠳᠠᠭᠠᠭᠤᠯᠬᠤ ᠦᠢᠯᠡᠳᠦᠯ ᠢ ᠰᠠᠶᠢᠨ ᠪᠠᠳᠠᠷᠠᠭᠤᠯᠤᠨ᠎ᠠ᠃ ᠠᠯᠪᠡᠨ ᠤ ᠪᠠ ᠬᠤᠪᠢ ᠶᠢᠨ ᠬᠠᠮᠲᠤᠷᠠᠨ ᠠᠵᠢᠯᠯᠠᠬᠤ | ᠬᠦᠷᠢᠶ᠎ᠡ ᠴᠠᠷ᠎ᠠ ᠶᠢ ᠥᠷᠭᠡᠳᠬᠡᠵᠦ ᠨᠢᠭᠡ ᠪᠦᠯᠦᠭ PPP ᠲᠦᠷᠦᠯ ᠵᠦᠢᠯ ᠢ ᠦᠷᠭᠦᠯᠵᠢᠯᠡᠨ ᠬᠡᠷᠡᠭᠵᠢᠭᠦᠯᠦᠨ᠎ᠡ᠃ | ᠠᠵᠤ ᠠᠬᠤᠶᠢᠯᠡᠯᠳᠠᠨ ᠤ ᠵᠣᠷᠢᠭ ᠰᠠᠨᠠᠭ᠎ᠠ ᠶᠢ ᠣᠷᠮᠠᠰᠢᠭᠤᠯᠣᠨ ᠬᠠᠮᠠᠭᠠᠯᠠᠵᠤ᠂ ᠠᠷᠠᠳ ᠤᠨ ᠳᠤᠮᠳᠠᠬᠢ ᠬᠦᠷᠦᠩᠬᠡ | ᠮᠦᠩᠬᠦ ᠶᠢ ᠰᠠᠭᠤᠷᠢ ᠲᠥᠬᠦᠭᠡᠷᠦᠮᠵᠢ᠂ ᠠᠮᠢ ᠠᠬᠤᠢ ᠣᠷᠴᠢᠨ ᠲᠤᠭᠤᠷᠢᠨ ᠤ ᠬᠠᠮᠠᠭᠠᠯᠠᠯᠲᠠ ᠪᠣᠯᠣᠨ ᠨᠠᠶᠢᠭᠡᠮ ᠤᠨ | ᠠᠵᠢᠯ ᠦᠢᠯᠡᠰ ᠵᠡᠷᠭᠡ ᠬᠦᠷᠢᠶᠠᠨ ᠳᠤ ᠪᠡᠯᠡ ᠣᠷᠣᠭᠤᠯᠤᠨ ᠣᠷᠣᠯᠴᠠᠭᠤᠯᠬᠤ ᠶᠢ ᠵᠣᠷᠢᠭᠵᠢᠭᠤᠯᠵᠣ ᠨᠡᠶᠢᠲᠡ ᠶᠢᠨ | ᠪᠤᠰᠣ ᠥᠮᠴᠢᠯᠡᠯᠲᠤ ᠠᠵᠤ ᠠᠬᠤᠢ ᠶᠢᠨ ᠡᠵᠡᠯᠡᠬᠦ ᠬᠠᠷᠢᠴᠠᠯ ᠢ ᠳᠡᠭᠡᠭᠰᠢᠯᠡᠭᠦᠯᠦᠨ᠎ᠡ᠃ ︽ᠡᠵᠡᠩᠨᠡᠯᠲᠡ ᠶᠢᠨ | ᠵᠥᠪᠰᠢᠶᠡᠷᠡᠯ ᠤᠨ ᠥᠨᠡᠮᠯᠡᠯ ᠪᠠ ᠡᠵᠡᠩᠨᠡᠯᠲᠡ ᠶᠢᠨ ᠪᠠᠲᠤᠯᠠᠪᠤᠷᠢ ᠪᠢᠴᠢᠭ ᠢ ᠰᠠᠯᠭᠠᠬᠤ︾ ᠥᠭᠡᠷᠡᠴᠢᠯᠡᠯᠲᠡ ᠶᠢ ᠨᠡᠩ | ᠥᠷᠭᠡᠨ ᠬᠡᠪᠴᠢᠶᠡᠨ ᠳᠤ ᠳᠦᠯᠬᠢᠨ ᠠᠬᠢᠭᠤᠯᠵᠤ᠂ ᠲᠥᠪ ᠭᠤᠣᠯᠴᠢ ᠥᠷᠢᠰᠦᠯᠳᠦᠬᠦ ᠬᠢᠨᠠᠨ ᠪᠠᠶᠢᠴᠠᠭᠠᠯᠲᠠ ᠶᠢᠨ | ᠲᠥᠷᠢᠮ ᠢ ᠨᠠᠶᠢᠳᠠᠪᠤᠷᠢᠵᠢᠭᠤᠯᠤᠨ ᠲᠤᠭᠲᠠᠭᠤᠨ᠂ ᠡᠷᠬᠡ ᠲᠡᠭᠰᠢ᠂ ᠢᠯᠡ ᠳᠣᠳᠣ᠂ ᠵᠢᠱᠢᠵᠦ ᠪᠣᠯᠬᠤᠶᠢᠴᠠ | ᠡᠵᠡᠩᠨᠡᠵᠦ ᠪᠣᠷᠣᠯᠠᠭᠤᠯᠬᠤ ᠣᠷᠴᠢᠨ ᠠᠬᠤᠢ ᠶᠢ ᠪᠣᠢ ᠪᠣᠯᠭᠠᠨ᠎ᠠ᠃ ᠶᠡᠷᠦᠩᠬᠡᠶᠢᠯᠡᠨ ᠬᠢᠨᠠᠨ ᠬᠠᠮᠢᠶᠠᠷᠬᠤ ᠬᠡᠯᠪᠡᠷᠢ ᠶᠢ | ᠪᠠᠶᠢᠭᠤᠯᠵᠤ᠂ ᠲᠣᠮᠣ ᠳᠤᠭ᠎ᠠ ᠪᠠᠷᠢᠮᠳᠠ ᠵᠡᠷᠭᠡ ᠣᠳᠣ ᠦᠶ᠎ᠡ ᠶᠢᠨ ᠴᠢᠮᠡᠭᠡ ᠵᠠᠩᠬᠢ ᠶᠢᠨ ᠮᠡᠷᠭᠡᠵᠢᠯ ᠢ ᠭᠦᠢᠴᠡᠳ | ᠬᠡᠷᠡᠭᠯᠡᠨ ᠬᠢᠨᠠᠨ ᠬᠠᠮᠢᠶᠠᠷᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ︽ᠢᠨ᠋ᠲ᠋ᠧᠷ ᠰᠦᠯᠵᠢᠶ᠎ᠡ + ᠵᠠᠰᠠᠭ ᠤᠨ | ᠶᠠᠪᠤᠳᠠᠯ ᠤᠨ ᠦᠢᠯᠡᠴᠢᠯᠡᠭᠡ︾ ᠶᠢᠨ ᠬᠥᠭᠵᠢᠯᠲᠡ ᠶᠢ ᠲᠥᠷᠭᠡᠳᠬᠡᠵᠦ᠂ ᠬᠠᠷᠢᠯᠴᠠᠨ ᠨᠡᠪᠲᠡᠷᠡᠵᠦ ᠬᠠᠮᠲᠤᠪᠠᠷ ᠡᠳ᠋ᠯᠡᠬᠦ | ᠵᠠᠰᠠᠭ ᠤᠨ ᠶᠠᠪᠤᠳᠠᠯ ᠤᠨ ᠰᠦᠯᠵᠢᠶᠡᠨ ᠳᠡᠭᠡᠷᠡᠬᠢ ᠦᠢᠯᠡᠴᠢᠯᠡᠭᠡᠨ ᠤ ᠳᠠᠪᠴᠠᠩ ᠢ ᠪᠦᠲᠦᠭᠡᠨ ᠪᠠᠶᠢᠭᠤᠯᠤᠨ ᠰᠠᠭᠤᠷᠢ | ᠴᠢᠮᠡᠭᠡ ᠵᠠᠩᠬᠢ ᠶᠢ ᠬᠠᠮᠲᠤᠪᠠᠷ ᠡᠳ᠋ᠯᠡᠬᠦ ᠪᠠ ᠲᠤᠬᠠᠶᠢᠯᠠᠭᠰᠠᠨ ᠠᠵᠢᠯ ᠢ ᠵᠣᠬᠢᠴᠠᠭᠤᠯᠤᠨ ᠭᠦᠢᠴᠡᠳᠬᠡᠬᠦ ᠶᠢ | ᠴᠢᠩᠭᠠᠳᠬᠠᠵᠤ᠂ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠳᠤ ︽ᠬᠠᠮᠤᠭ ᠤᠯᠠᠨ ᠳᠠᠭᠠᠨ ᠨᠢᠭᠡ ᠤᠳᠠᠭ᠎ᠠ | ᠶᠠᠪᠤᠬᠤ︾ ᠶᠢ ᠡᠷᠲᠡ ᠨᠢᠭᠡ ᠡᠳᠦᠷ ᠪᠡᠶᠡᠯᠡᠭᠦᠯᠦᠨ᠎ᠡ᠃ ᠦᠨᠳᠦᠰᠦᠨ ᠱᠠᠲᠤᠨ ᠤ ᠠᠷᠠᠳᠴᠢᠯᠠᠯ ᠬᠠᠤᠯᠢ ᠲᠥᠷᠢᠮ ᠤᠨ | ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠵᠦᠪᠯᠡᠬᠦ ᠠᠷᠠᠳᠴᠢᠯᠠᠯ ᠢ ᠳᠦᠯᠬᠢᠨ ᠠᠬᠢᠭᠤᠯᠵᠣ ᠠᠷᠠᠳ ᠣᠯᠠᠨ ᠤ | ᠪᠠᠶᠢᠳᠠᠯ ᠢ ᠮᠡᠳᠡᠬᠦ ᠡᠷᠬᠡ᠂ ᠣᠷᠣᠯᠴᠠᠬᠤ ᠡᠷᠬᠡ᠂ ᠢᠯᠡᠳᠬᠡᠬᠦ ᠡᠷᠬᠡ᠂ ᠬᠢᠨᠠᠯᠳᠠ ᠲᠠᠯᠪᠢᠬᠤ ᠡᠷᠬᠡ ᠶᠢ ᠪᠠᠲᠤᠯᠠᠨ᠎ᠠ᠃ | ︽ᠴᠡᠷᠢᠭ ᠢᠶᠠᠨ ᠬᠦᠷᠢᠶᠡᠯᠡᠨ ᠭᠡᠷ ᠪᠦᠯᠢ ᠶᠢ ᠨᠢ ᠬᠠᠷᠠᠭᠠᠯᠵᠠᠵᠤ᠂ ᠵᠠᠰᠠᠭ ᠢᠶᠠᠨ ᠬᠦᠷᠢᠶᠡᠯᠡᠨ ᠠᠷᠠᠳ ᠲᠦᠮᠡᠨ ᠢ | ᠬᠠᠶᠢᠷᠠᠯᠠᠬᠤ︾ ᠳᠠᠭᠤᠷᠢᠶᠠᠯ ᠬᠤᠰᠢᠭᠤᠨ ᠤ ᠡᠭᠦᠳᠦᠨ ᠪᠠᠶᠢᠭᠤᠯᠤᠯᠲᠠ ᠶᠢ ᠭᠦᠨᠵᠡᠭᠡᠢ ᠥᠷᠨᠢᠭᠦᠯᠵᠦ ᠴᠡᠷᠢᠭ | ᠠᠷᠠᠳ ᠤᠨ ᠬᠡᠷᠡᠭᠯᠡᠭᠡ ᠶᠢ ᠠᠭᠤᠰᠣᠯᠴᠠᠭᠤᠯᠣᠨ ᠬᠦᠭᠵᠢᠬᠦᠯᠬᠦ ᠶᠢ ᠲᠦᠷᠭᠡᠳᠬᠡᠨ᠎ᠡ᠃ ᠠᠮᠣᠷ ᠲᠦᠪᠰᠢᠨ | ᠦᠢᠯᠡᠳᠪᠦᠷᠢᠯᠡᠯ ᠤᠨ ᠬᠦᠷᠢᠶᠠᠨ ᠳᠠᠬᠢ ᠥᠭᠡᠷᠡᠴᠢᠯᠡᠯᠲᠡ ᠶᠢ ᠳᠦᠯᠬᠢᠨ ᠠᠬᠢᠭᠤᠯᠵᠤ ᠠᠶᠤᠯ ᠳᠦᠭᠰᠢᠭᠦᠷᠢ ᠶᠢ ᠳᠡᠰ | ᠬᠤᠪᠢᠶᠠᠨ ᠬᠠᠮᠢᠶᠠᠷᠤᠨ ᠡᠵᠡᠮᠳᠡᠬᠦ ᠪᠠ ᠳᠠᠯᠳᠠ ᠬᠡᠮ ᠰᠣᠭᠤᠭ ᠢ ᠪᠠᠶᠢᠴᠠᠭᠠᠵᠤ ᠵᠠᠰᠠᠬᠤ ᠰᠢᠰᠲ᠋ᠧᠮ ᠤᠨ | ᠪᠠᠶᠢᠭᠤᠯᠤᠯᠲᠠ ᠶᠢ ᠲᠦᠷᠭᠡᠳᠬᠡᠨ᠎ᠡ᠃ ᠦᠨᠳᠦᠰᠦᠨ ᠱᠠᠲᠤᠨ ᠤ ᠰᠠᠭᠤᠷᠢ ᠶᠢ ᠪᠠᠲᠤᠳᠬᠠᠨ ᠡᠯ᠎ᠡ ᠲᠦᠷᠦᠯ ᠤᠨ | ᠬᠠᠤᠯᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ ᠤᠯᠠᠨ ᠨᠡᠶᠢᠲᠡ ᠶᠢᠨ ᠠᠮᠤᠷ ᠲᠥᠪᠰᠢᠨ ᠤ | ᠰᠢᠰᠲ᠋ᠧᠮ ᠢ ᠪᠦᠷᠢᠨᠰᠢᠬᠦᠯᠵᠣ ᠵᠥᠷᠢᠴᠡᠯ ᠵᠢᠭᠤᠷᠠᠯᠳᠤᠭᠠᠨ ᠢ ᠣᠯᠠᠨ ᠡᠰᠢᠵᠢᠬᠦᠯᠥᠨ ᠰᠢᠢᠳᠪᠣᠷᠢᠯᠡᠬᠦ ᠲᠤᠭᠲᠠᠴᠠ ᠶᠢ | ᠲᠡᠭᠦᠯᠳᠡᠷᠵᠢᠭᠦᠯᠵᠦ ᠨᠡᠶᠢᠭᠡᠮ ᠤᠨ ᠵᠠᠰᠠᠯᠲᠠ ᠶᠢᠨ ᠨᠡᠶᠢᠭᠡᠮᠴᠢᠯᠡᠭᠰᠡᠨ᠂ ᠬᠠᠣᠯᠢᠵᠢᠭᠰᠡᠨ᠂ ᠣᠶᠣᠨᠴᠢᠯᠠᠭᠰᠠᠨ᠂ | ᠳᠣᠰᠬᠠᠢ ᠮᠡᠷᠭᠡᠵᠢᠭᠰᠡᠨ ᠬᠢᠷᠢ ᠳᠥᠪᠰᠢᠨ ᠢ ᠳᠡᠭᠡᠭᠰᠢᠯᠡᠭᠦᠯᠦᠨ᠎ᠡ᠃ ᠨᠢᠭᠡ ᠪᠦᠯᠦᠭ ᠥᠭᠡᠷᠡᠴᠢᠯᠡᠯᠲᠡ ᠶᠢᠨ ᠥᠷ᠎ᠡ | ᠪᠦᠲᠦᠭᠡᠯ ᠢ ᠡᠷᠢᠯᠬᠢᠯᠡᠨ ᠳᠠᠭᠤᠷᠢᠶᠠᠵᠣ ᠳᠡᠯᠭᠡᠷᠡᠭᠦᠯᠣᠬᠡᠳ ᠬᠥᠭᠵᠢᠯᠲᠡ ᠶᠢᠨ ᠬᠥᠳᠡᠯᠭᠡᠭᠴᠢ ᠬᠦᠴᠦᠨ ᠢ ᠬᠥᠭᠵᠢᠭᠡᠨ | ᠥᠭᠡᠷᠡᠴᠢᠯᠡᠯᠲᠡ ᠨᠡᠭᠡᠭᠡᠯᠲᠡ ᠰᠢᠨ᠎ᠡ ᠡᠭᠦᠳᠦᠯᠲᠡ ᠶᠢᠨ ᠠᠵᠢᠯ ᠤᠨ ᠡᠮᠦᠨ᠎ᠡ ᠡᠩᠨᠡᠬᠡᠨ ᠳᠤ ᠵᠠᠮᠨᠠᠨ᠎ᠠ᠃ | ︵ᠳᠣᠯᠤᠭ᠎ᠠ︶ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ ᠳᠡᠭᠡᠷ᠎ᠡ ᠰᠡᠳᠬᠢᠯ ᠳᠠᠯᠪᠢᠨ ᠴᠢᠳᠠᠯ ᠢᠶᠠᠷ ᠢᠶᠠᠨ | ᠴᠢᠷᠮᠡᠶᠢᠵᠣ᠂ ᠠᠷᠠᠳ ᠤᠨ ᠠᠮᠢᠳᠤᠷᠠᠯ ᠢ ᠦᠷᠬᠦᠯᠵᠢᠯᠡᠨ ᠪᠠᠳᠣᠯᠠᠨ᠎ᠠ᠃ ᠠᠷᠠᠳ ᠤᠨ ᠠᠮᠢᠳᠤᠷᠠᠯ ᠤᠨ ᠵᠠᠷᠤᠯᠭ᠎ᠠ ᠶᠢᠨ | ᠡᠳ᠋ ᠤᠨ ᠵᠠᠰᠠᠭ ᠤᠨ ᠵᠠᠷᠤᠯᠭ᠎ᠠ ᠳᠤ ᠡᠵᠡᠯᠡᠬᠦ ᠬᠠᠷᠢᠴᠠᠯ ᠢ ᠯᠠᠪᠳᠠᠭᠤᠨ ᠨᠡᠮᠡᠭᠳᠡᠭᠦᠯᠵᠦ᠂ ᠤᠯᠠᠨ ᠨᠡᠶᠢᠲᠡ ᠶᠢᠨ | ᠬᠡᠷᠡᠭᠯᠡᠬᠡᠨ ᠤ ᠬᠠᠩᠭᠠᠯᠭ᠎ᠠ ᠶᠢ ᠰᠢᠯᠢᠳᠡᠭᠵᠢᠭᠦᠯᠦᠨ ᠤᠯᠠᠨ ᠨᠡᠶᠢᠲᠡ ᠶᠢᠨ ᠦᠢᠯᠡᠴᠢᠯᠡᠭᠡᠨ ᠤ ᠬᠠᠮᠲᠤᠪᠠᠷ ᠪᠠᠶᠢᠭᠤᠯᠬᠤ | ᠪᠠ ᠬᠠᠮᠲᠤᠪᠠᠷ ᠡᠳ᠋ᠯᠡᠬᠦ ᠲᠥᠪᠰᠢᠨ ᠢ ᠳᠡᠭᠡᠭᠰᠢᠯᠡᠭᠦᠯᠦᠨ᠎ᠡ᠃ ᠶᠤᠰᠤ ᠰᠤᠷᠲᠠᠬᠤᠨ ᠢᠶᠠᠷ ᠬᠦᠮᠦᠨ ᠢ ᠬᠦᠮᠦᠵᠢᠭᠦᠯᠬᠦ | ᠦᠨᠳᠦᠰᠦᠨ ᠡᠭᠦᠷᠭᠡ ᠶᠢ ᠲᠣᠣᠱᠯᠠᠭᠤᠯᠤᠨ᠂ ᠰᠣᠷᠭᠠᠨ ᠬᠦᠮᠦᠵᠢᠯ ᠤᠨ ᠵᠢᠭᠠᠨ ᠰᠤᠷᠭᠠᠯᠲᠠ ᠶᠢᠨ ᠲᠥᠬᠦᠭᠡᠷᠦᠮᠵᠢ ᠶᠢ | ᠲᠡᠭᠦᠯᠳᠡᠷᠵᠢᠭᠦᠯᠵᠦ᠂ ᠦᠨᠳᠦᠰᠦᠲᠡᠨ ᠤ ᠰᠤᠷᠭᠠᠨ ᠬᠥᠮᠥᠵᠢᠯ᠂ ᠰᠣᠷᠭᠠᠭᠤᠯᠢ ᠰᠠᠭᠤᠬᠤ ᠨᠠᠰᠤᠨ ᠠᠴᠠ ᠡᠮᠦᠨᠡᠬᠢ | ᠰᠤᠷᠭᠠᠨ ᠬᠦᠮᠦᠵᠢᠯ᠂ ᠠᠯᠪᠠᠨ ᠵᠢᠷᠣᠮ ᠤᠨ ᠰᠤᠷᠭᠠᠨ ᠬᠦᠮᠦᠵᠢᠯ ᠨᠢᠭᠡᠳᠦᠯᠲᠡᠢ ᠲᠥᠯᠥᠪᠯᠡᠨ ᠰᠠᠶᠢᠳᠤᠷ ᠠᠳᠬᠤᠵᠤ᠂ | ᠡᠩ ᠤᠨ ᠳᠡᠭᠡᠳᠦ ᠳᠤᠮᠳᠠᠳᠤ ᠶᠢᠨ ᠰᠤᠷᠭᠠᠨ ᠬᠦᠮᠦᠵᠢᠯ ᠢ ᠨᠡᠶᠢᠳᠠᠮᠵᠢᠬᠦᠯᠵᠣ ᠠᠵᠢᠯ ᠮᠡᠷᠬᠡᠵᠢᠯ ᠤᠨ ᠰᠣᠷᠭᠠᠨ | ᠬᠦᠮᠦᠵᠢᠯ ᠳᠠᠬᠢ ᠠᠵᠣ ᠣᠶᠢᠯᠡᠰ ᠪᠣᠯᠣᠨ ᠵᠢᠭᠠᠨ ᠰᠤᠷᠭᠠᠯᠲᠠ ᠶᠢᠨ ᠠᠭᠤᠰᠣᠯᠴᠠᠯ᠂ ᠰᠣᠷᠭᠠᠭᠤᠯᠢ ᠪᠣᠯᠣᠨ ᠠᠵᠤ | ᠠᠬᠤᠶᠢᠯᠠᠯ ᠤᠨ ᠬᠠᠮᠲᠤᠷᠠᠯᠴᠠᠭ᠎ᠠ ᠶᠢ ᠴᠢᠩᠭᠠᠳᠬᠠᠵᠤ᠂ ᠬᠡᠦᠬᠡᠳ ᠨᠢᠭᠡᠪᠦᠷᠢ ᠳᠤ ᠡᠷᠬᠡ ᠲᠡᠭᠰᠢ ᠪᠦᠭᠡᠳ | ᠴᠢᠨᠠᠷᠵᠢᠭᠤᠨ ᠰᠣᠷᠭᠠᠨ ᠬᠦᠮᠦᠵᠢᠯ ᠬᠦᠷᠲᠡᠭᠡᠬᠦ ᠪᠠᠷ ᠴᠢᠷᠮᠠᠶᠢᠨ᠎ᠠ᠃ ᠶᠠᠳᠠᠭᠤ ᠠᠴᠠ ᠠᠩᠭᠢᠵᠢᠷᠠᠭᠤᠯᠵᠣ ᠪᠠᠬᠢᠯᠡᠯᠳᠡ | ᠰᠢᠪᠳᠣᠯᠬᠤ ᠳᠠᠶᠢᠨ ᠤ ᠢᠯᠠᠯᠲᠠ ᠶᠢ ᠪᠦᠬᠦ ᠲᠠᠯ᠎ᠠ ᠪᠠᠷ ᠲᠡᠮᠡᠴᠡᠨ ᠣᠯᠵᠣ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠡᠶᠡᠯᠡᠬᠦᠯᠬᠦ ᠠᠵᠢᠯ ᠤᠨ ᠠᠬᠢᠴᠠ ᠳᠤᠮᠳᠠ ᠨᠢᠭᠡ ᠨᠡᠷ᠎ᠡ ᠶᠠᠳᠠᠭᠤ ᠬᠦᠴᠢᠷᠳᠡᠯᠲᠡᠢ ᠣᠯᠠᠨ ᠲᠦᠮᠡᠨ ᠢ ᠴᠦ | ᠡᠩᠨᠡᠭᠡᠨ ᠠᠴᠠ ᠨᠢ ᠬᠤᠴᠣᠷᠤᠭᠤᠯᠬᠤ ᠦᠭᠡᠢ᠃ ᠦᠢᠯᠡᠰ ᠪᠣᠰᠬᠠᠬᠤ ᠪᠤᠯᠪᠠᠰᠤᠷᠠᠯ᠂ ᠠᠵᠢᠯ ᠮᠡᠷᠭᠡᠵᠢᠯ ᠤᠨ | ᠪᠤᠯᠪᠠᠰᠤᠷᠠᠯ ᠵᠡᠷᠭᠡ ᠠᠷᠭ᠎ᠠ ᠪᠠᠷᠢᠯ ᠢᠶᠠᠷ ᠳᠠᠮᠵᠢᠭᠤᠯᠤᠨ ᠬᠠᠮᠳᠣᠪᠠᠷ ᠰᠢᠨ᠎ᠡ ᠶᠢ ᠡᠭᠦᠳᠬᠦ ᠶᠢ ᠳᠦᠯᠬᠢᠨ ᠠᠬᠢᠭᠤᠯᠵᠤ᠂ | ᠠᠷᠭ᠎ᠠ ᠪᠦᠬᠦᠨ ᠢ ᠰᠦᠪᠡᠭᠴᠢᠯᠡᠨ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢ ᠨᠡᠮᠡᠭᠳᠡᠭᠦᠯᠦᠨ᠎ᠡ᠃ | ᠪᠦᠬᠦ ᠠᠷᠠᠳ ᠢᠶᠠᠷ ᠳᠠᠭᠠᠳᠬᠠᠯ ᠳᠤ ᠣᠷᠣᠬᠤ ᠶᠢ ᠳᠦᠯᠬᠢᠨ ᠠᠬᠢᠭᠤᠯᠵᠤ᠂ ᠬᠤᠳᠠ ᠬᠦᠳᠡᠭᠡ ᠶᠢᠨ ᠰᠠᠭᠤᠭᠠᠯᠢ | ᠠᠷᠠᠳ ᠲᠤ ᠨᠡᠶᠢᠳᠡᠮᠵᠢᠬᠦᠯᠦᠭᠰᠡᠨ ᠨᠠᠰᠤᠵᠢᠯ ᠤᠨ ᠳᠠᠭᠠᠳᠬᠠᠯ ᠤᠨ ᠰᠢᠰᠲ᠋ᠧᠮ ᠢ ᠪᠠᠶᠢᠭᠤᠯᠤᠨ᠎ᠠ᠃ ᠥᠲᠡᠯᠦᠭᠰᠡᠨ᠂ | ᠪᠭᠤᠷᠠᠢ᠂ ᠡᠪᠡᠳᠴᠢᠳᠠᠢ᠂ ᠵᠡᠮᠳᠡᠭ ᠵᠡᠷᠭᠡ ᠣᠨᠴᠠᠭᠠᠢ ᠣᠯᠠᠨ ᠲᠦᠮᠡᠨ ᠪᠣᠯᠣᠨ ᠠᠮᠢᠳᠤᠷᠠᠯ ᠳᠠᠭᠠᠨ ᠬᠦᠴᠢᠷᠳᠡᠯᠲᠡᠢ | ᠣᠯᠠᠨ ᠲᠦᠮᠡᠨ ᠢ ᠤᠨᠤᠪᠴᠢᠲᠠᠢ ᠠᠪᠣᠷᠠᠨ ᠳᠡᠳᠬᠦᠵᠣ ᠰᠠᠭᠤᠷᠢ ᠪᠠᠳᠣᠯᠠᠭ᠎ᠠ ᠶᠢᠨ ᠠᠵᠢᠯ ᠢ ᠰᠠᠶᠢᠳᠣᠷ ᠯᠠᠪᠳᠠᠭᠤᠨ | ᠪᠠᠳᠣᠳᠠᠢ ᠬᠢᠨ᠎ᠠ᠃ ᠴᠦᠭᠡᠨ ᠲᠤᠭᠠᠲᠤ ᠦᠨᠳᠦᠰᠦᠲᠡᠨ ᠤ ᠦᠢᠯᠡᠳᠪᠦᠷᠢᠯᠡᠯ ᠠᠮᠢᠳᠤᠷᠠᠯ ᠤᠨ ᠨᠦᠬᠦᠴᠡᠯ ᠢ | ᠦᠷᠭᠦᠯᠵᠢᠯᠡᠨ ᠰᠠᠶᠢᠵᠢᠷᠠᠭᠤᠯᠵᠤ᠂ ᠦᠨᠳᠦᠰᠦᠲᠡᠨ ᠤ ᠣᠨᠴᠠᠯᠢᠭᠲᠤ ᠠᠵᠤ ᠦᠢᠯᠡᠰ ᠢ ᠲᠡᠳᠬᠦᠵᠦ | ᠬᠦᠴᠦᠷᠬᠡᠭᠵᠢᠭᠦᠯᠦᠨ ᠴᠦᠭᠡᠨ ᠲᠤᠭᠠᠲᠤ ᠦᠨᠳᠦᠰᠦᠲᠡᠨ ᠤ ᠤᠯᠠᠮᠵᠢᠯᠠᠯᠲᠤ ᠰᠤᠶᠤᠯ ᠢ ᠬᠦᠭᠵᠢᠬᠡᠨ ᠮᠠᠨᠳᠣᠭᠤᠯᠬᠤ ᠪᠠ | ᠬᠠᠮᠠᠭᠠᠯᠠᠵᠤ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠲᠠᠷᠢᠭᠦᠨ ᠤ ᠳᠠᠭᠤᠷᠢᠶᠠᠯ | ᠬᠤᠰᠢᠭᠤ ᠶᠢ ᠡᠭᠦᠳᠦᠨ ᠪᠠᠶᠢᠭᠤᠯᠤᠨ᠎ᠠ᠃ ︽ᠡᠷᠡᠭᠦᠯ ᠡᠩᠬᠡ ᠦᠥᠰᠢᠨ︾ ᠤ ᠪᠦᠲᠦᠭᠡᠨ ᠪᠠᠶᠢᠭᠤᠯᠤᠯᠲᠠ ᠶᠢ | ᠳᠦᠯᠬᠢᠨ ᠠᠬᠢᠭᠤᠯᠵᠤ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠣᠯᠠᠨ ᠨᠠᠶᠢᠳᠠ ᠶᠢᠨ ᠦᠢᠯᠡᠴᠢᠯᠡᠭᠡᠨ ᠤ | ᠰᠢᠰᠲ᠋ᠧᠮ ᠢ ᠪᠦᠷᠢᠨᠰᠢᠬᠦᠯᠵᠣ ᠢᠲᠡᠭᠡᠨ ᠤᠮᠳᠠᠭᠠᠨ ᠤ ᠠᠮᠤᠷ ᠳᠥᠪᠰᠢᠨ ᠤ ᠪᠠᠶᠢᠯᠳᠣᠬᠤ ᠪᠣᠳᠣᠯᠭ᠎ᠠ ᠶᠢ | ᠬᠡᠷᠡᠭᠵᠢᠬᠦᠯᠵᠣ᠂ ᠡᠮ ᠡᠮᠨᠡᠯᠭᠡ ᠶᠢᠨ ᠰᠢᠰᠲ᠋ᠧᠮ ᠤᠨ ᠮᠡᠳᠡᠭᠡ ᠵᠠᠩᠬᠢᠵᠢᠯᠳᠡ ᠪᠠ ᠡᠮ ᠡᠮᠨᠡᠯᠭᠡ ᠶᠢᠨ ᠬᠤᠯᠪᠤᠭᠠᠲᠤ | ᠴᠤᠭᠴᠠ ᠶᠢᠨ ᠪᠦᠲᠦᠭᠡᠨ ᠪᠠᠶᠢᠭᠤᠯᠤᠯᠲᠠ ᠶᠢ ᠳᠦᠯᠬᠢᠨ ᠠᠬᠢᠭᠤᠯᠵᠤ᠂ ᠡᠷᠡᠭᠦᠯ ᠮᠡᠨᠳᠦ ᠶᠢᠨ ᠲᠥᠭᠦᠮ ᠳᠦᠲᠡ᠂ | ᠣᠬᠢ ᠰᠢᠯᠢᠳᠡᠭ ᠦᠢᠯᠡᠴᠢᠯᠡᠭᠡ ᠶᠢ ᠬᠤᠳᠠ ᠬᠥᠳᠡᠭᠡ ᠶᠢᠨ ᠰᠠᠭᠤᠭᠠᠯᠢ ᠠᠷᠠᠳ ᠠᠴᠠ ᠬᠠᠮᠤᠭ ᠣᠶᠢᠷ᠎ᠠ ᠪᠠᠶᠢᠯᠭᠠᠵᠣ | ᠠᠷᠠᠳ ᠲᠦᠮᠡᠨ ᠢᠶᠠᠷ ᠭᠤᠣᠯ ᠪᠣᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ ᠶᠢ ᠣᠯᠠᠨ ᠨᠡᠶᠢᠲᠡ ᠶᠢᠨ | ᠦᠢᠯᠡᠴᠢᠯᠡᠭᠡᠨ ᠤ ᠣᠬᠢ ᠰᠢᠯᠢᠳᠡᠭ ᠲᠡᠩᠴᠡᠬᠦᠷᠢᠰᠢᠯ᠂ ᠠᠷᠠᠳ ᠲᠦᠮᠡᠨ ᠤ ᠠᠮᠢᠳᠤᠷᠠᠯ ᠵᠣᠯ ᠵᠢᠷᠭᠠᠯ ᠲᠠᠢ ᠡᠶ᠎ᠡ | ᠵᠣᠬᠢᠴᠠᠩᠭᠤᠢ᠂ ᠨᠡᠶᠢᠭᠡᠮ ᠤᠨ ᠲᠥᠪ ᠭᠤᠣᠯᠴᠢ ᠰᠢᠳᠣᠷᠭᠤ ᠶᠣᠰᠣ ᠶᠢ ᠲᠦᠷᠭᠡᠪᠴᠢᠯᠡᠨ ᠪᠡᠶᠡᠯᠡᠭᠦᠯᠬᠦ ᠠᠵᠢᠯᠯᠠᠭᠠᠨ | ᠳᠡᠭᠡᠷ᠎ᠡ ᠨᠠᠶᠢᠳᠠᠪᠣᠷᠢᠵᠢᠭᠤᠯᠣᠨ ᠵᠣᠯ ᠵᠢᠷᠭᠠᠯᠲᠤ ᠠᠮᠢᠳᠤᠷᠠᠯ ᠢ ᠬᠠᠮᠳᠣᠪᠠᠷ ᠡᠳ᠋ᠯᠡᠬᠦ ᠣᠷᠣᠨ ᠪᠣᠯᠭᠠᠨ ᠪᠦᠲᠦᠭᠡᠨ | ᠪᠠᠶᠢᠭᠤᠯᠤᠨ᠎ᠠ᠃ | 2018 ᠣᠨ ᠪᠣᠯ ᠲᠣᠰ ᠬᠤᠭᠤᠴᠠᠭᠠᠨ ᠤ ᠵᠠᠰᠠᠭ ᠤᠨ ᠣᠷᠳᠣᠨ ᠤ ᠠᠵᠢᠯ ᠤᠨ ᠡᠬᠢᠯᠡᠯᠲᠡ ᠶᠢᠨ ᠵᠢᠯ | ᠪᠣᠯᠣᠨ᠎ᠠ᠂ ᠡᠯ᠎ᠡ ᠲᠦᠷᠥᠯ ᠤᠨ ᠠᠵᠢᠯ ᠢ ᠰᠠᠶᠢᠨ ᠡᠬᠢᠯᠡᠭᠦᠯᠬᠦ ᠨᠢ ᠮᠠᠰᠢ ᠴᠢᠬᠤᠯᠠ ᠪᠢᠯᠡ᠃ ᠵᠢᠯ ᠤᠨ ᠳᠤᠳᠤᠷ᠎ᠠ | ᠳᠤᠤᠷᠠᠬᠢ ᠬᠡᠲᠦᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠳᠣᠷ ᠬᠢᠨ᠎ᠡ᠄ ᠨᠢᠬᠡ ᠳᠤ ᠬᠤᠷᠸ᠎ᠠ ᠲᠥᠷᠦ ᠶᠢᠨ | ᠪᠣᠳᠣᠯᠭ᠎ᠠ ᠶᠢᠨ ᠠᠰᠢᠭᠲᠠᠢ ᠲᠣᠬᠢᠶᠠᠯ ᠢ ᠰᠠᠶᠢᠳᠣᠷ ᠠᠳᠬᠤᠵᠤ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ | ᠴᠢᠨᠡᠷᠳᠡᠢ ᠥᠭᠡᠷᠡᠴᠢᠯᠡᠯᠲᠡ ᠶᠢ ᠭᠦᠨᠵᠡᠭᠡᠢ ᠠᠬᠢᠭᠤᠯᠤᠨ ᠨᠡᠭᠦᠷᠡᠰᠦᠨ ᠡᠬᠢ ᠪᠠᠶᠠᠯᠢᠭ ᠢ ᠨᠡᠭᠡᠭᠡᠨ ᠠᠰᠢᠭᠯᠠᠬᠤ ᠶᠠᠪᠤᠴᠠ | ᠶᠢ ᠲᠦᠷᠭᠡᠳᠬᠡᠵᠦ ᠲᠡᠷᠢᠭᠦᠨ ᠤ ᠦᠢᠯᠡᠳᠪᠦᠷᠢᠯᠡᠯ ᠤᠨ ᠴᠢᠳᠠᠪᠬᠢ ᠶᠢ ᠪᠦᠳᠦᠮᠵᠢᠳᠡᠢ ᠪᠠᠳᠠᠷᠠᠭᠤᠯᠵᠣ᠂ ᠠᠯᠺᠧᠨ | ᠨᠠᠬᠦᠷᠣᠭ᠍ᠴᠢ ᠶᠢᠨ ᠳᠠᠭᠠᠯᠲᠠ ᠠᠵᠤ ᠦᠢᠯᠡᠰ ᠤᠨ ᠬᠡᠯᠬᠢᠶ᠎ᠡ ᠶᠢ ᠢᠵᠢ ᠪᠦᠷᠢᠳᠦᠭᠦᠯᠬᠦ ᠲᠦᠷᠥᠯ ᠵᠣᠶᠢᠯ ᠢ ᠢᠳᠡᠪᠬᠢᠲᠡᠢ | ᠣᠷᠣᠭᠤᠯᠵᠤ ᠰᠢᠨ᠎ᠡ ᠮᠠᠲ᠋ᠧᠷᠢᠶᠠᠯ ᠤᠨ ᠠᠵᠤ ᠦᠢᠯᠡᠰ ᠢ ᠬᠦᠮᠦᠵᠢᠭᠦᠯᠤᠨ ᠪᠠᠶᠢᠭᠤᠯᠵᠦ ᠠᠵᠤ ᠣᠶᠢᠯᠡᠳᠪᠣᠷᠢ ᠶᠢᠨ | ᠬᠡᠯᠪᠡᠷᠢ ᠪᠠᠨ ᠬᠤᠪᠢᠷᠠᠭᠤᠯᠵᠤ ᠳᠡᠰ ᠳᠠᠪᠰᠢᠬᠤ ᠠᠯᠬᠤᠴᠠ ᠶᠢ ᠲᠦᠷᠭᠡᠳᠬᠡᠨ᠎ᠡ᠃ ᠵᠢᠯ ᠤᠨ ᠳᠤᠳᠤᠷ᠎ᠠ ᠨᠠᠷᠢᠨᠭᠤᠣᠯ | ᠠᠭᠤᠷᠬᠠᠢ ᠶᠢᠨ ᠤᠷᠣᠨ ᠤ ᠲᠥᠯᠥᠪᠵᠢᠬᠦᠯᠬᠡ ᠶᠢᠨ ᠣᠷᠴᠢᠨ ᠲᠤᠭᠤᠷᠢᠨ ᠳᠤ ᠦᠵᠡᠭᠦᠯᠬᠦ ᠨᠥᠯᠦᠭᠡᠨ ᠤ | ᠦᠨᠡᠯᠡᠯᠲᠡ ᠶᠢᠨ ᠵᠥᠪᠰᠢᠶᠡᠷᠡᠯ ᠢ ᠳᠠᠮᠠᠴᠠᠨ ᠣᠯᠵᠣ᠂ ᠨᠡᠭᠦᠷᠡᠰᠦᠨ ᠤ ᠭᠠᠷᠭᠠᠯᠲᠠ ᠶᠢᠨ ᠬᠡᠮᠵᠢᠶ᠎ᠡ ᠶᠢ 5000 | ᠲᠦᠮᠡᠨ ᠳᠣᠨᠨ᠋ᠨ ᠢ ᠳᠠᠪᠠᠭᠤᠯᠵᠣ᠂ ᠵᠦᠩ ᠮᠸᠢ ᠡᠨᠧᠷᠭᠢ ᠬᠢᠮᠢ ᠶᠢᠨ ᠠᠵᠣ ᠣᠶᠢᠯᠡᠳᠪᠣᠷᠢ ᠶᠢᠨ ᠺᠣᠮᠫᠠᠨᠢ ᠶᠢᠨ ᠨᠡᠶᠢᠯᠡᠯ | ᠬᠡᠢ ᠪᠠᠷ ᠵᠢᠯ ᠪᠦᠷᠢ 100 ᠲᠦᠮᠡᠨ ᠳᠣᠨᠨ᠋ᠨ ᠮᠧᠲ᠋ᠢᠯ ᠠᠯᠺᠣᠣᠯ ᠦᠢᠯᠡᠳᠪᠦᠷᠢᠯᠡᠬᠦ ᠮᠡᠷᠬᠡᠵᠢᠯ ᠤᠨ ᠦᠬᠡᠷᠡᠴᠢᠯᠡᠯᠳᠡ | ᠶᠢᠨ ᠲᠦᠷᠦᠯ ᠵᠦᠢᠯ ᠢ ᠡᠬᠢᠯᠡᠭᠦᠯᠦᠨ᠎ᠡ᠃ ᠬᠤᠶᠡᠷ ᠲᠤ ᠵᠠᠬ᠎ᠠ ᠳᠡᠯᠭᠡᠭᠦᠷ ᠤᠨ ᠬᠡᠷᠡᠭᠴᠡᠭᠡ ᠪᠠᠷ ᠵᠢᠯᠣᠭᠤᠳᠤᠮᠵᠢ | ᠪᠣᠯᠭᠠᠵᠤ ᠰᠢᠨ᠎ᠡ ᠡᠭᠦᠯᠳᠡᠷ ᠲᠦᠷᠦᠯ ᠢ ᠣᠷᠣᠭᠤᠯᠬᠤ ᠪᠠᠨ ᠴᠢᠩᠭᠠᠳᠬᠠᠬᠤ ᠪᠠ ᠬᠡᠷᠡᠭᠯᠡᠭᠡᠨ ᠤ ᠮᠡᠷᠭᠡᠵᠢᠯ ᠢ | ᠲᠦᠭᠡᠮᠡᠯᠵᠢᠭᠦᠯᠬᠦ ᠶᠢ ᠴᠢᠩᠭᠠᠳᠬᠠᠵᠣ ᠲᠠᠷᠢᠵᠦ ᠲᠡᠵᠢᠭᠡᠬᠦ ᠪᠦᠲᠦᠴᠡ ᠶᠢ ᠰᠢᠯᠢᠳᠡᠭᠵᠢᠭᠦᠯᠵᠦ᠂ ᠮᠠᠯᠴᠢᠨ | ᠲᠠᠷᠢᠶᠠᠴᠢᠨ ᠤ ᠬᠥᠭᠵᠢᠯᠲᠡ ᠶᠢᠨ ᠣᠯᠠᠨ ᠡᠰᠢᠵᠢᠯᠡᠯᠳᠡ᠂ ᠲᠣᠬᠢᠷᠠᠮᠵᠢᠲᠠᠢ ᠬᠡᠪᠴᠢᠶᠡᠨ ᠤ ᠡᠵᠡᠩᠨᠡᠯᠲᠡ ᠶᠢ | ᠵᠢᠯᠣᠭᠤᠳᠤᠨ ᠮᠠᠯ ᠲᠠᠷᠢᠶᠠᠯᠠᠩ ᠤᠨ ᠠᠵᠤ ᠦᠢᠯᠡᠰ ᠪᠣᠯᠣᠨ ᠪᠤᠰᠤᠳ ᠠᠵᠤ ᠦᠢᠯᠡᠰ ᠤᠨ ᠬᠠᠷᠢᠯᠴᠠᠨ ᠠᠭᠤᠰᠤᠯᠴᠠᠨ | ᠬᠦᠭᠵᠢᠬᠦ ᠶᠢ ᠬᠦᠴᠦᠯᠡᠨ ᠭᠦᠨᠵᠡᠭᠡᠶᠢᠷᠡᠭᠦᠯᠵᠦ ᠮᠠᠯᠴᠢᠨ ᠲᠠᠷᠢᠶᠠᠴᠢᠨ ᠤ ᠥᠷᠭᠦᠯᠵᠢᠯᠡᠨ ᠣᠷᠣᠯᠭ᠎ᠠ ᠪᠠᠨ ᠨᠡᠮᠡᠭᠳᠡᠭᠦᠯᠬᠦ | ᠳᠤ ᠬᠥᠳᠡᠯᠭᠡᠭᠴᠢ ᠬᠦᠴᠦᠨ ᠨᠡᠮᠡᠷᠢᠯᠡᠵᠦ ᠠᠷᠭ᠎ᠠ ᠵᠠᠮ ᠢ ᠥᠷᠭᠡᠳᠭᠡᠨ᠎ᠡ᠃ ᠵᠢᠯ ᠤᠨ ᠳᠣᠳᠣᠷ᠎ᠠ 3 ᠲᠦᠮᠡᠨ ᠮᠦ ᠶᠢᠨ | ᠣᠳᠣ ᠦᠶ᠎ᠡ ᠶᠢᠨ ᠲᠠᠷᠢᠶᠠᠯᠠᠩ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠵᠤ᠂ ᠲᠥᠬᠦᠭᠡᠷᠦᠮᠵᠢᠲᠦ ᠲᠠᠷᠢᠶᠠᠯᠠᠩ ᠢ | 200 ᠮᠦ ᠬᠦᠭᠵᠢᠬᠦᠯᠵᠣ᠂ 5 ᠲᠦᠮᠡᠨ ᠮᠦ ᠶᠢᠨ ᠤᠰᠤ ᠠᠷᠪᠢᠯᠠᠬᠤ ᠣᠰᠣᠯᠠᠯᠲᠠ ᠶᠢ ᠪᠡᠶᠡᠯᠡᠭᠦᠯᠦᠨ᠎ᠡ︔ ᠪᠦᠬᠦ | ᠤᠯᠤᠰ ᠤᠨ ᠣᠷᠭᠠᠨᠢᠭ ᠢᠳᠡᠭᠡᠨ ᠤ ᠳᠠᠭᠤᠷᠢᠶᠠᠯ ᠪᠠᠯᠭᠠᠰᠤᠨ ᠤ ᠡᠬᠦᠳᠣᠨ ᠪᠠᠶᠢᠭᠤᠯᠤᠯᠲᠠ ᠶᠢᠨ ᠠᠵᠢᠯ ᠢ ᠡᠬᠢᠯᠡᠭᠦᠯᠵᠦ | ︽ᠦᠥᠰᠢᠨ ᠤ ᠭᠠᠷᠣᠯᠳᠠᠳᠣ︾ ᠪᠦᠳᠦᠬᠡᠭᠳᠠᠬᠦᠨ ᠢ ᠲᠦᠮᠡ ᠮᠢᠩᠭᠠᠨ ᠡᠷᠦᠭᠡ ᠳᠤ ᠡᠳ᠋ᠯᠡᠬᠦᠯᠥᠨ ᠬᠡᠷᠡᠭᠯᠡᠬᠦᠯᠥᠨᠠ᠃ | ᠭᠤᠷᠪᠠ ᠳᠤ ︽ᠪᠦᠬᠦ ᠣᠷᠣᠨ ᠪᠦᠰᠠ ᠶᠢᠨ ᠵᠢᠭᠤᠯᠴᠢᠯᠠᠯ︾ ᠤᠨ ᠬᠥᠭᠵᠢᠭᠦᠯᠲᠡ ᠶᠢᠨ ᠪᠠᠶᠢᠯᠳᠤᠬᠤ ᠪᠣᠳᠣᠯᠭ᠎ᠠ ᠶᠢ | ᠭᠦᠨᠵᠡᠭᠡᠢ ᠬᠡᠷᠡᠭᠵᠢᠭᠦᠯᠵᠦ ᠣᠩᠭᠤᠨ ᠮᠠᠩᠬ᠎ᠠ ᠣᠯᠣᠰ ᠤᠨ ᠡᠯᠡᠰᠣ ᠮᠠᠩᠬᠠᠨ ᠤ ᠬᠦᠷᠢᠶᠠᠯᠠᠩ ᠵᠡᠷᠭᠡ ᠥᠪᠡᠷᠮᠢᠴᠡ | ᠣᠨᠴᠠᠯᠢᠭᠳᠣ ᠪᠠᠶᠠᠴᠢᠯᠡᠨ ᠣᠶᠢᠯᠠᠭᠠᠬᠤ ᠲᠦᠷᠦᠯ ᠵᠦᠢᠯ ᠤᠨ ᠨᠡᠭᠡᠭᠡᠯᠲᠡ ᠶᠢ ᠰᠠᠶᠢᠳᠣᠷ ᠠᠳᠬᠤᠨ ᠲᠡᠮᠦᠷ ᠵᠠᠮ ᠤᠨ | ᠲᠥᠪᠯᠡᠷᠡᠬᠦᠯᠬᠦ ᠳᠠᠷᠬᠠᠭᠠᠬᠤ ᠳᠡᠬᠡᠬᠡᠪᠣᠷᠢᠯᠡᠬᠦ ᠰᠢᠰᠲ᠋ᠧᠮ ᠢ 2 ᠪᠠᠶᠢᠭᠤᠯᠵᠤ᠂ ᠣᠳᠣ ᠦᠶ᠎ᠡ ᠶᠢᠨ ᠦᠢᠯᠡᠴᠢᠯᠡᠭᠡᠨ ᠤ | ᠠᠵᠤ ᠦᠢᠯᠡᠰ ᠤᠨ ᠳᠡᠰ ᠳᠠᠪᠰᠢᠯᠲᠠ ᠪᠠ ᠬᠡᠪᠴᠢᠶ᠎ᠡ ᠶᠢ ᠥᠷᠭᠡᠳᠬᠡᠨ ᠦᠷ᠎ᠡ ᠪᠦᠳᠣᠮᠵᠢ ᠶᠢ ᠨᠡᠮᠡᠭᠳᠡᠭᠦᠯᠬᠦ ᠶᠢ | ᠠᠬᠢᠭᠤᠯᠤᠨ᠎ᠠ᠃ ᠲᠦᠷᠪᠠ ᠳᠤ ᠬᠤᠲᠠ ᠪᠠᠯᠭᠠᠰᠤ ᠪᠣᠯᠣᠨ ᠬᠥᠳᠡᠭᠡ ᠳᠤᠰᠬᠤᠨ ᠤ ᠨᠠᠷᠢᠯᠢᠭᠵᠢᠭᠤᠯᠣᠭᠰᠠᠨ | ᠬᠠᠮᠢᠶᠠᠷᠤᠯᠲᠠ ᠶᠢᠨ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠬᠤᠳᠠ ᠬᠦᠳᠡᠭᠡ ᠶᠢᠨ ᠣᠯᠠᠨ ᠨᠡᠶᠢᠲᠡ ᠶᠢᠨ | ᠦᠢᠯᠡᠴᠢᠯᠡᠭᠡᠨ ᠤ ᠲᠥᠬᠦᠭᠡᠷᠦᠮᠵᠢ ᠶᠢ ᠲᠡᠭᠦᠯᠳᠡᠷᠵᠢᠭᠦᠯᠦᠨ ᠪᠠᠯᠭᠠᠰᠣᠨ ᠲᠣᠭᠤᠷᠢᠭ᠂ ᠵᠠᠮ ᠱᠤᠭᠤᠮ ᠳᠠᠭᠠᠤ ᠪᠣᠯᠣᠨ | ᠮᠠᠯᠵᠢᠬᠤ ᠲᠠᠷᠢᠶᠠᠯᠠᠬᠤ ᠣᠷᠣᠨ ᠤ ᠣᠷᠴᠢᠨ ᠲᠤᠭᠤᠷᠢᠨ ᠤ ᠶᠡᠷᠦᠩᠬᠡᠶᠢᠯᠡᠭᠰᠡᠨ ᠵᠠᠰᠠᠯᠲᠠ ᠶᠢᠨ ᠬᠦᠴᠦᠯᠡᠴᠡ ᠶᠢ | ᠨᠡᠮᠡᠭᠳᠡᠭᠦᠯᠵᠦ ᠰᠠᠭᠤᠭᠠᠯᠢ ᠠᠷᠠᠳ ᠤᠨ ᠪᠤᠯᠪᠠᠰᠤᠨ ᠬᠡᠪ ᠪᠣᠯᠪᠠᠰᠣᠷᠠᠯ ᠢ ᠳᠡᠭᠡᠭᠰᠢᠯᠡᠭᠦᠯᠬᠦ ᠠᠵᠢᠯᠯᠠᠭᠠᠨ ᠢ | ᠥᠷᠨᠢᠭᠦᠯᠦᠨ ᠵᠡᠷᠬᠡ ᠳᠠᠰᠳᠣ ᠬᠤᠲᠠ ᠪᠠᠯᠭᠠᠰᠤ ᠪᠣᠯᠣᠨ ᠣᠷᠣᠰᠢᠨ ᠠᠮᠢᠳᠤᠷᠠᠬᠤ ᠳᠤ ᠳᠣᠬᠢᠷᠠᠮᠵᠢᠳᠠᠢ | ᠦᠵᠡᠰᠬᠦᠯᠡᠩᠲᠦ ᠰᠠᠶᠢᠬᠠᠨ ᠬᠦᠳᠡᠭᠡ ᠲᠤᠰᠬᠤᠨ ᠢ ᠪᠦᠲᠦᠭᠡᠨ ᠪᠠᠶᠢᠭᠤᠯᠤᠨ᠎ᠠ᠃ ᠵᠢᠯ ᠤᠨ ᠳᠣᠳᠣᠷ᠎ᠠ ᠵᠢᠩ ᠵᠢᠣ | ᠡᠮᠣᠨ᠎ᠠ ᠵᠠᠮ ᠤᠨ ᠣᠷᠳᠣᠳᠬᠠᠯ ᠱᠤᠭᠤᠮ ᠵᠡᠷᠬᠡ 5 ᠵᠣᠷᠪᠣᠰ ᠬᠤᠲᠠ ᠶᠢᠨ ᠶᠠᠪᠤᠳᠠᠯ ᠤᠨ ᠵᠠᠮ ᠢ ᠰᠢᠨ᠎ᠡ ᠪᠠᠷ | ᠪᠦᠲᠦᠭᠡᠨ ᠪᠠᠶᠢᠭᠤᠯᠵᠤ᠂ ᠰᠠᠭᠤᠭᠠᠯᠢ ᠠᠷᠠᠳ ᠤᠨ 10 ᠬᠠᠭᠤᠴᠢᠨ ᠳᠣᠭᠤᠷᠢᠭ ᠤᠨ ᠶᠡᠷᠦᠩᠬᠡᠶᠢᠯᠡᠭᠰᠡᠨ | ᠥᠭᠡᠷᠡᠴᠢᠯᠡᠯᠲᠡ ᠶᠢ ᠡᠬᠢᠯᠡᠭᠦᠯᠦᠨ᠎ᠡ᠃ ᠳᠠᠪᠤ ᠳᠤ ᠬᠥᠬᠡᠬᠤᠲᠠ ᠪᠤᠭᠤᠲᠤ ᠣᠷᠳᠣᠰ ᠤᠨ ᠬᠠᠮᠲᠤ ᠶᠢᠨ | ᠬᠥᠭᠵᠢᠯᠲᠡ ᠶᠢᠨ ᠲᠤᠭᠤᠷᠢᠨ ᠳᠤ ᠲᠡᠭᠡᠳᠦ ᠵᠡᠷᠭᠡ ᠶᠢᠨ ᠵᠠᠰᠠᠮᠠᠯ ᠵᠠᠮ᠂ ᠲᠡᠮᠦᠷ ᠵᠠᠮ᠂ ᠴᠢᠮᠡᠭᠡ ᠬᠤᠯᠪᠤᠭ᠎ᠠ᠂ ᠤᠰᠤᠨ | ᠠᠰᠢᠭᠯᠠᠯᠲᠠ᠂ ᠠᠮᠢ ᠠᠬᠤᠢ ᠵᠡᠷᠭᠡ ᠰᠠᠭᠤᠷᠢ ᠪᠦᠲᠦᠭᠡᠨ ᠪᠠᠶᠢᠭᠤᠯᠤᠯᠲᠠ ᠶᠢ ᠳᠦᠯᠬᠢᠨ ᠠᠬᠢᠭᠤᠯᠵᠤ | ᠬᠥᠭᠵᠢᠯᠲᠡ ᠶᠢᠨ ᠠᠴᠢᠶᠠᠯᠠᠬᠤ ᠬᠦᠴᠦᠨ ᠢ ᠳᠠᠰᠣᠷᠠᠯᠳᠡ ᠦᠭᠡᠢ ᠪᠠᠲᠤᠵᠢᠭᠤᠯᠵᠣ᠂ ᠨᠤᠮᠢᠨ ᠲᠠᠩᠰᠤᠭ ᠭᠡᠷ ᠣᠷᠣᠨ | ᠢᠶᠠᠨ ᠪᠦᠲᠦᠭᠡᠨ ᠪᠠᠶᠢᠭᠤᠯᠵᠤ ᠬᠠᠮᠠᠭᠠᠯᠠᠭᠠᠳ ᠤᠯᠠᠮ ᠦᠵᠡᠰᠬᠦᠯᠡᠩ ᠰᠠᠶᠢᠬᠠᠨ ᠪᠣᠯᠭᠠᠨ᠎ᠠ᠃ ᠵᠢᠯ ᠤᠨ ᠲᠤᠳᠤᠷ᠎ᠠ 3 | ᠵᠣᠷᠪᠣᠰ ᠳᠠᠰᠳᠣ ᠵᠠᠰᠠᠮᠠᠯ ᠵᠠᠮ ᠪᠠ ᠨᠡᠶᠢᠲᠡᠮ ᠬᠡᠷᠡᠭᠯᠡᠭᠡᠨ ᠤ ᠨᠢᠰᠬᠡᠯ ᠤᠨ ᠳᠠᠯᠠᠪᠣᠷ ᠢ ᠡᠬᠢᠯᠡᠬᠦᠯᠥᠨ ᠪᠦᠲᠦᠭᠡᠨ | ᠪᠠᠶᠢᠭᠤᠯᠵᠤ ᠦᠪᠣᠷ ᠮᠣᠩᠭᠤᠯ ᠤᠨ ᠪᠠᠷᠠᠭᠤᠨ ᠬᠡᠰᠡᠭ ᠤᠨ ᠣᠷᠣᠨ ᠠᠴᠠ ᠳᠣᠮᠳᠠᠳᠣ ᠣᠷᠣᠨ ᠬᠦᠷᠬᠦ ᠲᠡᠮᠦᠷ | ᠵᠠᠮ ᠤᠨ ᠵᠠᠮ ᠳᠡᠪᠢᠰᠬᠦ ᠠᠵᠢᠯ ᠢ ᠳᠠᠭᠤᠰᠬᠠᠨ ᠪᠤᠭᠤᠲᠤ ᠬᠦᠷᠬᠦ ᠴᠢᠭᠯᠡᠯ ᠤᠨ ᠠᠶᠠᠨᠴᠢᠳ ᠤᠨ ᠭᠠᠯ ᠲᠡᠷᠭᠡ ᠶᠢ | ᠨᠡᠪᠲᠡᠷᠡᠭᠦᠯᠦᠨ᠎ᠡ᠃ ᠪᠡᠭᠡᠵᠢᠩ ᠲᠢᠶᠠᠨᠵᠢᠨ ᠤ ᠡᠯᠡᠰᠦᠨ ᠰᠢᠭᠤᠷᠭᠠᠨ ᠤ ᠡᠬᠢ ᠢᠷᠡᠯᠳᠠ ᠶᠢᠨ ᠣᠷᠣᠨ ᠤ ᠬᠤᠶᠠᠳᠤᠭᠠᠷ | ᠬᠤᠭᠤᠴᠠᠭᠠᠨ ᠤ ᠵᠠᠰᠠᠯᠲᠠ ᠵᠡᠷᠭᠡ ᠭᠤᠣᠯᠳᠠᠯᠭᠠᠲᠤ ᠠᠮᠢ ᠠᠬᠤᠢ ᠶᠢᠨ ᠢᠨᠵᠧᠨᠧᠷᠢᠩ ᠢ ᠵᠣᠬᠢᠶᠠᠨ ᠪᠠᠶᠢᠭᠤᠯᠦᠨ | ᠬᠡᠷᠡᠭᠵᠢᠭᠦᠯᠵᠤ ᠣᠢ ᠰᠢᠭᠤᠢ ᠶᠢᠨ ᠪᠦᠲᠦᠭᠡᠨ ᠪᠠᠶᠢᠭᠤᠯᠤᠯᠲᠠ ᠶᠢ 12 ᠲᠦᠮᠡᠨ ᠮᠦ ᠪᠡᠶᠡᠯᠡᠭᠦᠯᠦᠨ᠎ᠡ︔ ᠠᠭᠠᠷ | ᠮᠠᠨᠳᠠᠯ᠂ ᠤᠰᠤ᠂ ᠬᠦᠷᠣᠰᠣ ᠰᠢᠷᠦᠢ ᠶᠢᠨ ᠪᠣᠬᠢᠷᠳᠣᠯ ᠢ ᠰᠡᠷᠭᠡᠶᠢᠯᠡᠨ ᠵᠠᠰᠠᠬᠤ ᠠᠵᠢᠯ ᠢ ᠰᠠᠶᠢᠳᠤᠷ ᠠᠳᠬᠤᠵᠤ | ᠭᠠᠯᠠᠭᠤᠲᠤ ᠪᠠᠯᠭᠠᠰᠤᠨ ᠤ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠬᠠᠶᠠᠭᠳᠠᠮᠠᠯ ᠤᠰᠤ ᠶᠢ ᠲᠠᠬᠢᠨ | ᠬᠡᠷᠡᠭᠯᠡᠬᠦ ᠪᠠᠷᠢᠮᠵᠢᠶ᠎ᠠ ᠶᠢ ᠳᠡᠬᠡᠭᠰᠢᠯᠡᠬᠦᠯᠬᠦ ᠥᠭᠡᠷᠡᠴᠢᠯᠡᠯᠲᠡ ᠶᠢᠨ ᠲᠦᠷᠥᠯ ᠵᠣᠶᠢᠯ ᠢ ᠬᠡᠷᠡᠭᠵᠢᠭᠦᠯᠦᠨ ᠵᠥᠩ ᠲᠢᠶᠠᠨ | ᠡᠾᠧ ᠴᠣᠸᠠᠩ ᠺᠣᠮᠫᠠᠨᠢ ᠶᠢᠨ ᠠᠭᠤᠷᠬᠠᠢ ᠶᠢᠨ ᠤᠰᠤ ᠶᠢ ᠬᠦᠨᠵᠡᠬᠡᠢ ᠰᠢᠢᠳᠪᠦᠷᠢᠯᠡᠬᠦ ᠦᠢᠯᠡᠳᠪᠦᠷᠢ ᠶᠢ ᠪᠦᠲᠦᠭᠡᠨ | ᠪᠠᠶᠢᠭᠤᠯᠵᠤ ᠬᠡᠷᠡᠭᠯᠡᠯᠲᠡ ᠣᠷᠣᠭᠤᠯᠬᠤ ᠶᠢ ᠪᠠᠳᠣᠯᠠᠨ᠎ᠠ᠃ ᠵᠢᠷᠭᠤᠭ᠎ᠠ ᠳᠤ ᠰᠢᠨ᠎ᠡ ᠪᠠᠷ ᠨᠡᠮᠡᠭᠳᠡᠭᠰᠡᠨ ᠬᠡᠷᠡᠭᠯᠡᠵᠦ | ᠪᠣᠯᠬᠤ ᠡᠳ᠋ ᠤᠨ ᠬᠦᠴᠦᠨ ᠢ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠳᠡᠭᠡᠷ᠎ᠡ ᠬᠡᠷᠡᠭᠯᠡᠵᠣ | ᠶᠠᠳᠠᠭᠤ ᠠᠴᠠ ᠠᠩᠭᠢᠵᠢᠷᠠᠭᠤᠯᠤᠨ ᠪᠣᠭᠤᠮᠳᠠ ᠰᠢᠪᠳᠣᠯᠬᠤ ᠠᠵᠢᠯ ᠤᠨ ᠪᠦᠲᠦᠮᠵᠢ ᠶᠢ ᠪᠠᠲᠤᠵᠢᠭᠤᠯᠦᠨ | ᠳᠡᠭᠡᠭᠰᠢᠯᠡᠭᠦᠯᠵᠤ ᠤᠯᠠᠨ ᠲᠦᠮᠡᠨ ᠢᠶᠠᠷ ᠢᠶᠠᠨ ᠨᠡᠶᠢᠲᠡᠮ ᠬᠠᠯᠠᠮᠵᠢᠯᠠᠵᠤ ᠪᠠᠶᠢᠭ᠎ᠠ ᠰᠤᠷᠭᠠᠨ ᠬᠦᠮᠦᠵᠢᠯ᠂ ᠡᠮᠴᠢᠯᠡᠭᠡ᠂ | ᠨᠠᠰᠤᠵᠢᠯ ᠤᠨ ᠠᠰᠠᠷᠠᠮᠵᠢ᠂ ᠦᠢᠯᠡᠰ ᠪᠣᠰᠬᠠᠯᠲᠠ ᠠᠵᠢᠯ ᠣᠯᠭᠤᠯᠲᠠ᠂ ᠦᠨᠲᠦᠰᠦᠲᠡᠨ ᠤ ᠪᠦᠯᠬᠦᠮᠳᠡᠯ ᠳᠠᠪᠰᠢᠯᠲᠠ᠂ | ᠢᠳᠡᠭᠡᠨ ᠤᠮᠳᠠᠭᠠᠨ ᠡᠮ ᠤᠨ ᠵᠦᠢᠯᠡᠰ ᠤᠨ ᠠᠮᠤᠷ ᠲᠥᠪᠰᠢᠨ ᠵᠡᠷᠭᠡ ᠲᠠᠯ᠎ᠠ ᠳᠤ ᠨᠢᠭᠡ ᠪᠦᠯᠦᠭ ᠰᠠᠭᠤᠷᠢ | ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠪᠣᠯᠣᠨ ᠬᠠᠨᠳᠤᠯᠭᠠᠲᠤ ᠴᠢᠨᠠᠷ ᠢᠶᠠᠷ ᠴᠢᠩᠭ᠎ᠠ ᠠᠷᠠᠳ ᠤᠨ | ᠠᠮᠢᠳᠤᠷᠠᠯ ᠤᠨ ᠲᠠᠯ᠎ᠠ ᠶᠢᠨ ᠪᠤᠳᠠᠳᠤ ᠠᠵᠢᠯ ᠢ ᠦᠷᠭᠦᠯᠵᠢᠯᠡᠨ ᠬᠢᠵᠦ ᠤᠯᠠᠨ ᠲᠦᠮᠡᠨ ᠤ ᠬᠦᠷᠳᠡᠮᠵᠢ ᠶᠢᠨ ᠲᠦᠷᠦᠭᠳᠡᠯ | ᠢ ᠤᠯᠠᠮ ᠳᠡᠭᠡᠭᠰᠢᠯᠡᠭᠦᠯᠦᠨ᠎ᠡ᠃ ᠵᠢᠯ ᠤᠨ ᠳᠤᠳᠤᠷ᠎ᠠ ᠰᠣᠷᠭᠠᠭᠤᠯᠢ ︵ᠬᠡᠦᠬᠡᠳ ᠤᠨ ᠴᠡᠴᠡᠷᠯᠢᠭ︶ ᠶᠢ 4 ᠰᠢᠨ᠎ᠡ ᠪᠠᠷ | ᠡᠬᠢᠯᠡᠬᠦᠯᠥᠨ ᠪᠦᠲᠦᠭᠡᠨ ᠪᠠᠶᠢᠭᠤᠯᠵᠤ᠂ ᠡᠬᠦᠨ ᠳᠤ 2 ᠰᠤᠷᠭᠠᠭᠤᠯᠢ ᠶᠢ ᠪᠦᠲᠦᠭᠡᠨ ᠪᠠᠶᠢᠭᠤᠯᠵᠤ ᠳᠠᠭᠤᠰᠬᠠᠨ᠎ᠠ︔ | ᠨᠡᠶᠢᠲᠡ ᠶᠢᠨ ᠠᠰᠠᠷᠠᠮᠵᠢ ᠶᠢᠨ ᠴᠢᠨᠠᠷᠳᠡᠢ ᠠᠵᠢᠯ ᠤᠨ ᠪᠠᠶᠢᠷᠢ ᠶᠢ 100 ᠭᠠᠷᠦᠢ ᠭᠠᠷᠭᠠᠵᠤ᠂ ᠮᠣᠩᠭᠤᠯ ᠬᠢᠲᠠᠳ | ᠬᠡᠯᠡᠨ ᠤ ᠠᠵᠢᠯᠲᠠᠨ ᠢ 30 ᠨᠠᠷᠠᠰ ᠡᠯᠰᠡᠨ᠎ᠡ︔ ᠶᠠᠳᠠᠭᠤ ᠬᠦᠴᠢᠷᠳᠡᠯᠲᠡᠢ ᠬᠦᠮᠦᠨ ᠠᠮᠠ ᠶᠢᠨ ᠣᠷᠣᠯᠭ᠎ᠠ ᠶᠢ | ᠯᠠᠪᠳᠠᠭᠤᠨ ᠨᠡᠮᠡᠭᠳᠡᠭᠦᠯᠵᠦ ᠶᠠᠳᠠᠭᠤ ᠠᠴᠠ ᠠᠩᠭᠢᠵᠢᠷᠠᠭᠤᠯᠤᠨ᠎ᠠ︔ ᠢᠲᠡᠭᠡᠨ ᠤᠮᠳᠠᠭᠠᠨ ᠤ ᠠᠮᠤᠷ ᠲᠦᠪᠰᠢᠨ ᠤ ᠪᠦᠬᠦ | ᠶᠠᠪᠤᠴᠠ ᠶᠢ ᠮᠥᠷᠳᠡᠬᠦ ᠰᠢᠰᠲ᠋ᠧᠮ ᠤᠨ ᠪᠠᠶᠢᠭᠤᠯᠣᠯᠳᠠ ᠶᠢ ᠡᠬᠢᠯᠡᠬᠦᠯᠥᠨ᠎ᠠ︔ ᠪᠦᠬᠦ ᠬᠤᠰᠢᠭᠤ ᠪᠠᠷ ᠢᠶᠠᠨ ᠰᠠᠭᠤᠭᠠᠯᠢ | ᠠᠷᠠᠳ ᠤᠨ ᠡᠷᠡᠭᠦᠯ ᠮᠡᠨᠳᠦ ᠶᠢᠨ ᠨᠢᠭᠡᠳᠦᠯᠲᠡᠢ ᠳᠠᠩᠰᠠ ᠡᠪᠬᠡᠮᠡᠯ ᠤᠨ ᠲᠤᠭ᠎ᠠ ᠪᠠᠷᠢᠮᠲᠠ ᠶᠢᠨ ᠬᠦᠮᠦᠷᠭᠡ ᠶᠢ | ᠪᠦᠲᠦᠭᠡᠨ ᠪᠠᠶᠢᠭᠤᠯᠤᠨ᠎ᠠ᠃ ᠳᠣᠯᠤᠭ᠎ᠠ ᠳᠤ ︽ᠵᠠᠰᠠᠭ ᠢ ᠴᠣᠮᠬᠤᠳᠬᠠᠨ ᠡᠷᠬᠡ ᠶᠢ ᠳᠣᠷᠣᠭᠰᠢ ᠪᠠᠭᠤᠯᠭᠠᠵᠣ᠂ | ᠪᠠᠭᠤᠯᠭᠠᠬᠤ ᠪᠠ ᠬᠠᠮᠢᠶᠠᠷᠬᠤ ᠶᠢ ᠣᠶᠠᠯᠳᠣᠭᠤᠯᠣᠨ ᠣᠶᠢᠯᠡᠴᠢᠯᠡᠭᠡ ᠶᠢ ᠰᠢᠯᠢᠳᠡᠭᠵᠢᠬᠦᠯᠬᠦ︾ ᠥᠭᠡᠷᠡᠴᠢᠯᠡᠯᠲᠡ ᠶᠢ | ᠯᠠᠪᠳᠠᠭᠤᠨ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠨ᠎ᠡ ᠳᠠᠪᠴᠠᠩ ᠢ ᠪᠦᠬᠦ ᠲᠠᠯ᠎ᠠ ᠪᠠᠷ | ᠠᠵᠢᠯᠯᠠᠭᠤᠯᠵᠣ ︽ᠨᠢᠭᠡ ᠬᠠᠳᠠᠪᠴᠢ ᠪᠠᠷ ᠠᠯᠬᠤᠪᠠᠯ ᠮᠢᠩᠭᠠᠨ ᠶᠠᠪᠤᠳᠠᠯ ᠰᠢᠢᠳᠪᠤᠷᠢᠯᠡᠬᠦ︾ ᠶᠢ ᠪᠡᠶᠡᠯᠡᠭᠦᠯᠵᠦ᠂ | ᠤᠯᠠᠨ ᠲᠦᠮᠡᠨ ᠤ ᠠᠵᠢᠯ ᠶᠠᠪᠤᠳᠠᠯ ᠬᠦᠢᠴᠡᠳᠬᠡᠬᠦ ᠳᠤ ᠤᠯᠠᠮ ᠳᠦᠭᠦᠮ ᠲᠥᠳᠡ ᠪᠣᠯᠭᠠᠨ᠎ᠠ᠃ | ᠲᠥᠯᠥᠭᠡᠯᠡᠭᠴᠢᠳ ᠡ᠂ ᠰᠢᠨ᠎ᠡ ᠴᠠᠭ ᠦᠶ᠎ᠡ᠂ ᠰᠢᠨ᠎ᠡ ᠬᠠᠷᠠᠯᠳᠠ ᠪᠢᠳᠠᠨ ᠢ ᠵᠣᠷᠢᠭᠵᠢᠭᠤᠯᠣᠨ ᠳᠠᠮᠠᠴᠡᠬᠦᠯᠬᠦ | ᠶᠣᠮ᠂ ᠬᠤᠰᠢᠭᠤ ᠪᠠᠷ ᠢᠶᠠᠨ ᠰᠢᠷᠭᠠᠭᠤ ᠠᠵᠢᠯᠯᠠᠨ ᠪᠣᠴᠠᠯᠳᠠ ᠦᠬᠡᠢ ᠣᠷᠣᠭᠰᠢᠯᠠᠳᠠᠭ ᠯᠡ ᠶᠣᠮ ᠪᠣᠯ ᠨᠣᠮᠢᠨ | ᠳᠠᠩᠰᠤᠭ ᠦᠣᠰᠢᠨ ᠤ ᠬᠢᠯᠡᠯᠵᠡᠮᠠ ᠬᠠᠭᠤᠳᠠᠰᠣ ᠶᠢ ᠪᠢᠴᠢᠭᠯᠡᠵᠣ ᠪᠦᠬᠦ ᠬᠤᠰᠢᠭᠤᠨ ᠤ ᠠᠷᠠᠳ ᠲᠦᠮᠡᠨ ᠤ ᠰᠠᠶᠢᠨ | ᠰᠠᠶᠢᠬᠠᠨ ᠠᠮᠢᠳᠣᠷᠠᠯ ᠢ ᠬᠦᠬᠡᠬᠡᠴᠡᠯᠳᠦᠬᠦ ᠠᠶᠠᠨ ᠳᠤ ᠢᠳᠡᠷᠡᠬᠦᠨ ᠠᠯᠬᠤᠭ᠎ᠠ ᠪᠠᠷ ᠪᠠᠳᠣᠳᠠᠢ ᠣᠷᠣᠭᠰᠢᠯᠡᠨᠠ᠃ | ᠭᠤᠷᠪᠠ᠂ ᠵᠠᠰᠠᠭ ᠤᠨ ᠣᠷᠳᠣᠨ ᠤ ᠳᠣᠰ ᠪᠡᠶ᠎ᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ | ᠰᠢᠨ᠎ᠡ ᠴᠠᠭ ᠦᠶ᠎ᠡ ᠠᠴᠠ ᠵᠠᠰᠠᠭ ᠤᠨ ᠣᠷᠳᠣᠨ ᠤ ᠳᠤᠰ ᠪᠡᠶ᠎ᠡ ᠶᠢᠨ ᠪᠠᠶᠢᠭᠤᠯᠤᠯᠲᠠ ᠳᠤ ᠨᠡᠩ ᠦᠨᠳᠦᠷ | ᠰᠢᠨ᠎ᠠ ᠱᠠᠭᠠᠷᠳᠠᠯᠭ᠎ᠠ ᠶᠢ ᠳᠤᠷᠠᠳᠪᠠ᠃ ᠪᠢᠳᠠ ︽ᠲᠦᠷᠪᠡᠨ ᠤᠬᠠᠮᠰᠠᠷ︾ ᠢ ᠪᠠᠲᠤ ᠪᠦᠷᠢᠯᠳᠦᠭᠦᠯᠵᠦ ᠨᠠᠮ ᠢ | ᠴᠢᠩᠭ᠎ᠠ ᠵᠠᠰᠠᠬᠤ ᠱᠠᠭᠠᠷᠳᠠᠯᠭ᠎ᠠ ᠶᠢ ᠪᠦᠬᠦ ᠲᠠᠯ᠎ᠠ ᠪᠠᠷ ᠲᠣᠣᠱᠯᠠᠭᠤᠯᠤᠨ ᠰᠣᠷᠲᠠᠯ ᠢ ᠦᠷᠭᠦᠯᠵᠢᠯᠡᠨ ᠬᠠᠯᠠᠨ | ᠰᠠᠶᠢᠵᠢᠷᠠᠭᠤᠯᠵᠤ ᠵᠠᠰᠠᠭ ᠵᠠᠬᠢᠷᠭᠠᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ | ︵ᠨᠢᠭᠡ︶ ᠬᠠᠤᠯᠢ ᠶᠢ ᠴᠢᠩᠭ᠎ᠠ ᠵᠢᠷᠤᠮᠯᠠᠨ ᠵᠠᠰᠠᠭ ᠶᠠᠪᠤᠭᠤᠯᠤᠨ᠎ᠠ᠃ ᠬᠠᠣᠯᠢᠵᠢᠯ ᠵᠠᠰᠠᠭ ᠤᠨ ᠣᠷᠳᠣᠨ ᠤ | ᠪᠠᠶᠢᠭᠤᠯᠣᠯᠳᠠ ᠶᠢᠨ ᠬᠡᠷᠡᠭᠵᠢᠭᠦᠯᠬᠦ ᠬᠦᠳᠥᠯᠪᠣᠷᠢ ᠶᠢ ᠭᠦᠨᠵᠡᠭᠡᠢ ᠲᠣᠣᠱᠯᠠᠭᠤᠯᠤᠨ ᠨᠠᠶᠢᠳᠠᠪᠣᠷᠢᠵᠢᠭᠤᠯᠵᠣ ︽ᠭᠤᠷᠪᠠᠨ | ᠳᠠᠩᠰᠠ︾ ᠶᠢᠨ ᠬᠠᠮᠢᠶᠠᠷᠤᠯᠲᠠ ᠶᠢ ᠲᠡᠭᠦᠯᠳᠡᠷᠵᠢᠭᠦᠯᠦᠨ ᠣᠶᠣᠨᠴᠢᠯᠠᠭᠰᠠᠨ ᠵᠠᠰᠠᠭ ᠤᠨ ᠶᠠᠪᠤᠳᠠᠯ ᠤᠨ ᠳᠠᠪᠴᠠᠩ ᠤᠨ | ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠭᠦᠯᠬᠦ ᠶᠠᠪᠤᠴᠠ ᠶᠢ | ᠰᠢᠯᠢᠳᠡᠭᠵᠢᠭᠦᠯᠦᠨ ᠳᠠᠬᠢᠨ ᠪᠦᠲᠦᠭᠡᠬᠦ ᠶᠢ ᠦᠷᠨᠢᠬᠦᠯᠵᠦ ᠪᠠᠷᠢᠮᠵᠢᠶ᠎ᠠ ᠪᠣᠯᠣᠨ ᠳᠦᠷᠢᠮᠵᠢᠯ ᠢ ᠨᠢᠭᠡᠳᠬᠡᠨ ᠤᠯᠠᠨ | ᠲᠦᠮᠡᠨ ᠤ ᠠᠵᠢᠯ ᠶᠠᠪᠤᠳᠠᠯ ᠬᠦᠢᠴᠡᠳᠬᠡᠬᠦ ᠲᠠᠢ ᠬᠤᠯᠪᠣᠭᠳᠠᠭᠰᠠᠨ ᠡᠯ᠎ᠡ ᠲᠦᠷᠦᠯ ᠤᠨ ᠭᠡᠷᠡᠴᠢ ᠪᠢᠴᠢᠭ ᠢ ᠴᠡᠪᠡᠷᠯᠡᠨ | ᠴᠡᠭᠴᠡᠯᠡᠨ᠎ᠡ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠣᠮᠵᠢ ᠶᠢ ᠲᠡᠭᠦᠯᠳᠡᠷᠵᠢᠭᠦᠯᠵᠦ᠂ ᠰᠠᠯᠠᠭ᠎ᠠ | ᠮᠦᠴᠢᠷ ᠪᠠ ᠬᠠᠮᠢᠶᠠᠷᠤᠯᠲᠠ ᠶᠢᠨ ᠬᠡᠪᠴᠢᠶ᠎ᠡ ᠠᠯᠤᠰᠯᠠᠭᠰᠠᠨ ᠦᠨᠳᠦᠰᠦᠨ ᠱᠠᠲᠤᠨ ᠤ ᠬᠠᠤᠯᠢ ᠬᠡᠷᠡᠭᠵᠢᠭᠦᠯᠦᠯᠲᠡ ᠶᠢ | ᠦᠷᠨᠢᠬᠦᠯᠵᠦ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠴᠢᠩᠭ᠎ᠠ ᠵᠢᠷᠤᠮᠵᠢᠭᠤᠯᠤᠨ᠎ᠠ᠃ ᠬᠠᠤᠯᠢ | ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠳᠥᠷᠢᠮ ᠢ ᠨᠠᠶᠢᠳᠠᠪᠤᠷᠢᠵᠢᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠬᠦᠰᠠᠯ | ᠱᠠᠭᠠᠷᠳᠠᠯᠭ᠎ᠠ ᠶᠢ ᠬᠠᠤᠯᠢ ᠶᠤᠰᠤᠭᠠᠷ ᠲᠦᠷᠦᠯ ᠢᠯᠭᠠᠨ ᠰᠢᠢᠳᠪᠦᠷᠢᠯᠡᠬᠦ ᠠᠵᠢᠯ ᠢ ᠪᠦᠬᠦ ᠲᠠᠯ᠎ᠠ ᠪᠠᠷ ᠳᠦᠯᠬᠢᠨ | ᠠᠬᠢᠭᠤᠯᠤᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶᠠᠨ ᠤ ᠬᠠᠤᠯᠢ | ᠴᠠᠭᠠᠵᠠ ᠶᠢᠨ ᠬᠢᠨᠠᠯᠲᠠ᠂ ᠤᠯᠤᠰ ᠲᠥᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠥᠪᠡᠷ ᠤᠨ | ᠤᠬᠠᠮᠰᠠᠷ ᠠᠴᠠ ᠪᠠᠨ ᠬᠦᠯᠢᠶᠡᠨ ᠰᠠᠨᠠᠭᠤᠯᠭ᠎ᠠ᠂ ᠰᠠᠨᠠᠯ ᠳᠤᠷᠠᠳᠤᠯᠭ᠎ᠠ ᠶᠢ ᠭᠦᠢᠴᠡᠳᠭᠡᠬᠦ ᠠᠵᠢᠯ ᠢ ᠦᠨᠡᠨᠬᠦ ᠰᠠᠶᠢᠳᠤᠷ | ᠬᠢᠵᠦ ᠤᠯᠠᠨ ᠲᠦᠮᠡᠨ ᠤ ᠬᠢᠨᠠᠯᠲᠠ ᠪᠣᠯᠣᠨ ᠵᠠᠭᠤᠴᠢᠯᠠᠭᠤᠷ ᠶᠢᠨ ᠬᠢᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ | ᠬᠦᠯᠢᠶᠡᠨ᠎ᠡ᠃ | ︵ᠬᠤᠶᠠᠷ︶ ᠵᠠᠰᠠᠭ ᠢ ᠦᠨᠳᠦᠷ ᠪᠦᠲᠦᠮᠵᠢ ᠦᠨᠡᠨ ᠪᠤᠳᠠᠳᠠᠢ ᠪᠠᠷ ᠡᠷᠬᠢᠯᠡᠨ᠎ᠡ᠃ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠬᠠᠷᠠᠯᠲᠠ ᠶᠢᠨ ᠲᠤᠭᠤᠷᠢᠨ ᠳᠤ ᠠᠵᠢᠯ ᠪᠠ ᠢᠨᠵᠧᠨᠧᠷᠢᠩ ᠨᠢᠭᠡᠪᠦᠷᠢ ᠳᠤ ᠳᠠᠩᠰᠠ ᠡᠪᠬᠡᠮᠡᠯ | ᠪᠠᠶᠢᠭᠤᠯᠵᠤ ᠬᠠᠷᠠᠯᠲᠠ᠂ ᠬᠠᠷᠢᠭᠤᠴᠠᠯᠭ᠎ᠠ᠂ ᠴᠠᠭ ᠬᠤᠭᠤᠴᠠᠭ᠎ᠠ ᠲᠤᠭᠲᠠᠭᠠᠨ ︽ᠬᠠᠳᠠᠭᠠᠰᠤ ᠬᠠᠳᠠᠬᠤ︾ ᠵᠣᠷᠢᠭ | ᠰᠠᠨᠠᠭ᠎ᠠ ᠪᠠᠷ ᠡᠯ᠎ᠡ ᠲᠦᠷᠦᠯ ᠤᠨ ᠠᠵᠢᠯ ᠢ ᠲᠦᠯᠬᠢᠨ ᠨᠠᠶᠢᠳᠠᠪᠣᠷᠢᠵᠢᠭᠤᠯᠣᠨ᠎ᠠ᠃ ᠠᠰᠠᠭᠤᠳᠠᠯ ᠤᠨ ᠵᠢᠯᠣᠭᠤᠳᠤᠮᠵᠢ ᠶᠢ | ᠪᠠᠷᠢᠮᠲᠠᠯᠠᠨ ᠲᠤᠭᠤᠷᠢᠨ ᠪᠠᠶᠢᠴᠠᠭᠠᠯᠳᠠ ᠪᠠ ᠱᠠᠭᠠᠷᠳᠠᠨ ᠪᠠᠶᠢᠴᠠᠭᠠᠯᠳᠠ ᠶᠢᠨ ᠬᠠᠷᠢᠭᠤ ᠲᠤᠰᠬᠠᠭᠰᠠᠨ ᠠᠰᠠᠭᠤᠳᠠᠯ ᠢ | ᠴᠡᠭᠴᠡᠯᠡᠨ ᠵᠠᠰᠠᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠎ᠠ᠃ ᠬᠡᠪᠰᠢᠵᠢᠬᠦᠯᠥᠭᠰᠡᠨ ᠴᠢᠨᠡᠷᠳᠡᠢ ᠱᠠᠭᠠᠷᠳᠠᠨ | ᠪᠠᠶᠢᠴᠠᠭᠠᠬᠤ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ ᠪᠠᠶᠢᠳᠠᠯ ᠤᠨ ᠮᠡᠳᠡᠬᠡᠯᠡᠯ᠂ ᠲᠤᠰᠬᠠᠢ ᠲᠦᠷᠦᠯ ᠤᠨ | ᠱᠠᠭᠠᠷᠳᠠᠨ ᠪᠠᠶᠢᠴᠠᠭᠠᠯᠳᠠ ᠵᠡᠷᠭᠡ ᠲᠥᠷᠢᠮ ᠢ ᠪᠦᠷᠢᠡᠰᠢᠬᠦᠯᠵᠣ ᠦᠷ᠎ᠡ ᠪᠦᠲᠦᠮᠵᠢ ᠶᠢᠨ ᠬᠠᠮᠢᠶᠠᠷᠤᠯᠲᠠ ᠶᠢᠨ ᠬᠢᠨᠠᠨ | ᠰᠢᠯᠭᠠᠯᠲᠠ ᠶᠢ ᠴᠢᠩᠭᠠᠳᠬᠠᠵᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠰᠢᠯᠠᠭᠤᠯᠣᠯᠳᠠ ᠢ ᠭᠦᠢᠴᠡᠳ | ᠨᠠᠶᠢᠳᠠᠪᠣᠷᠢᠵᠢᠭᠤᠯᠬᠤ ᠶᠢ ᠪᠠᠲᠤᠯᠠᠨ᠎ᠠ᠃ ᠰᠢᠯᠢᠳᠡᠭ ᠰᠠᠶᠢᠨ ᠢ ᠨᠢ ᠣᠷᠮᠠᠰᠢᠭᠤᠯᠣᠨ ᠵᠣᠷᠢᠭᠵᠢᠭᠤᠯᠵᠣ᠂ | ᠰᠢᠭᠰᠢᠭᠳᠡᠭᠰᠡᠳ ᠢ ᠨᠢ ᠳᠠᠬᠢᠨ ᠬᠦᠮᠦᠵᠢᠬᠦᠯᠬᠦ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠠᠯᠪᠠᠨ | ᠠᠵᠢᠯᠲᠠᠳ ᠤᠨ ᠬᠠᠷᠢᠭᠤᠴᠠᠯᠭ᠎ᠠ ᠡᠭᠦᠷᠭᠡᠯᠡᠬᠦ ᠤᠬᠠᠮᠰᠠᠷ ᠢ ᠬᠥᠭᠵᠢᠭᠡᠨ ᠣᠷᠣᠯᠳᠣᠯᠭ᠎ᠠ ᠲᠠᠢ ᠰᠠᠶᠢᠨ ᠵᠣᠷᠢᠭ | ᠰᠠᠨᠠᠭᠠᠨ ᠤ ᠪᠠᠶᠢᠲᠠᠯ ᠢ ᠪᠠᠷᠢᠮᠲᠠᠯᠠᠨ ᠠᠵᠢᠯ ᠤᠨ ᠰᠢᠯᠢᠳᠡᠭ ᠪᠦᠲᠦᠮᠵᠢ ᠶᠢ ᠡᠬᠦᠳᠬᠦ ᠪᠠᠷ ᠴᠢᠷᠮᠠᠶᠢᠨ᠎ᠠ᠃ | ︵ᠭᠤᠷᠪᠠ︶ ᠠᠷᠢᠭᠤᠨ ᠴᠢᠭᠡᠴᠢ ᠪᠠᠷ ᠵᠠᠰᠠᠭ ᠪᠠᠷᠢᠬᠤ ᠶᠢ ᠴᠢᠩᠭᠠᠳᠬᠠᠨ᠎ᠠ᠃ ᠨᠠᠮ ᠤᠨ ᠠᠷᠪᠠ ᠶᠢᠰᠦᠳᠦᠭᠡᠷ | ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠣᠨ ᠨᠠᠶᠢᠳᠠᠪᠣᠷᠢᠵᠢᠭᠤᠯᠵᠣ᠂ ︽ᠤᠭ ᠰᠠᠨᠠᠭ᠎ᠠ ᠪᠠᠨ | ᠦᠯᠦ ᠮᠠᠷᠳᠠᠨ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ ᠬᠦᠮᠦᠵᠢᠯ ᠢ ᠦᠷᠨᠢᠬᠦᠯᠵᠣ᠂ | ᠠᠯᠪᠠᠨ ᠠᠵᠢᠯᠲᠠᠳ ᠤᠨ ᠬᠦᠰᠡᠯ ᠢᠲᠡᠭᠡᠯ ᠤᠨ ᠬᠦᠮᠦᠵᠢᠯ ᠢ ᠴᠢᠩᠭᠠᠳᠬᠠᠨ ᠬᠥᠭᠵᠢᠯᠲᠡ ᠶᠢᠨ ᠡᠷᠴᠢ ᠬᠦᠴᠦ ᠶᠢ | ᠬᠤᠷᠠᠮᠳᠤᠭᠤᠯᠤᠨ᠎ᠠ᠃ ᠡᠳ᠋ ᠤᠨ ᠵᠠᠰᠠᠭ ᠤᠨ ᠪᠡᠯᠡ ᠮᠥᠩᠭᠦᠨ ᠤ ᠬᠡᠷᠡᠭᠯᠡᠯᠲᠡ᠂ ᠢᠨᠵᠧᠨᠧᠷᠢᠩ ᠲᠦᠷᠦᠯ ᠵᠦᠢᠯ ᠤᠨ | ᠪᠦᠲᠦᠭᠡᠨ ᠪᠠᠶᠢᠭᠤᠯᠤᠯᠲᠠ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠵᠡᠷᠭᠡ ᠭᠤᠣᠯᠳᠠᠯᠭᠠᠲᠤ ᠬᠦᠷᠢᠶᠠᠨ ᠳᠠᠬᠢ | ᠬᠢᠨᠠᠨ ᠬᠠᠮᠢᠶᠠᠷᠤᠯᠲᠠ ᠶᠢ ᠴᠢᠩᠭᠠᠳᠬᠠᠵᠤ᠂ ᠢᠨᠵᠧᠨᠧᠷᠢᠩ ᠤᠨ ᠳᠠᠭᠠᠭᠠᠴᠢᠯᠠᠯᠲᠠ ᠵᠠᠷᠯᠠᠬᠤ ᠪᠡ ᠳᠠᠭᠠᠭᠠᠴᠢᠯᠠᠯᠲᠠ ᠳᠤ | ᠣᠷᠣᠯᠴᠠᠬᠤ᠂ ᠵᠠᠰᠠᠭ ᠤᠨ ᠣᠷᠳᠣᠨ ᠤ ᠬᠤᠳᠠᠯᠳᠤᠨ ᠠᠪᠬᠤ ᠪᠣᠯᠣᠨ ᠣᠳᠣᠷᠢᠳᠬᠤ ᠺᠠᠳ᠋ᠷ ᠤᠨ ᠲᠤᠰᠢᠶᠠᠯ ᠤᠨ | ᠬᠤᠭᠤᠴᠠᠭᠠᠨ ᠳᠠᠬᠢ ᠠᠵᠤ ᠠᠬᠤᠢ ᠶᠢᠨ ᠬᠠᠷᠢᠭᠤᠴᠠᠯᠭ᠎ᠠ ᠶᠢ ᠬᠢᠨᠠᠨ ᠪᠤᠳᠤᠬᠤ ᠵᠡᠷᠭᠡ ᠲᠥᠷᠢᠮ ᠢ ᠪᠦᠷᠢᠨᠰᠢᠬᠦᠯᠵᠣ | ᠳᠥᠷᠢᠮ ᠲᠤᠭᠲᠠᠭᠠᠯ ᠢᠶᠠᠷ ᠡᠷᠬᠡ᠂ ᠬᠡᠷᠡᠭ ᠣᠴᠢᠷ᠂ ᠬᠦᠮᠦᠨ ᠢ ᠬᠠᠮᠢᠶᠠᠷᠴᠤ ᠢᠯᠵᠠᠷᠠᠮᠠᠯ ᠢ ᠦᠨᠳᠦᠰᠦᠨ ᠠᠴᠠ ᠨᠢ | ᠰᠡᠷᠭᠡᠶᠢᠯᠡᠬᠦ ᠪᠠ ᠵᠠᠰᠠᠨ᠎ᠠ᠃ ᠰᠠᠬᠢᠯᠭ᠎ᠠ ᠪᠠᠲᠤ ᠪᠠ ᠶᠤᠰᠤ ᠳᠦᠷᠢᠮ ᠢ ᠢᠮᠠᠭᠳᠠ ᠳᠠᠷᠢᠬᠦᠨ ᠳᠤ ᠲᠠᠯᠪᠢᠵᠦ ︽ᠨᠢᠭᠡ | ᠣᠳᠣᠷᠢᠳᠣᠯᠭ᠎ᠠ ᠬᠤᠣᠰ ᠬᠠᠷᠢᠭᠤᠴᠠᠯᠭ᠎ᠠ︾ ᠶᠢ ᠬᠢᠨᠠᠮᠠᠭᠠᠢ ᠲᠣᠣᠱᠯᠠᠭᠤᠯᠤᠨ ᠠᠷᠢᠭᠤᠨ ᠴᠢᠭᠡᠴᠢ ᠪᠠᠷ ᠪᠡᠶ᠎ᠡ ᠪᠠᠨ | ᠱᠠᠭᠠᠷᠳᠠᠬᠤ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠵᠦ᠂ ᠲᠥᠪ ᠤᠨ ᠨᠠᠢᠮᠠᠨ ᠵᠦᠢᠯ ᠤᠨ ᠲᠤᠭᠲᠠᠭᠠᠯ ᠤᠨ ᠵᠣᠷᠢᠭ | ᠰᠠᠨᠠᠭ᠎ᠠ ᠶᠢ ᠤᠬᠠᠮᠰᠠᠷ ᠠᠴᠠ ᠪᠠᠨ ᠰᠠᠬᠢᠵᠣ ︽ᠳᠥᠷᠪᠡᠨ ᠰᠣᠷᠲᠠᠯ︾ ᠢ ᠡᠷᠡᠰ ᠡᠰᠡᠷᠭᠦᠴᠡᠨ᠎ᠡ᠃ ᠬᠢᠨᠠᠨ ᠪᠠᠶᠢᠴᠠᠭᠠᠬᠤ | ᠰᠢᠰᠲ᠋ᠧᠮ ᠤᠨ ᠥᠭᠡᠷᠡᠴᠢᠯᠡᠯᠲᠡ ᠶᠢᠨ ᠲᠣᠷᠰᠢᠯᠲᠠ ᠶᠢᠨ ᠴᠡᠭ ᠤᠨ ᠠᠵᠢᠯ ᠢ ᠭᠦᠨᠵᠡᠭᠡᠶᠢᠷᠡᠭᠦᠯᠵᠦ ᠡᠯ᠎ᠡ ᠲᠦᠷᠦᠯ ᠤᠨ | ᠢᠯᠵᠠᠷᠠᠨ ᠳᠣᠷᠣᠶᠢᠲᠠᠭᠰᠠᠨ ᠠᠰᠠᠭᠤᠳᠠᠯ ᠢ ᠡᠷᠡᠰ ᠵᠠᠯᠬᠠᠭᠠᠨ ᠵᠠᠰᠠᠭ ᠤᠨ ᠣᠷᠳᠣᠨ ᠤ ᠠᠷᠢᠭᠤᠨ ᠴᠢᠭᠡᠴᠢ ᠳᠦᠷᠢ | ᠲᠥᠷᠬᠦ ᠶᠢ ᠴᠣᠭᠴᠠᠯᠠᠨ᠎ᠠ᠃ | ᠲᠥᠯᠥᠭᠡᠯᠡᠭᠴᠢᠳ ᠡ᠂ ᠰᠢᠨ᠎ᠡ ᠴᠠᠭ ᠦᠶ᠎ᠡ᠂ ᠰᠢᠨ᠎ᠡ ᠠᠶᠠᠯᠠᠯ ᠨᠢᠭᠡᠨᠲᠡ ᠡᠬᠢᠯᠡᠯ᠎ᠡ᠂ ᠪᠢᠳᠠ ᠰᠢ ᠶᠢᠨ ᠫᠢᠩ | ᠶᠡᠷᠦᠩᠬᠡᠢ ᠱᠦᠵᠢ ᠪᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠ ᠪᠦᠯᠬᠦᠮᠳᠡᠵᠦ᠂ | ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠪᠣᠯᠣᠨ ᠬᠤᠰᠢᠭᠤ ᠨᠠᠮ ᠤᠨ ᠬᠤᠷᠢᠶᠠᠨ ᠤ ᠡᠷᠡᠰ | ᠣᠳᠣᠷᠢᠳᠤᠯᠭ᠎ᠠ ᠳᠤᠤᠷ᠎ᠠ ᠤᠭ ᠰᠠᠨᠠᠭ᠎ᠠ ᠪᠠᠨ ᠥᠯᠣ ᠮᠠᠷᠳᠠᠨ ᠡᠬᠦᠷᠬᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ | ᠬᠠᠲᠠᠭᠤ ᠵᠣᠷᠢᠭ ᠢ ᠪᠠᠷᠢᠵᠦ ᠬᠠᠷᠢᠭᠤᠴᠠᠯᠭ᠎ᠠ ᠡᠭᠦᠷᠭᠡᠯᠡᠨ ᠡᠷᠡᠯᠬᠡᠭᠯᠡᠨ ᠣᠷᠣᠭᠰᠢᠯᠠᠵᠤ᠂ ᠴᠢᠨᠡᠭᠡᠯᠢᠭ ᠨᠡᠶᠢᠭᠡᠮ ᠢ ᠪᠦᠬᠦ | ᠲᠠᠯ᠎ᠠ ᠪᠠᠷ ᠪᠠᠶᠠᠯᠡᠬᠦᠯᠬᠦ ᠰᠢᠢᠳᠪᠣᠷᠢᠳᠣ ᠢᠯᠡᠯᠳᠡ ᠶᠢ ᠣᠯᠵᠣ᠂ ᠣᠳᠣᠬᠢᠴᠢᠯᠠᠭᠰᠠᠨ ᠦᠥᠰᠢᠨ ᠬᠤᠰᠢᠭᠤ ᠶᠢ ᠪᠦᠬᠦ | ᠲᠠᠯ᠎ᠠ ᠪᠠᠷ ᠪᠦᠲᠦᠭᠡᠨ ᠪᠠᠶᠢᠭᠤᠯᠬᠤ ᠠᠶᠠᠯᠠᠯ ᠢ ᠡᠬᠢᠯᠡᠭᠦᠯᠬᠦ ᠶᠢᠨ ᠲᠦᠯᠦᠭᠡ ᠴᠦᠬᠦᠷᠡᠰᠢ ᠦᠭᠡᠢ ᠳᠡᠮᠡᠴᠡᠵᠡᠬᠡᠶᠠ︕ | |