ᠦᠣᠰᠢᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠬᠡᠯᠡᠭᠴᠢᠳ ᠤᠨ ᠶᠡᠭᠡ ᠬᠤᠷᠠᠯ ᠤᠨ ᠵᠢᠷᠭᠤᠳᠣᠭᠠᠷ ᠣᠳᠠᠭᠠᠨ ᠤ ᠬᠤᠷᠠᠯᠳᠣᠭᠠᠨ ᠤ ᠪᠢᠴᠢᠭ ᠮᠠᠲ᠋ᠧᠷᠢᠶᠠᠯ
ᠨᠡᠶᠢᠲᠡᠯᠡᠭᠰᠡᠨ ᠴᠠᠭ᠄
2018-04-20
【 2017. 2 . 9 】ᠦᠣᠰᠢᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠬᠡᠯᠡᠭᠴᠢᠳ ᠤᠨ ᠶᠡᠭᠡ ᠬᠤᠷᠠᠯ ᠤᠨ ᠵᠢᠷᠭᠤᠳᠣᠭᠠᠷ ᠣᠳᠠᠭᠠᠨ ᠤ ᠬᠤᠷᠠᠯᠳᠣᠭᠠᠨ ᠤ ᠪᠢᠴᠢᠭ ᠮᠠᠲ᠋ᠧᠷᠢᠶᠠᠯ           ᠵᠠᠰᠠᠭ  ᠤᠨ ᠤᠷᠳᠤᠨ  ᠤ  ᠠᠵᠢᠯ  ᠤᠨ  ᠢᠯᠡᠳᠬᠡᠯ                     —— 2017 ᠣᠨ ᠤ 2 ᠰᠠᠷ᠎ᠠ ᠶᠢᠨ 9᠎ ᠤ ᠡᠳᠦᠷ ᠦᠣᠰᠢᠨ ᠬᠤᠰᠢᠭᠤᠨ ᠤ ᠠᠷᠪᠠᠨ ᠵᠢᠷᠭᠤᠳᠣᠭᠠᠷ ᠬᠤᠭᠤᠴᠠᠭᠠᠨ ᠤ ᠠᠷᠠᠳ ᠤᠨ ᠲᠥᠯᠥᠬᠡᠯᠡᠭᠴᠢ᠊  ᠎ ᠤᠨ ᠶᠡᠭᠡ ᠬᠤᠷᠠᠯ ᠤᠨ ᠵᠢᠷᠭᠤᠳᠣᠭᠠᠷ ᠣᠳᠠᠭᠠᠨ ᠤ ᠬᠤᠷᠠᠯᠳᠣᠭᠠᠨ ᠳᠡᠭᠡᠷ᠎ᠡ                                                                                    ᠦᠦᠰᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠬᠤᠰᠢᠭᠤ ᠲᠠᠷᠤᠭ᠎ᠠ                     ᠴᠢᠶᠤᠤ ᠶᠦᠨ ᠯᠢ ᠲᠦᠯᠦᠭᠡᠯᠡᠭᠴᠢᠳ ᠡ᠄      ᠤᠳᠤ ᠪᠢ ᠬᠤᠰᠢᠭᠤ ᠠᠷᠠᠳ ᠤᠨ ᠵᠠᠰᠠᠭ ᠤᠨ ᠤᠷᠳᠤᠨ ᠢ ᠲᠦᠯᠦᠭᠡᠯᠡᠨ ᠶᠡᠭᠡ ᠬᠤᠷᠠᠯ ᠳᠤ ᠠᠵᠢᠯ ᠢᠶᠠᠨ ᠮᠡᠳᠡᠬᠦᠯᠦᠶ᠎ᠠ᠂ ᠳᠠᠨᠠᠷ ᠬᠢᠨᠠᠨ ᠵᠦᠪᠯᠡᠬᠦ ᠶᠢᠨ ᠲᠠᠭᠠᠤ ᠬᠤᠰᠢᠭᠤ ᠤᠯᠤᠰ ᠲᠦᠷᠦ ᠶᠢᠨ ᠵᠦᠪᠯᠡᠯᠭᠡᠨ ᠤ ᠭᠡᠰᠢᠬᠦᠳ ᠪᠤᠯᠤᠨ ᠬᠤᠷᠠᠯ ᠳᠤ ᠤᠷᠤᠯᠴᠠᠭᠰᠡᠳ ᠰᠠᠨᠠᠯ ᠢᠶᠠᠨ ᠲᠤᠷᠠᠳᠤᠭᠠᠷᠠᠢ᠃      ᠨᠢᠬᠡ᠂ 2016 ᠣᠨ ᠤ ᠠᠵᠢᠯ ᠤᠨ ᠡᠷᠬᠢᠴᠡᠬᠦᠯᠥᠯ      ᠦᠩᠬᠡᠷᠡᠭᠰᠡᠨ ᠨᠢᠬᠡ ᠵᠢᠯ ᠪᠣᠯ ᠮᠠᠨ ᠤ ᠬᠤᠰᠢᠭᠤ ᠬᠦᠴᠢᠷ ᠪᠣᠳᠣᠯᠢᠶᠠᠨᠳᠠᠢ ᠬᠠᠳᠠᠭᠤ ᠴᠢᠩᠭ᠎ᠠ ᠦᠷᠢᠰᠣᠯᠳᠣᠬᠡᠨ ᠤ ᠰᠢᠯᠭᠠᠯᠳᠠ ᠪᠠᠷ ᠡᠯᠪᠡᠭ ᠪᠠᠶᠠᠯᠢᠭ ᠦᠷ᠎ᠡ ᠪᠦᠳᠦᠬᠡᠯ ᠣᠯᠣᠭᠰᠠᠨ ᠨᠢᠬᠡ ᠵᠢᠯ ᠪᠣᠯᠣᠨ᠎ᠠ᠃ ᠨᠢᠬᠡ ᠵᠢᠯ ᠤᠨ ᠳᠣᠷᠰᠢ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠪᠠ ᠬᠤᠰᠢᠭᠤ ᠨᠠᠮ ᠤᠨ ᠬᠤᠷᠢᠶᠠᠨ ᠤ ᠡᠷᠡᠰ ᠴᠢᠩᠭ᠎ᠠ ᠣᠳᠣᠷᠢᠳᠣᠯᠭ᠎ᠠ ᠳᠣᠣᠷ᠎ᠠ᠂ ᠬᠤᠰᠢᠭᠤ ᠠᠷᠠᠳ ᠤᠨ ᠲᠥᠯᠥᠬᠡᠯᠡᠭᠴᠢᠳ ᠤᠨ ᠶᠡᠭᠡ ᠬᠤᠷᠠᠯ᠂ ᠣᠯᠣᠰ ᠲᠦᠷᠦ ᠶᠢᠨ ᠵᠦᠪᠯᠡᠯᠭᠡᠨ ᠤ ᠬᠢᠨᠠᠯᠳᠠ ᠳᠡᠮᠵᠢᠯᠬᠡ ᠳᠣᠣᠷ᠎ᠠ ᠬᠤᠰᠢᠭᠤ ᠠᠷᠠᠳ ᠤᠨ ᠵᠠᠰᠠᠭ ᠤᠨ ᠣᠷᠳᠣᠨ ᠳᠣᠭᠳᠠᠭᠤᠨ ᠤ ᠳᠣᠮᠳᠠ ᠣᠷᠣᠭᠰᠢᠯᠠᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠳᠠᠯᠠᠨ ᠰᠢᠨ᠎ᠡ ᠶᠢ ᠡᠬᠦᠳᠬᠦ᠂ ᠵᠣᠬᠢᠴᠠᠩᠭᠤᠢ᠂ ᠪᠣᠬᠢᠷᠳᠣᠯ ᠦᠬᠡᠢ᠂ ᠨᠡᠬᠡᠬᠡᠯᠳᠡ ᠲᠠᠢ᠂ ᠬᠠᠮᠳᠣᠪᠠᠷ ᠡᠳ᠋ᠯᠡᠬᠦ ᠬᠦᠭᠵᠢᠯᠳᠡ ᠶᠢᠨ ᠦᠵᠡᠯᠳᠡ ᠶᠢ ᠪᠠᠳᠣ ᠪᠠᠬᠢ ᠪᠣᠢ ᠪᠣᠯᠭᠠᠬᠤ ᠪᠠ ᠳᠣᠣᠱᠯᠠᠭᠤᠯᠣᠨ ᠨᠠᠶᠢᠳᠠᠪᠣᠷᠢᠵᠢᠭᠤᠯᠵᠣ᠂ ᠨᠡᠮᠡᠭᠳᠡᠯ ᠢ ᠳᠣᠭᠳᠠᠪᠣᠷᠢᠵᠢᠭᠤᠯᠬᠤ᠂ ᠪᠦᠳᠦᠴᠡ ᠶᠢ ᠳᠣᠬᠢᠷᠠᠭᠤᠯᠬᠤ᠂ ᠦᠬᠡᠷᠡᠴᠢᠯᠡᠯᠳᠡ ᠶᠢ ᠠᠬᠢᠭᠤᠯᠬᠤ᠂ ᠠᠷᠠᠳ ᠤᠨ ᠠᠮᠢᠳᠣᠷᠠᠯ ᠢ ᠬᠠᠷᠠᠭᠠᠯᠵᠠᠬᠤ᠂ ᠲᠦᠭᠰᠢᠬᠦᠷᠢ ᠶᠢ ᠰᠠᠷᠬᠡᠶᠢᠯᠡᠬᠦ ᠡᠯ᠎ᠡ ᠲᠦᠷᠥᠯ ᠤᠨ ᠠᠵᠢᠯ ᠢ ᠨᠢᠬᠡᠳᠣᠯᠳᠡᠢ ᠲᠥᠯᠥᠪᠵᠢᠬᠦᠯᠥᠨ ᠠᠬᠢᠭᠤᠯᠵᠣ᠂ ᠬᠤᠰᠢᠭᠤ ᠠᠷᠪᠠᠨ ᠵᠢᠷᠭᠤᠳᠣᠭᠠᠷ ᠬᠤᠭᠤᠴᠠᠭᠠᠨ ᠤ ᠠᠷᠠᠳ ᠤᠨ ᠲᠥᠯᠥᠬᠡᠯᠡᠭᠴᠢᠳ ᠤᠨ ᠶᠡᠭᠡ ᠬᠤᠷᠠᠯ ᠤᠨ ᠳᠠᠪᠣᠳᠣᠭᠠᠷ ᠣᠳᠠᠭᠠᠨ ᠤ ᠬᠤᠷᠠᠯᠳᠣᠭᠠᠨ ᠳᠤ ᠳᠣᠭᠳᠠᠭᠠᠭᠰᠠᠨ ᠡᠯ᠎ᠡ ᠲᠦᠷᠥᠯ ᠤᠨ ᠬᠠᠷᠠᠯᠳᠠ ᠡᠬᠦᠷᠬᠡ ᠶᠢ ᠰᠠᠶᠢᠨ ᠬᠦᠢᠴᠡᠳᠬᠡᠨ᠂ ︽ᠠᠷᠪᠠᠨ ᠭᠤᠷᠪᠠᠳᠣᠭᠠᠷ ᠳᠠᠪᠣᠨ ᠵᠢᠯ︾᠎ ᠤᠨ ᠲᠥᠯᠥᠪᠵᠢᠬᠦᠯᠬᠡ ᠨᠢ ᠰᠠᠶᠢᠨ ᠰᠠᠶᠢᠬᠠᠨ ᠡᠬᠢᠯᠡᠯᠳᠡ ᠲᠠᠢ ᠪᠣᠯᠪᠠ᠃      ︵ᠨᠢᠬᠡ︶ ᠠᠵᠣ ᠠᠬᠤᠢ ᠶᠢᠨ ᠡᠷᠬᠢᠯᠳᠡ ᠨᠢ ᠳᠣᠭᠳᠠᠭᠤᠨ ᠢᠶᠠᠷ ᠰᠠᠶᠢᠵᠢᠷᠠᠪᠠ᠃ ᠪᠦᠬᠦ ᠬᠤᠰᠢᠭᠤᠨ ᠤ ᠣᠷᠣᠨ ᠨᠣᠳᠤᠭ ᠤᠨ ᠣᠶᠢᠯᠡᠳᠪᠣᠷᠢᠯᠡᠯ ᠤᠨ ᠶᠡᠷᠦᠩᠬᠡᠢ ᠦᠷᠳᠡᠭ ᠨᠢ 412.5 ᠳ᠋ᠦᠩᠰᠢᠭᠤᠷ ᠲᠦᠬᠦᠷᠢᠭ ᠬᠦᠷᠴᠣ᠂ ᠠᠳᠠᠯᠢ ᠬᠤᠭᠤᠴᠠᠭᠠᠨ ᠤ ᠬᠢ ᠠᠴᠠ 7.3% ᠨᠡᠮᠡᠭᠳᠡᠪᠠ︔ ᠤᠯᠠᠨ ᠨᠠᠶᠢᠳᠠ ᠶᠢᠨ ᠡᠳ᠋ ᠤᠨ ᠵᠠᠰᠠᠭ ᠤᠨ ᠲᠦᠰᠦᠪ ᠎ ᠤᠨ ᠣᠷᠣᠯᠭ᠎ᠠ ᠶᠢ 33.69 ᠳ᠋ᠦᠩᠰᠢᠭᠤᠷ ᠲᠦᠬᠦᠷᠢᠭ ᠪᠠᠶᠠᠯᠡᠬᠦᠯᠵᠣ᠂ ᠠᠳᠠᠯᠢ ᠬᠤᠭᠤᠴᠠᠭᠠᠨ ᠤ ᠬᠢ ᠠᠴᠠ 19.8% ᠨᠡᠮᠡᠭᠳᠡᠪᠠ︔ ᠳᠣᠭᠳᠠᠮᠠᠯ ᠬᠦᠷᠦᠩᠬᠡ ᠶᠢᠨ ᠪᠡᠯᠡ ᠣᠷᠣᠭᠤᠯᠣᠯᠳᠠ ᠨᠢ 430.1 ᠳ᠋ᠦ᠋ᠩᠰᠢᠭᠤᠷ ᠲᠦᠬᠦᠷᠢᠭ ᠬᠦᠷᠴᠣ᠂ ᠠᠳᠠᠯᠢ ᠬᠤᠭᠤᠴᠠᠭᠠᠨ ᠤ ᠬᠢ ᠠᠴᠠ 13% ᠨᠡᠮᠡᠭᠳᠡᠪᠠ︔ ᠨᠡᠶᠢᠬᠡᠮ ᠤᠨ ᠬᠡᠷᠡᠭᠯᠡᠬᠡᠨ ᠤ ᠵᠣᠶᠢᠯᠡᠰ ᠢ ᠵᠢᠵᠢᠭᠯᠡᠨ ᠪᠣᠷᠣᠯᠠᠭᠤᠯᠣᠭᠰᠠᠨ ᠶᠡᠷᠦᠩᠬᠡᠢ ᠳᠤᠭ᠎ᠠ ᠨᠢ 42 ᠳ᠋ᠦᠩᠰᠢᠭᠤᠷ ᠲᠦᠬᠦᠷᠢᠭ ᠬᠦᠷᠴᠣ᠂ ᠠᠳᠠᠯᠢ ᠬᠤᠭᠤᠴᠠᠭᠠᠨ ᠤ ᠬᠢ ᠠᠴᠠ 10.5% ᠨᠡᠮᠡᠭᠳᠡᠪᠠ︔ ᠬᠤᠳᠠ ᠬᠦᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠦᠮᠦᠨ ᠳᠣᠮᠳᠠᠴᠢ ᠶᠢᠨ ᠳᠣᠬᠢᠷᠠᠭᠤᠯᠵᠣ ᠪᠣᠯᠬᠤ ᠣᠷᠣᠯᠭ᠎ᠠ ᠨᠢ ᠳᠣᠰᠪᠣᠷᠢ 38431 ᠲᠦᠬᠦᠷᠢᠭ ᠪᠠ 15471 ᠲᠦᠬᠦᠷᠢᠭ ᠬᠦᠷᠴᠣ᠂ ᠠᠳᠠᠯᠢ ᠬᠤᠭᠤᠴᠠᠭᠠᠨ ᠤ ᠬᠢ ᠠᠴᠠ 7.6% ᠪᠠ 7.3% ᠨᠡᠮᠡᠭᠳᠡᠪᠠ︔ 2016 ᠣᠨ ᠤ ᠪᠦᠬᠦ ᠣᠯᠣᠰ ᠤᠨ ᠬᠤᠰᠢᠭᠤ ᠰᠢᠶᠠᠨ ᠤ ᠠᠵᠣ ᠠᠬᠤᠢ ᠶᠢᠨ ᠵᠠᠭᠤᠨ ᠬᠦᠴᠦᠷᠬᠡᠭ ᠬᠤᠰᠢᠭᠤᠨ ᠤ 44 ᠳ᠋ᠦ᠋ᠬᠡᠷ ᠲᠤ ᠪᠠᠶᠢᠷᠢᠯᠠᠭᠰᠠᠨ ᠪᠠᠶᠢᠨ᠎ᠠ᠃      ︵ᠬᠤᠶᠡᠷ︶ ᠠᠵᠣ ᠣᠶᠢᠯᠡᠰ ᠤᠨ ᠳᠠᠰ ᠳᠠᠪᠰᠢᠬᠦ ᠠᠯᠬᠤᠴᠠ ᠲᠦᠷᠬᠡᠳᠪᠠ᠃ ᠭᠤᠣᠯᠯᠠᠭᠴᠢ ᠠᠵᠣ ᠠᠬᠤᠶᠢᠯᠡᠯ ᠢ ᠬᠦᠮᠦᠵᠢᠬᠦᠯᠬᠦ ᠶᠢ ᠴᠢᠩᠭ᠎ᠠ ᠠᠳᠬᠤᠵᠣ᠂ ᠦᠷᠬᠦᠯᠵᠢᠯᠡᠵᠣ ᠨᠦᠬᠦᠪᠦᠷᠢᠯᠡᠬᠦ ᠬᠡᠯᠬᠢᠶᠠᠵᠢᠯ ᠤᠨ ᠲᠦᠷᠥᠯ ᠵᠣᠶᠢᠯ ᠤᠨ ᠪᠦᠳᠦᠬᠡᠨ ᠪᠠᠶᠢᠭᠤᠯᠣᠯᠳᠠ ᠶᠢ ᠴᠢᠩᠭᠠᠳᠬᠠᠨ᠂ ᠬᠦᠭᠵᠢᠯᠳᠡ ᠶᠢᠨ ᠴᠢᠨᠡᠷ ᠪᠦᠳᠣᠮᠵᠢ ᠶᠢ ᠯᠠᠪᠳᠠᠭᠤᠨ ᠳᠡᠬᠡᠭᠰᠢᠯᠡᠬᠦᠯᠪᠠ᠃ ᠵᠦᠩ ᠮᠧᠢ ᠮᠧᠩ ᠳ᠋ᠠ ᠺᠣᠮᠫᠠᠨᠢ ᠶᠢᠨ 50 ᠲᠦᠮᠡᠨ ᠳᠣᠠᠨ᠋ᠨ ᠪᠠᠷᠢᠯᠭ᠎ᠠ ᠶᠢᠨ ᠰᠣᠯᠢᠶᠣᠣ ᠣᠶᠢᠯᠡᠳᠪᠣᠷᠢᠯᠡᠬᠦ᠂ ᠵᠦᠩ ᠲᠢᠶᠠᠨ ᠾᠧ ᠴᠤᠸᠠᠩ ᠺᠣᠮᠫᠠᠨᠢ ᠶᠢᠨ ᠨᠡᠬᠦᠷᠠᠰᠣ ᠶᠢ ᠬᠦᠨᠵᠡᠬᠡᠢ ᠪᠣᠯᠪᠠᠰᠣᠷᠠᠭᠤᠯᠬᠤ ᠳᠠᠭᠤᠷᠢᠶᠠᠯ ᠲᠦᠷᠥᠯ ᠵᠣᠶᠢᠯ ᠢ ᠯᠠᠪᠳᠠᠭᠤᠨ ᠳᠣᠷᠰᠢᠨ ᠣᠶᠢᠯᠡᠳᠪᠣᠷᠢᠯᠡᠵᠣ᠂ ᠨᠠᠶᠢᠯᠠᠮᠠᠯ ᠡᠲ᠋ᠧᠨ᠂ ᠨᠠᠶᠢᠯᠠᠮᠠᠯ ᠫᠷᠣᠫᠧᠨ ᠎ ᠤ ᠣᠶᠢᠯᠡᠳᠬᠦᠨ ᠢ ᠪᠦᠬᠦ ᠬᠤᠳᠠ ᠳᠤ ᠳᠠᠷᠢᠬᠦᠯᠡᠨ ᠣᠶᠢᠯᠡᠳᠪᠣᠷᠢᠯᠡᠵᠣ᠂ ᠮᠧᠲ᠋ᠢᠯ ᠠᠯᠺᠦᠦᠯ ᠢ ᠬᠦᠨᠵᠡᠬᠡᠢ ᠪᠣᠯᠪᠠᠰᠣᠷᠠᠭᠤᠯᠬᠤ ᠠᠵᠢᠯ ᠨᠢ ᠰᠢᠨ᠎ᠡ ᠰᠢᠪᠳᠣᠯᠣᠯᠳᠠ ᠲᠠᠢ ᠪᠣᠯᠪᠠ᠃ ᠵᠢᠶᠧ ᠯᠢᠨ ᠰᠣᠯᠢᠶᠣᠣ ᠣᠶᠢᠯᠡᠳᠪᠣᠷᠢᠯᠡᠬᠦ ᠺᠣᠮᠫᠠᠨᠢ ᠶᠢᠨ 2 ᠲᠦᠮᠡᠨ ᠳᠣᠠᠨ᠋ᠨ ᠬᠦᠨᠳᠣ ᠠᠴᠢᠶ᠎ᠠ ᠶᠢ ᠪᠣᠭᠤᠳᠠᠯᠯᠠᠬᠤ ᠪᠦᠷᠬᠦᠪᠴᠢ ᠶᠢᠨ ᠲᠦᠷᠥᠯ ᠵᠣᠶᠢᠯ᠂ ᠮᠦᠩᠬᠡᠴᠢ᠂ ᠬᠤᠯᠣᠰᠣ ᠨᠡᠬᠦᠷᠠᠰᠣᠨ ᠠᠭᠤᠷᠬᠠᠢ ᠳᠣᠷᠰᠢᠨ ᠣᠶᠢᠯᠡᠳᠪᠣᠷᠢᠯᠡᠬᠦ ᠱᠠᠳᠣᠨ ᠳᠤ ᠣᠷᠣᠵᠣ᠂ ᠭᠤᠣᠯᠯᠠᠬᠤ ᠠᠵᠣ ᠠᠬᠤᠶᠢᠯᠡᠯ ᠤᠨ ᠲᠦᠬᠦᠷᠵᠢᠬᠦᠯᠬᠦ ᠲᠦᠷᠥᠯ ᠵᠣᠶᠢᠯ ᠰᠢᠨ᠎ᠡ ᠠᠬᠢᠯᠳᠠ ᠲᠠᠢ ᠪᠣᠯᠪᠠ᠃ ᠮᠠᠯ ᠳᠠᠷᠢᠶᠠᠯᠠᠩ ᠤᠨ ᠠᠵᠣ ᠣᠶᠢᠯᠡᠰ ᠤᠨ ᠬᠦᠭᠵᠢᠯᠳᠡ ᠪᠠ ᠠᠵᠣ ᠣᠶᠢᠯᠡᠰ ᠤᠨ ᠪᠦᠳᠦᠴᠡ ᠶᠢᠨ ᠳᠣᠬᠢᠷᠠᠭᠤᠯᠣᠯᠳᠠ ᠶᠢ ᠲᠦᠷᠬᠡᠳᠬᠡᠨ᠂ ᠦᠨᠳᠣᠷ ᠪᠠᠷᠢᠮᠵᠢᠶᠠᠳᠣ ᠰᠠᠭᠤᠷᠢ ᠳᠠᠷᠢᠶᠠᠨ ᠭᠠᠵᠠᠷ ᠢ 4.1 ᠲᠦᠮᠡᠨ ᠮᠣ᠋ ᠪᠠᠶᠢᠭᠤᠯᠵᠣ᠂ ᠣᠰᠣ ᠠᠷᠪᠢᠯᠠᠬᠤ ᠣᠰᠣᠯᠠᠯᠭ᠎ᠠ ᠶᠢ 9.1 ᠲᠦᠮᠡᠨ ᠮᠣ᠋ ᠳᠤ ᠳᠡᠯᠬᠡᠷᠡᠬᠦᠯᠵᠣ᠂ ᠰᠢᠯᠢᠳᠡᠭ ᠴᠢᠨᠡᠷᠳᠡᠢ ᠪᠡᠯᠴᠢᠬᠡᠷ ᠢ 5 ᠲᠦᠮᠡᠨ ᠮᠣ᠋ ᠰᠢᠨ᠎ᠡ ᠎ ᠪᠠᠷ ᠨᠡᠮᠡᠭᠳᠡᠬᠦᠯᠵᠣ᠂ ᠢᠳᠡᠰᠢᠨ ᠨᠣᠭᠤᠭ᠎ᠠ ᠶᠢ 1.2 ᠲᠦᠮᠡᠨ ᠮᠣ᠋ ᠳᠠᠷᠢᠪᠠ᠃ ᠬᠡᠷ ᠪᠦᠯᠢ ᠶᠢᠨ ᠮᠠᠯᠵᠢᠯ ᠤᠨ ᠳᠠᠯᠠᠪᠣᠷ ᠵᠡᠷᠬᠡ ᠳᠣᠬᠢᠷᠠᠮᠵᠢᠳᠣ ᠬᠡᠪᠴᠢᠶᠠᠨ ᠤ ᠡᠵᠡᠩᠨᠡᠯᠳᠡ ᠶᠢᠨ ᠭᠤᠣᠯ ᠴᠣᠭᠴᠠ ᠶᠢ 324 ᠡᠷᠦᠬᠡ ᠪᠠᠶᠢᠭᠤᠯᠵᠣ᠂ ᠰᠾᠢ ᠵᠢᠢ ᠴᠢᠩ ᠺᠣᠮᠫᠠᠨᠢ ᠶᠢᠨ ᠠᠯᠠᠰᠢᠨ ᠬᠤᠨᠢᠨ ᠮᠢᠬ᠎ᠠ ᠡᠳ᠋ᠰᠢᠬᠦᠯᠬᠦ ᠣᠶᠢᠯᠡᠳᠪᠣᠷᠢᠯᠡᠯ ᠤᠨ ᠱᠤᠭᠤᠮ ᠤᠨ ᠦᠬᠡᠷᠡᠴᠢᠯᠡᠯᠳᠡ ᠶᠢ ᠪᠠᠶᠠᠯᠡᠬᠦᠯᠵᠣ᠂ ᠣᠷᠳᠣᠰ ᠨᠠᠷᠢᠨ ᠨᠣᠣᠰᠣᠳᠣ ᠬᠤᠨᠢᠨ ᠤ ᠮᠠᠯᠵᠢᠯ ᠤᠨ ᠪᠠᠷᠢᠮᠵᠢᠶᠠᠯᠠᠴᠢᠯᠠᠭᠰᠠᠨ ᠳᠠᠭᠤᠷᠢᠶᠠᠯ ᠬᠤᠰᠢᠭᠤᠨ ᠤ ᠪᠦᠳᠦᠬᠡᠨ ᠪᠠᠶᠢᠭᠤᠯᠣᠯᠳᠠ ᠶᠢᠨ ᠲᠦᠷᠥᠯ ᠵᠣᠶᠢᠯ ᠨᠢ ᠣᠯᠣᠰ ᠤᠨ ᠰᠢᠯᠭᠠᠨ ᠬᠤᠷᠢᠶᠠᠯᠳᠠ ᠎ ᠶᠢ ᠣᠷᠣᠭᠰᠢᠳᠡᠢ ᠳᠣᠭᠤᠯᠵᠣ᠂ ᠭᠠᠯᠠᠭᠤᠳᠣ ᠪᠠᠯᠭᠠᠰᠣᠨ ᠤ ᠪᠣᠵᠠᠢ ᠭᠠᠴᠠᠭ᠎ᠠ ︵ᠣᠷᠳᠣᠰ ᠨᠠᠷᠢᠨ ᠨᠣᠣᠰᠣᠳᠣ ᠬᠤᠨᠢ︶᠎ ᠨᠢ ᠵᠢᠷᠭᠤᠳᠣᠭᠠᠷ ᠪᠦᠯᠥᠭ ᠪᠦᠬᠦ ᠣᠯᠣᠰ ᠤᠨ ᠨᠢᠬᠡ ᠭᠠᠴᠠᠭ᠎ᠠ ᠳᠣᠰᠬᠤᠨ ᠨᠢᠬᠡ ᠨᠠᠷᠠᠳᠣ ᠳᠡᠮᠳᠡᠭ ᠲᠠᠢ ᠪᠠᠶᠢᠬᠤ ᠳᠠᠭᠤᠷᠢᠶᠠᠯ ᠳᠣᠰᠬᠤᠨ ᠪᠠᠯᠭᠠᠰᠣ ᠪᠠᠷ ᠰᠣᠩᠭᠤᠭᠳᠠᠵᠣ᠂ ᠮᠠᠯᠵᠢᠯ ᠤᠨ ᠣᠨ ᠤ ᠳᠡᠵᠢᠬᠡᠭᠰᠡᠨ ᠮᠠᠯ ᠤᠨ ᠳᠤᠭ᠎ᠠ ᠨᠢ 209 ᠲᠦᠮᠡᠨ ᠳᠣᠯᠣᠭᠠᠢ ᠬᠦᠷᠦᠭᠰᠡᠨ ᠪᠠᠶᠢᠨ᠎ᠠ᠃ ᠭᠠᠵᠠᠷ ᠵᠦᠢ ᠶᠢᠨ ᠪᠡᠯᠬᠡ ᠳᠡᠮᠳᠡᠭᠳᠣ ᠣᠶᠢᠯᠡᠳᠬᠦᠨ ᠪᠠ ᠨᠠᠷᠠᠳᠣ ᠳᠠᠸᠠᠷ ᠤᠨ ᠳᠡᠮᠳᠡᠭᠳᠣ ᠶᠢ 5 ᠰᠢᠨ᠎ᠠ ᠪᠠᠷ ᠨᠡᠮᠡᠭᠳᠡᠬᠦᠯᠵᠣ᠂ ᠰᠢᠷᠬᠤᠰᠣᠨ ᠭᠤᠣᠯ ᠤᠨ ᠳᠣᠳᠣᠷᠭ᠎ᠠ ᠨᠢ ᠠᠷᠪᠠᠨ ᠳᠣᠯᠣᠳᠣᠭᠠᠷ ᠬᠤᠭᠤᠴᠠᠭᠠᠨ ᠤ ᠳᠣᠮᠳᠠᠳᠣ ᠣᠯᠣᠰ ᠤᠨ ᠪᠣᠬᠢᠷᠳᠣᠯ ᠦᠬᠡᠢ ᠢᠳᠡᠬᠡᠨ ᠤ ᠦᠵᠡᠰᠬᠦᠯᠠᠩ ᠤᠨ ᠠᠯᠳᠠᠨ ᠮᠧᠳᠠᠯ ᠬᠦᠷᠳᠡᠭᠰᠡᠨ ᠪᠠᠶᠢᠨ᠎ᠠ᠃ ᠰᠢᠷᠬᠤᠰᠣ ᠵᠡᠷᠬᠡ ᠭᠤᠣᠯᠳᠠᠯᠭᠠᠳᠣ ᠦᠵᠡᠮᠵᠢ ᠶᠢᠨ ᠣᠷᠣᠨ ᠤ ᠵᠡᠷᠬᠡ ᠳᠠᠰ ᠳᠡᠪᠰᠢᠬᠦ ᠎ ᠶᠢ ᠠᠬᠢᠭᠤᠯᠵᠣ᠂ ᠰᠣᠳᠣᠨ ᠵᠢᠭᠤᠯᠴᠢᠯᠡᠯ ᠤᠨ ᠱᠤᠭᠤᠮ ᠢ 5 ᠭᠠᠷᠭᠠᠵᠣ᠂ ᠰᠣᠶᠣᠯ ᠵᠢᠭᠤᠯᠴᠢᠯᠡᠯ ᠤᠨ ᠠᠵᠢᠯᠯᠠᠭᠠᠨ ᠎ ᠢ 80 ᠭᠠᠷᠦᠢ ᠣᠳᠠᠭ᠎ᠠ ᠡᠷᠬᠢᠯᠡᠨ᠂ ᠵᠢᠭᠤᠯᠴᠢᠯᠡᠯ ᠤᠨ ᠶᠡᠷᠦᠩᠬᠡᠢ ᠣᠷᠣᠯᠭ᠎ᠠ ᠨᠢ 26.7 ᠳ᠋ᠦᠩᠰᠢᠭᠤᠷ ᠲᠦᠬᠦᠷᠢᠭ ᠬᠦᠷᠪᠠ᠃ ᠪᠠᠷᠠᠭᠠᠨ ᠬᠦᠢᠯᠬᠡᠬᠡᠨ ᠤ ᠠᠵᠣ ᠠᠬᠤᠶᠢᠯᠡᠯ ᠢ 14 ᠰᠢᠨ᠎ᠡ ᠪᠠᠷ ᠨᠡᠮᠡᠭᠳᠡᠬᠦᠯᠵᠣ᠂ ᠳᠠᠮᠣᠷ ᠵᠠᠮ ᠤᠨ ᠳᠡᠬᠡᠬᠡᠪᠣᠷᠢ ᠶᠢᠨ ᠬᠡᠮᠵᠢᠶ᠎ᠠ ᠨᠢ 476 ᠲᠦᠮᠡᠨ ᠳᠣᠠᠨ᠋ᠨ ᠬᠦᠷᠴᠣ᠂ ᠠᠳᠠᠯᠢ ᠬᠤᠭᠤᠴᠠᠭᠠᠨ ᠤ ᠬᠢ ᠠᠴᠠ 120 % ᠨᠡᠮᠡᠭᠳᠡᠵᠣ᠂ ᠵᠠᠰᠠᠮᠠᠯ ᠵᠠᠮ ᠤᠨ ᠳᠡᠬᠡᠬᠡᠪᠣᠷᠢ ᠶᠢᠨ ᠬᠡᠮᠵᠢᠶ᠎ᠠ ᠨᠢ 1628.5 ᠲᠦᠮᠡᠨ ᠳᠣᠠᠨ᠋ᠨ ᠬᠦᠷᠴᠣ᠂ ᠠᠳᠠᠯᠢ ᠬᠤᠭᠤᠴᠠᠭᠠᠨ ᠤ ᠬᠢ ᠠᠴᠠ 10.7 % ᠨᠡᠮᠡᠭᠳᠡᠪᠠ︔      ︵ᠭᠤᠷᠪᠠ︶ ᠬᠤᠳᠠ ᠬᠦᠳᠡᠭᠡ ᠶᠢᠨ ᠲᠦᠷᠢ ᠲᠦᠷᠬᠦ ᠴᠤ᠋ ᠰᠢᠨ᠎ᠡ ᠪᠠᠶᠢᠳᠠᠯ ᠲᠠᠢ ᠪᠣᠯᠪᠠ᠃ ᠰᠠᠭᠤᠷᠢ ᠶᠢ ᠪᠠᠬᠢᠵᠢᠬᠦᠯᠵᠣ᠂ ᠳᠣᠯᠭᠠᠭᠤᠷᠢᠯᠡᠯ ᠢ ᠴᠢᠩᠭᠠᠳᠬᠠᠨ᠂ ᠶᠠᠰᠣ ᠴᠢᠨᠡᠷ ᠢ ᠬᠡᠪᠰᠢᠵᠢᠬᠦᠯᠵᠣ᠂ ᠬᠦᠭᠵᠢᠯᠳᠡ ᠶᠢᠨ ᠳᠠᠩᠴᠡᠬᠦᠷᠢᠳᠣ ᠴᠢᠨᠡᠷ᠂ ᠵᠣᠬᠢᠴᠠᠩᠭᠤᠢ ᠴᠢᠨᠡᠷ ᠢ ᠳᠠᠰᠣᠷᠠᠯᠳᠡ ᠦᠬᠡᠢ ᠴᠢᠩᠭᠠᠳᠬᠠᠪᠠ᠃ ᠭᠠᠯᠠᠭᠤᠳᠣ ᠶᠢᠨ ᠭᠤᠣᠯ ᠳᠣᠭᠤᠷᠢᠭ ᠤᠨ ᠴᠢᠳᠠᠪᠬᠢ ᠡᠳᠦᠷ ᠢᠷᠡᠬᠦᠶ᠎ᠠ ᠳᠡᠬᠦᠯᠳᠡᠷᠵᠢᠵᠣ᠂ ᠵᠢᠩ ᠵᠢᠤ ᠡᠮᠣᠨ᠎ᠠ ᠵᠠᠮ ᠤᠨ ᠪᠦᠳᠦᠬᠡᠨ ᠪᠠᠶᠢᠭᠤᠯᠣᠯᠳᠠ ᠪᠠ ᠪᠠᠶᠠᠨ ᠵᠠᠮ᠂ ᠮᠣᠣᠠᠣᠰᠣ ᠵᠡᠬᠡᠯᠢ᠂ ᠳᠠᠪᠴᠠᠭ ᠴᠡᠴᠡᠷᠯᠢᠭ ᠤᠨ ᠦᠬᠡᠷᠡᠴᠢᠯᠡᠯᠳᠡ ᠶᠢ ᠪᠠᠶᠠᠯᠡᠬᠦᠯᠵᠣ ᠂ ᠬᠤᠳᠠ ᠶᠢᠨ ᠶᠠᠪᠣᠳᠠᠯ ᠤᠨ ᠬᠤᠭᠤᠯᠠᠢ ᠳᠣᠣᠷ ᠢ 108 ᠺᠢᠯᠣᠮᠧᠲᠷ ᠳᠠᠪᠢᠰᠴᠣ᠂ 16.8 ᠲᠦᠮᠡᠨ ᠳᠡᠭᠰᠢ ᠲᠦᠷᠪᠠᠯᠵᠢᠨ ᠮᠧᠲᠷ ᠤᠨ ᠵᠡᠬᠡᠯᠢ ᠭᠤᠳᠣᠮᠵᠢ ᠶᠢ ᠬᠠᠳᠠᠭᠤᠷᠠᠭᠤᠯᠵᠣ᠂ ᠵᠡᠬᠡᠯᠢ ᠭᠤᠳᠣᠮᠵᠢ ᠶᠢᠨ ᠳ᠋ᠧᠩ ᠢ 240 ᠣᠭᠰᠠᠷᠠᠭᠰᠠᠨ ᠪᠠᠶᠢᠨ᠎ᠠ᠃ 7.8 ᠲᠦᠮᠡᠨ ᠳᠡᠭᠰᠢ ᠲᠦᠷᠪᠠᠯᠵᠢᠨ ᠮᠧᠲᠷ ᠤᠨ ᠭᠠᠵᠠᠷ ᠢ ᠰᠢᠨ᠎ᠡ ᠪᠠᠷ ᠨᠣᠭᠤᠭᠠᠷᠠᠭᠤᠯᠵᠣ᠂ ᠣᠰᠣ ᠪᠠᠷ ᠵᠠᠶᠢᠯᠠᠬᠤ ᠬᠡᠯᠪᠠᠷᠢ ᠶᠢᠨ ᠵᠣᠷᠯᠣᠩ ᠢ 45 ᠰᠢᠨ᠎ᠡ ᠪᠠᠷ ᠪᠠᠶᠢᠭᠤᠯᠣᠨ᠂ ᠣᠶᠣᠨᠯᠢᠭ ᠬᠤᠳᠠ ᠶᠢᠨ ᠶᠠᠪᠣᠳᠠᠯ ᠤᠨ ᠰᠢᠰᠲ᠋ᠧᠮ ᠢ ᠡᠬᠢᠯᠡᠬᠦᠯᠥᠨ ᠬᠡᠷᠡᠭᠯᠡᠵᠣ᠂ ᠰᠣᠶᠣᠯ ᠳᠠᠮᠢᠷ ᠤᠨ ᠣᠷᠳᠣᠨ᠂ ᠣᠮᠪᠠᠯᠳᠠ ᠶᠢᠨ ᠣᠷᠳᠣᠨ᠂ ᠳᠣᠣᠷ ᠪᠦᠮᠪᠣᠬᠡᠨ ᠣᠷᠳᠣᠨ ᠪᠠ ᠦᠳᠦᠨ ᠪᠦᠮᠪᠦᠭᠡ᠂ ᠫᠢᠩᠫᠠᠩ ᠪᠦᠮᠪᠦᠭᠡ ᠶᠢᠨ ᠣᠷᠳᠣᠨ ᠢ ᠠᠰᠢᠭᠯᠠᠯᠳᠠ ᠳᠤ ᠣᠷᠣᠭᠤᠯᠪᠠ᠃ ᠦᠪᠡᠷᠮᠢᠴᠡ ᠣᠨᠴᠠᠯᠢᠭᠳᠣ ᠪᠣᠰᠣᠳ 5 ᠵᠢᠵᠢᠭ ᠪᠠᠯᠭᠠᠰᠣᠨ ᠤ ᠪᠦᠳᠦᠬᠡᠨ ᠪᠠᠶᠢᠭᠤᠯᠣᠯᠳᠠ ᠶᠢ ᠨᠢᠬᠡᠳᠣᠯᠳᠡᠢ ᠲᠥᠯᠥᠪᠵᠢᠬᠦᠯᠵᠣ᠂ ᠳᠤᠭ ᠪᠠᠯᠭᠠᠰᠣ᠂ ᠣᠯᠠᠭᠠᠠᠳᠣᠯᠣᠭᠠᠢ ᠪᠠᠯᠭᠠᠰᠣ ᠪᠠ ᠡᠯ᠎ᠡ ᠠᠵᠣ ᠣᠶᠢᠯᠡᠳᠪᠣᠷᠢ ᠶᠢᠨ ᠬᠦᠷᠢᠶᠠᠯᠠᠩ ᠳᠣᠭᠤᠷᠢᠭ ᠲᠤ ᠲᠦᠪᠯᠡᠷᠡᠬᠦᠯᠥᠨ ᠬᠡᠢ ᠬᠠᠩᠭᠠᠬᠤ ᠶᠢ ᠪᠠᠶᠠᠯᠠᠬᠦᠯᠵᠣ᠂ ᠰᠢᠷᠬᠤᠰᠣᠨ ᠪᠠᠯᠭᠠᠰᠣ ᠨᠢ ︽ᠳᠣᠮᠳᠠᠳᠣ ᠣᠯᠣᠰ ᠤᠨ ᠬᠠᠮᠤᠭ ᠭᠤᠶᠣ ᠰᠠᠶᠢᠬᠠᠨ ᠰᠢᠶᠠᠩ ᠪᠠᠯᠭᠠᠰᠣ︾᠎ ᠪᠠᠷ ᠦᠨᠡᠯᠡᠭᠳᠡᠪᠠ᠃ ︽ᠠᠷᠪᠠ ᠶᠢ ᠪᠦᠷᠬᠦᠬᠦᠯᠬᠦ︾ ᠢᠨᠵᠧᠨᠧᠷᠢᠩ ᠢ ᠬᠦᠴᠦᠳᠡᠢ ᠠᠬᠢᠭᠤᠯᠵᠣ᠂ ᠬᠦᠳᠡᠭᠡ ᠳᠣᠰᠬᠤᠨ ᠤ ᠵᠠᠰᠠᠮᠠᠯ ᠵᠠᠮ ᠢ 1462 ᠺᠢᠯᠣᠮᠧᠲᠷ ᠳᠠᠪᠢᠰᠣᠨ᠂ 9406 ᠡᠷᠦᠬᠡ ᠶᠢᠨ ᠨᠣᠷᠠᠬᠤ ᠠᠶᠣᠯᠳᠡᠢ ᠬᠡᠷ ᠪᠠᠶᠢᠰᠢᠩ ᠢ ᠦᠬᠡᠷᠡᠴᠢᠯᠡᠨ ᠵᠠᠰᠠᠵᠣ᠂ ᠮᠠᠯᠵᠢᠬᠤ ᠳᠠᠷᠢᠶᠠᠯᠠᠬᠤ ᠣᠷᠣᠨ ᠤ ᠣᠶᠢᠯᠡᠳᠪᠣᠷᠢᠯᠡᠯ ᠠᠮᠢᠳᠣᠷᠠᠯ ᠤᠨ ᠨᠦᠬᠦᠴᠡᠯ ᠪᠠ ᠨᠠᠶᠢᠳᠠ ᠶᠢᠨ ᠣᠶᠢᠯᠡᠴᠢᠯᠡᠬᠡᠨ ᠤ ᠲᠦᠪᠰᠢᠨ ᠢ ᠶᠡᠬᠡᠪᠡᠷ ᠳᠠᠬᠡᠭᠰᠢᠯᠡᠬᠦᠯᠦᠭᠰᠡᠨ ᠪᠠᠶᠢᠨ᠎ᠠ᠃ ᠬᠦᠬᠡᠬᠤᠳᠠ᠂ ᠪᠣᠭᠤᠳᠣ᠂ ᠤᠷᠳᠣᠰ ᠤᠨ ᠰᠠᠭᠤᠷᠢ ᠲᠦᠬᠦᠬᠡᠷᠣᠮᠵᠢ ᠶᠢᠨ ᠬᠠᠷᠢᠯᠴᠠᠨ ᠵᠠᠯᠭᠠᠯᠳᠣᠵᠣ ᠨᠠᠪᠳᠠᠷᠠᠯᠴᠡᠬᠦ ᠳᠣᠭᠳᠠᠯᠴᠠᠭ᠎ᠠ ᠳᠤ ᠢᠳᠡᠪᠬᠢᠳᠡᠢ ᠠᠭᠤᠰᠣᠯᠴᠠᠵᠣ᠂ ᠱᠠᠩᠬᠠᠢ ᠶᠢᠨ ᠰᠦᠮ᠎ᠠ ᠠᠴᠠ ᠱᠠᠨᠳᠦ᠋ᠩ ᠬᠦᠷᠬᠦ ᠣᠨᠴᠠ ᠦᠨᠳᠣᠷ ᠬᠦᠴᠦᠳᠠᠯᠳᠣ ᠴᠠᠬᠢᠯᠭᠠᠨ ᠬᠦᠷᠬᠡᠵᠣ ᠬᠤᠪᠢᠰᠬᠠᠬᠤ ᠢᠨᠵᠧᠨᠧᠷᠢᠩ ︵ᠦᠣᠰᠢᠨ ᠤ ᠬᠡᠰᠡᠭ︶᠎ ᠤᠨ ᠱᠤᠪᠤᠭᠤᠷ ᠵᠢᠶᠠᠰᠠ ᠪᠣᠰᠬᠠᠬᠤ ᠠᠵᠢᠯ ᠢ ᠳᠠᠭᠤᠰᠬᠠᠨ᠂ ᠬᠤᠩᠱᠠᠨ ᠤ 110 ᠺᠢᠯᠣᠸᠣᠯᠲ ᠪᠠ ᠳᠣᠪᠣᠭ ᠵᠡᠷᠬᠡ 35 ᠺᠢᠯᠣᠸᠣᠯᠲ ᠤᠨ ᠴᠠᠬᠢᠯᠭᠠᠨ ᠬᠦᠷᠬᠡᠵᠣ ᠬᠤᠪᠢᠰᠬᠠᠬᠤ 4 ᠢᠨᠵᠧᠨᠧᠷᠢᠩ ᠢ ᠣᠳᠠᠯ ᠦᠬᠡᠢ ᠠᠰᠢᠭᠯᠠᠯᠳᠠ ᠳᠤ ᠣᠷᠣᠭᠤᠯᠬᠤ ᠪᠠᠷ ᠪᠠᠶᠢᠨ᠎ᠠ︔ ᠦᠪᠣᠷ ᠮᠣᠩᠭᠤᠯ ᠤᠨ ᠪᠠᠷᠠᠭᠤᠨ ᠬᠡᠰᠡᠭ ᠠᠴᠠ ᠳᠣᠮᠳᠠᠳᠣ ᠣᠷᠣᠨ ᠬᠦᠷᠬᠦ ᠳᠠᠮᠣᠷ ᠵᠠᠮ ᠢ ᠡᠮᠬᠢ ᠴᠡᠭᠴᠡᠳᠡᠢ ᠪᠦᠳᠦᠬᠡᠨ ᠪᠠᠶᠢᠭᠤᠯᠵᠣ᠂ ᠳᠣᠯᠢ ᠠᠴᠠ ᠣᠳᠤᠭ ᠤᠨ ᠡᠮᠣᠨᠠᠳᠣ ᠬᠤᠰᠢᠭᠤ ᠬᠦᠷᠬᠦ ᠳᠠᠮᠣᠷ ᠵᠠᠮ ︵ᠦᠣᠰᠢᠨ ᠤ ᠬᠡᠰᠡᠭ︶᠎ ᠤᠨ ᠰᠢᠯᠭᠠᠨ ᠬᠤᠷᠢᠶᠠᠬᠤ ᠠᠵᠢᠯ ᠢ ᠪᠠᠶᠠᠯᠡᠬᠦᠯᠵᠣ᠂ ᠮᠦᠩᠬᠡᠴᠢ ᠳᠠᠮᠣᠷ ᠵᠠᠮ ᠤᠨ ᠳᠣᠰᠬᠠᠢ ᠱᠤᠭᠤᠮ ᠢ ᠳᠡᠷᠬᠡ ᠨᠡᠪᠳᠡᠷᠡᠬᠦᠯᠪᠠ︔ ᠨᠠᠷᠢᠠᠭᠤᠣᠯ — ᠳᠤᠭ — ᠦᠳᠰᠢᠨᠵᠣᠣ ᠬᠦᠷᠬᠦ ᠣᠰᠣ ᠬᠦᠷᠬᠡᠬᠦ ᠬᠤᠭᠤᠯᠠᠢ ᠶᠢᠨ ᠪᠦᠬᠦ ᠱᠤᠭᠤᠮ ᠢ ᠨᠡᠪᠳᠠᠷᠠᠬᠦᠯᠵᠣ᠂ ᠬᠦᠭᠵᠢᠯᠳᠡ ᠶᠢᠨ ᠪᠠᠳᠣᠯᠠᠭ᠎ᠠ ᠶᠢᠨ ᠴᠢᠳᠠᠪᠣᠷᠢ ᠳᠠᠰᠣᠷᠠᠯᠳᠠ ᠦᠬᠡᠢ ᠳᠡᠬᠡᠭᠰᠢᠯᠡᠪᠠ᠃      ︵ᠲᠦᠷᠪᠠ︶ ᠦᠬᠡᠷᠡᠴᠢᠯᠡᠯᠳᠡ ᠬᠢᠵᠣ ᠰᠢᠨ᠎ᠡ ᠶᠢ ᠡᠬᠦᠳᠬᠦ ᠠᠵᠢᠯ ᠨᠢ ᠣᠨᠴᠠ ᠦᠷ᠎ᠡ ᠪᠦᠳᠣᠮᠵᠢ ᠣᠯᠪᠠ᠃ ᠬᠠᠩᠭᠠᠯᠭ᠎ᠠ ᠶᠢᠨ ᠳᠠᠯ᠎ᠠ ᠶᠢᠨ ᠪᠦᠳᠦᠴᠡ ᠶᠢᠨ ᠴᠢᠨᠡᠷᠳᠡᠢ ᠦᠬᠡᠷᠡᠴᠢᠯᠡᠯᠳᠡ ᠶᠢ ᠬᠦᠴᠦᠯᠡᠨ ᠠᠬᠢᠭᠤᠯᠵᠣ᠂ ᠪᠠᠶᠠᠠᠭᠤᠣᠯ ᠨᠡᠬᠦᠷᠠᠰᠣᠨ ᠠᠭᠤᠷᠬᠠᠢ ᠶᠢᠨ ᠢᠯᠡᠬᠦᠳᠠᠯ ᠣᠶᠢᠯᠡᠳᠪᠣᠷᠢᠯᠡᠯ ᠤᠨ ᠴᠢᠳᠠᠪᠬᠢ ᠶᠢ ᠰᠢᠢᠳᠪᠣᠷᠢᠯᠡᠬᠦ ᠲᠦᠰᠥᠯ ᠪᠠ ᠶᠢᠩ ᠫᠠᠨ ᠬᠤᠣ ᠵᠡᠷᠬᠡ ᠨᠠᠬᠦᠷᠠᠰᠣᠨ ᠠᠭᠤᠷᠬᠠᠢ ᠶᠢᠨ ᠣᠶᠢᠯᠡᠳᠪᠣᠷᠢᠯᠡᠯ ᠤᠨ ᠴᠢᠳᠡᠪᠬᠢ ᠶᠢ ᠳᠣᠬᠢᠷᠠᠭᠤᠯᠣᠨ ᠰᠣᠯᠢᠬᠤ ᠲᠦᠰᠥᠯ ᠨᠢ ᠣᠯᠣᠰ ᠤᠨ ᠡᠨᠧᠷᠬᠢ ᠶᠢᠨ ᠳᠣᠪᠴᠢᠶᠠᠨ ᠤ ᠵᠦᠪᠰᠢᠶᠠᠷᠠᠯ ᠢ ᠣᠯᠪᠠ᠃ 23.8 ᠲᠦᠮᠡᠨ ᠳᠡᠭᠰᠢ ᠲᠦᠷᠪᠡᠯᠵᠢᠨ ᠮᠧᠲᠷ ᠤᠨ ᠬᠦᠮᠦᠷᠬᠡᠯᠡᠭᠳᠡᠵᠣ ᠪᠠᠶᠢᠬᠤ ᠣᠷᠣᠨ ᠰᠠᠭᠤᠴᠠ ᠢ ᠰᠢᠢᠳᠪᠣᠷᠢᠯᠡᠭᠰᠡᠨ ᠪᠠᠶᠢᠨ᠎ᠠ︔ ᠴᠠᠬᠢᠯᠭᠠᠨ ᠬᠦᠴᠦᠨ ᠢ ᠠᠷᠠᠯᠵᠢᠶᠠᠯᠠᠬᠤ ᠠᠵᠣ ᠠᠬᠤᠶᠢᠯᠡᠯ ᠢ 5᠂ ᠴᠠᠬᠢᠯᠭᠠᠨ ᠬᠦᠴᠦᠨ ᠤ ᠲᠦᠷ ᠴᠠᠭ ᠤᠨ ᠳᠡᠳᠬᠦᠮᠵᠢ ᠶᠢᠨ ᠲᠦᠷᠦ ᠶᠢᠨ ᠪᠣᠳᠣᠯᠭ᠎ᠠ ᠶᠢ ᠬᠦᠷᠳᠡᠬᠦ ᠠᠵᠣ ᠠᠬᠤᠶᠢᠯᠡᠯ ᠢ 6 ᠰᠢᠨ᠎ᠡ ᠪᠠᠷ ᠨᠡᠮᠡᠭᠳᠡᠬᠦᠯᠪᠠ︔ ︽ᠡᠵᠡᠩᠨᠡᠯᠳᠡ ᠶᠢᠨ ᠭᠠᠶᠢᠯᠢ ᠬᠤᠷᠢᠶᠠᠯᠳᠠ ᠶᠢ ᠦᠬᠡᠷᠡᠴᠢᠯᠡᠬᠡᠳ ᠨᠡᠮᠡᠭᠳᠡᠯ ᠦᠷᠳᠡᠭ ᠤᠨ ᠭᠠᠶᠢᠯᠢ ᠪᠣᠯᠭᠠᠨ ᠬᠤᠷᠢᠶᠠᠬᠤ︾᠎ ᠶᠢ ᠨᠠᠶᠢᠳᠠᠪᠣᠷᠢᠵᠢᠭᠤᠯᠵᠣ᠂ ᠠᠵᠣ ᠠᠬᠤᠶᠢᠯᠡᠯ ᠤᠨ ᠳᠣᠮᠳᠠᠴᠢ ᠨᠣᠭᠳᠠᠬᠤ ᠭᠠᠶᠢᠯᠢ ᠶᠢ 20 ᠵᠠᠭᠤᠨ ᠤ ᠨᠢᠬᠡᠴᠢ ᠳᠣᠷᠣᠭᠰᠢᠯᠠᠭᠤᠯᠪᠠ︔ ᠵᠠᠰᠠᠭ ᠤᠨ ᠣᠷᠳᠣᠨ ᠤ ᠴᠢᠨᠡᠷᠳᠡᠢ ᠦᠷᠢ᠂ ︽ᠭᠤᠷᠪᠠᠯᠵᠢᠨ ᠬᠡᠯᠪᠠᠷᠢ︾᠎ ᠶᠢᠨ ᠦᠷᠢ ᠶᠢ ᠲᠥᠯᠥᠨ ᠳᠠᠭᠤᠰᠬᠠᠵᠣ᠂ ᠵᠠᠬ᠎ᠠ ᠳᠡᠯᠬᠡᠬᠦᠷ ᠤᠨ ᠭᠤᠣᠯ ᠴᠣᠭᠴᠠ ᠶᠢᠨ ᠳᠠᠷᠣᠭᠠᠰᠣ ᠶᠢ ᠬᠦᠩᠬᠡᠯᠡᠪᠠ᠃ ᠣᠯᠠᠨ ᠨᠡᠶᠢᠳᠠ ᠶᠢᠨ ᠡᠬᠢ ᠪᠠᠶᠠᠯᠢᠭ ᠤᠨ ᠠᠷᠠᠯᠵᠢᠶᠠᠨ ᠤ ᠳᠡᠪᠴᠠᠩ ᠢ ᠬᠤᠪᠢᠶᠠᠷᠢᠯᠠᠨ ᠰᠢᠯᠵᠢᠬᠦᠯᠬᠦ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠡᠮᠨᠡᠯᠬᠡ ᠶᠢᠨ ᠳᠠᠭᠠᠳᠬᠠᠯ ᠤᠨ ᠲᠦᠷᠢᠮ ᠢ ᠨᠢᠬᠡᠳᠬᠡᠬᠦ᠂ ᠨᠠᠮ ᠵᠠᠰᠠᠭ ᠤᠨ ᠠᠯᠪᠠᠨ ᠪᠠᠶᠢᠭᠤᠯᠭ᠎ᠠ ᠪᠠ ᠠᠯᠪᠠᠳᠠᠨ ᠤ ᠬᠠᠮᠢᠶᠠᠷᠣᠯᠳᠠ ᠶᠢ ᠦᠨᠳᠣᠰᠣᠯᠡᠭᠰᠡᠨ ᠠᠵᠢᠯ ᠣᠶᠢᠯᠡᠰ ᠤᠨ ᠨᠢᠬᠡᠴᠡ ᠶᠢᠨ ᠠᠯᠪᠠᠨ ᠶᠠᠪᠣᠳᠠᠯ ᠤᠨ ᠬᠡᠷᠡᠭᠯᠡᠬᠡᠨ ᠤ ᠳᠡᠷᠬᠡ ᠵᠡᠷᠬᠡ ᠶᠢᠨ ᠦᠬᠡᠷᠡᠴᠢᠯᠡᠯᠳᠡ ᠶᠢ ᠪᠠᠶᠠᠯᠡᠬᠦᠯᠪᠠ᠃ ᠬᠤᠶᠠᠷ ᠬᠡᠣᠬᠡᠳ ᠠᠪᠬᠤ ᠲᠦᠷᠦ ᠶᠢᠨ ᠪᠣᠳᠣᠯᠭ᠎ᠠ ᠶᠢ ᠪᠦᠬᠦ ᠳᠠᠯ᠎ᠠ ᠪᠠᠷ ᠨᠠᠶᠢᠳᠠᠪᠣᠷᠢᠵᠢᠭᠤᠯᠣᠭᠰᠠᠨ ᠪᠠᠶᠢᠨ᠎ᠠ᠃ ᠡᠷᠦᠬᠡ ᠠᠮᠠ ᠶᠢᠨ ᠲᠦᠷᠢᠮ᠂ ᠣᠯᠣᠰ ᠤᠨ ᠦᠮᠴᠢᠯᠡᠯᠳᠣ ᠠᠵᠣ ᠠᠬᠤᠶᠢᠯᠡᠯ᠂ ᠠᠯᠪᠡᠨ ᠠᠴᠠ ᠡᠷᠬᠢᠯᠡᠭᠰᠠᠨ ᠡᠮᠨᠡᠯᠬᠡ ᠶᠢᠨ ᠬᠤᠷᠢᠶ᠎ᠠ᠂ ᠬᠦᠯ ᠪᠦᠮᠪᠦᠭᠡ᠂ ᠮᠦᠩᠬᠦᠨ ᠬᠦᠢᠯᠬᠡᠬᠡ ᠵᠡᠷᠬᠡ ᠬᠦᠷᠢᠶᠠᠨ ᠤ ᠦᠬᠡᠷᠡᠴᠢᠯᠡᠯᠳᠡ ᠶᠢ ᠬᠦᠨᠵᠡᠬᠡᠶᠢᠷᠡᠬᠦᠯᠪᠠ᠃ ᠬᠠᠷᠢᠭᠤᠴᠠᠯᠭ᠎ᠠ ᠎ ᠶᠢᠨ ᠨᠠᠷᠢᠨ ᠳᠠᠩᠰᠠ ᠶᠢ ᠨᠠᠶᠢᠷᠠᠭᠤᠯᠣᠨ ᠳᠣᠭᠳᠠᠭᠠᠵᠣ᠂ ︽ᠪᠠᠶᠢᠴᠠᠭᠠᠭᠳᠠᠭᠴᠢ ᠪᠠ ᠪᠠᠶᠢᠴᠠᠭᠠᠭᠴᠢ ᠶᠢ ᠳᠣᠬᠢᠶᠠᠯᠳᠣᠯ ᠎ ᠤᠨ ᠴᠢᠨᠡᠷᠳᠡᠢ ᠪᠠᠷ ᠰᠣᠩᠭᠤᠵᠣ᠂ ᠪᠠᠶᠢᠴᠠᠭᠠᠯᠳᠠ ᠶᠢᠨ ᠳ᠋ᠦᠩ ᠢ ᠴᠠᠭ ᠳᠣᠬᠠᠢ ᠳᠤᠨᠢ ᠨᠡᠶᠢᠳᠡᠯᠡᠬᠦ︾ ᠬᠢᠨᠡᠨ ᠬᠠᠮᠢᠶᠠᠷᠣᠯᠳᠠ ᠶᠢ ᠬᠡᠷᠡᠭᠵᠢᠬᠦᠯᠪᠠ︔ ᠪᠡᠯᠡ ᠣᠷᠣᠭᠤᠯᠣᠯᠳᠠ ᠶᠢᠨ ᠲᠦᠷᠥᠯ ᠵᠣᠶᠢᠯ ᠢ ᠰᠦᠯᠵᠢᠶᠠᠨ ᠳᠡᠬᠡᠷ᠎ᠡ ᠵᠦᠪᠰᠢᠶᠠᠷᠠᠨ ᠬᠢᠨᠡᠨ ᠬᠠᠮᠢᠶᠠᠷᠬᠤ ᠳᠠᠪᠴᠠᠩ ᠢ ᠵᠢᠩᠬᠢᠨᠢ ᠪᠠᠷ ᠡᠬᠢᠯᠡᠬᠦᠯᠥᠨ ᠬᠡᠷᠡᠭᠯᠡᠵᠣ᠂ ᠣᠶᠣᠨᠯᠢᠭ ᠵᠠᠰᠠᠭ ᠤᠨ ᠶᠠᠪᠣᠳᠠᠯ ᠤᠨ ᠳᠠᠪᠴᠠᠩ ᠢ ᠰᠦᠯᠵᠢᠶᠠᠵᠢᠬᠦᠯᠥᠨ ᠠᠵᠢᠯᠯᠠᠭᠤᠯᠵᠣ᠂ ︽ᠭᠠᠭᠴᠠ ᠴᠣᠩᠬᠤᠪᠴᠢ︾ ᠳᠡᠬᠡᠷ᠎ᠡ ᠠᠵᠢᠯ ᠬᠦᠢᠴᠡᠳᠬᠡᠬᠦ ᠶᠢ ᠪᠠᠶᠡᠯᠠᠬᠦᠯᠥᠨ᠂ ᠣᠯᠠᠨ ᠲᠦᠮᠡᠨ ᠤ ᠠᠵᠢᠯᠯᠠᠬᠤ ᠳᠤ ᠨᠡᠩ ᠲᠦᠬᠦᠮ ᠲᠦᠳᠡ ᠪᠣᠯᠭᠠᠪᠠ᠃ ᠡᠯ᠎ᠡ ᠲᠦᠷᠥᠯ ᠤᠨ ᠵᠠᠬ᠎ᠠ ᠳᠡᠯᠬᠡᠬᠦᠷ ᠤᠨ ᠭᠤᠣᠯ ᠴᠣᠭᠴᠠ ᠶᠢ 2353 ᠡᠷᠦᠬᠡ ᠰᠢᠨ᠎ᠡ ᠪᠠᠷ ᠨᠡᠮᠡᠭᠳᠡᠬᠦᠯᠵᠣ᠂ ︽ᠨᠣᠮᠢᠨ ᠳᠠᠩᠰᠤᠭ ᠦᠣᠰᠢᠨ ᠤ ᠢᠷᠡᠬᠡᠳᠦᠢ ᠶᠢᠨ ᠣᠳᠣᠨ︾ ᠬᠡᠬᠦ ᠳᠠᠶᠠᠭᠠᠷ ᠣᠶᠢᠯᠡᠰ ᠪᠣᠰᠬᠠᠬᠤ ᠰᠠᠭᠤᠷᠢᠨ ᠭᠠᠵᠠᠷ ᠨᠢ ᠦᠪᠡᠷᠳᠡᠬᠡᠨ ᠵᠠᠰᠠᠬᠤ ᠣᠷᠣᠨ ᠤ ᠬᠤᠶᠠᠳᠣᠭᠠᠷ ᠪᠦᠯᠥᠭ ᠳᠠᠶᠠᠭᠠᠷ ᠣᠶᠢᠯᠡᠰ ᠪᠣᠰᠬᠠᠬᠤ ᠠᠵᠢᠯ ᠤᠨ ᠳᠣᠷᠰᠢᠯᠳᠡ ᠶᠢᠨ ᠴᠡᠭ ᠢᠶᠠᠷ ᠳᠣᠭᠳᠠᠭᠠᠭᠳᠠᠪᠠ᠃      ︵ᠳᠠᠪᠤ︶ ᠠᠷᠠᠳ ᠤᠨ ᠠᠮᠢᠳᠣᠷᠠᠯ ᠤᠨ ᠵᠣᠯ ᠵᠢᠷᠭᠠᠯ ᠤᠨ ᠲᠦᠪᠰᠢᠨ ᠦᠷᠬᠦᠯᠵᠢᠯᠡᠨ ᠳᠡᠬᠡᠭᠰᠢᠯᠡᠪᠠ᠃ ᠪᠦᠬᠦ ᠵᠢᠯ ᠳᠤ ᠠᠷᠠᠳ ᠤᠨ ᠠᠮᠢᠳᠣᠷᠠᠯ ᠤᠨ ᠵᠠᠷᠣᠯᠭ᠎ᠠ ᠨᠢ 34.6 ᠳ᠋ᠦᠩᠰᠢᠭᠤᠷ ᠲᠦᠬᠦᠷᠢᠭ ᠬᠦᠷᠴᠣ᠂ ᠶᠢᠰᠣᠨ ᠲᠦᠷᠥᠯ ᠎ ᠤᠨ ᠠᠷᠠᠳ ᠢ ᠬᠠᠷᠠᠭᠠᠯᠵᠠᠬᠤ ᠪᠣᠳᠠᠳᠣ ᠠᠵᠢᠯ ᠢ ᠪᠦᠬᠦ ᠳᠠᠯ᠎ᠠ ᠪᠠᠷ ᠨᠠᠶᠢᠳᠠᠪᠣᠷᠢᠵᠢᠭᠤᠯᠵᠣ᠂ ᠠᠷᠠᠳ ᠲᠦᠮᠡᠨ ᠤ ᠣᠯᠣᠯᠳᠠ ᠲᠦᠷᠥᠭᠳᠡᠯ ᠳᠠᠰᠣᠷᠠᠯᠳᠡ ᠦᠬᠡᠢ ᠳᠡᠬᠡᠭᠰᠢᠯᠡᠭᠰᠡᠨ ᠪᠠᠶᠢᠨ᠎ᠠ᠃ ᠭᠤᠷᠪᠠᠳᠣᠭᠠᠷ ᠳᠣᠷᠰᠢᠯᠳᠡ ᠶᠢᠨ ᠪᠠᠭ᠎ᠠ ᠰᠣᠷᠭᠠᠭᠤᠯᠢ ᠵᠡᠷᠬᠡ 8 ᠰᠣᠷᠭᠠᠭᠤᠯᠢ ︵ᠬᠡᠣᠬᠡᠳ ᠤᠨ ᠴᠡᠴᠡᠷᠯᠢᠭ︶ ᠪᠠ ᠬᠤᠵᠢᠷᠳᠣ ᠪᠠᠭ᠎ᠠ ᠰᠣᠷᠭᠠᠭᠤᠯᠢ ᠶᠢᠨ ᠶᠡᠷᠦᠩᠬᠡᠶᠢᠯᠡᠭᠰᠡᠨ ᠠᠰᠠᠷ ᠠᠰᠢᠭᠯᠠᠯᠳᠠ ᠳᠤ ᠣᠷᠣᠵᠣ᠂165 ᠨᠠᠷᠠᠰ ᠪᠠᠭᠰᠢ ᠶᠢ ᠢᠯᠡ ᠪᠠᠷ ᠣᠷᠢᠨ ᠡᠯᠰᠡᠵᠣ᠂ ᠳ᠋ᠦᠩᠰᠢᠭᠤᠷ ᠬᠢᠷᠢᠳᠡᠢ ᠲᠦᠬᠦᠷᠢᠭ ᠪᠡᠯᠡ ᠣᠷᠣᠭᠤᠯᠣᠨ ᠵᠢᠭᠠᠨ ᠰᠣᠷᠭᠠᠯᠳᠠ ᠶᠢᠨ ᠳᠣᠨᠤᠭ ᠲᠦᠬᠦᠬᠡᠷᠣᠮᠵᠢ ᠶᠢ ᠢᠵᠢ ᠲᠦᠬᠦᠷᠵᠢᠬᠦᠯᠥᠨ ᠪᠦᠬᠦ ᠣᠯᠣᠰ ᠤᠨ ᠠᠯᠪᠠᠨ ᠵᠢᠷᠣᠮ ᠤᠨ ᠰᠣᠷᠭᠠᠨ ᠬᠦᠮᠦᠵᠢᠯ ᠤᠨ ᠬᠦᠭᠵᠢᠯᠳᠡ ᠦᠨᠳᠣᠰᠣᠨ ᠎ ᠳᠡᠭᠡᠨ ᠳᠠᠩᠴᠡᠬᠦᠷᠢᠳᠡᠢ ᠪᠠᠶᠢᠬᠤ ᠬᠤᠰᠢᠭᠤᠨ ᠤ ᠦᠨᠡᠯᠡᠨ ᠳᠣᠭᠳᠠᠭᠠᠯᠳᠠ ᠶᠢ ᠣᠷᠣᠭᠰᠢᠳᠡᠢ ᠳᠣᠭᠤᠯᠪᠠ᠃ 2321 ᠨᠠᠷᠠᠰ ᠬᠦᠮᠦᠨ ᠢ ᠬᠤᠳᠠ ᠪᠠᠯᠭᠠᠰᠣᠨ ᠳᠤ ᠰᠢᠨ᠎ᠡ ᠪᠠᠷ ᠠᠵᠢᠯ ᠣᠯᠭᠤᠵᠣ᠂ ᠨᠠᠶᠢᠳᠠ ᠶᠢᠨ ᠠᠰᠠᠷᠠᠮᠵᠢ ᠶᠢᠨ ᠴᠢᠨᠡᠷᠳᠡᠢ ᠠᠵᠢᠯ ᠤᠨ ᠪᠠᠶᠢᠷᠢ ᠶᠢ 50 ᠭᠠᠷᠭᠠᠵᠣ᠂ ᠬᠤᠳᠠ ᠪᠠᠯᠭᠠᠰᠣᠨ ᠤ ᠳᠠᠩᠰᠠᠯᠠᠭᠤᠯᠣᠭᠰᠠᠨ ᠠᠵᠢᠯ ᠠᠯᠳᠠᠯᠳᠠ ᠶᠢᠨ ᠨᠣᠷᠮ᠎ᠠ ᠶᠢ 3.1%᠎ ᠶᠢᠨ ᠳᠣᠳᠣᠷ᠎ᠠ ᠬᠢᠵᠠᠭᠠᠷᠯᠠᠪᠠ᠃ ᠪᠠᠳᠣ ᠶᠢᠨ ᠳᠣᠬᠤᠢ᠂ ᠢᠯᠡᠯᠳᠡ ᠳᠣᠰᠬᠤᠨ ᠵᠡᠷᠬᠡ ᠬᠠᠷᠢᠯᠴᠠᠨ ᠬᠠᠪᠰᠣᠷᠣᠯᠴᠠᠬᠤ ᠵᠣᠯ ᠵᠢᠷᠭᠠᠯᠳᠣ ᠨᠠᠰᠣᠳᠠᠨ ᠤ ᠠᠰᠠᠷᠠᠮᠵᠢ ᠶᠢᠨ ᠬᠦᠷᠢᠶᠠᠯᠠᠩ ᠢ ᠪᠦᠳᠦᠬᠡᠨ ᠪᠠᠶᠢᠭᠤᠯᠣᠭᠰᠠᠨ ᠪᠠᠶᠢᠨ᠎ᠠ᠃ ᠮᠤᠩᠭᠤᠯ ᠡᠮᠨᠡᠯᠬᠡ ᠶᠢᠨ ᠬᠤᠷᠢᠶ᠎ᠠ ᠶᠢ ᠨᠡᠬᠦᠯᠬᠡᠨ ᠰᠢᠨ᠎ᠡ ᠪᠠᠷ ᠪᠠᠶᠢᠭᠤᠯᠬᠤ ᠢᠨᠵᠧᠨᠧᠷᠢᠩ ᠎ ᠤᠨ ᠭᠤᠣᠯ ᠴᠣᠭᠴᠠ ᠶᠢᠨ ᠪᠠᠷᠢᠯᠭ᠎ᠠ ᠶᠢᠨ ᠠᠵᠢᠯ ᠳᠠᠭᠤᠰᠴᠣ᠂ ᠣᠷᠳᠣᠪᠠᠶ᠎ᠠ ᠶᠢᠨ ᠭᠤᠣᠯᠳᠠᠯᠭᠠᠳᠣ ᠡᠷᠡᠬᠦᠯ ᠬᠠᠮᠠᠭᠠᠯᠠᠯ ᠤᠨ ᠬᠤᠷᠢᠶ᠎ᠠ᠂ 8 ᠭᠠᠴᠠᠭ᠎ᠠ ᠳᠣᠰᠬᠤᠨ ᠤ ᠪᠠᠷᠢᠮᠵᠢᠶᠠᠴᠢᠯᠠᠭᠰᠠᠨ ᠡᠷᠡᠬᠦᠯ ᠬᠠᠮᠠᠭᠠᠯᠠᠯ ᠤᠨ ᠳᠠᠰᠤᠭ ᠠᠰᠢᠭᠯᠠᠯᠳᠠ ᠳᠤ ᠣᠷᠣᠵᠣ᠂ 2111 ︽ᠡᠮ ᠤᠨ ᠵᠢᠵᠢᠭ ᠬᠠᠶᠢᠷᠴᠠᠭ︾᠎ ᠢ ᠣᠯᠠᠨ ᠲᠦᠮᠡᠨ ᠳᠤ ᠭᠠᠷᠳᠠᠭᠤᠯᠣᠭᠰᠠᠨ ᠪᠠᠶᠢᠨ᠎ᠠ᠃ ᠣᠯᠣᠰ ᠤᠨ ᠪᠠᠷᠢᠮᠵᠢᠶ᠎ᠠ ᠱᠤᠭᠤᠮ ᠠᠴᠠ ᠳᠣᠣᠷ᠎ᠠ ᠪᠠᠶᠢᠬᠤ 311 ᠡᠷᠦᠬᠡ 735 ᠨᠠᠷᠠᠰ ᠶᠠᠳᠠᠭᠤ ᠬᠦᠴᠢᠷᠳᠡᠯᠳᠡᠢ ᠬᠦᠮᠦᠨ ᠠᠮᠠ ᠶᠢ ᠶᠠᠳᠠᠭᠤ ᠠᠴᠠ ᠳᠣᠭᠳᠠᠭᠤᠨ ᠢᠶᠠᠷ ᠠᠩᠬᠢᠵᠢᠷᠠᠭᠤᠯᠵᠣ᠂ ᠬᠤᠳᠠ ᠎ ᠶᠢᠨ ᠳᠠᠰ ᠤᠨ ᠨᠠᠭᠠᠳᠣ ᠵᠠᠬ᠎ᠠ ᠶᠢᠨ ᠠᠮᠢᠳᠣᠷᠠᠯ ᠤᠨ ᠪᠠᠳᠣᠯᠠᠭ᠎ᠠ ᠶᠢᠨ ᠱᠤᠭᠤᠮ ᠠᠴᠠ ᠳᠣᠣᠷ᠎ᠠ ᠪᠠᠶᠢᠬᠤ 1232 ᠡᠷᠦᠬᠡ 3393 ᠨᠠᠷᠠᠰ ᠳᠣᠣᠷ᠎ᠠ ᠣᠷᠣᠯᠭᠠᠳᠣ ᠬᠦᠮᠦᠰ ᠤᠨ ᠬᠦᠮᠦᠨ ᠳᠣᠮᠳᠠᠴᠢ ᠶᠢᠨ ᠣᠷᠣᠯᠭ᠎ᠠ ᠶᠢ 20% ᠨᠡᠮᠡᠭᠳᠡᠬᠦᠯᠪᠠ᠃ ︽4334︾ ᠰᠣᠶᠣᠯ ᠢᠶᠠᠷ ᠠᠷᠠᠳ ᠢ ᠬᠠᠷᠠᠭᠠᠯᠵᠠᠬᠤ ᠢᠨᠵᠧᠨᠧᠷᠢᠩ ᠢ ᠬᠡᠷᠡᠭᠵᠢᠬᠦᠯᠵᠣ᠂ ᠨᠢᠬᠡ ᠪᠦᠯᠥᠭ ᠭᠠᠴᠠᠭ᠎ᠠ ᠳᠣᠰᠬᠤᠨ ᠤ ᠠᠭᠤᠳᠠᠮ ᠳᠠᠯᠠᠪᠠᠢ᠂ ᠪᠦᠵᠢᠭ ᠤᠨ ᠳᠠᠶᠢᠰᠠ ᠪᠠ ᠰᠣᠶᠣᠯ ᠤᠨ ᠠᠵᠢᠯᠯᠠᠭᠠᠨ ᠤ ᠳᠠᠰᠤᠭ ᠤᠨ ᠪᠠᠷᠢᠯᠭ᠎ᠠ ᠶᠢ ᠳᠠᠭᠤᠰᠬᠠᠭᠰᠠᠨ ᠪᠠᠶᠢᠨ᠎ᠠ᠃ ᠢᠳᠡᠬᠡᠨ ᠣᠮᠳᠠᠭᠠᠨ ᠡᠮ ᠤᠨ ᠵᠣᠶᠢᠯᠡᠰ ᠤᠨ ᠰᠢᠯᠭᠠᠨ ᠪᠠᠶᠢᠴᠠᠭᠠᠯᠳᠠ ᠶᠢᠨ ᠲᠦᠪ᠂ ᠳᠤᠭ ᠤᠨ ᠵᠠᠬ᠎ᠠ ᠳᠡᠯᠬᠡᠬᠦᠷ ᠤᠨ ᠬᠢᠨᠡᠨ ᠬᠠᠮᠢᠶᠠᠷᠣᠯᠳᠠ ᠶᠢᠨ ᠦᠷᠳᠡᠭᠡ ᠠᠰᠢᠭᠯᠠᠯᠳᠠ ᠎ ᠳᠤ ᠣᠷᠣᠵᠣ᠂ ᠣᠷᠣᠨ ᠨᠣᠳᠤᠭ ᠤᠨ ᠭᠠᠷᠣᠯᠳᠠᠳᠣ ᠢᠳᠡᠬᠡᠨ ᠤ ᠵᠣᠶᠢᠯᠡᠰ ᠢ ᠪᠣᠯᠪᠠᠰᠣᠷᠠᠭᠤᠯᠬᠤ ᠬᠦᠷᠢᠶᠠᠯᠠᠩ ᠤᠨ ᠢᠳᠡᠬᠡᠨ ᠤᠳ ᠢ ᠮᠦᠷᠳᠡᠵᠣ ᠪᠣᠯᠬᠤ ᠪᠣᠯᠣᠭᠰᠠᠨ ᠪᠠᠶᠢᠨ᠎ᠠ᠃ ᠠᠷᠠᠳ ᠲᠤ ᠲᠦᠬᠦᠮ ᠦᠵᠡᠬᠦᠯᠬᠦ ᠳᠣᠭᠤᠢ ᠳᠡᠷᠬᠡᠨ ᠴᠡᠭ ᠢ 25 ᠭᠠᠵᠠᠷ ᠲᠤ ᠡᠬᠢᠯᠡᠬᠦᠯᠥᠨ ᠬᠡᠷᠡᠭᠯᠠᠪᠠ᠃ ᠭᠤᠣᠯ ᠳᠣᠭᠤᠷᠢᠭ ᠲᠤ ᠰᠦᠢᠳᠬᠡᠯ ᠬᠤᠷᠢᠶᠠᠬᠤ ᠦᠬᠡᠢ WiFi᠎ ᠶᠢ ᠨᠡᠶᠢᠳᠠᠮᠵᠢᠬᠦᠯᠪᠠ᠃      ︵ᠵᠢᠷᠭᠤᠭ᠎ᠠ︶ ᠠᠮᠢ ᠠᠬᠤᠢ ᠣᠷᠴᠢᠨ ᠳᠣᠭᠤᠷᠢᠨ ᠳᠠᠰᠣᠷᠠᠯᠳᠡ ᠦᠬᠡᠢ ᠰᠢᠯᠢᠳᠡᠭᠵᠢᠪᠠ᠃ ᠠᠮᠢ ᠠᠬᠤᠢ ᠶᠢᠨ ᠪᠦᠳᠦᠬᠡᠨ ᠪᠠᠶᠢᠭᠤᠯᠣᠯᠳᠠ ᠪᠣᠯᠣᠨ ᠣᠷᠴᠢᠨ ᠳᠣᠭᠤᠷᠢᠨ ᠤ ᠬᠠᠮᠠᠭᠠᠯᠠᠯᠳᠠ ᠶᠢ ᠬᠠᠮᠤᠭ ᠶᠡᠭᠡ ᠠᠷᠠᠳ ᠤᠨ ᠠᠮᠢᠳᠣᠷᠠᠯ ᠎ ᠤᠨ ᠢᠨᠵᠧᠨᠧᠷᠢᠩ ᠪᠣᠯᠭᠠᠨ ᠠᠳᠬᠤᠵᠣ᠂ ᠠᠮᠢ ᠠᠬᠤᠢ ᠶᠢᠨ ᠪᠣᠯᠪᠠᠰᠣᠨ ᠤ ᠳᠠᠭᠤᠷᠢᠶᠠᠯ ᠣᠷᠣᠨ ᠢ ᠡᠬᠦᠳᠣᠨ ᠪᠠᠶᠢᠭᠤᠯᠬᠤ ᠠᠵᠢᠯ ᠢ ᠢᠳᠡᠪᠬᠢᠳᠡᠢ ᠲᠦᠯᠬᠢᠨ ᠠᠬᠢᠭᠤᠯᠣᠭᠰᠠᠨ ᠪᠠᠶᠢᠨ᠎ᠠ᠃ ᠭᠤᠣᠯᠳᠠᠯᠭᠠᠳᠣ ᠣᠷᠣᠨ ᠳᠣᠭᠤᠷᠢᠭ ᠤᠨ ᠨᠣᠭᠤᠭᠠᠷᠠᠭᠤᠯᠣᠯᠳᠠ ᠶᠢ ᠴᠢᠩᠭᠠᠳᠬᠠᠨ᠂ ᠣᠢ ᠰᠢᠭᠤᠢ ᠶᠢᠨ ᠠᠮᠢ ᠠᠬᠤᠢ ᠶᠢᠨ ᠪᠦᠳᠦᠬᠡᠨ ᠪᠠᠶᠢᠭᠤᠯᠣᠯᠳᠠ ᠶᠢ 15.8 ᠲᠦᠮᠡᠨ ᠮᠣ᠋᠂ ᠳᠠᠯ᠎ᠠ ᠨᠣᠳᠤᠭ ᠤᠨ ᠠᠮᠢ ᠠᠬᠤᠢ ᠶᠢᠨ ᠬᠠᠮᠠᠭᠠᠯᠠᠯᠳᠠ ᠶᠢ 70 ᠲᠦᠮᠡᠨ ᠮᠣ᠋᠂ ᠣᠰᠣ ᠬᠦᠷᠦᠰᠦᠨ ᠎ ᠤ ᠢᠳᠡᠭᠳᠡᠯ ᠤᠨ ᠶᠡᠷᠦᠩᠬᠡᠶᠢᠯᠡᠭᠰᠡᠨ ᠵᠠᠰᠠᠯᠳᠡ ᠶᠢ 22 ᠲᠦᠮᠡᠨ ᠮᠣ᠋ ᠬᠡᠷᠡᠭᠵᠢᠬᠦᠯᠵᠣ᠂ ᠰᠢᠷᠬᠤᠰᠣᠨ ᠭᠤᠣᠯ ᠤᠨ ᠰᠠᠪᠠ ᠭᠠᠵᠠᠷ ᠢ ᠵᠠᠰᠠᠬᠤ ᠭᠤᠣᠯ ᠪᠠᠷᠢᠯᠭ᠎ᠠ ᠶᠢ ᠳᠠᠭᠤᠰᠬᠠᠵᠣ᠂ ᠰᠢᠷᠬᠤᠰᠣ ᠨᠣᠭᠤ ᠭᠠᠵᠠᠷ ᠤᠨ ᠴᠡᠴᠡᠷᠯᠢᠭ ᠨᠢ ᠣᠯᠣᠰ ᠤᠨ ᠰᠢᠯᠭᠠᠨ ᠬᠤᠷᠢᠶᠠᠯᠳᠠ ᠶᠢ ᠳᠣᠭᠤᠯᠣᠭᠰᠠᠨ ᠪᠠᠶᠢᠨ᠎ᠠ᠃ ᠪᠠᠶᠢᠭᠠᠯᠢ ᠶᠢᠨ ᠡᠬᠢ ᠪᠠᠶᠠᠯᠢᠭ ᠡᠳ᠋ ᠬᠦᠷᠦᠩᠬᠡ ᠎ ᠶᠢᠨ ᠦᠷᠢ ᠶᠢᠨ ᠬᠦᠰᠦᠨᠣᠭ᠍ᠳᠣ ᠶᠢ ᠨᠠᠶᠢᠷᠠᠭᠤᠯᠣᠨ ᠳᠣᠭᠳᠠᠭᠠᠪᠠ᠃ ᠣᠯᠣᠰ ᠤᠨ ᠦᠮᠴᠢᠯᠠᠯᠳᠣ ᠣᠢ ᠰᠢᠭᠤᠢ ᠶᠢᠨ ᠳᠠᠯᠠᠪᠣᠷ ᠪᠠ ᠬᠡᠮᠵᠢᠬᠦᠷᠳᠣ ᠳᠣᠯᠠᠭᠠᠯᠠᠯᠭ᠎ᠠ ᠶᠢᠨ ᠦᠬᠡᠷᠡᠴᠢᠯᠡᠯᠳᠡ ᠶᠢ ᠡᠬᠢᠯᠡᠬᠦᠯᠪᠠ᠃ ᠣᠷᠴᠢᠨ ᠳᠣᠭᠤᠷᠢᠨ ᠤ ᠪᠣᠬᠢᠷᠳᠣᠯ ᠤᠨ ᠭᠤᠷᠪᠠᠳᠣᠭᠠᠷ ᠡᠳᠡᠬᠡᠳ ᠤᠨ ᠵᠠᠰᠠᠯᠳᠡ ᠶᠢ ᠬᠡᠷᠡᠭᠵᠢᠬᠦᠯᠵᠣ᠂ ᠪᠠᠶᠢᠭᠠᠯᠢ ᠶᠢᠨ ᠰᠢᠳᠠᠮᠠᠬᠠᠢ ᠬᠡᠢ ᠦᠷᠣᠮᠳᠠᠬᠦ ᠳᠤ ︽ᠠᠵᠣ ᠣᠶᠢᠯᠡᠳᠪᠣᠷᠢ ᠶᠢᠨ ᠬᠡᠷᠡᠭᠯᠡᠬᠡᠨ ᠤ ᠰᠢᠩᠬᠡᠨ ᠰᠢᠪᠡᠷ ᠢ ᠭᠠᠵᠠᠷ ᠲᠤ ᠬᠦᠷᠬᠡᠬᠦ ᠦᠬᠡᠢ︾ ᠮᠡᠷᠬᠡᠵᠢᠯ᠂ ᠵᠦᠩ ᠮᠧᠢ ᠺᠣᠮᠫᠠᠨᠢ ᠶᠢᠨ ᠬᠢᠮᠢ ᠶᠢᠨ ᠪᠣᠷᠳᠣᠭᠤᠷ ᠤᠨ ᠲᠦᠷᠥᠯ ᠵᠣᠶᠢᠯ ᠤᠨ ᠠᠭᠤᠷᠬᠠᠢ ᠶᠢᠨ ᠬᠤᠳᠳᠤᠭ ᠤᠨ ᠣᠰᠣ ᠶᠢ ᠬᠦᠨᠵᠡᠬᠡᠢ ᠰᠢᠢᠳᠪᠣᠷᠢᠯᠡᠬᠦ ᠵᠡᠷᠬᠡ ᠨᠢᠬᠡ ᠪᠦᠯᠥᠭ ᠣᠷᠴᠢᠨ ᠳᠣᠭᠤᠷᠢᠨ ᠢ ᠬᠠᠮᠠᠭᠠᠯᠠᠬᠤ ᠰᠠᠭᠤᠷᠢ ᠪᠠᠷᠢᠯᠭ᠎ᠠ ᠶᠢ ᠠᠰᠢᠭᠯᠠᠯᠳᠠ ᠳᠤ ᠣᠷᠣᠭᠤᠯᠪᠠ᠃ ᠠᠭᠠᠷ ᠮᠠᠨᠳᠠᠯ ᠤᠨ ᠪᠣᠬᠢᠷᠳᠣᠯ ᠢ ᠰᠠᠷᠬᠡᠶᠢᠯᠡᠨ ᠵᠠᠰᠠᠬᠤ᠂ ᠴᠡᠪᠡᠷᠬᠡᠨ ᠣᠶᠢᠯᠡᠳᠪᠣᠷᠢᠯᠡᠯ ᠤᠨ ᠬᠢᠨᠡᠨ ᠵᠦᠪᠰᠢᠶᠠᠷᠠᠯ ᠵᠡᠷᠬᠡ ᠠᠵᠢᠯ ᠢ ᠯᠠᠪᠳᠠᠭᠤᠨ ᠠᠬᠢᠭᠤᠯᠵᠣ᠂ 6 ᠲᠦᠷᠥᠯ ᠤᠨ 39 ᠵᠣᠶᠢᠯ ᠤᠨ ᠣᠷᠴᠢᠨ ᠳᠣᠭᠤᠷᠢᠨ ᠤ ᠠᠰᠠᠭᠤᠳᠠᠯ ᠪᠠ ᠲᠦᠪ ᠤᠨ ᠣᠷᠴᠢᠨ ᠳᠣᠭᠤᠷᠢᠨ ᠤ ᠬᠠᠮᠠᠭᠠᠯᠠᠯᠳᠠ ᠶᠢᠨ ᠬᠢᠨᠡᠨ ᠪᠠᠶᠢᠴᠠᠭᠠᠯᠳᠠ ᠶᠢᠨ ᠳᠣᠭᠤᠶᠢᠯᠠᠩ ᠤᠨ ᠰᠢᠯᠵᠢᠬᠦᠯᠥᠨ ᠬᠦᠢᠴᠡᠳᠬᠡᠭᠰᠡᠨ 20 ᠪᠦᠯᠥᠭ 35 ᠲᠦᠷᠥᠯ ᠤᠨ ᠵᠠᠬᠢᠳᠠᠯ ᠰᠣᠷᠪᠣᠯᠵᠢᠯᠠᠭ᠎ᠠ ᠶᠢᠨ ᠠᠰᠠᠭᠤᠳᠠᠯ ᠢ ᠬᠢᠨᠡᠨ ᠰᠢᠢᠳᠪᠣᠷᠢᠯᠠᠪᠠ᠃ ᠪᠣᠬᠢᠷᠳᠣᠯ ᠲᠠᠢ ᠪᠣᠳᠠᠰ ᠢ ᠰᠦᠯᠵᠢᠶᠠᠨ ᠳᠡᠬᠡᠷ᠎ᠡ ᠬᠢᠨᠡᠨ ᠡᠵᠡᠮᠳᠡᠬᠦ ᠲᠦᠪ᠂ 5 ᠰᠣᠮᠣ ᠪᠠᠯᠭᠠᠰᠣᠨ ᠤ ᠠᠭᠠᠷ ᠮᠠᠨᠳᠠᠯ ᠤᠨ ᠴᠡᠪᠡᠷᠴᠠ ᠶᠢᠨ ᠠᠦ᠋ᠲ᠋ᠤ᠋ ᠬᠢᠨᠡᠨ ᠬᠡᠮᠵᠢᠯᠳᠡ ᠶᠢᠨ ᠦᠷᠳᠡᠭᠡ ᠶᠢ ᠰᠦᠯᠵᠢᠶᠠᠵᠢᠬᠦᠯᠥᠨ ᠠᠵᠢᠯᠯᠠᠭᠤᠯᠵᠣ᠂ ᠪᠦᠬᠦ ᠬᠤᠰᠢᠭᠤᠨ ᠤ ᠣᠷᠴᠢᠨ ᠳᠣᠭᠤᠷᠢᠨ ᠤ ᠶᠠᠰᠣ ᠴᠢᠨᠡᠷ ᠤᠨ ᠬᠢᠨᠠᠯᠳᠠ ᠶᠢ ᠨᠡᠶᠢᠳᠠᠮᠵᠢᠬᠦᠯᠪᠠ᠃      ︵ᠳᠣᠯᠤᠭ᠎ᠠ︶ ᠨᠡᠶᠢᠬᠡᠮ ᠤᠨ ᠪᠠᠶᠢᠳᠠᠯ ᠡᠶ᠎ᠡ ᠵᠣᠬᠢᠴᠡᠯᠳᠡᠢ ᠳᠣᠭᠳᠠᠭᠤᠨ ᠪᠣᠯᠪᠠ᠃ ︽ᠳᠣᠯᠣᠳᠣᠭᠠᠷ ᠳᠠᠪᠣᠨ ᠵᠢᠯ︾᠎ ᠤᠨ ᠬᠠᠣᠯᠢ ᠲᠦᠬᠡᠮᠡᠯᠵᠢᠬᠦᠯᠬᠦ ᠲᠥᠯᠥᠪᠵᠢᠬᠦᠯᠬᠡ ᠶᠢᠨ ᠬᠠᠣᠯᠢ ᠶᠣᠰᠣᠭᠠᠷ ᠵᠠᠰᠠᠬᠤ ᠠᠵᠢᠯ ᠢ ᠡᠬᠢᠯᠡᠬᠦᠯᠵᠣ᠂ ᠵᠠᠷᠭᠤ ᠰᠣᠷᠪᠣᠯᠵᠢᠯᠠᠭ᠎ᠠ ᠶᠢ ᠰᠠᠯᠭᠠᠨ ᠬᠠᠣᠯᠢ ᠴᠠᠭᠠᠵᠠ᠂ ᠵᠠᠷᠭᠤ ᠲᠠᠢ ᠬᠤᠯᠪᠣᠭᠳᠠᠬᠤ ᠵᠠᠬᠢᠳᠠᠯ ᠰᠣᠷᠪᠣᠯᠵᠢᠯᠠᠭ᠎ᠠ ᠶᠢᠨ ᠬᠡᠷᠡᠭ ᠢ ᠬᠠᠣᠯᠢ ᠳᠤ ᠳᠣᠭᠳᠠᠭᠠᠭᠰᠠᠨ ᠠᠷᠭ᠎ᠠ ᠵᠠᠮ ᠢᠶᠠᠷ ᠰᠢᠢᠳᠪᠣᠷᠢᠯᠡᠬᠦ ᠶᠢ ᠠᠬᠢᠭᠤᠯᠪᠠ᠃ ᠠᠶᠣᠯᠳᠡᠢ ᠬᠢᠮᠢ ᠶᠢᠨ ᠠᠵᠣ ᠠᠬᠤᠶᠢᠯᠡᠯ ᠤᠨ ᠪᠠᠷᠢᠮᠵᠢᠶᠠᠯᠠᠴᠢᠯᠠᠭᠰᠠᠨ᠂ ᠴᠢᠮᠡᠭᠡ ᠵᠠᠩᠬᠢᠴᠢᠯᠠᠭᠰᠠᠨ᠂ ᠠᠦ᠋ᠲ᠋ᠣᠴᠢᠯᠡᠭ᠌ᠰᠠᠨ ᠦᠬᠡᠷᠡᠴᠢᠯᠡᠯᠳᠡ ᠶᠢ ᠴᠢᠩᠭᠠᠳᠬᠠᠵᠣ᠂ ᠠᠶᠣᠯᠬᠦᠢ ᠣᠶᠢᠯᠡᠳᠪᠣᠷᠢᠯᠡᠯ ᠤᠨ ᠪᠠᠶᠢᠳᠠᠯ ᠳᠣᠭᠳᠠᠪᠣᠷᠢᠵᠢᠪᠠ᠃ ᠨᠡᠶᠢᠬᠡᠮ ᠵᠢᠷᠣᠮ ᠤᠨ ᠭᠤᠣᠯᠯᠠᠭᠴᠢ ᠦᠷᠳᠡᠭ ᠤᠨ ᠦᠵᠡᠯᠳᠡ ᠶᠢ ᠬᠦᠨᠵᠡᠬᠡᠢ ᠣᠶᠢᠯᠡᠳᠦᠯᠬᠡᠵᠢᠬᠦᠯᠬᠦ ᠪᠠ ᠬᠦᠮᠦᠵᠢᠬᠦᠯᠵᠣ᠂ ᠬᠦᠳᠡᠭᠡ ᠳᠣᠰᠬᠤᠨ ᠤ ᠪᠣᠯᠪᠠᠰᠣᠨ ᠠᠵᠢᠯᠯᠠᠭᠠᠨ ᠢ ᠦᠷᠬᠡᠨ ᠦᠷᠨᠢᠬᠦᠯᠵᠣ᠂ ᠪᠦᠬᠦ ᠣᠯᠣᠰ ᠤᠨ ᠬᠤᠰᠢᠭᠤ ᠱᠠᠳᠣᠨ ᠤ ︽ᠨᠣᠮ ᠤᠨ ᠪᠣᠶᠠᠨᠳᠣ ᠬᠤᠳᠠ︾ ᠬᠡᠬᠦ ᠨᠠᠷᠠᠶᠢᠳᠣᠯ ᠢ ᠬᠦᠷᠳᠡᠭᠰᠡᠨ ᠪᠠᠶᠢᠨ᠎ᠠ᠃ ᠪᠠᠴᠢᠮ ᠪᠠᠶᠢᠳᠠᠯ ᠢ ᠰᠢᠢᠳᠪᠣᠷᠢᠯᠡᠵᠣ ᠠᠪᠣᠷᠠᠨ ᠳᠣᠰᠠᠯᠠᠬᠤ ᠳᠣᠭᠳᠠᠯᠴᠠᠭ᠎ᠠ ᠶᠢ ᠳᠡᠬᠦᠯᠳᠡᠷᠵᠢᠬᠦᠯᠵᠣ᠂ ︽ᠳᠣᠭᠠᠴᠠᠯᠠᠭᠰᠠᠨ ᠦᠣᠰᠢᠨ︾᠎ ᠤ ᠨᠢᠬᠡᠳᠣᠬᠡᠷ ᠬᠤᠭᠤᠴᠠᠭᠠᠨ ᠤ ᠢᠨᠵᠧᠨᠧᠷᠢᠩ ᠤᠨ ᠠᠵᠢᠯ ᠦᠨᠳᠣᠰᠣᠨ ᠳᠡᠭᠡᠨ ᠳᠠᠭᠤᠰᠪᠠ᠃ ᠣᠯᠣᠰ ᠲᠦᠷᠦ ᠬᠠᠣᠯᠢ ᠴᠠᠭᠠᠵᠠ ᠎ ᠶᠢᠨ ᠪᠠᠶᠢᠭᠤᠯᠭ᠎ᠠ ᠶᠢ ᠳᠠᠮᠵᠢᠨ ᠰᠠᠭᠤᠷᠢ ᠪᠠᠶᠢᠭᠤᠯᠣᠯᠳᠠ ᠶᠢ ᠴᠢᠩᠭᠠᠳᠬᠠᠵᠣ᠂ ᠡᠯ᠎ᠡ ᠲᠦᠷᠥᠯ ᠤᠨ ᠬᠠᠣᠯᠢ ᠵᠦᠷᠢᠴᠡᠭᠰᠡᠨ ᠶᠠᠯᠠᠳᠣ ᠠᠵᠢᠯᠯᠠᠭ᠎ᠠ ᠳᠤ ᠡᠷᠡᠰ ᠴᠢᠩᠭ᠎ᠠ ᠴᠣᠬᠢᠯᠳᠠ ᠦᠭᠴᠣ᠂ ᠨᠡᠶᠢᠬᠡᠮ ᠤᠨ ᠪᠠᠶᠢᠳᠠᠯ ᠡᠶ᠎ᠡ ᠵᠣᠬᠢᠴᠠᠯᠳᠡᠢ ᠳᠣᠭᠳᠠᠭᠤᠨ ᠪᠣᠯᠪᠠ᠃ ᠰᠦᠯᠵᠢᠶᠠᠨ ᠤ ᠶᠡᠷᠢᠶ᠎ᠡ ᠬᠡᠯᠡᠯᠴᠡᠭᠡ ᠶᠢ ᠳᠡᠬᠡᠳᠣ ᠬᠡᠮᠵᠢᠶ᠎ᠠ ᠪᠠᠷ ᠴᠢᠬᠤᠯᠠᠴᠢᠯᠠᠵᠣ ᠂ ᠨᠡᠶᠢᠬᠡᠮ ᠤᠨ ᠶᠠᠷᠢᠶ᠎ᠠ ᠬᠡᠯᠡᠯᠴᠡᠭᠡ ᠶᠢ ᠢᠳᠡᠪᠬᠢᠳᠡᠢ ᠵᠦᠪ ᠵᠢᠯᠣᠭᠤᠳᠣᠭᠰᠠᠨ ᠪᠠᠶᠢᠨ᠎ᠠ᠃ ᠦᠨᠳᠣᠰᠣᠳᠠᠨ ᠤ ᠪᠦᠯᠬᠦᠮᠳᠡᠯ ᠤᠨ ᠬᠦᠮᠦᠵᠢᠯ ᠢ ᠴᠢᠩᠭᠠᠳᠬᠠᠵᠣ᠂ ᠡᠯ᠎ᠡ ᠦᠨᠳᠣᠰᠣᠳᠠᠨ ᠡᠷᠬᠡ ᠳᠡᠭᠰᠢ ᠪᠦᠯᠬᠦᠮᠳᠡᠨ ᠬᠠᠷᠢᠯᠴᠠᠨ ᠬᠠᠪᠰᠣᠷᠣᠯᠴᠠᠵᠣ ᠨᠡᠩ ᠡᠶ᠎ᠡ ᠵᠣᠬᠢᠴᠡᠯᠳᠡᠢ ᠪᠣᠯᠪᠠ᠃ 5 ᠬᠦᠮᠦᠨ ᠨᠢ ᠳᠠᠪᠣᠳᠣᠭᠠᠷ ᠪᠦᠯᠥᠭ ᠦᠪᠡᠷᠳᠡᠬᠡᠨ ᠵᠠᠰᠠᠬᠤ ᠣᠷᠣᠨ ᠤ ᠳᠠᠰ ᠤᠨ ᠪᠣᠳᠠᠰ ᠤᠨ ᠪᠣᠰᠣ ᠰᠣᠶᠣᠯ ᠤᠨ ᠦᠪ ᠤᠨ ᠲᠥᠯᠥᠬᠡᠯᠡᠬᠦ ᠴᠢᠨᠡᠷᠳᠡᠢ ᠣᠯᠠᠮᠵᠢᠯᠠᠭᠴᠢ ᠪᠣᠯᠣᠭᠰᠠᠨ ᠪᠠᠶᠢᠨ᠎ᠠ᠃ ᠨᠡᠮ ᠢ ᠪᠦᠬᠦ ᠳᠠᠯ᠎ᠠ ᠪᠠᠷ ᠴᠢᠩᠭ᠎ᠠ ᠵᠠᠰᠠᠬᠤ ᠡᠯ᠎ᠡ ᠲᠦᠷᠥᠯ ᠤᠨ ᠠᠷᠭ᠎ᠠ ᠪᠠᠷᠢᠯ ᠢ ᠨᠠᠶᠢᠳᠠᠪᠣᠷᠢᠵᠢᠭᠤᠯᠵᠣ᠂ ︽ᠬᠤᠶᠡᠷ ᠢ ᠰᠣᠷᠣᠯᠴᠠᠵᠣ ᠬᠢᠷᠢ ᠳᠠᠩᠴᠡᠭᠰᠡᠨ ᠨᠠᠮ ᠤᠨ ᠬᠡᠰᠢᠬᠦᠨ ᠪᠣᠯᠬᠤ︾ ᠰᠣᠷᠣᠯᠴᠠᠯᠭ᠎ᠠ ᠬᠦᠮᠦᠵᠢᠯ ᠢ ᠬᠦᠨᠵᠡᠬᠡᠢ ᠦᠷᠨᠢᠬᠦᠯᠵᠣ᠂ ᠰᠠᠬᠢᠯᠭ᠎ᠠ ᠪᠠᠳᠣ ᠪᠠ ᠶᠣᠰᠣ ᠲᠦᠷᠢᠮ ᠢ ᠲᠦᠷᠦᠬᠦᠨ ᠳᠤ ᠳᠠᠯᠪᠢᠨ᠂ ᠵᠠᠰᠠᠭ ᠤᠨ ᠣᠷᠳᠣᠨ ᠬᠠᠣᠯᠢ ᠶᠣᠰᠣᠭᠠᠷ ᠵᠠᠰᠠᠭ ᠶᠠᠪᠣᠭᠤᠯᠵᠣ᠂ ᠡᠬᠦᠷᠬᠡ ᠬᠠᠷᠢᠭᠤᠴᠠᠯᠭ᠎ᠠ ᠪᠠᠨ ᠬᠦᠢᠴᠡᠳᠬᠡᠬᠦ ᠬᠢᠷᠢ ᠲᠦᠪᠰᠢᠨ ᠢ ᠦᠷᠬᠦᠯᠵᠢᠯᠡᠨ ᠳᠡᠬᠡᠭᠰᠢᠯᠡᠬᠦᠯᠪᠠ᠃ ᠴᠢᠬᠤᠯᠠ ᠶᠡᠭᠡ ᠵᠠᠰᠠᠭ ᠵᠠᠬᠢᠷᠭᠠᠨ ᠤ ᠪᠣᠳᠣᠯᠭ᠎ᠠ ᠳᠣᠭᠳᠠᠭᠠᠬᠤ ᠶᠠᠪᠣᠴᠠ ᠶᠢ ᠴᠢᠩᠭ᠎ᠠ ᠬᠦᠢᠴᠡᠳᠬᠡᠵᠣ᠂ ᠴᠢᠬᠡᠴᠢ ᠵᠠᠰᠠᠭ ᠤᠨ ᠲᠦᠭᠰᠢᠬᠦᠷᠢ ᠶᠢ ᠰᠠᠷᠬᠡᠶᠢᠯᠠᠨ ᠡᠵᠡᠮᠳᠡᠬᠦ ᠲᠦᠷᠢᠮ ᠢ ᠳᠡᠬᠦᠯᠳᠡᠷᠵᠢᠬᠦᠯᠥᠨ ᠵᠠᠰᠠᠭ ᠵᠠᠬᠢᠷᠭᠠᠨ ᠤ ᠬᠢᠨᠠᠨ ᠪᠠᠶᠢᠴᠠᠭᠠᠯᠳᠠ ᠶᠢ ᠴᠢᠩᠭᠠᠷᠠᠭᠤᠯᠵᠣ᠂ ᠬᠢᠨᠡᠨ ᠪᠣᠳᠣᠯᠳᠠ ᠶᠢᠨ ᠨᠡᠶᠢᠳᠡᠮᠵᠢᠬᠦᠯᠥᠯᠳᠡ ᠶᠢ ᠪᠦᠬᠦ ᠳᠠᠯ᠎ᠠ ᠪᠠᠷ ᠠᠬᠢᠭᠤᠯᠵᠠᠢ᠃ ᠠᠷᠠᠳ ᠤᠨ ᠲᠥᠯᠥᠬᠡᠯᠡᠭᠴᠢᠳ ᠤᠨ ᠶᠡᠭᠡ ᠬᠤᠷᠠᠯ ᠤᠨ ᠬᠠᠣᠯᠢ ᠶᠣᠰᠣᠨ ᠤ ᠬᠢᠨᠠᠯᠳᠠ᠂ ᠣᠯᠣᠰ ᠲᠦᠷᠥ ᠶᠢᠨ ᠵᠦᠪᠯᠡᠯᠬᠡᠨ ᠤ ᠠᠷᠠᠳᠴᠢᠯᠠᠭᠰᠠᠨ ᠬᠢᠨᠡᠯᠳᠠ ᠪᠠ ᠨᠡᠶᠢᠬᠡᠮ ᠤᠨ ᠶᠠᠷᠢᠶ᠎ᠠ ᠬᠡᠯᠡᠯᠴᠡᠬᠡᠨ ᠤ ᠬᠢᠨᠠᠯᠳᠠ ᠶᠢ ᠣᠬᠠᠮᠰᠠᠷ ᠠᠴᠠ ᠪᠠᠨ ᠬᠦᠯᠢᠶᠠᠵᠣ᠂ ᠠᠷᠠᠳ ᠤᠨ ᠲᠥᠯᠥᠬᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ 52 ᠬᠤᠪᠢ ᠰᠠᠨᠠᠭᠤᠯᠭ᠎ᠠ᠂ ᠣᠯᠣᠰ ᠲᠦᠷᠥ ᠶᠢᠨ ᠵᠦᠪᠯᠡᠯᠬᠡᠨ ᠤ ᠬᠡᠰᠢᠬᠦᠳ ᠤᠨ 33 ᠬᠤᠪᠢ ᠰᠠᠨᠠᠯ ᠳᠣᠷᠠᠳᠣᠯᠭ᠎ᠠ ᠶᠢ ᠪᠦᠬᠦᠨ ᠢ ᠰᠢᠢᠳᠪᠣᠷᠢᠯᠡᠵᠣ ᠳᠠᠭᠤᠰᠬᠠᠪᠠ᠃ ᠡᠬᠦᠨ ᠠᠴᠠ ᠭᠠᠳᠠᠨ᠎ᠠ ᠠᠷᠠᠳ ᠤᠨ ᠵᠠᠪᠰᠡᠭᠳᠣ ᠬᠡᠯᠳᠡᠰ᠂ ᠡᠮᠡᠭᠳᠡᠶᠢᠴᠣᠳ ᠬᠡᠣᠬᠡᠳ᠂ ᠵᠠᠯᠠᠭᠤ ᠪᠠᠭᠠᠴᠣᠳ᠂ ᠳᠠᠩᠰᠠ ᠡᠪᠬᠡᠮᠡᠯ ᠳᠠᠣᠬᠡ ᠣᠶᠢᠯᠡᠯᠭ᠎ᠠ᠂ ᠠᠭᠤᠷ ᠠᠮᠢᠰᠬᠤᠯ᠂ ᠠᠭᠠᠷ ᠤᠨ ᠰᠠᠷᠬᠡᠶᠢᠯᠡᠯᠳᠡ᠂ ᠠᠵᠢᠯᠴᠢᠨ ᠤ ᠡᠪᠯᠡᠯ᠂ ᠨᠢᠬᠦᠯᠡᠰᠣᠩᠬᠦᠢ ᠶᠢᠨ ᠣᠶᠢᠯᠡᠰ ᠵᠡᠷᠬᠡ ᠡᠯ᠎ᠡ ᠲᠦᠷᠥᠯ ᠤᠨ ᠠᠵᠢᠯ ᠣᠶᠢᠯᠡᠰ ᠢ ᠪᠦᠬᠦ ᠳᠠᠯ᠎ᠠ ᠪᠠᠷ ᠠᠬᠢᠭᠤᠯᠣᠭᠰᠠᠨ ᠪᠠᠶᠢᠨ᠎ᠠ᠃      ᠲᠥᠯᠥᠬᠡᠯᠡᠭᠴᠢᠳ ᠡ︕ ᠦᠩᠬᠡᠷᠡᠭᠰᠡᠨ ᠨᠢᠬᠡ ᠵᠢᠯ ᠢᠶᠠᠨ ᠡᠷᠬᠢᠴᠡᠬᠦᠯᠪᠡᠯ ᠮᠠᠰᠢ ᠣᠯᠠᠨ ᠬᠦᠴᠢᠷᠳᠡᠯ ᠪᠠ ᠦᠷᠢᠰᠣᠯᠳᠣᠬᠡᠨ ᠳᠤ ᠳᠣᠯᠭᠠᠷᠠᠭᠰᠠᠨ ᠴᠣ᠋ ᠪᠦᠬᠦ ᠬᠤᠰᠢᠭᠤᠨ ᠤ ᠠᠵᠣ ᠠᠬᠤᠢ ᠪᠠ ᠨᠡᠶᠢᠬᠡᠮ ᠤᠨ ᠬᠦᠭᠵᠢᠯᠳᠡ ᠨᠢ ᠵᠢᠱᠢᠭᠰᠡᠨ ᠬᠠᠷᠠᠯᠳᠠ ᠪᠠᠨ ᠪᠠᠶᠠᠯᠡᠬᠦᠯᠥᠭᠰᠡᠨ ᠪᠠᠶᠢᠨ᠎ᠠ᠃ ᠡᠨᠡ ᠪᠣᠯ ᠬᠤᠰᠢᠭᠤ ᠨᠠᠮ ᠤᠨ ᠬᠤᠷᠢᠶ᠎ᠠ ᠪᠦᠬᠦ ᠳᠠᠯ᠎ᠠ ᠶᠢ ᠡᠵᠡᠮᠳᠡᠨ ᠰᠢᠨᠵᠢᠯᠡᠬᠦ ᠣᠬᠠᠭᠠᠨᠴᠢ ᠪᠠᠷ ᠪᠣᠳᠣᠯᠭ᠎ᠠ ᠳᠣᠭᠳᠠᠭᠠᠭᠰᠠᠨ ᠤ ᠦᠷ᠎ᠡ ᠳ᠋ᠦᠩ ᠮᠦᠨ᠂ ᠬᠤᠰᠢᠭᠤ ᠠᠷᠠᠳ ᠤᠨ ᠲᠥᠯᠥᠬᠡᠯᠡᠭᠴᠢᠳ ᠤᠨ ᠶᠡᠭᠡ ᠬᠤᠷᠠᠯ᠂ ᠣᠯᠣᠰ ᠲᠦᠷᠦ ᠶᠢᠨ ᠵᠦᠪᠯᠡᠯᠬᠡᠨ ᠪᠦᠬᠦ ᠬᠦᠴᠦᠨ ᠢᠶᠠᠷ ᠢᠶᠠᠨ ᠳᠠᠮᠵᠢᠵᠣ ᠪᠦᠳᠣᠮᠵᠢᠳᠡᠢ ᠬᠢᠨᠠᠭᠰᠠᠨ ᠤ ᠦᠷ᠎ᠡ ᠳ᠋ᠦᠩ ᠮᠦᠨ᠂ ᠪᠦᠬᠦ ᠬᠤᠰᠢᠭᠤᠨ ᠤ ᠡᠯ᠎ᠡ ᠦᠨᠳᠣᠰᠣᠳᠠᠨ ᠤ ᠺᠠᠳ᠋ᠷ ᠣᠯᠠᠨ ᠲᠦᠮᠡᠨ ᠰᠠᠳᠬᠢᠯ ᠨᠢᠬᠡᠳᠣᠨ ᠪᠦᠯᠬᠦᠮᠳᠡᠨ ᠣᠷᠣᠭᠰᠢᠯᠠᠭᠰᠠᠨ ᠤ ᠦᠷ᠎ᠡ ᠳ᠋ᠦᠩ ᠮᠦᠨ᠃ ᠠᠳᠠ ᠪᠢ ᠬᠤᠰᠢᠭᠤ ᠠᠷᠠᠳ ᠤᠨ ᠵᠠᠰᠠᠭ ᠤᠨ ᠣᠷᠳᠣᠨ ᠢ ᠲᠥᠯᠥᠬᠡᠯᠡᠨ ᠪᠦᠬᠦ ᠬᠤᠰᠢᠭᠤᠨ ᠤ ᠡᠯ᠎ᠡ ᠦᠨᠳᠣᠰᠣᠳᠠᠨ ᠤ ᠠᠷᠠᠳ ᠲᠦᠮᠡᠨ ᠪᠠ ᠨᠣᠮᠢᠨ ᠳᠠᠩᠰᠤᠭ ᠦᠣᠰᠢᠨ ᠤ ᠪᠦᠳᠦᠬᠡᠨ ᠪᠠᠶᠢᠭᠤᠯᠣᠯᠳᠠ ᠶᠢ ᠬᠠᠯᠠᠮᠵᠢᠯᠠᠵᠣ ᠳᠠᠮᠵᠢᠭ᠍ᠰᠡᠨ ᠨᠡᠶᠢᠬᠡᠮ ᠤᠨ ᠡᠯ᠎ᠡ ᠡᠳᠡᠬᠡᠳ ᠤᠨ ᠬᠢᠨ ᠳᠤ ᠡᠷᠬᠢᠮ ᠳᠡᠬᠡᠳᠣ ᠮᠡᠨᠳᠣᠴᠢᠯᠠᠯ ᠪᠠ ᠴᠢᠩ ᠰᠡᠳᠬᠢᠯ ᠤᠨ ᠳᠠᠯᠠᠷᠬᠠᠯ ᠢᠶᠠᠨ ᠳᠡᠪᠰᠢᠬᠦᠯᠥᠶ᠎ᠠ︕      ᠲᠥᠯᠥᠬᠡᠯᠡᠭᠴᠢᠳ ᠡ︕ ᠦᠷ᠎ᠡ ᠪᠦᠳᠣᠮᠵᠢ ᠪᠠᠨ ᠨᠣᠳᠠᠯᠠᠬᠤ ᠶᠢᠨ ᠳᠠᠭᠠᠣ ᠪᠢᠳᠡ ᠣᠷᠣᠭᠰᠢᠯᠠᠯᠳᠠ ᠶᠢᠨ ᠳᠣᠮᠳᠠᠬᠢ ᠦᠷᠢᠰᠣᠯᠳᠣᠬᠡᠨ ᠪᠠ ᠬᠦᠴᠢᠷᠳᠡᠯ ᠢ ᠬᠤᠷᠴᠠ ᠰᠠᠷᠬᠡᠭ ᠳᠠᠨᠢᠵᠣ ᠣᠯᠣᠯ᠎ᠠ᠃ ᠠᠵᠣ ᠣᠶᠢᠯᠡᠳᠪᠦᠷᠢ ᠶᠢᠨ ᠭᠤᠣᠯᠯᠠᠬᠤ ᠠᠵᠣ ᠣᠶᠢᠯᠡᠰ ᠤᠨ ᠦᠷᠬᠦᠯᠵᠢᠯᠡᠵᠣ ᠨᠦᠬᠦᠪᠦᠷᠢᠯᠡᠬᠦ ᠬᠡᠯᠬᠢᠶᠠᠵᠢᠯ ᠤᠨ ᠲᠦᠬᠦᠷᠵᠢᠬᠦᠯᠬᠦ ᠬᠦᠭᠵᠢᠯᠳᠡ ᠶᠢ ᠳᠡᠬᠡᠭᠰᠢᠯᠡᠬᠦᠯᠬᠦ ᠴᠢᠬᠤᠯᠠᠳᠠᠢ᠂ ᠮᠠᠯ ᠳᠠᠷᠢᠶᠠᠯᠠᠩ ᠤᠨ ᠠᠵᠣ ᠣᠶᠢᠯᠡᠰ ᠤᠨ ᠪᠦᠳᠦᠴᠡ ᠶᠢ ᠴᠢᠨᠠᠭᠰᠢᠳᠠ ᠰᠢᠯᠢᠳᠡᠭᠵᠢᠬᠦᠯᠬᠦ ᠴᠢᠬᠤᠯᠠᠳᠠᠢ᠂ ᠣᠳᠣ ᠦᠶ᠎ᠡ ᠶᠢᠨ ᠣᠶᠢᠯᠡᠴᠢᠯᠡᠬᠡᠨ ᠤ ᠣᠶᠢᠯᠡᠰ ᠢ ᠵᠡᠷᠬᠡ ᠳᠠᠰ ᠳᠠᠪᠰᠢᠬᠦᠯᠬᠦ ᠴᠢᠬᠤᠯᠠᠳᠠᠢ᠂ ᠠᠶᠣᠯᠬᠦᠢ ᠣᠶᠢᠯᠡᠳᠪᠣᠷᠢᠯᠡᠯ᠂ ᠣᠷᠴᠢᠨ ᠳᠣᠭᠤᠷᠢᠨ ᠤ ᠬᠠᠮᠠᠭᠠᠯᠠᠯᠳᠠ ᠵᠡᠷᠬᠡ ᠬᠦᠷᠢᠶᠠᠨ ᠤ ᠠᠶᠣᠯ ᠲᠦᠭᠰᠢᠬᠦᠷᠢ ᠳᠠᠰᠣᠷᠠᠯᠳᠡ ᠦᠬᠡᠢ ᠨᠡᠮᠡᠭᠳᠡᠨ᠂ ᠰᠣᠷᠭᠠᠨ ᠬᠦᠮᠦᠵᠢᠯ᠂ ᠡᠮ ᠡᠮᠨᠡᠯᠬᠡ ᠵᠡᠷᠬᠡ ᠨᠡᠶᠢᠬᠡᠮ ᠤᠨ ᠠᠵᠢᠯ ᠣᠶᠢᠯᠡᠰ ᠪᠣᠯᠣᠨ ᠠᠷᠠᠳ ᠲᠦᠮᠡᠨ ᠤ ᠬᠦᠰᠡᠯ ᠡᠷᠠᠮᠠᠯᠵᠠᠯ ᠵᠣᠬᠢᠬᠤ ᠵᠦᠷᠢᠶ᠎ᠠ ᠲᠠᠢ ᠪᠠᠶᠢᠵᠣ᠂ ᠨᠢᠬᠡ ᠪᠦᠯᠥᠭ ᠺᠠᠳ᠋ᠷ ᠎ ᠤᠨ ᠰᠣᠷᠳᠠᠯ ᠴᠢᠩᠭ᠎ᠠ ᠪᠣᠳᠠᠳᠠᠢ ᠪᠣᠰᠣ ᠪᠠᠶᠢᠬᠤ ᠵᠡᠷᠬᠡ ᠠᠰᠠᠭᠤᠳᠠᠯ ᠠᠳᠠᠯᠢ ᠪᠣᠰᠣ ᠬᠡᠮᠵᠢᠶᠠᠨ ᠳᠤ ᠮᠦᠨ ᠯᠠ ᠣᠷᠣᠰᠢᠵᠣ ᠪᠠᠶᠢᠨ᠎ᠠ᠃ ᠪᠢᠳᠠ ᠡᠳᠡᠬᠡᠷ ᠠᠰᠠᠭᠤᠳᠠᠯ ᠢ ᠬᠤᠶᠢᠰᠢᠳᠠ ᠶᠢᠨ ᠠᠵᠢᠯ ᠤᠨ ᠳᠣᠮᠳᠠ ᠦᠨᠡᠨᠬᠦ ᠰᠢᠢᠳᠪᠣᠷᠢᠯᠡᠬᠦ ᠬᠡᠷᠡᠭᠳᠡᠢ᠃      ᠬᠤᠶᠡᠷ᠂ 2017 ᠣᠨ ᠤ ᠠᠵᠢᠯ ᠤᠨ ᠰᠠᠳᠬᠢᠴᠡ      ᠡᠨᠡ ᠵᠢᠯ ᠪᠣᠯ ︽ᠠᠷᠪᠠᠨ ᠭᠤᠷᠪᠠᠳᠣᠭᠠᠷ ᠳᠠᠪᠣᠨ ᠵᠢᠯ︾᠎ ᠤᠨ ᠲᠥᠯᠥᠪᠵᠢᠬᠦᠯᠬᠡ ᠶᠢ ᠬᠡᠷᠡᠭᠵᠢᠬᠦᠯᠬᠦ ᠴᠢᠬᠤᠯᠠ ᠨᠢᠬᠡᠨ ᠵᠢᠯ ᠪᠣᠯᠣᠨ᠎ᠠ᠃ ᠵᠠᠰᠠᠭ ᠤᠨ ᠣᠷᠳᠣᠨ ᠤ ᠠᠵᠢᠯ ᠢ ᠰᠠᠶᠢᠳᠣᠷ ᠬᠢᠬᠦ ᠳᠤ ᠨᠠᠮ ᠤᠨ ᠠᠷᠪᠠᠨ ᠨᠠᠢᠮᠠᠳᠣᠭᠠᠷ ᠶᠡᠭᠡ ᠬᠤᠷᠠᠯ ᠪᠠ ᠠᠷᠪᠠᠨ ᠨᠠᠢᠮᠠᠳᠣᠭᠠᠷ ᠬᠤᠭᠤᠴᠠᠭᠠᠨ ᠤ ᠭᠤᠷᠪᠠᠳᠣᠭᠠᠷ᠂ ᠲᠦᠷᠪᠡᠳᠣᠬᠡᠷ᠂ ᠳᠠᠪᠣᠳᠣᠭᠠᠷ᠂ ᠵᠢᠷᠭᠤᠳᠣᠭᠠᠷ ᠣᠳᠠᠭᠠᠨ ᠤ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠡᠷᠬᠡᠪᠰᠢ ᠪᠦᠬᠦ ᠳᠠᠯ᠎ᠠ ᠪᠠᠷ ᠳᠣᠣᠱᠯᠠᠭᠤᠯᠣᠨ ᠨᠠᠶᠢᠳᠠᠪᠣᠷᠢᠵᠢᠭᠤᠯᠵᠣ᠂ ᠰᠢ ᠶᠢᠨ ᠫᠢᠩ ᠶᠡᠷᠦᠩᠬᠡᠢ ᠱᠦᠵᠢ ᠶᠢᠨ ᠰᠢᠷᠢᠰ ᠴᠢᠬᠤᠯᠠ ᠶᠡᠷᠢᠶᠠᠨ ᠤ ᠵᠣᠷᠢᠭ ᠰᠠᠨᠠᠭ᠎ᠠ ᠪᠠ ᠲᠦᠷᠦ ᠶᠢ ᠵᠠᠰᠠᠨ ᠵᠠᠰᠠᠭ ᠢ ᠬᠠᠮᠢᠶᠠᠷᠬᠤ ᠰᠢᠨ᠎ᠡ ᠣᠨᠣᠯᠵᠢᠭᠤᠨ᠂ ᠰᠢᠨ᠎ᠡ ᠦᠵᠡᠯ ᠰᠠᠨᠠᠭ᠎ᠠ᠂ ᠰᠢᠨ᠎ᠡ ᠪᠠᠶᠢᠯᠳᠣᠬᠤ ᠪᠣᠳᠣᠯᠭ᠎ᠠ ᠶᠢ ᠬᠦᠨᠵᠡᠬᠡᠢ ᠳᠣᠣᠱᠯᠠᠭᠤᠯᠵᠣ᠂ ᠰᠢ ᠶᠢᠨ ᠫᠢᠩ ᠶᠡᠷᠦᠩᠬᠡᠢ ᠱᠦᠵᠢ ᠶᠢᠨ ᠦᠪᠣᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶᠠᠰ ᠤᠨ ᠴᠢᠬᠤᠯᠠ ᠶᠡᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠳᠣᠣᠱᠯᠠᠭᠤᠯᠵᠣ᠂ ᠦᠪᠡᠷᠳᠡᠬᠡᠨ ᠵᠠᠰᠠᠬᠤ ᠣᠷᠣᠨ ᠤ ᠠᠷᠪᠠᠳᠣᠭᠠᠷ ᠣᠳᠠᠭᠠᠨ ᠤ ᠨᠠᠮ ᠤᠨ ᠲᠥᠯᠥᠬᠡᠯᠡᠭᠴᠢᠳ ᠤᠨ ᠬᠤᠷᠠᠯ᠂ ᠬᠤᠳᠠ ᠎ ᠶᠢᠨ ᠲᠦᠷᠪᠡᠳᠣᠬᠡᠷ ᠣᠳᠠᠭᠠᠨ ᠤ ᠨᠠᠮ ᠤᠨ ᠲᠥᠯᠥᠬᠡᠯᠡᠭᠴᠢᠳ ᠤᠨ ᠬᠤᠷᠠᠯ ᠪᠠ ᠬᠤᠰᠢᠭᠤ ᠠᠷᠪᠠᠨ ᠳᠠᠪᠣᠳᠣᠭᠠᠷ ᠣᠳᠠᠭᠠᠨ ᠤ ᠨᠠᠮ ᠤᠨ ᠲᠥᠯᠥᠬᠡᠯᠡᠭᠴᠢᠳ ᠤᠨ ᠬᠤᠷᠠᠯ ᠤᠨ ᠴᠢᠬᠤᠯᠠ ᠪᠠᠶᠢᠷᠢᠯᠠᠭᠤᠯᠣᠯᠳᠠ ᠶᠢᠨ ᠳᠣᠭᠤᠷᠢᠨ ᠳᠤ ︽ᠳᠠᠪᠤ ᠶᠢ ᠨᠢᠬᠡ ᠴᠣᠭᠴᠠᠵᠢᠭᠤᠯᠬᠤ︾ ᠶᠡᠷᠦᠩᠬᠡᠢ ᠪᠠᠶᠢᠷᠢᠰᠢᠯᠠᠭᠤᠯᠣᠯᠳᠠ ᠶᠢ ᠨᠢᠬᠡᠳᠣᠯᠳᠡᠢ ᠠᠬᠢᠭᠤᠯᠵᠣ᠂ ︽ᠲᠦᠷᠪᠡᠨ ᠪᠦᠬᠦ ᠳᠠᠯ᠎ᠠ︾᠎ ᠶᠢᠨ ᠪᠠᠶᠢᠯᠳᠣᠬᠤ ᠪᠣᠳᠣᠯᠭ᠎ᠠ ᠶᠢᠨ ᠪᠠᠶᠢᠷᠢᠰᠢᠯᠠᠭᠤᠯᠣᠯᠳᠠ ᠶᠢ ᠵᠣᠬᠢᠴᠠᠩᠭᠤᠢ ᠠᠬᠢᠭᠤᠯᠵᠣ᠂ ᠳᠣᠭᠳᠠᠭᠤᠨ ᠤ ᠳᠣᠮᠳᠠ ᠣᠷᠣᠭᠰᠢᠯᠠᠬᠤ ᠶᠡᠷᠦᠩᠬᠡᠢ ᠬᠦᠭ ᠠᠶᠠᠰ ᠢ ᠪᠠᠷᠢᠮᠳᠠᠯᠠᠨ᠂ ᠰᠢᠨ᠎ᠡ ᠬᠦᠭᠵᠢᠯᠳᠡ ᠶᠢᠨ ᠣᠨᠣᠯᠵᠢᠭᠤᠨ ᠢ ᠪᠠᠳᠣ ᠪᠣᠢ ᠪᠣᠯᠭᠠᠨ ᠳᠣᠣᠱᠯᠠᠭᠤᠯᠣᠨ ᠨᠠᠶᠢᠳᠠᠪᠣᠷᠢᠵᠢᠭᠤᠯᠵᠣ᠂ ᠠᠵᠣ ᠠᠬᠤᠢ ᠶᠢᠨ ᠬᠦᠭᠵᠢᠯᠳᠡ ᠎ ᠶᠢᠨ ᠰᠢᠨ᠎ᠡ ᠬᠡᠪ ᠪᠠᠶᠢᠳᠠᠯ ᠲᠤ ᠵᠣᠬᠢᠴᠠᠨ ᠡᠵᠡᠮᠳᠡᠨ ᠵᠢᠯᠣᠭᠤᠳᠴᠣ᠂ ᠬᠦᠬᠡᠬᠤᠳᠠ᠂ ᠪᠣᠭᠤᠳᠣ᠂ ᠣᠷᠳᠣᠰ ᠢ ᠬᠠᠮᠳᠣᠪᠠᠷ ᠬᠦᠭᠵᠢᠬᠦᠯᠬᠦ ᠪᠠᠶᠢᠯᠳᠣᠬᠤ ᠪᠣᠳᠣᠯᠭ᠎ᠠ ᠶᠢᠨ ᠠᠵᠠ ᠳᠣᠬᠢᠶᠠᠯ ᠢ ᠴᠢᠩᠭ᠎ᠠ ᠠᠳᠬᠤᠨ᠂ ᠬᠦᠭᠵᠢᠯᠳᠡ ᠶᠢᠨ ᠶᠠᠰᠣ ᠴᠢᠨᠡᠷ ᠪᠠ ᠦᠷ᠎ᠡ ᠪᠦᠳᠣᠮᠵᠢ ᠶᠢ ᠳᠡᠬᠡᠭᠰᠢᠯᠡᠬᠦᠯᠬᠦ ᠪᠠᠷ ᠭᠤᠣᠯᠳᠠᠯᠭ᠎ᠠ ᠪᠣᠯᠭᠠᠵᠣ᠂ ᠬᠠᠩᠭᠠᠯᠭ᠎ᠠ ᠶᠢᠨ ᠳᠠᠯ᠎ᠠ ᠎ ᠶᠢᠨ ᠪᠦᠳᠦᠴᠡ ᠶᠢᠨ ᠴᠢᠨᠡᠷᠳᠡᠢ ᠦᠬᠡᠷᠡᠴᠢᠯᠡᠯᠳᠡ ᠶᠢ ᠲᠦᠯᠬᠢᠨ ᠠᠬᠢᠭᠤᠯᠬᠤ ᠪᠠᠷ ᠭᠤᠣᠯ ᠱᠤᠭᠤᠮ ᠪᠣᠯᠭᠠᠨ᠂ ︽ᠨᠣᠮᠢᠨ ᠳᠠᠩᠰᠤᠭ ᠦᠣᠰᠢᠨ︾᠎ ᠤ ᠬᠦᠭᠵᠢᠯᠳᠡ ᠶᠢᠨ ᠣᠨᠣᠯᠵᠢᠭᠤᠨ ᠢ ᠪᠠᠷᠢᠮᠳᠠᠯᠠᠨ ᠳᠡᠬᠡᠭᠰᠢᠯᠡᠬᠦᠯᠵᠣ᠂ ᠬᠦᠭᠵᠢᠯᠳᠡ᠂ ᠠᠮᠢ ᠠᠬᠤᠢ᠂ ᠠᠷᠠᠳ ᠤᠨ ᠠᠮᠢᠳᠣᠷᠠᠯ ᠤᠨ ᠬᠤᠷᠢᠭ᠎ᠠ ᠱᠤᠭᠤᠮ ᠢ ᠡᠷᠡᠰ ᠰᠠᠬᠢᠵᠣ᠂ ᠪᠣᠳᠠᠳᠣ ᠴᠤᠭᠴᠠ ᠶᠢᠨ ᠠᠵᠣ ᠠᠬᠤᠢ ᠶᠢ ᠬᠦᠭᠵᠢᠬᠦᠯᠵᠣ᠂ ᠬᠦᠭᠵᠢᠯᠳᠡ ᠶᠢᠨ ᠬᠡᠯᠪᠠᠷᠢ ᠶᠢ ᠬᠤᠪᠢᠷᠠᠭᠤᠯᠣᠨ ᠬᠦᠭᠵᠢᠬᠦᠯᠬᠦ ᠶᠢ ᠬᠦᠨᠵᠡᠬᠡᠶᠢᠷᠡᠬᠦᠯᠵᠣ᠂ ᠳᠠᠪᠣᠨ ᠶᠡᠭᠡ ᠰᠢᠨ᠎ᠡ ᠳᠣᠭᠳᠠᠯᠴᠠᠭ᠎ᠠ ᠶᠢ ᠪᠠᠶᠢᠭᠤᠯᠣᠨ᠂ ᠵᠢᠷᠭᠤᠭᠠᠨ ᠳᠠᠯ᠎ᠠ ᠶᠢᠨ ᠮᠠᠩᠯᠠᠶᠢᠯᠠᠭᠴᠢ ᠪᠣᠯᠬᠤ ᠪᠠᠷ ᠴᠢᠷᠮᠡᠶᠢᠨ ᠨᠡᠮᠡᠭᠳᠡᠯ ᠢ ᠳᠣᠭᠳᠠᠪᠣᠷᠢᠵᠢᠭᠤᠯᠬᠤ᠂ ᠦᠬᠡᠷᠡᠴᠢᠯᠡᠯᠳᠡ ᠶᠢ ᠠᠬᠢᠭᠤᠯᠬᠤ᠂ ᠪᠦᠳᠦᠴᠡ ᠶᠢ ᠳᠣᠬᠢᠷᠠᠭᠤᠯᠬᠤ᠂ ᠠᠷᠠᠳ ᠤᠨ ᠠᠮᠢᠳᠣᠷᠠᠯ ᠢ ᠬᠠᠷᠠᠭᠠᠯᠵᠠᠬᠤ᠂ ᠳᠦᠭᠰᠢᠬᠦᠷᠢ ᠶᠢ ᠰᠡᠷᠬᠡᠶᠢᠯᠡᠬᠦ ᠡᠯ᠎ᠡ ᠲᠦᠷᠥᠯ ᠤᠨ ᠠᠵᠢᠯ ᠢ ᠨᠢᠬᠡᠳᠣᠯᠳᠡᠢ ᠲᠥᠯᠥᠪᠵᠢᠬᠦᠯᠵᠣ᠂ ᠠᠵᠣ ᠠᠬᠤᠢ ᠨᠡᠶᠢᠬᠡᠮ ᠤᠨ ᠡᠷᠡᠬᠦᠯ ᠬᠦᠭᠵᠢᠯᠳᠡ ᠶᠢ ᠪᠦᠬᠦ ᠬᠦᠴᠦᠨ ᠢᠶᠠᠷ ᠢᠶᠠᠨ ᠠᠬᠢᠭᠤᠯᠵᠣ᠂ ᠰᠢᠯᠢᠳᠡᠭ ᠬᠢᠷᠢ ᠪᠦᠳᠣᠮᠵᠢ ᠪᠠᠷ ᠢᠶᠠᠨ ᠦᠪᠡᠷᠳᠡᠬᠡᠨ ᠵᠠᠰᠠᠬᠤ ᠣᠷᠣᠨ ᠪᠠᠶᠢᠭᠤᠯᠣᠭᠳᠠᠭᠰᠠᠨ 70 ᠵᠢᠯ ᠤᠨ ᠣᠢ ᠶᠢ ᠪᠡᠯᠬᠡᠯᠡᠵᠣ᠂ ᠨᠠᠮ ᠤᠨ ᠠᠷᠪᠠ ᠶᠢᠰᠣᠳᠣᠬᠡᠷ ᠶᠡᠭᠡ ᠬᠤᠷᠠᠯ ᠠᠮᠵᠢᠯᠳᠡᠳᠡᠢ ᠬᠤᠷᠠᠯᠳᠣᠬᠤ ᠶᠢ ᠣᠭᠳᠣᠵᠠᠭᠠᠶ᠎ᠠ᠃      ᠡᠨᠡ ᠵᠢᠯ ᠤᠨ ᠭᠤᠣᠯ ᠪᠣᠯᠬᠤ ᠵᠢᠱᠢᠭᠰᠡᠨ ᠬᠠᠷᠠᠯᠳᠠ ᠪᠣᠯ᠄ ᠣᠷᠣᠨ ᠨᠣᠳᠤᠭ ᠤᠨ ᠣᠶᠢᠯᠡᠳᠪᠣᠷᠢᠯᠡᠯ ᠤᠨ ᠶᠡᠷᠦᠩᠬᠡᠢ ᠦᠷᠳᠡᠭ ᠢ 9% ᠨᠡᠮᠡᠭᠳᠡᠬᠦᠯᠥᠨ᠎ᠠ︔ ᠨᠠᠶᠢᠳᠠ ᠶᠢᠨ ᠡᠳ᠋ ᠤᠨ ᠵᠠᠰᠠᠭ ᠤᠨ ᠲᠦᠰᠦᠪ ᠤᠨ ᠣᠷᠣᠯᠭ᠎ᠠ ᠶᠢ 4%᠎ ᠠᠴᠠ ᠳᠡᠬᠡᠭᠰᠢ ᠨᠡᠮᠡᠭᠳᠡᠬᠦᠯᠥᠨ᠎ᠠ︔ ᠳᠣᠭᠳᠠᠮᠠᠯ ᠬᠦᠷᠦᠩᠬᠡ ᠶᠢᠨ ᠪᠡᠯᠡ ᠣᠷᠣᠭᠤᠯᠣᠯᠳᠠ ᠶᠢ 12% ᠨᠡᠮᠡᠭᠳᠡᠬᠦᠯᠥᠨ᠎ᠠ︔ ᠨᠡᠶᠢᠬᠡᠮ ᠤᠨ ᠬᠡᠷᠡᠭᠯᠡᠬᠡᠨ ᠤ ᠵᠣᠶᠢᠯᠡᠰ ᠢ ᠵᠢᠵᠢᠭᠯᠡᠨ ᠪᠣᠷᠣᠯᠠᠭᠤᠯᠬᠤ ᠶᠡᠷᠦᠩᠬᠡᠢ ᠳᠤᠭ᠎ᠠ ᠶᠢ 11% ᠨᠡᠮᠡᠭᠳᠡᠬᠦᠯᠥᠨ᠎ᠠ︔ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠬᠦᠮᠦᠨ ᠳᠣᠮᠳᠠᠴᠢ ᠶᠢᠨ ᠳᠣᠬᠢᠷᠠᠭᠤᠯᠵᠣ ᠪᠣᠯᠬᠤ ᠣᠷᠣᠯᠭ᠎ᠠ ᠶᠢ ᠳᠣᠰᠪᠣᠷᠢ 8.5% ᠪᠠ 10% ᠨᠡᠮᠡᠭᠳᠡᠬᠦᠯᠥᠨ᠎ᠠ᠃      ︵ᠨᠢᠬᠡ︶ ᠶᠡᠷᠦᠩᠬᠡᠢ ᠬᠡᠮᠵᠢᠶ᠎ᠠ ᠶᠢ ᠦᠷᠬᠡᠳᠬᠡᠨ᠂ ᠬᠠᠳᠠᠭᠠᠯᠠᠮᠵᠢ ᠶᠢᠨ ᠬᠡᠮᠵᠢᠶ᠎ᠠ ᠶᠢ ᠰᠢᠯᠢᠳᠡᠭᠵᠢᠬᠦᠯᠵᠣ᠂ ᠠᠵᠣ ᠣᠶᠢᠯᠡᠳᠪᠣᠷᠢ ᠶᠢᠨ ᠠᠵᠣ ᠠᠬᠤᠢ ᠶᠢᠨ ᠬᠡᠯᠪᠠᠷᠢ ᠶᠢ ᠬᠤᠪᠢᠷᠠᠭᠤᠯᠣᠨ ᠳᠠᠰ ᠳᠠᠪᠰᠢᠬᠦ ᠶᠢ ᠲᠦᠯᠬᠢᠨ ᠠᠬᠢᠭᠤᠯᠣᠨ᠎ᠠ᠃ ᠳᠣᠭᠳᠠᠭᠤᠨ ᠢᠶᠠᠷ ᠨᠡᠮᠡᠭᠳᠡᠬᠦ ᠶᠢᠨ ᠵᠠᠩᠬᠢᠯᠠᠭ᠎ᠠ ᠨᠢ ᠠᠵᠣ ᠣᠶᠢᠯᠡᠳᠪᠣᠷᠢ ᠳᠤ ᠪᠠᠶᠢᠵᠣ᠂ ᠭᠤᠣᠯᠳᠠᠯᠭ᠎ᠠ ᠨᠢ ᠲᠦᠷᠥᠯ ᠵᠣᠶᠢᠯ ᠳᠤ ᠪᠠᠶᠢᠵᠣ᠂ ᠠᠷᠭ᠎ᠠ ᠪᠦᠬᠦᠨ ᠢ ᠰᠦᠪᠡᠭᠴᠢᠯᠡᠨ ᠲᠦᠷᠥᠯ ᠵᠣᠶᠢᠯ ᠤᠨ ᠪᠦᠳᠦᠬᠡᠨ ᠪᠠᠶᠢᠭᠤᠯᠣᠯᠳᠠ ᠶᠢ ᠲᠦᠯᠬᠢᠨ ᠠᠬᠢᠭᠤᠯᠵᠣ᠂ ᠠᠵᠣ ᠠᠬᠤᠢ ᠶᠢ ᠳᠣᠭᠳᠠᠭᠤᠨ ᠢᠶᠠᠷ ᠨᠡᠮᠭᠳᠡᠬᠦᠯᠥᠨ᠂ ᠰᠠᠶᠢᠨ ᠳᠠᠰᠢ ᠬᠦᠭᠵᠢᠬᠦ ᠶᠢ ᠠᠬᠢᠭᠤᠯᠣᠨ᠎ᠠ᠃      ᠲᠦᠷᠥᠯ ᠵᠣᠶᠢᠯ ᠢ ᠠᠳᠬᠤᠨ ᠪᠡᠯᠡ ᠣᠷᠣᠭᠤᠯᠣᠯᠳᠠ ᠶᠢ ᠠᠬᠢᠭᠤᠯᠵᠣ᠂ ᠪᠣᠳᠠᠳᠣ ᠴᠤᠭᠴᠠ ᠶᠢᠨ ᠠᠵᠣ ᠠᠬᠤᠢ ᠶᠢᠨ ᠡᠷᠡᠬᠦᠯ ᠬᠦᠭᠵᠢᠯᠳᠡ ᠶᠢ ᠪᠠᠳᠣᠯᠠᠨ᠎ᠠ᠃ ᠡᠬᠢ ᠪᠠᠶᠠᠯᠢᠭ ᠢ ᠨᠡᠬᠡᠬᠡᠨ ᠬᠦᠭᠵᠢᠬᠦᠯᠬᠦ ᠠᠯᠬᠤᠴᠠ ᠶᠢ ᠲᠦᠷᠬᠡᠳᠬᠡᠨ᠂ ᠨᠠᠷᠢᠠᠭᠤᠣᠯ ᠠᠭᠤᠷᠬᠠᠢ ᠶᠢᠨ ᠲᠣᠭᠤᠷᠢᠭ ᠤᠨ ᠶᠡᠷᠦᠩᠬᠡᠢ ᠲᠥᠯᠥᠪᠵᠢᠬᠦᠯᠬᠡ ᠶᠢ ᠵᠦᠪᠰᠢᠶᠠᠷᠡᠬᠦᠯᠬᠦ ᠎ ᠪᠠᠷ ᠴᠢᠷᠮᠠᠶᠢᠵᠣ᠂ ᠮᠣᠳᠣᠠᠴᠠᠶᠢᠳᠠᠮ᠂ ᠶᠢᠩ ᠫᠠᠨ ᠬᠤᠣ ᠵᠡᠷᠬᠡ ᠠᠭᠤᠷᠬᠠᠢ ᠶᠢᠨ ᠬᠢᠨᠡᠨ ᠵᠦᠪᠰᠢᠶᠠᠷᠠᠯ ᠤᠨ ᠭᠠᠷ ᠬᠦᠢᠴᠡᠳᠬᠡᠯ ᠬᠦᠢᠴᠡᠳᠬᠡᠬᠦ ᠶᠢ ᠠᠬᠢᠭᠤᠯᠵᠣ᠂ ᠪᠠᠶᠢᠭᠤᠯᠵᠣ ᠪᠠᠶᠢᠭ᠎ᠠ ᠨᠡᠬᠦᠷᠠᠰᠣᠨ ᠠᠭᠤᠷᠬᠠᠢ ᠶᠢᠨ ᠪᠦᠳᠦᠬᠡᠨ ᠪᠠᠶᠢᠭᠤᠯᠣᠯᠳᠠ ᠶᠢᠨ ᠠᠯᠬᠤᠴᠠ ᠶᠢ ᠲᠦᠷᠬᠡᠳᠬᠡᠨ᠂ ᠪᠦᠬᠦ ᠵᠢᠯ ᠤᠨ ᠨᠠᠬᠦᠷᠠᠰᠣᠨ ᠭᠠᠷᠣᠯᠳᠠ ᠶᠢ 3000 ᠲᠦᠮᠡᠨ ᠳᠣᠠᠨ᠋ᠨ ᠳᠠᠪᠠᠭᠤᠯᠵᠣ᠂ ᠨᠡᠬᠦᠷᠠᠰᠣ ᠶᠢ ᠣᠨᠳᠣᠣᠰᠢᠭᠤᠯᠣᠨ ᠦᠷᠳᠡᠭ ᠢ ᠨᠡᠮᠡᠭᠳᠡᠬᠦᠯᠬᠦ ᠳᠤ ᠰᠠᠭᠤᠷᠢ ᠳᠠᠯᠪᠢᠨ᠎ᠠ᠃ ᠣᠳᠣ ᠦᠶ᠎ᠡ ᠶᠢᠨ ᠨᠠᠬᠦᠷᠠᠰᠣ ᠬᠢᠮᠢ ᠶᠢᠨ ᠠᠵᠣ ᠣᠶᠢᠯᠡᠳᠪᠣᠷᠢ ᠶᠢᠨ ᠰᠠᠭᠤᠷᠢᠨ ᠭᠠᠵᠠᠷ ᠪᠠ ᠴᠠᠪᠡᠷ ᠡᠨᠧᠷᠬᠢ ᠶᠢ ᠣᠶᠢᠯᠡᠳᠪᠣᠷᠢᠯᠡᠵᠣ ᠬᠦᠷᠬᠡᠬᠦ ᠰᠠᠭᠤᠷᠢᠨ ᠭᠠᠵᠠᠷ ᠢ ᠪᠠᠶᠢᠭᠤᠯᠬᠤ ᠳᠣᠭᠤᠷᠢᠨ ᠳᠤ ᠪᠠᠢ ᠶᠦᠨ ᠠᠶᠣᠯᠳᠡᠢ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠰᠢᠢᠳᠪᠣᠷᠢᠯᠡᠬᠦ ᠵᠡᠷᠬᠡ ᠳ᠋ᠦᠩᠰᠢᠭᠤᠷ ᠲᠦᠬᠦᠷᠢᠭ ᠠᠴᠠ ᠳᠡᠬᠡᠭᠰᠢᠬᠢ ᠴᠢᠬᠤᠯᠠ ᠶᠡᠭᠡ ᠲᠦᠷᠥᠯ ᠵᠣᠶᠢᠯ ᠤᠨ ᠪᠦᠳᠦᠬᠡᠨ ᠪᠠᠶᠢᠭᠤᠯᠣᠯᠳᠠ ᠶᠢ ᠪᠦᠬᠦ ᠬᠦᠴᠦᠨ ᠢᠶᠠᠷ ᠠᠬᠢᠭᠤᠯᠵᠣ᠂ ᠵᠦᠩ ᠮᠧᠢ ᠡᠨᠧᠷᠬᠢ ᠬᠢᠮᠢ ᠎ ᠶᠢᠨ ᠺᠣᠮᠫᠠᠨᠢ ᠶᠢᠨ ᠬᠤᠶᠠᠳᠣᠭᠠᠷ ᠬᠤᠭᠤᠴᠠᠭᠠᠨ ᠤ ᠲᠦᠷᠥᠯ ᠵᠣᠶᠢᠯ᠂ ᠦᠪᠣᠷ ᠮᠣᠩᠭᠤᠯ ᠤᠨ ᠬᠠᠢ ᠰᠢᠶᠠ ᠡᠨᠧᠷᠬᠢ ᠎ ᠶᠢᠨ ᠪᠦᠯᠥᠭᠯᠡᠯ ᠤᠨ 20 ᠲᠦᠮᠡᠨ ᠳᠣᠠᠨ᠋ᠨ ᠪᠦᠲ᠋ᠡᠨ ᠤ ᠨᠠᠷᠢᠯᠢᠭ ᠬᠢᠮᠢ ᠶᠢᠨ ᠠᠵᠣ ᠣᠶᠢᠯᠡᠳᠪᠣᠷᠢ ᠵᠡᠷᠬᠡ 7 ᠲᠦᠷᠥᠯ ᠵᠣᠶᠢᠯ ᠢ ᠬᠡᠷᠡᠭᠵᠢᠬᠦᠯᠵᠣ᠂ ᠴᠠᠩ ᠬᠤᠩ ᠰᠣᠯᠢᠶᠣᠣ ᠶᠢᠨ ᠣᠶᠢᠯᠡᠰ᠂ ᠳᠣᠮᠳᠠᠳᠣ ᠣᠯᠣᠰ ᠤᠨ ᠴᠢᠯᠠᠭᠤᠨ ᠳᠣᠰᠣ ᠬᠢᠮᠢ ᠶᠢᠨ ᠠᠵᠣ ᠣᠶᠢᠯᠡᠳᠪᠣᠷᠢ ᠶᠢᠨ ︽ᠬᠠᠳᠠᠭᠤ ᠪᠠᠶᠠᠳᠣ᠂ ᠬᠠᠶᠠᠭᠳᠠᠮᠠᠯ ᠪᠣᠳᠠᠰ᠂ ᠬᠠᠶᠠᠭᠳᠠᠮᠠᠯ ᠣᠰᠣ᠂ ᠬᠠᠶᠠᠭᠳᠠᠮᠠᠯ ᠬᠡᠢ᠂ ᠬᠠᠶᠠᠭᠳᠠᠮᠠᠯ ᠰᠢᠭᠠᠷᠠᠣ︾᠎ ᠶᠢ ᠰᠢᠢᠳᠪᠣᠷᠢᠯᠡᠬᠦ᠂ ᠰᠢᠨ ᠲᠠᠢ ᠯᠥᠩ ᠨᠠᠷᠢᠯᠢᠭ ᠬᠢᠮᠢ ᠶᠢᠨ ᠠᠵᠣ ᠣᠶᠢᠯᠡᠳᠪᠣᠷᠢ ᠵᠡᠷᠬᠡ ᠲᠦᠷᠥᠯ ᠵᠣᠶᠢᠯ ᠢ ᠠᠰᠢᠭᠯᠠᠯᠳᠠ ᠳᠤ ᠣᠷᠣᠭᠤᠯᠬᠤ ᠶᠢ ᠪᠠᠳᠣᠯᠠᠨ᠂ ᠱᠢ ᠯᠢᠨ ᠬᠢᠮᠢ ᠶᠢᠨ ᠠᠵᠣ ᠣᠶᠢᠯᠡᠳᠪᠣᠷᠢ ᠶᠢᠨ ᠺᠣᠮᠫᠠᠨᠢ ᠶᠢᠨ ᠨᠡᠬᠦᠷᠠᠰᠣ ᠪᠠᠷ ᠮᠧᠲ᠋ᠢᠯ ᠠᠯᠺᠥᠥᠯ ᠣᠶᠢᠯᠡᠳᠬᠦ ᠮᠡᠷᠬᠡᠵᠢᠯ ᠤᠨ ᠦᠬᠡᠷᠡᠴᠢᠯᠡᠯᠳᠡ ᠶᠢ ᠪᠠᠶᠠᠯᠡᠬᠦᠯᠵᠣ᠂ ᠬᠡᠪᠴᠢᠶᠠᠵᠢᠯ ᠠᠴᠠ ᠳᠡᠬᠡᠭᠰᠢᠬᠢ ᠠᠵᠣ ᠣᠶᠢᠯᠡᠳᠪᠣᠷᠢ ᠶᠢᠨ ᠠᠵᠣ ᠠᠬᠤᠶᠢᠯᠡᠯ ᠢ 2 ᠰᠢᠨ᠎ᠡ ᠪᠠᠷ ᠨᠡᠮᠡᠭᠳᠡᠬᠦᠯᠥᠨ᠎ᠠ᠃      ᠬᠤᠳᠠᠯᠳᠣᠭᠠᠴᠢᠨ ᠣᠷᠢᠬᠤ ᠶᠢ ᠴᠢᠬᠤᠯᠠᠴᠢᠯᠡᠨ᠂ ᠲᠦᠬᠦᠷᠵᠢᠬᠦᠯᠬᠦ ᠶᠢ ᠴᠢᠩᠭᠠᠳᠬᠠᠵᠣ᠂ ᠠᠵᠣ ᠣᠶᠢᠯᠡᠰ ᠤᠨ ᠬᠡᠯᠬᠢᠶᠠᠵᠢᠯ ᠢ ᠬᠦᠴᠥᠯᠡᠨ ᠣᠷᠳᠣᠳᠬᠠᠨ᠎ᠠ᠃ ᠬᠦᠷᠢᠶᠠᠯᠠᠩ ᠳᠣᠭᠤᠷᠢᠭ ᠤᠨ ᠵᠠᠮ᠂ ᠣᠰᠣᠨ ᠬᠠᠩᠭᠠᠯᠭ᠎ᠠ᠂ ᠰᠣᠷᠭᠠᠨ ᠬᠦᠮᠥᠵᠢᠯ᠂ ᠡᠮ ᠡᠮᠨᠡᠯᠬᠡ ᠵᠡᠷᠬᠡ ᠳᠣᠨᠤᠭ ᠲᠦᠬᠦᠬᠡᠷᠣᠮᠵᠢ ᠶᠢ ᠳᠡᠬᠦᠯᠳᠡᠷᠵᠢᠬᠦᠯᠵᠣ᠂ ᠪᠠᠳᠣ ᠶᠢᠨ ᠳᠣᠬᠤᠢ ᠠᠴᠠ ᠨᠠᠷᠢᠠᠭᠤᠣᠯ ᠠᠵᠣ ᠣᠶᠢᠯᠡᠳᠪᠣᠷᠢ ᠶᠢᠨ ᠳᠣᠭᠤᠷᠢᠭ ᠬᠦᠷᠬᠦ ᠣᠰᠣ ᠬᠠᠩᠭᠠᠬᠤ ᠬᠤᠭᠤᠯᠠᠢ ᠱᠤᠭᠤᠮ ᠤᠨ ᠪᠠᠶᠢᠭᠤᠯᠣᠯᠳᠠ ᠶᠢ ᠲᠦᠷᠬᠡᠳᠬᠡᠨ ᠠᠬᠢᠭᠤᠯᠵᠣ᠂ ᠬᠦᠷᠢᠶᠠᠯᠠᠩ ᠳᠣᠭᠤᠷᠢᠭ ᠤᠨ ᠶᠡᠷᠦᠩᠬᠡᠶᠢᠯᠡᠭᠰᠡᠨ ᠠᠴᠢᠶᠠᠯᠠᠬᠤ ᠴᠢᠳᠠᠪᠣᠷᠢ᠂ ᠦᠷᠢᠰᠣᠯᠳᠦᠬᠦ ᠴᠢᠳᠠᠪᠣᠷᠢ ᠪᠠ ᠳᠠᠳᠠᠬᠤ ᠬᠦᠴᠦᠨ ᠢ ᠳᠡᠬᠡᠭᠰᠢᠯᠡᠬᠦᠯᠥᠨ᠎ᠠ᠃ ᠬᠤᠳᠠᠯᠳᠣᠭᠠᠴᠢᠨ ᠢ ᠣᠷᠢᠨ ᠪᠡᠯᠡ ᠣᠷᠣᠭᠤᠯᠬᠤ ᠬᠦᠴᠦᠯᠡᠴᠡ ᠶᠢ ᠶᠡᠬᠡᠰᠬᠡᠨ᠂ ᠬᠤᠳᠠᠯᠳᠣᠭᠠᠴᠢᠨ ᠣᠷᠢᠨ ᠪᠡᠯᠡ ᠣᠷᠣᠭᠤᠯᠬᠤ ᠲᠦᠷᠥᠯ ᠵᠣᠶᠢᠯ ᠤᠨ ᠬᠠᠷᠢᠭᠤᠴᠠᠯᠭ᠎ᠠ ᠶᠢᠨ ᠲᠦᠷᠢᠮ ᠢ ᠪᠦᠬᠦ ᠳᠠᠯ᠎ᠠ ᠪᠠᠷ ᠬᠡᠷᠡᠭᠵᠢᠬᠦᠯᠵᠣ᠂ ᠠᠵᠣ ᠣᠶᠢᠯᠡᠰ ᠤᠨ ᠬᠡᠯᠬᠢᠶᠠᠵᠢᠯ ᠎ ᠢᠶᠠᠷ ᠬᠤᠳᠠᠯᠳᠣᠭᠠᠴᠢᠨ ᠣᠷᠢᠬᠤ ᠶᠢ ᠢᠳᠡᠪᠬᠢᠳᠡᠢ ᠦᠷᠨᠢᠬᠦᠯᠵᠣ᠂ ᠬᠤᠯᠪᠣᠭᠳᠠᠬᠤ ᠬᠡᠮᠵᠢᠶ᠎ᠠ ᠪᠠᠷ ᠦᠨᠳᠣᠷ᠂ ᠭᠠᠶᠢᠯᠢ ᠎ ᠶᠢᠨ ᠣᠷᠣᠯᠭ᠎ᠠ ᠶᠢᠨ ᠬᠤᠪᠢ ᠨᠡᠮᠡᠷᠢ ᠪᠠᠷ ᠶᠡᠭᠡ᠂ ᠳᠠᠶᠢᠴᠢᠯᠡᠯᠳᠡ ᠶᠢᠨ ᠣᠶᠢᠯᠡᠳᠣᠯ ᠢᠶᠠᠷ ᠴᠢᠩᠭ᠎ᠠ᠂ ᠦᠷᠢᠰᠣᠯᠳᠦᠬᠦ ᠬᠦᠴᠦᠨ ᠢᠶᠠᠷ ᠢᠯᠡᠷᠬᠡᠢ ᠪᠠᠶᠢᠬᠤ ᠭᠤᠣᠯᠯᠠᠭᠴᠢ ᠠᠵᠣ ᠣᠶᠢᠯᠡᠰ ᠤᠨ ᠰᠦᠷᠦᠭᠵᠢᠯ ᠢ ᠲᠦᠷᠬᠡᠨ ᠪᠣᠢ ᠪᠣᠯᠭᠠᠵᠣ᠂ ᠵᠢᠯ ᠎ ᠤᠨ ᠳᠣᠳᠣᠷ᠎ᠠ ᠦᠷᠬᠦᠯᠵᠢᠯᠡᠵᠣ ᠨᠦᠬᠦᠪᠦᠷᠢᠯᠡᠬᠦ ᠬᠡᠯᠬᠢᠶᠡᠵᠢᠯ ᠤᠨ ᠲᠦᠷᠥᠯ ᠵᠣᠶᠢᠯ ᠢ 5᠎ ᠠᠴᠠ ᠳᠡᠬᠡᠭᠰᠢ ᠣᠷᠣᠭᠤᠯᠣᠨ᠎ᠠ᠃      ᠦᠷᠳᠡᠭ ᠢ ᠳᠣᠷᠣᠭᠰᠢᠯᠠᠭᠤᠯᠣᠨ᠂ ᠳᠠᠷᠣᠭᠠᠰᠣ ᠶᠢ ᠬᠦᠩᠬᠡᠯᠡᠵᠣ᠂ ᠠᠵᠣ ᠠᠬᠤᠶᠢᠯᠠᠯ ᠤᠨ ᠦᠷᠢᠰᠣᠯᠳᠦᠬᠦ ᠬᠦᠴᠦᠨ ᠢ ᠳᠡᠬᠡᠭᠰᠢᠯᠡᠬᠦᠯᠥᠨ᠎ᠠ᠃ ᠬᠠᠩᠭᠠᠯᠭ᠎ᠠ ᠶᠢᠨ ᠳᠠᠯ᠎ᠠ ᠶᠢᠨ ᠪᠦᠳᠦᠴᠡ ᠶᠢᠨ ᠴᠢᠨᠡᠷᠳᠡᠢ ᠦᠬᠡᠷᠡᠴᠢᠯᠡᠯᠳᠡ ᠶᠢ ᠬᠦᠨᠵᠡᠶᠢᠬᠡᠷᠡᠬᠦᠯᠵᠣ᠂ ᠭᠠᠶᠢᠯᠢ ᠶᠢ ᠪᠠᠭᠠᠰᠬᠠᠨ ᠰᠦᠢᠳᠬᠡᠯ ᠢ ᠳᠣᠷᠣᠭᠰᠢᠯᠠᠭᠤᠯᠬᠤ᠂ ᠴᠠᠬᠢᠯᠭᠠᠨ ᠬᠦᠴᠦᠨ ᠢ ᠠᠷᠠᠯᠵᠢᠶᠠᠯᠠᠬᠤ ᠵᠡᠷᠬᠡ ᠡᠯ᠎ᠡ ᠲᠦᠷᠥᠯ ᠤᠨ ᠳᠡᠳᠬᠦᠮᠵᠢ ᠶᠢᠨ ᠲᠦᠷᠥ ᠶᠢᠨ ᠪᠣᠳᠣᠯᠭ᠎ᠠ ᠶᠢ ᠨᠠᠶᠢᠳᠠᠪᠣᠷᠢᠵᠢᠭᠤᠯᠣᠨ᠂ ᠰᠣᠪᠣᠷᠭ᠎ᠠ ᠠᠵᠣ ᠠᠬᠤᠢ ᠶᠢᠨ ᠨᠡᠬᠡᠬᠡᠯᠳᠡ ᠬᠢᠬᠦ ᠳᠣᠭᠤᠷᠢᠭ ᠤᠨ ᠴᠠᠬᠢᠯᠭᠠᠨ ᠤ ᠦᠨ᠎ᠡ ᠶᠢᠨ ᠦᠬᠡᠷᠡᠴᠢᠯᠡᠯᠳᠡ ᠶᠢᠨ ᠳᠣᠷᠰᠢᠯᠳᠡ ᠶᠢᠨ ᠴᠢᠭ ᠤᠨ ᠠᠵᠢᠯ ᠢ ᠢᠳᠡᠪᠬᠢᠳᠡᠢ ᠠᠬᠢᠭᠤᠯᠵᠣ᠂ ᠲᠦᠷᠥ ᠶᠢᠨ ᠪᠣᠳᠣᠯᠭ᠎ᠠ ᠶᠢᠨ ︽ᠬᠠᠮᠳᠣᠷᠠᠯ︾᠎ ᠢ ᠰᠠᠶᠢᠳᠣᠷ ᠬᠢᠵᠣ᠂ ᠨᠠᠶᠢᠳᠠ ᠶᠢᠨ ᠪᠣᠰᠣ ᠦᠮᠴᠢᠯᠠᠯᠳᠣ ᠠᠵᠣ ᠠᠬᠤᠢ ᠶᠢᠨ ᠬᠦᠭᠵᠢᠯᠳᠡ ᠶᠢ ᠵᠢᠯᠣᠭᠤᠳᠣᠨ᠂ ᠳᠣᠮᠳᠠ ᠪᠠᠭ᠎ᠠ ᠪᠢᠴᠢᠯ ᠠᠵᠣ ᠠᠬᠤᠶᠢᠯᠡᠯ ᠢ 30᠎ ᠠᠴᠠ ᠳᠡᠬᠡᠭᠰᠢ ᠪᠠᠶᠢᠭᠤᠯᠣᠨ᠎ᠠ᠃ ᠳᠣᠮᠣ ᠠᠵᠣ ᠠᠬᠤᠶᠢᠯᠡᠯ ᠪᠣᠯᠣᠨ ᠳᠣᠮᠳᠠ ᠪᠠᠭ᠎ᠠ ᠠᠵᠣ ᠠᠬᠤᠶᠢᠯᠡᠯ ᠤᠨ ᠬᠡᠯᠡᠯᠴᠡᠬᠡᠷ ᠬᠠᠮᠵᠢᠯᠴᠠᠭ᠎ᠠ ᠶᠢ ᠠᠬᠢᠭᠤᠯᠵᠣ᠂ ᠣᠶᠢᠯᠡᠳᠪᠣᠷᠢᠯᠡᠯ ᠤᠨ ᠴᠢᠳᠠᠪᠬᠢ ᠰᠢᠯᠢᠳᠡᠭᠵᠢᠨ ᠬᠤᠷᠰᠢᠬᠤ ᠶᠢ ᠪᠠᠶᠠᠯᠡᠬᠦᠯᠥᠨ᠂ ᠣᠯᠠᠨ ᠠᠷᠭ᠎ᠠ ᠪᠠᠷᠢᠯ ᠢ ᠬᠠᠮᠳᠣ ᠳᠤᠨᠢ ᠬᠡᠷᠡᠭᠯᠡᠨ ᠠᠵᠣ ᠠᠬᠤᠶᠢᠯᠡᠯ ᠎ ᠤᠨ ᠣᠶᠢᠯᠡᠳᠪᠣᠷᠢᠯᠡᠯ ᠡᠵᠡᠩᠨᠡᠯᠳᠡ ᠤᠨ ᠦᠷᠳᠡᠭ ᠢ ᠳᠣᠷᠣᠭᠰᠢᠯᠠᠭᠤᠯᠣᠨ᠎ᠠ᠃ ᠠᠶᠣᠯᠬᠦᠢ ᠣᠶᠢᠯᠡᠳᠪᠣᠷᠢᠯᠡᠯ ᠤᠨ ᠴᠢᠳᠠᠪᠣᠷᠢ ᠶᠢ ᠪᠦᠬᠦ ᠳᠠᠯ᠎ᠠ ᠪᠠᠷ ᠳᠡᠬᠡᠭᠰᠢᠯᠡᠬᠦᠯᠵᠣ᠂ ᠠᠶᠣᠯᠬᠦᠢ ᠶᠢᠨ ᠬᠢᠨᠡᠨ ᠬᠠᠮᠢᠶᠠᠷᠣᠯᠳᠠ ᠶᠢᠨ ᠴᠢᠮᠡᠭᠡ ᠵᠠᠩᠬᠢᠵᠢᠯᠳᠠ ᠶᠢᠨ ᠳᠠᠪᠴᠠᠩ ᠢ ᠪᠠᠶᠢᠭᠤᠯᠵᠣ᠂ ᠲᠦᠷᠥᠯ ᠵᠣᠶᠢᠯ ᠢ ᠠᠶᠣᠯᠬᠦᠢ ᠪᠠᠷ ᠳᠣᠭᠳᠠᠭᠤᠨ ᠣᠶᠢᠯᠡᠳᠪᠣᠷᠢᠯᠡᠬᠦ ᠎ ᠶᠢ ᠪᠠᠳᠣᠯᠠᠨ᠎ᠠ᠃      ︵ᠬᠤᠶᠠᠷ︶ ᠪᠥᠳᠤᠴᠠ ᠳᠤ ᠳᠤᠬᠢᠷᠠᠭᠤᠯᠤᠯᠳᠠ ᠬᠢᠵᠤ᠂ ᠨᠡᠷᠡᠳᠤ ᠳᠡᠮᠳᠡᠭ ᠢ ᠡᠭᠦᠳᠤᠠ᠂ ᠮᠠᠯᠴᠢᠠ ᠳᠠᠷᠢᠶᠠᠴᠢᠠ ᠤ ᠤᠷᠤᠯᠭ᠎ᠠ ᠶᠢ ᠨᠡᠮᠡᠭᠳᠡᠬᠦᠯᠬᠦ ᠵᠠᠮ ᠮᠥᠷ ᠢ ᠥᠷᠭᠡᠳᠭᠡᠨ᠎ᠠ᠃ ᠮᠠᠯ ᠳᠠᠷᠢᠶᠠᠯᠠᠩ ᠤᠨ ᠬᠠᠩᠭᠠᠯᠭ᠎ᠠ ᠶᠢᠨ ᠳᠠᠯ᠎ᠠ ᠶᠢᠨ ᠪᠥᠳᠤᠴᠠ ᠶᠢᠨ ᠴᠢᠨᠡᠷᠳᠡᠢ ᠥᠭᠡᠷᠡᠴᠢᠯᠠᠯᠳᠠ ᠶᠢ ᠲᠥᠷᠭᠡᠳᠭᠡᠠ ᠠᠬᠢᠭᠤᠯᠵᠤ᠂ ᠮᠠᠯᠵᠢᠬᠤ ᠳᠠᠷᠢᠶᠠᠯᠠᠬᠤ ᠤᠷᠤᠠ ᠤ ᠭᠠᠵᠠᠷ ᠰᠢᠷᠣᠢ ᠶᠢᠨ ︽ᠭᠤᠷᠪᠠᠠ ᠡᠷᠭᠡ ᠶᠢ ᠰᠠᠯᠭᠠᠬᠤ︾᠎ ᠶᠢ ᠲᠥᠯᠬᠢᠠ ᠠᠬᠢᠭᠤᠯᠵᠤ᠂ ᠳᠤᠬᠢᠳᠡᠢ ᠭᠡᠪᠴᠢᠶᠡᠵᠢᠬᠦᠯᠤᠠ ᠡᠵᠡᠩᠨᠡᠬᠦ ᠶᠢ ᠠᠬᠢᠭᠤᠯᠤᠠ᠂ ᠲᠤᠯᠤᠭᠠᠶᠢᠯᠠᠭᠴᠢ ᠠᠵᠤ ᠠᠬᠤᠶᠢᠯᠠᠯ ᠪᠤᠯᠤᠠ ᠮᠠᠯᠴᠢᠠ ᠲᠠᠷᠢᠶᠠᠴᠢᠠ ᠎ ᠤ ᠠᠰᠢᠭ ᠤᠷᠤᠯᠭ᠎ᠠ ᠬᠤᠯᠪᠤᠯᠳᠤᠭᠰᠠᠠ ᠳᠣᠭᠳᠠᠯᠴᠠᠭ᠎ᠠ ᠶᠢ ᠳᠡᠭᠦᠯᠳᠡᠷᠵᠢᠬᠦᠯᠵᠤ᠂ ᠳᠠᠷᠢᠶᠠᠯᠠᠩ ᠮᠠᠯ ᠠᠵᠤ ᠠᠬᠤᠢ ᠎ ᠶᠢᠨ ᠬᠥᠭᠵᠢᠯᠳᠠ ᠶᠢᠨ ᠥᠷ᠎ᠡ ᠠᠰᠢᠭ ᠢ ᠨᠡᠮᠡᠭᠳᠡᠬᠦᠯᠥᠨ᠎ᠠ᠃      ᠳᠠᠷᠢᠵᠣ ᠳᠡᠵᠢᠭᠡᠬᠦ ᠪᠥᠳᠤᠴᠠ ᠶᠢ ᠰᠢᠯᠢᠳᠡᠭᠵᠢᠬᠦᠯᠤᠨ᠎ᠠ᠃ ᠭᠤᠷᠪᠠᠳᠤᠭᠠᠷ ᠤᠳᠠᠭᠠᠠ ᠤ ᠳᠠᠷᠢᠶᠠᠯᠠᠩ ᠮᠠᠯ ᠠᠵᠤ ᠠᠬᠤᠢ ᠤᠨ ᠨᠡᠶᠢᠳᠠᠮ ᠪᠡᠶᠢᠴᠠᠭᠠᠯᠳᠠ ᠶᠢ ᠪᠡᠶᠡᠯᠡᠬᠦᠯᠵᠤ᠂ ᠪᠡᠶᠢᠳᠠᠯ ᠢ ᠤᠨᠤᠪᠴᠢᠳᠡᠢ ᠳᠤᠳᠤᠷᠬᠠᠢ ᠣᠶᠢᠯᠠᠭᠠᠠ᠂ ᠠᠮᠤ ᠪᠤᠳᠠᠭᠠᠠ ᠤ ᠳᠠᠷᠢᠮᠠᠯ᠂ ᠠᠵᠤ ᠠᠬᠤᠢ ᠶᠢᠨ ᠳᠠᠷᠢᠮᠠᠯ᠂ ᠡᠪᠡᠰᠣ ᠪᠤᠷᠳᠤᠭᠠᠠ ᠤ ᠳᠠᠷᠢᠮᠠᠯ ᠵᠣᠬᠢᠴᠠᠩᠭᠤᠢ ᠬᠦᠭᠵᠢᠬᠦ ᠶᠢ ᠰᠢᠡᠵᠢᠯᠡᠬᠦ ᠤᠬᠠᠭᠠᠠᠴᠢ ᠪᠠᠷ ᠲᠥᠯᠬᠢᠠ ᠠᠬᠢᠭᠤᠯᠤᠨ᠎ᠠ᠃ ᠰᠢᠷᠬᠤᠰᠣᠠ ᠭᠤᠣᠯ ᠤᠨ ᠤᠷᠤᠰᠬᠠᠯ ᠳᠠᠭᠠᠤ ᠤᠷᠤᠠ ᠳᠤ ︽ᠳᠠᠷᠢᠵᠤ ᠳᠡᠵᠢᠭᠡᠬᠦ ᠶᠢ ᠤᠶᠠᠯᠳᠤᠭᠤᠯᠤᠭᠰᠠᠠ︾ ᠳᠠᠷᠢᠶᠠᠯᠠᠩ ᠤᠨ ᠭᠥᠭᠵᠢᠯᠳᠠ ᠶᠢᠨ ᠭᠡᠯᠪᠡᠷᠢ ᠶᠢ ᠭᠤᠤᠯᠳᠠᠯᠭᠠᠳᠡᠢ ᠳᠥᠯᠬᠢᠠ ᠠᠬᠢᠭᠤᠯᠵᠤ᠂ ᠰᠢᠯᠢᠳᠡᠭ ᠡᠪᠡᠰᠣ ᠪᠡᠯᠴᠢᠬᠡᠷ ᠪᠠ ᠪᠤᠬᠢᠷᠳᠤᠯ ᠥᠭᠡᠢ ᠢᠳᠡᠰᠢᠠ ᠨᠤᠭᠤᠭᠠᠠ ᠎ ᠤ ᠳᠠᠷᠢᠮᠠᠯ ᠤᠨ ᠪᠥᠳᠤᠴᠠ ᠶᠢ ᠰᠢᠯᠢᠳᠡᠭᠵᠢᠬᠦᠯᠤᠠ᠂ ᠳᠤᠰ ᠵᠢᠯ ᠳᠤ 1 ᠲᠥᠮᠡᠠ ᠮᠣ᠋ ᠰᠢᠯᠢᠳᠡᠭ ᠲᠡᠵᠢᠭᠡᠯ ᠪᠤᠷᠳᠤᠭᠠᠠ ᠤ ᠲᠠᠷᠢᠮᠠᠯ ᠢ ᠰᠢᠨ᠎ᠠ ᠪᠠᠷ ᠳᠠᠷᠢᠨ᠎ᠠ︔ ᠳᠤᠯᠠᠭᠠᠠ ᠬᠥᠯᠡᠮᠵᠢ ᠶᠢᠨ ᠢᠳᠡᠰᠢᠠ ᠨᠤᠭᠤᠭᠠᠠ ᠤ ᠥᠢᠯᠡᠰ ᠤᠨ ᠭᠥᠭᠵᠢᠯᠳᠠ ᠶᠢ ᠳᠠᠮᠵᠢᠵᠤ᠂ ᠰᠢᠨ᠎ᠠ ᠪᠠᠷ 1.5 ᠲᠥᠮᠠᠠ ᠮᠤ᠋ ᠶᠢᠨ ᠢᠳᠡᠰᠢᠠ ᠨᠤᠭᠤᠭᠠᠠ ᠤ ᠲᠠᠷᠢᠮᠠᠯ ᠢ ᠨᠡᠮᠡᠭᠳᠡᠬᠦᠯᠥᠨ᠎ᠠ︔ 3 ᠲᠥᠮᠠᠠ ᠮᠤ᠋ ᠶᠢᠨ ᠤᠳᠤᠬᠢᠴᠢᠯᠠᠭᠰᠠᠠ ᠳᠠᠷᠢᠶᠠᠯᠠᠩ ᠤᠨ ᠰᠠᠭᠤᠷᠢᠠ ᠭᠠᠵᠠᠷ ᠢ ᠰᠢᠨ᠎ᠠ ᠪᠠᠷ ᠪᠡᠶᠢᠭᠤᠯᠤᠠ᠂ 4 ᠲᠥᠮᠠᠠ ᠮᠣ᠋ ᠶᠢᠨ ᠤᠰᠤ ᠠᠷᠪᠢᠯᠠᠬᠤ ᠤᠰᠤᠯᠠᠯᠳᠠ ᠶᠢ ᠳᠡᠯᠭᠡᠷᠡᠭᠦᠯᠤᠨ᠎ᠠ᠃ ᠭᠠᠵᠠᠷ ᠰᠢᠷᠤᠢ᠂ ᠨᠤᠳᠤᠭ ᠪᠡᠯᠴᠢᠭᠡᠷ ᠤᠨ ᠡᠵᠡᠩᠨᠡᠯᠳᠠ ᠶᠢᠨ ᠡᠷᠭᠡ ᠶᠢᠨ ᠡᠷᠬᠢᠯᠳᠠ᠂ ᠪᠠᠷᠢᠴᠠᠭᠠᠯᠠᠠ ᠠᠷᠠᠯᠵᠢᠶᠠᠯᠠᠬᠤ ᠳᠠᠪᠴᠠᠩ ᠢ ᠪᠡᠶᠢᠭᠤᠯᠵᠤ᠂ ᠭᠠᠵᠠᠷ ᠰᠢᠷᠤᠢ᠂ ᠨᠤᠳᠤᠭ ᠪᠡᠯᠴᠢᠭᠡᠷ ᠤᠨ ᠡᠵᠡᠩᠨᠡᠯᠳᠠ ᠶᠢᠨ ᠡᠷᠭᠡ ᠶᠢ ᠳᠠᠷᠢᠵᠤ ᠳᠠᠵᠢᠭᠡᠬᠦ ᠳᠤᠮᠤ ᠡᠷᠤᠭᠡ ᠪᠡ ᠳᠤᠯᠤᠭᠠᠶᠢᠯᠠᠭᠴᠢ ᠠᠵᠤ ᠠᠬᠤᠶᠢᠯᠠᠯ ᠳᠠᠰᠢ ᠰᠢᠯᠵᠢᠬᠦᠯᠬᠦ ᠶᠢ ᠠᠬᠢᠭᠤᠯᠤᠠ᠂ ᠳᠤᠰ ᠵᠢᠯ ᠳᠤ 20 ᠳᠤᠰᠬᠠᠢ ᠬᠤᠷᠰᠢᠶᠠᠵᠢᠯ ᠢ ᠳᠠᠮᠵᠢᠠ ᠳᠤᠰᠠᠯᠠᠵᠤ᠂ 160 ᠡᠷᠤᠭᠡ ᠤᠳᠤᠬᠢᠴᠢᠯᠠᠭᠰᠠᠠ ᠭᠡᠷ ᠪᠥᠯᠢ ᠶᠢᠨ ᠮᠠᠯᠵᠢᠯ ᠤᠨ ᠳᠠᠯᠠᠪᠣᠷ ᠢ ᠪᠣᠢ ᠪᠣᠯᠭᠠᠨ᠎ᠠ᠃ ᠲᠡᠵᠢᠭᠡᠪᠤᠷᠢ ᠶᠢᠨ ᠥᠢᠯᠡᠰ ᠤᠨ ᠭᠤᠷᠪᠠᠠ ᠶᠡᠭᠡ ᠭᠤᠤᠯᠯᠠᠬᠤ ᠠᠵᠤ ᠥᠢᠯᠡᠰ ᠤᠨ ᠴᠢᠨᠡᠷ ᠢ ᠳᠡᠬᠡᠭᠰᠢᠯᠡᠬᠦᠯᠬᠦ ᠢᠨᠵᠧᠨᠧᠷᠢᠩ ᠢ ᠭᠡᠷᠡᠭᠵᠢᠬᠦᠯᠵᠤ᠂ ᠠᠮᠢᠳᠠᠠ ᠤ ᠬᠢᠵᠢᠭ ᠢ ᠰᠡᠷᠬᠡᠶᠢᠯᠡᠬᠦ ᠪᠡ ᠰᠢᠯᠢᠳᠡᠭ ᠡᠬᠦᠯᠳᠡᠷ ᠢ ᠦᠷᠡᠵᠢᠬᠦᠯᠥᠨ ᠪᠣᠶᠢᠵᠢᠭᠤᠯᠬᠤ ᠰᠢᠰᠲ᠋ᠧᠮ ᠢ ᠳᠡᠬᠦᠯᠳᠡᠷᠵᠢᠬᠦᠯᠥᠨ᠂ ᠭᠡᠪᠴᠢᠶᠡᠵᠢᠭᠰᠡᠡ᠂ ᠪᠠᠷᠢᠮᠵᠢᠶᠠᠵᠢᠭᠰᠡᠡ᠂ ᠡᠷᠴᠢᠮᠵᠢᠭᠰᠡᠡ ᠳᠡᠵᠢᠭᠡᠪᠤᠷᠢ ᠶᠢᠨ ᠥᠢᠯᠡᠰ ᠢ ᠠᠬᠢᠭᠤᠯᠵᠤ᠂ ᠨᠠᠷᠢᠠ ᠨᠤᠤᠰᠤᠳᠤ ᠬᠤᠨᠢᠠ ᠤ ᠭᠡᠭᠡᠯᠳᠤᠭᠦᠯᠭᠡ ᠶᠢᠨ ᠥᠷᠳᠡᠭᠡ ᠶᠢ ᠰᠢᠨ᠎ᠠ ᠪᠠᠷ 40 ᠪᠡᠶᠢᠭᠤᠯᠤᠠ᠂ 50 ᠳᠤᠯᠤᠭᠠᠢ ᠠᠴᠠ ᠳᠡᠭᠡᠭᠰᠢ ᠠᠯᠠᠰᠢᠨ ᠥᠭᠡᠷ ᠮᠠᠯᠵᠢᠬᠤ ᠡᠷᠤᠭᠡ ᠶᠢ 15 ᠨᠡᠮᠡᠭᠳᠡᠬᠦᠯᠤᠠ᠂ ᠵᠢᠯ ᠤᠨ ᠭᠠᠷᠭᠠᠯᠳᠠ ᠨᠢ 300 ᠳᠤᠯᠤᠭᠠᠢ ᠠᠴᠠ ᠳᠡᠭᠡᠭᠰᠢ ᠭᠠᠭ᠋ᠠᠢ ᠳᠡᠵᠢᠭᠡᠬᠦ ᠡᠷᠤᠭᠡ ᠶᠢ 10 ᠪᠣᠢ ᠪᠣᠯᠭᠠᠨ᠎ᠠ᠃      ᠮᠠᠯ ᠳᠠᠷᠢᠶᠠᠯᠠᠩ ᠤᠨ ᠨᠡᠷᠡᠳᠤ ᠳᠡᠮᠳᠡᠭᠳᠣ ᠶᠢ ᠪᠣᠢ ᠪᠣᠯᠭᠠᠬᠤ ᠶᠢ ᠴᠢᠩᠭᠠᠳᠬᠠᠨ᠎ᠠ᠃ ᠮᠠᠯ ᠳᠠᠷᠢᠶᠠᠯᠠᠩ ᠤᠨ ᠠᠵᠤ ᠠᠬᠤᠶᠢᠯᠡᠯ ᠢ ᠳᠡᠮᠵᠢᠨ ᠨᠡᠷᠡᠳᠤ ᠳᠡᠮᠳᠡᠭᠴᠢᠯᠡᠬᠦ ᠪᠡᠶᠢᠭᠤᠯᠤᠯᠳᠠ ᠪᠠᠨ ᠴᠢᠩᠭᠠᠳᠬᠠᠵᠣ᠂ ᠵᠢᠯ ᠤᠨ ᠲᠤᠲᠤᠷ᠎ᠡ ᠲᠠᠭᠤᠷᠢᠶᠠᠯ ᠥᠵᠡᠭᠦᠯᠭᠦ ᠮᠠᠯ ᠤᠨ ᠠᠰᠢᠭ ᠰᠢᠮ᠎ᠡ᠂ ᠲᠠᠷᠢᠶᠠᠯᠡᠩ ᠤᠨ ᠪᠥᠳᠥᠭᠡᠭᠳᠠᠭᠦᠨ ᠢ 2 ᠰᠤᠩᠭᠤᠨ ᠭᠠᠷᠭᠠᠵᠤ᠂ ᠭᠠᠵᠠᠷ ᠵᠦᠢ ᠶᠢᠨ ᠪᠡᠯᠬᠡ ᠲᠡᠮᠲᠡᠭᠲᠤ ᠪᠦᠲᠦᠬᠡᠭᠳᠠᠬᠦᠨ ᠢ 2 ᠰᠢᠨ᠎ᠡ ᠪᠠᠷ ᠨᠡᠮᠡᠭᠳᠡᠬᠦᠯᠥᠨ᠂ ᠤᠯᠤᠰ ᠤᠨ ᠲᠡᠰ ᠤᠨ ᠲᠠᠷᠢᠶᠠᠯᠡᠩ ᠤᠨ ᠪᠠᠷᠢᠮᠵᠢᠶᠠᠵᠢᠭᠰᠡᠡ ᠳᠠᠭᠤᠷᠢᠶᠠᠯ ᠤᠷᠤᠨ ᠢ 1 ᠡᠬᠦᠳᠣᠨ ᠪᠡᠶᠢᠭᠤᠯᠤᠨ᠎ᠠ᠃ ᠲᠤᠯᠤᠭᠠᠶᠢᠯᠠᠭᠴᠢ ᠠᠵᠤ ᠠᠬᠤᠶᠢᠯᠠᠯ ᠪᠣᠯᠤᠨ ᠮᠠᠯᠴᠢᠨ ᠲᠠᠷᠢᠶᠠᠴᠢᠨ ᠤ ᠠᠰᠢᠭ ᠤᠷᠤᠯᠭ᠎ᠠ ᠶᠢᠨ ᠬᠤᠯᠪᠤᠯᠳᠤᠭᠰᠠᠨ ᠳᠤᠭᠳᠠᠯᠴᠠᠭ᠎ᠠ ᠶᠢ ᠲᠡᠭᠦᠯᠳᠡᠷᠵᠢᠭᠦᠯᠥᠨ᠂ ᠣᠷᠳᠣᠰ ᠤᠨ ᠨᠠᠷᠢᠨ ᠨᠤᠤᠰᠤᠲᠤ ᠬᠤᠨᠢᠨ ᠤ ᠭᠤᠤᠯ ᠮᠠᠯᠵᠢᠯ ᠤᠨ ᠤᠷᠤᠨ ᠳᠤ ᠵᠠᠰᠠᠭ ᠤᠨ ᠤᠷᠳᠤᠨ ᠤ ᠨᠦᠬᠦᠪᠦᠷᠢ ᠪᠤᠯᠤᠨ ᠲᠤᠯᠤᠭᠠᠶᠢᠯᠬᠠᠴᠢ ᠠᠵᠤ ᠠᠬᠤᠶᠢᠯᠠᠯ ᠠᠴᠠ ᠵᠠᠷᠤᠳᠠᠯ ᠢ ᠬᠤᠪᠢᠶᠠᠯᠴᠠᠬᠤ ᠶᠢ ᠤᠶᠠᠯᠳᠤᠭᠤᠯᠤᠭᠰᠡᠠ ᠶᠠᠰᠤ ᠴᠢᠨᠠᠷ᠂ ᠠᠮᠤᠷ ᠲᠦᠪᠰᠢᠨ ᠢ ᠮᠥᠷᠳᠡᠵᠦ ᠪᠤᠯᠬᠤ ᠳᠤᠭᠳᠠᠯᠴᠠᠭ᠎ᠠ ᠶᠢ ᠰᠥᠪᠡᠭᠴᠢᠯᠡᠨ ᠪᠠᠶᠢᠭᠤᠯᠵᠤ᠂ ᠤᠯᠤᠰ ᠤᠨ ᠮᠠᠯ ᠤᠨ ᠠᠰᠢᠭ ᠰᠢᠮ᠎ᠡ᠂ ᠲᠠᠷᠢᠶᠠᠯᠡᠩ ᠤᠨ ᠪᠦᠳᠦᠭᠡᠭᠳᠠᠬᠦᠨ ᠤ ᠶᠠᠰᠤ ᠴᠢᠨᠠᠷ ᠠᠮᠤᠷ ᠲᠥᠪᠰᠢᠨ ᠢ ᠬᠢᠨᠠᠨ ᠬᠠᠮᠢᠶᠠᠷᠬᠤ ᠲᠠᠭᠤᠷᠢᠶᠠᠯ ᠬᠤᠰᠢᠭᠤ ᠶᠢ ᠡᠬᠦᠳᠣᠨ ᠪᠠᠶᠢᠭᠤᠯᠤᠨ᠎ᠠ᠃ ᠮᠠᠯ ᠲᠠᠷᠢᠶᠠᠯᠡᠩ ᠤᠨ ᠨᠡᠶᠢᠬᠡᠮᠴᠢᠯᠡᠭᠰᠡᠨ ᠥᠢᠯᠡᠴᠢᠯᠡᠭᠡᠠ ᠤ ᠳᠣᠭᠳᠠᠯᠴᠠᠭ᠎ᠠ ᠶᠢ ᠪᠦᠷᠢᠨᠰᠢᠬᠦᠯᠵᠣ᠂ ᠮᠠᠯ ᠲᠠᠷᠢᠶᠠᠯᠡᠩ ᠤᠨ ᠶᠡᠷᠤᠩᠭᠡᠶᠢᠯᠡᠭᠰᠡᠡ ᠮᠡᠳᠡᠭᠡ ᠵᠠᠩᠬᠢ ᠶᠢᠨ ᠥᠢᠯᠡᠴᠢᠯᠡᠭᠡᠠ ᠤ ᠲᠠᠪᠴᠠᠩ ᠢ ᠳᠡᠬᠦᠯᠳᠡᠷᠵᠢᠬᠦᠯᠥᠨ᠂ ᠵᠠᠰᠠᠭ ᠤᠨ ᠤᠷᠳᠤᠨ ᠠᠴᠠ ᠤᠯᠠᠨ ᠨᠡᠶᠢᠳ᠋ᠨ ᠶᠢᠨ ᠥᠢᠯᠡᠴᠢᠯᠡᠭᠡ ᠶᠢ ᠬᠤᠳᠠᠯᠳᠤᠨ ᠠᠪᠬᠤ ᠠᠷᠭ᠎ᠠ ᠪᠠᠷ ᠰᠢᠡᠵᠢᠯᠡᠭᠦ ᠤᠬᠠᠭᠠᠠ ᠮᠡᠷᠭᠡᠵᠢᠯ ᠤᠨ ᠠᠵᠤ ᠠᠬᠤᠶᠢᠯᠠᠯ ᠢ ᠵᠤᠬᠢᠶᠠᠠ ᠪᠡᠶᠢᠭᠤᠯᠵᠤ ᠦᠢᠯᠠᠳᠪᠦᠷᠢᠯᠡᠬᠦ ᠠᠴᠠ ᠡᠮᠤᠨ᠎ᠡ᠂ ᠥᠢᠯᠡᠳᠪᠤᠷᠢᠯᠡᠯ ᠤᠨ ᠳᠤᠮᠳᠠ᠂ ᠥᠢᠯᠡᠳᠪᠤᠷᠢᠯᠡᠭᠰᠡᠠ ᠤ ᠲᠠᠷᠠᠭᠠᠬᠢ ᠥᠢᠯᠡᠴᠢᠯᠡᠭᠡ ᠬᠢᠯᠭᠡᠵᠤ᠂ ᠲᠠᠷᠢᠶᠠᠯᠡᠩ ᠮᠠᠯ ᠠᠵᠤ ᠠᠬᠤᠢ ᠶᠢᠨ ᠥᠢᠯᠡᠳᠪᠤᠷᠢᠯᠡᠯ ᠎ ᠢ ᠢᠳᠡᠭ ᠢᠳᠡᠭ ᠢᠶᠠᠷ ᠳᠤᠰᠬᠠᠶᠢᠵᠢᠭᠰᠡᠠ᠂ ᠪᠠᠷᠢᠮᠵᠢᠶᠠᠵᠢᠨᠨᠰᠠᠨ᠂ ᠨᠠᠷᠡᠳᠤ ᠲᠡᠮᠲᠡᠭᠴᠢᠯᠡᠭᠰᠡᠠ ᠭᠦᠭᠵᠢᠯᠳᠡ ᠶᠢᠨ ᠵᠠᠮ ᠎ ᠢᠶᠠᠷ ᠲᠥᠯᠬᠢᠨ ᠠᠬᠢᠭᠤᠯᠣᠨ᠎ᠠ᠃      ᠮᠠᠯ ᠤᠨ ᠠᠰᠢᠭ ᠰᠢᠮ᠎ᠡ᠂ ᠲᠠᠷᠢᠶᠠᠯᠡᠩ ᠤᠨ ᠪᠦᠳᠦᠬᠡᠭᠳᠠᠭᠦᠨ ᠢ ᠡᠵᠡᠩᠨᠡᠨ ᠪᠣᠷᠣᠯᠠᠭᠤᠯᠬᠤ ᠬᠢᠷᠢ ᠲᠦᠪᠰᠢᠨ ᠢ ᠳᠡᠭᠡᠭᠰᠢᠯᠡᠭᠦᠯᠤᠨ᠎ᠠ᠃ ᠲᠤᠰᠬᠠᠢ ᠬᠤᠷᠰᠢᠶᠠᠵᠢᠯ ᠤᠨ ᠵᠤᠬᠢᠶᠠᠨ ᠪᠠᠶᠢᠭᠤᠯᠤᠯᠳᠠ ᠪᠠ ᠲᠤᠯᠤᠭᠠᠶᠢᠯᠬᠠᠴᠢ ᠠᠵᠤ ᠠᠬᠤᠶᠢᠯᠠᠯ ᠪᠤᠯᠤᠨ ᠬᠥᠬᠡᠬᠤᠲᠡ᠂ ᠪᠤᠭᠤᠲᠤ ᠵᠡᠷᠬᠡ ᠭᠠᠵᠠᠷ ᠤᠨ ᠵᠠᠬ᠎ᠠ ᠳᠡᠯᠭᠡᠭᠦᠷ ᠲᠠᠢ ᠵᠠᠯᠭᠠᠯᠳᠤᠬᠤ ᠶᠢ ᠲᠠᠮᠵᠢᠨ᠂ ᠤᠷᠤᠨ ᠨᠣᠳᠤᠭ ᠤᠨ ᠴᠢᠨᠠᠷᠲᠡᠢ ᠵᠠᠬ᠎ᠠ ᠳᠡᠯᠭᠡᠭᠦᠷ ᠤᠨ ᠬᠠᠮᠳᠤᠷᠠᠯᠴᠠᠭ᠎ᠠ ᠶᠢ ᠴᠢᠩᠭᠠᠳᠬᠠᠠ᠂ ᠭᠡᠷᠡᠭᠴᠡᠭᠡᠠ ᠤ ᠬᠢᠷᠢ ᠎ ᠪᠠᠷ ᠳᠠᠷᠢᠵᠤ᠂ ᠥᠪᠡᠷᠮᠢᠴᠠ ᠤᠡᠴᠠᠯᠢᠭ ᠪᠥᠬᠦᠢ ᠪᠥᠳᠤᠭᠡᠭᠳᠠᠭᠦᠠ ᠢ ᠵᠠᠬᠢᠶᠠᠯᠠᠠ ᠥᠢᠯᠡᠳᠪᠤᠷᠢᠯᠡᠵᠤ᠂ ᠬᠥᠭᠡᠬᠤᠳᠠ᠂ ᠪᠤᠭᠤᠳᠤ᠂ ᠤᠷᠳᠤᠰ ᠤᠷᠤᠠ ᠤ ᠰᠢᠯᠢᠳᠡᠭ ᠴᠢᠨᠡᠷ ᠤᠨ ᠮᠠᠯ ᠳᠠᠷᠢᠶᠠᠯᠠᠩ ᠤᠨ ᠪᠥᠳᠤᠭᠡᠭᠳᠠᠭᠦᠠ ᠤ ᠬᠠᠩᠭᠠᠯᠭ᠎ᠠ ᠶᠢᠨ ᠤᠷᠤᠠ ᠢ ᠪᠡᠶᠢᠭᠤᠯᠤᠨ᠎ᠠ᠃ ᠠᠯᠠᠰᠢᠠ ᠤ ᠭᠠᠵᠠᠷ ᠢ 2 ᠰᠢᠨ᠎ᠡ ᠪᠠᠷ ᠥᠭᠡᠷᠡᠴᠢᠯᠠᠠ ᠪᠡᠶᠢᠭᠤᠯᠵᠤ᠂ ᠮᠠᠯᠴᠢᠠ ᠳᠠᠷᠢᠶᠠᠴᠢᠠ ᠢ ᠳᠤᠯᠤᠭᠠᠶᠢᠯᠠᠭᠴᠢ ᠠᠵᠤ ᠠᠬᠤᠶᠢᠯᠠᠯ ᠲᠠᠢ ᠬᠤᠷᠰᠢᠬᠤ ᠶᠢ ᠵᠢᠯᠤᠭᠤᠳᠤᠠ᠂ 2᠎ ᠠᠴᠠ ᠳᠡᠭᠡᠭᠰᠢ ᠮᠠᠯ ᠎ ᠤᠨ ᠠᠰᠢᠭ ᠰᠢᠮ᠎ᠠ᠂ ᠳᠠᠷᠢᠶᠠᠯᠠᠩ ᠤᠨ ᠪᠥᠳᠤᠭᠡᠭᠳᠠᠭᠦᠠ ᠢ ᠬᠦᠨᠵᠡᠬᠡᠢ ᠪᠤᠯᠪᠠᠰᠤᠷᠠᠭᠤᠯᠬᠤ ᠲᠥᠷᠤᠯ ᠵᠥᠢᠯ ᠢ ᠤᠷᠤᠭᠤᠯᠵᠤ᠂ ᠬᠦᠷᠦᠬᠡᠵᠣ ᠬᠦᠯᠳᠡᠬᠡᠬᠦ ᠬᠡᠯᠬᠢᠶᠠᠨ ᠤ ᠪᠠᠷᠠᠭᠠᠨ ᠬᠥᠢᠯᠭᠡᠭᠡ ᠶᠢ ᠪᠣᠢ ᠪᠣᠯᠭᠠᠨ᠂ ᠮᠠᠯ ᠤᠨ ᠠᠰᠢᠭ ᠰᠢᠮ᠎ᠠ᠂ ᠳᠠᠷᠢᠶᠠᠯᠠᠩ ᠤᠨ ᠪᠥᠳᠤᠭᠡᠭᠳᠠᠭᠦᠠ ᠢ ᠣᠨᠳᠣᠣᠰᠢᠭᠤᠯᠣᠨ ᠥᠷᠳᠡᠭ ᠨᠡᠮᠡᠭᠳᠡᠬᠦᠯᠬᠦ ᠶᠢ ᠪᠠᠶᠠᠯᠡᠬᠦᠯᠥᠨ᠎ᠠ᠃ ᠢᠳᠡᠰᠢᠠ ᠨᠤᠭᠤᠭ᠎ᠠ᠂ ᠮᠢᠬᠠᠠ ᠤ ᠲᠥᠷᠤᠯ ᠵᠡᠷᠭᠡ ᠮᠠᠯ ᠤᠨ ᠠᠰᠢᠭ ᠰᠢᠮ᠎ᠠ᠂ ᠳᠠᠷᠢᠶᠠᠯᠠᠩ ᠤᠨ ᠪᠥᠳᠤᠭᠡᠭᠳᠠᠭᠦᠠ ᠢ ᠡᠯ᠎ᠡ ᠲᠥᠷᠤᠯ ᠤᠨ ᠥᠵᠡᠬᠦᠯᠤᠯᠭᠡ ᠳᠤ ᠤᠷᠤᠯᠴᠠᠭᠤᠯᠬᠤ ᠶᠢ ᠵᠤᠬᠢᠶᠠᠠ ᠪᠡᠶᠢᠭᠤᠯᠵᠤ᠂ ᠪᠥᠳᠤᠭᠡᠭᠳᠠᠭᠦᠠ ᠤ ᠨᠡᠷ᠎ᠡ ᠠᠯᠳᠠᠷᠰᠢᠯ ᠤᠨ ᠬᠡᠮᠵᠢᠶ᠎ᠠ ᠶᠢ ᠳᠡᠬᠡᠭᠰᠢᠯᠡᠬᠦᠯᠥᠨ᠎ᠠ᠃      ︵ᠭᠤᠷᠪᠠ︶ ᠠᠭᠤᠰᠤᠯᠴᠠᠯ ᠢ ᠠᠬᠢᠭᠤᠯᠤᠠ᠂ ᠵᠡᠷᠭᠡ ᠳᠡᠪᠰᠢᠭᠦᠯᠵᠤ᠂ ᠤᠳᠤ ᠥᠶ᠎ᠡ ᠶᠢᠨ ᠥᠢᠯᠡᠴᠢᠯᠡᠭᠡᠡ ᠤ ᠥᠢᠯᠡᠰ ᠤᠨ ᠭᠥᠭᠵᠢᠯᠳᠠ ᠶᠢᠨ ᠰᠢᠨ᠎ᠠ ᠳᠠᠪᠠᠭᠤᠯᠢᠭ ᠢ ᠪᠣᠢ ᠪᠣᠯᠭᠠᠨ᠎ᠠ᠃ ᠵᠢᠭᠤᠯᠴᠢᠯᠠᠯ ᠤᠨ ᠥᠢᠯᠡᠰ ᠪᠤᠯᠤᠠ ᠤᠳᠤᠬᠢᠴᠢᠯᠠᠭᠰᠠᠠ ᠪᠠᠷᠠᠭᠠᠨ ᠬᠥᠢᠯᠭᠡᠭᠡ ᠶᠢᠨ ᠥᠢᠯᠡᠰ ᠠᠴᠠ ᠭᠠᠷᠳᠠᠠ ᠲᠥᠯᠤᠪᠵᠢᠬᠦᠯᠤᠠ ᠵᠢᠯᠤᠭᠤᠳᠴᠤ᠂ ᠲᠥᠷᠤᠯ ᠵᠥᠢᠯ ᠢᠶᠠᠷ ᠳᠡᠶᠢᠴᠢᠯᠠᠠ᠂ ᠥᠢᠯᠡᠴᠢᠯᠡᠭᠡᠡ ᠤ ᠥᠢᠯᠡᠰ ᠤᠨ ᠭᠥᠭᠵᠢᠯᠳᠠ ᠶᠢᠨ ᠬᠤᠷᠳᠤᠴᠠ ᠶᠢᠨ ᠨᠡᠮᠡᠭᠳᠡᠯ᠂ ᠭᠥᠡᠳᠤᠴᠠ ᠶᠢᠨ ᠨᠡᠮᠡᠭᠳᠠᠯ ᠪᠤᠯᠤᠠ ᠬᠢᠷᠢ ᠳᠥᠪᠰᠢᠠ ᠤ ᠳᠡᠬᠡᠭᠰᠢᠯᠡᠯᠳᠡ ᠶᠢ ᠪᠡᠶᠡᠯᠡᠬᠦᠯᠬᠦ ᠶᠢ ᠲᠥᠯᠬᠢᠠ ᠠᠬᠢᠭᠤᠯᠣᠨ᠎ᠠ᠃      ᠪᠥᠬᠦ ᠣᠷᠣᠨ ᠭᠡᠪᠴᠢᠶᠠᠠ ᠤ ᠵᠢᠭᠤᠯᠴᠢᠯᠠᠯ ᠤᠨ ᠬᠥᠭᠵᠢᠯᠳᠠ ᠶᠢᠨ ᠰᠢᠨ᠎ᠡ ᠪᠠᠶᠢᠳᠠᠯ ᠢ ᠪᠣᠢ ᠪᠣᠯᠭᠠᠨ᠎ᠠ᠃ ︽ᠪᠥᠬᠦ ᠣᠷᠣᠨ ᠭᠡᠪᠴᠢᠶᠠᠠ ᠤ ᠵᠢᠭᠤᠯᠴᠢᠯᠠᠯ ᠤᠨ ᠰᠢᠪᠳᠤᠯᠤᠯᠳᠠ ᠶᠢᠨ ᠵᠢᠯ︾᠎ ᠤᠨ ᠡᠯ᠎ᠡ ᠲᠥᠷᠤᠯ ᠤᠨ ᠡᠭᠦᠷᠭᠡ ᠶᠢ ᠨᠡᠶᠢᠳᠠᠪᠤᠷᠢᠵᠢᠭᠤᠯᠬᠤ ᠶᠢ ᠰᠡᠶᠢᠳᠤᠷ ᠠᠳᠬᠤᠵᠤ᠂ ᠪᠥᠬᠦ ᠣᠷᠣᠨ ᠭᠡᠪᠴᠢᠶᠠᠠ ᠤ ᠵᠢᠭᠤᠯᠴᠢᠯᠠᠯ ᠤᠨ ᠭᠥᠭᠵᠢᠯᠳᠠ ᠶᠢ ᠳᠡᠮᠵᠢᠭᠦ ᠲᠥᠷᠤ ᠶᠢᠨ ᠪᠣᠳᠣᠯᠭ᠎ᠠ ᠠᠷᠭ᠎ᠠ ᠭᠡᠮᠵᠢᠶ᠎ᠠ ᠶᠢ ᠬᠡᠷᠡᠭᠵᠢᠬᠦᠯᠵᠣ᠂ ᠠᠭᠤᠯᠭ᠎ᠠ ᠪᠠᠷ ᠪᠠᠶᠠᠯᠢᠭ᠂ ᠪᠠᠶᠠᠴᠢᠯᠡᠨ ᠣᠶᠢᠯᠠᠭᠠᠬᠤ ᠴᠢᠨᠡᠷ ᠢᠶᠠᠷ ᠰᠡᠶᠢᠠ᠂ ᠣᠷᠣᠯᠴᠠᠬᠤ ᠬᠡᠮᠵᠢᠶ᠎ᠡ ᠥᠡᠳᠤᠷ᠂ ᠵᠤᠭ᠎ᠠ ᠴᠡᠩᠭᠡᠯᠳᠤ ᠴᠢᠨᠡᠷ ᠢᠶᠠᠷ ᠴᠢᠩᠭ᠎ᠠ ᠪᠥᠬᠦᠢ ᠥᠡᠳᠤᠰᠤᠳᠠᠠ ᠤ ᠵᠠᠩ ᠣᠶᠢᠯᠡ ᠶᠢᠨ ᠰᠤᠶᠤᠯ᠂ ᠪᠡᠶᠢᠭᠠᠯᠢ ᠠᠮᠢ ᠠᠬᠤᠢ ᠶᠢ ᠰᠤᠨᠢᠷᠬᠠᠬᠤ᠂ ᠬᠤᠪᠢᠰᠬᠠᠯ ᠤᠨ ᠬᠥᠮᠤᠵᠢᠯ ᠤᠨ ᠰᠤᠳᠤᠠ ᠵᠢᠭᠤᠯᠴᠢᠯᠡᠯ ᠤᠨ ᠵᠠᠮ ᠱᠤᠭᠤᠮ ᠳᠤ ᠥᠡᠳᠤᠷ ᠪᠠᠷᠢᠮᠵᠢᠶᠡᠳᠤ ᠲᠥᠯᠤᠪᠵᠢᠬᠦᠯᠭᠡ ᠬᠢᠵᠤ᠂ ᠪᠥᠬᠦ ᠣᠷᠣᠨ ᠭᠡᠪᠴᠢᠶᠠᠠ ᠤ ᠵᠢᠭᠤᠯᠴᠢᠯᠠᠯ ᠤᠨ ᠳᠠᠭᠤᠷᠢᠶᠠᠯ ᠤᠷᠤᠠ ᠢ ᠢᠳᠡᠪᠬᠢᠳᠡᠢ ᠴᠤᠭᠴᠠᠯᠠᠠ ᠪᠡᠶᠢᠭᠤᠯᠤᠨ᠎ᠠ᠃ ᠰᠢᠷᠬᠤᠰᠣ ᠬᠠᠭᠤᠴᠢ ᠥᠯᠡᠳᠡᠭᠳᠡᠯ ᠢ ᠳᠡᠯᠡᠬᠡᠢ ᠶᠢᠨ ᠪᠡᠶᠢᠭᠠᠯᠢ᠂ ᠰᠤᠶᠤᠯ ᠤᠨ ᠥᠪ ᠬᠥᠷᠤᠩᠭᠡ ᠪᠤᠯᠭᠠᠬᠤ ᠪᠠᠷ ᠭᠤᠶᠤᠴᠢᠯᠠᠠ ᠮᠡᠳᠡᠬᠦᠯᠬᠦ ᠠᠵᠢᠯ ᠢ ᠥᠷᠬᠦᠯᠵᠢᠯᠠᠠ ᠰᠡᠶᠢᠳᠤᠷ ᠬᠢᠵᠤ᠂ ᠰᠢᠷᠬᠤᠰᠤ ᠤᠯᠤᠰ ᠤᠨ ᠬᠠᠭᠤᠴᠢ ᠰᠤᠳᠤᠯᠤᠯ ᠎ ᠤᠨ ᠴᠡᠴᠡᠷᠯᠢᠭ ᠪᠡ ᠥᠣᠰᠢᠠ ᠰᠤᠶᠤᠯ ᠤᠨ ᠥᠢᠯᠡᠰ ᠤᠨ ᠬᠥᠷᠢᠶᠡᠯᠡᠩ ᠳᠣᠭᠤᠷᠢᠭ ᠢ ᠪᠥᠳᠤᠭᠡᠠ ᠪᠡᠶᠢᠭᠤᠯᠵᠤ᠂ ᠰᠤᠶᠤᠯ ᠤᠨ ᠰᠤᠯᠢᠯᠴᠠᠭᠠᠠ ᠤ ᠰᠢᠷᠢᠰ ᠠᠵᠢᠯᠯᠠᠭ᠎ᠠ ᠶᠢ ᠡᠷᠬᠢᠯᠡᠨ᠂ ᠰᠢᠷᠬᠤᠰᠣ ᠦᠵᠡᠮᠵᠢ ᠶᠢᠨ ᠣᠷᠣᠨ ᠤ ᠨᠡᠷ᠎ᠡ ᠠᠯᠳᠠᠷᠰᠢᠯ ᠤᠨ ᠬᠡᠮᠵᠢᠶ᠎ᠠ ᠶᠢ ᠳᠡᠬᠡᠭᠰᠢᠯᠡᠬᠦᠯᠥᠨ᠎ᠠ᠃ ᠬᠠᠯᠢᠭᠤᠳᠤ ᠶᠢᠨ ᠰᠥᠮ᠎ᠡ᠂ ︽ᠳᠤᠭᠤᠶᠢᠯᠠᠩ︾᠎ ᠤᠨ ᠬᠥᠳᠡᠯᠭᠡᠭᠡᠠ ᠤ ᠪᠠᠭᠤᠷᠢ ᠵᠢᠴᠢ 1949 ᠤᠠ ᠤ ᠨᠠᠮᠤᠷ ᠤᠨ ᠰᠡᠭᠦᠯᠴᠢ ᠶᠢᠨ ᠬᠤᠰᠢᠭᠤ ᠨᠠᠮ ᠤᠨ ᠬᠤᠷᠢᠶᠠᠠ ᠤ ᠬᠠᠭᠤᠴᠢᠠ ᠪᠠᠭᠤᠷᠢ ᠶᠢ ᠱᠠᠯᠠᠪᠳᠠᠠ ᠬᠠᠮᠠᠭᠠᠯᠠᠬᠤ ᠪᠡᠷᠢᠯᠭ᠎ᠠ ᠶᠢ ᠪᠡᠶᠡᠯᠡᠭᠦᠯᠤᠨ᠎ᠠ᠃ ᠵᠢᠭᠤᠯᠴᠢᠯᠠᠯ ᠤᠨ ᠳᠤᠨᠤᠭ ᠳᠥᠭᠦᠭᠡᠷᠤᠮᠵᠢ ᠶᠢ ᠳᠡᠬᠦᠯᠳᠡᠷᠵᠢᠬᠦᠯᠥᠨ᠂ ᠵᠢᠭᠤᠯᠴᠢᠯᠠᠭᠰᠠᠳ ᠢ ᠲᠥᠪᠯᠡᠷᠡᠭᠦᠯᠤᠠ ᠳᠠᠷᠬᠠᠭᠠᠬᠤ ᠲᠥᠪ ᠢ 1᠂ ᠵᠢᠭᠤᠯᠴᠢᠯᠠᠯ ᠤᠨ ᠤᠷᠤᠠ ᠤ ᠵᠤᠷᠯᠤᠩ ᠢ 30 ᠰᠢᠨ᠎ᠠ ᠪᠠᠷ ᠪᠡᠶᠢᠭᠤᠯᠵᠤ᠂ 4A ᠳᠡᠰ ᠤᠨ ᠥᠵᠡᠮᠵᠢ ᠶᠢᠨ ᠤᠷᠤᠠ ᠎ ᠳᠤ WiFi᠎ ᠶᠢ ᠨᠡᠶᠢᠳᠡᠮᠵᠢᠬᠦᠯᠤᠨ᠎ᠠ᠃ ᠪᠥᠷᠢᠳᠤ ᠶᠢᠨ ᠡᠯᠡᠰᠣ᠂ ᠪᠠᠶᠠᠠᠨᠠᠭᠤᠷ ᠤᠨ ᠲᠠᠯ᠎ᠡ ᠨᠤᠳᠤᠭ ᠤᠨ ᠠᠮᠢ ᠠᠬᠤᠢ ᠎ ᠶᠢᠨ ᠵᠢᠭᠤᠯᠴᠢᠯᠠᠯ ᠤᠨ ᠲᠥᠷᠣᠯ ᠵᠥᠢᠯ ᠢ ᠨᠡᠭᠡᠭᠡᠠ ᠭᠥᠭᠵᠢᠭᠦᠯᠵᠤ᠂ ᠥᠣᠰᠢᠡᠵᠤᠤ ᠵᠢᠭᠤᠯᠴᠢᠯᠠᠯ ᠤᠨ ᠤᠷᠤᠠ ᠢ 4A ᠳᠡᠰ ᠤᠨ ᠥᠵᠡᠮᠵᠢ ᠶᠢᠨ ᠤᠷᠤᠠ ᠪᠤᠯᠭᠠᠬᠤ ᠠᠵᠢᠯ ᠢ ᠡᠬᠢᠯᠡᠵᠤ ᠬᠢᠨ᠎ᠠ᠃      ᠵᠢᠭᠤᠯᠴᠢᠯᠠᠯ ᠤᠨ ᠠᠭᠤᠰᠤᠯᠴᠠᠯ ᠬᠥᠭᠵᠢᠯᠳᠠ ᠶᠢ ᠠᠬᠢᠭᠤᠯᠤᠨ᠎ᠠ᠃ ᠲᠠᠯ᠎ᠡ ᠨᠤᠳᠤᠭ ᠤᠨ ᠰᠤᠶᠤᠯ᠂ ᠬᠢᠯᠢ ᠴᠡᠶᠢᠵᠠ ᠶᠢᠨ ᠰᠤᠶᠤᠯ᠂ ᠬᠤᠪᠢᠰᠬᠠᠯ ᠤᠨ ᠰᠤᠶᠤᠯ ᠢ ᠬᠥᠡᠵᠡᠭᠡᠢ ᠠᠭᠤᠳᠠᠯᠯᠠᠵᠤ᠂ ᠥᠵᠡᠮᠵᠢ ᠶᠢᠨ ᠤᠷᠤᠠ ᠳᠤ ᠰᠤᠶᠤᠯ ᠢ ᠠᠭᠤᠰᠤᠯᠴᠠᠭᠤᠯᠤᠠ᠂ ᠥᠡᠳᠤᠰᠤᠳᠠᠠ ᠤ ᠤᠯᠠᠮᠵᠢᠯᠠᠯᠳᠤ ᠪᠡᠶ᠎ᠡ ᠳᠠᠮᠢᠷ ᠤᠨ ᠬᠥᠳᠡᠯᠭᠡᠭᠡᠡ ᠪᠡ ᠠᠮᠳᠠᠳᠤ ᠢᠳᠡᠭᠡᠡ ᠬᠢᠬᠦ ᠳᠤ ᠪᠠᠶᠠᠴᠢᠯᠡᠨ ᠣᠷᠣᠯᠴᠠᠬᠤ᠂ ᠮᠤᠷᠢᠠ ᠬᠤᠭᠤᠷ ᠤᠨ ᠲᠣᠭᠯᠠᠯᠳᠠ᠂ ᠮᠤᠩᠭᠤᠯ ᠬᠢᠳᠠᠳ ᠡᠮᠨᠡᠯᠭᠡ ᠎ ᠶᠢᠨ ᠡᠷᠡᠭᠦᠯᠵᠢᠯ ᠰᠤᠪᠢᠯᠠᠭ᠎ᠠ ᠶᠢ ᠪᠠᠶᠠᠴᠢᠯᠡᠨ ᠣᠶᠢᠯᠠᠭᠠᠬᠤ ᠵᠡᠷᠭᠡ ᠶᠢ ᠭᠤᠤᠯᠳᠠᠯᠭᠠᠳᠤ ᠥᠵᠡᠮᠵᠢ ᠶᠢᠨ ᠤᠷᠤᠠ ᠳᠤ ᠠᠭᠤᠰᠤᠯᠴᠠᠭᠤᠯᠤᠠ᠂ ᠵᠢᠭᠤᠯᠴᠢᠯᠠᠯ ᠤᠨ ᠪᠥᠳᠤᠭᠡᠭᠳᠠᠭᠦᠠ ᠤ ᠬᠠᠩᠭᠠᠯᠳᠠ ᠶᠢ ᠪᠠᠶᠠᠯᠢᠭᠵᠢᠭᠤᠯᠵᠣ᠂ ᠥᠵᠡᠮᠵᠢ ᠶᠢᠨ ᠤᠷᠤᠠ ᠤ ᠠᠭᠤᠯᠣᠭᠳᠠᠬᠤᠨ ᠤ ᠴᠢᠨᠠᠷ ᠳᠡᠰ ᠢ ᠨᠡᠮᠡᠭᠳᠡᠭᠦᠯᠤᠨ᠎ᠠ᠃ ᠰᠡᠯᠡᠬᠦᠴᠠᠯ ᠳᠠᠷᠢᠶᠠᠯᠠᠩ ᠮᠠᠯ ᠠᠵᠤ ᠠᠬᠤᠢ ᠪᠡ ᠬᠥᠳᠡᠭᠡ ᠳᠤᠰᠬᠤᠠ ᠤ ᠵᠢᠭᠤᠯᠴᠢᠯᠠᠯ ᠤᠨ ᠥᠢᠯᠡᠰ ᠢ ᠬᠥᠭᠵᠢᠬᠦᠯᠵᠤ᠂ ᠸᠠᠩ ᠶᠤᠤ ᠸᠠᠠ ᠳᠤᠰᠬᠤᠠ ᠵᠡᠷᠭᠡ 8 ᠳᠤᠰᠬᠤᠠ ᠢ ᠭᠥᠳᠡᠭᠡ ᠳᠤᠰᠬᠤᠠ ᠤ ᠵᠢᠭᠤᠯᠴᠢᠯᠠᠯ ᠢ ᠳᠥᠯᠬᠢᠠ ᠠᠬᠢᠭᠤᠯᠬᠤ ᠳᠠᠭᠤᠷᠢᠶᠠᠯ ᠴᠢᠭ ᠢᠶᠠᠷ ᠪᠡᠶᠢᠭᠤᠯᠵᠤ᠂ ᠭᠡᠭᠡᠷ᠎ᠡ ᠪᠠᠭᠤᠳᠠᠯᠯᠠᠬᠤ ᠭᠠᠵᠠᠷ ᠢ 2᠂ ᠥᠪᠡᠷ ᠢᠶᠠᠨ ᠳᠡᠷᠬᠡ ᠵᠢᠯᠤᠭᠤᠳᠤᠭᠴᠢᠳ ᠤᠨ ᠥᠷᠳᠡᠭᠡ ᠶᠢ 10 ᠰᠢᠨ᠎ᠠ ᠪᠠᠷ ᠪᠡᠶᠢᠭᠤᠯᠤᠠ᠂ 15 ᠡᠷᠤᠭᠡ ᠤᠳᠤᠠ ᠳᠡᠰ ᠤᠨ ᠭᠥᠳᠡᠭᠡ ᠳᠤᠰᠬᠤᠠ ᠤ ᠵᠢᠭᠤᠯᠴᠢᠯᠠᠭᠰᠠᠳ ᠢ ᠬᠦᠯᠢᠶᠠᠨ ᠵᠣᠴᠢᠯᠠᠬᠤ ᠡᠷᠣᠭᠡ ᠪᠤᠯᠤᠠ ᠳᠠᠭᠤᠷᠢᠶᠠᠯ ᠡᠷᠤᠭᠡ ᠶᠢ ᠪᠡᠶᠢᠭᠤᠯᠵᠤ᠂ ᠮᠠᠯᠴᠢᠠ ᠳᠠᠷᠢᠶᠠᠴᠢᠠ ᠠᠶᠢᠯ ᠤᠨ ᠵᠤᠴᠢᠯᠠᠭ᠎ᠠ ᠶᠢ ᠠᠮᠢ ᠠᠬᠤᠢ ᠶᠢ ᠰᠤᠨᠢᠷᠬᠠᠬᠤ᠂ ᠰᠡᠯᠡᠬᠦᠴᠠᠠ ᠠᠮᠠᠷᠠᠬᠤ᠂ ᠡᠷᠡᠬᠦᠯᠵᠢᠯ ᠪᠡᠶ᠎ᠡ ᠰᠤᠪᠢᠯᠠᠭ᠎ᠠ ᠵᠡᠷᠭᠡ ᠨᠡᠶᠢᠯᠠᠮᠠᠯ ᠭᠡᠯᠪᠡᠷᠢ ᠳᠡᠰᠢ ᠬᠤᠪᠢᠷᠠᠬᠤ ᠶᠢ ᠳᠥᠯᠬᠢᠠ ᠠᠬᠢᠭᠤᠯᠤᠨ᠎ᠠ᠃ ᠥᠡᠳᠤᠰᠤᠳᠠᠠ ᠤ ᠭᠠᠷ ᠤᠷᠠᠯᠠᠯ ᠤᠨ ᠪᠥᠳᠤᠭᠡᠭᠳᠠᠭᠦᠠ ᠢ ᠥᠢᠯᠡᠳᠪᠤᠷᠢᠯᠡᠵᠤ ᠪᠤᠷᠤᠯᠠᠭᠤᠯᠬᠤ ᠰᠠᠭᠤᠷᠢᠠ ᠭᠠᠵᠠᠷ ᠢ 1 ᠲᠥᠪᠯᠡᠷᠡᠭᠦᠯᠤᠠ ᠪᠡᠶᠢᠭᠤᠯᠵᠤ᠂ 5 — 8 ᠥᠪᠡᠷᠮᠢᠴᠠ ᠣᠡᠴᠠᠯᠢᠭ ᠪᠥᠬᠦᠢ ᠵᠢᠭᠤᠯᠴᠢᠯᠠᠯ ᠤᠨ ᠪᠠᠷᠠᠭ᠎ᠠ ᠬᠤᠳᠠᠯᠳᠤᠬᠤ ᠰᠦᠯᠵᠢᠶᠠᠨ ᠳᠡᠯᠬᠡᠬᠦᠷ ᠪᠡ ᠳᠡᠯᠭᠡᠭᠦᠷ ᠢ ᠪᠡᠶᠢᠭᠤᠯᠵᠤ ᠭᠥᠭᠵᠢᠬᠦᠯᠤᠠ᠂ ᠰᠤᠶᠤᠯ ᠵᠢᠭᠤᠯᠴᠢᠯᠠᠯ ᠤᠨ ᠭᠡᠷᠡᠭᠯᠡᠭᠡᠡ ᠤ ᠰᠢᠨ᠎ᠠ ᠬᠠᠯᠠᠮᠰᠢᠯ ᠴᠢᠭ ᠢ ᠪᠣᠢ ᠪᠣᠯᠭᠠᠨ᠎ᠠ᠃      ᠪᠠᠷᠠᠭᠠᠨ ᠬᠥᠢᠯᠭᠡᠭᠡ᠂ ᠠᠷᠠᠯᠵᠢᠶ᠎ᠡ ᠬᠤᠳᠠᠯᠳᠤᠭᠠᠠ ᠤ ᠥᠢᠯᠡᠰ ᠢ ᠬᠥᠭᠵᠢᠭᠦᠯᠤᠨ᠎ᠠ᠃ ᠥᠪᠤᠷ ᠮᠤᠩᠭᠤᠯ ᠤᠨ ᠪᠠᠷᠠᠭᠤᠠ ᠭᠡᠰᠡᠭ ᠠᠴᠠ ᠳᠤᠮᠳᠠᠳᠤ ᠤᠷᠤᠠ ᠬᠥᠷᠬᠦ ᠳᠡᠮᠤᠷ ᠵᠠᠮ ᠪᠡ ᠰᠢᠨ᠎ᠠ ᠵᠡᠭᠡᠯᠢ ᠠᠴᠠ ᠳᠤᠯᠢ ᠬᠥᠷᠬᠦ ᠳᠠᠮᠤᠷ ᠵᠠᠮ ᠎ ᠳᠤ ᠳᠥᠰᠢᠭᠯᠡᠠ᠂ ᠪᠠᠷᠠᠭ᠎ᠠ ᠳᠡᠭᠡᠭᠡᠪᠥᠷᠢ ᠤᠨ ᠥᠷᠳᠡᠭᠡ ᠶᠢ 1 ᠲᠥᠯᠤᠪᠵᠢᠭᠦᠯᠤᠠ ᠪᠡᠶᠢᠭᠤᠯᠵᠤ᠂ ᠬᠠᠳᠠᠭᠠᠯᠠᠵᠤ ᠬᠥᠮᠤᠷᠭᠡᠯᠡᠭᠦ ᠪᠠᠷᠠᠭᠠᠨ ᠬᠥᠢᠯᠭᠡᠭᠡᠡ ᠤ ᠥᠢᠯᠡᠰ ᠤᠨ ᠭᠥᠭᠵᠢᠯᠳᠠ ᠶᠢ ᠲᠥᠷᠭᠡᠳᠭᠡᠠ᠂ ᠪᠥᠸᠧ ᠿᠥᠢ ᠳ᠋ᠧ ᠨᠡᠭᠦᠷᠡᠰᠤ ᠬᠢᠮᠢ ᠶᠢᠨ ᠠᠵᠣ ᠣᠶᠢᠯᠡᠳᠪᠣᠷᠢ ᠶᠢᠨ ᠪᠥᠳᠤᠭᠡᠭᠳᠠᠭᠦᠠ ᠤ ᠬᠠᠩᠭᠠᠯᠭ᠎ᠠ ᠶᠢᠨ ᠬᠡᠯᠬᠢᠶᠠᠨ ᠤ ᠮᠥᠩᠭᠦᠠ ᠬᠥᠢᠯᠭᠡᠭᠡ ᠪᠠᠷᠠᠭᠠᠨ ᠬᠥᠢᠯᠭᠡᠭᠡ ᠶᠢᠨ ᠲᠥᠷᠤᠯ ᠵᠥᠢᠯ ᠤᠨ ᠪᠥᠳᠤᠭᠡᠡ ᠪᠡᠶᠢᠭᠤᠯᠤᠯᠳᠠ ᠶᠢ ᠪᠠᠳᠤᠯᠠᠨ᠎ᠠ᠃ ᠠᠮᠢᠳᠤᠷᠠᠯ ᠤᠨ ᠴᠢᠨᠡᠷᠳᠡᠢ ᠥᠢᠯᠡᠴᠢᠯᠡᠭᠡᠡ ᠤ ᠥᠢᠯᠡᠰ ᠢ ᠶᠡᠭᠡᠪᠡᠷ ᠭᠥᠭᠵᠢᠬᠦᠯᠤᠠ᠂ ᠨᠡᠶᠢᠭᠡᠮ ᠳᠤᠭᠤᠷᠢᠭ ᠤᠨ ᠶᠡᠷᠤᠩᠭᠡᠶᠢᠯᠡᠭᠰᠡᠡ ᠥᠢᠯᠡᠴᠢᠯᠡᠭᠡᠡ ᠤ ᠲᠥᠪ ᠢ 2 ᠪᠡᠶᠢᠭᠤᠯᠤᠨ᠎ᠠ︔ ᠲᠥᠭᠦᠬᠡᠢ ᠰᠢᠨ᠎ᠠ ᠰᠤᠷᠭᠤᠭ ᠢᠳᠡᠭᠡᠡ᠂ ᠡᠳᠤᠷ ᠳᠤᠳᠤᠮ ᠤᠨ ᠠᠮᠢᠳᠤᠷᠠᠯ ᠤᠨ ᠭᠡᠷᠡᠭᠰᠡᠯ ᠵᠡᠷᠭᠡ ᠪᠠᠷ ᠭᠠᠷᠳᠠᠴᠠ ᠪᠤᠯᠭᠠᠠ᠂ ᠳᠣᠰ ᠬᠤᠳᠠᠨ᠎ᠠ ᠳᠤᠬᠢᠷᠠᠭᠤᠯᠤᠠ ᠭᠥᠷᠭᠡᠭᠦ ᠠᠵᠢᠯ ᠢ ᠥᠷᠨᠢᠭᠦᠯᠤᠨ᠎ᠠ︔ ᠭᠡᠷᠡᠭᠯᠡᠭᠡᠡ ᠤ ᠭᠡᠮᠵᠢᠶ᠎ᠡ ᠳᠤ ᠴᠢᠭᠯᠡᠭᠦᠯᠵᠤ᠂ ᠰᠤᠷᠠᠭ ᠵᠠᠩᠬᠢ᠂ ᠬᠤᠭᠤᠯᠠ ᠣᠮᠳᠠ᠂ ᠪᠠᠭᠤᠳᠠᠯ᠂ ᠨᠠᠰᠤᠳᠠᠠ ᠢ ᠠᠰᠠᠷᠠᠬᠤ ᠥᠢᠯᠡᠴᠢᠯᠡᠭᠡᠡ ᠤ ᠵᠡᠷᠭᠡ ᠳᠡᠰ ᠢ ᠳᠡᠭᠡᠭᠰᠢᠯᠡᠬᠦᠯᠥᠨ᠂ ᠠᠳᠠᠯᠢ ᠪᠤᠰᠤ ᠬᠥᠮᠤᠰ ᠤᠨ ᠭᠡᠷᠡᠭᠯᠡᠭᠡ ᠎ ᠶᠢ ᠬᠠᠩᠭᠠᠨ᠎ᠠ᠃ ᠪᠣᠣᠬᠢᠶ᠎ᠠ ᠬᠥᠷᠭᠡᠯᠳᠠ ᠪᠠᠷᠠᠭᠠᠨ ᠬᠥᠢᠯᠭᠡᠭᠡ᠂ POS ᠰᠢᠰᠲ᠋ᠧᠮ ᠢ ᠰᠤᠮᠤ ᠪᠠᠯᠭᠠᠰᠤ᠂ ᠭᠤᠤᠯᠳᠠᠯᠭᠠᠳᠤ ᠭᠠᠴᠠᠭ᠎ᠠ ᠳᠤᠰᠬᠤᠠ ᠳᠡᠰᠢ ᠣᠷᠳᠣᠳᠬᠠᠬᠤ ᠶᠢ ᠲᠥᠯᠬᠢᠠ ᠠᠬᠢᠭᠤᠯᠵᠤ᠂ ᠳᠥᠭᠦᠮ ᠲᠥᠳᠠ ᠭᠡᠷᠡᠭᠯᠡᠭᠡᠡ ᠤ ᠬᠢᠷᠢ ᠲᠥᠪᠰᠢᠠ ᠢ ᠳᠡᠬᠡᠭᠰᠢᠯᠡᠬᠦᠯᠥᠨ᠎ᠠ᠃ ᠮᠠᠯᠵᠢᠬᠤ ᠳᠠᠷᠢᠶᠠᠯᠠᠬᠤ ᠤᠷᠤᠠ ᠤ ᠡᠯᠧᠺᠲᠷᠤᠠ ᠬᠤᠳᠠᠯᠳᠤᠭᠠᠠ ᠤ ᠥᠢᠯᠡᠰ ᠢ ᠪᠤᠵᠠᠭᠠᠶᠢᠷᠠᠭᠤᠯᠤᠠ᠂ ᠮᠠᠯ ᠤᠨ ᠠᠰᠢᠭ ᠰᠢᠮ᠎ᠠ᠂ ᠳᠠᠷᠢᠶᠠᠯᠠᠩ ᠤᠨ ᠪᠥᠳᠤᠭᠡᠭᠳᠤᠭᠦᠠ ᠢ ᠰᠥᠯᠵᠢᠶᠡᠡ ᠳᠡᠭᠡᠷ᠎ᠡ ᠪᠤᠷᠤᠯᠠᠭᠤᠯᠬᠤ ᠪᠡ ᠳᠡᠯᠭᠡᠭᠦᠷ ᠢᠶᠠᠷ ᠪᠤᠷᠤᠯᠠᠭᠤᠯᠬᠤ ᠵᠠᠮ ᠮᠥᠷ ᠢ ᠰᠢᠯᠤᠭᠤᠳᠬᠠᠨ᠎ᠠ᠃ ᠳᠤᠰ ᠵᠢᠯ ᠳᠤ ᠤᠳᠤ ᠥᠶ᠎ᠡ ᠶᠢᠨ ᠥᠢᠯᠡᠴᠢᠯᠡᠭᠡᠡ ᠤ ᠲᠥᠷᠤᠯ ᠵᠥᠢᠯ ᠢ 10᠎ ᠠᠴᠠ ᠳᠡᠭᠡᠭᠰᠢ ᠤᠷᠤᠭᠤᠯᠤᠨ᠎ᠠ᠃      ︵ᠲᠥᠷᠪᠡ︶ ᠰᠠᠭᠤᠷᠢ ᠪᠠᠨ ᠪᠠᠬᠢᠵᠢᠬᠦᠯᠵᠤ᠂ ᠨᠢᠭᠡᠳᠤᠯᠳᠡᠢ ᠲᠥᠯᠤᠪᠵᠢᠬᠦᠯᠤᠠ᠂ ᠵᠤᠬᠢᠴᠠᠩᠭᠤᠢ ᠬᠥᠭᠵᠢᠯᠳᠠ ᠎ ᠶᠢᠨ ᠰᠢᠨ᠎ᠠ ᠲᠥᠷᠢ ᠪᠡᠶᠢᠳᠠᠯ ᠢ ᠪᠣᠢ ᠪᠣᠯᠭᠠᠨ᠎ᠠ᠃ ᠬᠥᠮᠤᠠ ᠢᠶᠠᠷ ᠥᠡᠳᠤᠰᠤ ᠪᠤᠯᠭᠠᠬᠤ ᠶᠢ ᠪᠠᠷᠢᠮᠳᠠᠯᠠᠵᠤ᠂ ᠬᠤᠳᠠ ᠬᠥᠳᠡᠭᠡ ᠶᠢᠨ ᠬᠥᠭᠵᠢᠯᠳᠠ ᠶᠢᠨ ᠵᠢᠮ᠎ᠠ ᠶᠤᠰᠤ ᠶᠢ ᠬᠥᠡᠳᠤᠳᠭᠡᠡ᠂ ᠨᠢᠭᠡ ᠪᠥᠯᠥᠭ ᠳᠤᠯᠭᠠᠭᠤᠷᠢᠯᠠᠬᠤ ᠴᠢᠨᠡᠷᠳᠡᠢ ᠴᠢᠬᠤᠯᠠ ᠲᠥᠷᠤᠯ ᠵᠥᠢᠯ ᠢ ᠭᠡᠷᠡᠭᠵᠢᠬᠦᠯᠵᠤ᠂ ᠬᠤᠳᠠ ᠬᠥᠳᠡᠭᠡ ᠶᠢᠨ ᠬᠥᠭᠵᠢᠯᠳᠠ ᠶᠢᠨ ᠤᠷᠴᠢᠠ ᠢ ᠴᠢᠷᠮᠡᠶᠢᠠ ᠰᠡᠶᠢᠵᠢᠷᠠᠭᠤᠯᠣᠨ᠎ᠠ᠃      ᠴᠢᠨᠡᠷ ᠳᠡᠰᠳᠤ ᠬᠤᠳᠠ ᠪᠠᠯᠭᠠᠰᠣᠠ ᠤ ᠪᠥᠳᠤᠭᠡᠡ ᠪᠡᠶᠢᠭᠤᠯᠤᠯᠳᠠ ᠶᠢ ᠲᠥᠷᠭᠡᠳᠭᠡᠨ᠎ᠠ᠃ ᠣᠢ ᠶᠢᠨ ᠰᠠᠬᠦᠳᠡᠷᠳᠣ ᠵᠠᠮ ᠪᠡ ᠰᠣᠪᠤᠷᠭ᠎ᠠ ᠵᠡᠭᠡᠯᠢ ᠶᠢ ᠵᠠᠰᠠᠠ ᠥᠭᠡᠷᠡᠴᠢᠯᠡᠵᠤ᠂ ᠪᠥᠷᠢᠳᠤ ᠵᠡᠭᠡᠯᠢ ᠶᠢᠨ ᠤᠷᠳᠤᠳᠬᠠᠯ ᠱᠤᠭᠤᠮ ᠪᠡ ᠵᠢᠤ ᠵᠢᠩ ᠡᠮᠤᠨ᠎ᠠ ᠵᠠᠮ ᠤᠨ ᠤᠷᠳᠤᠳᠬᠠᠯ ᠱᠣᠭᠤᠮ ᠵᠡᠷᠭᠡ 4 ᠵᠤᠷᠪᠤᠰ ᠬᠤᠳᠠ ᠶᠢᠨ ᠶᠠᠪᠣᠳᠠᠯ ᠤᠨ ᠵᠠᠮ ᠢ ᠰᠢᠨ᠎ᠠ ᠪᠠᠷ ᠵᠠᠰᠠᠠ᠂ ᠡᠯ᠎ᠡ ᠵᠥᠢᠯ ᠤᠨ ᠬᠤᠭᠤᠯᠡᠢ ᠳᠤᠤᠷ ᠢ 120 ᠺᠢᠯᠤᠮᠧᠲᠷ ᠳᠡᠪᠢᠰᠴᠤ᠂ ᠰᠠᠭᠤᠭᠠᠯᠢ ᠠᠷᠠᠳ ᠎ ᠤᠨ ᠭᠤᠳᠤᠮᠵᠢ ᠶᠢ 10 ᠲᠥᠮᠠᠠ ᠳᠡᠭᠰᠢ ᠲᠥᠷᠪᠡᠯᠵᠢᠠ ᠮᠧᠲᠷ ᠬᠠᠳᠠᠭᠤᠵᠢᠭᠤᠯᠤᠠ᠂ ᠤᠰᠤ ᠪᠠᠷ ᠵᠡᠶᠢᠯᠠᠬᠤ ᠭᠡᠯᠪᠡᠷᠢ ᠎ ᠶᠢᠨ ᠵᠤᠷᠯᠤᠩ ᠢ 30᠂ ᠨᠡᠶᠢᠳᠠ ᠶᠢᠨ ᠮᠠᠰᠢᠠ ᠳᠡᠷᠭᠡᠡ ᠤ ᠵᠤᠭᠰᠤᠭᠠᠯ ᠤᠨ ᠳᠠᠯᠠᠪᠣᠷ ᠢ 5 ᠰᠢᠨ᠎ᠡ ᠪᠠᠷ ᠪᠡᠶᠢᠭᠤᠯᠤᠨ᠎ᠠ᠃ ᠬᠦᠮᠦᠷᠬᠡᠯᠡᠭᠳᠡᠵᠣ ᠪᠠᠶᠢᠬᠤ ᠳᠠᠸᠠᠷ ᠤᠨ ᠬᠡᠷ ᠪᠠᠶᠢᠰᠢᠩ ᠢ ᠰᠢᠢᠳᠪᠣᠷᠢᠯᠡᠬᠦ ᠪᠡ ᠬᠤᠳᠠ ᠪᠠᠯᠭᠠᠰᠤᠵᠢᠯᠳᠠ ᠶᠢ ᠠᠬᠢᠭᠤᠯᠬᠤ ᠶᠢ ᠤᠶᠠᠯᠳᠤᠭᠤᠯᠤᠠ᠂ ᠳᠤᠰ ᠵᠢᠯ ᠤᠨ ᠪᠣᠷᠣ ᠬᠡᠷᠳᠣ ᠳᠣᠭᠤᠷᠢᠭ ᠢ ᠥᠭᠡᠷᠡᠴᠢᠯᠠᠠ ᠵᠠᠰᠠᠬᠤ ᠡᠭᠦᠷᠭᠡ ᠪᠠᠨ ᠪᠠᠶᠠᠯᠡᠬᠦᠯᠵᠣ᠂ ᠬᠤᠰᠢᠭᠤ ᠨᠠᠮ ᠤᠨ ᠰᠤᠷᠭᠠᠭᠤᠯᠢ ᠶᠢᠨ ᠰᠢᠨ᠎ᠠ ᠳᠤᠭᠤᠷᠢᠭ ᠶᠢᠨ ᠲᠥᠷᠤᠯ ᠵᠥᠢᠯ ᠢ ᠭᠡᠷᠡᠭᠵᠢᠬᠦᠯᠤᠨ᠎ᠠ᠃ ᠪᠠᠶᠠᠠ ᠵᠠᠮ᠂ ᠠᠷᠠᠳ ᠤᠨ ᠵᠠᠮ ᠤᠨ ᠵᠡᠭᠡᠯᠢ ᠤᠨ ᠬᠤᠶᠡᠷ ᠲᠠᠯ᠎ᠡ ᠪᠡ ᠰᠥᠨᠢ ᠤᠨ ᠭᠡᠷᠡᠯᠳᠤᠭᠦᠯᠭᠡ ᠶᠢᠨ ᠦᠵᠡᠮᠵᠢ ᠶᠢ ᠳᠡᠬᠡᠭᠰᠢᠯᠡᠬᠦᠯᠬᠦ ᠢᠨᠵᠧᠨᠧᠷᠢᠩ ᠢ ᠬᠡᠷᠡᠭᠵᠢᠬᠦᠯᠵᠣ᠂ ᠵᠠᠮ ᠤᠨ ᠳ᠋ᠧᠩ ᠤᠨ ᠡᠨᠧᠷᠬᠢ ᠠᠷᠪᠢᠯᠠᠬᠤ ᠥᠭᠡᠷᠴᠢᠯᠡᠯᠳᠠ ᠪᠡ ᠰᠠᠭᠤᠭᠠᠯᠢ ᠠᠷᠠᠳ ᠤᠨ ᠭᠤᠳᠤᠮᠵᠢ ᠶᠢᠨ ᠭᠡᠷᠡᠯᠳᠤᠭᠦᠯᠭᠡ ᠶᠢᠨ ᠠᠵᠢᠯ ᠢ ᠳᠥᠯᠬᠢᠠ ᠠᠬᠢᠭᠤᠯᠤᠨ᠎ᠠ︔ ᠭᠠᠯᠠᠭᠤᠳᠤ ᠪᠠᠯᠭᠠᠰᠤᠠ ᠤ ᠪᠤᠵᠠᠷ ᠤᠰᠤ ᠰᠢᠢᠳᠪᠤᠷᠢᠯᠡᠬᠦ ᠥᠢᠯᠡᠳᠪᠤᠷᠢ ᠪᠠᠷᠢᠮᠵᠢᠶ᠎ᠠ ᠶᠢ ᠳᠡᠬᠡᠭᠰᠢᠯᠡᠬᠦᠯᠬᠦ ᠪᠡ ᠬᠠᠶᠠᠭᠳᠠᠮᠠᠯ ᠤᠰᠤ ᠶᠢ ᠳᠠᠬᠢᠠ ᠭᠡᠷᠡᠭᠯᠡᠬᠦ ᠲᠥᠷᠤᠯ ᠵᠥᠢᠯ ᠢ ᠡᠬᠢᠯᠡᠬᠦᠯᠥᠨ᠎ᠠ︔ ᠤᠯᠤᠰ ᠤᠨ ᠴᠡᠴᠡᠷᠯᠢᠭᠵᠢᠭᠰᠡᠡ ᠬᠤᠳᠠ ᠰᠢᠶᠡᠡ ᠤ ᠪᠡᠶᠢᠭᠤᠯᠤᠯᠳᠠ ᠶᠢᠨ ᠥᠷ᠎ᠡ ᠪᠥᠳᠤᠭᠡᠯ ᠢᠶᠠᠨ ᠪᠠᠬᠢᠵᠢᠬᠦᠯᠤᠠ᠂ ᠴᠡᠴᠡᠷᠯᠢᠭ᠂ ᠵᠡᠭᠡᠯᠢ ᠭᠤᠳᠤᠮᠵᠢ᠂ ᠰᠤᠷᠭᠠᠭᠤᠯᠢ ᠶᠢᠨ ᠬᠥᠷᠢᠶ᠎ᠡ᠂ ᠰᠠᠭᠤᠭᠠᠯᠢ ᠠᠷᠠᠳ ᠤᠨ ᠳᠤᠭᠤᠷᠢᠭ ᠤᠨ ᠴᠡᠴᠡᠷᠯᠢᠭᠵᠢᠬᠦᠯᠥᠯᠳᠡ ᠎ ᠶᠢᠨ ᠬᠢᠷᠢ ᠳᠥᠪᠰᠢᠠ ᠢ ᠳᠡᠭᠡᠭᠰᠢᠯᠡᠭᠦᠯᠵᠤ᠂ ᠨᠤᠭᠤᠭᠠᠷᠠᠭᠤᠯᠣᠯᠳᠠ ᠶᠢᠨ ᠳᠠᠯᠠᠪᠡᠢ ᠶᠢ ᠰᠢᠨ᠎ᠠ ᠪᠠᠷ 16 ᠲᠥᠮᠠᠠ ᠳᠡᠭᠰᠢ ᠳᠥᠷᠪᠡᠯᠵᠢᠠ ᠮᠧᠲᠷ ᠨᠡᠮᠡᠭᠳᠡᠭᠦᠯᠣᠨ᠎ᠠ᠃ ᠡᠨᠧᠷᠬᠢ ᠠᠷᠪᠢᠯᠠᠬᠤ ᠨᠡᠶᠢᠳᠠ ᠶᠢᠨ ᠮᠠᠰᠢᠠ ᠳᠡᠷᠭᠡ ᠶᠢ 15 ᠰᠢᠨᠡᠳᠬᠡᠨ᠎ᠠ᠃ ᠰᠠᠭᠤᠭᠠᠯᠢ ᠠᠷᠠᠳ ᠤᠨ ᠳᠤᠭᠤᠷᠢᠭ ᠤᠨ ᠪᠤᠯᠪᠠᠰᠤᠠ ᠢ ᠡᠬᠦᠳᠣᠨ ᠪᠡᠶᠢᠭᠤᠯᠬᠤ ᠠᠵᠢᠯᠯᠠᠭ᠎ᠠ ᠶᠢ ᠰᠡᠶᠢᠳᠤᠷ ᠠᠳᠬᠤᠠ᠂ 10 ᠬᠠᠭᠤᠴᠢᠠ ᠰᠠᠭᠤᠭᠠᠯᠢ ᠠᠷᠠᠳ ᠤᠨ ᠳᠤᠭᠤᠷᠢᠭ ᠢ ᠶᠡᠷᠦᠩᠬᠡᠶᠢᠯᠡᠨ ᠵᠠᠰᠠᠵᠣ᠂ ᠬᠢᠨᠠᠯᠳᠠ ᠳᠠᠯᠪᠢᠠ ᠵᠢᠯᠤᠭᠤᠳᠬᠤ ᠪᠡ ᠲᠥᠷᠤ ᠶᠢᠨ ᠪᠤᠳᠤᠯᠭ᠎ᠠ ᠪᠠᠷ ᠵᠢᠯᠤᠭᠤᠳᠬᠤ ᠶᠢ ᠴᠢᠩᠭᠠᠳᠬᠠᠠ᠂ ᠠᠳᠠᠯ ᠠᠬᠤᠢ ᠶᠢᠨ ᠥᠢᠯᠡᠴᠢᠯᠡᠭᠡᠡ ᠤ ᠬᠢᠷᠢ ᠳᠥᠪᠰᠢᠠ ᠢ ᠳᠡᠭᠡᠭᠰᠢᠯᠡᠭᠦᠯᠤᠨ᠎ᠠ᠃      ᠥᠪᠡᠷᠮᠢᠴᠡ ᠤᠡᠴᠠᠯᠢᠭᠳᠤ ᠵᠢᠵᠢᠭ ᠪᠠᠯᠭᠠᠰᠤ ᠪᠡ ᠥᠵᠡᠰᠭᠦᠯᠡᠩᠳᠤ ᠰᠡᠶᠢᠬᠠᠠ ᠭᠥᠳᠡᠭᠡ ᠳᠤᠰᠬᠤᠠ ᠤ ᠪᠥᠳᠤᠭᠡᠡ ᠪᠡᠶᠢᠭᠤᠯᠤᠯᠳᠠ ᠶᠢ ᠳᠥᠯᠬᠢᠠ ᠠᠬᠢᠭᠤᠯᠤᠨ᠎ᠠ᠃ ᠰᠤᠮᠤ ᠪᠠᠯᠭᠠᠰᠤᠠ ᠤ ᠪᠣᠷᠣ ᠬᠡᠷᠳᠣ ᠳᠤᠭᠤᠷᠢᠭ ᠤᠨ ᠥᠭᠡᠷᠡᠴᠢᠯᠡᠯᠳᠠ ᠶᠢ ᠭᠡᠷᠡᠭᠵᠢᠬᠦᠯᠵᠤ᠂ ᠰᠢᠷᠬᠤᠰᠣᠠ ᠪᠠᠯᠭᠠᠰᠣ᠂ ᠳᠤᠭ ᠪᠠᠯᠭᠠᠰᠤᠠ ᠤ ᠬᠠᠭᠤᠴᠢᠠ ᠳᠤᠭᠤᠷᠢᠭ ᠤᠨ ᠥᠭᠡᠷᠡᠴᠢᠯᠡᠯᠳᠠ ᠶᠢ ᠭᠤᠤᠯᠳᠠᠯᠭᠠᠳᠡᠢ ᠳᠥᠯᠬᠢᠠ ᠠᠬᠢᠭᠤᠯᠵᠤ᠂ ᠵᠠᠮ᠂ ᠬᠤᠭᠤᠯᠡᠢ ᠳᠤᠤᠷ᠂ ᠳᠣᠯᠠᠭᠠᠯᠠᠯᠭ᠎ᠠ ᠬᠠᠩᠭᠠᠬᠤ ᠵᠡᠷᠭᠡ ᠳᠤᠨᠤᠭ ᠳᠥᠭᠦᠭᠡᠷᠤᠮᠵᠢ ᠶᠢ ᠢᠵᠢ ᠪᠥᠷᠢᠯᠳᠤᠭᠦᠯᠤᠨ᠎ᠠ᠃ ᠵᠡᠬᠡᠯᠢ ᠭᠤᠳᠤᠮᠵᠢ ᠶᠢᠨ ᠡᠮᠬᠢ ᠲᠢᠭᠯᠢᠮ ᠎ ᠢ ᠳᠥᠷᠢᠮᠵᠢᠬᠦᠯᠤᠠ᠂ ᠳᠡᠷᠢ ᠳᠡᠭᠰᠢ᠂ ᠴᠡᠪᠡᠷ ᠠᠷᠢᠭᠤᠠ ᠬᠤᠳᠠ ᠪᠠᠯᠭᠠᠰᠤᠠ ᠤ ᠳᠥᠷᠢ ᠲᠦᠷᠬᠦ ᠶᠢ ᠱᠣᠭᠤᠨ᠎ᠠ᠃ ᠡᠯ᠎ᠡ ᠬᠦᠷᠢᠶᠠᠯᠠᠩ ᠳᠤᠭᠤᠷᠢᠭ ᠪᠤᠯᠤᠠ ᠰᠣᠮᠤ ᠪᠠᠯᠭᠠᠰᠤᠠ ᠤ ᠭᠡᠢ ᠨᠡᠮᠡᠭᠦ ᠥᠷᠳᠡᠭᠡᠡ ᠤ ᠪᠥᠳᠤᠭᠡᠡ ᠪᠡᠶᠢᠭᠤᠯᠤᠯᠳᠠ ᠶᠢ ᠲᠥᠷᠭᠡᠳᠭᠡᠡ᠂ ᠪᠡᠶᠢᠭᠠᠯᠢ ᠶᠢᠨ ᠰᠢᠳᠠᠮᠠᠬᠠᠢ ᠭᠡᠢ ᠶᠢ ᠠᠵᠤ ᠠᠬᠤᠶᠢᠯᠠᠯ᠂ ᠠᠶᠢᠯ ᠡᠷᠤᠭᠡ ᠳᠤ ᠬᠥᠷᠭᠡᠭᠦ ᠶᠢ ᠠᠬᠢᠭᠤᠯᠤᠨ᠎ᠠ᠃ ︽ᠰᠢᠨ᠎ᠠ ᠡᠨᠧᠷᠬᠢ ᠶᠢ ᠮᠠᠯᠴᠢᠠ ᠳᠠᠷᠢᠶᠠᠴᠢᠠ ᠡᠷᠤᠭᠡ ᠳᠤ ᠭᠥᠷᠭᠡᠭᠦ︾ ᠳᠤᠷᠰᠢᠯᠳᠠ ᠶᠢᠨ ᠴᠢᠭ ᠢ ᠪᠠᠶᠢᠭᠤᠯᠣᠨ᠎ᠠ᠃ 320 ᠺᠢᠯᠤᠮᠧᠲᠷ ᠤᠨ ᠭᠥᠳᠡᠭᠡ ᠳᠤᠰᠬᠤᠠ ᠤ ᠵᠠᠰᠠᠮᠠᠯ ᠵᠠᠮ ᠢ ᠪᠠᠶᠢᠭᠤᠯᠣᠨ᠎ᠠ᠃ ᠰᠢᠨ᠎ᠠ ᠪᠠᠷ 9 ᠴᠢᠮᠡᠭᠡ ᠬᠤᠯᠪᠤᠭᠠᠠ ᠤ ᠰᠠᠭᠤᠷᠢ ᠥᠷᠳᠡᠭᠡ ᠶᠢ ᠪᠡᠶᠢᠭᠤᠯᠤᠠ᠂ ᠪᠤᠶᠢᠳᠠ ᠪᠥᠭᠯᠡᠭᠦᠤ ᠭᠠᠵᠠᠷ ᠤᠷᠤᠠ ᠤ ᠳᠤᠬᠢᠶ᠎ᠡ ᠬᠥᠷᠤᠯᠴᠡᠭᠦ ᠥᠭᠡᠢ ᠪᠡᠶᠢᠳᠠᠯ ᠢ ᠥᠡᠳᠤᠰᠤᠠ ᠳᠡᠭᠡᠨ ᠥᠭᠡᠶᠢᠰᠭᠡᠨ᠎ᠠ᠃ ᠭᠥᠳᠡᠭᠡ ᠳᠤᠰᠬᠤᠠ ᠤ ᠤᠷᠴᠢᠠ ᠳᠤᠭᠤᠷᠢᠠ ᠎ ᠢ ᠶᠡᠷᠤᠩᠭᠡᠶᠢᠯᠡᠡ ᠬᠠᠮᠢᠶᠠᠷᠬᠤ ᠭᠤᠷᠪᠠᠠ ᠵᠢᠯ ᠤᠨ ᠠᠵᠢᠯᠯᠠᠭᠠᠠ ᠤ ᠲᠥᠯᠤᠪᠵᠢᠭᠦᠯᠭᠡ ᠶᠢ ᠳᠤᠤᠱᠠᠯᠠᠭᠤᠯᠵᠤ᠂ ᠤᠷᠤᠭᠤᠯᠤᠯᠳᠠ ᠪᠡ ᠬᠠᠮᠢᠶᠠᠷᠤᠯᠳᠠ ᠶᠢᠨ ᠪᠦᠳᠣᠮᠵᠢᠳᠣ ᠳᠤᠭᠳᠠᠯᠴᠠᠭ᠎ᠠ ᠶᠢ ᠳᠡᠭᠦᠯᠳᠡᠷᠵᠢᠬᠦᠯᠤᠠ᠂ ᠥᠵᠡᠰᠭᠦᠯᠡᠩᠳᠤ ᠰᠡᠶᠢᠬᠠᠠ ᠭᠥᠳᠡᠭᠡ ᠳᠤᠰᠬᠤᠠ ᠤ ᠳᠠᠭᠤᠷᠢᠶᠠᠯ ᠴᠢᠭ ᠢ 10 ᠪᠥᠳᠤᠭᠡᠡ ᠪᠡᠶᠢᠭᠤᠯᠤᠨ᠎ᠠ᠃      ᠰᠠᠭᠤᠷᠢ ᠳᠤᠨᠤᠭ ᠲᠥᠭᠦᠭᠡᠷᠤᠮᠵᠢ ᠶᠢᠨ ᠵᠡᠷᠬᠡ ᠳᠠᠰᠴᠢᠯᠡᠬᠦ ᠬᠢᠷᠢ ᠳᠥᠪᠰᠢᠠ ᠢ ᠳᠡᠭᠡᠭᠰᠢᠯᠡᠬᠦᠯᠤᠨ᠎ᠠ᠃ S215 ᠱᠤᠭᠤᠮ ᠤᠨ ᠲᠦᠩᠽᠢ ᠠᠴᠠ ᠵᠢᠩᠪᠢᠶᠡᠡ ᠭᠥᠷᠭᠦ᠂ G338 ᠱᠣᠭᠤᠮ ᠤᠨ ᠭᠠᠯᠠᠭᠤᠳᠤ ᠠᠴᠠ ᠰᠤᠪᠤᠷᠭ᠎ᠠ ᠶᠢᠨ ᠪᠡᠶᠢᠭᠠᠯᠢ ᠶᠢᠨ ᠰᠢᠳᠠᠮᠠᠬᠠᠢ ᠭᠡᠢ ᠰᠢᠢᠳᠪᠤᠷᠢᠯᠡᠭᠦ ᠭᠤᠷᠪᠠᠳᠤᠭᠠᠷ ᠥᠢᠯᠡᠳᠪᠤᠷᠢ ᠬᠥᠷᠬᠦ ᠨᠢᠭᠡᠳᠤᠭᠡᠷ ᠳᠡᠰ ᠤᠨ ᠵᠠᠰᠠᠮᠠᠯ ᠵᠠᠮ ᠤᠨ ᠪᠠᠷᠢᠯᠭ᠎ᠠ ᠶᠢ ᠡᠬᠢᠯᠡᠭᠦᠯᠵᠤ᠂ ᠠᠮᠠᠠᠴᠢᠷᠭ᠎ᠠ ᠠᠴᠠ ᠪᠠᠭ᠎ᠠ ᠬᠤᠭᠤᠯᠠᠶᠢᠳᠤ ᠭᠥᠷᠭᠦ ᠵᠡᠷᠭᠡ ᠤᠷᠤᠠ ᠠᠴᠠ ᠭᠠᠷᠬᠤ ᠵᠠᠮ ᠱᠤᠭᠤᠮ ᠤᠨ ᠵᠠᠯᠭᠠᠯᠳᠤᠯ ᠨᠠᠪᠳᠠᠷᠠᠯᠴᠠᠯ ᠢ ᠠᠬᠢᠭᠤᠯᠵᠤ᠂ ᠲᠦᠩᠽᠢ ᠠᠴᠠ ᠪᠤᠷᠤᠪᠠᠯᠭᠠᠰᠣ ᠭᠥᠷᠭᠦ ᠵᠢᠭᠤᠯᠴᠢᠯᠠᠯ ᠤᠨ ᠳᠤᠰᠬᠠᠢ ᠱᠤᠭᠤᠮ ᠤᠨ ᠪᠥᠳᠤᠭᠡᠡ ᠪᠡᠶᠢᠭᠤᠯᠤᠯᠳᠠ ᠶᠢ ᠪᠠᠳᠤᠯᠠᠨ᠎ᠠ᠃ ᠥᠪᠤᠷ ᠮᠤᠩᠭᠤᠯ ᠤᠨ ᠪᠠᠷᠠᠭᠤᠠ ᠭᠡᠰᠡᠭ ᠠᠴᠠ ᠳᠤᠮᠳᠠᠳᠤ ᠤᠷᠤᠠ ᠭᠥᠷᠭᠦ ᠲᠡᠮᠤᠷ ᠵᠠᠮ᠂ ᠱᠠᠩᠬᠠᠢ ᠶᠢᠨ ᠰᠥᠮ᠎ᠠ ᠎ ᠠᠴᠠ ᠱᠡᠡᠳᠥᠩ ᠭᠥᠷᠭᠦ ᠤᠡᠴᠠ ᠥᠡᠳᠤᠷ ᠬᠦᠴᠦᠳᠠᠯᠳᠣ ᠴᠠᠬᠢᠯᠭᠠᠠ ᠬᠦᠷᠬᠡᠵᠣ ᠬᠤᠪᠢᠰᠬᠠᠬᠤ ᠢᠨᠵᠧᠨᠧᠷᠢᠩ᠂ ᠱᠡᠡᠰᠢ ᠠᠴᠠ ᠪᠡᠭᠡᠵᠢᠩ ᠭᠥᠷᠭᠦ ᠳᠥᠷᠪᠡᠳᠤᠭᠡᠷ ᠱᠤᠭᠤᠮ᠂ ᠤᠷᠳᠤᠰ — ᠠᠠᠫᠢᠩ — ᠽᠠᠩᠵᠸᠤ ᠭᠥᠷᠭᠦ ᠭᠡᠢ ᠳᠠᠮᠵᠢᠭᠤᠯᠬᠤ ᠬᠤᠭᠤᠯᠡᠢ ᠵᠡᠷᠭᠡ ᠴᠢᠬᠤᠯᠠ ᠶᠡᠭᠡ ᠰᠠᠭᠤᠷᠢ ᠢᠡᠵᠧᠨᠧᠷᠢᠭ ᠤᠨ ᠤᠷᠤᠭᠰᠢᠳᠡᠢ ᠠᠬᠢᠬᠤ ᠶᠢ ᠪᠠᠳᠤᠯᠠᠨ᠎ᠠ᠃ ᠰᠢᠷᠬᠤᠰᠣ 220 ᠺᠢᠯᠤᠸᠤᠯᠲ᠂ ᠮᠤᠤᠪᠤᠯᠠᠭ 35 ᠺᠢᠯᠤᠸᠤᠯᠲ ᠤᠨ ᠴᠠᠬᠢᠯᠭᠠᠠ ᠬᠦᠷᠬᠡᠵᠣ ᠬᠤᠪᠢᠰᠬᠠᠬᠤ ᠢᠨᠵᠧᠨᠧᠷᠢᠩ ᠤᠨ ᠪᠠᠷᠢᠯᠭ᠎ᠠ ᠶᠢ ᠡᠬᠢᠯᠡᠭᠦᠯᠵᠤ᠂ ᠭᠤᠤᠯ ᠪᠤᠯᠬᠤ ᠭᠠᠴᠠᠭ᠎ᠠ ᠳᠤᠰᠬᠤᠠ ᠤ ᠴᠠᠬᠢᠯᠭᠠᠠ ᠭᠥᠴᠤᠠ ᠤ ᠥᠭᠡᠷᠡᠴᠢᠯᠡᠯᠳᠠ ᠶᠢ ᠳᠡᠰ ᠳᠡᠪᠰᠢᠬᠦᠯᠬᠦ᠂ ᠴᠠᠬᠢᠯᠭᠠᠠ ᠬᠤᠳᠳᠤᠭ ᠲᠤ ᠴᠠᠬᠢᠯᠭᠠᠠ ᠨᠡᠪᠳᠡᠷᠡᠭᠦᠯᠬᠦ ᠲᠥᠷᠤᠯ ᠵᠥᠢᠯ ᠢ ᠭᠡᠷᠡᠭᠵᠢᠬᠦᠯᠤᠠ᠂ ᠬᠥᠳᠡᠭᠡ ᠳᠤᠰᠬᠤᠠ ᠤ ᠴᠠᠬᠢᠯᠭᠠᠠ ᠳᠤᠤᠷ ᠤᠨ ᠱᠤᠭᠤᠮ ᠢ 1590 ᠺᠢᠯᠤᠮᠧᠲᠷ ᠥᠭᠡᠷᠡᠴᠢᠯᠡᠨ᠎ᠠ᠃ ᠬᠠᠯᠢᠭᠤᠳᠤ ᠶᠢᠨ ᠭᠤᠤᠯ ᠤᠨ ᠳᠡᠭᠡᠳᠤ ᠤᠷᠤᠰᠬᠠᠯ ᠤᠨ ᠭᠠᠵᠡᠷ ᠤᠨ ᠭᠠᠳᠠᠷᠭᠤ ᠤᠨ ᠤᠰᠤ ᠶᠢ ᠶᠡᠷᠥᠩᠭᠡᠶᠢᠯᠡᠡ ᠠᠰᠢᠭᠯᠠᠬᠤ ᠪᠠᠷᠢᠯᠭ᠎ᠠ ᠶᠢ ᠢᠳᠡᠪᠬᠢᠳᠡᠢ ᠲᠥᠯᠥᠪᠵᠢᠬᠦᠯᠥᠨ ᠪᠡᠶᠢᠭᠤᠯᠵᠤ᠂ ᠴᠠᠭᠠᠠ ᠭᠤᠤᠯ ᠵᠡᠷᠭᠡ ᠳᠤᠮᠳᠠ ᠪᠠᠭ᠎ᠠ ᠤᠷᠤᠰᠬᠠᠯ ᠢ ᠵᠠᠰᠠᠬᠤ ᠠᠵᠢᠯ ᠢ ᠡᠬᠢᠯᠡᠭᠦᠯᠤᠠ᠂ ᠥᠶᠡᠷ ᠢ ᠰᠡᠷᠭᠡᠶᠢᠯᠡᠭᠦ ᠳᠤᠨᠤᠭ ᠳᠥᠭᠦᠭᠡᠷᠤᠮᠵᠢ ᠶᠢᠨ ᠪᠥᠳᠤᠭᠡᠠ ᠪᠡᠶᠢᠭᠤᠯᠤᠯᠳᠠ ᠶᠢ ᠰᠡᠶᠢᠳᠤᠷ ᠠᠳᠬᠤᠨ᠎ᠠ᠃ ᠤᠷᠴᠢᠠ ᠳᠤᠭᠤᠷᠢᠠ ᠤ ᠬᠠᠮᠠᠭᠠᠯᠠᠯᠳᠠ᠂ ᠤᠰᠤᠠ ᠠᠰᠢᠭᠯᠠᠯᠳᠠ᠂ ᠵᠢᠭᠤᠯᠴᠢᠯᠡᠯ᠂ ᠬᠤᠳᠠ ᠤᠨ ᠶᠠᠪᠤᠳᠠᠯ᠂ ᠠᠮᠤᠷ ᠬᠠᠮᠠᠭᠠᠯᠯᠠᠳᠠ᠂ ᠢᠳᠡᠭᠡᠡ ᠤᠮᠳᠠᠭᠠᠠ ᠡᠮ ᠤᠨ ᠵᠥᠢᠯᠡᠰ ᠵᠡᠷᠭᠡ ᠶᠢᠨ ᠴᠢᠮᠡᠭᠡ ᠵᠠᠩᠬᠢ ᠶᠢᠨ ᠡᠬᠢ ᠰᠣᠷᠪᠣᠯᠵᠢ ᠶᠢ ᠨᠢᠬᠡᠳᠬᠡᠨ᠂ ᠳᠤᠤᠷ ᠰᠥᠯᠵᠢᠶ᠎ᠡ ᠪᠡ ᠳᠤᠮᠤ ᠳ᠋ᠡᠶᠢᠲ᠋ᠠ ᠳᠤ ᠳᠥᠰᠢᠭᠯᠡᠡ᠂ ︽ᠣᠶᠣᠨᠯᠢᠭ ᠥᠤᠰᠢᠠ︾᠎ ᠤ ᠪᠥᠳᠤᠭᠡᠡ ᠪᠡᠶᠢᠭᠤᠯᠤᠯᠳᠠ ᠶᠢ ᠳᠥᠷᠭᠡᠳᠭᠡᠠ᠂ ᠰᠢᠨ᠎ᠡ ᠬᠡᠯᠪᠡᠷᠢ ᠶᠢᠨ ᠠᠵᠤ ᠥᠢᠯᠡᠳᠪᠤᠷᠢᠵᠢᠯᠳᠠ᠂ ᠬᠤᠳᠠ ᠪᠠᠯᠭᠠᠰᠣᠵᠢᠯᠳᠠ᠂ ᠴᠢᠮᠡᠭᠡ ᠵᠠᠩᠬᠢᠵᠢᠯᠳᠠ᠂ ᠲᠠᠷᠢᠶᠠᠯᠠᠩ ᠮᠠᠯ ᠠᠵᠣ ᠠᠬᠤᠢ ᠶᠢᠨ ᠤᠳᠤᠬᠢᠴᠢᠯᠠᠯᠳᠠ ᠪᠠ ᠨᠣᠭᠤᠭᠠᠷᠠᠭᠤᠯᠣᠯᠳᠠ ᠵᠡᠷᠭᠡ ︽ᠲᠠᠪᠤᠵᠢᠭᠤᠯᠤᠯᠳᠠ︾᠎ ᠶᠢᠨ ᠵᠤᠬᠢᠴᠠᠩᠭᠤᠢ ᠭᠥᠭᠵᠢᠯᠳᠠ ᠶᠢ ᠠᠬᠢᠭᠤᠯᠤᠨ᠎ᠠ᠃      ︵ᠳᠠᠪᠦ︶ ᠣᠷᠴᠢᠨ ᠳᠣᠭᠤᠷᠢᠨ ᠢ ᠰᠢᠯᠢᠳᠡᠭᠵᠢᠬᠦᠯᠦᠨ᠂ ᠳᠣᠭᠳᠠᠯᠴᠠᠭ᠎ᠠ ᠪᠠᠶᠢᠭᠤᠯᠵᠦ᠂ ᠠᠮᠢ ᠠᠬᠤᠢ ᠶᠢᠨ ᠦᠷ᠎ᠡ ᠠᠰᠢᠭ ᠪᠠ ᠶᠠᠰᠦ ᠴᠢᠨᠠᠷ ᠢ ᠦᠨᠡᠨᠬᠦ ᠳᠡᠭᠡᠭᠰᠢᠯᠡᠬᠦᠯᠦᠨ᠎ᠠ᠃ ᠠᠮᠢ ᠠᠬᠤᠢ ᠶᠢᠨ ᠬᠤᠷᠢᠭ᠎ᠠ ᠱᠣᠭᠤᠮ ᠢ ᠪᠠᠲᠦ ᠰᠠᠬᠢᠵᠦ᠂ ᠠᠮᠢ ᠠᠬᠤᠢ ᠶᠢᠨ ᠪᠣᠯᠪᠠᠰᠦᠨ ᠤ ᠪᠦᠲᠦᠭᠡᠨ ᠪᠠᠶᠢᠭᠤᠯᠣᠯᠳᠠ ᠶᠢ ᠪᠦᠬᠦ ᠳᠠᠯ᠎ᠠ ᠪᠠᠷ ᠴᠢᠩᠭᠠᠳᠬᠠᠨ᠂ ᠠᠮᠢ ᠠᠬᠤᠢ ᠶᠢᠨ ᠪᠣᠯᠪᠠᠰᠦᠨ ᠢᠶᠠᠷ ᠠᠵᠦ ᠠᠬᠤᠢ ᠨᠡᠶᠢᠬᠡᠮ ᠤᠨ ᠬᠦᠭᠵᠢᠯᠳᠠ ᠶᠢ ᠵᠠᠮᠴᠢᠯᠠᠨ ᠳᠠᠭᠠᠭᠤᠯᠣᠨ᠎ᠠ᠃      ᠠᠮᠢ ᠠᠬᠤᠢ ᠶᠢᠨ ᠪᠦᠲᠦᠬᠡᠨ ᠪᠠᠶᠢᠭᠤᠯᠣᠯᠳᠠ ᠶᠢ ᠴᠢᠩᠭᠠᠳᠬᠠᠨ᠎ᠠ᠃ ᠦᠨᠳᠦᠰᠦᠨ ᠨᠣᠳᠤᠭ ᠪᠡᠯᠴᠢᠭᠡᠷ ᠤᠨ ᠬᠠᠮᠠᠭᠠᠯᠠᠯᠳᠠ᠂ ᠮᠠᠯᠵᠢᠬᠤ ᠶᠢ ᠬᠤᠷᠢᠭᠯᠠᠬᠤ᠂ ᠡᠬᠡᠯᠵᠢᠯᠡᠨ ᠮᠠᠯᠵᠢᠬᠤ᠂ ᠮᠠᠯᠵᠢᠬᠤ ᠶᠢ ᠵᠣᠭᠰᠣᠭᠠᠬᠤ ᠪᠠ ᠪᠡᠯᠴᠢᠭᠡᠷ ᠮᠠᠯ ᠳᠡᠩᠴᠡᠭᠦᠷᠢᠲᠠᠢ ᠪᠠᠶᠢᠬᠤ ᠲᠦᠷᠢᠮ ᠢ ᠴᠢᠩᠭ᠎ᠠ ᠬᠡᠷᠡᠭᠵᠢᠬᠦᠯᠵᠦ᠂ ᠣᠶᠢᠳᠦ ᠭᠠᠵᠠᠷ ᠪᠡᠯᠴᠢᠬᠡᠷ ᠨᠣᠳᠤᠭ ᠢ ᠡᠪᠳᠡᠭᠰᠡᠨ ᠠᠵᠢᠯᠯᠠᠭ᠎ᠠ ᠳᠤ ᠴᠢᠩᠭ᠎ᠠ ᠴᠣᠬᠢᠯᠳᠠ ᠦᠭᠬᠦᠨ᠎ᠠ᠃ ᠭᠤᠣᠯᠳᠠᠯᠭᠠᠲᠦ ᠣᠷᠦᠨ ᠤ ᠨᠣᠭᠤᠭᠠᠷᠠᠭᠤᠯᠣᠯᠳᠠ ᠎ ᠶᠢᠨ ᠠᠵᠢᠯ ᠢ ᠰᠠᠶᠢᠳᠦᠷ ᠠᠳᠬᠤᠨ᠂ ᠮᠣᠣᠠᠣᠰᠦ ᠡᠯᠡᠰᠦᠨ ᠴᠦᠯ ᠳᠠᠭᠠᠣ ᠨᠣᠭᠤᠭᠠᠷᠠᠭᠤᠯᠣᠯᠳᠠ ᠶᠢᠨ ᠪᠦᠰᠡ ᠪᠠ ᠵᠠᠮ ᠱᠣᠭᠤᠮ ᠳᠠᠭᠠᠥ ᠨᠣᠭᠤᠭᠠᠷᠠᠭᠤᠯᠣᠯᠳᠠ ᠶᠢᠨ ᠪᠦᠰᠡᠨ ᠤ ᠪᠦᠲᠦᠬᠡᠨ ᠪᠠᠶᠢᠭᠤᠯᠣᠯᠳᠠ ᠶᠢ ᠲᠦᠷᠭᠡᠳᠬᠡᠵᠦ᠂ ᠪᠠᠶᠢᠭᠠᠯᠢᠯᠢᠭ ᠣᠢ ᠶᠢᠨ ᠬᠠᠮᠠᠭᠠᠯᠠᠯᠳᠠ᠂ ᠪᠡᠭᠡᠵᠢᠩ ᠲᠢᠶᠠᠨᠵᠢᠨ ᠤ ᠡᠯᠡᠰᠦᠨ ᠰᠢᠭᠤᠷᠭᠠᠨ ᠤ ᠡᠬᠢ ᠢᠷᠡᠯᠳᠠ ᠶᠢᠨ ᠵᠠᠰᠠᠯᠳᠠ᠂ ᠦᠬᠦᠰᠢᠷᠡᠭᠰᠡᠨ ᠣᠢ ᠰᠢᠭᠤᠢ ᠶᠢ ᠰᠠᠯᠭᠠᠬᠤ ᠦᠭᠡᠷᠡᠴᠢᠯᠠᠯᠳᠠ᠂ ᠣᠰᠦ ᠬᠦᠷᠦᠰᠦᠨ ᠤ ᠬᠠᠮᠠᠭᠠᠯᠠᠯᠳᠠ ᠵᠡᠷᠭᠡ ᠭᠤᠣᠯᠳᠠᠯᠭᠠᠲᠦ ᠠᠮᠢ ᠠᠬᠤᠢ ᠶᠢᠨ ᠢᠨᠵᠧᠨᠧᠷᠢᠩ ᠢ ᠰᠠᠶᠢᠲᠦᠷ ᠬᠡᠷᠡᠭᠵᠢᠬᠦᠯᠦᠨ᠂ ᠵᠢᠯ ᠤᠨ ᠳᠣᠳᠣᠷ᠎ᠠ ᠣᠢ ᠰᠢᠭᠤᠢ ᠶᠢᠨ ᠠᠮᠢ ᠠᠬᠤᠢ ᠶᠢᠨ ᠪᠦᠲᠦᠬᠡᠨ ᠪᠠᠶᠢᠭᠤᠯᠣᠯᠳᠠ ᠶᠢ 16.2 ᠲᠦᠮᠡᠨ ᠮᠣ᠋᠂ ᠳᠠᠯ᠎ᠠ ᠨᠠᠳᠤᠭ ᠤᠨ ᠠᠮᠢ ᠠᠬᠤᠢ ᠶᠢᠨ ᠬᠠᠮᠠᠭᠠᠯᠠᠯᠳᠠ ᠶᠢ 50 ᠲᠦᠮᠡᠨ ᠮᠣ᠋᠂ ᠣᠰᠦ ᠬᠦᠷᠦᠰᠦᠨ ᠤ ᠢᠳᠡᠭᠳᠡᠯ ᠤᠨ ᠶᠡᠷᠦᠩᠬᠡᠶᠢᠯᠡᠭᠰᠡᠨ ᠵᠠᠰᠠᠯᠳᠠ ᠶᠢ 20 ᠲᠦᠮᠡᠨ ᠮᠣ᠋ ᠪᠡᠶᠡᠯᠡᠬᠦᠯᠦᠨ᠎ᠠ᠃ ᠠᠵᠦ ᠠᠬᠤᠢ ᠶᠢᠨ ᠣᠢ ᠶᠢᠨ ᠳᠣᠷᠰᠢᠯᠳᠠ ᠶᠢᠨ ᠴᠢᠭ ᠤᠨ ᠠᠵᠢᠯ ᠢ ᠪᠦᠬᠦ ᠳᠣᠰᠬᠤᠨ ᠢᠶᠠᠷ ᠢᠶᠠᠨ ᠠᠬᠢᠭᠤᠯᠬᠤ ᠶᠢ ᠦᠷᠨᠢᠬᠦᠯᠵᠦ᠂ ᠪᠣᠷᠭᠠᠰᠦ᠂ ᠬᠠᠷᠭᠠᠨ᠎ᠠ᠂ ᠳᠣᠷᠯᠤᠭ ᠢ ᠡᠬᠢ ᠪᠠᠶᠠᠯᠢᠭ᠂ ᠳᠡᠵᠢᠬᠡᠯ ᠪᠣᠷᠳᠤᠭ᠎ᠠ ᠪᠣᠯᠭᠠᠨ ᠠᠰᠢᠭᠯᠠᠬᠤ ᠶᠢ ᠠᠬᠢᠭᠤᠯᠣᠨ᠂ ᠣᠢ ᠡᠯᠡᠰᠦᠨ ᠤ ᠠᠵᠦ ᠦᠢᠯᠡᠰ ᠢ ᠬᠦᠭᠵᠢᠬᠦᠯᠦᠨ᠎ᠠ᠃      ᠠᠮᠢ ᠠᠬᠤᠢ ᠶᠢᠨ ᠪᠣᠯᠪᠠᠰᠦᠨ ᠤ ᠳᠣᠭᠳᠠᠯᠴᠠᠭ᠎ᠠ ᠶᠢ ᠪᠦᠷᠢᠨᠰᠢᠬᠦᠯᠦᠨ᠎ᠠ᠃ ᠪᠡᠶᠡᠴᠢ ᠴᠣᠭᠴᠠ ᠶᠢᠨ ᠴᠢᠳᠠᠪᠦᠷᠢ ᠎ ᠶᠢᠨ ᠣᠷᠦᠨ ᠤ ᠲᠦᠯᠦᠪᠵᠢᠬᠦᠯᠭᠡ ᠶᠢ ᠴᠢᠩᠭ᠎ᠠ ᠨᠠᠶᠢᠳᠠᠪᠦᠷᠢᠵᠢᠭᠤᠯᠵᠦ᠂ ︽ᠣᠯᠠᠨ ᠳᠦᠷᠢᠮ ᠢ ᠨᠢᠭᠡᠳᠬᠡᠬᠦ︾᠎ ᠶᠢ ᠠᠬᠢᠭᠤᠯᠣᠨ᠂ ᠠᠮᠢ ᠠᠬᠤᠢ ᠶᠢᠨ ᠬᠠᠮᠠᠭᠠᠯᠠᠯᠳᠠ ᠶᠢᠨ ᠣᠯᠠᠭᠠᠨ ᠱᠣᠭᠤᠮ ᠵᠡᠷᠭᠡ 5 ᠵᠣᠷᠪᠣᠰ ᠬᠢᠵᠠᠭᠠᠷᠯᠠᠬᠤ ᠱᠣᠭᠤᠮ ᠎ ᠢ ᠵᠠᠭᠠᠭᠯᠠᠨ ᠳᠣᠭᠳᠠᠭᠠᠬᠤ ᠠᠵᠢᠯ ᠢ ᠦᠷᠨᠢᠬᠦᠯᠦᠨ᠎ᠠ︔ ᠤᠳᠤᠷᠢᠳᠬᠤ ᠺᠠᠳ᠋ᠷ ᠲᠤᠰᠢᠶᠠᠯ ᠠᠴᠠ ᠰᠠᠯᠬᠤ ᠦᠶᠡᠰ ᠪᠠᠶᠢᠭᠠᠯᠢ ᠶᠢᠨ ᠡᠬᠢ ᠪᠠᠶᠠᠯᠢᠭ ᠡᠳ᠋ ᠬᠦᠷᠦᠩᠭᠡ ᠳᠤᠨᠢ ᠬᠢᠨᠡᠨ ᠪᠤᠳᠤᠯᠳᠠ ᠬᠢᠬᠦ ᠲᠦᠷᠢᠮ ᠢ ᠬᠡᠷᠡᠭᠵᠢᠬᠦᠯᠵᠦ᠂ ᠠᠮᠢ ᠠᠬᠤᠢ ᠣᠷᠴᠢᠨ ᠳᠣᠭᠤᠷᠢᠨ ᠢ ᠡᠪᠳᠡᠭᠰᠡᠨ ᠠᠵᠢᠯᠯᠠᠭ᠎ᠠ ᠶᠢ ᠬᠠᠣᠯᠢ ᠶᠣᠰᠦᠭᠠᠷ ᠴᠢᠩᠭ᠎ᠠ ᠨᠡᠬᠡᠮᠵᠢᠯᠠᠨ᠎ᠠ᠃ ᠬᠠᠮᠤᠭ ᠴᠢᠩᠭ᠎ᠠ ᠤᠰᠤᠨ ᠤ ᠡᠬᠢ ᠪᠠᠶᠠᠯᠢᠭ ᠤᠨ ᠬᠠᠮᠢᠶᠠᠷᠤᠯᠳᠠ ᠶᠢᠨ ᠲᠦᠷᠢᠮ ᠢ ᠪᠦᠬᠦ ᠳᠠᠯ᠎ᠠ ᠪᠠᠷ ᠨᠠᠶᠢᠳᠠᠪᠤᠷᠢᠵᠢᠭᠤᠯᠵᠤ᠂ ᠣᠰᠦᠨ ᠰᠣᠷᠪᠣᠯᠵᠢ ᠶᠢᠨ ᠣᠷᠦᠨ ᠤ ᠬᠠᠮᠠᠭᠠᠯᠠᠯᠳᠠ ᠶᠢ ᠴᠢᠩᠭᠠᠳᠬᠠᠨ᠂ ᠮᠠᠯ ᠲᠠᠷᠢᠶᠠᠯᠠᠩ ᠤᠨ ᠤᠶᠢᠯᠡᠰ ᠤᠨ ᠤᠰᠤᠨ ᠤ ᠦᠨ᠎ᠠ ᠬᠠᠩᠰᠢ ᠶᠢᠨ ᠲᠦᠷᠢᠮ ᠤᠨ ᠦᠭᠡᠷᠡᠴᠢᠯᠡᠯᠳᠡ ᠶᠢ ᠰᠦᠪᠡᠭᠴᠢᠯᠡᠵᠤ᠂ ᠣᠰᠦᠨ ᠤ ᠡᠬᠢ ᠪᠠᠶᠠᠯᠢᠭ ᠢ ᠠᠰᠢᠭᠯᠠᠬᠤ ᠦᠷ᠎ᠡ ᠪᠦᠲᠦᠮᠵᠢ ᠪᠠᠨ ᠳᠡᠭᠡᠭᠰᠢᠯᠡᠬᠦᠯᠦᠨ᠎ᠠ᠃ ᠤᠯᠤᠰ ᠤᠨ ᠦᠮᠴᠢᠯᠡᠯᠳᠦ ᠠᠮᠢ ᠠᠬᠤᠢ ᠶᠢᠨ ᠨᠠᠶᠢᠳᠠ ᠎ ᠶᠢᠨ ᠠᠰᠠᠷᠠᠮᠵᠢ ᠶᠢᠨ ᠴᠢᠨᠠᠷᠳᠠᠢ ᠤᠢ ᠰᠢᠭᠤᠢ ᠶᠢᠨ ᠳᠠᠯᠠᠪᠦᠷ ᠤᠨ ᠵᠠᠭᠠᠭ ᠲᠤᠭᠲᠠᠭᠠᠬᠤ ᠠᠵᠢᠯ ᠢ ᠲᠦᠷᠭᠡᠳᠬᠡᠵᠦ᠂ ᠤᠯᠤᠰ ᠤᠨ ᠦᠮᠴᠢᠯᠡᠯᠳᠦ ᠣᠢ ᠰᠢᠭᠤᠢ ᠶᠢᠨ ᠳᠠᠯᠠᠪᠦᠷ ᠤᠨ ᠦᠭᠡᠷᠡᠴᠢᠯᠠᠯᠳᠠ ᠶᠢ ᠠᠬᠢᠭᠤᠯᠣᠨ᠎ᠠ᠃ ᠪᠣᠬᠢᠷᠳᠣᠯ ᠦᠬᠡᠢ ᠦᠢᠯᠡᠳᠪᠦᠷᠢᠯᠡᠯ ᠤᠨ ᠮᠡᠷᠭᠡᠵᠢᠯ ᠢ ᠬᠡᠷᠡᠭᠯᠡᠬᠦ ᠬᠦᠷᠢᠶ᠎ᠡ ᠴᠠᠷᠠᠭ᠎ᠠ ᠪᠠᠨ ᠦᠷᠭᠡᠳᠬᠡᠨ᠂ ᠳᠡᠭᠡᠷ᠎ᠡ ᠱᠠᠳᠦᠨ ᠠᠴᠠ ᠪᠠᠭᠤᠯᠭᠠᠭᠰᠠᠨ ᠲᠦᠮᠡᠨ ᠲᠦᠭᠦᠷᠢᠭ ᠤᠨ GDP᠎ ᠶᠢᠨ ᠡᠨᠧᠷᠭᠢ ᠶᠢᠨ ᠬᠤᠷᠤᠬᠳᠠᠯ᠂ ᠤᠰᠤᠨ ᠤ ᠬᠤᠷᠤᠬᠳᠠᠯ ᠢ ᠬᠢᠵᠠᠭᠠᠷᠯᠠᠬᠤ ᠬᠠᠷᠠᠯᠳᠠ ᠪᠠᠨ ᠪᠡᠶᠡᠯᠡᠬᠦᠯᠦᠨ᠎ᠠ᠃ ᠠᠮᠢ ᠠᠬᠤᠢ ᠶᠢᠨ ᠪᠣᠯᠪᠠᠰᠦᠨ ᠠᠵᠢᠯᠯᠠᠭ᠎ᠠ ᠶᠢ ᠠᠯᠪᠠᠨ ᠪᠠᠶᠢᠭᠤᠯᠭ᠎ᠠ ᠂ ᠰᠣᠷᠭᠠᠭᠤᠯᠢ᠂ ᠠᠵᠦ ᠠᠬᠤᠶᠢᠯᠠᠯ᠂ ᠨᠡᠶᠢᠬᠡᠮ ᠳᠣᠭᠤᠷᠢᠭ ᠲᠤ ᠦᠷᠨᠢᠬᠦᠯᠬᠦ ᠶᠢ ᠠᠬᠢᠭᠤᠯᠵᠦ᠂ ᠪᠦᠬᠦ ᠬᠤᠰᠢᠭᠤᠨ ᠤ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠠᠮᠢ ᠠᠬᠤᠢ ᠶᠢᠨ ᠦᠵᠡᠯ ᠣᠬᠠᠮᠰᠠᠷ ᠢ ᠳᠠᠰᠦᠷᠠᠯᠳᠠ ᠦᠬᠡᠢ ᠳᠡᠭᠡᠭᠰᠢᠯᠡᠬᠦᠯᠦᠨ᠎ᠠ᠃      ᠣᠷᠴᠢᠨ ᠳᠣᠭᠤᠷᠢᠨ ᠤ ᠵᠠᠰᠠᠯᠳᠠ ᠶᠢ ᠴᠢᠩᠭ᠎ᠠ ᠠᠳᠬᠤᠨ᠎ᠠ᠃ ᠣᠰᠦ᠂ ᠬᠡᠢ᠂ ᠬᠦᠷᠦᠰᠦ ᠰᠢᠷᠦᠢ ᠶᠢᠨ ᠪᠣᠬᠢᠷᠳᠣᠯ ᠢ ᠶᠡᠷᠦᠩᠬᠡᠶᠢᠯᠡᠨ ᠰᠡᠷᠬᠡᠶᠢᠯᠡᠵᠦ ᠵᠠᠰᠠᠬᠤ ᠪᠠᠨ ᠬᠦᠨᠵᠡᠭᠡᠶᠢᠷᠡᠬᠦᠯᠵᠦ᠂ ︽ᠦᠤᠰᠢᠨ ᠬᠤᠰᠢᠭᠤᠨ ᠤ ᠤᠷᠴᠢᠨ ᠲᠤᠭᠤᠷᠢᠨ ᠤ ᠬᠠᠮᠠᠭᠠᠯᠠᠯᠳᠠ ᠶᠢᠨ 2015—2017 ᠤᠨ ᠤ ᠶᠡᠷᠦᠩᠬᠡᠶᠢᠯᠡᠨ ᠵᠠᠰᠠᠬᠤ ᠠᠵᠢᠯᠯᠠᠭᠠᠨ ᠤ ᠲᠦᠰᠦᠯ︾᠎ ᠢ ᠨᠠᠶᠢᠳᠠᠪᠤᠷᠢᠵᠢᠭᠤᠯᠵᠤ᠂ 4 ᠲᠦᠷᠦᠯ ᠤᠨ 10 ᠵᠤᠶᠢᠯ ᠤᠨ ᠤᠷᠴᠢᠨ ᠲᠤᠭᠤᠷᠢᠨ ᠢ ᠶᠡᠷᠦᠩᠭᠡᠶᠢᠯᠡᠨ ᠵᠠᠰᠠᠬᠤ ᠡᠭᠦᠷᠭᠡ ᠶᠢ ᠪᠠᠶᠠᠯᠠᠭᠦᠯᠦᠨ᠎ᠠ᠃ ᠣᠷᠴᠢᠨ ᠳᠣᠭᠤᠷᠢᠨ ᠢ ᠬᠠᠮᠠᠭᠠᠯᠠᠬᠤ ᠰᠠᠭᠤᠷᠢ ᠳᠦᠬᠦᠭᠡᠷᠦᠮᠵᠢ ᠪᠠᠨ ᠳᠡᠬᠦᠯᠳᠡᠷᠵᠢᠬᠦᠯᠵᠦ᠂ ᠦᠦᠰᠢᠨᠵᠦᠦ᠂ ᠳᠤᠭ᠂ ᠨᠠᠷᠢᠠᠭᠤᠣᠯ ᠤᠨ ᠬᠤᠭ ᠨᠣᠪᠰᠢ ᠰᠢᠢᠳᠪᠦᠷᠢᠯᠡᠬᠦ ᠳᠠᠯᠠᠪᠡᠢ ᠶᠢ ᠪᠠᠶᠢᠭᠤᠯᠣᠨ᠎ᠠ᠃ ᠵᠢᠬᠦᠷᠳᠡᠨ ᠮᠠᠯ ᠲᠡᠵᠢᠭᠡᠭᠦ ᠶᠢ ᠬᠤᠷᠢᠬᠯᠠᠬᠤ ᠲᠤᠭᠤᠷᠢᠭ ᠢ ᠰᠢᠨᠵᠢᠯᠡᠬᠦ ᠣᠬᠠᠭᠠᠨᠴᠢ ᠪᠠᠷ ᠲᠤᠬᠳᠠᠭᠠᠵᠤ᠂ ᠳᠡᠵᠢᠭᠡᠪᠦᠷᠢ ᠶᠢᠨ ᠪᠣᠬᠢᠷᠳᠣᠯ ᠢ ᠰᠡᠷᠬᠡᠶᠢᠯᠡᠬᠦ ᠲᠦᠬᠦᠭᠡᠷᠦᠮᠵᠢ ᠶᠢᠨ ᠪᠦᠲᠦᠬᠡᠨ ᠪᠠᠶᠢᠭᠤᠯᠣᠯᠳᠠ ᠶᠢ ᠴᠢᠩᠭᠠᠳᠬᠠᠨ᠂ ᠳᠠᠷᠢᠶᠠᠯᠠᠩ ᠤᠨ ᠵᠣᠯᠣᠮ᠎ᠠ᠂ ᠳᠠᠷᠢᠮᠠᠯ ᠤᠨ ᠵᠦᠢᠯᠡᠰ ᠤᠨ ᠡᠰᠢ ᠰᠦᠷᠡᠯ ᠵᠡᠷᠭᠡ ᠶᠢ ᠪᠣᠬᠢᠷᠳᠣᠯ ᠦᠬᠡᠢ ᠰᠢᠢᠳᠪᠦᠷᠢᠯᠡᠬᠦ ᠪᠠ ᠡᠬᠢ ᠪᠠᠶᠠᠯᠢᠭ ᠪᠣᠯᠭᠠᠨ ᠠᠰᠢᠭᠯᠠᠬᠤ ᠶᠢ ᠠᠬᠢᠭᠤᠯᠵᠦ᠂ ᠳᠠᠷᠢᠶᠠᠯᠠᠩ ᠮᠠᠯ ᠠᠵᠦ ᠠᠬᠤᠢ ᠎ ᠶᠢᠨ ᠪᠣᠬᠢᠷᠳᠣᠯ ᠢ ᠪᠠᠭᠠᠰᠬᠠᠨ᠎ᠠ᠃ ᠨᠡᠬᠦᠷᠡᠰᠦ ᠶᠢ ᠨᠡᠭᠡᠭᠡᠨ ᠠᠰᠢᠭᠯᠠᠬᠤ᠂ ᠬᠦᠨᠵᠡᠬᠡᠢ ᠦᠢᠯᠡᠳᠪᠦᠷᠢᠯᠡᠬᠦ ᠵᠡᠷᠭᠡ ᠬᠦᠷᠢᠶ᠎ᠠ ᠴᠠᠷᠠᠭᠠᠨ ᠤ ᠰᠢᠨ᠎ᠠ ᠮᠡᠷᠭᠡᠵᠢᠯ ᠤᠨ ᠰᠣᠳᠣᠯᠣᠯᠳᠠ ᠪᠠ ᠰᠢᠪᠳᠣᠯᠣᠯᠳᠠ ᠶᠢ ᠴᠢᠩᠭᠠᠳᠬᠠᠵᠦ᠂ ᠠᠭᠤᠷᠬᠠᠢ ᠎ ᠶᠢᠨ ᠭᠠᠷᠦᠯᠳᠠ᠂ ᠡᠬᠢ ᠪᠠᠶᠠᠯᠢᠭ ᠤᠨ ᠪᠣᠬᠢᠷᠳᠣᠯ ᠦᠬᠡᠢ᠂ ᠳᠣᠣᠷ᠎ᠠ ᠨᠡᠬᠦᠷᠡᠰᠦᠳᠦ᠋ᠷᠦᠭᠴᠢᠲᠦ᠂ ᠣᠷᠴᠢᠯᠲᠦ ᠠᠰᠢᠭᠯᠠᠮᠵᠢ ᠶᠢᠨ ᠬᠢᠷᠢ ᠲᠦᠪᠰᠢᠨ ᠢ ᠴᠢᠷᠮᠠᠶᠢᠨ ᠳᠡᠭᠡᠭᠰᠢᠯᠡᠬᠦᠯᠵᠦ᠂ ᠨᠡᠬᠦᠷᠡᠰᠦᠨ ᠠᠭᠤᠷᠬᠠᠢ ᠶᠢ ᠠᠩᠬ᠎ᠠ ᠨᠡᠭᠡᠭᠡᠬᠦ ᠣᠷᠦᠨ ᠤ ᠮᠠᠯᠴᠢᠨ ᠳᠠᠷᠢᠶᠠᠴᠢᠳ ᠢ ᠲᠦᠪᠬᠢᠨᠡᠬᠦᠯᠬᠦ ᠠᠵᠢᠯ ᠢ ᠰᠠᠶᠢᠳᠦᠷ ᠬᠢᠵᠦ᠂ ᠨᠣᠮᠢᠨ ᠨᠣᠭᠤᠭᠠᠨ᠂ ᠡᠶ᠎ᠡ ᠵᠣᠬᠢᠴᠠᠯᠲᠦ ᠠᠭᠤᠷᠬᠠᠢ ᠶᠢᠨ ᠣᠷᠦᠨ ᠢ ᠪᠦᠲᠦᠬᠡᠨ ᠪᠠᠶᠢᠭᠤᠯᠣᠨ᠎ᠠ᠃      ︵ᠵᠢᠷᠭᠤᠭ᠎ᠠ︶ ᠦᠭᠡᠷᠡᠴᠢᠯᠡᠯᠳᠡ ᠶᠢ ᠰᠢᠪᠳᠣᠯᠣᠨ᠂ ᠡᠭᠦᠳᠦᠯᠳᠡ ᠶᠢ ᠰᠦᠪᠡᠭᠴᠢᠯᠡᠵᠦ᠂ ᠠᠵᠤ ᠠᠬᠤᠢ ᠶᠢᠨ ᠬᠦᠭᠵᠢᠯᠳᠡ ᠶᠢᠨ ᠬᠦᠳᠡᠯᠭᠡᠭᠴᠢ ᠬᠦᠴᠦᠨ ᠢ ᠨᠡᠮᠡᠭᠳᠡᠬᠦᠯᠦᠨ᠎ᠡ᠃ᠦᠭᠡᠷᠡᠴᠢᠯᠡᠯᠳᠡ ᠪᠠᠷ ᠵᠠᠬ᠎ᠠ ᠲᠡᠯᠭᠡᠭᠦᠷ ᠤᠨ ᠠᠮᠢᠵᠢᠷᠠᠯ ᠤᠨ ᠬᠦᠴᠦᠨ ᠪᠠ ᠲᠤᠳᠤᠭᠠᠳᠤ ᠬᠦᠳᠡᠯᠭᠡᠭᠴᠢ ᠬᠦᠴᠦᠨ ᠢ ᠲᠠᠶᠢᠴᠢᠯᠠᠵᠤ᠂ ᠰᠢᠨ᠎ᠡ ᠶᠢ ᠡᠬᠦᠳᠬᠦ᠂ ᠵᠣᠬᠢᠴᠠᠩᠭᠤᠢ᠂ ᠪᠤᠬᠢᠷᠳᠤᠯ ᠦᠭᠡᠢ᠂ ᠨᠡᠭᠡᠭᠡᠯᠳᠡ ᠲᠠᠢ᠂ ᠬᠠᠮᠳᠤ ᠪᠠᠷ ᠡᠳ᠋ᠯᠡᠨ ᠬᠦᠭᠵᠢᠬᠦ ᠳᠤ ᠠᠰᠢᠭᠳᠠᠢ ᠵᠠᠬ᠎ᠠ ᠲᠡᠯᠭᠡᠭᠦᠷ ᠤᠨ ᠤᠷᠴᠢᠨ ᠲᠤᠭᠤᠷᠢᠨ ᠢ ᠲᠦᠷᠭᠡᠳᠭᠡᠨ ᠪᠦᠷᠢᠯᠳᠦᠬᠦᠯᠦᠨ᠎ᠠ᠃ ᠨᠢᠭᠡᠨᠳᠡ ᠪᠠᠶᠢᠬᠤ ᠦᠭᠡᠷᠡᠴᠢᠯᠡᠯᠳᠡ ᠶᠢᠨ ᠡᠭᠦᠷᠭᠡ ᠶᠢ ᠨᠠᠶᠢᠳᠠᠪᠦᠷᠢᠵᠢᠭᠤᠯᠬᠤ ᠶᠢ ᠰᠠᠶᠢᠳᠦᠷ ᠠᠳᠬᠤᠵᠤ᠂ ᠠᠯᠪᠠᠨ ᠠᠴᠠ ᠡᠷᠬᠢᠯᠡᠭᠰᠡᠨ ᠡᠮᠨᠡᠯᠭᠡ ᠶᠢᠨ ᠬᠤᠷᠢᠶ᠎ᠠ᠂ ᠤᠯᠤᠰ ᠤᠨ ᠦᠮᠴᠢᠯᠡᠯᠳᠤ ᠠᠵᠤ ᠠᠬᠤᠶᠢᠯᠠᠯ᠂ ᠡᠷᠦᠬᠡ ᠠᠮᠠ ᠶᠢᠨ ᠲᠦᠷᠢᠮ᠂ ᠮᠦᠩᠭᠦᠨ ᠭᠦᠢᠯᠭᠡᠭᠡ᠂ ᠬᠦᠯ ᠪᠦᠮᠪᠦᠭᠡ ᠵᠡᠷᠭᠡ ᠬᠦᠷᠢᠶᠠᠨ ᠤ ᠦᠭᠡᠷᠡᠴᠢᠯᠡᠯᠳᠡ ᠶᠢ ᠬᠦᠨᠵᠡᠭᠡᠢ ᠲᠦᠯᠬᠢᠨ ᠠᠬᠢᠭᠤᠯᠵᠤ᠂ ᠴᠢᠩᠭ᠎ᠠ ᠠᠩᠬᠠᠷᠴᠤ ᠪᠠᠳᠤᠳᠠᠢ ᠠᠳᠬᠤᠨ᠂ ᠵᠤᠷᠪᠤᠰ ᠲᠠᠷᠠᠭᠠᠯᠠᠨ ᠮᠦᠷᠳᠡᠵᠤ᠂ ᠦᠭᠡᠷᠡᠴᠢᠯᠡᠯᠳᠡ ᠨᠢ ᠵᠢᠱᠢᠭᠰᠡᠨ ᠦᠷ᠎ᠡ ᠳ᠋ᠦᠩ ᠣᠯᠬᠤ ᠶᠢ ᠪᠠᠳᠤᠯᠠᠨ᠎ᠠ᠃ ︽ᠵᠠᠰᠠᠭ ᠢ ᠴᠣᠮᠬᠤᠳᠬᠠᠨ ᠡᠷᠬᠡ ᠶᠢ ᠳᠠᠯᠪᠢᠵᠣ᠂ ᠳᠠᠯᠪᠢᠬᠤ ᠪᠠ ᠬᠠᠮᠢᠶᠠᠷᠬᠤ ᠶᠢ ᠣᠶᠠᠯᠳᠣᠭᠤᠯᠣᠨ ᠣᠶᠢᠯᠡᠴᠢᠯᠡᠭᠡ ᠶᠢ ᠰᠢᠯᠢᠳᠡᠭᠵᠢᠬᠦᠯᠬᠦ︾ ᠦᠭᠡᠷᠡᠴᠢᠯᠡᠯᠳᠡ ᠪᠠᠨ ᠬᠦᠨᠵᠡᠭᠡᠶᠢᠷᠡᠬᠦᠯᠵᠦ᠂ ᠬᠤᠰᠢᠭᠤ ᠵᠠᠰᠠᠭ ᠤᠨ ᠶᠠᠪᠦᠳᠠᠯ ᠎ ᠤᠨ ᠦᠢᠯᠡᠴᠢᠯᠡᠭᠡᠨ ᠤ ᠲᠦᠪ ᠢ ᠨᠡᠭᠦᠯᠭᠡᠨ ᠪᠠᠶᠢᠭᠤᠯᠵᠤ᠂ 6 ᠶᠡᠭᠡ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯᠳᠡ ᠎ ᠶᠢᠨ ᠦᠢᠯᠡᠴᠢᠯᠡᠭᠡᠨ ᠤ ᠲᠦᠷᠦᠯ ᠢ ᠲᠦᠪᠯᠡᠷᠡᠭᠦᠯᠦᠨ᠂ ᠨᠢᠭᠡ ᠬᠠᠳᠠᠪᠴᠢ ᠪᠠᠷ ᠠᠯᠬᠤᠪᠠᠯ ᠮᠢᠩᠭᠠᠨ ᠶᠠᠪᠤᠳᠠᠯ ᠰᠢᠢᠳᠪᠤᠷᠢᠯᠡᠬᠦ ᠶᠢ ᠪᠡᠶᠡᠯᠡᠬᠦᠯᠦᠨ᠎ᠡ᠃ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠲᠤᠭᠳᠠᠴᠠ ᠶᠢᠨ ᠦᠭᠡᠷᠡᠴᠢᠯᠡᠯᠳᠡ ᠎ ᠪᠠᠨ ᠲᠦᠷᠭᠡᠳᠭᠡᠨ᠂ ᠰᠠᠯᠠᠭ᠎ᠠ ᠮᠦᠴᠢᠷ᠂ ᠠᠵᠢᠯ ᠲᠦᠷᠦᠯ ᠠᠯᠤᠰᠯᠠᠭᠰᠠᠨ ᠶᠡᠷᠦᠩᠬᠡᠶᠢᠯᠡᠭᠰᠡᠨ ᠴᠢᠨᠠᠷᠳᠠᠢ ᠬᠠᠤᠯᠢ ᠬᠡᠷᠡᠭᠵᠢᠬᠦᠯᠦᠯᠳᠠ ᠶᠢ ᠰᠦᠪᠡᠭᠴᠢᠯᠡᠨ ᠠᠬᠢᠭᠤᠯᠵᠦ᠂ ᠰᠤᠮᠤ ᠪᠠᠯᠭᠠᠰᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠬᠦᠯᠬᠦ ᠵᠠᠰᠠᠭ ᠵᠠᠬᠢᠷᠭᠠᠨ ᠤ ᠪᠠᠶᠢᠭᠤᠯᠤᠮᠵᠢ ᠶᠢ ᠪᠠᠶᠢᠭᠤᠯᠤᠨ᠎ᠠ᠃ ︽ᠪᠠᠶᠢᠴᠠᠭᠠᠭᠳᠠᠭᠴᠢ ᠪᠠ ᠪᠠᠶᠢᠴᠠᠭᠠᠭᠴᠢ ᠶᠢ ᠳᠣᠬᠢᠶᠠᠯᠳᠣᠯ ᠎ ᠤᠨ ᠴᠢᠨᠡᠷᠳᠡᠢ ᠪᠠᠷ ᠰᠣᠩᠭᠤᠵᠣ᠂ ᠪᠠᠶᠢᠴᠠᠭᠠᠯᠳᠠ ᠶᠢᠨ ᠳ᠋ᠦᠩ ᠢ ᠴᠠᠭ ᠳᠣᠬᠠᠢ ᠳᠤᠨᠢ ᠨᠠᠶᠢᠳᠡᠯᠡᠬᠦ︾ ᠬᠢᠨᠠᠨ ᠬᠠᠮᠢᠶᠠᠷᠤᠯᠳᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ᠃ ᠬᠡᠷᠡᠭ ᠶᠠᠪᠤᠳᠠᠯ ᠤᠨ ᠵᠦᠪᠳᠡᠯᠴᠡᠭᠡᠨ ᠤ ᠲᠦᠷᠢᠮ ᠎ ᠤᠨ ᠦᠭᠡᠷᠡᠴᠢᠯᠡᠯᠳᠡ ᠶᠢ ᠬᠦᠨᠵᠡᠭᠡᠢ ᠲᠦᠯᠬᠢᠨ ᠠᠬᠢᠭᠤᠯᠵᠤ᠂ ᠪᠤᠳᠠᠳᠤ ᠴᠣᠭᠴᠠ ᠶᠢᠨ ᠠᠵᠤ ᠠᠬᠤᠢ ᠶᠢ ᠲᠡᠳᠬᠦᠬᠦ ᠡᠯ᠎ᠡ ᠲᠦᠷᠦᠯ ᠤᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠢ ᠵᠢᠯᠤᠭᠤᠳᠤᠨ ᠬᠠᠤᠯᠢ ᠶᠤᠰᠤᠭᠠᠷ ᠨᠡᠩ ᠤᠯᠠᠨ ᠬᠦᠷᠢᠶ᠎ᠡ ᠴᠠᠷᠠᠭᠠᠨ ᠳᠤ ᠤᠷᠤᠭᠤᠯᠵᠤ᠂ ᠨᠡᠶᠢᠭᠡᠮ ᠤᠨ ᠪᠡᠯᠡ ᠮᠦᠩᠭᠦ ᠶᠢ ᠬᠤᠳᠠ ᠶᠢᠨ ᠰᠠᠭᠤᠷᠢ ᠲᠦᠬᠦᠭᠡᠷᠦᠮᠵᠢ ᠵᠢᠴᠢ ᠰᠤᠷᠭᠠᠨ ᠬᠦᠮᠦᠵᠢᠯ᠂ ᠡᠷᠡᠭᠦᠯ ᠬᠠᠮᠠᠭᠠᠯᠠᠯ ᠵᠡᠷᠭᠡ ᠨᠡᠶᠢᠭᠡᠮ ᠤᠨ ᠦᠢᠯᠡᠴᠢᠯᠡᠭᠡᠨ ᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠳᠤ ᠡᠷᠭᠡ ᠲᠡᠭᠰᠢ ᠪᠠᠷ ᠤᠷᠤᠯᠴᠠᠬᠤ ᠶᠢ ᠵᠤᠷᠢᠭᠵᠢᠭᠤᠯᠤᠨ᠂ ᠠᠮᠤ ᠪᠤᠳᠠᠭᠠᠨ ᠤ ᠦᠢᠯᠡᠰ ᠲᠤ ᠬᠠᠮᠤᠭ ᠤᠷᠢᠳᠠᠪᠠᠷ ᠬᠤᠯᠢᠮᠠᠭ ᠦᠮᠴᠢᠯᠡᠯ ᠤᠨ ᠲᠦᠷᠢᠮ ᠤᠨ ᠦᠭᠡᠷᠡᠴᠢᠯᠡᠯᠳᠡ ᠶᠢ ᠦᠷᠨᠢᠬᠦᠯᠵᠦ᠂ ᠱᠠᠷᠯᠢᠭ ᠵᠡᠷᠭᠡ ᠠᠮᠤ ᠪᠤᠳᠠᠭᠠᠨ ᠤ ᠬᠦᠮᠦᠷᠭᠡ ᠶᠢ 4 ᠦᠷᠭᠡᠳᠭᠡᠨ ᠪᠠᠶᠢᠭᠤᠯᠬᠤ ᠪᠤᠶᠤ ᠨᠡᠭᠦᠯᠭᠡᠨ ᠪᠠᠶᠢᠭᠤᠯᠵᠤ᠂ ᠨᠠᠶᠢᠳᠡ ᠶᠢᠨ ᠦᠢᠯᠡᠳᠭᠦᠨ ᠢ ᠬᠠᠩᠭᠠᠬᠤ ᠴᠢᠳᠠᠮᠵᠢ ᠶᠢ ᠨᠡᠮᠡᠭᠳᠡᠬᠦᠯᠦᠨ᠎ᠡ ᠃ ᠣᠯᠠᠨ ᠢᠶᠠᠷ ᠢᠶᠠᠨ ᠣᠶᠢᠯᠡᠰ ᠪᠣᠰᠬᠠᠨ ᠳᠠᠶᠠᠭᠠᠷ ᠢᠶᠠᠨ ᠰᠢᠨ᠎ᠡ ᠶᠢ ᠡᠬᠦᠳᠬᠦ ᠶᠢ ᠠᠬᠢᠭᠤᠯᠤᠨ᠂ᠠᠵᠤ ᠠᠬᠤᠶᠢᠯᠠᠯ ᠪᠠ ᠶᠡᠭᠡ ᠲᠡᠭᠡᠳᠦ ᠰᠤᠷᠭᠠᠭᠤᠯᠢ᠂ ᠰᠤᠳᠤᠯᠭᠠᠨ ᠤ ᠪᠠᠶᠢᠭᠤᠯᠤᠮᠵᠢ ᠯᠤᠭ᠎ᠠ ᠶᠢᠨ ᠬᠠᠮᠳᠤᠷᠠᠯᠴᠠᠭ᠎ᠠ ᠪᠠᠨ ᠴᠢᠩᠭᠠᠳᠬᠠᠬᠤ ᠎ ᠶᠢ ᠵᠤᠷᠢᠭᠵᠢᠭᠤᠯᠵᠤ᠂ ᠠᠵᠤ ᠠᠬᠤᠶᠢᠯᠠᠯ ᠠᠴᠠ ᠮᠡᠷᠭᠡᠵᠢᠯ ᠰᠤᠳᠤᠯᠤᠨ ᠡᠬᠦᠳᠬᠦ ᠲᠦᠪ ᠪᠠᠶᠢᠭᠤᠯᠬᠤ ᠶᠢ ᠲᠡᠮᠵᠢᠵᠤ᠂ ᠲᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ 2 ᠰᠢᠨ᠎ᠡ ᠪᠠᠷ ᠨᠡᠮᠡᠭᠳᠡᠬᠦᠯᠦᠨ᠎ᠡ᠃ ᠲᠤᠰᠬᠠᠢ ᠮᠡᠷᠭᠡᠵᠢᠯ ᠤᠨ ᠴᠢᠳᠠᠪᠤᠷᠢᠳᠠᠨ ᠪᠠ ᠬᠡᠷᠡᠭᠯᠡᠭᠡᠨ ᠤ ᠴᠢᠳᠠᠪᠤᠷᠢᠳᠠᠨ ᠢ ᠬᠦᠮᠦᠵᠢᠬᠦᠯᠬᠦ ᠠᠪᠴᠢᠷᠠᠬᠤ ᠬᠦᠴᠦᠯᠡᠴᠡ ᠪᠠᠨ ᠴᠢᠩᠭᠠᠳᠬᠠᠵᠤ᠂ ᠰᠢᠨ᠎ᠡ ᠶᠢ ᠡᠭᠦᠳᠦᠭᠴᠢᠳ ᠤᠨ ᠤᠷᠤᠨ ᠵᠡᠷᠭᠡ ᠬᠦᠮᠦᠵᠢᠬᠦᠯᠬᠦ ᠲᠠᠪᠴᠠᠩ ᠤᠨ ᠪᠠᠶᠢᠭᠤᠯᠤᠯᠳᠠ ᠶᠢ ᠪᠦᠷᠢᠨᠰᠢᠬᠦᠯᠵᠦ᠂ ᠲᠤᠮᠳᠠ ᠪᠠᠭ᠎ᠠ ᠪᠢᠴᠢᠯ ᠬᠡᠯᠪᠡᠷᠢ ᠶᠢᠨ ᠠᠵᠤ ᠠᠬᠤᠶᠢᠯᠠᠯ ᠢ 10᠎ ᠠᠴᠠ ᠲᠡᠭᠡᠭᠰᠢ ᠪᠣᠢ ᠪᠣᠯᠭᠠᠵᠦ᠂ ᠨᠤᠳᠤᠭ ᠲᠤ ᠪᠠᠨ ᠪᠤᠴᠠᠭᠰᠠᠨ ᠮᠠᠯᠴᠢᠨ ᠳᠠᠷᠢᠶᠠᠴᠢᠳ ᠤᠨ ᠦᠢᠯᠡᠰ ᠪᠣᠰᠬᠠᠬᠤ ᠬᠦᠷᠢᠶᠡᠯᠡᠩ ᠢ 1 ᠪᠠᠶᠢᠭᠤᠯᠤᠨ᠎ᠠ᠃      ︵ᠲᠤᠯᠤᠭ᠎ᠠ︶ ᠰᠠᠭᠤᠷᠢ ᠱᠤᠭᠤᠮ ᠢ ᠪᠠᠳᠤᠯᠠᠨ᠂ ᠠᠷᠠᠳ ᠤᠨ ᠠᠮᠢᠳᠤᠷᠠᠯ ᠢ ᠬᠠᠷᠠᠭᠠᠯᠵᠠᠵᠤ᠂ ᠠᠷᠠᠳ ᠲᠦᠮᠡᠨ ᠤ ᠵᠤᠯ ᠵᠢᠷᠭᠠᠯ ᠤᠨ ᠲᠦᠪᠰᠢᠨ ᠢ ᠦᠷᠬᠦᠯᠵᠢᠯᠡᠨ ᠳᠡᠭᠡᠭᠰᠢᠯᠡᠬᠦᠯᠦᠨ᠎ᠠ᠃ ᠠᠷᠠᠳ ᠲᠦᠮᠡᠨ ᠢᠶᠠᠷ ᠭᠤᠤᠯ ᠪᠤᠯᠭᠠᠭᠰᠠᠨ ᠬᠦᠭᠵᠢᠯᠳᠡ ᠶᠢᠨ ᠰᠡᠳᠬᠢᠴᠡ ᠶᠢ ᠪᠤᠢ ᠪᠤᠯᠭᠠᠨ ᠬᠦᠭᠵᠢᠯᠳᠡ ᠶᠢᠨ ᠬᠡᠷᠡᠭᠴᠡᠭᠡ᠂ ᠠᠷᠠᠳ ᠤᠨ ᠰᠡᠳᠬᠢᠯ ᠎ ᠲᠠᠢ ᠨᠡᠩ ᠤᠨᠤᠪᠴᠢᠳᠠᠢ ᠨᠡᠶᠢᠴᠡᠬᠦᠯᠵᠦ᠂ ᠤᠯᠠᠨ ᠲᠦᠮᠡᠨ ᠤ ᠤᠯᠤᠯᠳᠠ ᠲᠦᠷᠦᠭᠳᠡᠯ ᠢ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ᠎ᠡ᠃ ᠵᠢᠯ ᠤᠨ ᠲᠤᠳᠤᠷ᠎ᠠ 10 ᠲᠦᠷᠦᠯ ᠤᠨ ᠠᠷᠠᠳ ᠢ ᠬᠠᠷᠠᠭᠠᠯᠵᠠᠬᠤ ᠪᠤᠳᠠᠳᠤ ᠠᠵᠢᠯ ᠢ ᠭᠤᠤᠯᠳᠠᠯᠭ᠎ᠠ ᠲᠠᠢ ᠬᠡᠷᠡᠭᠵᠢᠬᠦᠯᠦᠨ᠎ᠡ᠃ ᠨᠢᠭᠡ ᠳᠤ ᠲᠤᠮᠳᠠ ᠪᠠᠭ᠎ᠠ ᠪᠢᠴᠢᠯ ᠠᠵᠤ ᠠᠬᠤᠶᠢᠯᠠᠯ ᠤᠨ ᠬᠦᠭᠵᠢᠯᠳᠡ ᠶᠢᠨ ᠬᠡᠯᠪᠡᠷᠢ ᠪᠠᠨ ᠦᠭᠡᠷᠡᠴᠢᠯᠡᠨ ᠬᠦᠭᠵᠢᠬᠦ᠂ ᠮᠠᠯ ᠲᠠᠷᠢᠶᠠᠯᠠᠩ ᠤᠨ ᠠᠵᠤ ᠦᠢᠯᠡᠰ ᠤᠨ ᠬᠦᠭᠵᠢᠬᠦ᠂ ᠪᠦᠬᠦ ᠣᠷᠦᠨ ᠬᠡᠪᠴᠢᠶᠠᠨ ᠤ ᠵᠢᠭᠤᠯᠴᠢᠯᠠᠯ ᠤᠨ ᠬᠦᠭᠵᠢᠬᠦ᠂ ︽ᠬᠤᠤᠰ ᠡᠬᠦᠳᠦᠯᠳᠡ︾ ᠵᠡᠷᠭᠡ ᠰᠠᠭᠤᠷᠢ ᠮᠦᠩᠬᠦ ᠶᠢ ᠪᠠᠶᠢᠭᠤᠯᠬᠤ ᠎ ᠪᠠᠷ ᠲᠠᠮᠵᠢᠨ ᠪᠤᠳᠠᠳᠤ ᠴᠣᠭᠴᠠ ᠶᠢᠨ ᠠᠵᠤ ᠠᠬᠤᠢ ᠶᠢᠨ ᠶᠠᠰᠦ ᠴᠢᠨᠠᠷ ᠢ ᠲᠡᠭᠡᠭᠰᠢᠯᠡᠬᠦᠯᠦᠨ ᠦᠷ᠎ᠡ ᠪᠦᠳᠦᠮᠵᠢ ᠶᠢ ᠨᠡᠮᠡᠭᠳᠡᠬᠦᠯᠵᠦ᠂ ᠪᠦᠬᠦ ᠬᠤᠰᠢᠭᠤᠨ ᠤ ᠬᠤᠳᠠ ᠬᠦᠳᠡᠭᠡ ᠶᠢᠨ ᠰᠠᠭᠤᠭᠠᠯᠢ ᠠᠷᠠᠳ ᠢ ᠲᠠᠶᠢᠴᠢᠯᠡᠨ ᠤᠷᠤᠯᠭ᠎ᠠ ᠶᠢ ᠨᠡᠮᠡᠭᠳᠡᠬᠦᠯᠦᠨ᠎ᠡ᠃ ᠬᠤᠶᠠᠷ ᠲᠤ ᠶᠠᠳᠠᠭᠤ ᠶᠢ ᠲᠡᠳᠬᠦᠬᠦ ᠪᠡᠯᠡ ᠮᠦᠩᠬᠦ ᠪᠠᠨ ᠨᠡᠮᠡᠭᠳᠡᠬᠦᠯᠬᠦ ᠠᠴᠠ ᠪᠢᠰᠢ ᠬᠤᠷᠤᠭᠳᠠᠭᠤᠯᠬᠤ ᠦᠭᠡᠢ ᠪᠠᠶᠢᠬᠤ᠂ ᠶᠠᠳᠠᠭᠤ ᠶᠢ ᠲᠡᠳᠬᠦᠬᠦ ᠠᠷᠭ᠎ᠠ ᠪᠠᠷᠢᠯ ᠢᠶᠠᠨ ᠤᠯᠠᠳᠠᠭᠤᠯᠬᠤ ᠠᠴᠠ ᠪᠢᠰᠢ ᠴᠦᠭᠡᠷᠡᠬᠦᠯᠬᠦ ᠦᠭᠡᠢ ᠪᠠᠶᠢᠬᠤ᠂ ᠶᠠᠳᠠᠭᠤ ᠶᠢ ᠲᠡᠳᠬᠦᠬᠦ ᠬᠦᠴᠦᠯᠡᠴᠡ ᠪᠠᠨ ᠴᠢᠩᠭᠠᠳᠬᠠᠬᠤ ᠠᠴᠠ ᠪᠢᠰᠢ ᠰᠤᠯᠠᠷᠠᠭᠤᠯᠤᠬᠤ ᠦᠭᠡᠢ ᠪᠠᠶᠢᠬᠤ ᠶᠢ ᠪᠠᠷᠢᠮᠳᠠᠯᠠᠨ᠂ ᠮᠠᠯᠵᠢᠬᠤ ᠲᠠᠷᠢᠶᠠᠯᠠᠬᠤ ᠤᠷᠤᠨ ᠤ ᠡᠯᠧᠺᠲᠷᠤᠨ ᠬᠤᠳᠠᠯᠳᠤᠭᠠᠨ ᠎ ᠤ ᠠᠵᠤ ᠦᠢᠯᠡᠰ ᠤᠨ ᠬᠦᠭᠵᠢᠯᠳᠡ ᠶᠢ ᠲᠡᠳᠬᠦᠬᠦ᠂ ᠦᠪᠡᠷᠮᠢᠴᠡ ᠤᠨᠴᠠᠯᠢᠭᠳᠤ ᠲᠠᠷᠢᠵᠤ ᠳᠡᠵᠢᠬᠡᠬᠦ ᠳᠣᠭᠳᠠᠯᠴᠠᠭ᠎ᠠ ᠎ ᠶᠢ ᠪᠦᠷᠢᠨᠰᠢᠬᠦᠯᠬᠦ᠂ ᠭᠠᠴᠠᠭ᠎ᠠ ᠲᠤᠰᠬᠤᠨ ᠤ ᠬᠠᠷᠢᠯᠴᠠᠨ ᠬᠠᠪᠰᠦᠷᠣᠯᠴᠠᠬᠤ ᠪᠡᠯᠡ ᠮᠦᠩᠬᠦ ᠶᠢ ᠶᠠᠬᠡᠰᠬᠡᠬᠦ᠂ ᠵᠠᠭᠤᠨ ᠠᠵᠤ ᠠᠬᠤᠶᠢᠯᠠᠯ ᠠᠴᠠ ᠵᠠᠭᠤᠨ ᠲᠤᠰᠬᠤᠨ ᠢ ᠬᠠᠪᠰᠤᠷᠬᠤ ᠵᠡᠷᠭᠡ ᠠᠷᠭ᠎ᠠ ᠠᠪᠴᠠᠯ ᠢᠶᠠᠷ ᠲᠠᠮᠵᠢᠨ ᠤᠷᠤᠯᠭ᠎ᠠ ᠨᠡᠮᠡᠭᠳᠡᠬᠦᠯᠬᠦ ᠠᠷᠭ᠎ᠠ ᠵᠠᠮ ᠢᠶᠠᠨ ᠦᠷᠭᠡᠳᠭᠡᠵᠦ᠂ ᠨᠢᠭᠡᠨᠳᠡ ᠶᠠᠳᠠᠭᠤ ᠠᠴᠠ ᠠᠩᠬᠢᠵᠢᠷᠠᠭᠰᠠᠨ ᠬᠦᠮᠦᠨ ᠠᠮᠠ ᠶᠢ ᠪᠠᠲᠣᠳᠬᠠᠭᠰᠠᠨ ᠰᠠᠭᠤᠷᠢᠨ ᠲᠡᠭᠡᠷ᠎ᠡ ᠬᠤᠳᠠ ᠶᠢᠨ ᠲᠡᠰ ᠤᠨ ᠬᠠᠮᠤᠭ ᠨᠠᠭᠠᠳᠦ ᠵᠠᠬ᠎ᠠ ᠶᠢᠨ ᠠᠮᠢᠳᠦᠷᠠᠯ ᠤᠨ ᠪᠠᠳᠤᠯᠠᠭ᠎ᠠ ᠶᠢᠨ ᠱᠤᠭᠤᠮ ᠠᠴᠠ ᠳᠣᠣᠷ᠎ᠠ ᠪᠠᠶᠢᠬᠤ 843 ᠡᠷᠦᠬᠡ 2351 ᠬᠦᠮᠦᠨ ᠤ ᠵᠢᠯ ᠤᠨ ᠤᠷᠤᠯᠭ᠎ᠠ ᠶᠢ 20%᠎ ᠠᠴᠠ ᠲᠡᠭᠡᠭᠰᠢ ᠨᠡᠮᠡᠭᠳᠡᠬᠦ ᠶᠢ ᠪᠠᠳᠤᠯᠠᠨ᠎ᠠ᠃ ᠬᠤᠳᠠ ᠬᠦᠳᠡᠭᠡ ᠶᠢᠨ ᠬᠠᠮᠤᠭ ᠨᠠᠭᠠᠳᠦ ᠵᠠᠬ᠎ᠠ ᠶᠢᠨ ᠠᠮᠢᠳᠦᠷᠠᠯ ᠎ ᠤᠨ ᠪᠠᠳᠤᠯᠠᠭ᠎ᠠ ᠶᠢᠨ ᠪᠠᠷᠢᠮᠵᠢᠶ᠎ᠠ ᠶᠢ 2016 ᠤᠨ ᠤ ᠰᠠᠭᠤᠷᠢᠨ ᠲᠡᠭᠡᠷ᠎ᠡ ᠲᠠᠬᠢᠨ 6% ᠳᠡᠬᠡᠭᠰᠢᠯᠡᠬᠦᠯᠦᠨ᠎ᠠ᠃ ᠭᠤᠷᠪᠠ ᠳᠤ ᠠᠵᠢᠯ ᠣᠯᠭᠤᠵᠦ ᠦᠢᠯᠡᠰ ᠪᠣᠰᠬᠠᠬᠤ ᠶᠢ ᠠᠬᠢᠭᠤᠯᠵᠤ᠂ ᠮᠡᠷᠭᠡᠵᠢᠯ ᠤᠨ ᠪᠤᠯᠪᠠᠰᠤᠷᠠᠯ ᠢ 2000 ᠬᠦᠮᠦᠨ ᠤᠳᠠᠭ᠎ᠠ ᠡᠷᠬᠢᠯᠡᠵᠦ᠂ ᠦᠢᠯᠡᠰ ᠪᠤᠰᠬᠠᠬᠤ ᠵᠢᠭᠡᠯᠡᠯᠭᠡ ᠶᠢ 2000 ᠲᠦᠮᠡᠨ ᠲᠦᠬᠦᠷᠢᠭ ᠲᠠᠯᠪᠢᠵᠤ᠂ ᠨᠡᠶᠢᠳᠡ ᠶᠢᠨ ᠠᠰᠠᠷᠠᠮᠵᠢ ᠶᠢᠨ ᠴᠢᠨᠠᠷᠳᠠᠢ ᠠᠵᠢᠯ ᠤᠨ ᠪᠠᠶᠢᠷᠢ ᠶᠢ 100᠎ ᠠᠴᠠ ᠲᠤᠳᠠᠭᠤ ᠦᠭᠡᠢ ᠭᠠᠷᠭᠠᠵᠤ᠂ ᠦᠨᠳᠦᠷ ᠲᠡᠭᠡᠳᠦ ᠰᠤᠷᠭᠠᠭᠤᠯᠢ ᠠᠴᠠ ᠲᠡᠭᠦᠰᠦᠭᠰᠡᠨ ᠰᠤᠷᠤᠭᠴᠢᠳ ᠢ 200 ᠬᠦᠮᠦᠨ ᠨᠡᠶᠢᠳᠠᠨ ᠬᠦᠮᠦᠵᠢᠬᠦᠯᠵᠦ᠂ 2300 ᠬᠦᠮᠦᠨ ᠢ ᠬᠤᠳᠠ ᠪᠠᠯᠭᠠᠰᠦᠨ ᠳᠤ ᠰᠢᠨ᠎ᠠ ᠪᠠᠷ ᠠᠵᠢᠯ ᠣᠯᠭᠤᠵᠦ᠂ ᠬᠤᠳᠠ ᠪᠠᠯᠭᠠᠰᠦᠨ ᠳᠤ ᠳᠠᠩᠰᠠᠯᠠᠭᠤᠯᠣᠭᠰᠠᠨ ᠠᠵᠢᠯ ᠠᠯᠳᠠᠯᠳᠠ ᠶᠢᠨ ᠨᠤᠷᠮ᠎ᠠ ᠶᠢ 3.1%᠎ ᠶᠢᠨ ᠲᠤᠳᠤᠷ᠎ᠠ ᠬᠢᠵᠠᠭᠠᠷᠯᠠᠨ᠎ᠠ᠃ ᠲᠦᠷᠪᠡ ᠳᠤ ᠭᠠᠮᠰᠢᠭ ᠢ ᠰᠡᠷᠭᠡᠶᠢᠯᠡᠨ ᠪᠠᠭᠠᠰᠬᠠᠬᠤ ᠢᠨᠵᠧᠨᠧᠷᠢᠩ ᠢ ᠬᠡᠷᠡᠭᠵᠢᠬᠦᠯᠵᠦ᠂ ᠬᠦᠨᠳᠦ ᠨᠤᠴᠢᠳᠠᠢ ᠴᠠᠭ ᠠᠭᠤᠷ ᠤᠨ ᠰᠡᠷᠡᠮᠵᠢ ᠶᠢᠨ ᠲᠤᠬᠢᠶᠠᠨ ᠤ ᠴᠢᠮᠡᠭᠡ ᠵᠠᠩᠬᠢ ᠶᠢ ᠪᠦᠬᠦ ᠰᠦᠯᠵᠢᠶᠡᠨ ᠲᠡᠭᠡᠷ᠎ᠡ ᠨᠡᠶᠢᠳᠡᠯᠡᠬᠦ ᠶᠢ ᠪᠡᠶᠡᠯᠡᠬᠦᠯᠵᠦ᠂ ᠮᠦᠨᠳᠦᠷ ᠠᠴᠠ ᠰᠡᠷᠬᠡᠶᠢᠯᠡᠬᠦ ᠡᠳ᠋ ᠪᠠᠷᠠᠭᠠᠨ ᠤ ᠨᠦᠭᠡᠴᠡ ᠬᠦᠮᠦᠷᠭᠡ ᠵᠢᠴᠢ ᠮᠦᠨᠳᠦᠷ ᠠᠴᠠ ᠰᠡᠷᠬᠡᠶᠢᠯᠡᠬᠦ 18 ᠠᠵᠢᠯᠯᠠᠬᠤ ᠴᠢᠭ ᠢ ᠪᠠᠷᠢᠮᠵᠢᠶᠠᠴᠢᠯᠠᠨ ᠦᠭᠡᠷᠡᠴᠢᠯᠡᠬᠦ ᠶᠢ ᠪᠡᠶᠡᠯᠡᠬᠦᠯᠦᠨ᠎ᠡ᠃ ᠲᠠᠪᠤ ᠳᠤ ᠠᠬᠠᠮᠠᠳ ᠺᠠᠳᠠᠷᠴᠤᠳ ᠤᠨ ᠬᠦᠳᠡᠯᠭᠡᠭᠡᠨ ᠬᠢᠬᠦ ᠨᠦᠬᠦᠴᠡᠯ ᠢ ᠰᠠᠶᠢᠵᠢᠷᠠᠭᠤᠯᠤᠨ᠂ ᠬᠤᠰᠢᠭᠤᠨ ᠤ ᠠᠬᠠᠮᠠᠳ ᠺᠠᠳᠠᠷᠴᠤᠳ ᠤᠨ ᠬᠦᠳᠡᠯᠭᠡᠭᠡᠨ ᠤ ᠲᠦᠪ ᠢ ᠨᠡᠬᠦᠯᠭᠡᠨ ᠪᠠᠶᠢᠭᠤᠯᠬᠤ ᠢᠨᠵᠧᠨᠧᠷᠢᠩ ᠢ ᠬᠦᠴᠦᠯᠡᠨ ᠪᠡᠶᠡᠯᠡᠬᠦᠯᠦᠨ᠎ᠡ᠃ ᠵᠢᠷᠭᠤᠭ᠎ᠠ ᠳᠤ ᠲᠤᠭ ᠪᠠᠭ᠎ᠠ ᠰᠤᠷᠭᠠᠭᠤᠯᠢ᠂ ᠨᠠᠷᠢᠠᠭᠤᠤᠯ ᠠᠵᠤ ᠦᠢᠯᠡᠳᠪᠤᠷᠢ ᠶᠢᠨ ᠬᠦᠷᠢᠶᠡᠯᠡᠩ ᠲᠤᠭᠤᠷᠢᠭ ᠤᠨ ᠬᠡᠦᠭᠡᠳ ᠤᠨ ᠴᠡᠴᠡᠷᠯᠢᠭ᠂ ᠭᠠᠯᠠᠭᠤᠳᠤ ᠰᠤᠷᠭᠠᠭᠤᠯᠢ ᠶᠢᠨ ᠬᠤᠶᠠᠳᠤᠭᠠᠷ ᠬᠤᠭᠤᠴᠠᠭ᠎ᠠ᠂ ᠪᠠᠭᠰᠢᠨᠠᠷ ᠤᠨ ᠪᠠᠶᠢᠷᠢ ᠵᠡᠷᠭᠡ ᠢᠨᠵᠧᠨᠧᠷᠢᠩ ᠢ ᠡᠬᠢᠯᠡᠬᠦᠯᠵᠦ᠂ ᠨᠢᠭᠡᠳᠦᠭᠡᠷ ᠬᠡᠦᠭᠡᠳ ᠤᠨ ᠴᠡᠴᠡᠷᠯᠢᠭ᠂ ᠲᠦᠷᠪᠡᠳᠦᠭᠡᠷ ᠬᠡᠥᠬᠡᠳ ᠤᠨ ᠴᠡᠴᠡᠷᠯᠢᠭ ᠢ ᠦᠷᠭᠡᠳᠭᠡᠨ ᠪᠠᠶᠢᠭᠤᠯᠵᠤ᠂ ᠲᠤᠭ ᠬᠡᠥᠬᠡᠳ ᠤᠨ ᠴᠡᠴᠡᠷᠯᠢᠭ ᠢ ᠪᠠᠶᠢᠭᠤᠯᠤᠨ ᠪᠦᠳᠦᠭᠡᠬᠦ ᠶᠢ ᠪᠠᠳᠤᠯᠠᠨ᠎ᠠ᠃ ᠲᠤᠯᠤᠭ᠎ᠠ ᠳᠤ ᠪᠦᠬᠦ ᠤᠯᠤᠰ ᠤᠨ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠲᠠᠭᠤᠷᠢᠶᠠᠯ ᠬᠤᠰᠢᠭᠤ ᠶᠢ ᠪᠦᠳᠦᠭᠡᠨ ᠪᠠᠶᠢᠭᠤᠯᠵᠤ᠂ ᠵᠢᠯ ᠤᠨ ᠲᠤᠳᠤᠷ᠎ᠠ ᠦᠨᠳᠦᠰᠦᠳᠡᠨ ᠤ ᠪᠦᠯᠬᠦᠮᠳᠡᠯ ᠲᠠᠪᠰᠢᠯᠳᠡ ᠶᠢᠨ ᠦᠢᠯᠡᠰ ᠢ ᠠᠬᠢᠭᠤᠯᠬᠤ ᠠᠵᠢᠯ ᠳᠤ 1 ᠳ᠋ᠦᠩᠰᠢᠭᠤᠷ ᠲᠦᠭᠦᠷᠢᠭ ᠠᠴᠠ ᠲᠤᠳᠠᠭᠤ ᠦᠭᠡᠢ ᠪᠡᠯᠡ ᠮᠦᠩᠬᠦ ᠬᠡᠷᠡᠭᠯᠡᠨ᠂ ᠮᠤᠩᠭᠤᠯ ᠦᠨᠳᠦᠰᠦᠳᠡᠨ ᠤ ᠲᠤᠷᠰᠢᠯᠳᠠ ᠶᠢᠨ ᠪᠠᠭ᠎ᠠ ᠰᠤᠷᠭᠠᠭᠤᠯᠢ ᠶᠢᠨ ᠶᠡᠷᠦᠩᠬᠡᠶᠢᠯᠡᠭᠰᠡᠨ ᠠᠰᠠᠷ ᠢ ᠪᠠᠶᠢᠭᠤᠯᠤᠨ ᠪᠦᠳᠦᠭᠡᠵᠦ᠂ ᠤᠷᠳᠤᠰ ᠬᠤᠳᠠ ᠶᠢᠨ ᠮᠤᠩᠭᠤᠯ ᠦᠨᠳᠦᠰᠦᠳᠡᠨ ᠤ ᠬᠤᠶᠠᠳᠤᠭᠠᠷ ᠲᠤᠮᠳᠠᠳᠤ ᠰᠤᠷᠭᠠᠭᠤᠯᠢ ᠶᠢᠨ ᠰᠢᠨ᠎ᠡ ᠰᠤᠷᠭᠠᠭᠤᠯᠢ ᠶᠢᠨ ᠲᠤᠭᠤᠷᠢᠭ ᠪᠠᠶᠢᠭᠤᠯᠬᠤ ᠢᠨᠵᠧᠨᠧᠷᠢᠩ ᠢ ᠡᠬᠢᠯᠡᠬᠦᠯᠵᠦ᠂ ᠤᠯᠤᠰ ᠤᠨ ᠮᠤᠩᠭᠤᠯ ᠬᠢᠳᠠᠳ ᠡᠮ ᠡᠮᠨᠡᠯᠭᠡ ᠶᠢᠨ ᠠᠵᠢᠯ ᠎ ᠤᠨ ᠲᠡᠷᠢᠭᠦᠨ ᠤ ᠬᠤᠰᠢᠭᠤ ᠶᠢ ᠡᠬᠦᠳᠦᠨ ᠪᠠᠶᠢᠭᠤᠯᠬᠤ ᠠᠵᠢᠯ ᠢ ᠦᠷᠨᠢᠬᠦᠯᠵᠦ᠂ ᠮᠤᠩᠭᠤᠯ ᠡᠮᠨᠡᠯᠭᠡ ᠶᠢᠨ ᠬᠤᠷᠢᠶ᠎ᠠ ᠎ ᠶᠢ ᠨᠡᠬᠦᠯᠭᠡᠨ ᠪᠠᠶᠢᠭᠤᠯᠬᠤ ᠲᠦᠷᠦᠯ ᠵᠦᠢᠯ ᠵᠡᠷᠭᠡ ᠦᠪᠡᠷᠳᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠨ ᠬᠠᠨᠳᠢᠪ ᠨᠡᠮᠡᠷᠢᠯᠡᠬᠦ ᠢᠨᠵᠧᠨᠧᠷᠢᠩ ᠬᠤᠭᠤᠴᠠᠭ᠎ᠠ ᠶᠤᠰᠤᠭᠠᠷ ᠠᠰᠢᠭᠯᠠᠯᠳᠠ ᠳᠤ ᠤᠷᠤᠬᠤ ᠶᠢ ᠪᠠᠳᠤᠯᠠᠨ᠎ᠠ᠃ ᠨᠠᠢᠮᠠ ᠳᠤ ᠡᠷᠡᠭᠦᠯ ᠡᠩᠬᠡ ᠦᠦᠰᠢᠨ ᠤ ᠪᠠᠶᠢᠭᠤᠯᠤᠯᠳᠠ ᠶᠢ ᠲᠦᠯᠬᠢᠨ ᠠᠬᠢᠭᠤᠯᠵᠤ᠂ ᠪᠡᠭᠡᠵᠢᠩ᠂ ᠰᠢ ᠠᠨ᠂ ᠬᠦᠬᠡᠬᠤᠳᠠ᠂ ᠪᠤᠭᠤᠳᠤ᠂ ᠤᠷᠳᠤᠰ ᠵᠡᠷᠭᠡ ᠤᠷᠤᠨ ᠤ ᠨᠡᠷᠡᠳᠤ ᠡᠮᠨᠡᠯᠭᠡ ᠶᠢᠨ ᠬᠤᠷᠢᠶ᠎ᠠ ᠪᠠ ᠭᠤᠤᠯᠳᠠᠯᠭᠠᠳᠤ ᠲᠤᠰᠬᠠᠢ ᠡᠮᠨᠡᠯᠭᠡ ᠯᠦᠭᠡ ᠶᠢᠨ ᠬᠤᠷᠰᠢᠯᠴᠠᠭ᠎ᠠ ᠪᠠᠨ ᠴᠢᠩᠭᠠᠳᠬᠠᠵᠤ᠂ ᠠᠯᠤᠰ ᠡᠵᠡᠮᠰᠢᠯᠲᠦ ᠡᠮᠴᠢᠯᠡᠭᠡᠨ ᠤ ᠮᠡᠳᠡᠭᠡ ᠵᠠᠩᠬᠢᠴᠢᠯᠠᠯᠳᠠ ᠶᠢᠨ ᠰᠢᠰᠲ᠋ᠧᠮ ᠤᠨ ᠪᠦᠳᠦᠭᠡᠨ ᠪᠠᠶᠢᠭᠤᠯᠤᠯᠳᠠ ᠶᠢ ᠢᠳᠡᠪᠬᠢᠳᠡᠢ ᠲᠦᠯᠬᠢᠨ ᠠᠬᠢᠭᠤᠯᠵᠤ᠂ ᠬᠡᠷ ᠪᠦᠯᠢ ᠶᠢᠨ ᠡᠮᠴᠢ ᠲᠠᠢ ᠭᠡᠷ᠎ᠡ ᠲᠤᠭᠳᠠᠨ ᠦᠢᠯᠡᠴᠢᠯᠡᠬᠦ ᠶᠢ ᠦᠷᠨᠢᠬᠦᠯᠵᠦ᠂ ᠦᠨᠳᠦᠰᠦᠨ ᠱᠠᠳᠤᠨ ᠤ ᠡᠮ ᠡᠮᠨᠡᠯᠭᠡ ᠎ ᠶᠢᠨ ᠦᠢᠯᠡᠴᠢᠯᠡᠭᠡᠨ ᠤ ᠬᠢᠷᠢ ᠲᠦᠪᠰᠢᠨ ᠢ ᠲᠡᠭᠡᠭᠰᠢᠯᠡᠬᠦᠯᠦᠨ᠎ᠡ᠃ ᠠᠷᠠᠳ ᠠᠴᠠ ᠡᠷᠬᠢᠯᠡᠭᠰᠡᠨ ᠬᠢᠳᠠᠳ ᠡᠮᠨᠡᠯᠭᠡ ᠶᠢᠨ ᠬᠤᠷᠢᠶ᠎ᠠ ᠪᠠ ᠡᠮᠴᠢᠯᠡᠭᠡ ᠠᠰᠠᠷᠠᠮᠵᠢ ᠶᠢ ᠣᠶᠠᠯᠳᠣᠭᠤᠯᠣᠭᠰᠠᠨ ᠲᠦᠪ ᠢ ᠲᠦᠰᠦᠪᠯᠡᠨ ᠪᠠᠶᠢᠭᠤᠯᠵᠤ᠂ ᠬᠤᠰᠢᠭᠤ ᠡᠪᠡᠳᠴᠢᠨ ᠬᠢᠵᠢᠭ ᠢ ᠰᠡᠷᠬᠡᠶᠢᠯᠡᠬᠦ ᠲᠦᠪ᠂ ᠭᠠᠯᠠᠭᠤᠳᠤ ᠪᠠᠯᠭᠠᠰᠤᠨ ᠤ ᠨᠡᠶᠢᠭᠡᠮ ᠲᠤᠭᠤᠷᠢᠭ ᠤᠨ ᠡᠷᠡᠭᠦᠯ ᠬᠠᠮᠠᠭᠠᠯᠠᠯ ᠎ ᠤᠨ ᠦᠢᠯᠡᠴᠢᠯᠡᠭᠡᠨ ᠤ ᠲᠦᠪ ᠢ ᠦᠷᠭᠡᠳᠭᠡᠨ ᠪᠠᠶᠢᠭᠤᠯᠬᠤ ᠢᠨᠵᠧᠨᠧᠷᠢᠩ ᠢ ᠪᠡᠶᠡᠯᠡᠬᠦᠯᠦᠨ᠎ᠡ᠃ ᠶᠢᠰᠦ ᠳᠤ ᠦᠪᠡᠷᠳᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠠᠵᠢᠯᠯᠠᠭᠠᠨ ᠤ ᠲᠤᠭᠤᠷᠢᠨ ᠎ ᠳᠤ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠦᠭᠵᠢᠯᠳᠡ ᠶᠢ ᠲᠤᠰᠬᠠᠭᠰᠠᠨ ᠨᠢᠭᠡ ᠪᠦᠯᠦᠭ ᠣᠷᠠᠨ ᠪᠢᠴᠢᠯᠭᠡ᠂ ᠬᠡᠷᠡᠯ ᠵᠢᠷᠤᠭ᠂ ᠪᠢᠴᠢᠯ ᠸᠢᠳᠢᠣ᠋ ᠵᠡᠷᠭᠡ ᠰᠤᠳᠤᠨ ᠤᠷᠠᠨ ᠪᠦᠳᠦᠭᠡᠯ ᠤᠳ ᠢ ᠭᠠᠷᠭᠠᠨ᠎ᠠ︔ ᠤᠯᠠᠨ ᠨᠡᠶᠢᠳᠡ ᠶᠢᠨ ᠰᠤᠶᠤᠯ ᠤᠨ ᠦᠢᠯᠡᠴᠢᠯᠡᠭᠡᠨ ᠤ ᠪᠠᠷᠢᠮᠵᠢᠶᠠᠴᠢᠯᠠᠭᠰᠠᠨ ᠪᠠᠶᠢᠭᠤᠯᠤᠯᠳᠠ ᠶᠢ ᠭᠦᠨᠵᠡᠭᠡᠶᠢᠷᠡᠬᠦᠯᠵᠦ᠂ ᠤᠯᠠᠨ ᠲᠦᠮᠡᠨᠴᠢ ᠪᠡᠶ᠎ᠡ ᠲᠠᠮᠢᠷ ᠤᠨ ᠭᠦᠳᠡᠯᠭᠡᠭᠡᠨ ᠪᠠ ᠦᠷᠢᠰᠦᠯᠳᠦᠭᠡᠨ ᠤ ᠴᠢᠨᠠᠷᠳᠠᠢ ᠪᠡᠶ᠎ᠡ ᠲᠠᠮᠢᠷ ᠤᠨ ᠭᠦᠳᠡᠯᠭᠡᠭᠡᠨ ᠢ ᠢᠳᠡᠪᠬᠢᠳᠡᠢ ᠡᠷᠬᠢᠯᠡᠵᠦ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠣᠳᠬ᠎ᠠ ᠣᠷᠠᠯᠢᠭ᠂ ᠪᠡᠶ᠎ᠡ ᠳᠠᠮᠢᠷ᠂ ᠵᠤᠭ᠎ᠠ ᠴᠡᠩᠭᠡᠯ ᠤᠨ ᠬᠦᠳᠡᠯᠭᠡᠭᠡᠨ ᠢ ᠪᠠᠶᠠᠯᠢᠭᠵᠢᠭᠤᠯᠤᠨ᠎ᠠ᠃ ᠠᠷᠪᠠ ᠳᠤ ᠢᠳᠡᠭᠡᠨ ᠣᠮᠳᠠᠭᠠᠨ ᠡᠮ ᠤᠨ ᠵᠦᠢᠯᠡᠰ ᠤᠨ ᠠᠶᠤᠯᠬᠦᠢ ᠶᠢ ᠬᠢᠨᠠᠨ ᠬᠠᠮᠢᠶᠠᠷᠬᠤ ᠮᠡᠳᠡᠭᠡ ᠵᠠᠩᠬᠢᠴᠢᠯᠠᠯᠳᠠ ᠶᠢᠨ ᠲᠠᠪᠴᠠᠩ᠂ ᠤᠯᠠᠭᠠᠨᠳᠤᠯᠤᠭᠠᠢ ᠵᠠᠬ᠎ᠠ ᠲᠡᠯᠭᠡᠭᠦᠷ ᠤᠨ ᠬᠢᠨᠠᠨ ᠬᠠᠮᠢᠶᠠᠷᠤᠯᠳᠠ ᠶᠢᠨ ᠭᠠᠵᠠᠷ ᠢ ᠪᠠᠶᠢᠭᠤᠯᠤᠨ ᠪᠦᠳᠦᠭᠡᠵᠦ᠂ ᠤᠯᠠᠨ ᠲᠦᠮᠡᠨ ᠤ ︽ᠢᠳᠡᠵᠦ ᠣᠣᠭᠤᠬᠤ ᠳᠤ ᠠᠮᠤᠷ ᠲᠦᠪᠰᠢᠨ ᠪᠠᠶᠢᠬᠤ︾᠎ ᠶᠢ ᠪᠦᠬᠦ ᠲᠠᠯ᠎ᠠ ᠪᠠᠷ ᠪᠠᠳᠤᠯᠠᠨ᠎ᠠ᠃      ᠭᠤᠷᠪᠠ᠂ ᠵᠠᠰᠠᠭ ᠤᠨ ᠤᠷᠳᠤᠨ ᠤ ᠳᠣᠰ ᠪᠡᠶ᠎ᠡ ᠶᠢᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠨ᠎ᠠ      ︽ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ ᠬᠡᠰᠢᠬᠦᠨ ᠪᠣᠯᠬᠤ︾ ᠰᠤᠷᠤᠯᠴᠠᠯᠭ᠎ᠠ ᠬᠦᠮᠦᠵᠢᠯ ᠎ ᠤᠨ ᠦᠷ᠎ᠡ ᠪᠦᠳᠦᠭᠡᠯ ᠢᠶᠠᠨ ᠪᠠᠬᠢᠵᠢᠬᠦᠯᠵᠦ᠂ ᠰᠢᠨ᠎ᠡ ᠬᠦᠭᠵᠢᠯᠳᠡ ᠶᠢᠨ ᠣᠨᠣᠯᠵᠢᠭᠤᠨ ᠢᠶᠠᠷ ᠵᠠᠰᠠᠭ ᠤᠨ ᠤᠷᠳᠤᠨ ᠤ ᠳᠣᠰ ᠪᠡᠶ᠎ᠡ ᠶᠢᠨ ᠪᠦᠳᠦᠭᠡᠨ ᠪᠠᠶᠢᠭᠤᠯᠤᠯᠳᠠ ᠶᠢ ᠵᠢᠯᠤᠭᠤᠳᠤᠨ᠂ ᠵᠠᠰᠠᠭ ᠤᠨ ᠤᠷᠳᠤᠨ ᠤ ᠵᠠᠰᠠᠯᠳᠠ ᠶᠢᠨ ᠳᠣᠭᠳᠠᠯᠴᠠᠭ᠎ᠠ ᠪᠠ ᠵᠠᠰᠠᠯᠳᠠ ᠶᠢᠨ ᠴᠢᠳᠠᠪᠤᠷᠢ ᠶᠢᠨ ᠤᠳᠤᠬᠢᠴᠢᠯᠠᠯᠳᠠ ᠶᠢ ᠲᠦᠷᠭᠡᠳᠭᠡᠨ ᠠᠬᠢᠭᠤᠯᠵᠤ᠂ ᠵᠠᠰᠠᠭ ᠤᠨ ᠤᠷᠳᠤᠨ ᠤ ᠠᠵᠢᠯ ᠤᠨ ᠰᠢᠨ᠎ᠡ ᠪᠠᠶᠢᠳᠠᠯ ᠢ ᠲᠠᠰᠤᠷᠠᠯᠳᠠ ᠦᠭᠡᠢ ᠡᠭᠦᠳᠦᠨ᠎ᠡ᠃      ᠭᠤᠣᠯᠳᠠᠯᠭ᠎ᠠ ᠲᠠᠢ ᠲᠦᠪᠯᠡᠷᠡᠭᠦᠯᠦᠨ ᠨᠠᠶᠢᠳᠠᠪᠤᠷᠢᠵᠢᠭᠤᠯᠤᠯᠳᠠ ᠶᠢ ᠠᠳᠬᠤᠨ᠎ᠠ᠃ ︽ᠠᠮᠠᠯᠠᠭᠰᠠᠨ ᠢᠶᠠᠨ ᠬᠢᠵᠦ᠂ ᠠᠪᠤᠨ ᠲᠤᠤᠷ᠎ᠠ ᠨᠢ ᠬᠦᠢᠴᠡᠳᠭᠡᠨ᠂ ᠴᠢᠨᠠᠷᠵᠢᠭᠤᠨ ᠪᠡᠶᠡᠯᠡᠬᠦᠯᠬᠦ︾ ᠬᠡᠰᠡᠨ ᠠᠵᠢᠯᠯᠠᠬᠤ ᠬᠠᠷᠠᠯᠳᠠ ᠶᠢ ᠪᠣᠢ ᠪᠣᠯᠭᠠᠵᠦ᠂ ᠡᠯ᠎ᠡ ᠲᠦᠷᠦᠯ ᠤᠨ ᠬᠦᠭᠵᠢᠯᠳᠡ ᠶᠢᠨ ᠬᠠᠷᠠᠯᠳᠠ ᠪᠠᠷᠢᠯ ᠢᠶᠠᠨ ᠪᠤᠳᠠᠳᠠᠢ ᠠᠵᠢᠯ ᠤᠨ ᠡᠭᠦᠷᠭᠡ ᠪᠠ ᠪᠤᠳᠠᠳᠠᠢ ᠲᠦᠷᠦᠯ ᠵᠦᠢᠯ ᠪᠤᠯᠭᠠᠨ ᠨᠠᠷᠢᠯᠢᠭᠵᠢᠭᠤᠯᠵᠤ᠂ ᠬᠦᠮᠦᠨ᠂ ᠠᠵᠢᠯ ᠤᠨ ᠪᠠᠶᠢᠷᠢ ᠪᠤᠯᠭᠠᠨ ᠳᠤ ᠨᠤᠭᠳᠠᠭᠤᠯᠤᠨ ᠂ ᠡᠬᠦᠷᠭᠡ ᠶᠢᠨ ᠨᠠᠷᠢᠨ ᠲᠠᠩᠰᠠ ᠶᠢ ᠭᠠᠷᠭᠠᠵᠤ᠂ ᠡᠴᠦᠰ ᠲᠤ ᠨᠢ ᠲᠤᠯᠳᠠᠯ᠎ᠠ ᠠᠳᠬᠤᠨ᠂ ᠪᠤᠳᠠᠳᠤ ᠪᠦᠳᠦᠮᠵᠢ ᠭᠠᠷᠭᠠᠬᠤ ᠶᠢ ᠪᠠᠳᠤᠯᠠᠨ᠎ᠠ᠃ ᠠᠰᠠᠭᠤᠯᠳᠠ ᠶᠢᠨ ᠬᠠᠭᠤᠳᠠᠰᠤ ᠪᠠᠷ ᠪᠠᠶᠢᠴᠠᠭᠠᠯᠳᠠ ᠬᠢᠬᠦ᠂ ᠭᠤᠷᠪᠠᠳᠤᠭᠠᠷ ᠡᠳᠡᠭᠡᠳ ᠎ ᠠᠴᠠ ᠦᠨᠡᠯᠠᠯᠳᠠ ᠬᠢᠬᠦ᠂ ᠲᠧᠯᠸᠢᠰ ᠢᠶᠠᠷ ᠵᠠᠰᠠᠭ ᠠᠰᠠᠭᠤᠬᠤ ᠵᠡᠷᠭᠡ ᠠᠷᠭ᠎ᠠ ᠪᠠᠷᠢᠯ ᠢᠶᠠᠷ ᠲᠠᠮᠵᠢᠨ᠂ ᠲᠤᠭᠳᠠᠭᠰᠠᠨ ᠬᠤᠭᠤᠴᠠᠭ᠎ᠠ ᠲᠠᠢ ᠪᠠᠷ ᠨᠡᠶᠢᠭᠡᠮ ᠨᠡᠶᠢᠳᠡ ᠳᠤ ᠠᠵᠢᠯ ᠤᠨ ᠠᠬᠢᠴᠠ ᠪᠠᠨ ᠢᠯᠡ ᠨᠡᠶᠢᠳᠡᠯᠡᠵᠦ᠂ ᠨᠡᠶᠢᠭᠡᠮ ᠪᠠ ᠤᠯᠠᠨ ᠲᠦᠮᠡᠨ ᠤ ᠬᠢᠨᠠᠯᠳᠠ ᠶᠢ ᠤᠬᠠᠮᠰᠠᠷ ᠠᠴᠠ ᠪᠠᠨ ᠬᠦᠯᠢᠶᠡᠵᠦ᠂ ᠡᠬᠦᠷᠭᠡ ᠶᠢᠨ ᠨᠠᠶᠢᠳᠠᠪᠤᠷᠢᠵᠢᠭᠤᠯᠤᠯᠳᠠ ᠶᠢ ᠲᠤᠩᠭᠤᠷᠠᠭᠤᠯᠤᠨ ᠨᠡᠭᠡᠮᠵᠢᠯᠡᠨ᠎ᠡ᠃ ᠠᠵᠢᠯ ᠤᠨ ᠪᠠᠶᠢᠷᠢ ᠪᠠ ᠬᠠᠷᠢᠭᠤᠴᠠᠯᠭ᠎ᠠ ᠶᠢ ᠲᠤᠯᠭᠠᠬᠤ᠂ ᠬᠢᠷᠢ ᠪᠦᠳᠦᠮᠵᠢ ᠶᠢ ᠲᠠᠩᠰᠠ ᠲᠠᠢ ᠬᠠᠷᠭᠤᠭᠤᠯᠬᠤ ᠱᠠᠭᠠᠷᠳᠠᠨ ᠪᠠᠶᠢᠴᠠᠭᠠᠬᠤ ᠠᠵᠢᠯ ᠤᠨ ᠳᠣᠭᠳᠠᠯᠴᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠨᠠᠨ ᠪᠠᠶᠢᠴᠠᠭᠠᠬᠤ ᠬᠦᠨᠴᠡ ᠪᠠ ᠲᠠᠪᠳᠠᠮᠵᠢ ᠶᠢ ᠳᠡᠭᠡᠭᠰᠢᠯᠡᠬᠦᠯᠵᠦ᠂ ᠠᠵᠢᠯ ᠰᠠᠶᠢᠨ ᠬᠢᠬᠦ ᠦᠬᠡᠢ᠂ ᠠᠵᠢᠯ ᠳᠠᠭᠠᠨ ᠬᠤᠶᠢᠷᠭᠤᠰᠢᠬᠤ ᠵᠡᠷᠭᠡ ᠠᠰᠠᠭᠤᠳᠠᠯ ᠢ ᠰᠢᠢᠳᠪᠤᠷᠢᠯᠡᠨ᠂ ᠬᠦᠢᠴᠡᠳᠬᠡᠬᠦ ᠴᠢᠳᠠᠪᠤᠷᠢ ᠪᠠᠨ ᠲᠡᠭᠡᠭᠰᠢᠯᠡᠬᠦᠯᠦᠨ᠎ᠡ᠃ ᠨᠢᠭᠡᠨᠳᠡ ᠭᠠᠷᠭᠠᠭᠰᠠᠨ ᠰᠢᠢᠳᠪᠤᠷᠢ ᠶᠢ ᠡᠴᠦᠰ ᠲᠤ ᠨᠢ ᠲᠤᠯᠳᠠᠯ᠎ᠠ ᠠᠳᠬᠤᠵᠤ᠂ ᠡᠯ᠎ᠡ ᠲᠦᠷᠦᠯ ᠤᠨ ᠠᠮᠠᠯᠠᠯᠳᠠ ᠪᠠᠨ ᠦᠨᠡᠨᠬᠦ ᠪᠡᠶᠡᠯᠡᠬᠦᠯᠵᠦ᠂ ᠦᠨᠡᠨ ᠪᠤᠳᠠᠳᠠᠢ ᠠᠵᠢᠯ ᠤᠨ ᠬᠢᠷᠢ ᠪᠦᠳᠦᠮᠵᠢ ᠪᠠᠷ ᠢᠶᠠᠨ ᠤᠯᠠᠨ ᠲᠦᠮᠡᠨ ᠤ ᠢᠳᠡᠭᠡᠯ ᠪᠠ ᠲᠡᠮᠵᠢᠯᠭᠡ ᠶᠢ ᠤᠯᠤᠨ᠎ᠠ᠃      ᠬᠠᠤᠯᠢ ᠶᠤᠰᠤᠭᠠᠷ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠨ᠎ᠠ᠃ ᠭᠤᠷᠪᠠᠳᠤᠭᠠᠷ ᠡᠳᠡᠭᠡᠳ ᠠᠴᠠ ᠲᠤᠭᠳᠠᠭᠠᠭᠰᠠᠨ ᠤᠯᠠᠨ ᠲᠦᠮᠡᠨ ᠤ ᠠᠰᠢᠭ ᠲᠤᠰᠠ ᠲᠠᠢ ᠬᠤᠯᠪᠤᠭᠳᠠᠭᠰᠠᠨ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠤᠷᠢ ᠶᠢᠨ ᠲᠦᠰᠦᠯ ᠢ ᠰᠦᠪᠡᠭᠴᠢᠯᠡᠵᠦ᠂ ᠴᠢᠬᠤᠯᠠ ᠶᠡᠭᠡ ᠰᠢᠢᠳᠪᠤᠷᠢ ᠶᠢᠨ ᠲᠤᠰᠬᠠᠢ ᠮᠡᠷᠭᠡᠵᠢᠯᠳᠡᠳ ᠤᠨ ᠠᠰᠠᠭᠤᠨ ᠯᠠᠪᠯᠠᠬᠤ ᠺᠣᠮᠢᠰ ᠢ ᠪᠠᠶᠢᠭᠤᠯᠵᠦ᠂ ᠵᠠᠰᠠᠭ ᠤᠨ ᠤᠷᠳᠤᠨ ᠤ ︽ᠭᠤᠷᠪᠠᠨ ᠴᠢᠬᠤᠯᠠ ᠨᠢᠭᠡ ᠶᠡᠭᠡ︾ ᠰᠢᠢᠳᠪᠤᠷᠢᠳᠤ ᠪᠤᠳᠤᠯᠭ᠎ᠠ ᠶᠢᠨ ᠲᠦᠷᠢᠮ ᠢ ᠵᠠᠰᠠᠪᠤᠷᠢᠯᠠᠵᠤ ᠪᠦᠷᠢᠨᠰᠢᠭᠦᠯᠦᠨ᠂ ᠰᠢᠢᠳᠪᠤᠷᠢᠳᠤ ᠪᠤᠳᠤᠯᠭ᠎ᠠ ᠶᠢᠨ ᠰᠢᠨᠵᠢᠯᠡᠬᠦ ᠤᠬᠠᠭᠠᠨᠴᠢ ᠴᠢᠨᠠᠷ᠂ ᠬᠠᠤᠯᠢᠳᠤ ᠴᠢᠨᠠᠷ ᠤᠨ ᠬᠢᠷᠢ ᠲᠦᠪᠰᠢᠨ ᠢ ᠲᠡᠭᠡᠭᠰᠢᠯᠡᠬᠦᠯᠦᠨ᠎ᠡ᠃ ᠴᠢᠬᠤᠯᠠ ᠶᠡᠭᠡ ᠬᠡᠷᠡᠭ ᠶᠠᠪᠤᠳᠠᠯ ᠢ ᠲᠤᠭᠳᠠᠭᠰᠠᠨ ᠬᠤᠭᠤᠴᠠᠭ᠎ᠠ ᠲᠠᠢ ᠪᠠᠷ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠳᠤ ᠮᠡᠳᠡᠬᠦᠯᠬᠦ᠂ ᠤᠯᠤᠰ ᠲᠦᠷᠦ ᠶᠢᠨ ᠵᠦᠪᠯᠡᠯᠭᠡᠨ ᠳᠤ ᠮᠡᠳᠡᠭᠳᠡᠬᠦ ᠲᠦᠷᠢᠮ ᠢ ᠪᠠᠷᠢᠮᠳᠠᠯᠠᠬᠤ ᠪᠠ ᠪᠦᠷᠢᠨᠰᠢᠬᠦᠯᠵᠦ᠂ ᠤᠬᠠᠮᠰᠠᠷ ᠠᠴᠠ ᠪᠠᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠳᠠ ᠶᠢ ᠬᠦᠯᠢᠶᠡᠨ᠂ ᠤᠯᠤᠰ ᠲᠦᠷᠦ ᠶᠢᠨ ᠵᠦᠪᠯᠡᠯᠭᠡᠨ ᠪᠠ ᠠᠷᠠᠳ ᠤᠨ ᠪᠦᠯᠬᠦᠮ ᠤᠨ ᠠᠷᠠᠳᠴᠢᠯᠠᠭᠰᠠᠨ ᠬᠢᠨᠠᠯᠳᠠ ᠪᠠ ᠵᠠᠰᠠᠭ ᠲᠤ ᠣᠷᠣᠯᠴᠠᠨ ᠵᠠᠰᠠᠭ ᠤᠨ ᠶᠠᠪᠦᠳᠠᠯ ᠢ ᠵᠦᠪᠯᠡᠬᠦ ᠦᠢᠯᠡᠳᠦᠯ ᠢ ᠬᠦᠢᠴᠡᠳ ᠪᠠᠳᠠᠷᠠᠭᠤᠯᠤᠨ᠂ ᠵᠠᠰᠠᠭ ᠤᠨ ᠤᠷᠳᠤᠨ ᠤ ᠮᠡᠳᠡᠭᠡ ᠵᠠᠩᠬᠢ ᠶᠢᠨ ᠢᠯᠡ ᠨᠡᠶᠢᠳᠡᠯᠡᠬᠦ ᠶᠢ ᠰᠠᠶᠢᠳᠤᠷ ᠠᠳᠬᠤᠵᠤ᠂ ᠰᠢᠢᠳᠪᠤᠷᠢ᠂ ᠬᠡᠷᠡᠭᠵᠢᠭᠦᠯᠦᠯᠳᠡ᠂ ᠬᠠᠮᠢᠶᠠᠷᠤᠯᠳᠠ᠂ ᠦᠢᠯᠡᠴᠢᠯᠡᠭᠡ᠂ ᠦᠷ᠎ᠡ ᠳ᠋ᠦᠩ ᠢ ᠢᠯᠡ ᠨᠡᠶᠢᠳᠡᠯᠡᠬᠦ ᠶᠢ ᠲᠦᠯᠬᠢᠨ ᠠᠬᠢᠭᠤᠯᠤᠨ᠎ᠠ᠃ ︽ᠳᠣᠯᠣᠳᠣᠭᠠᠷ ᠳᠠᠪᠣᠨ ᠵᠢᠯ︾᠎ ᠤᠨ ᠬᠠᠥᠯᠢ ᠲᠦᠬᠡᠮᠡᠯᠵᠢᠬᠦᠯᠬᠦ ᠲᠦᠯᠦᠪᠵᠢᠬᠦᠯᠭᠡ ᠶᠢᠨ ᠬᠠᠤᠯᠢ ᠶᠣᠰᠣᠭᠠᠷ ᠵᠠᠰᠠᠬᠤ ᠶᠢ ᠬᠦᠨᠵᠡᠭᠡᠶᠢᠷᠡᠬᠦᠯᠵᠦ᠂ ︽ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠲᠦᠭᠡᠮᠡᠯᠵᠢᠬᠦᠯᠬᠦ︾ ᠬᠠᠷᠢᠭᠤᠴᠠᠯᠭ᠎ᠠ ᠶᠢᠨ ᠲᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠦᠷᠢᠮ ᠤᠨ ᠦᠭᠡᠷᠡᠴᠢᠯᠡᠯᠳᠡ ᠪᠠᠨ ᠴᠢᠩᠭᠠᠳᠬᠠᠨ᠂ ᠤᠯᠠᠨ ᠲᠦᠮᠡᠨ ᠢ ᠵᠢᠯᠤᠭᠤᠳᠤᠨ ᠬᠠᠤᠯᠢ ᠶᠤᠰᠤᠨ ᠤ ᠠᠷᠭ᠎ᠠ ᠵᠠᠮ ᠢᠶᠠᠷ ᠵᠦᠷᠢᠴᠡᠯ ᠵᠢᠭᠤᠷᠠᠯᠳᠤᠭᠠᠨ ᠢ ᠰᠢᠢᠳᠪᠤᠷᠢᠯᠡᠨ᠎ᠡ᠃ ︽ᠢᠨᠲ᠋ᠧᠷ ᠰᠦᠯᠵᠢᠶ᠎ᠡ + ᠵᠠᠰᠠᠭ ᠵᠠᠬᠢᠷᠭᠠᠨ ᠤ ᠦᠢᠯᠡᠴᠢᠯᠡᠭᠡ︾ ᠎ ᠶᠢ ᠲᠦᠭᠡᠮᠡᠯᠵᠢᠬᠦᠯᠵᠦ᠂ ᠲᠦᠷᠢᠮᠵᠢᠭᠰᠡᠨ᠂ ᠢᠯᠡ ᠪᠠᠶᠢᠬᠤ ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠤᠨ᠎ᠠ᠃      ᠴᠢᠭᠡᠴᠢ ᠵᠠᠰᠠᠭ ᠤᠨ ᠪᠠᠶᠢᠭᠤᠯᠤᠯᠳᠠ ᠶᠢ ᠴᠢᠩᠭᠠᠳᠬᠠᠨ᠎ᠠ᠃ ᠨᠠᠮ ᠤᠨ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠳᠠ ᠶᠢᠨ ᠬᠠᠷᠢᠭᠤᠴᠠᠯᠭ᠎ᠠ ᠶᠢᠨ ᠲᠦᠷᠢᠮ ᠢ ᠨᠢᠮᠪᠠᠢ ᠨᠠᠶᠢᠳᠠᠪᠤᠷᠢᠵᠢᠭᠤᠯᠵᠤ᠂ ᠤᠯᠤᠰ ᠲᠦᠷᠦ ᠶᠢᠨ ᠰᠠᠬᠢᠯᠭ᠎ᠠ ᠪᠠᠳᠤ ᠪᠠ ᠶᠤᠰᠤ ᠲᠦᠷᠢᠮ ᠢ ᠴᠢᠩᠭ᠎ᠠ ᠰᠠᠬᠢᠨ᠂ ᠢᠯᠵᠢᠷᠠᠯ ᠢ ᠰᠢᠳᠭᠡᠬᠦ ᠪᠠ ᠰᠡᠷᠬᠡᠶᠢᠯᠡᠬᠦ ᠳᠣᠭᠳᠠᠯᠴᠠᠭ᠎ᠠ ᠎ ᠶᠢᠨ ᠪᠠᠶᠢᠭᠤᠯᠤᠯᠳᠠ ᠶᠢ ᠯᠠᠪᠳᠠᠭᠤᠨ ᠲᠦᠯᠬᠢᠨ ᠠᠬᠢᠭᠤᠯᠤᠨ᠎ᠠ᠃ ᠬᠢᠨᠠᠨ ᠪᠣᠳᠣᠯᠳᠠ᠂ ᠪᠠᠶᠢᠴᠠᠭᠠᠯᠳᠠ ᠬᠢᠨᠠᠯᠳᠠ ᠶᠢ ᠣᠷᠢᠳᠠᠪᠡᠷ ᠶᠠᠪᠣᠭᠳᠠᠭᠤᠯᠵᠦ᠂ ᠵᠠᠰᠠᠭ ᠤᠨ ᠤᠷᠳᠤᠨ ᠤ ᠬᠤᠳᠠᠯᠳᠤᠨ ᠠᠪᠬᠤ᠂ ᠨᠡᠶᠢᠳᠡ ᠶᠢᠨ ᠡᠬᠢ ᠪᠠᠶᠠᠯᠢᠭ ᠢ ᠠᠷᠠᠯᠵᠢᠶᠠᠯᠠᠬᠤ ᠵᠡᠷᠭᠡ ᠬᠦᠷᠢᠶ᠎ᠡ ᠴᠠᠷᠠᠭᠠᠨ ᠤ ᠬᠢᠨᠠᠨ ᠬᠠᠮᠢᠶᠠᠷᠦᠯᠳᠠ ᠶᠢ ᠴᠢᠩᠭᠠᠳᠬᠠᠨ᠂ ᠢᠯᠵᠢᠷᠠᠯ ᠢ ᠡᠬᠢ ᠰᠤᠷᠪᠤᠯᠵᠢ ᠠᠴᠠ ᠨᠢ ᠰᠡᠷᠬᠡᠶᠢᠯᠡᠨ᠎ᠡ᠃ ᠤᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠤᠭᠰᠠᠨ ᠭᠠᠵᠢᠭᠤ ᠰᠤᠷᠳᠠᠯ ᠢ ᠡᠷᠡᠰ ᠵᠠᠯᠠᠷᠠᠭᠤᠯᠤᠨ ᠪᠠᠶᠢᠴᠠᠭᠠᠨ ᠰᠢᠢᠳᠪᠤᠷᠢᠯᠡᠨ᠎ᠡ᠃ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠳᠡ ᠶᠢ ᠪᠦᠬᠦ ᠬᠦᠴᠦᠨ ᠢᠶᠠᠷ ᠢᠶᠠᠨ ᠪᠠᠳᠠᠷᠠᠭᠤᠯᠣᠨ᠂ ᠴᠢᠭᠡᠴᠢ ᠵᠠᠰᠠᠭ ᠤᠨ ᠬᠦᠮᠦᠵᠢᠯ ᠢ ᠴᠢᠩᠭᠠᠳᠬᠠᠵᠤ᠂ ᠠᠷᠢᠭᠤᠨ ᠴᠢᠭᠡᠴᠢ ᠲᠦᠪ ᠭᠤᠣᠯᠴᠢ ᠪᠠᠷ ᠠᠵᠢᠯᠯᠠᠵᠦ ᠦᠢᠯᠡᠰ ᠪᠤᠰᠬᠠᠬᠤ ᠠᠭᠤᠷ ᠠᠮᠢᠰᠬᠤᠯ ᠢ ᠪᠣᠢ ᠪᠣᠯᠭᠠᠵᠦ᠂ ᠠᠷᠢᠭᠤᠨ ᠴᠢᠭᠡᠴᠢ ᠵᠠᠰᠠᠭ ᠤᠨ ᠤᠷᠳᠤᠨ ᠢ ᠪᠠᠶᠢᠭᠤᠯᠤᠨ᠎ᠠ᠃      ᠲᠦᠯᠦᠭᠡᠯᠡᠭᠴᠢᠳ ᠡ᠂ ᠰᠢᠷᠭᠠᠭᠤ ᠲᠡᠮᠡᠴᠡᠪᠡᠯ ᠬᠦᠰᠡᠯᠡᠩ ᠪᠡᠶᠡᠯᠡᠭᠳᠡᠵᠦ᠂ ᠲᠤᠤᠱᠳᠠᠢ ᠬᠢᠪᠡᠯ ᠬᠢᠯᠠᠯᠵᠠᠭᠰᠠᠨ ᠠᠮᠵᠢᠯᠳᠠ ᠤᠯᠳᠠᠭ᠃ ᠪᠢᠳᠡ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶᠠᠨ ᠤ ᠲᠤᠭᠤᠷᠢᠨ ᠳᠤ ᠨᠢᠭᠳᠠᠷᠠᠨ ᠪᠦᠯᠬᠦᠮᠳᠡᠵᠦ᠂ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠠ ᠬᠤᠰᠢᠭᠤ ᠨᠠᠮ ᠤᠨ ᠬᠤᠷᠢᠶᠠᠨ ᠤ ᠪᠠᠳᠤ ᠴᠢᠩᠭ᠎ᠠ ᠤᠳᠤᠷᠢᠳᠤᠯᠭ᠎ᠠ ᠲᠤᠤᠷ᠎ᠠ ᠨᠡᠩ ᠰᠢᠭᠤᠷᠬᠠᠢ ᠰᠡᠳᠬᠢᠯ ᠢᠶᠠᠷ ᠨᠡᠩ ᠪᠤᠳᠠᠳᠠᠢ ᠎ ᠶᠢ ᠡᠷᠬᠢᠮᠯᠡᠬᠦ ᠠᠵᠢᠯ ᠤᠨ ᠰᠤᠷᠳᠠᠯ ᠢᠶᠠᠷ ᠵᠤᠷᠢᠭ ᠢᠶᠠᠨ ᠡᠷᠴᠢᠯᠡᠨ ᠬᠠᠳᠠᠭᠤᠵᠢᠯᠳᠠᠢ ᠴᠢᠷᠮᠠᠶᠢᠵᠦ᠂ ᠨᠤᠮᠢᠨ ᠲᠠᠩᠰᠤᠭ ᠦᠦᠰᠢᠨ ᠢᠶᠠᠨ ᠪᠦᠬᠦ ᠲᠠᠯ᠎ᠠ ᠪᠠᠷ ᠨᠡᠯᠢᠶᠡᠳ ᠴᠢᠨᠠᠷᠵᠢᠭᠤᠨ ᠴᠢᠨᠡᠭᠡᠯᠢᠭ ᠨᠡᠶᠢᠬᠡᠮ ᠪᠤᠯᠭᠠᠨ ᠪᠦᠳᠦᠬᠡᠨ ᠪᠠᠶᠢᠭᠤᠯᠬᠤ ᠎ ᠪᠠᠷ ᠲᠡᠮᠡᠴᠡᠵᠦ᠂ ᠰᠢᠯᠢᠳᠡᠭ ᠬᠢᠷᠢ ᠪᠦᠳᠦᠮᠵᠢ ᠪᠠᠷ ᠢᠶᠠᠨ ᠦᠪᠡᠷᠳᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠪᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠮᠵᠢᠯᠲᠠᠲᠠᠢ ᠬᠤᠷᠠᠯᠳᠤᠬᠤ ᠶᠢ ᠤᠭᠳᠤᠵᠠᠭᠠᠶ᠎ᠠ︕
 
ᠢᠷᠡᠯᠲᠡ᠄ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号