【2018.3.22 】ᠦᠣᠰᠢᠨ ᠬᠤᠰᠢᠭᠤᠨ ᠤ ᠠᠷᠪᠠᠨ ᠳᠣᠯᠣᠳᠣᠭᠠᠷ ᠬᠤᠭᠤᠴᠠᠭᠠᠨ ᠤ ᠠᠷᠠᠳ ᠤᠨ | ᠲᠥᠯᠥᠬᠡᠯᠡᠭᠴᠢᠳ ᠤᠨ ᠶᠡᠭᠡ ᠬᠤᠷᠠᠯ ᠤᠨ ᠬᠤᠶᠠᠳᠣᠭᠠᠷ ᠣᠳᠠᠭᠠᠨ ᠤ ᠬᠤᠷᠠᠯᠳᠣᠭᠠᠨ ᠤ ᠪᠢᠴᠢᠭ ᠮᠠᠲ᠋ᠧᠷᠢᠶᠠᠯ | | | | | ᠵᠠᠰᠠᠭ ᠤᠨ ᠤᠷᠳᠤᠨ ᠤ ᠠᠵᠢᠯ ᠤᠨ ᠢᠯᠡᠳᠬᠡᠯ | | —— 2018 ᠣᠨ ᠤ 3 ᠰᠠᠷ᠎ᠠ ᠶᠢᠨ 22 ᠤ ᠡᠳᠦᠷ ᠤᠨ ᠦᠣᠰᠢᠨ ᠬᠤᠰᠢᠭᠤᠨ ᠤ ᠠᠷᠪᠠᠨ | ᠳᠣᠯᠣᠳᠣᠭᠠᠷ ᠬᠤᠭᠤᠴᠠᠭᠠᠨ ᠤ ᠠᠷᠠᠳ ᠤᠨ ᠲᠥᠯᠥᠬᠡᠯᠡᠭᠴᠢᠳ ᠤᠨ ᠶᠡᠭᠡ ᠬᠤᠷᠠᠯ ᠤᠨ ᠬᠤᠶᠠᠳᠣᠭᠠᠷ ᠣᠳᠠᠭᠠᠨ ᠤ | ᠬᠤᠷᠠᠯᠳᠣᠭᠠᠨ ᠳᠡᠭᠡᠷ᠎ᠡ | | ᠦᠦᠰᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠬᠤᠰᠢᠭᠤ ᠲᠠᠷᠤᠭ᠎ᠠ | ᠴᠢᠶᠤᠤ ᠶᠦᠨ ᠯᠢ | | ᠲᠦᠯᠦᠭᠡᠯᠡᠭᠴᠢᠳ ᠡ᠄ | ᠤᠳᠤ ᠪᠢ ᠬᠤᠰᠢᠭᠤ ᠠᠷᠠᠳ ᠤᠨ ᠵᠠᠰᠠᠭ ᠤᠨ ᠤᠷᠳᠤᠨ ᠢ ᠲᠦᠯᠦᠭᠡᠯᠡᠨ ᠶᠡᠭᠡ ᠬᠤᠷᠠᠯ ᠳᠤ ᠠᠵᠢᠯ ᠢᠶᠠᠨ | ᠮᠡᠳᠡᠬᠦᠯᠦᠶ᠎ᠠ᠂ ᠳᠠᠨᠠᠷ ᠬᠢᠨᠠᠨ ᠵᠦᠪᠯᠡᠬᠦ ᠶᠢᠨ ᠲᠠᠭᠠᠤ ᠬᠤᠰᠢᠭᠤ ᠤᠯᠤᠰ ᠲᠦᠷᠦ ᠶᠢᠨ ᠵᠦᠪᠯᠡᠯᠭᠡᠨ ᠤ ᠭᠡᠰᠢᠬᠦᠳ | ᠪᠤᠯᠤᠨ ᠬᠤᠷᠠᠯ ᠳᠤ ᠤᠷᠤᠯᠴᠠᠭᠰᠡᠳ ᠰᠠᠨᠠᠯ ᠢᠶᠠᠨ ᠲᠤᠷᠠᠳᠤᠭᠠᠷᠠᠢ᠃ | ᠨᠢᠬᠡ᠂ 2017 ᠣᠨ ᠤ ᠠᠵᠢᠯ ᠤᠨ ᠡᠷᠬᠢᠴᠡᠬᠦᠯᠥᠯ | ᠦᠩᠬᠡᠷᠡᠭᠰᠡᠨ ᠨᠢᠬᠡ ᠵᠢᠯ ᠳᠤ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠪᠠ | ᠬᠤᠰᠢᠭᠤ ᠨᠠᠮ ᠤᠨ ᠬᠤᠷᠢᠶᠠᠨ ᠤ ᠵᠦᠪ ᠣᠨᠣᠪᠴᠢᠲᠠᠢ ᠣᠳᠣᠷᠢᠳᠣᠯᠭ᠎ᠠ ᠳᠣᠣᠷ᠎ᠠ ᠬᠤᠰᠢᠭᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ᠂ ᠣᠯᠣᠰ ᠲᠦᠷᠤ ᠶᠢᠨ ᠵᠦᠪᠯᠡᠯᠭᠡᠨ ᠪᠠ ᠨᠡᠶᠢᠬᠡᠮ ᠤᠨ ᠡᠯ᠎ᠡ ᠡᠲᠡᠭᠡᠳ ᠤᠨ | ᠬᠢᠨ ᠤ ᠬᠢᠨᠠᠯᠲᠠ ᠳᠡᠮᠵᠢᠯᠭᠡ ᠳᠣᠣᠷ᠎ᠠ ᠬᠤᠰᠢᠭᠤ ᠠᠷᠠᠳ ᠤᠨ ᠵᠠᠰᠠᠭ ᠤᠨ ᠣᠷᠳᠣᠨ ᠰᠢ ᠶᠢᠨ ᠫᠢᠩ ᠶᠡᠷᠦᠩᠬᠡᠢ | ᠱᠦᠵᠢ ᠶᠢᠨ ᠰᠢᠷᠢᠰ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠ ᠦᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠳᠤ | ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠣᠣᠱᠯᠠᠭᠤᠯᠵᠣ ᠪᠦᠬᠦ ᠬᠤᠰᠢᠭᠤᠨ ᠤ ᠡᠯ᠎ᠡ | ᠦᠨᠳᠦᠰᠦᠲᠡᠨ ᠤ ᠺᠠᠳ᠋ᠷ ᠣᠯᠠᠨ ᠲᠦᠮᠡᠨ ᠢ ᠪᠦᠯᠬᠦᠮᠳᠡᠭᠦᠯᠦᠨ ᠳᠠᠶᠢᠴᠢᠯᠠᠵᠣ᠂ ᠦᠭᠡᠷᠡᠴᠢᠯᠡᠯᠲᠡ ᠬᠦᠭᠵᠢᠯᠲᠡ | ᠲᠣᠭᠲᠠᠭᠤᠨ ᠤ ᠬᠦᠴᠢᠷ ᠪᠡᠷᠬᠡᠲᠠᠢ ᠡᠭᠦᠷᠭᠡ ᠶᠢ ᠡᠭᠦᠷᠭᠡᠯᠡᠨ ᠨᠢᠭᠡᠳᠦᠯᠲᠠᠢ ᠳᠥᠯᠤᠪᠵᠢᠭᠦᠯᠵᠤ ᠭᠤᠣᠯᠳᠠᠯᠭ᠎ᠠ ᠶᠢ | ᠳᠣᠪᠣᠶᠢᠯᠭᠠᠨ᠂ ᠵᠠᠩᠭᠢᠯᠠᠭ᠎ᠠ ᠶᠢ ᠠᠳᠬᠤᠬᠤ ᠶᠢ ᠪᠠᠷᠢᠮᠳᠠᠯᠠᠵᠤ ᠬᠤᠰᠢᠭᠤ ᠠᠷᠪᠠᠨ ᠵᠢᠷᠭᠤᠳᠣᠭᠠᠷ ᠬᠤᠭᠤᠴᠠᠭᠠᠨ ᠤ | ᠠᠷᠠᠳ ᠤᠨ ᠲᠥᠯᠥᠬᠡᠯᠡᠭᠴᠢᠳ ᠤᠨ ᠶᠡᠭᠡ ᠬᠤᠷᠠᠯ ᠤᠨ ᠵᠢᠷᠭᠤᠳᠣᠭᠠᠷ ᠤᠳᠠᠭᠠᠨ ᠤ ᠬᠤᠷᠠᠯᠳᠤᠭᠠᠨ ᠳᠤ | ᠲᠣᠭᠲᠠᠭᠠᠭᠰᠠᠨ ᠬᠠᠷᠠᠯᠲᠠᠲᠤ ᠡᠭᠦᠷᠭᠡ ᠶᠢ ᠨᠡᠯᠢᠶᠡᠳ ᠰᠠᠶᠢᠨ ᠪᠡᠶᠡᠯᠡᠭᠦᠯᠵᠣ᠂ ᠠᠵᠣ ᠠᠬᠤᠢ ᠨᠡᠶᠢᠬᠡᠮ ᠤᠨ ᠡᠯ᠎ᠡ | ᠲᠦᠷᠦᠯ ᠤᠨ ᠠᠵᠢᠯ ᠦᠢᠯᠡᠰ ᠰᠢᠨ᠎ᠡ ᠳᠠᠪᠰᠢᠯᠲᠠ ᠲᠠᠢ ᠪᠣᠯᠵᠤ ᠴᠢᠨᠡᠭᠡᠯᠢᠭ ᠨᠡᠶᠢᠬᠡᠮ ᠢ ᠪᠥᠬᠦ ᠲᠠᠯ᠎ᠠ ᠪᠠᠷ ᠪᠡᠶᠡᠯᠡᠭᠦᠯᠬᠦ | ᠰᠢᠢᠳᠪᠥᠷᠢᠲᠤ ᠢᠯᠠᠯᠲᠠ ᠶᠢ ᠣᠯᠬᠤ᠂ ᠣᠳᠣᠬᠢᠴᠢᠯᠠᠭᠰᠠᠨ ᠦᠦᠰᠢᠨ ᠤ ᠪᠠᠶᠢᠭᠤᠯᠣᠯᠲᠠ ᠶᠢᠨ ᠰᠢᠨ᠎ᠡ ᠠᠶᠠᠯᠠᠯ ᠳᠤ | ᠪᠠᠲᠦ ᠪᠠᠬᠢ ᠰᠠᠭᠤᠷᠢ ᠲᠠᠯᠪᠢᠭᠰᠠᠨ ᠪᠠᠶᠢᠨ᠎ᠠ᠃ | ︵ᠨᠢᠬᠡ︶ ᠠᠵᠣ ᠠᠬᠤᠢ ᠶᠢᠨ ᠪᠣᠳᠠᠲᠤ ᠬᠦᠴᠦᠨ ᠰᠢᠨ᠎ᠡ ᠳᠡᠭᠲᠡᠷ ᠲᠤ ᠭᠠᠷᠪᠠ᠃ ᠣᠷᠣᠨ ᠨᠣᠲᠤᠭ ᠤᠨ | ᠦᠢᠯᠡᠳᠪᠦᠷᠢᠯᠡᠯ ᠤᠨ ᠶᠡᠷᠤᠩᠬᠡᠢ ᠦᠷᠲᠡᠭ ᠢ ᠲᠦᠰᠦᠭᠡᠯᠡᠪᠡᠯ 360 ᠳ᠋ᠦᠩᠰᠢᠭᠤᠷ ᠲᠥᠭᠦᠷᠢᠭ ᠠᠴᠠ ᠳᠡᠭᠡᠭᠰᠢ | ᠪᠡᠶᠡᠯᠡᠭᠦᠯᠵᠤ ᠠᠳᠠᠯᠢ ᠬᠤᠭᠤᠴᠠᠭᠠᠨ ᠤ ᠬᠢ ᠠᠴᠠ ᠪᠠᠨ 9% ᠨᠡᠮᠡᠭᠳᠡᠪᠡ︔ ᠣᠯᠠᠨ ᠨᠡᠶᠢᠲᠡ ᠶᠢᠨ ᠡᠳ᠋ ᠤᠨ | ᠵᠠᠰᠠᠭ ᠤᠨ ᠳᠦᠰᠦᠪ ᠤᠨ ᠣᠷᠣᠯᠭ᠎ᠠ ᠶᠢ 16.3 ᠳ᠋ᠦᠩᠰᠢᠭᠤᠷ ᠲᠥᠭᠦᠷᠢᠭ ᠪᠡᠶᠡᠯᠡᠭᠦᠯᠵᠣ ᠠᠳᠠᠯᠢ | ᠪᠦᠷᠢᠳᠬᠡᠯᠲᠡ ᠶᠢᠨ ᠬᠢ ᠠᠴᠠ 24.4% ᠨᠡᠮᠡᠭᠳᠡᠪᠡ︔ ᠪᠦᠬᠦ ᠨᠡᠶᠢᠬᠡᠮ ᠤᠨ ᠲᠣᠭᠲᠠᠮᠠᠯ ᠬᠥᠷᠦᠩᠭᠡ ᠶᠢᠨ ᠪᠡᠯᠡ | ᠣᠷᠣᠭᠤᠯᠤᠯᠲᠠ ᠶᠢ 482 ᠳ᠋ᠦᠩᠰᠢᠭᠤᠷ ᠲᠥᠭᠦᠷᠢᠭ ᠪᠡᠶᠡᠯᠡᠭᠦᠯᠵᠣ ᠠᠳᠠᠯᠢ ᠬᠤᠭᠤᠴᠠᠭᠠᠨ ᠤ ᠬᠢ ᠠᠴᠠ ᠪᠠᠨ 12. | 1% ᠨᠡᠮᠡᠭᠳᠡᠪᠡ︔ ᠨᠡᠶᠢᠬᠡᠮ ᠤᠨ ᠬᠡᠷᠡᠭᠯᠡᠭᠡᠨ ᠤ ᠪᠣᠳᠠᠰ ᠢ ᠵᠢᠵᠢᠭᠯᠡᠨ ᠪᠣᠷᠣᠯᠠᠭᠤᠯᠣᠭᠰᠡᠠ ᠶᠡᠷᠥᠩᠬᠡᠢ ᠲᠤᠭ᠎ᠠ ᠢ | ᠳᠥᠰᠥᠭᠡᠯᠡᠪᠡᠯ 51.5 ᠳ᠋ᠦᠩᠰᠢᠭᠤᠷ ᠲᠥᠭᠦᠷᠢᠭ ᠪᠡᠶᠡᠯᠡᠭᠦᠯᠵᠣ ᠠᠳᠠᠯᠢ ᠬᠤᠭᠤᠴᠠᠭᠠᠨ ᠤ ᠬᠢ ᠠᠴᠠ ᠪᠠᠨ 7.2% | ᠨᠡᠮᠡᠭᠳᠡᠪᠡ︔ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠦᠮᠦᠨ ᠳᠣᠮᠳᠠᠴᠢ ᠶᠢᠨ ᠳᠣᠬᠢᠷᠠᠭᠤᠯᠵᠣ ᠪᠣᠯᠬᠤ | ᠣᠷᠣᠯᠭ᠎ᠠ ᠲᠣᠰᠪᠣᠷᠢ 41582 ᠲᠥᠭᠦᠷᠢᠭ ᠪᠠ 16709 ᠲᠥᠭᠦᠷᠢᠭ ᠬᠦᠷᠴᠦ᠂ ᠠᠳᠠᠯᠢ ᠬᠤᠭᠤᠴᠠᠭᠠᠨ ᠤ | ᠬᠢ ᠠᠴᠠ ᠪᠠᠨ 8.2% ᠪᠠ 8% ᠨᠡᠮᠡᠭᠳᠡᠪᠡ᠃ ᠬᠤᠲᠠ ᠪᠠᠯᠭᠠᠰᠤᠨ ᠤ ᠳᠠᠩᠰᠡᠯᠠᠭᠤᠯᠤᠭᠰᠠᠨ ᠠᠵᠢᠯ | ᠠᠯᠳᠠᠯᠲᠠ ᠶᠢᠨ ᠨᠣᠷᠮ᠎ᠠ ᠶᠢ 3.1% ᠲᠣᠲᠣᠷ᠎ᠠ ᠬᠢᠵᠠᠭᠠᠷᠯᠠᠪᠠ᠃ ᠠᠮᠦ ᠪᠣᠳᠠᠭᠠᠨ ᠤ ᠭᠠᠷᠦᠯᠲᠠ ᠨᠢ ᠳᠥᠰᠥᠭᠡᠯᠡᠪᠡᠯ | 4.5 ᠳ᠋ᠦᠩᠰᠢᠭᠤᠷ ᠵᠢᠩ ᠢ ᠳᠠᠪᠠᠵᠣ᠂ ᠮᠠᠯᠵᠢᠯ ᠤᠨ ᠣᠨ ᠤ ᠳᠡᠵᠢᠭᠡᠨ ᠮᠠᠯᠵᠢᠭᠰᠠᠨ ᠮᠠᠯ ᠤᠨ ᠲᠤᠭ᠎ᠠ ᠲᠣᠯᠣᠭᠠᠢ | 214 ᠲᠥᠮᠨ ᠬᠦᠷᠪᠡ᠃ ᠪᠥᠬᠦ ᠬᠤᠰᠢᠭᠤᠨ ᠤ ᠠᠵᠣ ᠠᠬᠤᠢ ᠨᠢ ᠪᠥᠳᠥᠴᠡ ᠶᠢᠨ ᠳᠣᠬᠢᠷᠠᠭᠤᠯᠦᠯᠲᠠ ᠳᠣᠮᠳᠠ | ᠬᠥᠳᠡᠯᠭᠡᠭᠴᠢ ᠬᠦᠴᠦᠨ ᠳᠠᠰᠣᠷᠠᠯᠲᠠ ᠦᠭᠡᠢ ᠰᠢᠯᠢᠳᠡᠭᠵᠢᠵᠦ ᠶᠠᠰᠤ ᠴᠢᠨᠠᠷ ᠥᠷ᠎ᠡ ᠪᠥᠲᠥᠮᠵᠢ ᠦᠷᠭᠦᠯᠵᠢᠯᠡᠨ | ᠳᠡᠭᠡᠭᠰᠢᠯᠡᠵᠦ ᠣᠷᠣᠨ ᠨᠣᠲᠤᠭ ᠤᠨ ᠶᠡᠷᠦᠩᠬᠡᠶᠢᠯᠡᠭᠰᠡᠨ ᠪᠣᠳᠠᠲᠤ ᠬᠦᠴᠦᠨ ᠯᠠᠪᠳᠠᠭᠤᠨ ᠴᠢᠩᠭᠠᠷᠠᠵᠤ᠂ 2017 | ᠣᠨ ᠤ ᠪᠥᠬᠦ ᠤᠯᠤᠰ ᠤᠨ ᠬᠤᠰᠢᠭᠤ ᠰᠢᠶᠡᠨ ᠤ ᠠᠵᠣ ᠠᠬᠤᠢ ᠶᠢᠨ ᠵᠠᠭᠤᠨ ᠬᠦᠴᠦᠷᠬᠡᠭ ᠤᠨ 75 ᠳ᠋ᠤᠭᠠᠷ ᠲᠤ | ᠪᠠᠶᠢᠷᠢᠯᠠᠵᠤ ᠪᠠᠷᠠᠭᠤᠨ ᠣᠷᠣᠨ ᠤ ᠵᠠᠭᠤᠨ ᠬᠦᠴᠦᠷᠬᠡᠭ ᠬᠤᠰᠢᠭᠤ ᠰᠢᠶᠠᠨ ᠤ 7 ᠳ᠋ᠤᠭᠠᠷ ᠲᠤ ᠪᠠᠶᠢᠷᠢᠯᠠᠪᠠ᠃ | ︵ᠬᠤᠶᠡᠷ︶ ᠪᠥᠳᠥᠴᠡ ᠶᠢᠨ ᠳᠣᠬᠢᠷᠠᠭᠤᠯᠤᠯᠲᠠ ᠳᠤ ᠰᠢᠨ᠎ᠡ ᠰᠢᠪᠲᠤᠯᠤᠯᠲᠠ ᠲᠠᠢ ᠪᠣᠯᠪᠠ᠃ ᠠᠵᠣ | ᠦᠢᠯᠡᠳᠪᠥᠷᠢ ᠶᠢᠨ ᠠᠵᠣ ᠠᠬᠤᠢ ᠶᠢᠨ ᠬᠦᠭᠵᠢᠯᠲᠠ ᠶᠢᠨ ᠬᠡᠯᠪᠡᠷᠢ ᠶᠢ ᠬᠤᠪᠢᠷᠠᠭᠤᠯᠵᠤ ᠳᠡᠰ ᠳᠡᠪᠰᠢᠬᠦ ᠠᠯᠬᠤᠴᠠ ᠶᠢ | ᠲᠥᠷᠭᠡᠳᠭᠡᠪᠡ᠃ ᠨᠠᠷᠢᠨᠭᠤᠣᠯ ᠤᠨ ᠠᠭᠤᠷᠬᠠᠢ ᠶᠢᠨ ᠣᠷᠣᠨ ᠤ ᠶᠡᠷᠦᠩᠬᠡᠢ ᠲᠥᠯᠤᠪᠵᠢᠭᠦᠯᠭᠡ ᠵᠢᠴᠢ | ᠲᠥᠯᠤᠪᠵᠢᠭᠦᠯᠭᠡ ᠶᠢᠨ ᠣᠷᠴᠢᠨ ᠲᠣᠭᠤᠷᠢᠨ ᠤ ᠦᠨᠡᠯᠡᠯᠲᠡ ᠵᠥᠪᠰᠢᠶᠡᠷᠡᠭᠳᠡᠵᠦ ᠮᠣᠳᠣᠨᠴᠠᠶᠢᠳᠠᠮ ᠵᠡᠷᠭᠡ 3 | ᠨᠡᠭᠦᠷᠡᠰᠤᠨ ᠠᠭᠤᠷᠬᠠᠢ ᠶᠢᠨ ᠭᠠᠷ ᠭᠦᠢᠴᠡᠳᠬᠡᠯ ᠤᠨ ᠭᠦᠢᠴᠡᠳᠬᠡᠯᠲᠡ ᠴᠢᠬᠤᠯᠠ ᠶᠡᠭᠡ ᠠᠬᠢᠴᠠ ᠲᠠᠢ ᠪᠣᠯᠵᠤ᠂ | ᠵᠦᠩ ᠲᠢᠶᠠᠨ ᠾᠧ ᠴᠤᠸᠠᠩ ᠺᠣᠮᠫᠠᠨᠢ ᠶᠢᠨ ᠨᠡᠬᠦᠷᠠᠰᠣ ᠶᠢ ᠨᠠᠷᠢᠯᠢᠭ ᠪᠣᠯᠪᠠᠰᠣᠷᠠᠭᠤᠯᠬᠤ ᠳᠠᠭᠤᠷᠢᠶᠠᠯ ᠲᠦᠷᠥᠯ ᠵᠣᠶᠢᠯ | ᠨᠢ ᠪᠥᠬᠦ ᠲᠠᠯ᠎ᠠ ᠪᠠᠷ ᠬᠤᠳᠠᠯᠳᠤᠭᠠᠴᠢᠯᠠᠭᠰᠠᠨ ᠡᠵᠡᠩᠨᠡᠯᠲᠡ ᠳᠤ ᠣᠷᠣᠵᠣ ᠨᠡᠭᠦᠷᠡᠰᠦ᠂ ᠠᠯᠺᠧᠨ ᠨᠡᠭᠦᠷᠦᠭᠴᠢ ᠶᠢᠨ | ᠭᠠᠷᠣᠯᠲᠠ ᠲᠣᠰᠪᠣᠷᠢ 3500 ᠲᠥᠮᠡᠨ ᠲᠣᠨᠠᠨ ᠪᠠ 142 ᠲᠥᠮᠡᠨ ᠲᠣᠨᠠᠨ ᠬᠦᠷᠴᠦ ᠬᠡᠪᠴᠢᠶᠡᠵᠢᠯ ᠠᠴᠠ | ᠳᠡᠭᠡᠭᠰᠢᠬᠢ ᠠᠵᠣ ᠦᠢᠯᠡᠳᠪᠥᠷᠢ ᠶᠢᠨ ᠠᠵᠣ ᠠᠬᠤᠶᠢᠯᠠᠯ ᠤᠨ ᠠᠰᠢᠭ ᠬᠤᠨᠵᠢᠪᠤᠷᠢ ᠶᠢᠨ ᠨᠣᠷᠮ᠎ᠠ ᠢᠯᠡᠳᠲᠡ | ᠳᠡᠭᠡᠭᠰᠢᠯᠡᠪᠡ᠃ ᠲᠠᠷᠢᠶᠠᠯᠠᠩ ᠮᠠᠯ ᠠᠵᠣ ᠠᠬᠤᠢ ᠶᠢᠨ ᠶᠠᠰᠤ ᠴᠢᠨᠠᠷ ᠢ ᠳᠡᠭᠡᠭᠰᠢᠯᠡᠭᠦᠯᠵᠦ ᠥᠷ᠎ᠡ ᠠᠰᠢᠭ ᠢ | ᠨᠡᠮᠡᠭᠳᠡᠭᠦᠯᠪᠡ᠃ ᠲᠠᠷᠢᠶᠠᠯᠠᠩ ᠠᠵᠣ ᠠᠬᠤᠢ ᠶᠢᠨ ᠭᠤᠷᠪᠠᠳᠤᠭᠠᠷ ᠤᠳᠠᠭᠠᠨ ᠤ ᠨᠡᠶᠢᠲᠡᠮ ᠪᠠᠶᠢᠴᠠᠭᠠᠯᠲᠠ ᠶᠢ ᠲᠡᠭᠦᠰ | ᠠᠮᠵᠢᠯᠲᠠᠲᠠᠢ ᠪᠡᠶᠡᠯᠡᠭᠦᠯᠪᠡ᠃ ᠠᠮᠦ ᠪᠣᠳᠠᠭ᠎ᠠ᠂ ᠠᠵᠣ ᠠᠬᠤᠢ ᠶᠢᠨ ᠲᠠᠷᠢᠮᠠᠯ᠂ ᠡᠪᠡᠰᠤ ᠪᠣᠷᠳᠣᠭᠠᠨ ᠬᠠᠷᠢᠴᠠᠯ | ᠰᠢᠯᠢᠳᠡᠭᠵᠢᠭᠡᠳ 6:1:3 ᠪᠤᠯᠵᠣ᠂ ᠰᠢᠷᠬᠤᠰᠤᠨ ᠭᠤᠣᠯ ᠤᠨ ᠤᠷᠭᠠᠨᠢᠭ ᠳᠣᠲᠣᠷᠭ᠎ᠠ ᠶᠢᠨ ᠲᠠᠷᠢᠮᠠᠯ ᠨᠢ ᠶᠢᠰᠤᠳᠦᠭᠡᠷ | ᠪᠥᠯᠦᠭ ᠤᠯᠤᠰ ᠤᠨ ᠲᠠᠷᠢᠶᠠᠯᠠᠩ ᠠᠵᠤ ᠠᠬᠤᠢ ᠶᠢᠨ ᠪᠠᠷᠢᠮᠵᠢᠶᠠᠲᠤ ᠳᠠᠭᠤᠷᠢᠶᠠᠯ ᠣᠷᠣᠨ ᠤ ᠪᠥᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠢᠶᠠᠷ ᠵᠢᠭᠰᠠᠭᠠᠭᠳᠠᠵᠤ᠂ ᠣᠷᠳᠣᠰ ᠤᠨ ᠨᠠᠷᠢᠨ ᠨᠣᠣᠰᠣᠲᠤ ᠬᠤᠨᠢᠨ ᠮᠢᠬ᠎ᠠ | ᠵᠡᠷᠭᠡ 3 ᠪᠥᠲᠥᠭᠡᠭᠳᠡᠭᠦᠨ ᠨᠢ 18 ᠳ᠋ᠤᠭᠠᠷ ᠬᠤᠭᠤᠴᠠᠭᠠᠨ ᠤ ᠳᠣᠮᠳᠠᠳᠤ ᠤᠯᠤᠰ ᠤᠨ ᠪᠣᠬᠢᠷᠳᠤᠯ ᠦᠭᠡᠢ ᠢᠳᠡᠭᠡᠨ | ᠤ ᠦᠵᠡᠰᠭᠦᠯᠡᠩ ᠤᠨ ᠴᠤᠭᠯᠠᠭᠠᠨ ᠳᠤ ᠠᠯᠲᠠᠨ ᠮᠧᠳᠠᠯ ᠬᠦᠷᠲᠡᠵᠤ᠂ ᠦᠤᠰᠢᠨ ᠲᠠᠯ᠎ᠠ ᠨᠤᠲᠤᠭ ᠤᠨ ᠤᠯᠠᠭᠠᠨ ᠦᠬᠡᠷ | ᠨᠢ ᠭᠠᠵᠠᠷ ᠵᠦᠢ ᠶᠢᠨ ᠪᠡᠯᠬᠡ ᠳᠡᠮᠳᠡᠭᠳᠣ ᠪᠥᠲᠥᠭᠡᠭᠳᠡᠭᠦᠨ ᠢᠶᠠᠷ ᠲᠣᠭᠲᠠᠭᠠᠭᠳᠠᠵᠤ 6 ᠲᠥᠷᠤᠯ ᠤᠨ ᠪᠣᠬᠢᠷᠳᠤᠯ | ᠦᠭᠡᠢ ᠢᠳᠡᠭᠡᠨ ᠢ ᠰᠢᠨ᠎ᠡ ᠪᠠᠷ ᠭᠡᠷᠡᠴᠢᠯᠡᠭᠦᠯᠵᠤ᠂ ᠡᠤ ᠶᠤᠸᠠᠨ ᠤᠯᠠᠭᠠᠨ ᠢᠳᠡᠭᠡᠨ ᠵᠡᠷᠭᠡ ᠨᠠᠷᠢᠯᠢᠭ | ᠪᠣᠯᠪᠠᠰᠤᠷᠠᠭᠤᠯᠬᠤ ᠲᠥᠷᠤᠯ ᠵᠦᠢᠯ ᠠᠰᠢᠭᠯᠠᠯᠲᠠ ᠳᠤ ᠣᠷᠣᠵᠤ᠂ ᠬᠥᠷᠦᠭᠡᠵᠤ ᠬᠦᠯᠳᠡᠭᠡᠬᠦ ᠬᠡᠯᠬᠢᠶᠡᠵᠢᠯ ᠤᠨ | ᠪᠠᠷᠠᠭᠠᠨ ᠭᠦᠢᠯᠭᠡᠭᠡ ᠶᠢᠨ ᠬᠥᠮᠦᠷᠭᠡ ᠶᠢᠨ ᠪᠠᠭᠲᠠᠭᠠᠮᠵᠢ ᠶᠢ 350 ᠲᠤᠨᠠᠨ ᠰᠢᠨ᠎ᠡ ᠪᠠᠷ ᠨᠡᠮᠡᠭᠳᠡᠭᠦᠯᠪᠡ᠃ ᠣᠳᠣ | ᠦᠶ᠎ᠡ ᠶᠢᠨ ᠦᠢᠯᠡᠴᠢᠯᠡᠭᠡᠨ ᠤ ᠦᠢᠯᠡᠰ ᠥᠷᠨᠢᠨ ᠬᠥᠭᠵᠢᠪᠡ᠃ ᠰᠢᠷᠬᠤᠰᠤ ᠶᠢᠨ ᠤᠯᠤᠰ ᠤᠨ ᠬᠠᠭᠤᠴᠢ | ᠰᠤᠳᠤᠯᠤᠯ ᠤᠨ ᠪᠠᠭᠤᠷᠢ ᠶᠢᠨ ᠴᠡᠴᠡᠷᠯᠢᠭ ᠤᠨ ᠮᠥᠽᠸᠢ ᠶᠢ ᠡᠬᠢᠯᠡᠭᠦᠯᠤᠨ ᠪᠥᠲᠦᠭᠡᠨ ᠪᠠᠶᠢᠭᠤᠯᠵᠤ᠂ ᠰᠤᠶᠤᠯ ᠤᠷᠠᠨ | ᠰᠡᠳᠬᠢᠮᠵᠢ ᠶᠢᠨ ᠦᠢᠯᠡᠰᠵᠢᠭᠦᠯᠤᠯᠲᠡ ᠶᠢᠨ ᠬᠦᠷᠢᠶᠡᠯᠡᠩ ᠢ ᠪᠥᠲᠦᠭᠡᠨ ᠪᠠᠶᠢᠭᠤᠯᠵᠤ ᠪᠥᠸᠧ ᠶᠤᠸᠠᠨ ᠠᠮᠢ | ᠠᠬᠤᠢ ᠶᠢᠨ ᠵᠢᠭᠤᠯᠴᠢᠯᠠᠯ ᠤᠨ ᠦᠵᠡᠮᠵᠢ ᠶᠢᠨ ᠲᠣᠭᠤᠷᠢᠭ ᠨᠢ ᠤᠯᠤᠰ ᠤᠨ AAA ᠳᠡᠰ ᠤᠨ ᠵᠢᠭᠤᠯᠴᠢᠯᠠᠯ ᠤᠨ | ᠦᠵᠡᠮᠵᠢ ᠶᠢᠨ ᠣᠷᠣᠨ ᠤ ᠡᠩᠨᠡᠭᠡᠨ ᠳᠤ ᠳᠠᠪᠰᠢᠨ ᠣᠷᠣᠵᠤ ᠭᠠᠯᠠᠭᠤᠲᠤ ᠪᠠᠯᠭᠠᠰᠤᠨ ᠤ ᠷᠠᠰᠢᠶᠠᠨ ᠳᠣᠬᠤᠢ | ᠳᠣᠰᠬᠤᠨ ᠨᠢ ᠳᠤᠮᠳᠠᠳᠤ ᠤᠯᠤᠰ ᠤᠨ ᠦᠵᠡᠰᠬᠦᠯᠡᠩᠲᠦ ᠰᠠᠶᠢᠬᠠᠨ ᠰᠡᠯᠡᠭᠦᠴᠡᠯ ᠬᠥᠳᠡᠭᠡ ᠳᠤᠰᠬᠤᠨ ᠤ ᠴᠣᠯᠠ | ᠬᠥᠷᠲᠡᠵᠤ᠂ ᠬᠤᠶᠠᠳᠤᠭᠠᠷ ᠬᠤᠭᠤᠴᠠᠭᠠᠨ ᠤ ᠣᠷᠳᠣᠰ ᠤᠨ ᠦᠵᠡᠰᠭᠦᠯᠡᠩᠲᠤ ᠰᠠᠶᠢᠬᠠᠨ ᠬᠥᠳᠡᠭᠡ ᠳᠤᠰᠬᠤᠨ ᠤ | ᠵᠢᠭᠤᠯᠴᠢᠯᠠᠯ ᠤᠨ ᠨᠠᠶᠢᠷ ᠵᠡᠷᠭᠡ ᠲᠣᠮᠦ ᠬᠡᠯᠪᠡᠷᠢ ᠶᠢᠨ ᠰᠤᠶᠤᠯ ᠲᠠᠮᠢᠷ ᠤᠨ ᠠᠵᠢᠯᠯᠠᠭᠠᠨ ᠢ ᠠᠮᠵᠢᠯᠲᠠᠲᠠᠢ ᠡᠷᠬᠢᠯᠡᠵᠤ | ᠪᠦᠬᠦ ᠵᠢᠯ ᠳᠤ 92.9 ᠲᠦᠮᠡᠨ ᠬᠦᠮᠤᠨ ᠤᠳᠠᠭ᠎ᠠ ᠶᠢᠨ ᠵᠢᠭᠤᠯᠴᠢᠯᠠᠭᠰᠠᠳ ᠢ ᠬᠦᠯᠢᠶᠡᠨ ᠵᠣᠴᠢᠯᠠᠵᠤ᠂ | ᠵᠢᠭᠤᠯᠴᠢᠯᠠᠯ ᠤᠨ ᠶᠡᠷᠤᠩᠬᠡᠢ ᠣᠷᠣᠯᠭ᠎ᠠ ᠶᠢ 30 ᠳ᠋ᠦᠩᠰᠢᠭᠤᠷ ᠲᠦᠬᠦᠷᠢᠭ ᠪᠡᠶᠡᠯᠡᠭᠦᠯᠪᠡ᠃ ᠤᠯᠠᠭᠠᠨᠮᠥ᠋ᠴᠢᠷ ᠨᠢ | ᠪᠥᠬᠦ ᠣᠷᠣᠨ ᠤ ︽ᠠᠷᠪᠠᠨ ᠰᠢᠯᠢᠳᠡᠭ ᠤᠯᠠᠭᠠᠨᠮᠥ᠋ᠴᠢᠷ︾ ᠤᠨ ᠴᠣᠯᠠ ᠬᠦᠷᠲᠡᠵᠦ᠂ ᠦᠤᠰᠢᠨ ᠮᠣᠷᠢᠨ ᠬᠤᠭᠤᠷ ᠤᠨ | ᠨᠠᠶᠢᠷᠠᠯ ᠬᠥᠭᠵᠢᠮ ᠤᠨ ᠪᠥᠯᠬᠦᠮ ᠨᠢ ᠥᠪᠡᠷᠳᠡᠭᠡᠨ ᠵᠠᠰᠠᠬᠤ ᠣᠷᠣᠨ ᠪᠠᠶᠢᠭᠤᠯᠤᠭᠳᠠᠭᠰᠠᠨ 70 ᠵᠢᠯ ᠤᠨ ᠣᠢ ᠶᠢ | ᠪᠡᠯᠭᠡᠯᠡᠬᠦ ᠠᠵᠢᠯᠯᠠᠭᠠᠨ ᠤ ᠳᠣᠮᠳᠠ ᠴᠤᠭ ᠵᠢᠪᠬᠤᠭ᠎ᠠ ᠪᠠᠨ ᠪᠠᠳᠠᠷᠠᠭᠤᠯᠪᠠ᠃ ᠰᠢᠨ ᠺᠠᠩ ᠡᠮᠴᠢᠯᠡᠭᠡ ᠰᠤᠪᠢᠯᠠᠯᠲᠠ ᠶᠢᠨ | ᠬᠤᠷᠢᠶ᠎ᠠ ᠨᠢ ᠥᠪᠡᠷᠳᠡᠭᠡᠨ ᠵᠠᠰᠠᠬᠤ ᠣᠷᠣᠨ ᠤ ᠠᠩᠬᠠᠳᠠᠭᠴᠢ ᠪᠥᠯᠥᠭ ᠡᠮᠴᠢᠯᠡᠭᠡ ᠰᠤᠪᠢᠯᠠᠯᠲᠠ ᠶᠢ | ᠤᠶᠠᠯᠳᠤᠭᠤᠯᠤᠭᠰᠠᠨ ᠵᠢᠱᠢᠶᠡᠴᠢ ᠪᠠᠶᠢᠭᠤᠯᠤᠮᠵᠢ ᠪᠣᠯᠵᠠᠢ᠃ ᠦᠢᠯᠡᠴᠢᠯᠡᠭᠡᠨ ᠤ ᠦᠢᠯᠡᠰ ᠤᠨ ᠥᠨᠳᠥᠷ ᠣᠷᠣᠯᠭ᠎ᠠ | ᠲᠠᠢ ᠠᠵᠤ ᠠᠬᠤᠶᠢᠯᠠᠯ 8᠂ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ 19 ᠶᠢ ᠰᠢᠨ᠎ᠡ ᠪᠠᠷ ᠨᠡᠮᠡᠭᠳᠡᠭᠦᠯᠵᠦ | ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ ᠤᠨ ᠬᠤᠪᠢ ᠶᠢᠨ ᠵᠢᠩ 3.5 ᠵᠠᠭᠤᠨ ᠤ ᠨᠢᠭᠡᠴᠢ | ᠳᠡᠭᠡᠭᠰᠢᠯᠡᠪᠡ᠃ | ︵ᠭᠤᠷᠪᠠ︶ ᠬᠤᠳᠠ ᠬᠦᠳᠡᠭᠡ ᠶᠢᠨ ᠲᠦᠷᠢ ᠲᠦᠷᠬᠦ ᠴᠤ᠋ ᠰᠢᠨ᠎ᠡ ᠪᠠᠶᠢᠳᠠᠯ ᠲᠠᠢ ᠪᠣᠯᠪᠠ᠃ ᠰᠠᠭᠤᠷᠢ | ᠠᠴᠢᠶᠠᠯᠠᠭᠴᠢ ᠶᠢᠨ ᠲᠣᠣᠷ ᠢ ᠨᠡᠩ ᠪᠦᠷᠢᠨᠰᠢᠬᠦᠯᠪᠠ᠃ ᠲᠥᠩᠽᠢ ᠠᠴᠠ ᠪᠣᠷᠣᠪᠠᠯᠭᠠᠰᠤ ᠬᠦᠷᠬᠦ ᠵᠡᠷᠭᠡ 3 ᠵᠣᠷᠪᠣᠰ | ᠵᠠᠰᠠᠮᠠᠯ ᠵᠠᠮ ᠪᠠ ᠪᠠᠶᠠᠨᠭᠤᠣᠯ ᠵᠡᠷᠭᠡ 3 ᠵᠣᠷᠪᠣᠰ ᠲᠡᠮᠦᠷ ᠵᠠᠮ ᠤᠨ ᠳᠣᠰᠬᠠᠢ ᠬᠡᠷᠡᠭᠯᠡᠭᠡᠨ ᠤ ᠱᠤᠭᠤᠮ ᠤᠨ ᠪᠠᠷᠢᠯᠭ᠎ᠠ | ᠳᠠᠭᠤᠰᠤᠨ ᠠᠰᠢᠭᠯᠠᠯᠳᠠ ᠳᠤ ᠣᠷᠣᠵᠤ᠂ ᠨᠡᠶᠢᠲᠡᠮ ᠬᠡᠷᠡᠭᠯᠡᠭᠡᠨ ᠤ ᠨᠢᠰᠭᠡᠯ ᠤᠨ ᠪᠠᠭᠤᠳᠠᠯ ᠤᠨ ᠠᠵᠢᠯ ᠨᠢ ᠬᠢᠨᠠᠨ | ᠵᠥᠪᠰᠢᠶᠡᠷᠡᠯ ᠤᠨ ᠱᠠᠲᠤᠨ ᠳᠤ ᠣᠷᠣᠵᠤ ᠴᠢᠮᠡᠭᠡ ᠬᠤᠯᠪᠣᠭᠠᠨ ᠤ ᠰᠠᠭᠤᠷᠢ ᠥᠷᠲᠡᠭᠡ 18 ᠶᠢ ᠰᠢᠨ᠎ᠡ ᠪᠠᠷ | ᠪᠠᠶᠢᠭᠤᠯᠵᠤ᠂ ︽ᠵᠢᠷᠭᠤᠭᠠᠨ ᠪᠠᠯᠭᠠᠰᠤ ᠳᠥᠷᠪᠡᠨ ᠲᠣᠭᠤᠷᠢᠭ︾ ᠤᠨ ᠪᠠᠶᠢᠭᠠᠯᠢ ᠶᠢᠨ ᠰᠢᠲᠠᠮᠠᠬᠠᠢ ᠬᠡᠢ ᠶᠢᠨ ᠲᠥᠷᠥᠯ | ᠵᠦᠢᠯ ᠢ ᠳᠣᠭᠲᠠᠭᠤᠨ ᠠᠬᠢᠭᠤᠯᠵᠤ ᠴᠠᠬᠢᠯᠭᠠᠨ ᠮᠠᠰᠢᠨ ᠬᠤᠳᠳᠤᠭ ᠲᠤ ᠴᠠᠬᠢᠯᠭᠠᠨ ᠨᠡᠪᠲᠡᠷᠡᠬᠦ ᠪᠠᠷᠢᠯᠭ᠎ᠠ ᠶᠢᠨ | ᠠᠵᠢᠯ ᠢ ᠳᠠᠭᠤᠰᠬᠠᠵᠠᠢ᠃ ᠬᠤᠲᠠ ᠶᠢᠨ ᠶᠠᠪᠣᠳᠠᠯ ᠤᠨ ᠴᠢᠳᠠᠪᠤᠷᠢ ᠶᠢ ᠳᠠᠰᠤᠷᠠᠯᠲᠠ ᠦᠭᠡᠢ ᠲᠡᠭᠦᠯᠳᠡᠷᠵᠢᠭᠦᠯᠪᠡ᠃ | ᠬᠤᠨᠴᠢᠨ ᠨᠠᠭᠤᠷ ᠤᠨ ᠴᠡᠴᠡᠷᠯᠢᠭ᠂ ᠳᠠᠪᠴᠠᠭ ᠨᠠᠭᠤᠷ ᠤᠨ ᠴᠡᠴᠡᠷᠯᠢᠭ ᠤᠨ ᠦᠵᠡᠮᠵᠢ ᠶᠢ ᠳᠡᠭᠡᠭᠰᠢᠯᠡᠭᠦᠯᠵᠦ᠂ | ᠭᠠᠯᠠᠭᠤᠳᠣ ᠪᠠᠯᠭᠠᠰᠤᠨ ᠲᠣᠭᠤᠷᠢᠭ ᠤᠨ ᠬᠤᠭᠤᠯᠠᠢ ᠳᠣᠣᠷ ᠢ 12 ᠺᠢᠯᠣᠮᠧᠲᠷ ᠳᠠᠪᠢᠰᠴᠣ ᠣᠰᠣ ᠪᠠᠷ ᠵᠠᠶᠢᠯᠠᠬᠤ | ᠬᠡᠯᠪᠠᠷᠢ ᠶᠢᠨ ᠵᠣᠷᠯᠣᠩ ᠢ ᠰᠢᠨ᠎ᠡ ᠪᠠᠷ 11 ᠪᠠᠶᠢᠭᠤᠯᠣᠨ ᠬᠤᠲᠠ ᠶᠢᠨ ᠲᠥᠪ ᠲᠤ 10 ᠲᠦᠮᠡᠨ ᠲᠡᠭᠰᠢ | ᠲᠥᠷᠪᠡᠯᠵᠢᠨ ᠮᠧᠲᠷ ᠭᠠᠵᠠᠷ ᠢ ᠬᠠᠲᠠᠭᠤᠵᠢᠭᠤᠯᠤᠨ ᠳᠡᠪᠢᠰᠴᠦ᠂ ᠬᠠᠭᠤᠴᠢᠨ ᠵᠢᠵᠢᠭ ᠲᠣᠭᠤᠷᠢᠭ ᠢ 10 | ᠥᠭᠡᠷᠡᠴᠢᠯᠡᠵᠠᠢ᠃ ᠪᠣᠰᠤᠳ ᠰᠤᠮᠤ ᠪᠠᠯᠭᠠᠰᠤᠨ ᠤ ᠵᠠᠮ᠂ ᠬᠤᠭᠤᠯᠠᠢ ᠲᠣᠣᠷ᠂ ᠣᠶᠢᠵᠢᠭᠤᠯᠤᠯᠲᠠ᠂ | ᠬᠠᠲᠠᠭᠤᠵᠢᠭᠤᠯᠤᠯᠲᠠ᠂ ᠬᠤᠭ ᠨᠣᠪᠰᠢ ᠪᠠ ᠪᠣᠬᠢᠷ ᠤᠰᠤ ᠶᠢ ᠰᠢᠢᠳᠪᠥᠷᠢᠯᠡᠬᠦ ᠵᠡᠷᠭᠡ ᠰᠠᠭᠤᠷᠢ ᠲᠥᠬᠦᠭᠡᠷᠤᠮᠵᠢ ᠶᠢ | ᠡᠮᠬᠢ ᠴᠡᠭᠴᠡᠲᠡᠢ ᠲᠡᠭᠦᠯᠳᠡᠷᠵᠢᠭᠦᠯᠵᠠᠢ᠃ ᠠᠮᠢ ᠠᠬᠤᠢ ᠶᠢᠨ ᠣᠷᠴᠢᠨ ᠲᠣᠭᠤᠷᠢᠨ ᠢ ᠦᠷᠭᠦᠯᠵᠢᠯᠡᠨ | ᠰᠢᠯᠢᠳᠡᠭᠵᠢᠭᠦᠯᠪᠡ᠃ ᠣᠢ ᠰᠢᠭᠤᠢ ᠶᠢᠨ ᠠᠮᠢ ᠠᠬᠤᠢ ᠶᠢᠨ ᠪᠥᠲᠦᠭᠡᠨ ᠪᠠᠶᠢᠭᠤᠯᠣᠯᠲᠠ ᠶᠢ 17 ᠲᠥᠮᠡᠨ ᠮᠤ᠋᠂ | ᠨᠣᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢ 71 ᠲᠥᠮᠡᠨ ᠮᠤ᠋᠂ ᠬᠦᠷᠦᠰᠤ ᠰᠢᠷᠦᠢ ᠶᠢᠨ | ᠢᠳᠡᠭᠳᠡᠯ ᠤᠨ ᠶᠡᠷᠤᠩᠬᠡᠶᠢᠯᠡᠭᠰᠡᠨ ᠵᠠᠰᠠᠯᠲᠠ ᠶᠢ 24 ᠲᠥᠮᠡᠨ ᠮᠦ ᠪᠡᠶᠡᠯᠡᠭᠦᠯᠵᠤ ᠣᠢ ᠰᠢᠭᠤᠢ ᠶᠢᠨ ᠪᠥᠷᠬᠦᠴᠡ | ᠨᠣᠷᠮ᠎ᠠ ᠶᠢ 32.9% ᠬᠥᠷᠭᠡᠪᠡ᠃ ︽ᠭᠤᠣᠯ ᠤᠨ ᠳᠠᠷᠤᠭ᠎ᠠ ᠶᠢᠨ ᠳᠥᠷᠢᠮ︾᠂ ︽ᠨᠠᠭᠤᠷ ᠤᠨ ᠳᠠᠷᠤᠭ᠎ᠠ ᠶᠢᠨ | ᠳᠥᠷᠢᠮ︾ ᠢ ᠬᠡᠷᠡᠭᠵᠢᠭᠦᠯᠦᠨ ᠵᠦᠩ ᠲᠢᠶᠠᠨ ᠾᠧ ᠴᠤᠸᠠᠩ ᠺᠣᠮᠫᠠᠨᠢ ᠶᠢᠨ ᠠᠭᠤᠷᠬᠠᠢ ᠶᠢᠨ ᠬᠤᠳᠳᠤᠭ ᠤᠨ | ᠤᠰᠤ ᠶᠢ ᠭᠦᠨᠵᠡᠭᠡᠢ ᠰᠢᠢᠳᠪᠥᠷᠢᠯᠡᠬᠦ ᠦᠢᠯᠡᠳᠪᠥᠷᠢ ᠵᠡᠷᠭᠡ ᠨᠢᠭᠡ ᠪᠥᠯᠥᠭ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠰᠠᠭᠤᠷᠢ ᠲᠥᠷᠥᠯ ᠵᠦᠢᠯ ᠢ ᠯᠠᠪᠳᠠᠭᠤᠨ ᠪᠠᠳᠤᠲᠠᠢ ᠠᠬᠢᠭᠤᠯᠵᠤ ᠪᠥᠬᠦ ᠵᠢᠯ ᠤᠨ ᠠᠭᠠᠷ ᠤᠨ ᠴᠡᠪᠡᠷᠴᠡ ᠶᠢᠨ | ᠨᠣᠷᠮ᠎ᠠ ᠶᠢ 95% ᠠᠴᠠ ᠳᠡᠭᠡᠭᠰᠢ ᠪᠣᠯᠭᠠᠪᠠ᠃ | ︵ᠲᠦᠷᠪᠠ︶ ᠦᠬᠡᠷᠡᠴᠢᠯᠡᠯᠳᠡ ᠶᠢ ᠬᠦᠨᠵᠡᠬᠡᠶᠢᠷᠡᠬᠦᠯᠥᠨ ᠬᠥᠭᠵᠢᠯᠲᠡ ᠶᠢᠨ ᠰᠢᠨ᠎ᠡ ᠠᠮᠢᠵᠢᠷᠠᠯ ᠤᠨ ᠬᠦᠴᠦᠨ | ᠢ ᠪᠢᠯᠬᠠᠭᠤᠯᠪᠠ᠃ ᠵᠠᠰᠠᠭ ᠤᠨ ᠶᠠᠪᠦᠳᠠᠯ ᠤᠨ ᠦᠢᠯᠡᠴᠢᠯᠡᠬᠡᠨ ᠤ ᠰᠢᠨ᠎ᠠ ᠲᠦᠪ ᠬᠡᠷᠡᠭᠯᠡᠯᠳᠠ ᠳᠤ ᠣᠷᠦᠵᠦ 6 | ᠲᠦᠷᠥᠯ ᠤᠨ 477 ᠵᠣᠶᠢᠯ ᠤᠨ ᠵᠠᠰᠠᠭ ᠤᠨ ᠵᠠᠬᠢᠷᠭᠠᠨ ᠤ ᠬᠢᠨᠡᠨ ᠵᠦᠪᠰᠢᠶᠠᠷᠠᠯ ᠤᠨ ᠬᠡᠷᠡᠭ ᠶᠠᠪᠤᠳᠠᠯ ᠢ | ᠲᠦᠪᠯᠡᠷᠡᠬᠦᠯᠥᠨ ᠬᠦᠢᠴᠡᠳᠬᠡᠪᠠ᠃ ︽ᠬᠤᠷᠢᠨ ᠳᠣᠯᠣᠭᠠᠨ ᠦᠨᠡᠮᠯᠡᠯ ᠢ ᠨᠢᠭᠡᠳᠬᠡᠬᠦ︾ ᠦᠬᠡᠷᠡᠴᠢᠯᠡᠯᠳᠡ ᠶᠢ ᠪᠦᠬᠦ | ᠳᠠᠯ᠎ᠠ ᠪᠠᠷ ᠬᠡᠷᠡᠭᠵᠢᠬᠦᠯᠥᠨ ᠰᠢᠨ᠎ᠠ ᠪᠠᠷ ᠳᠠᠩᠰᠠᠯᠠᠭᠰᠠᠨ ᠵᠠᠬ᠎ᠠ ᠳᠡᠯᠬᠡᠬᠦᠷ ᠤᠨ ᠪᠡᠶᠡᠴᠢ ᠴᠤᠭᠴᠠ 2648 ᠡᠷᠦᠬᠡ | ᠪᠣᠢ᠃ ᠪᠣᠳᠠᠳᠣ ᠴᠣᠭᠴᠠ ᠶᠢᠨ ᠠᠵᠣ ᠠᠬᠤᠢ ᠶᠢᠨ ᠦᠪᠡᠷ ᠤᠨ ᠦᠷᠳᠡᠭ ᠢ ᠳᠣᠷᠣᠭᠰᠢᠯᠠᠭᠤᠯᠣᠨ ᠦᠷ᠎ᠡ ᠪᠦᠳᠣᠮᠵᠢ | ᠶᠢ ᠨᠡᠮᠡᠭᠳᠡᠬᠦᠯᠬᠦ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ ᠠᠵᠦ ᠠᠬᠤᠶᠢᠯᠠᠯ ᠤᠨ ᠴᠠᠬᠢᠯᠭᠠᠨ ᠬᠡᠷᠡᠭᠯᠡᠬᠦ | ᠦᠪᠡᠷ ᠤᠨ ᠦᠷᠳᠡᠭ ᠢ ᠨᠠᠶᠢᠳᠠ 1.5 ᠳ᠋ᠦᠩᠰᠢᠭᠤᠷ ᠲᠦᠬᠦᠷᠢᠭ ᠠᠷᠪᠢᠯᠠᠪᠠ᠃ ᠣᠯᠣᠰ ᠤᠨ ᠳᠡᠰ ᠤᠨ ᠳᠡᠭᠡᠲᠦ | ᠰᠢᠨ᠎ᠠ ᠮᠡᠷᠭᠡᠵᠢᠯ ᠤᠨ 3 ᠠᠵᠦ ᠠᠬᠤᠶᠢᠯᠠᠯ ᠪᠠ ᠦᠪᠡᠷᠳᠡᠬᠡᠨ ᠵᠠᠰᠠᠬᠤ ᠣᠷᠦᠨ ᠤ ᠳᠡᠰ ᠤᠨ ᠣᠳᠣ ᠦᠶ᠎ᠡ ᠶᠢᠨ ᠮᠠᠯ | ᠳᠠᠷᠢᠶᠠᠯᠠᠩ ᠠᠵᠣ ᠠᠬᠤᠢ ᠶᠢᠨ ᠰᠢᠨ᠎ᠡ ᠶᠢ ᠡᠬᠦᠳᠴᠣ ᠣᠶᠢᠯᠡᠰ ᠪᠣᠰᠬᠠᠬᠤ ᠨᠢᠬᠡ ᠦᠷᠳᠡᠬᠡᠳᠣ ᠴᠢᠯᠥᠬᠡᠳᠣ ᠬᠡᠯᠪᠠᠷᠢ | ᠶᠢᠨ ᠶᠡᠷᠦᠩᠬᠡᠶᠢᠯᠡᠭᠰᠡᠨ ᠣᠶᠢᠯᠡᠴᠢᠯᠡᠬᠡᠨ ᠤ 1 ᠠᠵᠦ ᠠᠬᠤᠶᠢᠯᠠᠯ ᠢ ᠰᠢᠨ᠎ᠠ ᠪᠠᠷ ᠨᠡᠮᠡᠭᠳᠡᠬᠦᠯᠪᠠ᠃ ᠪᠦᠬᠦ ᠬᠤᠳᠠ ᠶᠢᠨ | ᠠᠩᠬᠠᠳᠠᠭᠴᠢ ︽ᠠᠮᠣ ᠪᠣᠳᠠᠭᠠᠨ ᠤ ᠪᠠᠩᠬᠢ︾ ᠫᠠᠶᠢᠰᠠ ᠡᠯᠬᠦᠨ ᠠᠵᠢᠯᠯᠠᠪᠠ᠃ ᠬᠤᠰᠢᠭᠤ ᠱᠠᠳᠣᠨ ᠤ ᠬᠠᠥᠯᠢ | ᠬᠡᠷᠡᠭᠵᠢᠬᠦᠯᠬᠦ ᠡᠩᠨᠡᠭᠡ ᠶᠢ 9 ᠪᠠ ᠵᠢᠷᠭᠤᠭᠠᠨ ᠰᠣᠮᠦ ᠪᠠᠯᠭᠠᠰᠦᠨ ᠤ ᠶᠡᠷᠦᠩᠬᠡᠶᠢᠯᠡᠭᠰᠡᠨ ᠬᠠᠥᠯᠢ ᠬᠡᠷᠡᠭᠵᠢᠬᠦᠯᠬᠦ | ᠳᠣᠪᠴᠢᠶ᠎ᠠ ᠶᠢ ᠵᠣᠬᠢᠶᠠᠨ ᠪᠠᠶᠢᠭᠤᠯᠵᠦ᠂ ︽ᠬᠤᠣᠰ ᠰᠤᠭᠤᠴᠢᠵᠤ᠂ ᠨᠢᠭᠡ ᠶᠢ ᠢᠯᠡ ᠪᠣᠯᠭᠠᠬᠤ︾ ᠬᠢᠨᠠᠨ | ᠬᠠᠮᠢᠶᠠᠷᠣᠯᠳᠠ ᠶᠢ ᠪᠦᠬᠦ ᠳᠠᠯ᠎ᠠ ᠪᠠᠷ ᠬᠡᠷᠡᠭᠵᠢᠬᠦᠯᠦᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠥᠯᠢ ᠬᠡᠷᠡᠭᠵᠢᠬᠦᠯᠬᠦ | ᠪᠠᠶᠢᠭᠤᠯᠣᠮᠵᠢ ᠶᠢᠨ ᠦᠬᠡᠷᠡᠴᠢᠯᠠᠯᠳᠠ ᠶᠢ ᠪᠡᠶᠡᠯᠡᠬᠦᠯᠪᠠ᠃ ᠴᠢᠮᠡᠭᠡ ᠵᠠᠩᠬᠢᠵᠢᠯᠳᠠ ᠶᠢᠨ ᠳᠠᠪᠴᠠᠩ ᠠᠰᠢᠭᠯᠠᠯᠲᠠ ᠳᠤ | ᠣᠷᠣᠵᠣ ᠠᠮᠣᠷ ᠲᠦᠪᠰᠢᠨ᠂ ᠣᠷᠴᠢᠨ ᠳᠣᠭᠤᠷᠢᠨ ᠤ ᠬᠠᠮᠠᠭᠠᠯᠠᠯᠳᠠ ᠵᠡᠷᠬᠡ ᠠᠵᠢᠯ ᠣᠶᠢᠯᠡᠰ ᠤᠨ ᠬᠦᠷᠢᠶ᠎ᠠ ᠴᠠᠷᠠᠭᠠᠨ | ᠤ ᠳᠤᠭ᠎ᠠ ᠮᠠᠭᠠᠳ ᠤᠨ ᠡᠬᠢ ᠪᠠᠶᠠᠯᠢᠭ ᠢ ᠰᠦᠯᠵᠢᠶᠠᠵᠢᠬᠦᠯᠥᠨ ᠨᠠᠪᠳᠠᠷᠠᠬᠦᠯᠪᠠ᠃ ᠬᠡᠷ ᠪᠠᠶᠢᠰᠢᠩ ᠭᠠᠵᠠᠷ ᠬᠦᠷᠦᠩᠬᠡ | ᠶᠢᠨ ᠬᠦᠮᠦᠷᠬᠡᠯᠡᠯᠳᠡ ᠶᠢ ᠢᠳᠡᠪᠬᠢᠳᠡᠢ ᠯᠠᠪᠳᠠᠭᠤᠨ ᠰᠢᠢᠳᠪᠣᠷᠢᠯᠡᠵᠣ᠂ ᠳᠠᠸᠡᠷ ᠤᠨ ᠭᠡᠷ ᠪᠠᠶᠢᠰᠢᠩ ᠤᠨ ᠬᠤᠳᠠᠯᠳᠣᠬᠤ | ᠪᠠᠷ ᠪᠠᠶᠢᠭ᠎ᠠ ᠳᠠᠯᠠᠪᠠᠢ ᠶᠢ ᠳᠡᠬᠡᠷ᠎ᠡ ᠵᠢᠯ ᠤᠨ ᠬᠢ ᠠᠴᠠ 35.7% ᠪᠠᠭᠠᠰᠬᠠᠪᠠ᠃ | ︵ᠳᠠᠪᠤ︶ ᠠᠷᠠᠳ ᠤᠨ ᠠᠮᠢᠳᠤᠷᠠᠯ ᠤᠨ ᠰᠠᠶᠢᠵᠢᠷᠠᠭᠤᠯᠤᠯᠲᠠ ᠨᠢ ᠰᠢᠨ᠎ᠡ ᠳᠠᠪᠰᠢᠯᠲᠠ ᠲᠠᠢ ᠪᠣᠯᠪᠠ᠃ ᠪᠦᠬᠦ | ᠵᠢᠯ ᠳᠤ ᠡᠯ᠎ᠡ ᠲᠥᠷᠦᠯ ᠤᠨ ᠶᠠᠳᠠᠭᠤ ᠶᠢ ᠳᠡᠳᠬᠦᠬᠦ ᠪᠡᠯᠡ ᠮᠥᠩᠭᠦ ᠶᠢ 1 ᠳ᠋ᠦᠩᠰᠢᠭᠤᠷ ᠲᠦᠬᠦᠷᠢᠭ ᠵᠠᠷᠤᠴᠠᠭᠤᠯᠵᠤ᠂ | 39 ᠡᠷᠦᠬᠡ 104 ᠨᠡᠷ᠎ᠡ ᠤᠯᠤᠰ ᠤᠨ ᠳᠠᠰ ᠤᠨ ᠶᠠᠳᠠᠭᠤ ᠭᠦᠴᠢᠷᠳᠡᠯᠲᠠᠢ ᠬᠦᠮᠦᠨ ᠠᠮᠠ ᠶᠢ ᠳᠣᠭᠲᠠᠭᠤᠨ ᠢᠶᠠᠷ | ᠶᠠᠳᠠᠭᠤ ᠠᠴᠠ ᠠᠩᠭᠢᠵᠢᠷᠠᠭᠤᠯᠵᠤ᠂ 854 ᠡᠷᠦᠬᠡ 2351 ᠨᠡᠷ᠎ᠡ ᠬᠤᠲᠠ ᠶᠢᠨ ᠳᠡᠰ ᠤᠨ ᠪᠠᠭ᠎ᠠ ᠣᠷᠣᠯᠭ᠎ᠠ ᠲᠠᠢ | ᠬᠦᠮᠦᠰ ᠤᠨ ᠬᠦᠮᠦᠨ ᠳᠣᠮᠳᠠᠴᠢ ᠶᠢᠨ ᠣᠷᠣᠯᠭ᠎ᠠ ᠶᠢ 20% ᠠᠴᠠ ᠳᠡᠭᠡᠭᠰᠢ ᠨᠡᠮᠡᠭᠳᠡᠭᠦᠯᠵᠦ᠂ ᠵᠢᠯ ᠤᠨ | ᠶᠠᠳᠠᠭᠤ ᠠᠴᠠ ᠠᠩᠭᠢᠵᠢᠷᠠᠭᠤᠯᠵᠤ ᠪᠣᠭᠤᠮᠲᠠ ᠰᠢᠪᠲᠤᠯᠬᠤ ᠬᠠᠷᠠᠯᠲᠠ ᠶᠢ ᠬᠤᠭᠤᠴᠠᠭ᠎ᠠ ᠶᠤᠰᠤᠭᠠᠷ ᠪᠡᠶᠡᠯᠡᠭᠦᠯᠪᠡ᠃ | ᠦᠢᠯᠡᠰ ᠪᠣᠰᠬᠠᠵᠤ ᠠᠵᠢᠯ ᠣᠯᠭᠤᠬᠤ ᠵᠢᠭᠡᠯᠡᠯᠭᠡ ᠶᠢ ᠨᠡᠶᠢᠲᠡ 2005 ᠲᠥᠮᠡᠨ ᠲᠥᠭᠦᠷᠢᠭ ᠲᠠᠯᠪᠢᠵᠤ᠂ ᠨᠠᠶᠢᠳᠠ | ᠶᠢᠨ ᠠᠰᠠᠷᠠᠮᠵᠢ ᠶᠢᠨ ᠴᠢᠨᠡᠷᠳᠡᠢ ᠠᠵᠢᠯ ᠤᠨ ᠪᠠᠶᠢᠷᠢ ᠶᠢ 114 ᠭᠠᠷᠭᠠᠵᠣ᠂ ᠶᠡᠭᠡ ᠳᠡᠭᠡᠳᠦ ᠰᠤᠷᠭᠠᠭᠤᠯᠢ | ᠲᠡᠭᠦᠰᠤᠭ᠍ᠰᠡᠨ ᠰᠤᠷᠤᠭᠴᠢᠳ ᠢ 216 ᠨᠡᠷ᠎ᠡ ᠨᠡᠶᠢᠲᠡᠨ ᠬᠦᠮᠤᠵᠢᠭᠦᠯᠵᠤ᠂ 2346 ᠬᠦᠮᠦᠨ ᠢ ᠬᠤᠳᠠ ᠪᠠᠯᠭᠠᠰᠣᠨ | ᠳᠤ ᠰᠢᠨ᠎ᠡ ᠪᠠᠷ ᠠᠵᠢᠯ ᠣᠯᠭᠤᠪᠠ᠃ ᠬᠠᠲᠠᠭᠤᠴᠠᠶᠢᠳᠠᠮ ᠤᠰᠤᠨ ᠰᠤᠷᠪᠣᠯᠵᠢ ᠶᠢᠨ ᠣᠷᠣᠨ ᠤ ᠨᠢᠭᠡᠳᠤᠭᠡᠷ ᠳᠡᠰ ᠤᠨ | ᠭᠤᠣᠯᠳᠠᠯᠭᠠᠲᠤ ᠣᠷᠣᠨ ᠤ ᠠᠷᠠᠳ ᠢ ᠨᠡᠭᠦᠯᠭᠡᠨ ᠲᠥᠪᠬᠢᠨᠡᠭᠦᠯᠬᠦ ᠪᠠᠷᠢᠯᠭ᠎ᠠ ᠶᠢ ᠪᠠᠶᠢᠭᠤᠯᠪᠠ᠃ ᠪᠣᠷᠣ ᠭᠡᠷᠲᠤ ᠣᠷᠣᠨ | ᠰᠠᠭᠤᠴᠠ ᠶᠢᠨ ᠲᠣᠭᠤᠷᠢᠭ ᠢ 704 ᠡᠷᠦᠬᠡ ᠥᠭᠡᠷᠡᠴᠢᠯᠡᠨ ᠵᠠᠰᠠᠵᠠᠢ᠃ ᠲᠤᠭ ᠬᠡᠤᠬᠡᠳ ᠤᠨ ᠴᠡᠴᠡᠷᠯᠢᠭ᠂ ᠮᠣᠩᠭᠤᠯ | ᠳᠤᠷᠰᠢᠯᠲᠠ ᠶᠢᠨ ᠪᠠᠭ᠎ᠠ ᠰᠤᠷᠭᠠᠭᠤᠯᠢ ᠶᠢᠨ ᠶᠡᠷᠦᠩᠬᠡᠶᠢᠯᠡᠭᠰᠡᠨ ᠠᠰᠠᠷ ᠠᠰᠢᠭᠯᠠᠯᠳᠠ ᠳᠤ ᠣᠷᠣᠵᠣ᠂ 125 ᠨᠡᠷ᠎ᠡ | ᠪᠠᠭᠰᠢ ᠶᠢ ᠣᠷᠢᠨ ᠡᠯᠰᠡᠪᠡ᠃ ᠮᠣᠩᠭᠤᠯ ᠡᠮᠨᠡᠯᠭᠡ ᠶᠢᠨ ᠬᠤᠷᠢᠶᠠᠨ ᠤ ᠰᠢᠨ᠎ᠡ ᠠᠰᠠᠷ ᠤᠨ ᠪᠠᠷᠢᠯᠭ᠎ᠠ ᠳᠠᠭᠤᠰᠴᠣ᠂ ︽ | ᠪᠥᠬᠦ ᠤᠯᠤᠰ ᠤᠨ ᠦᠨᠳᠤᠰᠤᠨ ᠱᠠᠲᠤᠨ ᠤ ᠮᠣᠩᠭᠤᠯ ᠬᠢᠲᠠᠳ ᠡᠮ ᠡᠮᠨᠡᠯᠭᠡ ᠶᠢᠨ ᠠᠵᠢᠯ ᠤᠨ ᠲᠡᠷᠢᠭᠦᠨ ᠤ ᠬᠤᠰᠢᠭᠤ | ︾ ᠶᠢ ᠠᠮᠵᠢᠯᠲᠠᠲᠠᠢ ᠡᠭᠦᠳᠦᠨ ᠪᠠᠶᠢᠭᠤᠯᠵᠤ᠂ ᠡᠮᠨᠡᠯᠭᠡ ᠶᠢᠨ ᠠᠵᠢᠯᠲᠠᠨ ᠢ 34 ᠨᠡᠷ᠎ᠡ ᠡᠯᠰᠡᠪᠡ᠃ ᠪᠥᠬᠦ | ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠠᠬᠢᠭᠤᠯᠵᠤ᠂ ᠠᠵᠢᠯᠲᠠᠨ ᠤ ᠦᠨᠳᠦᠰᠦᠨ | ᠨᠠᠰᠤᠵᠢᠯ ᠤᠨ ᠳᠠᠭᠠᠳᠬᠠᠯ ᠢ ᠨᠥᠬᠦᠪᠦᠷᠢᠯᠡᠨ ᠳᠤᠰᠢᠶᠠᠬᠤ ᠠᠵᠢᠯ ᠢ ᠥᠷᠨᠢᠭᠦᠯᠵᠤ᠂ ᠡᠮ ᠡᠮᠨᠡᠯᠭᠡ ᠶᠢᠨ ᠳᠠᠭᠠᠳᠬᠠᠯ ᠢ | ᠮᠤᠵᠢ ᠠᠯᠤᠰᠯᠠᠨ ᠪᠣᠰᠤᠳ ᠭᠠᠵᠠᠷ ᠲᠤ ᠳᠠᠰᠤᠯᠤᠨ ᠪᠣᠳᠣᠵᠤ ᠪᠣᠯᠬᠤ ᠶᠢ ᠪᠡᠶᠡᠯᠡᠭᠦᠯᠵᠠᠢ᠃ ᠪᠥᠬᠦ ᠬᠤᠰᠢᠭᠤᠨ ᠤ | ᠢᠳᠡᠭᠡᠨ ᠤᠮᠳᠠᠭᠠᠨ ᠡᠮ ᠤᠨ ᠵᠦᠢᠯᠡᠰ ᠢ ᠲᠥᠷᠭᠡᠨ ᠰᠢᠯᠭᠠᠨ ᠪᠠᠶᠢᠴᠠᠭᠠᠬᠤ ᠰᠢᠰᠲ᠋ᠧᠮ ᠢ ᠪᠠᠶᠢᠭᠤᠯᠵᠤ᠂ | ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠠ ᠬᠠᠮᠢᠶᠠᠷᠤᠯᠲᠠ ᠶᠢᠨ ᠳᠣᠪᠴᠢᠶ᠎ᠠ ᠨᠢ 2017 ᠣᠨ ᠤ ᠢᠳᠡᠭᠡᠨ | ᠤᠮᠳᠠᠭᠠᠨ ᠡᠮ ᠤᠨ ᠵᠦᠢᠯᠡᠰ ᠤᠨ ᠠᠮᠦᠷ ᠳᠥᠪᠰᠢᠨ ᠢ ᠬᠠᠮᠠᠭᠠᠯᠠᠭᠰᠠᠨ ᠬᠠᠮᠲᠤ ᠨᠡᠶᠢᠲᠡ ᠶᠢᠨ ᠢᠷᠠᠭᠤ ᠠᠯᠳᠠᠷ ᠢ | ᠬᠥᠷᠲᠡᠪᠡ᠃ ᠤᠯᠤᠰ ᠤᠨ ᠦᠭᠡ ᠬᠡᠯᠡ ᠦᠰᠦᠭ ᠪᠢᠴᠢᠭ ᠤᠨ ᠭᠤᠷᠪᠠᠳᠤᠭᠠᠷ ᠲᠥᠷᠥᠯ ᠤᠨ ᠬᠤᠲᠠ ᠶᠢ ᠦᠨᠡᠯᠡᠬᠦ | ᠠᠵᠢᠯ ᠤᠨ ᠰᠢᠯᠭᠠᠨ ᠬᠤᠷᠢᠶᠠᠯᠲᠠ ᠶᠢ ᠳᠠᠮᠵᠢᠵᠤ᠂ ︽ᠪᠥᠬᠦ ᠣᠷᠣᠨ ᠤ ᠦᠨᠳᠥᠰᠤᠲᠡᠨ ᠤ ᠪᠥᠯᠬᠦᠮᠳᠡᠯ | ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯᠯᠠᠭᠠᠨ ᠤ ᠵᠢᠱᠢᠶᠡᠴᠢ ᠬᠤᠰᠢᠭᠤ︾ ᠪᠠᠷ ᠨᠡᠷᠡᠶᠢᠳᠤᠭ᠍ᠳᠡᠪᠡ᠃ ︽ | ᠳᠣᠯᠣᠳᠣᠭᠠᠷ ᠳᠠᠪᠣᠨ ᠵᠢᠯ︾ ᠤᠨ ᠬᠠᠣᠯᠢ ᠲᠦᠬᠡᠮᠡᠯᠵᠢᠬᠦᠯᠬᠦ ᠠᠵᠢᠯ ᠢ ᠭᠦᠨᠵᠡᠭᠡᠢ ᠥᠷᠨᠢᠭᠦᠯᠵᠤ ᠵᠠᠬᠢᠳᠠᠯ | ᠰᠣᠷᠪᠣᠯᠵᠢᠯᠠᠭ᠎ᠠ ᠶᠢᠨ ᠬᠡᠷᠡᠭ ᠪᠠ ᠵᠥᠷᠢᠴᠡᠯ ᠵᠢᠭᠤᠷᠠᠯᠳᠤᠭᠠᠨ ᠢ ᠪᠥᠲᠦᠮᠵᠢᠲᠠᠢ ᠰᠢᠢᠳᠪᠥᠷᠢᠯᠠᠵᠤ᠂ ᠠᠮᠤᠷ ᠳᠥᠪᠰᠢᠨ | ᠦᠢᠯᠡᠳᠪᠥᠷᠢᠯᠡᠯ᠂ ᠣᠯᠠᠨ ᠨᠡᠶᠢᠲᠠ ᠶᠢᠨ ᠠᠮᠤᠷ ᠳᠥᠪᠰᠢᠨ ᠤ ᠪᠠᠶᠢᠳᠠᠯ ᠢ ᠦᠷᠭᠦᠯᠵᠢᠯᠡᠨ ᠲᠣᠭᠲᠠᠪᠤᠷᠢᠵᠢᠭᠤᠯᠪᠠ᠃ | ᠱᠠᠰᠢᠨ ᠰᠤᠷᠲᠠᠬᠤᠨ ᠭᠠᠳᠠᠭᠠᠳᠤ ᠶᠠᠪᠤᠳᠠᠯ᠂ ᠲᠡᠤᠬᠡ ᠣᠶᠢᠯᠠᠯᠭ᠎ᠠ ᠳᠠᠩᠰᠡ ᠡᠪᠬᠡᠮᠡᠯ᠂ ᠭᠠᠵᠠᠷ ᠬᠥᠳᠡᠯᠤᠯᠲᠠ ᠠᠴᠠ | ᠰᠡᠷᠭᠡᠶᠢᠯᠡᠵᠤ ᠭᠠᠮᠰᠢᠭ ᠢ ᠪᠠᠭᠠᠰᠬᠠᠬᠤ᠂ ᠠᠭᠠᠷ ᠤᠨ ᠰᠡᠷᠭᠡᠶᠢᠯᠡᠯᠲᠡ ᠴᠠᠭ ᠠᠭᠤᠷ ᠵᠡᠷᠭᠡ ᠠᠵᠢᠯ ᠳᠠᠰᠤᠷᠠᠯᠲᠠ ᠦᠭᠡᠢ | ᠴᠢᠩᠭᠠᠷᠠᠵᠠᠢ᠃ | 2017 ᠣᠨ ᠳᠤ ᠪᠢᠳᠠ ᠲᠣᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠪᠥᠬᠦ ᠲᠠᠯ᠎ᠠ ᠪᠠᠷ ᠨᠠᠮ ᠢ | ᠴᠢᠩᠭ᠎ᠠ ᠵᠠᠰᠠᠬᠤ ᠱᠠᠭᠠᠷᠳᠠᠯᠭ᠎ᠠ ᠶᠢ ᠵᠠᠰᠠᠭ ᠤᠨ ᠣᠷᠳᠣᠨ ᠤ ᠠᠵᠢᠯ ᠤᠨ ᠡᠯ᠎ᠡ ᠲᠠᠯ᠎ᠠ ᠳᠤ ᠢᠮᠠᠭᠲᠠ ᠲᠤᠤᠱᠠᠯᠠᠭᠤᠯᠵᠤ | ᠬᠠᠷᠢᠭᠤᠴᠠᠯᠭ᠎ᠠ ᠶᠢ ᠱᠠᠲᠤ ᠱᠠᠲᠤ ᠪᠠᠷ ᠨᠡᠶᠢᠲᠡᠪᠥᠷᠢᠵᠢᠭᠤᠯᠤᠨ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ | ᠰᠣᠷᠲᠠᠯ ᠴᠢᠭᠡᠴᠢ ᠵᠠᠰᠠᠭ ᠤᠨ ᠪᠠᠶᠢᠭᠤᠯᠤᠯᠲᠠ ᠪᠠ ᠢᠯᠵᠠᠷᠠᠯ ᠢ ᠡᠰᠡᠷᠭᠦᠴᠡᠬᠦ ᠠᠵᠢᠯ ᠢ ᠭᠦᠨᠵᠡᠭᠡᠢ ᠠᠬᠢᠭᠤᠯᠵᠤ᠂ | ᠲᠥᠪ ᠤᠨ ᠨᠠᠢᠮᠠᠨ ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠨᠡᠶᠢᠲᠡᠪᠥᠷᠢᠵᠢᠭᠤᠯᠵᠤ ︽ᠭᠤᠷᠪᠠᠨ | ᠠᠯᠪᠠᠨ ᠤ ᠵᠠᠷᠤᠳᠠᠯ︾ ᠤᠨ ᠵᠠᠷᠤᠯᠭ᠎ᠠ ᠶᠢ ᠴᠢᠩᠭ᠎ᠠ ᠬᠢᠵᠠᠭᠠᠷᠯᠠᠵᠤ᠂ ᠬᠢᠨᠠᠨ ᠪᠣᠳᠣᠯᠲᠠ ᠶᠢᠨ ᠬᠢᠨᠠᠯᠲᠠ ᠶᠢᠨ | ᠬᠡᠪᠴᠢᠶ᠎ᠡ ᠶᠢ ᠥᠷᠭᠡᠳᠬᠡᠨ ᠵᠠᠰᠠᠭ ᠵᠠᠬᠢᠷᠭᠠᠨ ᠤ ᠬᠢᠨᠠᠨ ᠪᠠᠶᠢᠴᠠᠭᠠᠯᠲᠠ ᠶᠢ ᠴᠢᠩᠭᠠᠳᠬᠠᠵᠤ ︽ᠵᠠᠪᠰᠠᠷ ᠠᠴᠠ ᠨᠢ | ᠰᠠᠭᠤᠯᠭᠠᠬᠤ︾ ᠮᠠᠶ᠋ᠢᠭ ᠤᠨ ᠢᠯᠵᠠᠷᠠᠯ ᠪᠠ ᠣᠯᠠᠨ ᠲᠥᠮᠡᠨ ᠤ ᠬᠠᠵᠠᠭᠤᠳᠠᠬᠢ ᠲᠥᠪ ᠪᠣᠰᠤ ᠰᠤᠷᠲᠠᠯ ᠢ ᠴᠢᠩᠭ᠎ᠠ | ᠵᠠᠯᠬᠠᠭᠠᠨ ᠴᠡᠭᠴᠡᠯᠡᠪᠡ᠃ ᠠᠰᠠᠭᠤᠳᠠᠯ ᠤᠨ ᠣᠳᠣᠷᠢᠳᠣᠮᠵᠢ ᠶᠢ ᠢᠮᠠᠭᠲᠠ ᠪᠠᠷᠢᠮᠲᠠᠯᠠᠵᠤ ᠲᠣᠭᠤᠷᠢᠨ ᠴᠠᠭᠳᠠᠨ | ᠪᠠᠶᠢᠴᠠᠭᠠᠬᠤ ᠠᠵᠢᠯ ᠤᠨ ᠬᠠᠷᠢᠭᠤ ᠳᠤᠰᠬᠠᠭᠰᠠᠨ ᠠᠰᠠᠭᠤᠳᠠᠯ ᠢ ᠴᠡᠭᠴᠡᠯᠡᠨ ᠵᠠᠰᠠᠵᠤ᠂ ᠰᠠᠭᠤᠷᠢ ᠲᠤᠭ᠎ᠠ ᠮᠠᠭᠠᠳ ᠢ | ᠪᠠᠳᠤᠳᠬᠠᠨ ᠬᠥᠭᠵᠢᠯᠲᠡ ᠶᠢᠨ ᠳᠠᠷᠤᠭᠠᠰᠤ ᠶᠢ ᠬᠥᠩᠭᠡᠯᠡᠵᠤ ᠬᠤᠶᠢᠰᠢᠳᠠ ᠶᠢᠨ ᠠᠵᠢᠯ ᠳᠤ ᠭᠠᠪᠰᠢᠭᠠᠢ | ᠤᠷᠤᠭᠰᠢᠯᠠᠬᠤ ᠰᠠᠭᠤᠷᠢ ᠶᠢ ᠰᠠᠶᠢᠨ ᠲᠠᠯᠪᠢᠭᠰᠠᠨ ᠪᠠᠶᠢᠨ᠎ᠠ᠃ ᠬᠠᠤᠯᠢ ᠶᠤᠰᠤᠭᠠᠷ ᠵᠠᠰᠠᠭ ᠶᠠᠪᠣᠭᠤᠯᠬᠤ ᠶᠢ ᠢᠮᠠᠭᠲᠠ | ᠪᠠᠷᠢᠮᠲᠠᠯᠠᠵᠤ ᠠᠷᠠᠳ ᠤᠨ ᠲᠥᠯᠤᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ ᠪᠠ ᠤᠯᠤᠰ | ᠲᠥᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠥᠯᠢᠶᠡᠵᠤ ᠠᠷᠠᠳ ᠤᠨ | ᠲᠥᠯᠤᠭᠡᠯᠡᠭᠴᠢᠳ ᠤᠨ 45 ᠬᠤᠪᠢ ᠰᠠᠨᠠᠯ ᠰᠠᠨᠠᠭᠤᠯᠭ᠎ᠠ᠂ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠤᠨ 37 | ᠬᠤᠪᠢ ᠰᠠᠨᠠᠯ ᠳᠣᠷᠠᠳᠤᠯᠭ᠎ᠠ ᠶᠢ ᠭᠦᠢᠴᠡᠳᠬᠡᠵᠤ ᠵᠠᠰᠠᠭ ᠤᠨ ᠣᠷᠳᠣᠨ ᠤ ᠳᠥᠷᠢᠮᠵᠢᠯ ᠤᠨ ᠴᠢᠨᠠᠷᠲᠠᠢ ᠪᠢᠴᠢᠭ | ᠮᠠᠲ᠋ᠧᠷᠢᠶᠠᠯ ᠢ 8 ᠬᠤᠪᠢ ᠵᠠᠰᠠᠪᠤᠷᠢᠯᠠᠭᠰᠠᠨ ᠪᠠ ᠬᠦᠴᠦᠨ ᠦᠭᠡᠢ ᠪᠣᠯᠭᠠᠪᠠ᠃ ᠵᠠᠰᠠᠭ ᠵᠠᠬᠢᠷᠭᠠᠨ ᠤ ᠴᠢᠬᠤᠯᠠ ᠶᠡᠭᠡ | ᠰᠢᠢᠳᠪᠥᠷᠢᠲᠤ ᠪᠣᠳᠣᠯᠭ᠎ᠠ ᠶᠢᠨ ᠶᠠᠪᠤᠴᠠ ᠶᠢ ᠴᠢᠩᠭ᠎ᠠ ᠭᠦᠢᠴᠡᠳᠬᠡᠵᠦ᠂ ᠵᠠᠰᠠᠭ ᠤᠨ ᠣᠷᠳᠣᠨ ᠤ ᠬᠠᠮᠵᠢᠯᠴᠠᠭᠠᠨ ᠤ | ᠠᠵᠢᠯ ᠢ ᠥᠷᠨᠢᠭᠦᠯᠤᠨ ᠵᠠᠰᠠᠭ ᠤᠨ ᠣᠷᠳᠣᠨ ᠤ ᠰᠢᠢᠳᠪᠥᠷᠢᠲᠤ ᠪᠣᠳᠣᠯᠭ᠎ᠠ ᠶᠢᠨ ᠣᠯᠠᠨ ᠲᠥᠮᠡᠨ ᠤ ᠣᠷᠣᠯᠴᠠᠬᠤ | ᠬᠡᠮᠵᠢᠶ᠎ᠡ ᠪᠠ ᠰᠢᠨᠵᠢᠯᠡᠬᠦ ᠤᠬᠠᠭᠠᠨᠴᠢ ᠴᠢᠨᠠᠷ ᠢ ᠴᠢᠨᠠᠭᠰᠢᠳᠠ ᠴᠢᠩᠭᠠᠷᠠᠭᠤᠯᠪᠠ᠃ ᠶᠠᠳᠠᠭᠤ ᠠᠴᠠ ᠨᠠᠷᠢᠯᠢᠭ | ᠣᠨᠣᠪᠴᠢᠲᠠᠢ ᠠᠩᠭᠢᠵᠢᠷᠠᠭᠤᠯᠬᠤ ᠶᠢ ᠨᠠᠶᠢᠳᠠᠪᠤᠷᠢᠵᠢᠭᠤᠯᠬᠤ᠂ ᠴᠢᠬᠤᠯᠠ ᠶᠡᠭᠡ ᠲᠥᠷᠦᠯ ᠵᠦᠢᠯ ᠢ ᠪᠥᠳᠥᠭᠡᠨ | ᠪᠠᠶᠢᠭᠤᠯᠬᠤ᠂ ᠠᠷᠠᠳ ᠤᠨ ᠠᠮᠢᠳᠤᠷᠠᠯ ᠤᠨ ᠲᠥᠷᠦᠯ ᠵᠦᠢᠯ ᠢ ᠲᠥᠯᠬᠢᠨ ᠠᠬᠢᠭᠤᠯᠬᠤ ᠵᠡᠷᠭᠡ ᠲᠠᠯ᠎ᠠ ᠳᠤ | ᠦᠷᠭᠦᠯᠵᠢᠯᠡᠨ ᠮᠥᠷᠳᠡᠯᠳᠡ ᠬᠢᠵᠤ ᠥᠷ᠎ᠡ ᠪᠥᠲᠥᠮᠵᠢ ᠶᠢ ᠪᠠᠶᠢᠴᠠᠭᠠᠵᠤ᠂ ᠴᠢᠩᠭ᠎ᠠ ᠬᠦᠴᠦᠲᠠᠢ ᠱᠠᠭᠠᠷᠳᠠᠨ | ᠪᠠᠶᠢᠴᠠᠭᠠᠬᠤ ᠪᠠᠷ ᠳᠠᠮᠵᠢᠨ ᠡᠯ᠎ᠡ ᠲᠥᠷᠥᠯ ᠤᠨ ᠠᠵᠢᠯ ᠢ ᠪᠥᠬᠦ ᠲᠠᠯ᠎ᠠ ᠪᠠᠷ ᠨᠠᠶᠢᠳᠠᠪᠥᠷᠢᠵᠢᠭᠤᠯᠬᠤ ᠶᠢ ᠪᠠᠳᠤᠯᠠᠭᠰᠠᠨ | ᠪᠠᠶᠢᠨ᠎ᠠ᠃ | ᠲᠦᠯᠦᠭᠡᠯᠡᠭᠴᠢᠳ ᠡ᠂ ᠦᠩᠬᠡᠷᠡᠭᠰᠡᠨ ᠨᠢᠬᠡ ᠵᠢᠯ ᠤᠨ ᠣᠯᠤᠭᠰᠠᠨ ᠠᠮᠵᠢᠯᠲᠠ ᠪᠥᠲᠥᠮᠵᠢ ᠪᠣᠯ ᠬᠤᠰᠢᠭᠤ | ᠨᠠᠮ ᠤᠨ ᠬᠤᠷᠢᠶ᠎ᠠ ᠪᠦᠬᠦ ᠳᠠᠯ᠎ᠠ ᠶᠢ ᠡᠵᠡᠮᠳᠡᠨ ᠰᠢᠨᠵᠢᠯᠡᠬᠦ ᠣᠬᠠᠭᠠᠨᠴᠢ ᠪᠠᠷ ᠪᠣᠳᠣᠯᠭ᠎ᠠ ᠳᠣᠭᠳᠠᠭᠠᠭᠰᠠᠨ ᠠᠴᠠ | ᠪᠣᠯᠤᠭᠰᠠᠨ ᠶᠤᠮ᠂ ᠬᠤᠰᠢᠭᠤ ᠠᠷᠠᠳ ᠤᠨ ᠲᠥᠯᠥᠬᠡᠯᠡᠭᠴᠢᠳ ᠤᠨ ᠶᠡᠭᠡ ᠬᠤᠷᠠᠯ᠂ ᠣᠯᠣᠰ ᠲᠦᠷᠦ ᠶᠢᠨ | ᠵᠦᠪᠯᠡᠯᠬᠡᠨ ᠪᠠ ᠨᠡᠶᠢᠬᠡᠮ ᠤᠨ ᠡᠯ᠎ᠡ ᠡᠲᠡᠭᠡᠳ ᠤᠨ ᠬᠢᠨ ᠪᠥᠳᠥᠮᠵᠢᠲᠠᠢ ᠬᠢᠨᠠᠵᠤ ᠪᠦᠬᠦ ᠬᠦᠴᠦᠨ ᠢᠶᠠᠷ ᠢᠶᠠᠨ | ᠳᠡᠮᠵᠢᠭᠰᠡᠨ ᠠᠴᠠ ᠪᠣᠯᠤᠭᠰᠠᠨ ᠶᠤᠮ᠂ ᠪᠦᠬᠦ ᠬᠤᠰᠢᠭᠤᠨ ᠤ ᠡᠯ᠎ᠡ ᠦᠨᠳᠣᠰᠣᠳᠠᠨ ᠤ ᠺᠠᠳ᠋ᠷ ᠣᠯᠠᠨ ᠲᠦᠮᠡᠨ | ᠪᠥᠯᠬᠦᠮᠳᠡᠨ ᠲᠡᠮᠡᠴᠡᠵᠤ ᠰᠡᠳᠬᠢᠯ ᠨᠢᠭᠡᠳᠤᠨ ᠤᠷᠤᠭᠰᠢᠯᠠᠭᠰᠠᠨ ᠠᠴᠠ ᠪᠣᠯᠤᠭᠰᠠᠨ ᠶᠤᠮ᠃ ᠠᠳᠠ ᠪᠢ ᠬᠤᠰᠢᠭᠤ | ᠠᠷᠠᠳ ᠤᠨ ᠵᠠᠰᠠᠭ ᠤᠨ ᠣᠷᠳᠣᠨ ᠢ ᠲᠥᠯᠥᠬᠡᠯᠡᠨ ᠪᠦᠬᠦ ᠲᠥᠯᠤᠭᠡᠯᠡᠭᠴᠢᠳ᠂ ᠤᠯᠤᠰ ᠲᠥᠷᠦ ᠶᠢᠨ ᠵᠦᠪᠯᠡᠯᠭᠡᠨ ᠤ | ᠭᠡᠰᠢᠭᠦᠳ᠂ ᠠᠵᠢᠯ ᠠᠴᠠ ᠪᠠᠨ ᠠᠮᠠᠷᠠᠭᠰᠠᠨ ᠠᠬᠠᠮᠠᠳ ᠨᠥᠬᠦᠳ ᠪᠠ ᠨᠣᠮᠢᠨ ᠳᠠᠩᠰᠤᠭ ᠦᠤᠰᠢᠨ ᠤ | ᠬᠥᠭᠵᠢᠯᠲᠡ ᠳᠤ ᠣᠷᠣᠯᠴᠠᠨ ᠬᠠᠯᠠᠮᠵᠢᠯᠠᠵᠤ ᠳᠡᠮᠵᠢᠭᠰᠡᠭᠡᠷ ᠢᠷᠡᠭᠰᠡᠨ ᠨᠡᠶᠢᠬᠡᠮ ᠤᠨ ᠡᠯ᠎ᠡ ᠡᠲᠡᠭᠡᠳ ᠤᠨ ᠬᠢᠨ ᠳᠤ | ᠴᠢᠩ ᠰᠡᠳᠬᠢᠯ ᠤᠨ ᠳᠠᠯᠠᠷᠬᠠᠯ ᠪᠠ ᠡᠷᠬᠢᠮ ᠳᠡᠬᠡᠳᠣ ᠬᠦᠨᠳᠦᠳᠬᠡᠯ ᠢᠶᠠᠨ ᠳᠡᠪᠰᠢᠬᠦᠯᠥᠶ᠎ᠠ︕ | ᠪᠢᠳᠠ ᠦᠷ᠎ᠡ ᠪᠦᠳᠣᠮᠵᠢ ᠪᠠᠨ ᠨᠣᠳᠠᠯᠠᠬᠤ ᠶᠢᠨ ᠳᠠᠭᠠᠣ ᠮᠠᠨ ᠤ ᠬᠤᠰᠢᠭᠤᠨ ᠤ ᠠᠵᠤ ᠠᠬᠤᠢ ᠨᠡᠶᠢᠬᠡᠮ ᠤᠨ | ᠬᠥᠭᠵᠢᠯᠲᠡ ᠨᠢ ᠳᠡᠭᠡᠳᠦ ᠱᠠᠲᠤᠨ ᠤ ᠱᠠᠭᠠᠷᠳᠠᠯᠭ᠎ᠠ ᠪᠠ ᠠᠷᠠᠳ ᠲᠥᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ | ᠰᠠᠶᠢᠨ ᠰᠠᠶᠢᠬᠠᠨ ᠠᠮᠢᠳᠤᠷᠠᠯ ᠤᠨ ᠱᠠᠭᠠᠷᠳᠠᠯᠭ᠎ᠠ ᠲᠠᠢ ᠵᠣᠬᠢᠬᠤ ᠵᠥᠷᠢᠶ᠎ᠡ ᠲᠠᠢ ᠪᠠᠶᠢᠵᠤ᠂ ᠨᠢᠭᠡ ᠪᠥᠯᠥᠭ ᠬᠦᠷᠢᠶ᠎ᠡ | ᠴᠠᠷᠠᠭᠠᠨ ᠳᠤ ᠲᠡᠩᠴᠡᠭᠦᠷᠢᠲᠠᠢ ᠪᠣᠰᠤ᠂ ᠭᠦᠢᠴᠡᠳ ᠪᠣᠰᠤ ᠠᠰᠠᠭᠤᠳᠠᠯ ᠮᠥᠨ ᠯᠠ ᠣᠷᠣᠰᠢᠵᠤ ᠪᠠᠶᠢᠬᠤ ᠶᠢ ᠬᠤᠷᠴᠠ | ᠰᠡᠷᠬᠡᠭ ᠣᠯᠵᠤ ᠲᠠᠨᠢᠪᠠ᠃ ᠭᠤᠣᠯᠳᠠᠭᠤ᠄ ᠨᠡᠭᠦᠷᠡᠰᠦ ᠬᠢᠮᠢ ᠶᠢᠨ ᠠᠵᠤ ᠦᠢᠯᠡᠳᠪᠥᠷᠢ ᠶᠢᠨ ᠠᠵᠤ ᠦᠢᠯᠡᠰ ᠢ | ᠦᠵᠦᠭᠦᠷ ᠳᠡᠰ ᠪᠣᠯᠭᠠᠨ ᠬᠤᠪᠢᠷᠠᠭᠤᠯᠬᠤ ᠲᠥᠷᠦᠯ ᠵᠦᠢᠯ ᠨᠡᠯᠢᠶᠡᠳ ᠴᠥᠬᠡᠨ ᠪᠠᠶᠢᠵᠤ᠂ ᠳᠠᠭᠠᠯᠲᠠ ᠥᠷᠲᠡᠭ ᠢᠶᠠᠷ | ᠥᠨᠳᠥᠷ ᠦᠢᠯᠡᠳᠭᠦᠨ ᠳᠤᠲᠠᠮᠠᠭ ᠪᠠᠶᠢᠨ᠎ᠠ︔ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠥᠲᠥᠭᠡᠭᠳᠡᠭᠦᠨ ᠤ | ᠦᠢᠯᠡᠳᠪᠥᠷᠢᠯᠡᠯ ᠪᠣᠷᠣᠯᠠᠭᠤᠯᠤᠯᠲᠠ ᠶᠢᠨ ᠵᠠᠯᠭᠠᠯᠳᠤᠯ ᠲᠣᠭᠲᠠᠯᠴᠠᠭ᠎ᠠ ᠭᠦᠢᠴᠡᠳ ᠪᠠᠶᠢᠭᠤᠯᠤᠭᠳᠠᠭ᠎ᠠ ᠦᠭᠡᠢ᠂ ᠨᠢᠭᠡ | ᠪᠥᠯᠦᠭ ᠰᠢᠯᠢᠳᠡᠭ ᠴᠢᠨᠠᠷ ᠤᠨ ᠪᠥᠳᠥᠭᠡᠭᠳᠡᠭᠦᠨ ᠪᠣᠷᠣᠯᠠᠭᠤᠯᠭ᠎ᠠ ᠮᠠᠭᠤ᠂ ︽ᠬᠤᠳᠠᠯᠳᠤᠵᠤ ᠭᠠᠷᠬᠤ ᠦᠭᠡᠢ︾ ᠵᠡᠷᠭᠡ | ᠠᠰᠠᠭᠤᠳᠠᠯ ᠣᠷᠣᠰᠢᠵᠤ ᠪᠠᠶᠢᠨ᠎ᠠ︔ ᠣᠯᠠᠨ ᠲᠥᠮᠡᠨ ᠲᠠᠢ ᠨᠢᠭᠲᠠ ᠬᠠᠷᠢᠴᠠᠭ᠎ᠠ ᠲᠠᠢ ᠡᠮ ᠡᠮᠨᠡᠯᠭᠡ᠂ ᠨᠠᠰᠤᠵᠢᠯ | ᠵᠡᠷᠭᠡ ᠦᠢᠯᠡᠴᠢᠯᠡᠭᠡᠨ ᠤ ᠨᠡᠶᠢᠬᠡᠮᠴᠢᠯᠡᠭᠰᠡᠨ ᠬᠠᠩᠭᠠᠯᠭ᠎ᠠ ᠶᠢᠨ ᠬᠡᠮᠵᠢᠶ᠎ᠡ ᠭᠦᠢᠴᠡᠳ ᠪᠣᠰᠤ ᠪᠠᠶᠢᠨ᠎ᠠ︔ ᠣᠨᠴᠠᠭᠠᠢ | ᠵᠠᠷᠢᠮ ᠺᠠᠳ᠋ᠷᠴᠤᠳ ᠰᠢᠨ᠎ᠡ ᠬᠡᠪ ᠪᠠᠶᠢᠳᠠᠯ ᠳᠤ ᠵᠣᠬᠢᠴᠠᠬᠤ᠂ ᠰᠢᠨ᠎ᠡ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠨ | ᠭᠦᠢᠴᠡᠳᠬᠡᠬᠦ ᠲᠠᠯ᠎ᠠ ᠶᠢᠨ ᠦᠵᠡᠯ ᠰᠠᠨᠠᠭᠠᠨ ᠤ ᠪᠡᠯᠡᠳᠬᠡᠯ ᠭᠦᠢᠴᠡᠳ ᠪᠣᠰᠤ᠂ ᠴᠢᠳᠠᠪᠤᠷᠢ ᠬᠠᠷᠢᠭᠤᠴᠠᠯᠭ᠎ᠠ ᠶᠢᠨ | ᠲᠠᠯ᠎ᠠ ᠪᠠᠷ ᠬᠦᠷᠥᠯᠴᠡᠬᠦ ᠦᠭᠡᠢ ᠵᠡᠷᠭᠡ ᠠᠰᠠᠭᠤᠳᠠᠯ ᠣᠷᠣᠰᠢᠵᠤ ᠪᠣᠢ᠃ ᠡᠳᠡᠭᠡᠷ ᠠᠰᠠᠭᠤᠳᠠᠯ ᠳᠤ ᠴᠢᠭᠯᠡᠭᠦᠯᠦᠨ | ᠪᠢᠳᠠ ᠬᠤᠶᠢᠰᠢᠳᠠ ᠶᠢᠨ ᠠᠵᠢᠯ ᠤᠨ ᠳᠣᠮᠳᠠ ᠭᠦᠨᠵᠡᠭᠡᠢ ᠰᠤᠳᠤᠯᠵᠤ ᠨᠡᠩ ᠨᠠᠷᠢᠯᠢᠭ᠂ ᠣᠨᠣᠪᠴᠢᠲᠠᠢ᠂ ᠬᠦᠴᠦᠨ | ᠪᠥᠬᠦᠢ ᠠᠷᠭ᠎ᠠ ᠪᠠᠷᠢᠯ ᠢ ᠬᠡᠷᠡᠭᠯᠡᠨ ᠰᠢᠢᠳᠪᠦᠷᠢᠯᠠᠨ᠎ᠠ᠃ | ᠬᠤᠶᠠᠷ᠂ 2018 ᠣᠨ ᠤ ᠭᠤᠣᠯ ᠪᠣᠯᠬᠤ ᠠᠵᠢᠯ ᠤᠨ ᠡᠭᠦᠷᠭᠡ | ᠲᠦᠯᠦᠭᠡᠯᠡᠭᠴᠢᠳ ᠡ᠂ 2018 ᠣᠨ ᠪᠣᠯ ᠨᠠᠮ ᠤᠨ ᠠᠷᠪᠠ ᠶᠢᠰᠤᠳᠤᠭᠡᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ᠂ ᠥᠭᠡᠷᠡᠴᠢᠯᠡᠯᠲᠠ | ᠨᠡᠭᠡᠭᠡᠯᠲᠠ ᠶᠢᠨ 40 ᠵᠢᠯ ᠤᠨ ᠣᠢ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ | ᠬᠡᠷᠡᠭᠵᠢᠭᠦᠯᠵᠦ ᠪᠥᠬᠦ ᠲᠠᠯ᠎ᠠ ᠪᠠᠷ ᠴᠢᠨᠡᠭᠡᠯᠢᠭ ᠨᠡᠶᠢᠬᠡᠮ ᠢ ᠪᠡᠶᠡᠯᠡᠭᠦᠯᠤᠨ ᠰᠢᠢᠳᠪᠥᠷᠢᠲᠤ ᠢᠯᠠᠯᠲᠠ ᠶᠢ ᠣᠯᠬᠤ | ᠤᠷᠢᠳᠤᠬᠢ ᠶᠢ ᠵᠠᠯᠭᠠᠮᠵᠢᠯᠠᠵᠤ ᠬᠤᠶᠢᠳᠤᠬᠢ ᠳᠤ ᠵᠠᠮ ᠨᠡᠭᠡᠭᠡᠬᠦ ᠠᠵᠢᠯ ᠤᠨ ᠵᠠᠩᠭᠢᠯᠠᠭ᠎ᠠ ᠶᠢᠨ ᠨᠢᠭᠡ ᠵᠢᠯ ᠮᠥᠨ᠂ | ᠮᠥᠨᠴᠤ ᠲᠤᠰ ᠬᠤᠭᠤᠴᠠᠭᠠᠨ ᠤ ᠵᠠᠰᠠᠭ ᠤᠨ ᠣᠷᠳᠣᠨ ᠤ ᠠᠵᠢᠯ ᠢᠶᠠᠨ ᠪᠠᠶᠢᠷᠢᠯᠠᠭᠤᠯᠬᠤ᠂ ᠵᠣᠷᠢᠭᠲᠠᠢ ᠬᠠᠷᠢᠭᠤᠴᠠᠨ | ᠠᠵᠢᠯᠯᠠᠬᠤ ᠡᠬᠢᠯᠡᠯᠲᠡ ᠶᠢᠨ ᠵᠢᠯ ᠪᠣᠯᠤᠨ᠎ᠠ᠃ ᠡᠨᠡ ᠵᠢᠯ ᠤᠨ ᠡᠯ᠎ᠡ ᠲᠥᠷᠥᠯ ᠤᠨ ᠠᠵᠢᠯ ᠢ ᠰᠠᠶᠢᠲᠤᠷ ᠬᠢᠬᠦ ᠡᠭᠦᠷᠭᠡ | ᠬᠦᠨᠳᠦ ᠪᠠᠶᠢᠵᠤ ᠠᠯᠤᠰ ᠬᠡᠲᠤ ᠶᠢᠨ ᠠᠴᠢ ᠬᠤᠯᠪᠣᠭᠳᠠᠯ ᠲᠠᠢ ᠶᠤᠮ᠃ | 2018 ᠣᠨ ᠤ ᠵᠠᠰᠠᠭ ᠤᠨ ᠣᠷᠳᠣᠨ ᠤ ᠠᠵᠢᠯ ᠤᠨ ᠶᠡᠷᠦᠩᠬᠡᠢ ᠱᠠᠭᠠᠷᠳᠠᠯᠭ᠎ᠠ᠄ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭᠲᠤ ᠨᠡᠶᠢᠬᠡᠮ ᠵᠢᠷᠣᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ | ᠪᠣᠯᠭᠠᠬᠤ ᠶᠢ ᠪᠠᠷᠢᠮᠳᠠᠯᠠᠨ ᠨᠠᠮ ᠤᠨ ᠠᠷᠪᠠ ᠶᠢᠰᠤᠳᠤᠭᠡᠷ ᠶᠡᠭᠡ ᠬᠤᠷᠠᠯ ᠤᠨ ᠵᠣᠷᠢᠭ ᠰᠠᠨᠠᠭ᠎ᠠ᠂ ᠪᠥᠬᠦ ᠣᠯᠣᠰ ᠤᠨ ︽ | ᠬᠤᠶᠠᠷ ᠬᠤᠷᠠᠯ︾ ᠤᠨ ᠬᠤᠭᠤᠴᠠᠭᠠᠨ ᠳᠤ ᠰᠢ ᠶᠢᠨ ᠫᠢᠩ ᠶᠡᠷᠥᠩᠬᠡᠢ ᠱᠦᠵᠢ ᠦᠪᠥᠷ ᠮᠣᠩᠭᠤᠯ ᠤᠨ | ᠲᠥᠯᠥᠭᠡᠯᠡᠭᠴᠢᠳ ᠤᠨ ᠪᠥᠯᠬᠦᠮ ᠤᠨ ᠬᠢᠨᠠᠨ ᠵᠦᠪᠯᠡᠬᠦ ᠳᠤ ᠣᠷᠣᠯᠴᠠᠬᠤ ᠦᠶᠡᠰ ᠤᠨ ᠴᠢᠬᠤᠯᠠ ᠶᠠᠷᠢᠶᠠᠨ ᠤ ᠵᠣᠷᠢᠭ | ᠰᠠᠨᠠᠭ᠎ᠠ ᠪᠠ ᠥᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠡ ᠪᠠ ᠬᠤᠰᠢᠭᠤ | ᠨᠠᠮ ᠤᠨ ᠬᠤᠷᠢᠶᠠᠨ ᠤ ᠡᠯ᠎ᠡ ᠲᠥᠷᠥᠯ ᠤᠨ ᠰᠢᠢᠳᠪᠥᠷᠢᠲᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠪᠦᠬᠦ ᠲᠠᠯ᠎ᠠ ᠪᠠᠷ | ᠲᠤᠤᠱᠯᠠᠭᠤᠯᠤᠨ ᠨᠠᠶᠢᠳᠠᠪᠤᠷᠢᠵᠢᠭᠤᠯᠵᠤ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ | ᠶᠡᠷᠥᠩᠬᠡᠢ ᠬᠥᠭ ᠠᠶᠠᠰ ᠢ ᠪᠠᠷᠢᠮᠲᠠᠯᠠᠨ ᠬᠥᠭᠵᠢᠯᠲᠡ ᠶᠢᠨ ᠰᠢᠨ᠎ᠡ ᠣᠶᠢᠯᠠᠭᠠᠭᠳᠠᠬᠤᠨ ᠢ ᠪᠠᠷᠢᠮᠲᠠᠯᠠᠵᠤ ᠨᠡᠶᠢᠬᠡᠮ ᠤᠨ | ᠭᠤᠣᠯ ᠵᠦᠷᠢᠴᠡᠯ ᠤᠨ ᠬᠤᠪᠢᠷᠠᠯᠲᠠ ᠶᠢᠨ ᠲᠣᠭᠤᠷᠢᠨ ᠳᠤ ᠥᠨᠳᠦᠷ ᠶᠠᠰᠤ ᠴᠢᠨᠠᠷᠲᠠᠢ ᠬᠥᠭᠵᠢᠯᠲᠡ ᠶᠢᠨ | ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ ︽ᠲᠠᠪᠤ ᠶᠢ ᠨᠢᠭᠡ ᠴᠣᠭᠴᠠᠵᠢᠭᠤᠯᠬᠤ︾ ᠶᠡᠷᠥᠩᠬᠡᠢ | ᠪᠠᠶᠢᠷᠢᠰᠢᠭᠤᠯᠤᠯᠲᠠ ᠶᠢ ᠨᠢᠭᠡᠳᠤᠯᠲᠠᠢ ᠲᠥᠯᠤᠪᠵᠢᠭᠦᠯᠦᠨ ᠠᠬᠢᠭᠤᠯᠵᠤ ︽ᠲᠥᠷᠪᠡᠨ ᠪᠥᠬᠦ ᠲᠠᠯ᠎ᠠ︾ ᠶᠢᠨ ᠪᠠᠶᠢᠯᠳᠤᠬᠤ | ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠵᠣᠬᠢᠴᠠᠭᠤᠯᠤᠨ ᠠᠬᠢᠭᠤᠯᠵᠤ᠂ ᠬᠠᠩᠭᠠᠯᠭ᠎ᠠ ᠶᠢᠨ ᠲᠠᠯ᠎ᠠ ᠤᠨ ᠪᠥᠲᠦᠴᠡ ᠶᠢᠨ | ᠴᠢᠨᠠᠷᠲᠠᠢ ᠥᠭᠡᠷᠡᠴᠢᠯᠡᠯᠲᠠ ᠪᠠᠷ ᠭᠤᠣᠯ ᠱᠤᠭᠤᠮ ᠪᠣᠯᠭᠠᠨ ᠨᠡᠮᠡᠭᠳᠡᠯ ᠢ ᠲᠣᠭᠳᠠᠪᠤᠷᠢᠵᠢᠭᠤᠯᠬᠤ᠂ ᠥᠭᠡᠷᠡᠴᠢᠯᠡᠯᠲᠠ ᠶᠢ | ᠠᠬᠢᠭᠤᠯᠬᠤ᠂ ᠪᠥᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠤᠷᠠᠯ ᠢ ᠬᠠᠷᠠᠭᠠᠯᠵᠠᠬᠤ᠂ ᠲᠥᠭᠰᠢᠭᠦᠷᠢ ᠶᠢ | ᠰᠡᠷᠭᠡᠶᠢᠯᠡᠬᠦ ᠡᠯ᠎ᠡ ᠲᠥᠷᠥᠯ ᠤᠨ ᠠᠵᠢᠯ ᠢ ᠯᠠᠪᠳᠠᠭᠤᠨ ᠰᠠᠶᠢᠲᠤᠷ ᠬᠢᠵᠤ᠂ ᠴᠢᠬᠤᠯᠠ ᠶᠡᠭᠡ ᠲᠥᠭᠰᠢᠭᠦᠷᠢ ᠶᠢ | ᠰᠡᠷᠭᠡᠶᠢᠯᠡᠵᠤ ᠰᠢᠢᠳᠪᠤᠷᠢᠯᠡᠬᠦ᠂ ᠶᠠᠳᠠᠭᠤ ᠠᠴᠠ ᠨᠠᠷᠢᠯᠢᠭ ᠣᠨᠣᠪᠴᠢᠲᠠᠢ ᠠᠩᠭᠢᠵᠢᠷᠠᠭᠤᠯᠬᠤ᠂ ᠪᠣᠬᠢᠷᠳᠤᠯ ᠢ | ᠰᠡᠷᠭᠡᠶᠢᠯᠡᠨ ᠵᠠᠰᠠᠬᠤ ︽ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ︾ ᠢ ᠡᠷᠡᠰ ᠰᠠᠶᠢᠲᠤᠷ ᠬᠢᠵᠤ᠂ | ᠬᠥᠭᠵᠢᠯᠲᠡ᠂ ᠠᠷᠠᠳ ᠤᠨ ᠠᠮᠢᠳᠤᠷᠠᠯ᠂ ᠠᠮᠢ ᠠᠬᠤᠢ ᠶᠢᠨ ︽ᠭᠤᠷᠪᠠᠨ ᠵᠣᠷᠪᠣᠰ ᠬᠤᠷᠢᠭ᠎ᠠ ᠱᠤᠭᠤᠮ︾ ᠢ ᠦᠨᠡᠨᠬᠦ | ᠰᠠᠶᠢᠲᠤᠷ ᠰᠠᠬᠢᠵᠤ ᠪᠥᠬᠦ ᠬᠤᠰᠢᠭᠤᠨ ᠤ ᠠᠵᠤ ᠠᠬᠤᠢ ᠨᠡᠶᠢᠬᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ | ᠪᠥᠬᠦ ᠬᠦᠴᠦᠨ ᠢᠶᠠᠷ ᠢᠶᠠᠨ ᠪᠠᠲᠤᠯᠠᠨ᠎ᠠ᠃ | ᠡᠯ᠎ᠡ ᠲᠠᠯ᠎ᠠ ᠶᠢᠨ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ ᠥᠨᠥ ᠵᠢᠯ ᠮᠠᠨ ᠤ ᠬᠤᠰᠢᠭᠤᠨ ᠤ ᠠᠵᠤ | ᠠᠬᠤᠢ ᠨᠡᠶᠢᠬᠡᠮ ᠤᠨ ᠬᠥᠭᠵᠢᠯᠲᠡ ᠶᠢᠨ ᠭᠤᠣᠯ ᠪᠣᠯᠬᠤ ᠵᠢᠱᠢᠯᠲᠡ ᠬᠠᠷᠠᠯᠲᠠ ᠪᠣᠯ᠄ ᠣᠷᠣᠨ ᠨᠣᠲᠤᠭ ᠤᠨ | ᠦᠢᠯᠡᠳᠪᠤᠷᠢᠯᠠᠯ ᠤᠨ ᠶᠡᠷᠥᠩᠬᠡᠢ ᠥᠷᠲᠡᠭ ᠢ 9.5% ᠨᠡᠮᠡᠭᠳᠡᠭᠦᠯᠵᠦ᠂ ᠨᠡᠶᠢᠬᠡᠮ ᠤᠨ ᠬᠡᠷᠡᠭᠯᠡᠭᠡᠨ ᠤ ᠵᠦᠢᠯᠡᠰ ᠢ | ᠵᠢᠵᠢᠭᠯᠡᠨ ᠪᠣᠷᠣᠯᠠᠭᠤᠯᠬᠤ ᠶᠡᠷᠦᠩᠬᠡᠢ ᠲᠤᠭ᠎ᠠ ᠶᠢ 9.6% ᠨᠡᠮᠡᠭᠳᠡᠭᠦᠯᠵᠦ᠂ ᠬᠤᠲᠠ ᠬᠥᠳᠡᠭᠡ ᠶᠢᠨ ᠪᠠᠶᠢᠩᠭᠤ | ᠰᠠᠭᠤᠭ᠎ᠠ ᠰᠠᠭᠤᠭᠠᠯᠢ ᠠᠷᠠᠳ ᠤᠨ ᠬᠦᠮᠦᠨ ᠳᠤᠮᠳᠠᠴᠢ ᠶᠢᠨ ᠲᠣᠬᠢᠷᠠᠭᠤᠯᠵᠤ ᠪᠣᠯᠬᠤ ᠣᠷᠣᠯᠭ᠎ᠠ ᠶᠢ ᠲᠤᠰᠪᠤᠷᠢ 7. | 5%᠂ 8.5% ᠨᠡᠮᠡᠭᠳᠡᠭᠦᠯᠤᠨ᠎ᠡ᠃ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ | ᠨᠣᠷᠮ᠎ᠠ ᠶᠢ 3.1% ᠲᠣᠲᠣᠷ᠎ᠠ ᠬᠢᠵᠠᠭᠠᠷᠯᠠᠨ᠎ᠠ᠃ | ᠳᠡᠭᠡᠷᠡᠬᠢ ᠦᠭᠦᠯᠡᠭᠰᠡᠨ ᠬᠠᠷᠠᠯᠲᠠ ᠶᠢ ᠪᠡᠶᠡᠯᠡᠭᠦᠯᠬᠦ ᠳᠤ ᠳᠣᠣᠷᠠᠬᠢ ᠵᠢᠷᠭᠤᠭᠠᠨ ᠲᠠᠯ᠎ᠠ ᠶᠢᠨ ᠠᠵᠢᠯ ᠢ | ᠭᠤᠣᠯᠳᠠᠯᠭᠠᠲᠠᠢ ᠰᠠᠶᠢᠲᠤᠷ ᠬᠢᠨ᠎ᠡ᠄ | ︵ᠨᠢᠬᠡ︶ ᠴᠢᠬᠤᠯᠠ ᠶᠡᠭᠡ ᠲᠦᠷᠥᠯ ᠵᠣᠶᠢᠯ ᠤᠨ ᠪᠠᠶᠢᠭᠤᠯᠣᠯᠳᠠ ᠶᠢ ᠰᠠᠶᠢᠳᠣᠷ ᠠᠳᠬᠤᠵᠣ ᠠᠵᠣ ᠠᠬᠤᠢ | ᠶᠢᠨ ᠳᠣᠭᠳᠠᠭᠤᠨ ᠨᠡᠮᠡᠭᠳᠡᠯ ᠢ ᠪᠠᠳᠣᠯᠠᠨ᠎ᠠ᠃ ᠬᠦᠭᠵᠢᠯᠳᠡ ᠪᠣᠯ ᠨᠢᠬᠡᠳᠣᠬᠡᠷ ᠴᠢᠬᠤᠯᠠ ᠡᠬᠦᠷᠬᠡ ᠮᠦᠨ ᠬᠡᠳᠡᠭ ᠢ | ᠪᠠᠷᠢᠮᠳᠠᠯᠠᠨ ᠲᠦᠷᠥᠯ ᠵᠣᠶᠢᠯ ᠤᠨ ᠪᠠᠶᠢᠭᠤᠯᠣᠯᠳᠠ ᠪᠠᠷ ᠵᠢᠯᠣᠭᠤᠳᠤᠭᠤᠯᠵᠤ ᠪᠡᠯᠡ ᠣᠷᠣᠭᠤᠯᠣᠯᠳᠠ ᠶᠢ ᠦᠷᠬᠡᠳᠬᠡᠨ | ᠠᠰᠢᠭᠯᠠᠯᠲᠠ ᠳᠤ ᠣᠷᠣᠬᠤ ᠶᠢ ᠠᠬᠢᠭᠤᠯᠵᠣ ᠳᠣᠭᠳᠠᠭᠤᠨ ᠢᠶᠠᠷ ᠠᠵᠢᠯᠯᠠᠭᠤᠯᠤᠨ ᠠᠵᠣ ᠠᠬᠤᠢ ᠶᠢᠨ ᠳᠣᠭᠳᠠᠭᠤᠨ | ᠨᠡᠮᠡᠭᠳᠡᠯ ᠢ ᠪᠡᠶᠡᠯᠡᠭᠦᠯᠤᠨ᠎ᠡ᠃ | ᠪᠦᠳᠣᠮᠵᠢᠳᠡᠢ ᠪᠡᠯᠡ ᠣᠷᠣᠭᠤᠯᠣᠯᠳᠠ ᠶᠢ ᠬᠦᠴᠦᠯᠡᠨ ᠦᠷᠬᠡᠳᠬᠡᠨ᠎ᠠ᠃ 25 ᠲᠦᠷᠥᠯ ᠤᠨ ᠳ᠋ᠦᠩᠰᠢᠭᠤᠷ | ᠲᠦᠬᠦᠷᠢᠭ ᠠᠴᠠ ᠳᠡᠬᠡᠭᠰᠢᠬᠢ ᠴᠢᠬᠤᠯᠠ ᠶᠡᠭᠡ ᠲᠦᠷᠥᠯ ᠵᠣᠶᠢᠯ ᠢ ᠭᠤᠣᠯᠳᠠᠯᠭᠠᠳᠠᠢ ᠵᠣᠬᠢᠶᠠᠨ ᠪᠠᠶᠢᠭᠤᠯᠣᠨ | ᠬᠡᠷᠡᠭᠵᠢᠬᠦᠯᠥᠨ᠎ᠠ᠃ ᠶᠢᠨ ᠴᠧᠩ ᠲᠠᠢ ᠺᠣᠮᠫᠠᠨᠢ ᠶᠢᠨ 30 ᠲᠦᠮᠡᠨ ᠳᠣᠨᠨ᠋ᠨ ᠡᠲ᠋ᠢᠯ ᠬᠤᠶᠠᠷᠴᠢ ᠠᠯᠺᠦᠣᠯ ᠵᠡᠷᠬᠡ 4 | ᠲᠦᠷᠥᠯ ᠵᠣᠶᠢᠯ ᠢ ᠣᠷᠣᠨᠵᠢᠭᠤᠯᠵᠤ᠂ ᠵᠦᠩ ᠮᠧᠢ ᠪᠦᠯᠥᠭᠯᠡᠯ ᠤᠨ ᠡᠨᠧᠷᠬᠢ ᠬᠢᠮᠢ ᠶᠢᠨ ᠨᠠᠶᠢᠯᠡᠯ ᠬᠡᠢ ᠪᠠᠷ ᠵᠢᠯ ᠤᠨ | ᠭᠠᠷᠣᠯᠳᠠ 100 ᠲᠦᠮᠡᠨ ᠳᠣᠨᠨ᠋ᠨ ᠪᠣᠯᠬᠤ ᠮᠧᠲ᠋ᠢᠯ ᠠᠯᠺᠦᠣᠯ ᠢ ᠦᠢᠯᠡᠳᠬᠦ ᠮᠡᠷᠬᠡᠵᠢᠯ ᠤᠨ ᠦᠬᠡᠷᠡᠴᠢᠯᠡᠯᠳᠡ᠂ ᠵᠦᠩ | ᠲᠢᠶᠠᠨ ᠾᠧ ᠴᠤᠸᠠᠩ ᠺᠣᠮᠫᠠᠨᠢ ᠶᠢᠨ 90 ᠲᠦᠮᠡᠨ ᠳᠣᠨᠨ᠋ᠨ \ ᠵᠢᠯ ᠮᠧᠲ᠋ᠢᠯ ᠠᠯᠺᠦᠦᠯ ᠤᠨ ᠴᠡᠪᠡᠷ ᠨᠠᠷᠠᠮᠠᠯ ᠤᠨ | ᠳᠣᠨᠣᠭᠯᠠᠯ ᠢ ᠨᠡᠮᠡᠨ ᠳᠣᠬᠢᠷᠠᠭᠤᠯᠬᠤ ᠵᠢᠴᠢ ᠬᠠᠳᠠᠭᠠᠯᠠᠵᠣ ᠵᠦᠬᠡᠬᠡᠪᠦᠷᠢᠯᠡᠬᠦ ᠰᠢᠰᠲ᠋ᠧᠮ ᠢ ᠲᠦᠬᠦᠷᠵᠢᠬᠦᠯᠬᠦ ᠵᠡᠷᠬᠡ | ᠲᠦᠷᠥᠯ ᠵᠣᠶᠢᠯ ᠤᠨ ᠠᠵᠢᠯ ᠢ ᠬᠤᠭᠤᠴᠠᠭ᠎ᠠ ᠶᠣᠰᠣᠭᠠᠷ ᠡᠬᠢᠯᠡᠬᠦᠯᠬᠦ ᠪᠠ ᠰᠡᠷᠬᠦᠬᠡᠨ᠎ᠠ︔ ᠣᠯᠣᠰ ᠤᠨ ᠵᠠᠮ ᠤᠨ | 242 ᠱᠤᠭᠤᠮ ᠤᠨ ᠭᠠᠯᠠᠭᠤᠳᠣ ᠠᠴᠠ ᠪᠣᠯᠠᠭ ᠤᠨ ᠭᠤᠣᠯ ᠬᠦᠷᠬᠦ ᠬᠡᠰᠡᠭ᠂ ᠮᠣᠵᠢ ᠶᠢᠨ ᠵᠠᠮ ᠤᠨ 215 | ᠱᠤᠭᠤᠮ ᠤᠨ ᠲᠦᠩᠽᠢ ᠠᠴᠠ ᠵᠠᠮᠪᠠ ᠶᠢᠨ ᠳᠠᠯ᠎ᠠ ᠬᠦᠷᠬᠦ᠂ ᠮᠣᠵᠢ ᠶᠢᠨ ᠵᠠᠮ ᠤᠨ 317 ᠱᠤᠭᠤᠮ ᠤᠨ ᠳᠣᠯᠢ | ᠠᠴᠠ ᠨᠠᠩᠰᠣ ᠬᠦᠷᠬᠦ ︵ᠬᠤᠶᠠᠳᠣᠭᠠᠷ ᠬᠤᠭᠤᠴᠠᠭ᠎ᠠ︶ ᠵᠠᠰᠠᠮᠠᠯ ᠵᠠᠮ ᠤᠨ ᠲᠦᠷᠥᠯ ᠵᠣᠶᠢᠯ ᠢ ᠬᠡᠷᠡᠭᠵᠢᠬᠦᠯᠵᠣ ᠣᠯᠣᠰ | ᠤᠨ ᠵᠠᠮ ᠤᠨ 338 ᠱᠤᠭᠤᠮ ᠤᠨ ᠭᠠᠯᠠᠭᠤᠳᠣ ᠠᠴᠠ ᠰᠤᠪᠣᠷᠭ᠎ᠠ ᠭᠤᠷᠪᠠᠳᠣᠭᠠᠷ ᠰᠢᠳᠠᠮᠠᠬᠠᠢ ᠬᠡᠢ ᠰᠢᠢᠳᠪᠣᠷᠢᠯᠡᠬᠦ | ᠣᠶᠢᠯᠡᠳᠪᠣᠷᠢ ᠬᠦᠷᠬᠦ ᠬᠡᠰᠡᠭ ᠤᠨ ᠨᠢᠬᠡᠳᠣᠬᠡᠷ ᠳᠠᠰ ᠤᠨ ᠵᠠᠰᠠᠮᠠᠯ ᠵᠠᠮ ᠤᠨ ᠪᠠᠶᠢᠭᠤᠯᠣᠯᠳᠠ ᠶᠢ ᠲᠦᠷᠬᠡᠳᠬᠡᠨ᠎ᠠ︔ | ᠦᠪᠣᠷ ᠮᠣᠩᠭᠤᠯ ᠤᠨ ᠪᠠᠷᠠᠭᠤᠨ ᠬᠡᠰᠡᠭ ᠤᠨ ᠣᠷᠣᠨ ᠠᠴᠠ ᠳᠣᠮᠳᠠᠳᠣ ᠣᠷᠣᠨ ᠬᠦᠷᠬᠦ ᠳᠠᠮᠣᠷ ᠵᠠᠮ ᠤᠨ ᠵᠠᠮ | ᠳᠠᠪᠢᠰᠬᠦ ᠠᠵᠢᠯ ᠢ ᠳᠠᠭᠤᠰᠬᠠᠨ᠎ᠠ︔ ᠨᠠᠷᠢᠠᠭᠤᠣᠯ ᠤᠨ ᠬᠤᠶᠠᠳᠣᠭᠠᠷ ᠨᠣᠮᠧᠷᠳᠣ ᠠᠭᠤᠷᠬᠠᠢ ᠶᠢᠨ ᠬᠤᠳᠳᠤᠭ ᠤᠨ | ᠳᠠᠮᠣᠷ ᠵᠠᠮ ᠤᠨ ᠳᠣᠰᠬᠠᠢ ᠬᠡᠷᠡᠭᠯᠡᠬᠡᠨ ᠤ ᠱᠤᠭᠤᠮ ᠢ ᠡᠬᠢᠯᠡᠨ ᠪᠠᠶᠢᠭᠤᠯᠣᠨ᠎ᠠ︔ ᠨᠠᠶᠢᠳᠠᠮ ᠬᠡᠷᠡᠭᠯᠡᠬᠡᠨ ᠤ ᠨᠢᠰᠬᠡᠯ | ᠤᠨ ᠪᠠᠭᠤᠳᠠᠯ ᠢ ᠪᠥᠲᠥᠭᠡᠨ ᠪᠠᠶᠢᠭᠤᠯᠬᠤ ᠱᠠᠳᠣᠨ ᠳᠤ ᠣᠷᠣᠭᠤᠯᠬᠤ ᠪᠠᠷ ᠴᠢᠷᠮᠠᠶᠢᠨ᠎ᠠ᠃ ᠦᠣᠰᠢᠨ 500 | ᠺᠢᠯᠣᠸᠣᠯᠲ ᠤᠨ ᠴᠠᠬᠢᠯᠭᠠᠨ ᠬᠦᠷᠬᠡᠵᠣ ᠬᠤᠪᠢᠰᠬᠠᠬᠤ ᠢᠨᠵᠧᠨᠧᠷᠢᠩ ᠢ ᠡᠬᠢᠯᠡᠬᠦᠯᠵᠣ ᠬᠤᠨᠴᠢᠠᠭᠤᠣᠯ 500 | ᠺᠢᠯᠣᠸᠣᠯᠲ ᠶᠢᠨ ᠴᠠᠬᠢᠯᠭᠠᠨ ᠬᠤᠪᠢᠰᠬᠠᠬᠤ ᠦᠷᠳᠡᠭᠡ ᠠᠴᠠ ᠳᠣᠭᠤᠯᠳᠡᠢ 220 ᠺᠢᠯᠣᠸᠣᠯᠲ ᠤᠨ ᠴᠠᠬᠢᠯᠭᠠᠨ | ᠬᠤᠪᠢᠰᠬᠠᠬᠤ ᠦᠷᠳᠡᠭᠡ ᠬᠦᠷᠬᠦ ᠪᠠ ᠰᠢᠷᠬᠤᠰᠣᠨ 220 ᠺᠢᠯᠣᠸᠤᠯᠲ ᠤᠨ ᠴᠠᠬᠢᠯᠭᠠᠨ ᠬᠤᠪᠢᠰᠬᠠᠬᠤ ᠦᠷᠳᠡᠭᠡ ᠶᠢᠨ | Ⅱ ᠴᠠᠬᠢᠯᠭᠠᠨ ᠡᠬᠦᠰᠬᠡᠬᠦᠷ ᠤᠨ ᠱᠤᠭᠤᠮ ᠤᠨ ᠢᠨᠵᠧᠨᠧᠷᠢᠩ ᠤᠨ ᠪᠠᠶᠢᠭᠤᠯᠣᠯᠳᠠ ᠶᠢ ᠲᠦᠷᠬᠡᠳᠬᠡᠨ ᠠᠬᠢᠭᠤᠯᠣᠨ᠎ᠠ᠃ | ᠠᠷᠠᠳ ᠤᠨ ᠳᠣᠮᠳᠠᠬᠢ ᠪᠡᠯᠡ ᠣᠷᠣᠭᠤᠯᠣᠯᠳᠠ ᠶᠢᠨ ᠳᠠᠯᠳᠠ ᠬᠦᠴᠦᠨ ᠢ ᠪᠦᠳᠣᠮᠵᠢᠳᠡᠢ ᠪᠠᠳᠠᠷᠠᠭᠤᠯᠣᠨ᠎ᠠ᠃ ︽ | ᠬᠤᠷᠢᠭ᠎ᠠ ᠦᠬᠡᠢ ᠪᠣᠯ ᠵᠦᠪᠰᠢᠶᠡᠷᠡᠵᠤ ᠣᠷᠣᠭᠤᠯᠬᠤ︾ ᠱᠠᠭᠠᠷᠳᠠᠯᠭ᠎ᠠ ᠶᠢ ᠴᠢᠩᠭ᠎ᠠ ᠨᠡᠶᠢᠳᠠᠪᠣᠷᠢᠵᠢᠭᠤᠯᠵᠣ ᠠᠷᠠᠳ | ᠤᠨ ᠳᠣᠮᠳᠠᠬᠢ ᠪᠡᠯᠡ ᠮᠦᠩᠬᠦ ᠶᠢᠨ ᠵᠦᠪᠰᠢᠶᠠᠷᠠᠯ ᠤᠨ ᠪᠠᠷᠢᠮᠵᠢᠶ᠎ᠠ ᠶᠢ ᠳᠣᠷᠣᠭᠰᠢᠯᠠᠭᠤᠯᠵᠣ ᠠᠷᠠᠳ ᠤᠨ ᠳᠣᠮᠳᠠᠬᠢ | ᠬᠦᠷᠦᠩᠬᠡ ᠶᠢ ᠬᠤᠳᠠ ᠶᠢᠨ ᠶᠠᠪᠣᠳᠠᠯ ᠤᠨ ᠣᠯᠠᠨ ᠨᠡᠶᠢᠳᠠ ᠶᠢᠨ ᠲᠦᠬᠦᠬᠡᠷᠣᠮᠵᠢ᠂ ᠣᠳᠣ ᠦᠶ᠎ᠡ ᠶᠢᠨ | ᠣᠶᠢᠯᠡᠴᠢᠯᠡᠬᠡᠨ ᠤ ᠣᠶᠢᠯᠡᠰ ᠵᠡᠷᠬᠡ ᠬᠦᠷᠢᠶ᠎ᠠ ᠴᠠᠷᠠᠭᠠᠨ ᠤ ᠲᠦᠷᠥᠯ ᠵᠣᠶᠢᠯ ᠤᠨ ᠪᠠᠶᠢᠭᠤᠯᠣᠯᠳᠠ ᠳᠤ ᠣᠷᠣᠯᠴᠠᠬᠤ ᠶᠢ | ᠵᠣᠷᠢᠭᠵᠢᠭᠤᠯᠣᠨ ᠵᠢᠯᠣᠭᠤᠳᠴᠣ᠂ ᠴᠢᠬᠤᠯᠠ ᠶᠡᠭᠡ ᠲᠦᠷᠥᠯ ᠵᠣᠶᠢᠯ ᠤᠨ ᠬᠦᠭᠵᠢᠯᠳᠡ ᠶᠢᠨ ᠳᠣᠭᠤᠷᠢᠨ ᠳᠤ | ᠬᠦᠮᠦᠷᠬᠡᠯᠡᠯᠳᠡ᠂ ᠪᠠᠷᠠᠭᠠᠨ ᠬᠦᠢᠯᠬᠡᠬᠡ ᠵᠡᠷᠬᠡ ᠲᠦᠬᠦᠷᠵᠢᠭᠰᠡᠨ ᠣᠶᠢᠯᠡᠴᠢᠯᠡᠭᠡ ᠶᠢ ᠬᠠᠩᠭᠠᠨ᠎ᠠ᠃ | ᠪᠦᠳᠦᠬᠡᠨ ᠪᠠᠶᠢᠭᠤᠯᠵᠣ ᠪᠠᠶᠢᠭ᠎ᠠ ᠲᠦᠷᠥᠯ ᠵᠣᠶᠢᠯ ᠠᠰᠢᠭᠯᠠᠯᠳᠠ ᠳᠤ ᠣᠷᠣᠬᠤ ᠶᠢ ᠠᠬᠢᠭᠤᠯᠣᠨ᠎ᠠ᠃ ᠬᠤᠷᠸ᠎ᠠ | ᠲᠦᠷᠦ ᠶᠢᠨ ᠪᠣᠳᠣᠯᠭ᠎ᠠ ᠶᠢᠨ ᠠᠰᠢᠭᠳᠠᠢ ᠳᠣᠬᠢᠶᠠᠯ ᠢ ᠡᠵᠡᠮᠳᠡᠨ ᠳᠠᠪᠠᠭᠤᠯᠢᠭ ᠣᠶᠢᠯᠡᠳᠪᠣᠷᠢᠯᠡᠯ ᠤᠨ ᠴᠢᠳᠠᠪᠬᠢ ᠶᠢ | ᠢᠳᠡᠪᠬᠢᠳᠡᠢ ᠪᠠᠳᠠᠷᠠᠭᠤᠯᠣᠨ ᠨᠡᠬᠦᠷᠠᠰᠣ᠂ ᠪᠠᠶᠢᠭᠠᠯᠢ ᠶᠢᠨ ᠰᠢᠳᠠᠮᠠᠬᠠᠢ ᠬᠡᠢ ᠶᠢᠨ ᠡᠬᠢ ᠪᠠᠶᠠᠯᠢᠭ ᠢ ᠨᠡᠬᠡᠬᠡᠨ | ᠠᠰᠢᠭᠯᠠᠬᠤ ᠴᠢᠨᠡᠷ ᠪᠦᠳᠣᠮᠵᠢ ᠶᠢ ᠳᠡᠬᠡᠭᠰᠢᠯᠡᠬᠦᠯᠥᠨ᠎ᠠ᠃ ᠨᠡᠬᠦᠷᠠᠰᠣᠨ ᠠᠭᠤᠷᠬᠠᠢ ᠶᠢᠨ ᠭᠠᠭᠴᠠ ᠬᠤᠳᠳᠤᠭ ᠤᠨ | ᠭᠠᠷ ᠬᠦᠢᠴᠡᠳᠬᠡᠯ ᠤᠨ ᠬᠦᠢᠴᠡᠳᠬᠡᠯᠳᠡ ᠶᠢ ᠲᠦᠷᠬᠡᠳᠬᠡᠵᠣ ᠬᠤᠯᠣᠰᠣ ᠨᠡᠬᠦᠷᠠᠰᠣᠨ ᠠᠭᠤᠷᠬᠠᠢ ᠶᠢᠨ ᠠᠭᠤᠷᠬᠠᠢ | ᠮᠠᠯᠳᠠᠬᠤ ᠵᠦᠪᠰᠢᠶᠠᠷᠠᠯ ᠢ ᠣᠯᠬᠤ ᠪᠠᠷ ᠴᠢᠷᠮᠡᠶᠢᠵᠣ ᠮᠣᠳᠣᠨᠴᠠᠶᠢᠳᠠᠮ ᠨᠡᠬᠦᠷᠠᠰᠣᠨ ᠠᠭᠤᠷᠬᠠᠢ᠂ ᠨᠠᠷᠢᠠᠭᠤᠣᠯ | ᠬᠤᠶᠠᠳᠣᠭᠠᠷ ᠨᠣᠮᠧᠷᠳᠣ ᠨᠡᠬᠦᠷᠠᠰᠣᠨ ᠠᠭᠤᠷᠬᠠᠢ ᠶᠢᠨ ᠬᠠᠮᠳᠣᠷᠠᠨ ᠳᠣᠷᠰᠢᠨ ᠠᠵᠢᠯᠯᠠᠭᠤᠯᠬᠤ ᠶᠢ ᠪᠠᠶᠡᠯᠡᠬᠦᠯᠵᠣ᠂ | ᠶᠢᠩ ᠫᠠᠨ ᠬᠤᠣ ᠨᠡᠬᠦᠷᠠᠰᠣᠨ ᠠᠭᠤᠷᠬᠠᠢ ᠶᠢᠨ ᠬᠢᠨᠡᠨ ᠵᠦᠪᠰᠢᠶᠠᠷᠠᠯ ᠢ ᠣᠯᠵᠣ᠂ ᠪᠦᠬᠦ ᠵᠢᠯ ᠤᠨ ᠨᠡᠬᠦᠷᠠᠰᠣᠨ | ᠭᠠᠷᠣᠯᠳᠠ ᠶᠢ 5000 ᠲᠦᠮᠡᠨ ᠳᠣᠨᠨ᠋ᠨ ᠬᠦᠷᠭᠡᠬᠦ ᠪᠠᠷ ᠴᠢᠷᠮᠠᠶᠢᠨ᠎ᠠ᠃ ᠳᠣᠮᠳᠠᠳᠣ ᠣᠯᠣᠰ ᠤᠨ ᠴᠢᠯᠠᠭᠤᠨ ᠳᠣᠰᠣᠨ | ᠤ ᠪᠦᠯᠥᠭᠯᠡᠯ᠂ ᠳᠣᠮᠳᠠᠳᠣ ᠣᠯᠣᠰ ᠤᠨ ᠴᠢᠯᠠᠭᠤᠨ ᠳᠣᠰᠣ ᠬᠢᠮᠢ ᠶᠢᠨ ᠠᠵᠣ ᠣᠶᠢᠯᠡᠳᠪᠣᠷᠢ ᠶᠢᠨ ᠪᠦᠯᠥᠭᠯᠡᠯ ᠤᠨ | ᠪᠠᠶᠢᠭᠠᠯᠢ ᠶᠢᠨ ᠰᠢᠳᠠᠮᠠᠬᠠᠢ ᠬᠡᠢ ᠨᠡᠭᠡᠭᠡᠬᠦ ᠶᠢ ᠳᠠᠮᠵᠢᠵᠣ ᠵᠢᠯ ᠤᠨ ᠲᠣᠳᠣᠷ᠎ᠠ 500 ᠢᠯᠡᠬᠦᠣ ᠬᠡᠢ ᠶᠢᠨ ᠬᠤᠳᠳᠤᠭ | ᠰᠢᠨ᠎ᠡ ᠪᠠᠷ ᠮᠠᠯᠳᠠᠵᠣ᠂ ᠪᠠᠶᠢᠭᠠᠯᠢ ᠶᠢᠨ ᠰᠢᠳᠠᠮᠠᠬᠠᠢ ᠬᠡᠢ ᠶᠢᠨ ᠭᠠᠷᠣᠯᠳᠠ ᠶᠢᠨ ᠬᠡᠮᠵᠢᠶ᠎ᠠ ᠳᠣᠭᠳᠠᠭᠤᠨ ᠨᠡᠮᠡᠭᠳᠡᠬᠦ ᠶᠢ | ᠪᠠᠳᠣᠯᠠᠨ᠎ᠠ᠃ ᠲᠦᠷᠥᠯ ᠵᠣᠶᠢᠯ ᠤᠨ ᠳᠣᠬᠢᠷᠠᠭᠤᠯᠣᠯᠳᠠ ᠶᠢ ᠴᠢᠩᠭᠠᠳᠬᠠᠵᠣ ᠪᠥᠸᠧ ᠷᠦᠢ ᠳ᠋ᠠ ᠪᠠᠷᠠᠭᠠᠨ ᠬᠦᠢᠯᠬᠡᠬᠡᠨ | ᠤ ᠺᠣᠮᠫᠠᠨᠢ ᠶᠢᠨ ᠬᠦᠮᠦᠷᠬᠡᠯᠡᠯᠳᠡ᠂ ᠴᠠᠩ ᠬᠤᠩ ᠰᠦᠯᠢᠶᠣᠣ ᠶᠢᠨ ᠣᠶᠢᠯᠡᠰ ᠤᠨ ᠺᠣᠮᠫᠠᠨᠢ ᠶᠢᠨ ᠬᠦᠨᠳᠣ ᠠᠴᠢᠶ᠎ᠠ ᠶᠢ | ᠪᠣᠭᠤᠳᠠᠯᠯᠠᠬᠤ 2000 ᠲᠦᠮᠡᠨ ᠬᠡᠰᠡᠭ ᠪᠦᠷᠬᠦᠪᠴᠢ ᠤᠭᠤᠲᠠ ᠵᠡᠷᠬᠡ 7 ᠲᠦᠷᠥᠯ ᠵᠣᠶᠢᠯ ᠤᠨ ᠪᠠᠷᠢᠯᠭ᠎ᠠ ᠶᠢ | ᠳᠠᠭᠤᠰᠬᠠᠵᠣ ᠠᠰᠢᠭᠯᠠᠯᠳᠠ ᠳᠤ ᠣᠷᠣᠭᠤᠯᠣᠨ ᠬᠡᠪᠴᠢᠶᠠᠵᠢᠯ ᠠᠴᠠ ᠳᠡᠬᠡᠭᠰᠢᠬᠢ ᠠᠵᠣ ᠣᠶᠢᠯᠡᠳᠪᠣᠷᠢ ᠶᠢᠨ ᠠᠵᠣ | ᠠᠬᠤᠶᠢᠯᠡᠯ ᠢ ᠰᠢᠨ᠎ᠡ ᠪᠠᠷ 2 ᠨᠡᠮᠡᠭᠳᠡᠬᠦᠯᠥᠨ᠎ᠠ᠃ | ᠬᠦᠷᠢᠶᠠᠯᠠᠩ ᠳᠣᠭᠤᠷᠢᠭ ᠢ ᠬᠦᠭᠵᠢᠬᠦᠯᠥᠨ ᠮᠠᠨᠳᠣᠭᠤᠯᠬᠤ ᠲᠥᠯᠥᠪᠯᠡᠭᠡ ᠶᠢ ᠬᠡᠷᠡᠭᠵᠢᠬᠦᠯᠣᠨ᠎ᠠ᠃ ᠬᠦᠷᠢᠶᠡᠯᠡᠩ | ᠲᠣᠭᠤᠷᠢᠭ ᠶᠢᠨ ᠥᠨᠳᠦᠷ ᠴᠢᠨᠠᠷᠲᠤ ᠬᠥᠭᠵᠢᠯᠲᠠ ᠶᠢ ᠠᠬᠢᠭᠤᠯᠬᠤ ᠪᠠᠶᠢᠭᠤᠯᠤᠮᠵᠢ ᠲᠣᠭᠲᠠᠯᠴᠠᠭ᠎ᠠ ᠶᠢ ᠪᠥᠷᠢᠨᠰᠢᠭᠦᠯᠵᠤ | ᠂ ᠥᠨᠳᠦᠷ ᠪᠥᠲᠥᠮᠵᠢᠲᠠᠢ᠂ ᠡᠷᠴᠢᠮᠵᠢᠭᠰᠡᠨ᠂ ᠪᠣᠬᠢᠷᠳᠤᠯ ᠦᠭᠡᠢ᠂ ᠣᠶᠣᠨᠴᠢᠯᠠᠭᠰᠠᠨ᠂ ᠰᠢᠨ᠎ᠡ ᠶᠢ ᠡᠭᠦᠳᠴᠦ | ᠵᠢᠯᠣᠭᠤᠳᠣᠭᠰᠠᠨ ᠬᠥᠭᠵᠢᠯᠲᠡ ᠶᠢᠨ ᠠᠷᠭ᠎ᠠ ᠶᠢ ᠪᠠᠷᠢᠮᠲᠠᠯᠠᠵᠤ ᠠᠮᠢ ᠠᠬᠤᠶᠢᠵᠢᠭᠰᠠᠨ᠂ ᠰᠢᠨ᠎ᠡ ᠶᠢ ᠡᠭᠦᠳᠦᠭᠰᠡᠨ᠂ | ᠣᠶᠣᠨᠴᠢᠯᠠᠭᠰᠠᠨ ᠬᠡᠯᠪᠡᠷᠢ ᠶᠢᠨ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠯᠠᠪᠳᠠᠭᠤᠨ | ᠠᠬᠢᠭᠤᠯᠤᠨ᠎ᠠ᠃ ᠬᠦᠷᠢᠶᠠᠯᠠᠩ ᠳᠣᠭᠤᠷᠢᠭ ᠤᠨ ᠵᠠᠮ᠂ ᠬᠤᠭᠤᠯᠠᠢ ᠳᠣᠣᠷ ᠵᠡᠷᠬᠡ ᠰᠠᠭᠤᠷᠢ ᠲᠦᠬᠦᠬᠡᠷᠣᠮᠵᠢ ᠶᠢ | ᠳᠡᠬᠦᠯᠳᠡᠷᠵᠢᠬᠦᠯᠵᠣ ᠰᠣᠷᠭᠠᠨ ᠬᠦᠮᠦᠵᠢᠯ᠂ ᠡᠮ ᠡᠮᠨᠡᠯᠬᠡ᠂ ᠰᠣᠶᠣᠯ ᠳᠠᠮᠢᠷ᠂ ᠵᠤᠭ᠎ᠠ ᠴᠡᠩᠬᠡᠯ ᠵᠡᠷᠬᠡ ᠶᠢᠨ | ᠲᠦᠬᠦᠷᠵᠢᠭᠰᠡᠨ ᠴᠢᠳᠠᠪᠬᠢ ᠶᠢ ᠬᠦᠢᠴᠡᠳ ᠪᠣᠯᠭᠠᠵᠣ ᠰᠤᠪᠤᠷᠭ᠎ᠠ ᠠᠵᠤ ᠠᠬᠤᠢ ᠶᠢᠨ ᠨᠡᠭᠡᠭᠡᠯᠲᠠ ᠶᠢᠨ ᠲᠣᠭᠤᠷᠢᠭ ᠤᠨ | ᠴᠠᠬᠢᠯᠭᠠᠨ ᠢ ᠨᠢᠬᠡᠳᠣᠯᠳᠡᠢ ᠲᠣᠬᠢᠷᠠᠭᠤᠯᠵᠣ ᠬᠦᠷᠭᠡᠬᠦ ᠠᠵᠢᠯ ᠤᠨ ᠥᠭᠡᠷᠡᠴᠢᠯᠡᠯᠲᠠ ᠶᠢ ᠭᠦᠨᠵᠡᠭᠡᠶᠢᠷᠡᠭᠦᠯᠵᠤ᠂ | ᠬᠦᠷᠢᠶᠠᠯᠠᠩ ᠳᠣᠭᠤᠷᠢᠭ ᠤᠨ ᠬᠦᠴᠦᠨ ᠵᠦᠢᠯ ᠤᠨ ᠲᠤᠯᠭᠠᠭᠤᠷᠢᠯᠠᠯ ᠲᠦᠷᠥᠯ ᠵᠣᠶᠢᠯ ᠤᠨ ᠵᠠᠯᠭᠠᠯᠳᠣᠯ᠂ ᠠᠵᠣ | ᠣᠶᠢᠯᠡᠰ ᠤᠨ ᠴᠣᠭᠯᠠᠷᠠᠯ ᠤᠨ ᠣᠶᠢᠯᠡᠳᠣᠯ ᠢ ᠪᠠᠳᠠᠷᠠᠭᠤᠯᠣᠨ᠎ᠠ᠃ ᠬᠤᠳᠠᠯᠳᠣᠭᠠᠴᠢᠨ ᠣᠷᠢᠬᠤ ᠳᠣᠰᠬᠠᠢ ᠪᠦᠯᠬᠦᠮ ᠢ | ᠵᠣᠬᠢᠶᠠᠨ ᠪᠠᠶᠢᠭᠤᠯᠵᠣ ᠠᠵᠣ ᠣᠶᠢᠯᠡᠰ ᠤᠨ ᠬᠡᠯᠬᠢᠶᠠᠵᠢᠯ᠂ ᠠᠵᠣ ᠠᠬᠤᠶᠢᠯᠡᠯ᠂ ᠲᠣᠭᠲᠠᠭᠰᠠᠨ ᠴᠢᠭᠯᠡᠯ ᠢᠶᠠᠷ | ᠬᠤᠳᠠᠯᠳᠣᠭᠠᠴᠢᠨ ᠤᠷᠢᠬᠤ ᠵᠡᠷᠭᠡ ᠠᠷᠭ᠎ᠠ ᠪᠠᠷᠢᠯ ᠢᠶᠠᠷ ᠳᠠᠮᠵᠢᠨ ᠬᠦᠷᠢᠶᠠᠯᠠᠩ ᠳᠣᠭᠤᠷᠢᠭ ᠤᠨ ᠪᠠᠶᠢᠷᠢ ᠲᠣᠭᠲᠠᠭᠠᠯᠲᠠ | ᠳᠤ ᠲᠣᠬᠢᠷᠠᠭᠰᠠᠨ ᠣᠷᠳᠣᠳᠬᠠᠵᠣ ᠨᠦᠬᠦᠪᠦᠷᠢᠯᠡᠬᠦ ᠲᠦᠷᠥᠯ ᠵᠣᠶᠢᠯ ᠢ ᠬᠦᠴᠦᠯᠡᠨ ᠣᠷᠣᠭᠤᠯᠵᠣ ᠦᠪᠡᠷᠮᠢᠴᠡ | ᠣᠨᠴᠠᠯᠢᠭ ᠢᠶᠠᠷ ᠳᠣᠳᠣ᠂ ᠨᠥᠯᠤᠭᠡᠯᠡᠯ ᠶᠡᠬᠡᠲᠠᠢ᠂ ᠦᠷᠢᠰᠣᠯᠳᠣᠬᠦ ᠬᠦᠴᠦᠨ ᠢᠶᠠᠷ ᠴᠢᠩᠭ᠎ᠠ ᠠᠵᠣ ᠣᠶᠢᠯᠡᠰ ᠤᠨ | ᠴᠣᠭᠯᠠᠷᠠᠯ ᠣᠷᠣᠨ ᠪᠦᠷᠢᠯᠳᠦᠬᠦ ᠶᠢ ᠲᠦᠯᠬᠢᠨ ᠠᠬᠢᠭᠤᠯᠣᠨ᠎ᠠ᠃ | ︵ᠬᠤᠶᠠᠷ︶ ︽ᠪᠣᠭᠤᠮᠲᠠ ᠰᠢᠪᠳᠣᠯᠬᠤ ᠭᠤᠷᠪᠠᠨ ᠶᠡᠭᠡ ᠳᠠᠶᠢᠯᠠᠯᠳᠣᠭᠠᠨ︾ ᠢ ᠰᠠᠶᠢᠳᠣᠷ ᠬᠢᠵᠣ ᠬᠦᠭᠵᠢᠯᠳᠡ | ᠶᠢᠨ ᠳᠠᠩᠴᠡᠬᠦᠷᠢᠳᠣ ᠴᠢᠨᠡᠷ ᠢ ᠴᠢᠩᠭᠠᠷᠠᠭᠤᠯᠣᠨ᠎ᠠ᠃ ᠬᠢᠵᠠᠭᠠᠷ ᠱᠤᠭᠤᠮ ᠤᠨ ᠰᠡᠳᠬᠢᠬᠦᠢ ᠪᠠ ᠬᠤᠷᠢᠭ᠎ᠠ ᠱᠤᠭᠤᠮ | ᠤᠨ ᠦᠵᠡᠯ ᠣᠬᠠᠮᠰᠠᠷ ᠢ ᠪᠠᠳᠣ ᠪᠠᠬᠢ ᠪᠣᠢ ᠪᠣᠯᠭᠠᠵᠣ ᠳᠡᠬᠡᠳᠣ ᠬᠡᠮᠵᠢᠶᠡᠨ ᠤ ᠣᠯᠣᠰ ᠲᠦᠷᠦ ᠶᠢᠨ ᠬᠠᠷᠢᠭᠤᠴᠠᠯᠭᠠᠳᠣ | ᠰᠠᠳᠬᠢᠯᠬᠡ ᠪᠠ ᠡᠷᠡᠰ ᠴᠢᠩᠭ᠎ᠠ ᠡᠬᠦᠷᠬᠡᠯᠡᠯ ᠤᠨ ᠵᠣᠷᠢᠭ ᠰᠠᠨᠠᠭ᠎ᠠ ᠪᠠᠷ ᠴᠢᠨᠡᠬᠡᠯᠢᠭ ᠨᠡᠶᠢᠬᠡᠮ ᠢ ᠪᠦᠬᠦ ᠳᠠᠯ᠎ᠠ ᠪᠠᠷ | ᠪᠡᠶᠡᠯᠡᠬᠦᠯᠬᠦ ᠠᠵᠢᠯ ᠤᠨ ᠢᠯᠠᠭᠳᠠᠵᠤ ᠪᠣᠯᠤᠰᠢ ᠦᠭᠡᠢ ︽ᠪᠣᠭᠤᠮᠲᠠ ᠰᠢᠪᠳᠣᠯᠬᠤ ᠭᠤᠷᠪᠠᠨ ᠶᠡᠭᠡ ᠳᠠᠶᠢᠯᠠᠯᠳᠣᠭᠠᠨ︾ | ᠢ ᠰᠠᠶᠢᠳᠣᠷ ᠬᠢᠨ᠎ᠠ᠃ | ᠴᠢᠬᠤᠯᠠ ᠶᠡᠭᠡ ᠲᠦᠭᠰᠢᠬᠦᠷᠢ ᠶᠢ ᠰᠠᠷᠬᠡᠶᠢᠯᠡᠨ ᠰᠢᠢᠳᠪᠣᠷᠢᠯᠡᠬᠦ ᠪᠣᠭᠤᠮᠲᠠ ᠰᠢᠪᠳᠣᠯᠬᠤ ᠳᠠᠶᠢᠯᠠᠯᠳᠣᠭᠠᠨ ᠢ | ᠡᠷᠡᠰ ᠴᠢᠩᠭ᠎ᠠ ᠰᠠᠶᠢᠳᠣᠷ ᠬᠢᠨ᠎ᠡ᠃ ᠵᠠᠰᠠᠭ ᠤᠨ ᠣᠷᠳᠣᠨ ᠤ ᠦᠷᠢ ᠰᠢᠷᠢ ᠶᠢ ᠢᠯᠭᠠᠷᠠᠭᠤᠯᠬᠤ ᠠᠵᠢᠯ ᠢ | ᠳᠣᠪᠣᠶᠢᠯᠭᠠᠨ ᠰᠠᠶᠢᠳᠣᠷ ᠠᠳᠬᠤᠨ᠎ᠠ᠃ ᠬᠢᠨᠠᠨ ᠪᠣᠳᠣᠬᠤ ᠠᠵᠢᠯ ᠶᠢᠨ ᠬᠢᠨᠠᠨ ᠬᠠᠰᠤᠯᠲᠠ᠂ ᠲᠦᠰᠦᠪ ᠤᠨ | ᠲᠣᠬᠢᠷᠠᠭᠤᠯᠤᠯᠲᠠ᠂ ᠤᠯᠤᠰ ᠤᠨ ᠥᠮᠴᠢᠯᠡᠯᠲᠤ ᠬᠦᠷᠦᠩᠬᠡ ᠶᠢᠨ ᠰᠢᠢᠳᠪᠦᠷᠢᠯᠡᠯᠲᠠ᠂ ᠡᠩ ᠤᠨ ᠵᠠᠷᠣᠯᠭ᠎ᠠ ᠶᠢᠨ | ᠪᠠᠭᠠᠰᠬᠠᠯᠲᠠ ᠵᠡᠷᠬᠡ ᠠᠷᠭ᠎ᠠ ᠪᠠᠷᠢᠯ ᠢ ᠶᠡᠷᠦᠩᠬᠡᠶᠢᠯᠡᠨ ᠬᠡᠷᠡᠭᠯᠡᠵᠣ ᠥᠷᠢ ᠰᠢᠷᠢ ᠶᠢ ᠰᠢᠢᠳᠪᠣᠷᠢᠯᠡᠬᠦ ᠠᠵᠢᠯ ᠢ | ᠲᠥᠯᠥᠪᠯᠡᠭᠡ ᠶᠣᠰᠣᠭᠠᠷ ᠠᠬᠢᠭᠤᠯᠣᠨ᠎ᠠ᠃ ᠵᠠᠰᠠᠭ ᠤᠨ ᠣᠷᠳᠣᠨ ᠤ ᠪᠠᠶᠢᠭᠤᠯᠵᠣ ᠪᠠᠶᠢᠭ᠎ᠠ᠂ ᠪᠠᠶᠢᠭᠤᠯᠬᠤ ᠪᠠᠷ | ᠪᠠᠶᠢᠭ᠎ᠠ ᠪᠡᠯᠡ ᠣᠷᠣᠭᠤᠯᠣᠯᠳᠠ ᠶᠢᠨ ᠲᠦᠷᠥᠯ ᠵᠣᠶᠢᠯ ᠢ ᠪᠦᠬᠦ ᠳᠠᠯ᠎ᠠ ᠪᠠᠷ ᠡᠮᠬᠢᠯᠡᠵᠤ ᠬᠡᠳᠣᠷᠬᠡᠢ ᠣᠷᠢᠳᠴᠢᠯᠠᠭᠰᠠᠨ᠂ | ᠦᠷᠢ ᠳᠠᠯᠪᠢᠵᠣ ᠪᠠᠶᠢᠭᠤᠯᠣᠭᠰᠠᠨ ᠲᠦᠷᠥᠯ ᠵᠣᠶᠢᠯ ᠢ ᠡᠷᠡᠰ ᠵᠣᠭᠰᠣᠭᠠᠵᠣ᠂ ᠠᠵᠣ ᠠᠬᠤᠢ ᠨᠡᠶᠢᠬᠡᠮ ᠤᠨ | ᠬᠦᠭᠵᠢᠯᠳᠡ ᠳᠤ ᠳᠣᠯᠭᠠᠮ᠎ᠠ ᠱᠠᠭᠠᠷᠳᠠᠭᠳᠠᠵᠤ ᠪᠠᠶᠢᠭ᠎ᠠ ᠮᠦᠷᠳᠡᠬᠡᠨ ᠰᠢᠨᠵᠢᠯᠡᠬᠦ ᠣᠬᠠᠭᠠᠨᠴᠢ ᠨᠣᠲᠠᠯᠠᠯᠲᠠ ᠶᠢ | ᠳᠠᠮᠵᠢᠭᠰᠠᠨ ᠡᠳ᠋ ᠤᠨ ᠬᠦᠴᠦᠨ ᠤ ᠪᠠᠳᠣᠯᠠᠭ᠎ᠠ ᠲᠠᠢ ᠲᠦᠷᠥᠯ ᠵᠣᠶᠢᠯ ᠢ ᠯᠠᠪᠳᠠᠭᠤᠨ ᠠᠬᠢᠭᠤᠯᠣᠨ᠎ᠠ᠃ ᠵᠠᠰᠠᠭ ᠤᠨ | ᠣᠷᠳᠣᠨ ᠤ ᠪᠡᠯᠡ ᠣᠷᠣᠭᠤᠯᠣᠯᠳᠠ ᠶᠢᠨ ᠲᠦᠷᠥᠯ ᠵᠣᠶᠢᠯ ᠤᠨ ᠨᠠᠷᠢᠨ ᠳᠠᠩᠰᠠ ᠪᠠᠶᠢᠭᠤᠯᠵᠣ᠂ ᠬᠤᠶᠢᠰᠢᠳᠠ ᠨᠠᠷᠢᠨ | ᠳᠠᠩᠰᠠ ᠳᠤ ᠣᠷᠣᠭᠤᠯᠣᠭᠰᠠᠨ ᠦᠬᠡᠢ ᠲᠦᠷᠥᠯ ᠵᠣᠶᠢᠯ ᠳᠤ ᠡᠳ᠋ ᠤᠨ ᠵᠠᠰᠠᠭ ᠤᠨ ᠲᠦᠰᠦᠪ ᠤᠨ ᠪᠡᠯᠡ ᠮᠦᠩᠬᠦ | ᠳᠣᠬᠢᠷᠠᠭᠤᠯᠬᠤ ᠦᠬᠡᠢ᠃ ᠵᠠᠰᠠᠭ ᠤᠨ ᠣᠷᠳᠣᠨ ᠤ ᠦᠷᠢ ᠰᠢᠷᠢ ᠶᠢᠨ ᠬᠡᠪᠴᠢᠶᠠᠵᠢᠯ ᠢ ᠡᠵᠡᠮᠳᠡᠬᠦ ᠪᠠ ᠲᠦᠭᠰᠢᠬᠦᠷᠢ | ᠶᠢ ᠰᠡᠷᠡᠮᠵᠢᠯᠡᠭᠦᠯᠵᠦ ᠬᠢᠨᠡᠨ ᠬᠡᠮᠵᠢᠬᠦ ᠳᠣᠭᠳᠠᠯᠴᠠᠭ᠎ᠠ ᠶᠢ ᠪᠦᠷᠢᠨᠰᠢᠬᠦᠯᠵᠣ ᠦᠷᠢ ᠶᠢᠨ ᠳᠤᠭ᠎ᠠ ᠶᠢ ᠬᠢᠵᠠᠭᠠᠷᠯᠠᠬᠤ ᠪᠠ | ᠲᠦᠰᠦᠪ ᠤᠨ ᠬᠠᠮᠢᠶᠠᠷᠣᠯᠳᠠ ᠶᠢᠨ ᠲᠦᠷᠢᠮ ᠢ ᠴᠢᠩᠭᠠᠳᠬᠠᠵᠣ᠂ ᠦᠷᠢ ᠲᠠᠯᠪᠢᠬᠤ ᠠᠵᠢᠯᠯᠠᠭ᠎ᠠ ᠶᠢ | ᠲᠦᠷᠢᠮᠵᠢᠬᠦᠯᠥᠨᠠ᠃ ᠬᠠᠣᠯᠢ ᠪᠣᠰᠣ ᠪᠠᠷ ᠪᠡᠯᠡ ᠴᠣᠭᠯᠠᠭᠤᠯᠣᠭᠰᠠᠨ ᠬᠡᠷᠡᠭ ᠪᠠ ᠮᠦᠩᠬᠦᠨ ᠬᠦᠢᠯᠬᠡᠬᠡᠨ ᠤ | ᠪᠠᠶᠢᠭᠤᠯᠣᠮᠵᠢ ᠶᠢᠨ ᠮᠠᠭᠤ ᠨᠦᠯᠦᠬᠡ ᠲᠠᠢ ᠵᠢᠬᠡᠯᠡᠯᠬᠡ ᠵᠡᠷᠬᠡ ᠲᠦᠭᠰᠢᠬᠦᠷᠢ ᠶᠢᠨ ᠳᠠᠯᠳᠡ ᠬᠡᠮ ᠢ ᠰᠡᠷᠬᠡᠶᠢᠯᠡᠵᠣ | ᠰᠢᠢᠳᠪᠣᠷᠢᠯᠡᠬᠦ ᠠᠵᠢᠯ ᠢ ᠲᠥᠯᠥᠪᠵᠢᠬᠦᠯᠥᠨ ᠰᠠᠶᠢᠳᠣᠷ ᠬᠢᠵᠣ ᠮᠦᠩᠬᠦᠨ ᠬᠦᠢᠯᠬᠡᠬᠡᠨ ᠤ ᠬᠠᠣᠯᠢ ᠵᠦᠷᠢᠴᠡᠭᠰᠡᠨ | ᠠᠵᠢᠯᠯᠠᠭᠠᠨ ᠳᠤ ᠴᠢᠩᠭ᠎ᠠ ᠴᠣᠬᠢᠯᠳᠠ ᠦᠭᠴᠣ ᠮᠦᠩᠬᠦᠨ ᠬᠦᠢᠯᠬᠡᠬᠡᠨ ᠤ ᠰᠢᠰᠲ᠋ᠧᠮᠳᠣ ᠴᠢᠨᠡᠷᠳᠡᠢ ᠲᠦᠭᠰᠢᠬᠦᠷᠢ | ᠡᠬᠦᠰᠬᠦ ᠦᠬᠡᠢ ᠬᠤᠷᠢᠭ᠎ᠠ ᠱᠤᠭᠤᠮ ᠢ ᠪᠠᠲᠤ ᠰᠠᠬᠢᠨ᠎ᠠ᠃ | ᠶᠠᠳᠠᠭᠤ ᠠᠴᠠ ᠨᠠᠷᠢᠯᠢᠭ ᠣᠨᠣᠪᠴᠢᠳᠠᠢ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠡᠷᠡᠰ | ᠴᠢᠩᠭ᠎ᠠ ᠰᠠᠶᠢᠳᠣᠷ ᠬᠢᠨ᠎ᠠ᠃ ᠶᠠᠳᠠᠭᠤ ᠠᠴᠠ ᠨᠠᠷᠢᠯᠢᠭ ᠣᠨᠣᠪᠴᠢᠳᠠᠢ ᠠᠩᠬᠢᠵᠢᠷᠠᠭᠤᠯᠬᠤ ᠭᠤᠷᠪᠠᠨ ᠵᠢᠯ ᠤᠨ ᠠᠵᠢᠯ | ᠤᠨ ᠲᠦᠯᠦᠪᠵᠢᠭᠦᠯᠭᠡ ᠲᠤᠭᠳᠠᠭᠠᠵᠤ᠂ ︽ᠵᠢᠷᠭᠤᠭᠠᠨ ᠤᠨᠤᠪᠴᠢᠳᠠᠢ ᠪᠠᠶᠢᠬᠤ︾ ᠱᠠᠭᠠᠷᠳᠠᠯᠭ᠎ᠠ ᠶᠤᠰᠤᠭᠠᠷ ᠲᠦᠷᠦ | ᠶᠢᠨ ᠪᠤᠳᠤᠯᠭ᠎ᠠ ᠦᠯᠦ ᠬᠤᠪᠢᠷᠠᠬᠤ᠂ ᠪᠠᠷᠢᠮᠵᠢᠶ᠎ᠠ ᠦᠯᠦ ᠪᠠᠭᠤᠷᠠᠬᠤ᠂ ᠤᠷᠤᠭᠤᠯᠤᠯᠳᠠ ᠦᠯᠦ ᠪᠠᠭᠠᠰᠬᠤ ᠶᠢ | ᠪᠠᠷᠢᠮᠳᠠᠯᠠᠨ ᠮᠠᠯᠵᠢᠬᠤ ᠲᠠᠷᠢᠶᠠᠯᠠᠬᠤ ᠤᠷᠤᠨ ᠤ ᠵᠠᠮ ᠬᠠᠷᠢᠯᠴᠠᠭ᠎ᠠ᠂ ᠴᠠᠬᠢᠯᠭᠠᠨ ᠬᠦᠴᠦᠨ᠂ ᠲᠠᠷᠢᠶᠠᠨ ᠭᠠᠵᠠᠷ᠂ | ᠤᠰᠤᠨ ᠠᠰᠢᠭᠯᠠᠯᠳᠠ ᠵᠡᠷᠬᠡ ᠰᠠᠭᠤᠷᠢ ᠲᠦᠭᠦᠬᠡᠷᠦᠮᠵᠢ ᠶᠢᠨ ᠪᠦᠳᠦᠭᠡᠨ ᠪᠠᠶᠢᠭᠤᠯᠤᠯᠳᠠ ᠪᠠ ᠮᠠᠯᠴᠢᠨ ᠲᠠᠷᠢᠶᠠᠴᠢᠨ ᠢ | ᠬᠠᠷᠠᠭᠠᠯᠵᠠᠬᠤ ᠲᠦᠷᠦ ᠶᠢᠨ ᠪᠤᠳᠤᠯᠭ᠎ᠠ ᠶᠢ ᠶᠠᠳᠠᠭᠤ ᠬᠦᠴᠢᠷᠳᠡᠯᠳᠡᠢ ᠡᠷᠦᠬᠡ ᠲᠠᠰᠢ ᠬᠡᠯᠪᠠᠶᠢᠯᠬᠡᠵᠣ᠂12 ᠡᠷᠦᠬᠡ | 40 ᠨᠡᠷ᠎ᠡ ᠤᠯᠤᠰ ᠤᠨ ᠲᠡᠰ ᠤᠨ ᠶᠠᠳᠠᠭᠤ ᠬᠦᠴᠢᠷᠳᠡᠯᠳᠡᠢ ᠬᠦᠮᠦᠨ ᠠᠮᠠ ᠶᠢ ᠶᠠᠳᠠᠭᠤ ᠠᠴᠠ ᠯᠠᠪᠳᠠᠭᠤᠨ | ᠠᠩᠬᠢᠵᠢᠷᠠᠬᠤ ᠶᠢ ᠪᠠᠳᠤᠯᠠᠬᠤ ᠶᠢᠨ ᠬᠠᠮᠳᠤ ᠨᠢᠭᠡᠨᠳᠡ ᠶᠠᠳᠠᠭᠤ ᠠᠴᠠ ᠠᠩᠬᠢᠵᠢᠷᠠᠭᠰᠠᠨ ᠬᠦᠮᠦᠨ ᠠᠮᠠ ᠶᠢ ᠪᠠᠳᠤᠳᠬᠠᠨ | ᠲᠡᠳᠬᠦᠬᠦ ᠠᠵᠢᠯ ᠢᠶᠠᠨ ᠬᠠᠮᠲᠤ ᠳᠤᠨᠢ ᠰᠠᠶᠢᠳᠤᠷ ᠠᠳᠬᠤᠨ᠎ᠠ᠃ ᠶᠠᠳᠠᠭᠤ ᠬᠦᠴᠢᠷᠳᠡᠯᠳᠡᠢ ᠬᠦᠮᠦᠨ ᠠᠮᠠ ᠶᠢᠨ | ᠬᠦᠳᠡᠯᠦᠩᠬᠦᠢ ᠬᠠᠮᠢᠶᠠᠷᠤᠯᠳᠠ ᠶᠢᠨ ᠲᠤᠭᠳᠠᠴᠠ ᠶᠢ ᠪᠠᠶᠢᠭᠤᠯᠵᠤ᠂ ᠦᠪᠡᠷᠮᠢᠴᠡ ᠤᠨᠴᠠᠯᠢᠭᠳᠤ ᠲᠡᠳᠬᠦᠨ ᠲᠡᠮᠵᠢᠬᠦ ︽ | ᠲᠤᠪᠶᠤᠭ︾ ᠲᠤᠭᠳᠠᠭᠠᠵᠤ᠂ ᠲᠡᠳᠬᠦᠨ ᠲᠡᠮᠵᠢᠬᠦ ᠠᠷᠭ᠎ᠠ ᠠᠪᠴᠠᠯ ᠤᠨ ᠬᠠᠨᠳᠤᠯᠭᠠᠳᠤ ᠴᠢᠨᠠᠷ ᠢᠶᠠᠨ ᠴᠢᠩᠭᠠᠳᠬᠠᠨ᠎ᠠ᠃ | ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠬᠦᠴᠦᠯᠡᠴᠡ ᠪᠠᠨ ᠴᠢᠩᠭᠠᠳᠬᠠᠨ᠂ ᠶᠠᠳᠠᠭᠤ ᠬᠦᠴᠢᠷᠳᠡᠯᠲᠠᠢ 80 | ᠡᠷᠦᠬᠡ ᠳᠤ ᠲᠥᠯᠦᠪᠥᠷᠢ ᠦᠭᠡᠢ ᠪᠠᠷ ᠪᠠᠶᠢᠰᠢᠩ ᠪᠠᠷᠢᠵᠤ᠂ ᠰᠤᠷᠭᠠᠨ ᠬᠦᠮᠦᠵᠢᠯ ᠢᠶᠠᠷ ᠶᠠᠳᠠᠭᠤ ᠶᠢ ᠲᠡᠳᠬᠦᠬᠦ ᠶᠢ | ᠪᠡᠶᠡᠯᠡᠬᠦᠯᠵᠦ᠂ ︽ᠭᠤᠷᠪᠠᠨ ᠨᠢᠭᠡ ᠪᠦᠯᠦᠭ︾ ᠡᠷᠡᠭᠦᠯ ᠮᠡᠨᠳᠤ ᠶᠢᠨ ᠲᠠᠯ᠎ᠠ ᠪᠠᠷ ᠶᠠᠳᠠᠭᠤ ᠶᠢ ᠲᠡᠳᠬᠦᠬᠦ | ᠢᠨᠵᠧᠨᠧᠷᠢᠩ ᠢ ᠨᠠᠶᠢᠳᠠᠪᠤᠷᠢᠵᠢᠭᠤᠯᠵᠤ᠂ ᠦᠨᠳᠦᠰᠦᠨ ᠡᠮ ᠡᠮᠨᠡᠯᠭᠡ ᠶᠢᠨ ᠲᠠᠭᠠᠳᠬᠠᠯ᠂ ᠬᠦᠨᠳᠦ ᠡᠪᠡᠳᠴᠢᠨ ᠤ | ᠬᠤᠳᠠᠯᠳᠤᠭᠠᠨ ᠤ ᠲᠠᠭᠠᠳᠬᠠᠯ᠂ ᠠᠷᠠᠳ ᠤᠨ ᠶᠠᠪᠤᠳᠠᠯ ᠤᠨ ᠡᠮ ᠡᠮᠨᠡᠯᠭᠡ ᠶᠢᠨ ᠲᠤᠰᠠᠯᠠᠮᠵᠢ᠂ ᠡᠷᠡᠬᠦᠯ ᠮᠡᠨᠳᠤ ᠶᠢᠨ | ᠬᠤᠳᠠᠯᠳᠤᠭᠠᠨ ᠤ ᠨᠦᠬᠦᠪᠤᠷᠢᠯᠡᠬᠦ ᠲᠠᠭᠠᠳᠬᠠᠯ᠂ ᠶᠠᠳᠠᠭᠤ ᠠᠴᠠ ᠠᠩᠬᠢᠵᠢᠷᠠᠭᠤᠯᠬᠤ ᠡᠮ ᠡᠮᠨᠡᠯᠭᠡ ᠶᠢᠨ ᠨᠦᠬᠦᠪᠤᠷᠢ᠂ | ᠨᠡᠶᠢᠭᠡᠮ ᠤᠨ ᠲᠤᠰᠠᠯᠠᠮᠵᠢ ᠵᠡᠷᠬᠡ ︽ᠵᠢᠷᠭᠤᠭᠠᠨ ᠲᠠᠪᠬᠤᠷᠭ᠎ᠠ︾ ᠪᠠᠳᠤᠯᠠᠭ᠎ᠠ ᠶᠢᠨ ᠰᠢᠰᠲ᠋ᠧᠮ ᠢ ᠪᠠᠶᠢᠭᠤᠯᠵᠤ᠂ | ᠨᠡᠶᠢᠭᠡᠮ ᠤᠨ ᠪᠠᠳᠤᠯᠠᠭ᠎ᠠ ᠶᠢᠨ ᠲᠤᠤᠷ ᠢᠶᠠᠨ ᠨᠢᠭᠲᠠᠷᠠᠭᠤᠯᠵᠤ᠂ ᠵᠠᠪᠰᠠᠷ ᠤᠨ ᠡᠷᠦᠬᠡ᠂ ᠪᠠᠳᠤᠳᠬᠠᠨ ᠲᠡᠮᠵᠢᠬᠦ ᠡᠷᠦᠬᠡ | ᠶᠢᠨ ᠬᠢᠨ ᠤ ᠡᠪᠡᠳᠴᠢᠨ ᠭᠠᠮᠰᠢᠭ ᠠᠴᠠ ᠪᠤᠯᠵᠤ ᠶᠠᠳᠠᠭᠤᠷᠠᠬᠤ᠂ ᠲᠠᠬᠢᠨ ᠶᠠᠳᠠᠭᠤᠷᠠᠬᠤ ᠶᠢ ᠰᠡᠷᠬᠡᠶᠢᠯᠡᠨ᠎ᠡ᠃ ᠠᠰᠢᠭ | ᠤᠷᠤᠯᠭ᠎ᠠ ᠶᠢᠨ ᠬᠠᠮᠲᠤᠷᠠᠭᠰᠠᠨ ᠲᠤᠭᠳᠠᠴᠠᠳᠤ ᠲᠦᠷᠦᠯ ᠵᠦᠢᠯ ᠤᠨ ᠪᠡᠯᠡ ᠮᠦᠩᠬᠦ ᠲᠤᠬᠢᠷᠠᠭᠤᠯᠵᠤ ᠬᠤᠷᠰᠢᠶ᠎ᠠ᠂ | ᠲᠡᠵᠢᠭᠡᠨ ᠦᠷᠡᠵᠢᠬᠦᠯᠬᠦ ᠲᠤᠮᠤ ᠡᠷᠦᠬᠡ ᠪᠤᠯᠤᠨ ᠶᠠᠳᠠᠭᠤ ᠬᠦᠴᠢᠷᠳᠡᠯᠲᠠᠢ ᠡᠷᠦᠬᠡ ᠶᠢᠨ ᠬᠤᠭᠤᠷᠣᠨᠳᠣᠬᠢ ᠠᠰᠢᠭ | ᠤᠷᠤᠯᠭ᠎ᠠ ᠪᠠᠨ ᠬᠠᠮᠳᠤᠳᠬᠠᠭᠰᠠᠨ ᠬᠠᠷᠢᠴᠠᠭ᠎ᠠ ᠪᠦᠷᠢᠯᠳᠦᠬᠦ ᠶᠢ ᠠᠬᠢᠭᠤᠯᠤᠨ ᠶᠠᠳᠠᠭᠤ ᠬᠦᠴᠢᠷᠳᠡᠯᠲᠠᠢ ᠬᠦᠮᠦᠨ ᠠᠮᠠ | ᠶᠢ ᠲᠠᠭᠠᠭᠤᠯᠤᠨ ᠬᠦᠭᠵᠢᠬᠦᠯᠥᠨ᠎ᠠ᠃ ᠶᠠᠳᠠᠭᠤ ᠶᠢ ᠲᠡᠳᠬᠦᠬᠦ ᠠᠵᠢᠯ ᠢ ᠵᠤᠷᠢᠭ ᠰᠥᠰᠥ ᠬᠦᠪᠴᠢᠯᠡᠬᠦ᠂ ᠤᠢ ᠪᠢᠯᠢᠭ | ᠬᠤᠷᠴᠠᠯᠠᠬᠤ ᠲᠠᠢ ᠤᠶᠠᠯᠳᠤᠭᠤᠯᠵᠤ᠂ ᠬᠡᠷᠡᠭᠯᠡᠭᠡᠨ ᠤ ᠮᠡᠷᠭᠡᠵᠢᠯ ᠤᠨ ᠪᠤᠯᠪᠠᠰᠤᠷᠠᠯ ᠢ 1000 ᠬᠦᠮᠦᠨ ᠤᠳᠠᠭ᠎ᠠ | ᠠᠴᠠ ᠲᠡᠭᠡᠭᠰᠢ ᠡᠷᠬᠢᠯᠡᠨ ᠶᠠᠳᠠᠭᠤ ᠬᠦᠴᠢᠷᠳᠡᠯᠳᠡᠢ ᠬᠦᠮᠦᠨ ᠠᠮᠠ ᠶᠢᠨ ᠶᠠᠳᠠᠭᠤ ᠠᠴᠠ ᠠᠩᠭᠢᠵᠢᠷᠠᠵᠤ ᠪᠠᠶᠠᠵᠢᠯ ᠢᠶᠠᠷ | ᠵᠠᠮᠨᠠᠬᠤ ᠲᠤᠳᠤᠭᠠᠳᠤ ᠬᠦᠳᠡᠯᠭᠡᠭᠴᠢ ᠬᠦᠴᠦᠨ ᠪᠠ ᠦᠪᠡᠷᠳᠡᠭᠡᠨ ᠬᠦᠭᠵᠢᠬᠦ ᠴᠢᠳᠠᠪᠤᠷᠢ ᠶᠢ ᠴᠢᠩᠭᠠᠳᠬᠠᠨ᠎ᠠ᠃ | ᠶᠠᠳᠠᠭᠤ ᠶᠢ ᠲᠡᠳᠬᠦᠬᠦ ᠬᠦᠷᠢᠶ᠎ᠡ ᠴᠠᠷᠠᠭᠠᠨ ᠤ ᠲᠤᠰᠬᠠᠢ ᠲᠦᠷᠥᠯ ᠤᠨ ᠬᠢᠨᠠᠨ ᠪᠤᠳᠤᠯᠳᠠ ᠶᠢ ᠦᠷᠨᠢᠬᠦᠯᠵᠦ᠂ ᠶᠠᠳᠠᠭᠤ | ᠶᠢ ᠲᠡᠳᠬᠦᠬᠦ ᠪᠡᠯᠡ ᠮᠦᠩᠭᠦᠨ ᠤ ᠬᠡᠷᠡᠭᠯᠡᠭᠡ ᠶᠢ ᠲᠦᠷᠢᠮᠵᠢᠬᠦᠯᠵᠦ᠂ ᠪᠦᠬᠦᠶᠢᠯᠡ ᠪᠡᠯᠡ ᠮᠦᠩᠬᠦ ᠪᠠ ᠲᠦᠷᠦᠯ ᠵᠦᠢᠯ | ᠤᠨ ᠲᠤᠬᠢᠷᠠᠭᠤᠯᠤᠯᠳᠠ ᠶᠢ ᠨᠡᠶᠢᠬᠡᠮ ᠲᠠᠶᠠᠭᠠᠷ ᠲᠤ ᠨᠡᠶᠢᠳᠡᠯᠡᠵᠦ᠂ ᠰᠠᠨᠠᠭᠠᠴᠢᠯᠠᠭ᠎ᠠ ᠠᠴᠠ ᠪᠠᠨ ᠬᠢᠨᠠᠯᠳᠠ ᠬᠦᠯᠢᠶᠡᠨ | ᠶᠠᠳᠠᠭᠤ ᠶᠢ ᠲᠡᠳᠬᠦᠬᠦ ᠦᠷ᠎ᠡ ᠪᠦᠳᠦᠮᠵᠢ ᠶᠢᠨ ᠰᠢᠯᠭᠠᠯᠳᠠ ᠶᠢ ᠲᠠᠭᠠᠭᠠᠵᠤ ᠭᠠᠷᠬᠤ ᠶᠢ ᠪᠠᠳᠤᠯᠠᠨ᠎ᠠ᠃ | ᠪᠤᠬᠢᠷᠳᠤᠯ ᠢ ᠰᠡᠷᠬᠡᠶᠢᠯᠡᠨ ᠵᠠᠰᠠᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠰᠠᠶᠢᠳᠤᠷ ᠬᠢᠨ᠎ᠡ᠃ | ᠬᠦᠬᠡᠮᠳᠦᠭ ᠨᠤᠭᠤᠭᠠᠨ ᠠᠭᠤᠯᠠ ᠤᠰᠤ ᠠᠯᠳᠠ ᠠᠴᠠ ᠦᠨᠡᠳᠡᠢ ᠠᠮᠢᠨ ᠡᠷᠳᠡᠨᠢ ᠬᠡᠬᠦ ᠣᠶᠢᠯᠠᠭᠠᠭᠳᠠᠬᠤᠨ ᠢ ᠪᠠᠲᠤ | ᠪᠥᠷᠢᠯᠳᠤᠭᠦᠯᠵᠤ᠂ ᠪᠡᠬᠡᠵᠢᠩ ᠲᠢᠶᠠᠨᠵᠢᠨ ᠤ ᠡᠯᠡᠰᠦᠨ ᠰᠢᠭᠤᠷᠭ᠎ᠠ ᠶᠢᠨ ᠡᠬᠢ ᠢᠷᠡᠯᠲᠠ ᠶᠢ ᠵᠠᠰᠠᠬᠤ ᠬᠤᠶᠠᠳᠤᠭᠠᠷ | ᠬᠤᠭᠤᠴᠠᠭᠠᠨ ᠤ ᠢᠨᠵᠧᠨᠧᠷᠢᠩ᠂ ᠪᠠᠶᠢᠭᠠᠯᠢᠭ ᠤᠢ ᠰᠢᠭᠤᠢ ᠶᠢᠨ ᠬᠠᠮᠠᠭᠠᠯᠠᠯᠳᠠ ᠵᠡᠷᠬᠡ ᠠᠮᠢ ᠠᠬᠤᠢ ᠶᠢᠨ | ᠢᠨᠵᠧᠨᠧᠷᠢᠩ ᠢ ᠰᠠᠶᠢᠳᠤᠷ ᠵᠤᠬᠢᠶᠠᠨ ᠪᠠᠶᠢᠭᠤᠯᠵᠤ ᠬᠡᠷᠡᠭᠵᠢᠭᠦᠯᠦᠨ ᠨᠤᠳᠤᠭ ᠤᠰᠤ ᠪᠠᠨ ᠨᠤᠭᠤᠭᠠᠷᠠᠭᠤᠯᠬᠤ | ᠠᠵᠢᠯᠯᠠᠭᠠᠨ ᠦᠷᠨᠢᠬᠦᠯᠵᠦ᠂ ᠤᠷᠴᠢᠨ ᠲᠤᠭᠤᠷᠢᠨ ᠤ ᠰᠠᠭᠤᠷᠢ ᠪᠠᠭᠳᠠᠭᠠᠮᠵᠢ ᠶᠢ ᠨᠡᠮᠡᠭᠳᠡᠬᠦᠯᠦᠨ ᠵᠢᠯ ᠤᠨ ᠲᠤᠳᠤᠷ᠎ᠠ | ᠤᠢ ᠰᠢᠭᠤᠢ ᠶᠢᠨ ᠠᠮᠢ ᠠᠬᠤᠢ ᠶᠢᠨ ᠪᠦᠳᠦᠭᠡᠨ ᠪᠠᠶᠢᠭᠤᠯᠤᠯᠳᠠ ᠶᠢ 12 ᠲᠦᠮᠡᠨ ᠮᠤ᠋᠂ ᠲᠠᠯ᠎ᠠ ᠨᠤᠳᠤᠭ ᠤᠨ ᠠᠮᠢ | ᠠᠬᠤᠢ ᠶᠢᠨ ᠬᠠᠮᠠᠭᠠᠯᠠᠯᠳᠠ ᠶᠢᠨ ᠪᠦᠳᠦᠭᠡᠨ ᠪᠠᠶᠢᠭᠤᠯᠤᠯᠳᠠ ᠶᠢ 128 ᠲᠦᠮᠡᠨ ᠮᠤ᠋᠂ ᠤᠰᠤ ᠬᠦᠷᠦᠰᠦᠨ ᠤ | ᠢᠳᠡᠭᠳᠡᠯ ᠤᠨ ᠶᠡᠷᠦᠩᠬᠡᠶᠢᠯᠡᠭᠰᠡᠨ ᠵᠠᠰᠠᠯᠳᠠ ᠶᠢ 21 ᠲᠦᠮᠡᠨ ᠮᠤ᠋ ᠪᠡᠶᠡᠯᠡᠬᠦᠯᠦᠨ᠎ᠡ᠃ ᠬᠤᠶᠠᠳᠤᠭᠠᠷ ᠤᠳᠠᠭᠠᠨ ᠤ | ᠪᠦᠬᠦ ᠤᠯᠤᠰ ᠤᠨ ᠪᠤᠬᠢᠷᠳᠤᠯ ᠤᠨ ᠰᠤᠷᠪᠤᠯᠵᠢ ᠶᠢ ᠨᠡᠶᠢᠳᠡᠮ ᠪᠠᠶᠢᠴᠠᠭᠠᠬᠤ ᠠᠵᠢᠯ ᠢ ᠦᠷᠨᠢᠬᠦᠯᠵᠦ ᠡᠯ᠎ᠡ ᠲᠦᠷᠦᠯ | ᠤᠨ ᠪᠤᠬᠢᠷᠳᠤᠯ ᠤᠨ ᠰᠤᠷᠪᠤᠯᠵᠢ᠂ ᠪᠤᠬᠢᠷᠳᠤᠯ ᠪᠤᠳᠠᠰ ᠢ ᠭᠠᠳᠠᠭᠰᠢᠯᠠᠭᠤᠯᠬᠤ ᠪᠠ ᠤᠷᠴᠢᠨ ᠲᠤᠭᠤᠷᠢᠨ ᠤ | ᠬᠠᠮᠠᠭᠠᠯᠠᠯᠳᠠ ᠶᠢᠨ ᠲᠦᠬᠦᠭᠡᠷᠦᠮᠵᠢ ᠶᠢᠨ ᠰᠠᠭᠤᠷᠢ ᠲᠤᠭ᠎ᠠ ᠶᠢ ᠪᠦᠬᠦ ᠲᠠᠯ᠎ᠠ ᠪᠠᠷ ᠤᠶᠢᠯᠠᠭᠠᠨ᠎ᠠ᠃ ︽ᠦᠦᠰᠢᠨ | ᠬᠤᠰᠢᠭᠤᠨ ᠤ ᠪᠤᠬᠢᠷᠳᠤᠯ ᠢ ᠰᠡᠷᠬᠡᠶᠢᠯᠡᠨ ᠵᠠᠰᠠᠬᠤ ᠭᠤᠷᠪᠠᠨ ᠵᠢᠯ ᠤᠨ ᠠᠵᠢᠯ ᠤᠨ ᠲᠦᠯᠦᠪᠵᠢᠭᠦᠯᠬᠡ︾ ᠶᠢ ᠡᠷᠡᠰ | ᠲᠤᠤᠱᠯᠠᠭᠤᠯᠤᠨ ᠠᠭᠠᠷ ᠮᠠᠨᠳᠠᠯ᠂ ᠤᠰᠤ᠂ ᠬᠦᠷᠦᠰᠦᠨ ᠤ ᠪᠤᠬᠢᠷᠳᠤᠯ ᠢ ᠰᠡᠷᠬᠡᠶᠢᠯᠡᠨ ᠵᠠᠰᠠᠬᠤ ᠬᠦᠴᠦᠯᠡᠴᠡ ᠪᠠᠨ | ᠴᠢᠩᠭᠠᠳᠬᠠᠨ ᠭᠤᠤᠯᠳᠠᠯᠭᠠᠳᠤ ᠠᠵᠤ ᠠᠬᠤᠶᠢᠯᠠᠯ᠂ ᠬᠦᠷᠢᠶ᠎ᠡ ᠴᠠᠷᠠᠭᠠᠨ ᠤ ᠲᠤᠰᠬᠠᠢ ᠴᠡᠭᠴᠡᠯᠡᠯᠳᠡ ᠶᠢ ᠦᠷᠨᠢᠬᠦᠯᠵᠦ | ᠡᠯ᠎ᠡ ᠬᠦᠷᠢᠶᠡᠯᠡᠩ ᠲᠤᠭᠤᠷᠢᠭ᠂ ᠰᠤᠮᠤ ᠪᠠᠯᠭᠠᠰᠤᠨ ᠤ ᠤᠷᠴᠢᠨ ᠲᠤᠭᠤᠷᠢᠨ ᠤ ᠬᠠᠮᠠᠭᠠᠯᠠᠯᠳᠠ ᠶᠢᠨ ᠰᠠᠭᠤᠷᠢ | ᠲᠦᠭᠦᠬᠡᠷᠦᠮᠵᠢ ᠶᠢ ᠲᠡᠭᠦᠯᠳᠡᠷᠵᠢᠬᠦᠯᠦᠨ ᠵᠥᠩ ᠲᠢᠶᠡᠨ ᠾᠧ ᠴᠤᠸᠠᠩ ᠺᠣᠮᠫᠠᠨᠢ ᠶᠢᠨ ᠠᠭᠤᠷᠬᠠᠢ ᠶᠢᠨ ᠬᠤᠳᠳᠤᠭ | ᠤᠨ ᠤᠰᠤ ᠶᠢ ᠬᠦᠨᠵᠡᠬᠡᠢ ᠰᠢᠢᠳᠪᠤᠷᠢᠯᠡᠬᠦ ᠦᠢᠯᠡᠳᠪᠤᠷᠢ ᠵᠡᠷᠬᠡ ᠤᠷᠴᠢᠨ ᠲᠤᠭᠤᠷᠢᠨ ᠤ ᠬᠠᠮᠠᠭᠠᠯᠠᠯᠳᠠ ᠶᠢᠨ ᠲᠦᠷᠦᠯ | ᠵᠦᠢᠯ ᠢ ᠪᠠᠶᠢᠭᠤᠯᠤᠨ᠎ᠠ᠃ ᠲᠤᠮᠤ ᠬᠡᠯᠪᠡᠷᠢ ᠶᠢᠨ ᠠᠵᠤ ᠠᠬᠤᠶᠢᠯᠠᠯ ᠦᠪᠡᠷ ᠤᠨ ᠮᠡᠷᠭᠡᠵᠢᠯ ᠤᠨ ᠲᠠᠪᠠᠭᠤᠯᠢᠭ ᠲᠤ | ᠪᠠᠨ ᠲᠦᠰᠢᠭᠯᠡᠨ ᠭᠤᠷᠪᠠᠳᠤᠭᠠᠷ ᠡᠳᠡᠭᠡᠳ ᠤᠨ ᠪᠤᠬᠢᠷᠳᠤᠯ ᠢ ᠵᠠᠰᠠᠬᠤ ᠺᠤᠮᠫᠠᠨᠢ ᠪᠠᠶᠢᠭᠤᠯᠤᠨ ᠲᠤᠰᠬᠠᠢ ᠮᠡᠷᠭᠡᠵᠢᠯ ᠤᠨ | ᠤᠷᠴᠢᠨ ᠲᠤᠭᠤᠷᠢᠨ ᠤ ᠬᠠᠮᠠᠭᠠᠯᠠᠯᠳᠠ ᠶᠢᠨ ᠦᠢᠯᠡᠴᠢᠯᠡᠭᠡ ᠬᠠᠩᠭᠠᠬᠤ ᠶᠢ ᠵᠣᠷᠢᠭᠵᠢᠭᠤᠯᠤᠨ᠎ᠠ᠃ ᠪᠠᠶᠢᠭᠠᠯᠢ ᠶᠢᠨ | ᠡᠬᠢ ᠪᠠᠶᠠᠯᠢᠭ ᠡᠳ᠋ ᠬᠦᠷᠦᠩᠬᠡ ᠶᠢᠨ ᠬᠠᠮᠢᠶᠠᠷᠤᠯᠳᠠ ᠪᠠ ᠠᠮᠢ ᠠᠬᠤᠢ ᠶᠢᠨ ᠬᠠᠮᠠᠭᠠᠯᠠᠯᠳᠠ ᠶᠢᠨ ᠲᠤᠭᠳᠠᠴᠠ ᠶᠢᠨ | ᠪᠠᠶᠢᠭᠤᠯᠤᠯᠳᠠ ᠪᠠᠨ ᠴᠢᠩᠭᠠᠳᠬᠠᠵᠤ᠂ ᠪᠠᠶᠢᠭᠠᠯᠢ ᠶᠢᠨ ᠡᠬᠢ ᠪᠠᠶᠠᠯᠢᠭ ᠡᠳ᠋ ᠬᠦᠷᠦᠩᠬᠡ ᠶᠢᠨ ᠦᠷᠢ ᠦᠭᠴᠡᠭᠡᠨ ᠤ | ᠬᠦᠰᠦᠨᠦᠭᠳᠦ ᠶᠢ ᠲᠣᠭᠤᠷᠪᠢᠨ ᠨᠠᠶᠢᠷᠠᠭᠤᠯᠬᠤ ᠪᠤᠯᠤᠨ ᠬᠤᠰᠢᠭᠤ᠂ ᠰᠤᠮᠤ ᠪᠠᠯᠭᠠᠰᠤ ᠬᠤᠶᠠᠷ ᠱᠠᠳᠤᠨ ᠤ ᠪᠠᠶᠢᠭᠠᠯᠢ | ᠶᠢᠨ ᠡᠬᠢ ᠪᠠᠶᠠᠯᠢᠭ ᠡᠳ᠋ ᠬᠦᠷᠦᠩᠬᠡ ᠶᠢᠨ ᠪᠤᠳᠠᠳᠤ ᠬᠡᠮᠵᠢᠶᠡᠨ ᠤ ᠪᠦᠷᠢᠳᠭᠡᠯ ᠢ ᠪᠡᠶᠡᠯᠡᠬᠦᠯᠦᠨ᠎ᠡ᠃ ︽ᠭᠤᠤᠯ ᠤᠨ | ᠳᠠᠷᠤᠭ᠎ᠠ ᠶᠢᠨ ᠲᠥᠷᠢᠮ︾᠂ ︽ᠨᠠᠭᠤᠷ ᠤᠨ ᠳᠠᠷᠤᠭ᠎ᠠ ᠶᠢᠨ ᠲᠥᠷᠢᠮ︾ ᠪᠤᠯᠤᠨ ᠲᠤᠰᠢᠶᠠᠯ ᠠᠴᠠ ᠪᠠᠨ ᠰᠠᠯᠬᠤ ᠳᠤ | ᠪᠠᠶᠢᠭᠠᠯᠢ ᠶᠢᠨ ᠡᠬᠢ ᠪᠠᠶᠠᠯᠢᠭ ᠤᠨ ᠬᠢᠨᠠᠨ ᠪᠤᠳᠤᠯᠳᠠ᠂ ᠨᠠᠰᠤᠨ ᠲᠤᠷᠰᠢᠳᠠ ᠬᠠᠷᠢᠭᠤᠴᠠᠯᠭ᠎ᠠ ᠨᠡᠬᠡᠮᠵᠢᠯᠡᠬᠦ ᠵᠡᠷᠬᠡ | ᠲᠦᠷᠢᠮ ᠲᠤᠭᠳᠠᠭᠠᠯ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ ᠪᠡᠯᠴᠢᠭᠡᠷᠯᠡᠬᠦᠯᠬᠦ ᠶᠢ ᠬᠤᠷᠢᠭᠯᠠᠬᠤ᠂ ᠣᠷᠣᠨ | ᠬᠤᠪᠢᠶᠠᠨ ᠡᠬᠡᠯᠵᠢᠯᠡᠨ ᠮᠠᠯᠵᠢᠬᠤ᠂ ᠰᠡᠯᠭᠦᠨ ᠮᠠᠯᠵᠢᠬᠤ ᠲᠦᠷᠢᠮ ᠢ ᠴᠢᠩᠭ᠎ᠠ ᠬᠡᠷᠡᠭᠵᠢᠬᠦᠯᠵᠦ᠂ ᠬᠠᠮᠳᠤᠷᠠᠨ ᠬᠠᠤᠯᠢ | ᠬᠡᠷᠡᠭᠵᠢᠬᠦᠯᠬᠦ ᠶᠢ ᠴᠢᠩᠭᠠᠳᠬᠠᠨ ᠤᠷᠴᠢᠨ ᠲᠤᠭᠤᠷᠢᠨ ᠤ ᠬᠠᠤᠯᠢ ᠵᠦᠷᠢᠴᠡᠭᠰᠡᠨ ᠠᠵᠢᠯᠯᠠᠭ᠎ᠠ ᠳᠤ ᠴᠢᠩᠭ᠎ᠠ ᠴᠤᠬᠢᠯᠳᠠ | ᠦᠭᠬᠦᠨ᠎ᠡ᠃ | ︵ᠭᠤᠷᠪᠠ︶ ᠦᠬᠡᠷᠡᠴᠢᠯᠡᠯᠳᠡ ᠬᠢᠵᠦ ᠰᠢᠨ᠎ᠡ ᠶᠢ ᠡᠬᠦᠳᠬᠦ ᠶᠢ ᠬᠦᠨᠵᠡᠭᠡᠢ ᠲᠦᠯᠬᠢᠨ ᠠᠬᠢᠭᠤᠯᠵᠤ᠂ ᠦᠨᠳᠦᠷ | ᠴᠢᠨᠰᠠᠭᠠᠳᠤ ᠬᠦᠭᠵᠢᠯᠳᠡ ᠶᠢ ᠠᠬᠢᠭᠤᠯᠤᠨ᠎ᠠ᠃ ᠦᠬᠡᠷᠡᠴᠢᠯᠡᠯᠳᠡ ᠶᠢᠨ ᠵᠤᠷᠢᠭ ᠰᠠᠨᠠᠭ᠎ᠠ ᠪᠠ ᠰᠠᠳᠬᠢᠬᠦᠢ ᠪᠠᠷ ᠠᠵᠢᠯ | ᠢᠶᠠᠨ ᠪᠠᠶᠢᠷᠢᠯᠠᠭᠤᠯᠤᠨ ᠶᠠᠪᠤᠭᠳᠠᠭᠤᠯᠵᠤ ᠬᠦᠭᠵᠢᠯᠳᠡ ᠶᠢᠨ ᠬᠦᠴᠢᠷ ᠠᠰᠠᠭᠤᠳᠠᠯ ᠢ ᠰᠢᠢᠳᠪᠤᠷᠢᠯᠡᠬᠦ ᠶᠢ ᠪᠠᠷᠢᠮᠳᠠᠯᠠᠨ | ᠠᠵᠤ ᠠᠬᠤᠢ ᠨᠡᠶᠢᠬᠡᠮ ᠤᠨ ᠬᠦᠭᠵᠢᠯᠳᠡ ᠳᠤ ᠬᠦᠳᠡᠯᠭᠡᠭᠴᠢ ᠬᠦᠴᠦᠨ᠂ ᠠᠮᠢᠵᠢᠷᠠᠯ ᠤᠨ ᠬᠦᠴᠦᠨ ᠨᠠᠮᠠᠷᠢᠯᠠᠨ᠎ᠠ᠃ | ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠬᠡᠷᠡᠴᠢᠯᠡᠯᠳᠡ ᠶᠢ ᠬᠦᠨᠵᠡᠭᠡᠶᠢᠷᠡᠬᠦᠯᠦᠨ᠎ᠡ᠃ | ᠬᠡᠷᠡᠭᠴᠡᠭᠡ ᠦᠭᠡᠢ ᠬᠠᠩᠭᠠᠯᠭ᠎ᠠ ᠶᠢ ᠡᠪᠳᠡᠨ ᠰᠢᠯᠵᠢᠬᠦᠯᠦᠨ ᠵᠠᠯᠭᠠᠵᠤ ᠦᠬᠡᠷᠡᠴᠢᠯᠡᠬᠦ᠂ ᠨᠡᠶᠢᠯᠡᠬᠦᠯᠵᠦ ᠲᠠᠬᠢᠨ | ᠴᠤᠭᠴᠠᠯᠠᠬᠤ᠂ ᠦᠮᠴᠢᠯᠡᠬᠦ ᠡᠷᠬᠡ ᠶᠢ ᠰᠢᠯᠵᠢᠬᠦᠯᠦᠨ ᠦᠭᠬᠦ ᠵᠡᠷᠬᠡ ᠠᠷᠭ᠎ᠠ ᠪᠠᠷᠢᠯ ᠢᠶᠠᠷ ᠲᠠᠮᠵᠢᠨ ᠨᠢᠭᠡ ᠪᠦᠯᠦᠭ | ᠦᠢᠯᠡᠳᠪᠤᠷᠢᠯᠡᠯ ᠵᠤᠭᠰᠤᠭᠰᠠᠨ᠂ ᠪᠠᠶᠢᠭᠤᠯᠤᠯᠳᠠ ᠵᠤᠭᠰᠤᠭᠰᠠᠨ ᠲᠦᠷᠦᠯ ᠵᠦᠢᠯ ᠳᠤ ᠠᠮᠢᠵᠢᠷᠠᠯ ᠤᠷᠤᠭᠤᠯᠵᠤ᠂ | ᠡᠬᠢ ᠪᠠᠶᠠᠯᠢᠭ ᠤᠨ ᠴᠢᠬᠤᠯᠠ ᠡᠯᠧᠮᠧᠨ᠋ᠲ ᠤᠨ ᠠᠰᠢᠭᠯᠠᠮᠵᠢ ᠶᠢ ᠲᠡᠭᠡᠭᠰᠢᠯᠡᠬᠦᠯᠦᠨ᠎ᠡ᠃ ᠰᠤᠯᠠ ᠤᠷᠬᠢᠭᠰᠠᠨ | ᠠᠯᠪᠠᠯᠠᠬᠤ ᠲᠠᠯᠠᠪᠤᠷ ᠢ ᠰᠤᠯᠠᠳᠬᠠᠨ ᠪᠤᠴᠠᠭᠠᠵᠤ ᠨᠡᠶᠢᠭᠡᠮ ᠲᠤᠭᠤᠷᠢᠭ ᠤᠨ ᠬᠦᠳᠡᠯᠭᠡᠭᠡᠨ ᠤ ᠲᠦᠪ ᠵᠡᠷᠬᠡ ᠤᠯᠠᠨ | ᠨᠡᠶᠢᠳᠡ ᠶᠢᠨ ᠦᠢᠯᠡᠴᠢᠯᠡᠭᠡᠨ ᠤ ᠲᠠᠯᠠᠪᠤᠷ ᠪᠤᠯᠭᠠᠨ ᠦᠬᠡᠷᠡᠴᠢᠯᠡᠨ ᠪᠠᠶᠢᠭᠤᠯᠵᠤ᠂ ᠤᠯᠠᠨ ᠠᠷᠭ᠎ᠠ ᠶᠢ ᠬᠠᠮᠳᠤ ᠳᠤᠨᠢ | ᠬᠡᠷᠡᠭᠯᠡᠨ ᠬᠡᠷ ᠪᠠᠶᠢᠰᠢᠩ ᠭᠠᠵᠠᠷ ᠬᠦᠷᠦᠩᠭᠡ ᠶᠢᠨ ᠬᠦᠮᠦᠷᠬᠡᠯᠡᠯᠳᠡ ᠶᠢ ᠰᠢᠢᠳᠪᠣᠷᠢᠯᠡᠬᠦ ᠭᠤᠷᠪᠠᠨ ᠵᠢᠯ ᠤᠨ ᠡᠬᠦᠷᠬᠡ ᠶᠢ | ᠪᠡᠶᠡᠯᠡᠬᠦᠯᠵᠦ ᠬᠡᠷ ᠪᠠᠶᠢᠰᠢᠩ ᠭᠠᠵᠠᠷ ᠬᠦᠷᠦᠩᠬᠡ ᠶᠢᠨ ᠵᠠᠬ᠎ᠠ ᠲᠡᠯᠭᠡᠭᠦᠷ ᠡᠷᠡᠬᠦᠯ ᠢᠶᠠᠷ ᠬᠦᠭᠵᠢᠬᠦ ᠶᠢ ᠠᠬᠢᠭᠤᠯᠤᠨ᠎ᠠ᠃ | ᠰᠢᠨ᠎ᠡ ᠬᠦᠳᠡᠯᠭᠡᠭᠴᠢ ᠬᠦᠴᠦᠨ ᠢ ᠪᠤᠶᠢᠵᠢᠭᠤᠯᠤᠨ ᠬᠦᠭᠵᠢᠬᠦᠯᠵᠦ᠂ ᠰᠢᠨ᠎ᠡ ᠶᠢ ᠡᠬᠦᠳᠬᠦ ᠪᠠᠷ ᠬᠦᠳᠡᠯᠭᠡᠭᠴᠢ | ᠪᠤᠯᠭᠠᠬᠤ ᠪᠠᠶᠢᠯᠳᠤᠬᠤ ᠪᠤᠳᠤᠯᠭ᠎ᠠ ᠶᠢ ᠨᠠᠶᠢᠳᠠᠪᠤᠷᠢᠵᠢᠭᠤᠯᠤᠨ ᠠᠵᠤ ᠦᠢᠯᠡᠳᠪᠤᠷᠢᠵᠢᠯᠡᠯᠳᠡ ᠪᠤᠯᠤᠨ ᠮᠡᠳᠡᠭᠡ | ᠵᠠᠩᠬᠢᠴᠢᠯᠠᠯᠳᠡ ᠬᠦᠨᠵᠡᠭᠡᠢ ᠠᠭᠤᠰᠤᠯᠴᠠᠨ ᠬᠦᠭᠵᠢᠬᠦ ᠶᠢ ᠠᠬᠢᠭᠤᠯᠵᠤ ᠨᠡᠭᠦᠷᠡᠰᠦ ᠮᠠᠯᠳᠠᠬᠤ᠂ ᠮᠠᠯ ᠲᠠᠷᠢᠶᠠᠯᠠᠩ ᠤᠨ | ᠦᠢᠯᠡᠳᠪᠤᠷᠢᠯᠡᠯ ᠵᠡᠷᠬᠡ ᠬᠦᠷᠢᠶ᠎ᠡ ᠴᠠᠷᠠᠭᠠᠨ ᠳᠤ ᠰᠢᠨ᠎ᠡ ᠮᠡᠷᠭᠡᠵᠢᠯ᠂ ᠰᠢᠨ᠎ᠡ ᠪᠦᠳᠦᠭᠡᠭᠳᠡᠬᠦᠨ ᠬᠡᠷᠡᠭᠯᠡᠬᠦ ᠶᠢ ᠦᠷᠭᠡᠨ | ᠢᠶᠠᠷ ᠲᠡᠯᠭᠡᠷᠡᠬᠦᠯᠦᠨ᠎ᠡ᠃ ᠪᠤᠳᠠᠳᠤ ᠴᠤᠭᠴᠠᠳᠤ ᠠᠵᠤ ᠠᠬᠤᠢ ᠶᠢᠨ ᠦᠪᠡᠷ ᠤᠨ ᠦᠷᠳᠡᠭ ᠢ ᠪᠠᠭᠤᠷᠠᠭᠤᠯᠵᠤ᠂ ᠠᠵᠤ | ᠠᠬᠤᠶᠢᠯᠠᠯ ᠠᠴᠠ ᠰᠦᠢᠳᠭᠡᠯ ᠬᠤᠷᠢᠶᠠᠬᠤ ᠶᠢ ᠴᠡᠭᠴᠡᠯᠡᠨ ᠲᠦᠷᠢᠮᠵᠢᠬᠦᠯᠵᠦ ᠭᠠᠶᠢᠯᠢ ᠶᠢ ᠪᠠᠭᠠᠰᠬᠠᠨ ᠰᠦᠢᠳᠬᠡᠯ ᠢ | ᠪᠠᠭᠤᠷᠠᠭᠤᠯᠬᠤ ᠵᠡᠷᠬᠡ ᠦᠪᠡᠷ ᠤᠨ ᠦᠷᠳᠡᠭ ᠢ ᠪᠠᠭᠠᠰᠬᠠᠨ ᠠᠰᠢᠭ ᠤᠷᠤᠯᠭ᠎ᠠ ᠶᠢ ᠨᠡᠮᠡᠭᠳᠡᠬᠦᠯᠬᠦ ᠲᠦᠷᠦ ᠶᠢᠨ | ᠪᠤᠳᠤᠯᠭ᠎ᠠ ᠶᠢ ᠨᠠᠶᠢᠳᠠᠪᠤᠷᠢᠵᠢᠭᠤᠯᠤᠨ᠂ ᠠᠵᠤ ᠠᠬᠤᠶᠢᠯᠠᠯ ᠢ ᠴᠠᠬᠢᠯᠭᠠᠨ ᠬᠦᠴᠦᠨ ᠤ ᠤᠯᠠᠨ ᠲᠠᠯᠠᠳᠤ ᠠᠷᠠᠯᠵᠢᠶ᠎ᠠ ᠳᠤ | ᠢᠳᠡᠪᠬᠢᠳᠡᠢ ᠤᠷᠤᠯᠴᠠᠬᠤ ᠶᠢ ᠵᠤᠷᠢᠭᠵᠢᠭᠤᠯᠤᠨ ᠪᠠᠷᠠᠭᠠᠨ ᠭᠦᠢᠯᠭᠡᠭᠡ᠂ ᠪᠡᠯᠡ ᠬᠤᠷᠠᠮᠳᠣᠭᠤᠯᠭ᠎ᠠ᠂ ᠡᠨᠧᠷᠬᠢ ᠶᠢᠨ | ᠬᠡᠷᠡᠭᠯᠡᠯᠳᠡ ᠵᠡᠷᠬᠡ ᠦᠢᠯᠡᠳᠪᠤᠷᠢᠯᠡᠯ ᠤᠨ ᠴᠢᠨᠠᠷᠳᠠᠢ ᠦᠪᠡᠷ ᠤᠨ ᠦᠷᠳᠡᠭ ᠢ ᠦᠷᠬᠦᠯᠵᠢᠯᠡᠨ ᠪᠠᠭᠠᠰᠬᠠᠵᠣ ᠠᠵᠤ | ᠠᠬᠤᠶᠢᠯᠠᠯ ᠤᠨ ᠬᠥᠭᠵᠢᠯᠲᠠ ᠶᠢᠨ ᠬᠡᠯᠪᠡᠷᠢ ᠪᠠᠨ ᠦᠭᠡᠷᠡᠴᠢᠯᠡᠨ ᠲᠡᠰ ᠲᠡᠪᠰᠢᠬᠦ ᠦᠷᠢᠰᠦᠯᠳᠦᠭᠴᠢ ᠬᠦᠴᠦᠨ ᠢ | ᠨᠡᠮᠡᠭᠳᠡᠬᠦᠯᠦᠨ᠎ᠡ᠃ | ᠭᠤᠤᠯᠳᠠᠯᠭᠠᠳᠤ ᠬᠦᠷᠢᠶ᠎ᠠ ᠴᠠᠷᠠᠭᠠᠨ ᠤ ᠦᠬᠡᠷᠡᠴᠢᠯᠡᠯᠳᠡ ᠶᠢ ᠲᠦᠯᠬᠢᠨ ᠠᠬᠢᠭᠤᠯᠤᠨ᠎ᠠ᠃ ᠪᠦᠬᠦ ᠤᠯᠤᠰ ᠤᠨ | ᠠᠵᠤ ᠠᠬᠤᠢ ᠶᠢᠨ ᠲᠦᠷᠪᠡᠳᠦᠭᠡᠷ ᠤᠳᠠᠭᠠᠨ ᠤ ᠨᠡᠶᠢᠳᠡᠮ ᠪᠠᠶᠢᠴᠠᠭᠠᠯᠳᠠ ᠶᠢ ᠦᠷᠨᠢᠬᠦᠯᠵᠦ ᠠᠵᠤ ᠠᠬᠤᠢ ᠶᠢᠨ | ᠬᠦᠭᠵᠢᠯᠳᠡ ᠶᠢᠨ ᠰᠠᠭᠤᠷᠢ ᠲᠤᠭ᠎ᠠ ᠶᠢ ᠪᠦᠬᠦ ᠲᠠᠯ᠎ᠠ ᠪᠠᠷ ᠤᠶᠢᠯᠠᠭᠠᠨ᠎ᠠ᠃ ᠠᠮᠢ ᠠᠬᠤᠢ ᠶᠢᠨ ᠪᠤᠯᠪᠠᠰᠤᠨ ᠤ | ᠲᠤᠭᠳᠠᠴᠠ ᠶᠢᠨ ᠦᠬᠡᠷᠡᠴᠢᠯᠡᠯᠳᠡ ᠶᠢ ᠬᠦᠨᠵᠡᠬᠡᠶᠢᠷᠡᠬᠦᠯᠵᠦ᠂ ᠪᠡᠶᠡᠴᠢ ᠴᠤᠭᠴᠠ ᠶᠢᠨ ᠴᠢᠳᠠᠮᠵᠢᠳᠤ ᠤᠷᠤᠨ ᠤ | ᠲᠦᠯᠦᠪᠵᠢᠭᠦᠯᠭᠡ ᠶᠢ ᠨᠠᠶᠢᠳᠠᠪᠤᠷᠢᠵᠢᠭᠤᠯᠤᠨ ︽ᠤᠯᠠᠨ ᠲᠥᠯᠤᠪᠵᠢᠭᠦᠯᠭᠡ ᠶᠢ ᠨᠢᠭᠡᠳᠬᠡᠬᠦ︾ ᠶᠢ ᠲᠦᠯᠬᠢᠨ | ᠠᠬᠢᠭᠤᠯᠤᠨ᠎ᠠ᠃ ᠰᠢᠨ᠎ᠡ ᠴᠠᠭ ᠦᠶ᠎ᠡ ᠶᠢᠨ ᠪᠠᠭᠰᠢ ᠶᠢᠨ ᠡᠩᠨᠡᠭᠡᠨ ᠤ ᠪᠠᠶᠢᠭᠤᠯᠤᠯᠳᠠ ᠶᠢᠨ ᠦᠬᠡᠷᠡᠴᠢᠯᠡᠯᠳᠡ ᠶᠢ | ᠬᠦᠨᠵᠡᠭᠡᠶᠢᠷᠡᠬᠦᠯᠵᠦ ᠰᠤᠷᠭᠠᠭᠤᠯᠢ ᠶᠢᠨ ᠲᠠᠷᠤᠭ᠎ᠠ᠂ ᠴᠡᠴᠡᠷᠯᠢᠭ ᠤᠨ ᠲᠠᠷᠤᠭ᠎ᠠ ᠶᠢᠨ ᠡᠩᠨᠡᠭᠡᠨ ᠤ ᠪᠦᠳᠦᠭᠡᠨ | ᠪᠠᠶᠢᠭᠤᠯᠤᠯᠳᠠ ᠶᠢ ᠴᠢᠩᠭᠠᠳᠬᠠᠵᠤ᠂ ᠪᠠᠭᠰᠢ ᠶᠢᠨ ᠮᠤᠷᠠᠯ ᠰᠤᠷᠳᠠᠯ ᠤᠨ ᠬᠦᠮᠦᠵᠢᠯ ᠪᠠ ᠲᠤᠮᠳᠠᠳᠤ ᠪᠠᠭ᠎ᠠ | ᠰᠤᠷᠭᠠᠭᠤᠯᠢ᠂ ᠴᠡᠴᠡᠷᠯᠢᠭ ᠤᠨ ᠪᠠᠭᠰᠢ ᠶᠢᠨ ᠲᠤᠰᠬᠠᠢ ᠮᠡᠷᠬᠡᠵᠢᠯ ᠤᠨ ᠬᠡᠪ ᠰᠣᠷᠳᠠᠯ ᠤᠨ ᠪᠤᠯᠪᠠᠰᠤᠷᠠᠯ ᠢ | ᠴᠢᠩᠭᠠᠳᠬᠠᠨ᠎ᠠ︔ ᠰᠤᠷᠬᠤ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠤᠨ ᠪᠠᠶᠢᠭᠤᠯᠤᠮᠵᠢ ᠶᠢ ᠨᠡᠶᠢᠬᠡᠮ ᠤᠨ | ᠬᠦᠷᠦᠩᠬᠡ ᠪᠠᠷ ᠡᠷᠬᠢᠯᠡᠬᠦ ᠶᠢ ᠵᠤᠷᠢᠭᠵᠢᠭᠤᠯᠵᠤ᠂ ᠴᠡᠴᠡᠷᠯᠢᠭ ᠲᠤ ᠤᠷᠤᠬᠤ ᠳᠤ ᠬᠦᠴᠢᠷᠳᠡᠢ ᠵᠡᠷᠬᠡ ᠠᠰᠠᠭᠤᠳᠠᠯ ᠢ | ᠰᠢᠢᠳᠪᠤᠷᠢᠯᠡᠨ᠎ᠡ᠃ ᠡᠮ ᠡᠮᠨᠡᠯᠭᠡ ᠡᠷᠡᠬᠦᠯ ᠬᠠᠮᠠᠭᠠᠯᠠᠯ ᠤᠨ ᠲᠤᠭᠳᠠᠴᠠ ᠶᠢᠨ ᠦᠬᠡᠷᠡᠴᠢᠯᠡᠯᠳᠡ ᠶᠢ ᠬᠦᠨᠵᠡᠭᠡᠶᠢᠷᠡᠬᠦᠯᠵᠦ | ᠡᠮᠴᠢᠯᠡᠭᠡ᠂ ᠡᠮᠨᠡᠯᠭᠡ ᠶᠢᠨ ᠲᠠᠭᠠᠳᠬᠠᠯ᠂ ᠡᠮ ᠤᠨ ᠵᠦᠢᠯᠡᠰ ᠤᠨ ᠬᠠᠮᠳᠤᠷᠠᠯᠴᠠᠭ᠎ᠠ ᠶᠢ ᠬᠦᠨᠵᠡᠭᠡᠶᠢᠷᠡᠬᠦᠯᠵᠦ ᠤᠳᠤ | ᠦᠶ᠎ᠡ ᠶᠢᠨ ᠡᠮᠨᠡᠯᠭᠡ ᠶᠢᠨ ᠬᠤᠷᠢᠶᠠᠨ ᠤ ᠬᠠᠮᠢᠶᠠᠷᠤᠯᠳᠠ ᠶᠢᠨ ᠲᠦᠷᠢᠮ ᠢ ᠲᠦᠷᠭᠡᠳᠭᠡᠨ ᠪᠦᠷᠢᠨᠰᠢᠬᠦᠯᠦᠨ᠎ᠡ᠃ ᠠᠮᠤ | ᠪᠤᠳᠠᠭ᠎ᠠ ᠬᠤᠷᠢᠶᠠᠵᠤ ᠨᠦᠬᠡᠴᠡᠯᠡᠬᠦ ᠲᠦᠷᠢᠮ ᠤᠨ ᠦᠬᠡᠷᠡᠴᠢᠯᠡᠯᠳᠡ ᠶᠢ ᠬᠦᠨᠵᠡᠭᠡᠶᠢᠷᠡᠬᠦᠯᠵᠦ᠂ ᠤᠬᠢ ᠰᠢᠯᠢᠳᠡᠭ ᠠᠮᠤ | ᠪᠤᠳᠠᠭᠠᠨ ᠤ ᠢᠨᠵᠧᠨᠧᠷᠢᠩ ᠢ ᠬᠡᠷᠡᠭᠵᠢᠭᠦᠯᠦᠨ ᠠᠮᠤ ᠪᠤᠳᠠᠭᠠᠨ ᠤ ᠬᠤᠷᠢᠶᠠᠯᠳᠠ ᠶᠢᠨ ᠲᠠᠷᠠᠭᠠᠬᠢ ᠦᠢᠯᠡᠴᠢᠯᠡᠭᠡᠨ ᠤ | ᠰᠢᠰᠲ᠋ᠧᠮ ᠤᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠵᠤ ᠮᠠᠯᠴᠢᠨ ᠲᠠᠷᠢᠶᠠᠴᠢᠨ ᠤ ︽ᠠᠮᠤ ᠪᠤᠳᠠᠭ᠎ᠠ ᠪᠠᠨ | ᠪᠤᠷᠤᠯᠠᠭᠤᠯᠬᠤ ᠳᠤ ᠬᠦᠴᠢᠷ︾᠂ ︽ᠠᠮᠤ ᠪᠤᠳᠠᠭ᠎ᠠ ᠪᠠᠨ ᠨᠦᠬᠡᠴᠡᠯᠡᠬᠦ ᠳᠤ ᠬᠦᠴᠢᠷ︾ ᠠᠰᠠᠭᠤᠳᠠᠯ ᠢ | ᠰᠢᠢᠳᠪᠤᠷᠢᠯᠡᠨ᠎ᠡ᠃ ᠭᠠᠴᠠᠭ᠎ᠠ ᠳᠤᠰᠬᠤᠨ ᠢ ᠳᠡᠳᠬᠦᠨ ᠳᠡᠮᠵᠢᠬᠦ ᠪᠠ ᠵᠢᠯᠣᠭᠤᠳᠣᠨ ᠦᠵᠡᠯ ᠰᠠᠨᠠᠭᠠᠨ ᠤ | ᠬᠦᠯᠢᠶᠡᠰᠦᠯᠡᠯ᠂ ᠣᠷᠣᠨ ᠪᠥᠰᠡ ᠪᠠ ᠠᠵᠢᠯ ᠲᠥᠷᠥᠯ ᠤᠨ ᠬᠢᠵᠠᠭᠠᠷᠯᠠᠯ ᠢ ᠡᠪᠳᠡᠵᠤ ᠬᠦᠷᠦᠩᠭᠡ ᠶᠢᠨ ᠨᠠᠶᠢᠯᠡᠯ ᠢ | ᠲᠣᠪᠥᠶᠢᠯᠭᠠᠨ ᠠᠵᠤ ᠠᠬᠤᠶᠢᠯᠠᠯ ᠤᠨ ᠠᠭᠤᠰᠣᠯᠴᠠᠯ ᠢ ᠴᠢᠩᠭᠠᠳᠬᠠᠵᠣ ᠠᠵᠣ ᠣᠶᠢᠯᠡᠰ ᠤᠨ ᠬᠠᠮᠳᠣᠷᠠᠯ ᠴᠣᠭᠴᠠ᠂ | ᠳᠣᠮᠣ ᠳᠠᠷᠢᠶᠠᠯᠠᠩ ᠮᠠᠯᠵᠢᠯ ᠤᠨ ᠳᠠᠯᠠᠪᠠᠢ ᠵᠡᠷᠬᠡ ᠣᠯᠠᠨ ᠲᠦᠷᠥᠯ ᠤᠨ ᠬᠠᠮᠳᠣ ᠶᠢᠨ ᠠᠵᠣ ᠠᠬᠤᠢ ᠶᠢᠨ ᠪᠡᠶᠡᠯᠡᠭᠳᠡᠬᠦ | ᠬᠡᠯᠪᠠᠷᠢ ᠶᠢ ᠰᠦᠪᠡᠭᠴᠢᠯᠡᠨ ᠬᠦᠭᠵᠢᠬᠦᠯᠥᠨ᠎ᠠ᠃ ᠤᠯᠤᠰ ᠤᠨ ᠦᠮᠴᠢᠯᠡᠯᠳᠦ ᠠᠵᠤ ᠠᠬᠤᠶᠢᠯᠠᠯ ᠤᠨ ᠦᠭᠡᠷᠡᠴᠢᠯᠡᠯᠳᠡ | ᠶᠢ ᠬᠦᠨᠵᠡᠭᠡᠶᠢᠷᠡᠬᠦᠯᠵᠦ ᠨᠡᠶᠢᠳᠡ ᠶᠢᠨ ᠪᠤᠰᠤ ᠦᠮᠴᠢᠯᠡᠯᠳᠦ ᠠᠵᠤ ᠠᠬᠤᠢ ᠶᠢᠨ ᠬᠦᠭᠵᠢᠯᠳᠡ ᠶᠢ ᠠᠬᠢᠭᠤᠯᠤᠨ᠎ᠠ᠃ | ᠠᠵᠢᠯᠴᠢᠨ ᠤ ᠡᠪᠯᠡᠯ᠂ ᠡᠮᠡᠭᠳᠡᠶᠢᠴᠦᠳ ᠤᠨ ᠬᠤᠯᠪᠤᠭ᠎ᠠ ᠵᠡᠷᠬᠡ ᠤᠯᠠᠨ ᠲᠦᠮᠡᠨᠴᠢ ᠵᠤᠬᠢᠶᠠᠨ ᠪᠠᠶᠢᠭᠤᠯᠤᠯᠳᠠ ᠶᠢᠨ | ᠦᠬᠡᠷᠡᠴᠢᠯᠡᠯᠳᠡ ᠶᠢ ᠲᠡᠮᠵᠢᠵᠦ ᠨᠡᠶᠢᠭᠡᠮ ᠤᠨ ᠨᠦᠯᠦᠭᠡᠯᠡᠬᠦ ᠬᠦᠴᠦᠨ ᠢ ᠦᠷᠭᠡᠳᠭᠡᠨ᠎ᠡ᠃ ᠠᠮᠤᠷ ᠲᠥᠪᠰᠢᠨ | ᠦᠢᠯᠡᠳᠪᠤᠷᠢᠯᠡᠯ ᠤᠨ ᠪᠡᠶᠡᠴᠢ ᠴᠤᠭᠴᠠ ᠶᠢᠨ ᠬᠠᠷᠢᠭᠤᠴᠠᠯᠭ᠎ᠠ ᠶᠢ ᠴᠢᠩᠭᠠᠳᠬᠠᠵᠤ᠂ ᠠᠵᠤ ᠠᠬᠤᠶᠢᠯᠠᠯ ᠤᠨ ᠠᠮᠤᠷ | ᠲᠥᠪᠰᠢᠨ ᠦᠢᠯᠡᠳᠪᠤᠷᠢᠯᠡᠯ ᠤᠨ ᠢᠳᠡᠭᠡᠮᠵᠢ ᠶᠢᠨ ᠲᠠᠩᠰᠠ ᠶᠢ ᠪᠠᠶᠢᠭᠤᠯᠤᠨ ᠪᠦᠷᠢᠨᠰᠢᠬᠦᠯᠵᠦ ᠬᠠᠤᠯᠢ ᠲᠦᠷᠢᠮ | ᠵᠦᠷᠢᠴᠡᠭᠰᠡᠨ ᠠᠵᠢᠯᠯᠠᠭ᠎ᠠ ᠶᠢ ᠢᠯᠡᠴᠢᠯᠡᠬᠦ ᠬᠦᠴᠦᠯᠡᠴᠡ ᠪᠠᠨ ᠴᠢᠩᠭᠠᠳᠬᠠᠨ᠎ᠠ᠃ ᠲᠤᠳᠤᠭᠠᠳᠤ ᠶᠢ ᠬᠠᠮᠠᠭᠠᠯᠠᠬᠤ | ᠶᠡᠷᠦᠩᠬᠡᠶᠢᠯᠡᠭᠰᠡᠨ ᠪᠤᠯᠪᠠᠰᠤᠷᠠᠯ ᠤᠨ ᠰᠠᠭᠤᠷᠢᠨ ᠭᠠᠵᠠᠷ ᠪᠠ ᠰᠦᠯᠳᠡ ᠰᠤᠮᠤᠨ ᠳᠠᠬᠢ ᠲᠤᠮᠢᠯᠠᠭᠰᠠᠨ ᠰᠠᠯᠪᠤᠷᠢ ᠶᠢᠨ | ᠠᠯᠪᠠᠯᠠᠬᠤ ᠭᠠᠵᠠᠷ ᠢ ᠰᠢᠨ᠎ᠡ ᠪᠠᠷ ᠪᠠᠶᠢᠭᠤᠯᠵᠤ᠂ ᠬᠠᠷᠠᠭᠠᠨ ᠳᠡᠪᠳᠡᠮᠵᠢᠲᠤ ᠬᠢᠨᠠᠨ ᠡᠵᠡᠮᠰᠢᠯ ᠢᠶᠠᠷ ᠭᠤᠣᠯᠯᠠᠭᠤᠯᠣᠭᠰᠠᠨ | ᠮᠡᠷᠬᠡᠵᠢᠯ ᠤᠨ ᠰᠡᠷᠬᠡᠶᠢᠯᠡᠯᠳᠡ ᠶᠢᠨ ᠰᠢᠰᠲ᠋ᠧᠮ ᠢ ᠲᠡᠭᠦᠯᠳᠡᠷᠵᠢᠬᠦᠯᠵᠦ᠂ ᠬᠠᠷ᠎ᠠ ᠪᠦᠯᠦᠭᠳᠡᠨ ᠬᠠᠷᠬᠢᠰ ᠬᠦᠴᠦᠨ ᠢ | ᠠᠷᠢᠯᠭᠠᠬᠤ ᠲᠤᠰᠬᠠᠢ ᠲᠡᠮᠡᠴᠡᠯ ᠢ ᠦᠷᠨᠢᠬᠦᠯᠦᠨ ᠵᠠᠬᠢᠳᠠᠯ ᠰᠤᠷᠪᠤᠯᠵᠢᠯᠠᠭ᠎ᠠ ᠶᠢᠨ ᠬᠠᠤᠯᠢ ᠪᠣᠰᠤ ᠠᠵᠢᠯᠯᠠᠭ᠎ᠠ᠂ | ᠠᠯᠪᠠᠳᠠᠯᠭ᠎ᠠ ᠪᠠᠷ ᠠᠷᠠᠯᠵᠢᠶᠠᠯᠠᠬᠤ ᠵᠢᠴᠢ ᠬᠡᠪ ᠤᠨ ᠦᠢᠯᠡᠳᠪᠤᠷᠢᠯᠡᠯ ᠪᠦᠳᠦᠭᠡᠨ ᠪᠠᠶᠢᠭᠤᠯᠤᠯᠳᠠ ᠶᠢᠨ ᠡᠮᠬᠢ ᠲᠢᠭᠯᠢᠮ | ᠢ ᠨᠦᠯᠦᠭᠡᠯᠡᠭᠰᠡᠨ ᠬᠠᠤᠯᠢ ᠵᠦᠷᠢᠴᠡᠭᠰᠡᠨ ᠠᠵᠢᠯᠯᠠᠭ᠎ᠠ ᠳᠤ ᠬᠠᠤᠯᠢ ᠶᠤᠰᠤᠭᠠᠷ ᠬᠦᠨᠳᠦ ᠴᠤᠬᠢᠯᠳᠠ ᠦᠭᠴᠦ᠂ ᠤᠯᠠᠨ | ᠲᠦᠮᠡᠨ ᠤ ᠤᠯᠠᠨ ᠨᠡᠶᠢᠳᠡ ᠶᠢᠨ ᠠᠮᠤᠷ ᠲᠦᠪᠰᠢᠨ ᠤ ᠤᠯᠤᠯᠳᠠ ᠲᠦᠷᠦᠭᠳᠡᠯ ᠢ ᠲᠠᠰᠤᠷᠠᠯᠳᠠ ᠦᠭᠡᠢ | ᠨᠡᠮᠡᠭᠳᠡᠬᠦᠯᠦᠨ᠎ᠡ᠃ | ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠢ ᠬᠦᠭᠵᠢᠬᠦᠯᠦᠨ᠎ᠡ᠃ ᠰᠣᠶᠣᠯ ᠣᠷᠠᠨ ᠰᠠᠳᠬᠢᠮᠵᠢ ᠶᠢᠨ | ᠣᠶᠢᠯᠡᠰᠵᠢᠬᠦᠯᠥᠯᠳᠡ ᠶᠢᠨ ᠬᠦᠷᠢᠶᠡᠯᠡᠩ ᠤᠨ ᠡᠵᠡᠩᠨᠡᠯᠳᠡ ᠶᠢ ᠰᠠᠶᠢᠳᠤᠷ ᠠᠳᠬᠤᠵᠤ᠂ ᠨᠡᠩ ᠤᠯᠠᠨ ᠰᠣᠶᠣᠯ ᠤᠨ | ᠪᠦᠳᠦᠬᠡᠭᠳᠡᠬᠦᠨ ᠤ ᠦᠢᠯᠡᠳᠪᠤᠷᠢᠯᠡᠭᠴᠢ ᠶᠢ ᠳᠠᠶᠢᠴᠢᠯᠡᠨ ᠲᠠᠭᠠᠭᠤᠯᠵᠤ ᠬᠦᠷᠢᠶᠡᠯᠡᠩ ᠲᠤᠭᠤᠷᠢᠭ ᠲᠤ ᠲᠦᠪᠯᠡᠷᠡᠭᠦᠯᠦᠨ | ᠬᠦᠷᠢᠶᠠᠯᠠᠯ ᠪᠠ ᠨᠦᠯᠥᠬᠡᠯᠡᠯ ᠤᠨ ᠳᠠᠶᠢᠴᠢᠯᠡᠨ ᠳᠠᠭᠠᠭᠤᠯᠬᠤ ᠭᠤᠣᠯᠯᠠᠭᠴᠢ ᠦᠢᠯᠡᠳᠦᠯ ᠢ ᠪᠠᠳᠠᠷᠠᠭᠤᠯᠤᠨ᠎ᠠ᠃ | ᠤᠯᠠᠭᠠᠨᠮᠦ᠋ᠴᠢᠷ ᠤᠨ ᠦᠭᠡᠷᠡᠴᠢᠯᠡᠯᠳᠡ ᠬᠦᠭᠵᠢᠯᠳᠡ ᠶᠢ ᠬᠦᠨᠳᠦᠳᠭᠡᠨ ᠦᠵᠡᠵᠦ ᠡᠯ᠎ᠡ ᠲᠦᠷᠦᠯ ᠤᠨ ᠰᠤᠶᠤᠯ | ᠤᠷᠠᠯᠢᠭ ᠤᠨ ᠪᠦᠯᠬᠦᠮ ᠬᠦᠭᠵᠢᠨ ᠪᠤᠵᠠᠭᠠᠶᠢᠷᠠᠬᠤ ᠶᠢ ᠲᠡᠮᠵᠢᠵᠦ ᠨᠢᠭᠡ ᠪᠦᠯᠦᠭ ᠰᠤᠶᠤᠯ ᠤᠷᠠᠯᠢᠭ ᠤᠨ ᠰᠤᠳᠤᠨ | ᠪᠦᠳᠦᠭᠡᠯ ᠭᠠᠷᠭᠠᠵᠤ᠂ ᠭᠠᠳᠠᠭᠠᠳᠤ ᠯᠤᠭ᠎ᠠ ᠶᠢᠨ ᠰᠤᠯᠢᠯᠴᠠᠭ᠎ᠠ ᠶᠢ ᠢᠳᠡᠪᠬᠢᠳᠡᠢ ᠦᠷᠨᠢᠬᠦᠯᠦᠨ ᠦᠨᠳᠦᠰᠦᠳᠡᠨ ᠤ | ᠤᠯᠠᠮᠵᠢᠯᠠᠯᠳᠤ ᠰᠢᠯᠢᠳᠡᠭ ᠰᠤᠶᠤᠯ ᠢ ᠲᠡᠯᠭᠡᠷᠡᠭᠦᠯᠦᠨ᠎ᠡ᠃ ︽ᠪᠦᠬᠦ ᠣᠷᠣᠨ ᠪᠦᠰᠠ ᠶᠢᠨ ᠵᠢᠭᠤᠯᠴᠢᠯᠠᠯ︾ ᠤᠨ | ᠬᠦᠭᠵᠢᠯᠳᠡ ᠶᠢᠨ ᠪᠠᠶᠢᠯᠳᠤᠬᠤ ᠪᠤᠳᠤᠯᠭ᠎ᠠ ᠶᠢ ᠬᠦᠨᠵᠡᠭᠡᠢ ᠨᠠᠶᠢᠳᠠᠪᠤᠷᠢᠵᠢᠭᠤᠯᠵᠤ᠂ ᠰᠢᠷᠬᠤᠰᠤᠨ ᠭᠤᠤᠯ᠂ ᠪᠠᠶᠠᠨᠨᠠᠭᠤᠷ | ᠤᠨ ᠲᠠᠯ᠎ᠠ ᠨᠤᠳᠤᠭ ᠵᠡᠷᠬᠡ ᠦᠵᠡᠮᠵᠢᠳᠤ ᠤᠷᠤᠨ ᠢ ᠨᠢᠭᠡ ᠴᠤᠭᠴᠠᠵᠢᠭᠤᠯᠤᠨ ᠪᠠᠶᠢᠭᠤᠯᠵᠤ᠂ ᠤᠩᠭᠤᠨ ᠮᠠᠩᠬ᠎ᠠ | ᠤᠯᠤᠰ ᠤᠨ ᠲᠡᠰ ᠤᠨ ᠡᠯᠡᠰᠣ ᠮᠠᠩᠬᠠᠨ ᠤᠨ ᠴᠡᠴᠡᠷᠯᠢᠭ ᠢ ᠨᠡᠭᠡᠭᠡᠨ ᠬᠦᠭᠵᠢᠬᠦᠯᠵᠦ᠂ ᠰᠢᠷᠬᠤᠰᠤ ᠤᠯᠤᠰ ᠤᠨ ᠲᠡᠰ | ᠤᠨ ᠬᠠᠭᠤᠴᠢ ᠰᠤᠳᠤᠯᠤᠯ ᠤᠨ ᠪᠠᠭᠤᠷᠢ ᠶᠢᠨ ᠴᠡᠴᠡᠷᠯᠢᠭ ᠤᠨ ᠮᠦᠽᠸᠢ ᠶᠢᠨ ᠭᠤᠤᠯ ᠴᠤᠭᠴᠠ ᠶᠢᠨ ᠪᠠᠷᠢᠯᠭ᠎ᠠ | ᠲᠠᠭᠤᠰᠬᠤ ᠶᠢ ᠪᠠᠳᠤᠯᠠᠨ᠎ᠠ︔ ᠦᠵᠡᠮᠵᠢ ᠶᠢᠨ ᠴᠢᠭ ᠤᠨ ᠪᠡᠶᠡᠴᠢᠯᠡᠨ ᠤᠶᠢᠯᠠᠭᠠᠬᠤ ᠵᠢᠭᠤᠯᠴᠢᠯᠠᠯ ᠤᠨ ᠲᠦᠷᠦᠯ | ᠵᠦᠢᠯ ᠢ ᠡᠯᠪᠡᠭᠵᠢᠬᠦᠯᠵᠦ ᠦᠨᠳᠦᠷ ᠴᠢᠨᠰᠠᠭᠠᠳᠤ ᠵᠢᠭᠤᠯᠴᠢᠯᠠᠯ ᠤᠨ ᠲᠠᠭᠤᠷᠢᠶᠠᠯ ᠡᠷᠦᠬᠡ ᠪᠠ ᠰᠡᠯᠡᠬᠦᠴᠡᠨ | ᠵᠢᠭᠤᠯᠴᠢᠯᠠᠬᠤ ᠮᠠᠯ ᠲᠠᠷᠢᠶᠠᠯᠠᠩ ᠤᠨ ᠳᠠᠯᠠᠪᠠᠢ ᠶᠢ 10 ᠡᠷᠦᠬᠡ ᠰᠢᠨ᠎ᠡ ᠪᠠᠷ ᠦᠭᠡᠷᠡᠴᠢᠯᠡᠨ ᠪᠠᠶᠢᠭᠤᠯᠵᠤ ᠮᠤᠩᠭᠤᠯ | ᠬᠢᠳᠠᠳ ᠡᠮ ᠡᠮᠨᠡᠯᠭᠡ ᠡᠷᠡᠬᠦᠯ ᠡᠩᠬᠡ ᠶᠢᠨ ᠵᠢᠭᠤᠯᠴᠢᠯᠠᠯ ᠤᠨ ᠲᠠᠭᠤᠷᠢᠶᠠᠯ ᠴᠢᠭ ᠶᠢ 1᠂ ᠦᠪᠡᠰᠦᠪᠡᠨ ᠲᠡᠷᠬᠡ | ᠵᠢᠯᠤᠭᠤᠳᠴᠦ ᠵᠤᠭᠠᠴᠠᠬᠤ ᠪᠠᠭᠤᠴᠠ ᠦᠷᠳᠡᠭᠡ ᠶᠢ 5 ᠪᠠᠶᠢᠭᠤᠯᠵᠤ ᠦᠪᠡᠷᠮᠢᠴᠡ ᠤᠨᠴᠠᠯᠢᠭᠳᠤ ᠬᠦᠳᠡᠭᠡ ᠨᠤᠳᠤᠭ | ᠤᠨ ᠵᠢᠭᠤᠯᠴᠢᠯᠠᠯ ᠤᠨ ᠲᠠᠭᠤᠷᠢᠶᠠᠯ ᠭᠠᠴᠠᠭ᠎ᠠ ᠲᠤᠰᠬᠤᠨ ᠢ 2 ᠪᠠᠶᠢᠭᠤᠯᠤᠨ ᠪᠦᠳᠦᠭᠡᠵᠦ᠂ ᠬᠦᠳᠡᠭᠡ ᠲᠤᠰᠬᠤᠨ ᠤ | ᠰᠤᠶᠤᠯ ᠵᠢᠭᠤᠯᠴᠢᠯᠠᠯ ᠠᠭᠤᠰᠤᠯᠴᠠᠨ ᠬᠦᠭᠵᠢᠬᠦ ᠶᠢ ᠲᠦᠯᠬᠢᠨ ᠠᠬᠢᠭᠤᠯᠤᠨ᠎ᠠ᠃ ᠵᠢᠭᠤᠯᠴᠢᠯᠠᠯ ᠤᠨ ᠪᠣᠷᠣᠯᠠᠭᠤᠯᠭ᠎ᠠ | ᠶᠢᠨ ᠤᠬᠠᠭᠤᠯᠭ᠎ᠠ ᠪᠠᠨ ᠴᠢᠩᠭᠠᠳᠬᠠᠵᠤ ᠤᠶᠢᠷ᠎ᠠ ᠬᠠᠪᠢ ᠶᠢᠨ ᠤᠷᠤᠨ ᠤ ᠵᠠᠬ᠎ᠠ ᠲᠡᠯᠭᠡᠬᠦᠷ ᠲᠤ ᠴᠢᠭᠯᠡᠬᠦᠯᠦᠨ | ᠤᠨᠤᠪᠴᠢᠳᠠᠢ ᠪᠤᠷᠤᠯᠠᠭᠤᠯᠭ᠎ᠠ ᠦᠷᠨᠢᠬᠦᠯᠵᠦ᠂ ᠨᠦᠯᠦᠬᠡᠯᠡᠬᠦ ᠬᠦᠴᠦᠨ ᠪᠠ ᠨᠡᠷ᠎ᠡ ᠠᠯᠳᠠᠷ ᠢᠶᠠᠨ ᠲᠡᠭᠡᠭᠰᠢᠯᠡᠬᠦᠯᠦᠨ᠎ᠡ᠃ | ᠨᠡᠭᠦᠷᠡᠰᠦᠨ ᠤ ᠪᠠᠷᠠᠭᠠᠨ ᠬᠦᠢᠯᠭᠡᠭᠡᠨ ᠤ ᠦᠢᠯᠡᠰ ᠤᠨ ᠬᠦᠭᠵᠢᠯᠳᠡ ᠶᠢ ᠲᠦᠯᠬᠢᠨ ᠠᠬᠢᠭᠤᠯᠵᠤ ᠲᠡᠮᠦᠷ ᠵᠠᠮ᠂ | ᠲᠡᠭᠡᠭᠡᠪᠦᠷᠢ ᠶᠢᠨ ᠦᠷᠳᠡᠭᠡ ᠶᠢ ᠵᠤᠬᠢᠰᠳᠠᠢ ᠪᠠᠶᠢᠷᠢᠯᠠᠭᠤᠯᠤᠨ᠎ᠠ᠃ ᠢᠨᠲ᠋ᠧᠷ ᠰᠦᠯᠵᠢᠶ᠎ᠡ ᠪᠠ ᠤᠯᠠᠮᠵᠢᠯᠠᠯᠳᠤ | ᠦᠢᠯᠡᠴᠢᠯᠡᠭᠡᠨ ᠤ ᠦᠢᠯᠡᠰ᠂ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠯᠦᠭᠡ ᠶᠢᠨ ᠠᠭᠤᠰᠤᠯᠴᠠᠯ ᠢ ᠲᠦᠯᠬᠢᠨ | ᠠᠬᠢᠭᠤᠯᠵᠤ᠂ ᠪᠦᠬᠦ ᠦᠢᠯᠡᠰ ᠢᠶᠠᠨ ᠬᠡᠷᠡᠭᠯᠡᠭᠡᠨ ᠤ ᠠᠮᠣᠷ ᠲᠦᠪᠰᠢᠨ ᠬᠤᠳᠠ ᠶᠢ ᠡᠬᠦᠳᠦᠨ ᠪᠠᠶᠢᠭᠤᠯᠬᠤ ᠪᠠᠷ | ᠲᠦᠯᠬᠢᠨ ᠠᠬᠢᠭᠤᠯᠵᠤ᠂ ᠨᠡᠶᠢᠬᠡᠮᠴᠢᠯᠡᠭᠰᠡᠨ ᠠᠰᠠᠷᠠᠮᠵᠢ ᠵᠡᠷᠬᠡ ᠰᠢᠨ᠎ᠡ ᠪᠠᠷ ᠮᠠᠨᠳᠤᠵᠤ ᠪᠠᠶᠢᠭ᠎ᠠ ᠦᠢᠯᠡᠴᠢᠯᠡᠭᠡᠨ ᠤ | ᠦᠢᠯᠡᠰ ᠢ ᠶᠡᠬᠡᠪᠡᠷ ᠬᠦᠭᠵᠢᠬᠦᠯᠦᠨ᠎ᠡ᠃ | ︵ᠲᠦᠷᠪᠡ︶ ᠬᠦᠳᠡᠭᠡ ᠲᠤᠰᠬᠤᠨ ᠢ ᠰᠡᠷᠬᠦᠭᠡᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠵᠦ᠂ | ᠮᠠᠯᠵᠢᠬᠤ ᠲᠠᠷᠢᠶᠠᠯᠠᠬᠤ ᠤᠷᠤᠨ ᠤ ᠬᠦᠭᠵᠢᠯᠳᠡ ᠶᠢᠨ ᠠᠮᠢᠵᠢᠷᠠᠯ ᠤᠨ ᠬᠦᠴᠦᠨ ᠢ ᠴᠢᠩᠭᠠᠳᠬᠠᠨ᠎ᠠ᠃ ᠠᠵᠤ ᠦᠢᠯᠡᠰ | ᠴᠡᠴᠡᠭᠯᠡᠨ ᠬᠦᠭᠵᠢᠵᠦ᠂ ᠤᠷᠤᠰᠢᠨ ᠰᠠᠭᠤᠷᠢᠰᠢᠬᠤ ᠳᠤ ᠲᠤᠬᠢᠳᠠᠢ᠂ ᠪᠤᠯᠪᠠᠰᠤᠨ ᠰᠤᠷᠳᠠᠯ ᠲᠠᠢ᠂ ᠴᠡᠭᠴᠡᠯᠡᠯᠳᠡ | ᠪᠦᠳᠦᠮᠵᠢᠳᠡᠢ᠂ ᠠᠮᠢᠳᠤᠷᠠᠯ ᠪᠠᠶᠠᠨ ᠲᠠᠩᠰᠤᠭ ᠪᠠᠶᠢᠬᠤ ᠶᠡᠷᠦᠩᠬᠡᠢ ᠱᠠᠭᠠᠷᠳᠠᠯᠭ᠎ᠠ ᠶᠤᠰᠤᠭᠠᠷ ᠬᠦᠳᠡᠭᠡ ᠲᠤᠰᠬᠤᠨ ᠢ | ᠰᠡᠷᠬᠦᠬᠡᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠲᠦᠯᠦᠪᠵᠢᠬᠦᠯᠭᠡ ᠶᠢ ᠨᠠᠶᠢᠷᠠᠭᠤᠯᠤᠨ ᠲᠤᠭᠳᠠᠭᠠᠵᠤ᠂ ᠬᠤᠳᠠ | ᠬᠦᠳᠡᠭᠡ ᠠᠭᠤᠰᠤᠯᠴᠠᠨ ᠭᠦᠭᠵᠢᠬᠦ ᠲᠤᠭᠳᠠᠴᠠ ᠶᠢ ᠪᠠᠶᠢᠭᠤᠯᠤᠨ ᠪᠦᠷᠢᠨᠰᠢᠬᠦᠯᠵᠦ᠂ ᠮᠠᠯᠵᠢᠬᠤ ᠲᠠᠷᠢᠶᠠᠯᠠᠬᠤ ᠤᠷᠤᠨ | ᠤ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠲᠦᠷᠦᠯ ᠤᠨ ᠠᠵᠤ ᠦᠢᠯᠡᠰ ᠢ ᠠᠭᠤᠰᠣᠯᠴᠠᠭᠤᠯᠣᠨ ᠬᠦᠭᠵᠢᠬᠦᠯᠵᠣ | ᠦᠵᠡᠰᠬᠦᠯᠡᠩᠳᠦ ᠰᠠᠶᠢᠬᠠᠨ ᠬᠦᠳᠡᠭᠡ ᠲᠤᠰᠬᠤᠨ ᠢ ᠪᠠᠶᠢᠭᠤᠯᠤᠨ᠎ᠠ᠃ | ᠤᠳᠤ ᠦᠶ᠎ᠡ ᠶᠢᠨ ᠮᠠᠯ ᠲᠠᠷᠢᠶᠠᠯᠠᠩ ᠤᠨ ᠦᠢᠯᠡᠰ ᠤᠨ ᠭᠦᠭᠵᠢᠯᠳᠡ ᠶᠢᠨ ᠴᠢᠨᠠᠷ ᠴᠢᠨᠰᠠᠭ᠎ᠠ ᠦᠷ᠎ᠡ | ᠪᠦᠳᠦᠮᠵᠢ ᠶᠢ ᠲᠡᠭᠡᠭᠰᠢᠯᠡᠬᠦᠯᠦᠨ᠎ᠡ᠃ ᠵᠠᠬ᠎ᠠ ᠲᠡᠯᠭᠡᠭᠦᠷ ᠤᠨ ᠬᠡᠷᠡᠭᠴᠡᠭᠡ ᠪᠠᠷ ᠵᠢᠯᠤᠭᠤᠳᠤᠮᠵᠢ ᠪᠤᠯᠭᠠᠵᠤ ᠮᠠᠯᠴᠢᠨ | ᠲᠠᠷᠢᠶᠠᠴᠢᠨ ᠢ ᠵᠢᠯᠤᠭᠤᠳᠤᠨ ᠲᠠᠷᠢᠵᠤ ᠦᠷᠡᠵᠢᠬᠦᠯᠬᠦ ᠪᠦᠳᠦᠴᠡ ᠶᠢ ᠰᠢᠯᠢᠳᠡᠭᠵᠢᠬᠦᠯᠦᠨ ᠰᠢᠨ᠎ᠡ ᠡᠭᠦᠯᠳᠡᠷ ᠤᠨ | ᠤᠷᠤᠭᠤᠯᠤᠯᠳᠠ ᠪᠠ ᠬᠡᠷᠡᠭᠯᠡᠭᠡᠨ ᠤ ᠮᠡᠷᠭᠡᠵᠢᠯ ᠤᠨ ᠲᠦᠭᠡᠮᠡᠯᠵᠢᠬᠦᠯᠦᠯᠳᠡ ᠶᠢ ᠴᠢᠩᠭᠠᠳᠬᠠᠵᠤ᠂ ᠮᠦᠬᠦᠯᠢᠭᠳᠦ ᠡᠷᠳᠡᠨᠢ | ᠰᠢᠰᠢ ᠶᠢᠨ ᠲᠠᠷᠢᠶ᠎ᠠ ᠶᠢ 2 ᠲᠦᠮᠡᠨ ᠮᠤ᠋ ᠬᠠᠰᠤᠵᠤ᠂ ᠵᠠᠳᠠᠭᠠᠢ ᠲᠠᠷᠢᠭᠰᠠᠨ ᠢᠳᠡᠰᠢᠨ ᠨᠤᠭᠤᠭ᠎ᠠ᠂ ᠲᠡᠵᠢᠭᠡᠯ | ᠪᠤᠷᠳᠤᠭ᠎ᠠ ᠶᠢᠨ ᠲᠠᠷᠢᠮᠠᠯ ᠲᠠᠷᠢᠬᠤ ᠪᠠᠨ ᠨᠡᠮᠡᠭᠳᠡᠬᠦᠯᠦᠨ᠎ᠡ᠃ ᠠᠮᠤ ᠪᠤᠳᠠᠭᠠᠨ ᠤ ᠦᠢᠯᠡᠳᠪᠤᠷᠢᠯᠡᠯ ᠤᠨ ᠴᠢᠳᠠᠮᠵᠢᠳᠤ | ᠤᠷᠤᠨ ᠢ 30 ᠲᠦᠮᠡᠨ ᠮᠤ᠋ ᠲᠦᠯᠦᠪᠯᠡᠨ ᠲᠤᠭᠳᠠᠭᠠᠵᠤ ᠡᠭᠡᠯᠵᠢᠯᠡᠬᠦᠯᠦᠨ ᠲᠠᠷᠢᠬᠤ ᠲᠠᠷᠢᠶᠠᠨ ᠭᠠᠵᠠᠷ ᠢ 3 ᠲᠦᠮᠡᠨ | ᠮᠤ᠋ ᠪᠠᠶᠢᠯᠭᠠᠵᠤ᠂ ᠲᠠᠷᠢᠶᠠᠨ ᠡᠮ᠂ ᠬᠢᠮᠢ ᠶᠢᠨ ᠪᠤᠷᠳᠤᠭᠤᠷ ᠤᠨ ᠬᠡᠷᠡᠭᠯᠡᠯᠳᠡ ᠶᠢ ᠪᠠᠭᠠᠰᠬᠠᠬᠤ ᠮᠡᠷᠭᠡᠵᠢᠯ ᠢ | ᠲᠡᠯᠭᠡᠷᠡᠬᠦᠯᠦᠨ ᠲᠠᠷᠢᠶᠠᠨ ᠭᠠᠵᠠᠷ ᠤᠨ ᠴᠢᠨᠠᠷ ᠢ ᠲᠡᠭᠡᠭᠰᠢᠯᠡᠬᠦᠯᠦᠨ᠎ᠡ᠃ ᠤᠳᠤ ᠦᠶ᠎ᠡ ᠶᠢᠨ ᠲᠠᠷᠢᠶᠠᠯᠠᠩ ᠤᠨ | ᠰᠠᠭᠤᠷᠢᠨ ᠭᠠᠵᠠᠷ ᠢ 3 ᠲᠦᠮᠡᠨ ᠮᠤ᠋ ᠪᠠᠶᠢᠭᠤᠯᠵᠤ ᠲᠦᠬᠦᠭᠡᠷᠤᠮᠵᠢᠳᠤ ᠲᠠᠷᠢᠶᠠᠯᠠᠩ ᠢ 200 ᠮᠤ᠋ ᠬᠦᠭᠵᠢᠬᠦᠯᠵᠦ | ᠦᠨᠳᠦᠷ ᠠᠰᠢᠭᠯᠠᠮᠵᠢᠳᠤ ᠤᠰᠤ ᠠᠷᠪᠢᠯᠠᠬᠤ ᠤᠰᠤᠯᠠᠯᠭ᠎ᠠ ᠶᠢ 1 ᠲᠦᠮᠡᠨ ᠮᠤ᠋ ᠲᠡᠯᠭᠡᠷᠡᠬᠦᠯᠦᠨ᠎ᠡ᠃ ᠤᠷᠳᠤᠰ ᠤᠨ | ᠨᠠᠷᠢᠨ ᠨᠤᠤᠰᠤᠳᠤ ᠬᠤᠨᠢ᠂ ᠠᠯᠠᠰᠢᠨ ᠦᠬᠡᠷ᠂ ᠭᠠᠭ᠋ᠠᠢ ᠵᠡᠷᠬᠡ ᠭᠤᠷᠪᠠᠨ ᠭᠤᠣᠯᠯᠠᠭᠴᠢ ᠠᠵᠤ ᠦᠢᠯᠡᠰ ᠤᠨ ᠴᠢᠨᠠᠷ | ᠴᠢᠨᠰᠠᠭ᠎ᠠ ᠦᠷ᠎ᠡ ᠠᠰᠢᠭ ᠢ ᠨᠡᠮᠡᠭᠳᠡᠬᠦᠯᠬᠦ ᠶᠢ ᠲᠦᠯᠬᠢᠨ ᠠᠬᠢᠭᠤᠯᠵᠤ᠂ ᠵᠢᠯ ᠤᠨ ᠲᠤᠳᠤᠷ᠎ᠠ ᠤᠳᠤ ᠦᠶ᠎ᠡ ᠶᠢᠨ ᠬᠡᠷ | ᠪᠦᠯᠢ ᠶᠢᠨ ᠮᠠᠯᠵᠢᠯ ᠤᠨ ᠳᠠᠯᠠᠪᠠᠢ ᠶᠢ 160 ᠡᠷᠦᠬᠡ᠂ ᠠᠯᠠᠰᠢᠨ ᠦᠬᠡᠷ ᠤᠨ ᠠᠵᠤ ᠦᠢᠯᠡᠰ ᠤᠨ ᠰᠠᠭᠤᠷᠢᠨ ᠭᠠᠵᠠᠷ | ᠢ 3᠂ 300 ᠲᠤᠯᠤᠭᠠᠢ ᠠᠴᠠ ᠲᠡᠭᠡᠭᠰᠢ ᠭᠠᠭ᠋ᠠᠢ ᠲᠡᠵᠢᠭᠡᠨ ᠠᠷᠠᠴᠢᠯᠠᠬᠤ ᠲᠤᠮᠤ ᠡᠷᠦᠬᠡ ᠶᠢ 8 ᠪᠣᠢ ᠪᠣᠯᠭᠠᠵᠣ᠂ | ᠮᠠᠯᠵᠢᠯ ᠤᠨ ᠣᠨ ᠤ ᠲᠡᠵᠢᠭᠡᠨ ᠮᠠᠯᠵᠢᠬᠤ ᠮᠠᠯ ᠤᠨ ᠲᠤᠭ᠎ᠠ ᠲᠤᠯᠤᠭᠠᠢ ᠶᠢ 210 ᠲᠦᠮᠡ ᠠᠴᠠ ᠲᠡᠭᠡᠭᠰᠢ | ᠪᠠᠶᠢᠯᠭᠠᠬᠤ ᠶᠢ ᠪᠠᠳᠤᠯᠠᠨ᠎ᠠ᠃ ᠰᠢᠷᠬᠤᠰᠣᠨ ᠪᠠᠯᠭᠠᠰᠤ᠂ ᠲᠤᠭ ᠪᠠᠯᠭᠠᠰᠤᠨ ᠤ ᠬᠦᠳᠡᠭᠡ ᠲᠤᠰᠬᠤᠨ ᠤ | ᠶᠡᠷᠦᠩᠬᠡᠶᠢᠯᠡᠭᠰᠡᠨ ᠴᠤᠭᠴᠠ ᠶᠢᠨ ᠪᠦᠳᠦᠭᠡᠨ ᠪᠠᠶᠢᠭᠤᠯᠤᠯᠳᠠ ᠶᠢ ᠲᠦᠯᠬᠢᠨ ᠠᠬᠢᠭᠤᠯᠵᠤ᠂ ᠦᠪᠡᠷᠮᠢᠴᠡ ᠣᠨᠴᠠᠯᠢᠭᠳᠣ | ᠮᠠᠯ ᠲᠠᠷᠢᠶᠠᠯᠠᠩ ᠤᠨ ᠦᠢᠯᠡᠰ᠂ ᠲᠠᠷᠢᠶᠠᠨ ᠠᠵᠢᠯ ᠢ ᠪᠡᠶᠡᠴᠢᠯᠡᠨ ᠤᠶᠢᠯᠠᠭᠠᠬᠤ᠂ ᠬᠦᠳᠡᠭᠡ ᠲᠤᠰᠬᠤᠨ ᠤ | ᠵᠢᠭᠤᠯᠴᠢᠯᠠᠯ ᠵᠡᠷᠬᠡ ᠲᠦᠭᠦᠬᠡᠷᠦᠮᠵᠢ ᠶᠢ ᠲᠡᠭᠦᠯᠳᠡᠷᠵᠢᠬᠦᠯᠵᠦ᠂ ᠮᠠᠯᠴᠢᠨ ᠲᠠᠷᠢᠶᠠᠴᠢᠨ ᠢ ᠲᠠᠭᠠᠭᠤᠯᠤᠨ ᠤᠯᠠᠨ | ᠡᠰᠢᠵᠢᠭᠰᠡᠨ ᠡᠵᠡᠩᠨᠡᠯᠳᠡ ᠬᠢᠯᠬᠡᠵᠦ ᠮᠠᠯᠵᠢᠬᠤ ᠲᠠᠷᠢᠶᠠᠯᠠᠬᠤ ᠤᠷᠤᠨ ᠤ ᠬᠦᠭᠵᠢᠯᠳᠡ ᠶᠢᠨ ᠰᠢᠨ᠎ᠡ ᠲᠦᠷᠢ ᠲᠦᠷᠬᠦ ᠶᠢ | ᠪᠣᠢ ᠪᠣᠯᠭᠠᠨ᠎ᠠ᠃ ᠮᠠᠯᠵᠢᠬᠤ ᠲᠠᠷᠢᠶᠠᠯᠠᠬᠤ ᠤᠷᠤᠨ ᠤ ᠬᠠᠮᠳᠤ ᠨᠡᠶᠢᠳᠡ ᠶᠢᠨ ᠦᠮᠴᠢᠯᠡᠬᠦ ᠡᠷᠬᠡ ᠶᠢᠨ ᠲᠦᠷᠢᠮ ᠤᠨ | ᠦᠭᠡᠷᠡᠴᠢᠯᠡᠯᠳᠡ ᠶᠢ ᠬᠠᠶᠢᠨ ᠰᠦᠪᠡᠭᠴᠢᠯᠡᠵᠦ᠂ ᠭᠠᠵᠠᠷ ᠰᠢᠷᠤᠢ ᠨᠤᠳᠤᠭ ᠪᠡᠯᠴᠢᠭᠡᠷ ᠤᠨ ᠡᠷᠬᠡ ᠶᠢ ᠲᠤᠭᠳᠠᠭᠠᠵᠤ | ᠲᠠᠩᠰᠠᠯᠠᠬᠤ ᠶᠢ ᠪᠡᠶᠡᠯᠡᠬᠦᠯᠦᠨ ᠭᠠᠵᠠᠷ ᠰᠢᠷᠤᠢ ᠨᠤᠳᠤᠭ ᠪᠡᠯᠴᠢᠭᠡᠷ ᠤᠨ ᠡᠵᠡᠩᠨᠡᠬᠦ ᠡᠷᠬᠡ ᠶᠢᠨ ᠡᠷᠬᠢᠯᠳᠤᠯ᠂ | ᠪᠠᠷᠢᠴᠠᠭᠠᠯᠠᠬᠤ ᠰᠤᠯᠢᠯᠴᠠᠭᠠᠨ ᠤ ᠲᠠᠪᠴᠠᠩ ᠪᠠᠶᠢᠭᠤᠯᠵᠤ᠂ ᠲᠤᠬᠢᠷᠠᠮᠵᠢᠳᠠᠢ ᠬᠡᠪᠴᠢᠶᠡᠵᠢᠯ ᠤᠨ ᠡᠵᠡᠩᠨᠡᠯᠳᠡ ᠬᠢᠬᠦ ᠶᠢ | ᠵᠤᠷᠢᠭᠵᠢᠭᠤᠯᠤᠨ ᠬᠦᠭᠵᠢᠬᠦᠯᠦᠨ᠎ᠡ᠃ ᠤᠯᠠᠭᠠᠨ ᠢᠳᠡᠭᠡᠨ ᠢ ᠨᠠᠷᠢᠯᠢᠭ ᠪᠤᠯᠪᠠᠰᠤᠷᠠᠭᠤᠯᠬᠤ ᠴᠢᠳᠠᠮᠵᠢ ᠶᠢ 4 ᠲᠦᠮᠡᠨ | ᠲᠤᠨᠨᠠ ᠨᠡᠮᠡᠭᠳᠡᠬᠦᠯᠵᠦ ᠰᠢᠨ᠎ᠡ ᠰᠤᠷᠭᠤᠭ ᠢ ᠪᠠᠳᠤᠯᠠᠬᠤ ᠪᠠ ᠨᠦᠭᠡᠴᠡᠯᠡᠨ ᠬᠠᠳᠠᠭᠠᠯᠠᠬᠤ ᠵᠡᠷᠬᠡ ᠲᠦᠭᠦᠭᠡᠷᠦᠮᠵᠢ ᠶᠢᠨ | ᠪᠠᠶᠢᠭᠤᠯᠤᠯᠳᠠ ᠶᠢ ᠲᠦᠯᠬᠢᠨ ᠠᠬᠢᠭᠤᠯᠵᠤ᠂ ᠮᠠᠯ ᠲᠠᠷᠢᠶᠠᠯᠠᠩ ᠤᠨ ᠪᠦᠳᠦᠭᠡᠭᠳᠡᠬᠦᠨ ᠤ ᠴᠠᠭ ᠰᠤᠯᠢᠪᠴᠢᠨ ᠦᠨ᠎ᠡ | ᠲᠤᠭᠳᠠᠭᠠᠬᠤ ᠴᠢᠳᠠᠪᠤᠷᠢ ᠶᠢ ᠲᠡᠭᠡᠭᠰᠢᠯᠡᠬᠦᠯᠦᠨ᠎ᠡ᠃ ᠪᠦᠬᠦ ᠣᠯᠣᠰ ᠤᠨ ᠣᠷᠭᠠᠨᠢᠭ ᠢᠳᠡᠬᠡᠨ ᠤ ᠳᠠᠭᠤᠷᠢᠶᠠᠯ | ᠬᠤᠰᠢᠭᠤ ᠶᠢ ᠡᠬᠦᠳᠣᠨ ᠪᠠᠶᠢᠭᠤᠯᠬᠤ ᠠᠵᠢᠯ ᠢ ᠡᠬᠢᠯᠡᠬᠦᠯᠵᠣ ᠮᠠᠯ ᠲᠠᠷᠢᠶᠠᠯᠠᠩ ᠤᠨ ᠪᠦᠳᠦᠭᠡᠭᠳᠡᠬᠦᠨ ᠤ ᠲᠠᠸᠠᠷ ᠤᠨ | ᠲᠡᠮᠳᠡᠭ ᠢ ᠰᠢᠯᠢᠳᠡᠭᠵᠢᠬᠦᠯᠬᠦ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠵᠦ᠂ ᠤᠷᠤᠨ ᠨᠤᠳᠤᠭ ᠤᠨ ᠲᠦᠯᠦᠭᠡᠯᠡᠭᠴᠢ | ᠪᠦᠳᠦᠭᠡᠭᠳᠡᠬᠦᠨ ᠢ 1᠂ ᠪᠤᠬᠢᠷᠳᠤᠯ ᠦᠬᠡᠢ ᠢᠳᠡᠭᠡᠨ ᠢ 4 ᠰᠢᠨ᠎ᠡ ᠪᠠᠷ ᠭᠤᠶᠤᠪᠴᠢᠯᠠᠵᠤ᠂ ᠦᠪᠡᠷᠳᠡᠭᠡᠨ ᠵᠠᠰᠠᠬᠤ | ᠤᠷᠤᠨ ᠤ ᠨᠡᠷᠡᠳᠦ ᠰᠢᠯᠢᠳᠡᠭ ᠤᠨᠴᠠ ᠪᠦᠳᠦᠭᠡᠭᠳᠡᠬᠦᠨ ᠢ 2 ᠪᠣᠢ ᠪᠣᠯᠭᠠᠵᠣ᠂ ︽ᠦᠦᠰᠢᠨ ᠭᠠᠷᠣᠯᠳᠠ︾ ᠶᠢ | ᠲᠦᠮᠡ ᠮᠢᠩᠭᠠᠨ ᠡᠷᠦᠬᠡ ᠳᠤ ᠮᠡᠳᠡᠬᠦᠯᠦᠨ᠎ᠡ᠃ | ᠮᠠᠯᠵᠢᠬᠤ ᠲᠠᠷᠢᠶᠠᠯᠠᠬᠤ ᠤᠷᠤᠨ ᠤ ᠭᠦᠭᠵᠢᠯᠳᠡ ᠶᠢᠨ ᠤᠷᠴᠢᠨ ᠢ ᠰᠢᠯᠢᠳᠡᠭᠵᠢᠬᠦᠯᠦᠨ᠎ᠡ᠃ ᠦᠵᠡᠰᠬᠦᠯᠡᠩᠳᠦ | ᠰᠠᠶᠢᠬᠠᠨ ᠬᠦᠳᠡᠭᠡ ᠲᠤᠰᠬᠤᠨ ᠢ ᠲᠦᠰᠦᠪᠯᠡᠬᠦ ᠲᠤᠭᠳᠠᠴᠠ ᠶᠢ ᠪᠠᠶᠢᠭᠤᠯᠤᠨ ᠡᠯ᠎ᠡ ᠰᠤᠮᠤ ᠪᠠᠯᠭᠠᠰᠤᠨ ᠤ ᠬᠤᠭᠤᠯᠠᠢ | ᠲᠤᠤᠷ᠂ ᠪᠤᠬᠢᠷ ᠭᠠᠳᠠᠭᠰᠢᠯᠠᠭᠤᠯᠬᠤ᠂ ᠵᠡᠬᠡᠯᠢ ᠭᠤᠳᠤᠮᠵᠢ᠂ ᠠᠮᠢᠳᠤᠷᠠᠯ ᠤᠨ ᠬᠠᠶᠠᠭᠳᠠᠮᠠᠯ ᠢ ᠠᠶᠤᠯᠬᠦᠢ | ᠰᠢᠢᠳᠪᠤᠷᠢᠯᠡᠬᠦ ᠵᠡᠷᠬᠡ ᠰᠠᠭᠤᠷᠢ ᠲᠦᠭᠦᠭᠡᠷᠦᠮᠵᠢ ᠶᠢ ᠲᠡᠭᠦᠯᠳᠡᠷᠵᠢᠬᠦᠯᠵᠦ᠂ ᠰᠤᠮᠤ ᠪᠠᠯᠭᠠᠰᠤᠨ ᠤ ᠪᠣᠷᠣ ᠬᠡᠷᠳᠣ | ᠳᠣᠭᠤᠷᠢᠭ ᠤᠨ ᠦᠬᠡᠷᠡᠴᠢᠯᠡᠯᠳᠡ ᠶᠢ ᠬᠡᠷᠡᠭᠵᠢᠬᠦᠯᠵᠦ᠂ ᠠᠭᠤᠷᠬᠠᠢ ᠶᠢᠨ ᠤᠷᠤᠨ ᠤ ᠠᠩᠬ᠎ᠠ ᠮᠠᠯᠳᠠᠬᠤ ᠭᠠᠵᠠᠷ | ᠪᠤᠯᠤᠨ ᠬᠠᠳᠠᠭᠤᠴᠠᠶᠢᠳᠠᠮ ᠤᠰᠤᠨ ᠰᠤᠷᠪᠤᠯᠵᠢ ᠶᠢᠨ ᠣᠷᠣᠨ ᠤ ᠠᠷᠠᠳ ᠢ ᠨᠡᠬᠦᠯᠭᠡᠨ ᠲᠦᠪᠬᠢᠨᠡᠬᠦᠯᠬᠦ ᠠᠵᠢᠯ ᠢ | ᠡᠬᠢᠯᠡᠬᠦᠯᠵᠦ᠂ ᠦᠪᠡᠷᠮᠢᠴᠡ ᠤᠨᠴᠠᠯᠢᠭᠳᠤ ᠵᠢᠵᠢᠭ ᠪᠠᠯᠭᠠᠰᠤ ᠶᠢ ᠪᠦᠳᠦᠭᠡᠨ ᠪᠠᠶᠢᠭᠤᠯᠤᠨ᠎ᠠ᠃ ᠤᠷᠤᠨ ᠰᠠᠭᠤᠴᠠ | ᠶᠢᠨ ᠤᠷᠴᠢᠨ ᠲᠤᠭᠤᠷᠢᠨ ᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭᠠᠨ ᠢ ᠦᠷᠨᠢᠬᠦᠯᠵᠦ ᠪᠠᠯᠭᠠᠰᠤᠨ | ᠲᠤᠭᠤᠷᠢᠭ᠂ ᠰᠠᠭᠤᠭᠠᠯᠢ ᠠᠷᠠᠳ ᠤᠨ ᠲᠦᠪᠯᠡᠷᠡᠯ ᠤᠨ ᠴᠢᠭ ᠪᠤᠯᠤᠨ ᠵᠠᠮ ᠱᠤᠭᠤᠮ ᠲᠠᠭᠠᠤ ᠶᠢᠨ ᠤᠷᠴᠢᠨ | ᠲᠤᠭᠤᠷᠢᠨ ᠤ ᠶᠡᠷᠦᠩᠬᠡᠶᠢᠯᠡᠭᠰᠡᠨ ᠵᠠᠰᠠᠯᠳᠠ ᠶᠢ ᠴᠢᠩᠭᠠᠳᠬᠠᠵᠤ᠂ ︽ᠵᠤᠷᠯᠤᠩ ᠤᠨ ᠬᠤᠪᠢᠰᠬᠠᠯ︾ ᠢ ᠠᠬᠢᠭᠤᠯᠤᠨ | ᠰᠤᠮᠤ ᠪᠠᠯᠭᠠᠰᠤ᠂ ᠦᠵᠡᠮᠵᠢ ᠶᠢᠨ ᠤᠷᠤᠨ᠂ ᠮᠠᠯᠴᠢᠨ ᠲᠠᠷᠢᠶᠠᠴᠢᠨ ᠡᠷᠦᠬᠡ ᠳᠤ ᠤᠰᠤ ᠪᠠᠷ ᠵᠠᠶᠢᠯᠬᠤ ᠬᠡᠯᠪᠠᠷᠢ ᠶᠢᠨ | ᠵᠤᠷᠯᠤᠩ ᠪᠠᠶᠢᠭᠤᠯᠬᠤ ᠶᠢ ᠲᠡᠯᠭᠡᠷᠡᠬᠦᠯᠦᠨ᠎ᠡ᠃ ᠮᠠᠯᠵᠢᠬᠤ ᠲᠠᠷᠢᠶᠠᠯᠠᠬᠤ ᠤᠷᠤᠨ ᠤ ᠵᠠᠰᠠᠮᠠᠯ ᠵᠠᠮ ᠲᠡᠪᠢᠰᠬᠦ᠂ | ᠬᠠᠮᠢᠶᠠᠷᠬᠤ᠂ ᠠᠷᠠᠴᠢᠯᠠᠬᠤ᠂ ᠲᠡᠭᠡᠭᠡᠪᠦᠷᠢᠯᠡᠬᠦ ᠬᠢᠷᠢ ᠲᠦᠪᠰᠢᠨ ᠢ ᠲᠡᠭᠡᠭᠰᠢᠯᠡᠬᠦᠯᠦᠨ᠎ᠡ᠃ ᠮᠠᠯᠵᠢᠬᠤ ᠲᠠᠷᠢᠶᠠᠯᠠᠬᠤ | ᠤᠷᠤᠨ ᠤ ᠴᠠᠬᠢᠯᠭᠠᠨ ᠲᠤᠤᠷ ᠢ 680 ᠺᠢᠯᠤᠮᠧᠲᠷ ᠰᠢᠨ᠎ᠡ ᠪᠠᠷ ᠪᠠᠶᠢᠭᠤᠯᠬᠤ ᠪᠤᠶᠤ ᠦᠭᠡᠷᠡᠴᠢᠯᠡᠨ ᠪᠠᠶᠢᠭᠤᠯᠵᠤ᠂ | ᠮᠣᠣᠪᠣᠯᠠᠭ ᠤᠨ 35 ᠺᠢᠯᠤᠸᠤᠯᠲ ᠵᠡᠷᠬᠡ 5 ᠴᠠᠬᠢᠯᠭᠠᠨ ᠬᠦᠷᠬᠡᠵᠣ ᠬᠤᠪᠢᠰᠬᠠᠬᠤ ᠢᠨᠵᠧᠨᠧᠷᠢᠩ ᠠᠰᠢᠭᠯᠠᠯᠳᠠ ᠳᠤ | ᠤᠷᠤᠬᠤ ᠶᠢ ᠪᠠᠳᠤᠯᠠᠨ᠎ᠠ᠃ ︽ᠰᠢᠳᠠᠮᠠᠬᠠᠢ ᠬᠡᠢ ᠶᠢ ᠲᠦᠬᠡᠮᠡᠯᠵᠢᠬᠦᠯᠦᠭᠰᠡᠨ ᠦᠦᠰᠢᠨ︾ ᠢ ᠲᠦᠯᠬᠢᠨ ᠠᠬᠢᠭᠤᠯᠵᠤ᠂ | ᠠᠭᠠᠷ ᠰᠠᠯᠬᠢᠨ ᠤ ᠡᠨᠧᠷᠬᠢ᠂ ᠨᠠᠷᠠᠨ ᠡᠨᠧᠷᠬᠢ ᠵᠡᠷᠬᠡ ᠰᠢᠨ᠎ᠡ ᠬᠡᠯᠪᠡᠷᠢ ᠶᠢᠨ ᠡᠨᠧᠷᠬᠢ ᠶᠢᠨ ᠬᠡᠷᠡᠭᠯᠡᠯᠳᠡ ᠶᠢ | ᠲᠡᠯᠭᠡᠷᠡᠬᠦᠯᠵᠦ᠂ ᠮᠠᠯᠵᠢᠬᠤ ᠲᠠᠷᠢᠶᠠᠯᠠᠬᠤ ᠤᠷᠤᠨ ᠤ ᠴᠡᠪᠡᠷ ᠡᠨᠧᠷᠬᠢ ᠶᠢᠨ ᠬᠡᠷᠡᠭᠯᠡᠬᠦ ᠨᠤᠷᠮ᠎ᠠ ᠶᠢ ᠨᠡᠮᠡᠭᠳᠡᠬᠦᠯᠦᠨ᠎ᠡ᠃ | ᠲᠤᠭᠠᠴᠠᠯᠠᠭᠰᠠᠨ ᠬᠦᠳᠡᠭᠡ ᠲᠤᠰᠬᠤᠨ ᠤ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠵᠦ᠂ ᠮᠠᠯᠵᠢᠬᠤ ᠲᠠᠷᠢᠶᠠᠯᠠᠬᠤ | ᠤᠷᠤᠨ ᠤ ᠰᠤᠷᠠᠭ ᠵᠠᠩᠬᠢ ᠶᠢᠨ ᠲᠤᠤᠷ ᠰᠦᠯᠵᠢᠶᠡᠨ ᠤ ᠪᠦᠷᠬᠦᠴᠡ ᠶᠢ ᠠᠬᠢᠭᠤᠯᠤᠨ᠎ᠠ᠃ ᠲᠧᠭᠨᠢᠭ ᠮᠡᠷᠭᠡᠵᠢᠯ ᠤᠨ | ᠦᠢᠯᠡᠴᠢᠯᠡᠭᠡᠨ ᠤ ᠲᠤᠭᠳᠠᠴᠠ ᠶᠢ ᠪᠦᠷᠢᠨᠰᠢᠬᠦᠯᠵᠦ ᠮᠦᠩᠭᠦᠨ ᠬᠦᠢᠯᠭᠡᠭᠡ᠂ ᠲᠠᠭᠠᠳᠬᠠᠯ᠂ ᠲᠦᠷᠬᠡᠨ ᠬᠦᠷᠭᠡᠯᠳᠡ | ᠵᠡᠷᠬᠡ ᠶᠢᠨ ᠬᠦᠳᠡᠭᠡ ᠪᠠᠭᠤᠵᠤ ᠭᠠᠴᠠᠭ᠎ᠠ ᠲᠤᠰᠬᠤᠨ ᠳᠤ ᠤᠷᠤᠬᠤ ᠶᠢ ᠵᠤᠷᠢᠭᠵᠢᠭᠤᠯᠤᠨ ᠲᠡᠮᠵᠢᠵᠤ ᠮᠠᠯᠴᠢᠨ | ᠲᠠᠷᠢᠶᠠᠴᠢᠨ ᠳᠤ ᠤᠯᠠᠨ ᠶᠠᠩᠵᠤᠳᠤ ᠦᠢᠯᠡᠴᠢᠯᠡᠭᠡ ᠬᠠᠩᠭᠠᠨ᠎ᠠ᠃ | ᠮᠠᠯᠵᠢᠬᠤ ᠲᠠᠷᠢᠶᠠᠯᠠᠬᠤ ᠤᠷᠤᠨ ᠤ ᠨᠡᠶᠢᠬᠡᠮ ᠤᠨ ᠵᠠᠰᠠᠯᠳᠠ ᠶᠢᠨ ᠬᠢᠷᠢ ᠲᠦᠪᠰᠢᠨ ᠢ ᠲᠡᠭᠡᠭᠰᠢᠯᠡᠬᠦᠯᠦᠨ᠎ᠡ᠃ | ᠭᠠᠴᠠᠭ᠎ᠠ ᠲᠤᠰᠬᠤᠨ ᠤ ᠬᠤᠭᠤᠴᠠᠭ᠎ᠠ ᠰᠤᠯᠢᠬᠤ ᠰᠣᠩᠭᠤᠭᠤᠯᠢ ᠶᠢᠨ ᠠᠵᠢᠯ ᠢ ᠪᠠᠳᠤᠳᠠᠢ ᠰᠠᠶᠢᠨ ᠬᠢᠵᠦ ᠤᠯᠤᠰ | ᠲᠦᠷᠦ ᠶᠢᠨ ᠢᠳᠡᠭᠡᠯ ᠪᠢᠰᠢᠷᠡᠯ ᠪᠠᠳᠤ᠂ ᠤᠯᠠᠨ ᠲᠥᠮᠡᠨᠴᠢ ᠰᠠᠭᠤᠷᠢ ᠰᠠᠶᠢᠨ᠂ ᠤᠯᠠᠨ ᠢ ᠲᠠᠶᠢᠴᠢᠯᠠᠨ ᠪᠠᠶᠠᠵᠢᠯ ᠢᠶᠠᠷ | ᠵᠠᠮᠨᠠᠵᠤ ᠲᠡᠶᠢᠯᠬᠦ ᠭᠠᠴᠠᠭ᠎ᠠ ᠲᠤᠰᠬᠤᠨ ᠤ ︽ᠭᠤᠷᠪᠠᠨ ᠵᠦᠪᠯᠡᠯ︾ ᠤᠨ ᠪᠠᠭ ᠢ ᠵᠣᠬᠢᠶᠠᠨ ᠪᠠᠶᠢᠭᠤᠯᠤᠨ᠎ᠠ᠃ | ᠭᠠᠴᠠᠭ᠎ᠠ ᠲᠤᠰᠬᠤᠨ ᠱᠠᠳᠣᠨ ᠤ ᠡᠷᠬᠡ ᠶᠢᠨ ᠲᠠᠩᠰᠠ ᠶᠢᠨ ᠲᠦᠷᠢᠮ ᠢ ᠬᠠᠶᠢᠨ ᠰᠦᠪᠡᠭᠴᠢᠯᠡᠵᠦ᠂ ᠭᠠᠴᠠᠭ᠎ᠠ | ᠲᠤᠰᠬᠤᠨ ᠤ ᠡᠷᠬᠡ ᠶᠢ ᠲᠦᠷᠢᠮᠵᠢᠬᠦᠯᠦᠨ᠎ᠡ᠃ ᠰᠢᠨ᠎ᠡ ᠬᠡᠯᠪᠡᠷᠢ ᠶᠢᠨ ᠲᠤᠰᠬᠠᠶᠢᠵᠢᠭᠰᠠᠨ ᠮᠠᠯᠴᠢᠨ ᠲᠠᠷᠢᠶᠠᠴᠢᠨ ᠢ | ᠬᠦᠮᠦᠵᠢᠬᠦᠯᠬᠦ ᠢᠨᠵᠧᠨᠧᠷᠢᠩ ᠢ ᠬᠡᠷᠡᠭᠵᠢᠬᠦᠯᠵᠦ ᠤᠳᠤᠬᠢᠴᠢᠯᠠᠭᠰᠠᠨ ᠦᠢᠯᠡᠳᠪᠤᠷᠢᠯᠡᠯ ᠡᠵᠡᠩᠨᠡᠯᠳᠡ ᠳᠤ ᠲᠤᠬᠢᠷᠠᠭᠰᠠᠨ | ᠰᠢᠨ᠎ᠡ ᠬᠡᠯᠪᠡᠷᠢ ᠶᠢᠨ ᠮᠠᠯᠴᠢᠨ ᠲᠠᠷᠢᠶᠠᠴᠢᠨ ᠤ ᠡᠩᠨᠡᠭᠡ ᠶᠢ ᠬᠦᠭᠵᠢᠬᠦᠯᠦᠨ ᠪᠤᠵᠠᠭᠠᠶᠢᠷᠠᠭᠤᠯᠤᠨ᠎ᠠ᠃ ᠬᠦᠳᠡᠭᠡ | ᠲᠤᠰᠬᠤᠨ ᠤ ᠪᠤᠯᠪᠠᠰᠤᠨ ᠰᠤᠷᠳᠠᠯ ᠢ ᠲᠡᠭᠡᠭᠰᠢᠯᠡᠬᠦᠯᠬᠦ ᠠᠵᠢᠯᠯᠠᠭᠠᠨ ᠢ ᠬᠦᠨᠵᠡᠭᠡᠢ ᠨᠠᠶᠢᠳᠠᠪᠤᠷᠢᠵᠢᠭᠤᠯᠵᠤ ᠪᠤᠯᠪᠠᠰᠤᠨ | ᠬᠡᠷ ᠪᠦᠯᠢ ᠵᠡᠷᠬᠡ ᠤᠯᠠᠨ ᠲᠦᠮᠡᠨᠴᠢ ᠴᠢᠨᠠᠷᠳᠠᠢ ᠤᠶᠤᠨ ᠤ ᠪᠤᠯᠪᠠᠰᠤᠨ ᠢ ᠡᠬᠦᠳᠬᠦ ᠠᠵᠢᠯᠯᠠᠭᠠᠨ ᠦᠷᠨᠢᠬᠦᠯᠵᠦ᠂ | ᠶᠡᠬᠡᠪᠡᠷ ᠲᠡᠪᠵᠢᠶᠡᠷᠡᠬᠦᠯᠦᠨ ᠵᠤᠴᠢᠯᠠᠬᠤ᠂ ᠪᠦᠷᠢᠯᠭᠡᠨ ᠰᠦᠢᠳᠭᠡᠬᠦ ᠵᠡᠷᠬᠡ ᠬᠤᠴᠣᠷᠣᠩᠭᠤᠢ ᠪᠣᠯᠬᠢ ᠵᠠᠩᠰᠢᠯ ᠢ | ᠲᠠᠶᠠᠭᠳᠠᠵᠤ᠂ ᠬᠡᠪ ᠰᠣᠷᠳᠠᠯ ᠢᠶᠠᠨ ᠦᠬᠡᠷᠡᠴᠢᠯᠡᠬᠦ ᠶᠢ ᠲᠦᠯᠬᠢᠨ ᠠᠬᠢᠭᠤᠯᠵᠤ᠂ ᠬᠦᠳᠡᠭᠡ ᠨᠤᠳᠤᠭ ᠤᠨ ᠪᠤᠯᠪᠠᠰᠤᠨ | ᠰᠤᠷᠳᠠᠯ᠂ ᠬᠡᠷ ᠤᠨ ᠰᠢᠯᠢᠳᠡᠭ ᠰᠤᠷᠳᠠᠯ᠂ ᠠᠷᠠᠳ ᠤᠨ ᠪᠤᠷᠤᠭᠵᠢᠭᠤᠨ ᠰᠤᠷᠳᠠᠯ ᠢ ᠶᠡᠭᠡ ᠬᠦᠴᠦᠨ ᠢᠶᠠᠷ | ᠬᠦᠮᠦᠵᠢᠬᠦᠯᠦᠨ᠎ᠡ᠃ | ︵ᠲᠠᠪᠤ︶ ᠬᠤᠲᠠ ᠪᠠᠯᠭᠠᠰᠤᠨ ᠤ ᠴᠢᠳᠠᠪᠬᠢ ᠲᠣᠨᠤᠭ ᠲᠥᠬᠦᠭᠡᠷᠤᠮᠵᠢ ᠶᠢ ᠲᠡᠭᠦᠯᠳᠡᠷᠵᠢᠭᠦᠯᠤᠨ ᠬᠤᠲᠠ ᠶᠢᠨ | ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠲᠥᠪᠰᠢᠨ ᠢ ᠳᠡᠭᠡᠭᠰᠢᠯᠡᠭᠦᠯᠤᠨ᠎ᠡ᠃ ᠪᠥᠬᠦ ᠤᠯᠤᠰ ᠤᠨ ᠪᠤᠯᠪᠠᠰᠤᠨ | ᠬᠤᠲᠠ ᠶᠢ ᠪᠠᠶᠢᠭᠤᠯᠬᠤ ᠪᠠᠷ ᠭᠠᠷᠳᠠᠴᠠ ᠪᠣᠯᠭᠠᠨ ᠬᠤᠲᠠ ᠶᠢᠨ ᠬᠥᠭᠵᠢᠯᠲᠡ ᠶᠢᠨ ᠣᠷᠴᠢᠨ ᠪᠠ ᠣᠯᠠᠨ ᠲᠥᠮᠡᠨ ᠤ | ᠠᠮᠢᠳᠤᠷᠠᠯ ᠤᠨ ᠣᠷᠴᠢᠨ ᠢ ᠬᠦᠴᠦᠯᠡᠨ ᠰᠢᠯᠢᠳᠡᠭᠵᠢᠭᠦᠯᠵᠦ ᠬᠤᠲᠠ ᠶᠢᠨ ᠪᠤᠯᠪᠠᠰᠤᠨ ᠤ ᠬᠡᠮᠵᠢᠶ᠎ᠡ ᠪᠠ ᠬᠤᠲᠠ ᠶᠢᠨ | ᠠᠷᠠᠳ ᠤᠨ ᠪᠣᠯᠪᠠᠰᠤᠨ ᠬᠡᠪ ᠰᠣᠷᠳᠠᠯ ᠤᠨ ᠬᠤᠣᠰ ᠳᠡᠭᠡᠭᠰᠢᠯᠡᠭᠦᠯᠦᠯᠲᠡ ᠶᠢ ᠪᠡᠶᠡᠯᠡᠭᠦᠯᠤᠨ᠎ᠡ᠃ | ᠬᠤᠲᠠ ᠶᠢᠨ ᠴᠢᠳᠠᠪᠬᠢ ᠶᠢ ᠲᠥᠬᠦᠷᠵᠢᠭᠦᠯᠦᠨ ᠲᠡᠭᠦᠯᠳᠡᠷᠵᠢᠭᠦᠯᠦᠨ᠎ᠡ᠃ ᠰᠤᠪᠤᠷᠭ᠎ᠠ ᠵᠡᠭᠡᠯᠢ ᠪᠠ ᠣᠢ ᠶᠢᠨ | ᠰᠡᠬᠦᠳᠡᠷᠳᠣ ᠵᠠᠮ ᠢ ᠥᠭᠡᠷᠡᠴᠢᠯᠡᠨ ᠪᠠᠶᠢᠭᠤᠯᠵᠤ ᠭᠠᠯᠠᠭᠤᠲᠤ ᠶᠡᠷᠥᠩᠬᠡᠶᠢᠯᠡᠭᠰᠡᠨ ᠪᠠᠷᠠᠭᠠᠨ ᠭᠦᠢᠯᠭᠡᠭᠡᠨ ᠤ | ᠲᠣᠭᠤᠷᠢᠭ ᠠᠴᠠ ᠭᠠᠯᠲᠤ ᠲᠡᠷᠭᠡᠨ ᠥᠷᠲᠡᠭᠡ ᠬᠦᠷᠬᠦ ᠱᠤᠭᠤᠮ ᠤᠨ ᠪᠠᠶᠢᠭᠤᠯᠤᠯᠲᠠ ᠶᠢ ᠡᠬᠢᠯᠡᠭᠦᠯᠦᠨ᠎ᠡ᠃ ᠭᠠᠯᠠᠭᠤᠲᠤ | ᠪᠠᠯᠭᠠᠰᠤᠨ ᠤ ᠪᠣᠬᠢᠷ ᠤᠰᠤ ᠰᠢᠢᠳᠪᠥᠷᠢᠯᠡᠬᠦ ᠲᠠᠯᠠᠪᠦᠷ ᠤᠨ ᠪᠣᠬᠢᠷ ᠤᠰᠤ ᠶᠢ ᠴᠡᠪᠡᠷᠰᠢᠭᠦᠯᠦᠨ ᠳᠠᠬᠢᠨ ᠠᠰᠢᠭᠯᠠᠬᠤ | ᠪᠠᠷᠢᠮᠵᠢᠶ᠎ᠠ ᠶᠢ ᠳᠡᠭᠡᠭᠰᠢᠯᠡᠭᠦᠯᠬᠦ ᠥᠭᠡᠷᠡᠴᠢᠯᠡᠯᠲᠠ ᠶᠢ ᠪᠡᠶᠠᠯᠡᠭᠦᠯᠵᠤ ᠶᠥᠩ ᠲᠠᠢ ᠪᠥᠯᠦᠭᠯᠡᠯ ᠤᠨ ᠢᠯᠴᠢ ᠴᠠᠬᠢᠯᠭᠠᠨ | ᠬᠠᠮᠲᠤᠷᠠᠭᠰᠠᠨ ᠲᠥᠷᠦᠯ ᠵᠦᠢᠯ ᠢ ᠠᠰᠢᠭᠯᠠᠯᠲᠠ ᠳᠤ ᠣᠷᠣᠭᠤᠯᠵᠤ᠂ ᠡᠯ᠎ᠡ ᠲᠥᠷᠥᠯ ᠤᠨ ᠬᠤᠭᠤᠯᠠᠢ ᠲᠣᠣᠷ ᠢ 36 | ᠺᠢᠯᠣᠮᠧᠲᠷ ᠲᠡᠪᠢᠰᠴᠦ᠂ ᠰᠢᠨ᠎ᠡ ᠪᠠᠷ 18 ᠲᠥᠮᠡᠨ ᠲᠡᠭᠰᠢ ᠲᠥᠷᠪᠡᠯᠵᠢᠨ ᠮᠧᠲᠷ ᠲᠥᠪᠯᠡᠷᠡᠭᠦᠯᠤᠨ ᠳᠤᠯᠠᠭᠠᠯᠠᠯᠭ᠎ᠠ | ᠬᠠᠩᠭᠠᠵᠤ᠂ ᠪᠠᠯᠭᠠᠰᠣᠨ ᠳᠣᠭᠤᠷᠢᠭ ᠤᠨ 21 ᠲᠥᠮᠡᠨ ᠲᠡᠭᠰᠢ ᠲᠥᠷᠪᠡᠯᠵᠢᠨ ᠮᠧᠲᠷ ᠭᠠᠵᠠᠷ ᠢ ᠰᠢᠨ᠎ᠡ ᠪᠠᠷ | ᠬᠠᠲᠠᠭᠤᠵᠢᠭᠤᠯᠤᠨ ᠲᠡᠪᠢᠰᠴᠦ᠂ ᠤᠰᠤ ᠪᠠᠷ ᠵᠠᠶᠢᠯᠬᠤ ᠬᠡᠯᠪᠡᠷᠢ ᠶᠢᠨ ᠵᠣᠷᠯᠣᠩ ᠢ 26 ᠰᠢᠨ᠎ᠡ ᠪᠠᠷ ᠪᠠᠶᠢᠭᠤᠯᠵᠤ᠂ | ᠵᠠᠮ ᠤᠨ ᠳ᠋ᠧᠩ ᠢ 230 ᠤᠭᠰᠠᠷᠠᠵᠤ ᠳᠤᠯᠠᠭᠠᠯᠠᠯᠭ᠎ᠠ ᠬᠠᠩᠭᠠᠯᠲᠠ᠂ ᠪᠣᠬᠢᠷ ᠭᠠᠳᠠᠭᠰᠢᠭᠤᠯᠤᠯᠲᠠ᠂ ᠭᠡᠷᠡᠯᠲᠦᠭᠦᠯᠦᠯᠭᠡ | ᠵᠡᠷᠭᠡ ᠲᠥᠬᠦᠭᠡᠷᠥᠮᠵᠢ ᠶᠢ ᠨᠠᠷᠢᠨ ᠵᠡᠭᠡᠯᠢ ᠭᠤᠳᠤᠮᠵᠢ ᠬᠦᠷᠳᠡᠯ᠎ᠡ ᠦᠷᠬᠡᠳᠬᠡᠨ᠎ᠠ᠃ ᠭᠤᠣᠯᠳᠠᠯᠭᠠᠲᠤ ᠣᠷᠣᠨ ᠪᠠ | ᠠᠭᠤᠯᠵᠠᠷ ᠴᠡᠭ ᠤᠨ ᠭᠤᠶᠣᠵᠢᠭᠤᠯᠤᠯᠲᠠ ᠶᠢ ᠴᠢᠩᠭᠠᠳᠬᠠᠵᠤ᠂ ᠬᠤᠲᠠ ᠪᠠᠯᠭᠠᠰᠤᠨ ᠤ 24 ᠲᠥᠮᠡᠨ ᠲᠡᠭᠰᠢ | ᠲᠥᠷᠪᠡᠯᠵᠢᠨ ᠮᠧᠲᠷ ᠭᠠᠵᠠᠷ ᠢ ᠰᠢᠨ᠎ᠡ ᠪᠠᠷ ᠨᠣᠭᠤᠭᠠᠷᠠᠭᠤᠯᠣᠨ᠎ᠠ᠃ ᠬᠥᠮᠥᠨ ᠠᠮᠠ ᠶᠢ ᠵᠠᠶᠢᠯᠠᠭᠤᠯᠤᠨ ᠲᠠᠷᠬᠠᠭᠠᠬᠤ | ᠰᠠᠭᠤᠷᠢᠨ ᠭᠠᠵᠠᠷ ᠤᠨ ᠪᠠᠶᠢᠭᠤᠯᠤᠯᠲᠠ ᠶᠢ ᠡᠬᠢᠯᠡᠭᠦᠯᠵᠤ ᠬᠠᠭᠤᠴᠢᠨ ᠵᠢᠵᠢᠭ ᠲᠣᠭᠤᠷᠢᠭ ᠢ 10 ᠥᠭᠡᠷᠡᠴᠢᠯᠡᠨ | ᠵᠠᠰᠠᠵᠤ ᠬᠤᠲᠠ ᠪᠠᠯᠭᠠᠰᠤᠨ ᠤ ᠪᠣᠷᠣ ᠭᠡᠷᠲᠤ ᠲᠣᠭᠤᠷᠢᠭ ᠤᠨ ᠥᠭᠡᠷᠡᠴᠢᠯᠡᠯᠲᠠ ᠶᠢ 470 ᠢᠵᠢ ᠣᠷᠣᠨ ᠰᠠᠭᠤᠴᠠ | ᠪᠡᠶᠡᠯᠡᠭᠦᠯᠤᠨ᠎ᠡ᠃ | ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠲᠥᠪᠰᠢᠨ ᠢ ᠳᠡᠭᠡᠭᠰᠢᠯᠡᠭᠦᠯᠦᠨ᠎ᠡ᠃ ᠭᠠᠯᠠᠭᠤᠲᠤ ᠪᠠᠯᠭᠠᠰᠤᠨ ᠤ | ᠶᠡᠷᠦᠩᠬᠡᠢ ᠲᠥᠯᠥᠪᠵᠢᠭᠦᠯᠭᠡ ᠶᠢ ᠵᠠᠰᠠᠪᠤᠷᠢᠯᠠᠨ ᠨᠠᠶᠢᠷᠠᠭᠤᠯᠵᠤ ᠬᠤᠲᠠ ᠪᠠᠯᠭᠠᠰᠤᠨ ᠤ ᠲᠥᠯᠥᠪᠵᠢᠭᠦᠯᠭᠡ ᠶᠢᠨ | ᠲᠣᠭᠤᠷᠢᠭ ᠤᠨ ᠤᠯᠤᠰ ᠤᠨ ᠥᠮᠴᠢᠯᠡᠯᠲᠤ ᠭᠠᠵᠠᠷ ᠰᠢᠷᠤᠢ ᠳᠡᠭᠡᠷᠡᠬᠢ ᠭᠡᠷ ᠪᠠᠶᠢᠰᠢᠩ ᠤᠨ ᠥᠮᠴᠢᠯᠡᠯ ᠤᠨ ᠡᠷᠬᠡ ᠶᠢ | ᠲᠥᠪᠯᠡᠷᠡᠭᠦᠯᠦᠨ ᠵᠠᠰᠠᠬᠤ ᠶᠢ ᠠᠬᠢᠭᠤᠯᠤᠨ᠎ᠠ᠃ ᠬᠤᠲᠠ ᠶᠢᠨ ᠥᠨᠳᠦᠷ ᠪᠥᠲᠥᠮᠵᠢᠲᠤ ᠶᠡᠷᠥᠩᠬᠡᠶᠢᠯᠡᠭᠰᠡᠨ | ᠬᠠᠮᠢᠶᠠᠷᠤᠯᠲᠠ ᠶᠢᠨ ᠣᠶᠢᠯᠠᠭᠠᠭᠳᠠᠬᠤᠨ ᠢ ᠪᠤᠢ ᠪᠣᠯᠭᠠᠵᠤ ᠣᠶᠣᠨᠲᠤ ᠬᠤᠲᠠ ᠶᠢᠨ ᠶᠠᠪᠤᠳᠠᠯ᠂ ᠣᠶᠣᠨᠲᠤ ᠬᠤᠲᠠ ᠶᠢᠨ | ᠬᠠᠮᠢᠶᠠᠷᠤᠯᠲᠠ᠂ ᠣᠶᠣᠨᠲᠣ ᠴᠡᠴᠡᠷᠯᠢᠭᠵᠢᠭᠦᠯᠦᠯᠲᠡ ᠵᠢᠴᠢ ᠡᠯ᠎ᠡ ᠲᠥᠷᠥᠯ ᠤᠨ ᠬᠤᠲᠠ ᠶᠢᠨ ᠶᠠᠪᠣᠳᠠᠯ ᠤᠨ ᠬᠢᠨᠠᠨ | ᠡᠵᠡᠮᠰᠢᠯ ᠤᠨ ᠰᠢᠰᠲ᠋ᠧᠮ ᠢ ᠴᠣᠮᠬᠤᠳᠬᠠᠨ ᠬᠠᠮᠲᠣᠪᠠᠷ ᠬᠡᠷᠡᠭᠯᠡᠵᠣ᠂ ᠣᠶᠣᠨᠲᠤ ᠬᠤᠲᠠ ᠶᠢᠨ ᠪᠠᠶᠢᠭᠤᠯᠤᠯᠲᠠ ᠶᠢᠨ | ᠬᠠᠮᠢᠶᠠᠷᠤᠯᠲᠠ ᠶᠢᠨ ᠳᠠᠪᠴᠠᠩ ᠪᠠᠶᠢᠭᠤᠯᠣᠨ᠎ᠠ︔ ᠣᠷᠴᠢᠨ ᠲᠣᠭᠤᠷᠢᠨ ᠤ ᠠᠷᠢᠭᠤᠨ ᠴᠡᠪᠡᠷ᠂ ᠠᠳᠠᠯ ᠠᠬᠤᠢ ᠶᠢᠨ | ᠦᠢᠯᠡᠴᠢᠯᠡᠭᠡ ᠵᠡᠷᠭᠡ ᠬᠦᠷᠢᠶ᠎ᠡ ᠴᠠᠷᠠᠭᠠᠨ ᠤ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠲᠥᠷᠢᠮ ᠪᠠᠷᠢᠮᠵᠢᠶ᠎ᠠ ᠪᠠ | ᠰᠢᠰᠲ᠋ᠧᠮ ᠢ ᠲᠡᠭᠦᠯᠳᠠᠷᠵᠢᠭᠦᠯᠵᠤ ᠵᠠᠰᠠᠯᠲᠠ ᠬᠢᠬᠦ ᠡᠬᠢ ᠰᠤᠷᠪᠤᠯᠵᠢ ᠶᠢ ᠰᠢᠯᠢᠳᠡᠭᠵᠢᠭᠦᠯᠦᠨ ᠴᠣᠮᠬᠤᠳᠬᠠᠵᠤ ᠬᠠᠤᠯᠢ | ᠬᠡᠷᠡᠭᠵᠢᠭᠦᠯᠬᠦ᠂ ᠦᠢᠯᠡᠴᠢᠯᠡᠭᠡᠨ ᠤ ᠴᠣᠪᠣᠷᠠᠯ ᠢ ᠰᠢᠨᠵᠢᠯᠡᠬᠦ ᠤᠬᠠᠭᠠᠨᠴᠢ ᠪᠠᠷ ᠲᠥᠷᠢᠮᠵᠢᠭᠦᠯᠵᠦ ᠬᠤᠲᠠ ᠪᠠᠯᠭᠠᠰᠤᠨ ᠤ | ᠬᠠᠮᠢᠶᠠᠷᠤᠯᠲᠠ ᠶᠢᠨ ᠣᠶᠣᠨᠴᠢᠯᠠᠭᠰᠠᠨ᠂ ᠪᠠᠷᠢᠮᠵᠢᠶᠠᠴᠢᠯᠠᠭᠰᠠᠨ᠂ ᠲᠦᠷᠢᠮᠵᠢᠭᠰᠡᠨ ᠬᠢᠷᠢ ᠲᠥᠪᠰᠢᠨ ᠢ ᠪᠥᠬᠦ | ᠲᠠᠯ᠎ᠠ ᠪᠠᠷ ᠳᠡᠭᠡᠭᠰᠢᠯᠡᠭᠦᠯᠦᠨ᠎ᠡ᠃ | ᠨᠠᠶᠢᠬᠡᠮ ᠤᠨ ᠰᠠᠶᠢᠨ ᠰᠠᠶᠢᠬᠠᠨ ᠰᠢᠨ᠎ᠡ ᠬᠡᠪ ᠰᠤᠷᠲᠠᠯ ᠢ ᠬᠥᠮᠤᠵᠢᠭᠦᠯᠤᠨᠡ᠃ ᠬᠤᠲᠠ ᠶᠢᠨ ᠳᠥᠷᠢ | ᠲᠥᠷᠬᠦ ᠶᠢᠨ ᠳᠤᠰᠬᠠᠢ ᠲᠥᠷᠦᠯ ᠤᠨ ᠵᠠᠰᠠᠯᠲᠠ ᠶᠢ ᠥᠷᠨᠢᠭᠦᠯᠵᠤ ᠴᠡᠪᠡᠷ ᠴᠡᠮᠴᠡᠭᠡᠷ᠂ ᠳᠡᠷᠢ ᠲᠡᠭᠰᠢ᠂ ᠡᠮᠬᠢ ᠵᠢᠷᠤᠮ | ᠲᠠᠢ ᠬᠤᠲᠠ ᠶᠢᠨ ᠣᠷᠴᠢᠨ ᠲᠣᠭᠤᠷᠢᠨ ᠢ ᠪᠤᠢ ᠪᠤᠯᠭᠠᠨ᠎ᠠ᠃ ᠶᠤᠰᠤ ᠰᠤᠷᠲᠠᠬᠤᠨ ᠤ ᠵᠢᠱᠢᠶᠡᠴᠢ᠂ ᠪᠢᠳᠠᠨ ᠤ | ᠳᠡᠷᠭᠡᠳᠡᠬᠢ ᠰᠠᠶᠢᠴᠤᠳ ᠵᠡᠷᠭᠡ ᠰᠢᠯᠢᠳᠡᠭ ᠦᠢᠯᠡ ᠠᠵᠢᠯᠯᠠᠭ᠎ᠠ ᠶᠢ ᠥᠷᠭᠡᠨ ᠳᠡᠯᠭᠡᠷ ᠤᠬᠠᠭᠤᠯᠵᠤ ᠪᠥᠬᠦ ᠨᠡᠶᠢᠬᠡᠮ | ᠳᠡᠭᠡᠷ᠎ᠡ ᠡᠷᠬᠢᠮ ᠳᠡᠭᠡᠳᠤ ᠶᠤᠰᠤ ᠰᠤᠷᠳᠠᠬᠤᠨ ᠲᠠᠢ ᠵᠢᠱᠢᠶᠡᠴᠢ ᠠᠴᠠ ᠲᠠᠭᠠᠨ ᠰᠤᠷᠤᠯᠴᠠᠬᠤ ᠠᠭᠤᠷ ᠠᠮᠢᠰᠬᠤᠯ ᠢ ᠪᠤᠢ | ᠪᠤᠯᠭᠠᠨ᠎ᠠ᠃ ᠬᠡᠷᠡᠭᠴᠡᠭᠡ ᠱᠠᠭᠠᠷᠳᠠᠯᠭ᠎ᠠ ᠶᠢᠨ ᠵᠠᠯᠭᠠᠯᠳᠤᠯ᠂ ᠮᠠᠭᠲᠠᠭᠠᠯ ᠰᠠᠶᠢᠰᠢᠶᠠᠯ ᠤᠨ ᠬᠠᠷᠢᠭᠤ ᠳᠤᠰᠬᠠᠯ ᠵᠡᠷᠭᠡ | ᠲᠥᠷᠢᠮ ᠢ ᠪᠥᠷᠢᠨᠰᠢᠭᠦᠯᠵᠦ ᠰᠠᠶᠢᠨ ᠳᠤᠷᠠᠴᠤᠳ ᠤᠨ ᠦᠢᠯᠡᠴᠢᠯᠡᠭᠡ ᠶᠢᠨ ᠪᠠᠶᠢᠩᠭᠤᠵᠢᠬᠤ ᠶᠢ ᠠᠬᠢᠭᠤᠯᠤᠨ᠎ᠠ᠃ | ᠤᠯᠤᠰ ᠤᠨ ᠪᠠᠲᠣᠯᠠᠨ ᠬᠠᠮᠠᠭᠠᠯᠠᠯᠲᠠ ᠶᠢᠨ ᠬᠥᠮᠥᠵᠢᠯ ᠢ ᠴᠢᠩᠭᠠᠳᠬᠠᠵᠤ᠂ ᠪᠥᠬᠦ ᠤᠯᠤᠰ ᠤᠨ ︽ᠬᠤᠶᠡᠷ ᠢ | ᠬᠦᠷᠢᠶᠠᠯᠡᠬᠦ︾ ᠵᠢᠱᠢᠶᠡᠴᠢ ᠬᠤᠰᠢᠭᠤ ᠶᠢ ᠡᠭᠦᠳᠦᠨ ᠪᠠᠶᠢᠭᠤᠯᠬᠤ ᠠᠵᠢᠯ ᠢ ᠡᠬᠢᠯᠡᠭᠦᠯᠵᠦ᠂ ᠴᠡᠷᠢᠭ ᠠᠷᠠᠳ ᠤᠨ | ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠠᠭᠤᠯᠭ᠎ᠠ ᠪᠠᠷ ᠪᠠᠶᠠᠯᠢᠭ ᠣᠯᠠᠨ ᠲᠥᠮᠡᠨᠴᠢ ᠴᠢᠨᠠᠷᠲᠠᠢ ᠰᠤᠶᠣᠯ | ᠲᠠᠮᠢᠷ ᠤᠨ ᠠᠵᠢᠯᠯᠠᠭᠠᠨ ᠢ ᠵᠣᠬᠢᠶᠠᠨ ᠪᠠᠶᠢᠭᠤᠯᠤᠨ ᠥᠷᠨᠢᠭᠦᠯᠵᠤ᠂ ᠪᠥᠬᠦ ᠠᠷᠠᠳ ᠢᠶᠠᠷ ᠢᠶᠠᠨ ᠪᠡᠶ᠎ᠡ ᠴᠢᠬᠢᠷᠠᠭᠵᠢᠭᠤᠯᠬᠤ | ᠰᠢᠨ᠎ᠠ ᠣᠷᠣᠰᠬᠠᠯ ᠪᠦᠷᠢᠯᠳᠤᠭᠦ ᠶᠢ ᠠᠭᠢᠭᠤᠯᠵᠤ᠂ ᠡᠷᠡᠭᠦᠯ ᠴᠢᠭᠢᠷᠠᠭ ᠦᠭᠡᠳᠡᠷᠭᠡᠭ ᠠᠮᠢᠳᠤᠷᠠᠯ ᠤᠨ ᠲᠤᠷ᠎ᠠ ᠪᠠᠬ᠎ᠠ ᠶᠢ | ᠭᠦᠮᠤᠵᠢᠭᠦᠯᠦᠨᠠ᠃ ᠨᠠᠶᠢᠭᠡᠮ ᠤᠨ ᠦᠨᠡᠨᠴᠢ ᠢᠳᠡᠭᠡᠮᠵᠢ ᠶᠢᠨ ᠰᠢᠰᠲ᠋ᠧᠮ ᠤᠨ ᠪᠠᠶᠢᠭᠤᠯᠤᠯᠳᠠ ᠶᠢ ᠴᠢᠩᠭᠠᠳᠬᠠᠵᠤ᠂ | ︽ᠨᠢᠭᠡ ᠶᠠᠪᠤᠳᠠᠯ ᠲᠡᠭᠡᠷ᠎ᠠ ᠢᠳᠡᠭᠡᠯ ᠠᠯᠳᠠᠪᠠᠯ ᠶᠠᠪᠤᠳᠠᠯ ᠪᠤᠯᠭᠠᠨ ᠰᠠᠭᠠᠳ ᠲᠠᠢ ᠪᠤᠯᠤᠨ᠎ᠠ︾ ᠭᠡᠭᠦ ᠢᠳᠡᠭᠡᠮᠵᠢ ᠶᠢᠨ | ᠭᠢᠨᠠᠯᠳᠠ᠂ ᠰᠡᠷᠡᠮᠵᠢᠭᠦᠯᠦᠯ ᠪᠠ ᠵᠠᠯᠬᠠᠭᠠᠯ ᠤᠨ ᠰᠢᠰᠲ᠋ᠧᠮ ᠢ ᠪᠦᠷᠢᠨᠰᠢᠭᠦᠯᠵᠤ᠂ ᠦᠨᠡᠨᠴᠢ ᠢᠳᠡᠭᠡᠮᠵᠢ ᠶᠢ ᠡᠷᠭᠢᠮᠯᠠᠨ | ᠠᠮᠠᠯᠠᠬᠰᠠᠨ ᠳᠤ ᠪᠠᠨ ᠭᠦᠷᠭᠦ ᠡᠷᠭᠢᠮ ᠨᠠᠨᠳᠢᠨ ᠮᠤᠷᠠᠯ ᠰᠤᠷᠳᠠᠯ ᠢ ᠪᠠᠳᠠᠷᠠᠭᠤᠯᠤᠨ᠎ᠠ᠃ | ︵ᠵᠢᠷᠭᠤᠭ᠎ᠠ︶ ᠠᠵᠢᠯ ᠤᠨ ᠬᠠᠨᠳᠤᠯᠭᠠᠳᠤ ᠴᠢᠨᠠᠷ ᠢ ᠴᠢᠩᠭᠠᠷᠠᠭᠤᠯᠤᠨ᠂ ᠠᠷᠠᠳ ᠤᠨ ᠠᠮᠢᠳᠤᠷᠠᠯ ᠢ | ᠰᠠᠶᠢᠵᠢᠷᠠᠭᠤᠯᠬᠤ ᠴᠢᠨᠠᠷ ᠪᠦᠳᠤᠮᠵᠢ ᠶᠢ ᠲᠡᠭᠡᠭᠰᠢᠯᠡᠭᠦᠯᠦᠨ᠎ᠠ᠃ ᠠᠷᠠᠳ ᠲᠦᠮᠡᠨ ᠢᠶᠠᠷ ᠭᠤᠤᠯ ᠪᠣᠯᠭᠠᠭᠰᠠᠨ | ᠭᠦᠭᠵᠢᠯᠳᠠ ᠶᠢᠨ ᠦᠵᠡᠯ ᠰᠠᠨᠠᠭ᠎ᠠ ᠶᠢ ᠪᠠᠷᠢᠮᠳᠠᠯᠠᠨ᠂ ᠪᠦᠭᠦ ᠴᠢᠳᠠᠯ ᠢᠶᠠᠷ ᠢᠶᠠᠨ ᠮᠠᠷᠠᠶᠢᠨ ᠴᠢᠷᠮᠠᠶᠢᠵᠤ᠂ ᠰᠠᠭᠤᠷᠢ ᠶᠢ | ᠪᠠᠳᠤᠯᠠᠵᠤ᠂ ᠳᠣᠳᠠᠭᠤᠳᠠᠯ ᠢ ᠨᠦᠭᠦᠪᠤᠷᠢᠯᠠᠨ ᠠᠷᠠᠳ ᠤᠨ ᠠᠮᠢᠳᠤᠷᠠᠯ ᠤᠨ ᠵᠢᠱᠢᠯᠳᠠ ᠶᠢ ᠪᠡᠶᠡᠯᠠᠭᠦᠯᠦᠨᠠ᠃ ᠵᠢᠯ ᠤᠨ | ᠲᠤᠳᠤᠷ᠎ᠠ 8 ᠵᠦᠢᠯ ᠤᠨ ᠠᠷᠠᠳ ᠢ ᠬᠠᠷᠠᠭᠠᠯᠵᠠᠬᠤ ᠪᠤᠳᠠᠳᠤ ᠠᠵᠢᠯ ᠢ ᠭᠤᠤᠯᠳᠠᠯᠭ᠎ᠠ ᠲᠠᠢ ᠭᠡᠷᠡᠭᠵᠢᠭᠦᠯᠦᠨ᠎ᠠ᠃ | ᠨᠢᠭᠡ ᠳᠤ ᠦᠢᠯᠡᠰ ᠪᠤᠰᠬᠠᠵᠤ ᠠᠵᠢᠯ ᠤᠯᠭᠤᠬᠤ ᠶᠢ ᠠᠭᠢᠭᠤᠯᠤᠨ᠎ᠠ᠃ ᠰᠢᠨ᠎ᠠ ᠶᠢ ᠡᠭᠦᠳᠤᠨ ᠦᠢᠯᠡᠰ | ᠪᠤᠰᠬᠠᠬᠤ ᠲᠠᠪᠴᠠᠩ ᠤᠨ ᠬᠠᠮᠢᠶᠠᠷᠤᠯᠳᠠ ᠶᠢ ᠴᠢᠩᠭᠠᠳᠬᠠᠵᠤ᠂ ᠦᠢᠯᠡᠰ ᠪᠤᠰᠬᠠᠨ ᠠᠵᠢᠯ ᠤᠯᠭᠤᠬᠤ ᠵᠢᠭᠡᠯᠡᠯᠭᠡ ᠶᠢ | 1000 ᠲᠦᠮᠡᠨ ᠲᠦᠭᠦᠷᠢᠭ ᠲᠠᠯᠪᠢᠵᠤ᠂ ᠰᠢᠨ᠎ᠠ ᠶᠢ ᠡᠭᠦᠳᠴᠤ ᠦᠢᠯᠡᠰ ᠪᠤᠰᠬᠠᠬᠤ ᠲᠦᠷᠦᠯ ᠵᠦᠢᠯ ᠢ ᠵᠠᠰᠠᠭ ᠤᠨ | ᠤᠷᠳᠤᠨ ᠠᠴᠠ ᠤᠯᠠᠨ ᠨᠠᠶᠢᠳᠠ ᠶᠢᠨ ᠦᠢᠯᠡᠴᠢᠯᠡᠭᠡ ᠶᠢ ᠬᠤᠳᠠᠯᠳᠤᠨ ᠠᠪᠬᠤ ᠭᠡᠪᠴᠢᠶᠠᠨ ᠳᠤ ᠤᠷᠢᠳᠠᠪᠠᠷ | ᠤᠷᠤᠭᠤᠯᠵᠤ᠂ ᠦᠢᠯᠡᠰ ᠪᠤᠰᠬᠠᠬᠴᠢᠳ ᠲᠤ ᠨᠡᠩ ᠭᠦᠴᠦᠳᠠᠢ ᠲᠡᠮᠵᠢᠯᠭᠡ ᠶᠢ ᠬᠠᠩᠭᠠᠨ᠎ᠠ᠃ ᠨᠡᠶᠢᠲᠡ ᠶᠢᠨ ᠠᠰᠠᠷᠠᠮᠵᠢ | ᠶᠢᠨ ᠴᠢᠨᠠᠷᠳᠠᠢ ᠠᠵᠢᠯ ᠤᠨ ᠪᠠᠶᠢᠷᠢ ᠶᠢ 100 ᠠᠴᠠ ᠢᠯᠡᠭᠦᠤ ᠭᠠᠷᠭᠠᠵᠤ᠂ ᠶᠡᠭᠡ ᠲᠡᠭᠡᠳᠤ ᠰᠤᠷᠭᠠᠭᠤᠯᠢ | ᠲᠡᠭᠦᠰᠦᠭᠰᠡᠨ ᠰᠤᠷᠤᠭᠴᠢᠳ ᠢ 100 ᠨᠡᠷ᠎ᠡ ᠨᠠᠶᠢᠳᠠᠨ ᠭᠦᠮᠤᠵᠢᠭᠦᠯᠵᠤ᠂ ᠠᠵᠢᠯ ᠮᠡᠷᠭᠡᠵᠢᠯ ᠤᠨ ᠪᠤᠯᠪᠠᠰᠤᠷᠠᠯ ᠢ | 2000 ᠭᠦᠮᠤᠨ ᠳᠤ ᠭᠦᠷᠳᠡᠭᠡᠨ᠎ᠠ᠃ ᠬᠤᠶᠠᠷ ᠲᠤ ᠰᠤᠷᠭᠠᠨ ᠭᠦᠮᠤᠵᠢᠯ ᠤᠨ ᠰᠠᠭᠤᠷᠢ ᠪᠠᠶᠢᠭᠤᠯᠤᠯᠳᠠ ᠶᠢ | ᠴᠢᠩᠭᠠᠳᠬᠠᠨ᠎ᠠ᠃ ᠬᠤᠳᠠ ᠶᠢᠨ ᠮᠤᠩᠭᠤᠯ ᠦᠨᠳᠤᠰᠤᠳᠡᠨ ᠤ ᠬᠤᠶᠠᠳᠤᠭᠠᠷ ᠳᠣᠮᠳᠠᠳᠤ ᠰᠤᠷᠭᠠᠭᠤᠯᠢ᠂ ᠦᠤᠰᠢᠨᠵᠤᠤ | ᠪᠠᠭ᠎ᠠ ᠰᠤᠷᠭᠠᠭᠤᠯᠢ᠂ ᠲᠦᠷᠪᠡᠳᠤᠭᠡᠷ ᠭᠡᠤᠭᠡᠳ ᠤᠨ ᠴᠡᠴᠡᠷᠯᠢᠭ ᠪᠠ ᠨᠠᠰᠤᠳᠠᠶᠢᠴᠤᠳ ᠤᠨ ᠶᠡᠭᠡ ᠰᠤᠷᠭᠠᠭᠤᠯᠢ ︵ | ᠠᠬᠠᠮᠠᠳ ᠺᠠᠳ᠋ᠷᠴᠤᠳ ᠤᠨ ᠭᠦᠳᠡᠯᠭᠡᠭᠡᠨ ᠤ ᠲᠦᠪ︶ ᠶᠢᠨ ᠪᠠᠶᠢᠭᠤᠯᠤᠯᠳᠠ ᠶᠢ ᠡᠭᠢᠯᠡᠭᠦᠯᠵᠤ᠂ ᠲᠤᠭ ᠪᠠᠭ᠎ᠠ | ᠰᠤᠷᠭᠠᠭᠤᠯᠢ᠂ ᠭᠠᠯᠠᠭᠤᠲᠤ ᠪᠠᠭ᠎ᠠ ᠰᠤᠷᠭᠠᠭᠤᠯᠢ ᠶᠢᠨ ᠬᠤᠶᠠᠳᠤᠭᠠᠷ ᠬᠤᠭᠤᠴᠠᠭ᠎ᠠ᠂ ᠱᠠᠷᠯᠢᠭ ᠪᠠᠭ᠎ᠠ ᠰᠤᠷᠭᠠᠭᠤᠯᠢ | ᠶᠢᠨ ᠶᠡᠷᠦᠩᠭᠡᠶᠢᠯᠡᠭᠰᠡᠨ ᠠᠰᠠᠷ ᠪᠠ ᠪᠠᠭᠰᠢᠨᠡᠷ ᠤᠨ ᠪᠠᠶᠢᠷᠢ ᠶᠢ 5 ᠪᠠᠶᠢᠭᠤᠯᠤᠨ ᠠᠰᠢᠭᠯᠠᠯᠳᠠ ᠳᠤ ᠤᠷᠤᠭᠤᠯᠵᠤ᠂ | ᠨᠢᠭᠡ ᠪᠦᠯᠦᠭ ᠰᠤᠷᠭᠠᠭᠤᠯᠢ ᠶᠢ ᠦᠷᠭᠡᠳᠭᠡᠨ ᠪᠠᠶᠢᠭᠤᠯᠬᠤ ᠪᠠ ᠰᠡᠯᠪᠢᠨ ᠵᠠᠰᠠᠵᠤ ᠦᠭᠡᠷᠡᠴᠢᠯᠡᠭᠦ ᠢᠨᠵᠧᠨᠧᠷᠢᠩ ᠢ | ᠭᠡᠷᠡᠭᠵᠢᠭᠦᠯᠵᠤ᠂ ᠦᠨᠳᠤᠷ ᠭᠢᠷᠢ ᠲᠦᠪᠰᠢᠨ ᠲᠠᠢ ᠪᠠᠭᠰᠢᠨᠡᠷ ᠢ ᠤᠷᠢᠨ ᠠᠪᠴᠢᠷᠠᠵᠤ ᠰᠤᠷᠭᠠᠭᠤᠯᠢ ᠡᠷᠭᠢᠯᠡᠭᠦ | ᠨᠦᠭᠦᠴᠡᠯ ᠢ ᠦᠷᠭᠦᠯᠵᠢᠯᠠᠨ ᠰᠠᠶᠢᠵᠢᠷᠠᠭᠤᠯᠵᠤ᠂ ᠵᠢᠭᠠᠨ ᠰᠤᠷᠭᠠᠯᠳᠠ ᠶᠢᠨ ᠶᠠᠰᠤ ᠴᠢᠨᠠᠷ ᠢ ᠲᠡᠭᠡᠭᠰᠢᠯᠡᠭᠦᠯᠦᠨ᠎ᠠ᠃ | ᠭᠤᠷᠪᠠ ᠳᠤ ᠡᠷᠡᠭᠦᠯ ᠡᠩᠭᠡ ᠦᠤᠰᠢᠨ ᠤ ᠪᠠᠶᠢᠭᠤᠯᠤᠯᠳᠠ ᠶᠢ ᠲᠦᠯᠭᠢᠨ ᠠᠭᠢᠭᠤᠯᠤᠨ᠎ᠠ᠃ ᠬᠤᠰᠢᠭᠤ ᠭᠢᠵᠢᠭ ᠢ | ᠰᠡᠷᠭᠡᠶᠢᠯᠡᠭᠦ ᠲᠦᠪ ᠤᠨ ᠬᠠᠯᠳᠠᠪᠣᠷᠢᠳᠣ ᠡᠪᠡᠳᠴᠢᠨ ᠤ ᠪᠠᠴᠢᠮ ᠡᠮᠴᠢᠯᠡᠬᠡᠨ ᠤ ᠳᠣᠷᠰᠢᠯᠳᠠ ᠶᠢᠨ ᠠᠰᠠᠷ ᠢ ᠰᠢᠨ᠎ᠠ | ᠪᠠᠷ ᠪᠠᠶᠢᠭᠤᠯᠵᠤ᠂ ᠬᠤᠰᠢᠭᠤ ᠡᠭᠡ ᠨᠢᠯᠬᠠᠰ ᠤᠨ ᠡᠷᠡᠭᠦᠯᠵᠢᠯ ᠤᠨ ᠲᠦᠯᠤᠪᠯᠡᠭᠡᠳᠤ ᠭᠦᠩᠭᠡᠵᠢᠯ ᠤᠨ ᠠᠵᠢᠯ ᠤᠨ | ᠦᠢᠯᠡᠴᠢᠯᠡᠭᠡᠨ ᠤ ᠲᠦᠪ ᠢ ᠦᠷᠭᠡᠳᠭᠡᠨ ᠪᠠᠶᠢᠭᠤᠯᠬᠤ ᠢᠨᠵᠧᠨᠧᠷᠢᠩ ᠢ ᠡᠭᠢᠯᠡᠭᠦᠯᠦᠨ᠎ᠠ᠃ ᠤᠯᠠᠨ ᠨᠠᠶᠢᠳᠠ ᠶᠢᠨ | ᠡᠷᠡᠭᠦᠯ ᠮᠠᠨᠳᠣ ᠶᠢᠨ ᠮᠡᠳᠡᠯᠭᠡ ᠶᠢᠨ ᠲᠦᠭᠡᠮᠡᠯᠵᠢᠭᠦᠯᠦᠯᠳᠡ ᠵᠢᠴᠢ ᠡᠮ ᠡᠮᠨᠡᠯᠭᠡ᠂ ᠡᠷᠡᠭᠦᠯ ᠬᠠᠮᠠᠭᠠᠯᠠᠯ ᠤᠨ ᠲᠤᠰᠬᠠᠢ | ᠴᠢᠳᠠᠪᠤᠷᠢᠳᠠᠨ ᠢ ᠤᠷᠤᠭᠤᠯᠤᠨ ᠠᠪᠴᠢᠷᠠᠬᠤ᠂ ᠭᠦᠮᠤᠵᠢᠭᠦᠯᠭᠦ ᠠᠵᠢᠯ ᠢ ᠴᠢᠩᠭᠠᠳᠬᠠᠵᠤ᠂ ᠪᠦᠭᠦ ᠬᠤᠰᠢᠭᠤᠨ ᠤ | ᠰᠠᠭᠤᠭᠠᠯᠢ ᠠᠷᠠᠳ ᠤᠨ ᠡᠷᠡᠭᠦᠯ ᠡᠩᠬᠡ ᠶᠢᠨ ᠨᠢᠭᠡᠳᠤᠯᠳᠠᠢ ᠲᠠᠩᠰᠠ ᠡᠪᠭᠡᠮᠡᠯ ᠤᠨ ᠲᠤᠭ᠎ᠠ ᠮᠠᠭᠠᠳ ᠤᠨ ᠭᠦᠮᠤᠷᠭᠡ ᠶᠢ | ᠪᠠᠶᠢᠭᠤᠯᠵᠤ᠂ ᠤᠳᠠᠭᠠᠨ ᠴᠢᠨᠠᠷᠳᠠᠢ ᠡᠪᠡᠳᠴᠢᠨ ᠢ ᠶᠡᠷᠦᠩᠭᠡᠶᠢᠯᠡᠨ ᠰᠡᠷᠭᠡᠶᠢᠯᠡᠭᠦ ᠠᠵᠢᠯ ᠢ ᠠᠭᠢᠭᠤᠯᠵᠤ᠂ 65 | ᠪᠦᠭᠦᠯᠢ ᠨᠠᠰᠤᠨ ᠠᠴᠠ ᠦᠨᠳᠤᠷ ᠨᠠᠰᠤᠳᠠᠶᠢᠴᠤᠳ ᠲᠤ ᠰᠦᠢᠳᠭᠡᠯ ᠬᠤᠷᠢᠶᠠᠬᠤ ᠦᠭᠡᠢ ᠪᠠᠷ ᠠᠭᠤᠰᠭᠢᠨ ᠦᠷᠪᠢᠰᠤᠯ | ᠂ ᠬᠠᠯᠳᠠᠪᠤᠷᠢᠳᠤ ᠲᠠᠭᠰᠢᠭᠤᠷ ᠰᠠᠷᠬᠡᠶᠢᠯᠡᠬᠦ ᠵᠠᠬᠦᠦ ᠲᠠᠷᠢᠵᠤ᠂ ᠬᠤᠰᠢᠭᠤᠨ ᠳᠣᠳᠣᠷᠠᠬᠢ ᠡᠮᠨᠡᠯᠭᠡ ᠶᠢᠨ ᠬᠤᠷᠢᠶ᠎ᠠ ᠨᠢ | ᠪᠠᠶᠢᠩᠭᠤ ᠬᠡᠷᠡᠭᠯᠡᠭᠳᠡᠬᠦ ᠮᠤᠩᠭᠤᠯ ᠭᠢᠳᠠᠳ ᠡᠮ ᠡᠮᠨᠡᠯᠭᠡ ᠢ ᠬᠤᠳᠠ ᠪᠠᠯᠭᠠᠰᠤᠨ ᠤ ᠰᠠᠭᠤᠭᠠᠯᠢ ᠠᠷᠠᠳ ᠤᠨ | ᠦᠨᠳᠤᠰᠤᠨ ᠡᠮᠨᠡᠯᠭᠡ ᠶᠢᠨ ᠲᠠᠭᠠᠳᠬᠠᠯ ᠤᠨ ᠲᠠᠩᠰᠠᠨ ᠠᠴᠠ ᠲᠠᠶᠢᠯᠬᠤ ᠭᠦᠷᠢᠶᠠᠨ ᠳᠤ ᠤᠷᠤᠭᠤᠯᠤᠨ᠎ᠠ᠃ ᠲᠦᠷᠪᠡ | ᠳᠤ ᠤᠳᠤ ᠦᠶ᠎ᠠ ᠶᠢᠨ ᠤᠯᠠᠨ ᠨᠡᠶᠢᠲᠠ ᠶᠢᠨ ᠰᠤᠶᠤᠯ ᠤᠨ ᠦᠢᠯᠡᠴᠢᠯᠡᠭᠡᠨ ᠤ ᠬᠠᠩᠭᠠᠯᠭ᠎ᠠ ᠶᠢᠨ ᠲᠥᠪᠰᠢᠨ ᠢ | ᠳᠡᠭᠡᠭᠰᠢᠯᠡᠭᠦᠯᠦᠨ᠎ᠡ᠃ ᠲᠣᠭᠠᠴᠠᠯᠠᠭᠰᠠᠨ ᠰᠤᠶᠤᠯ ᠢ ᠬᠥᠳᠡᠭᠡ ᠨᠤᠲᠤᠭ ᠲᠤ ᠬᠥᠷᠭᠡᠬᠦ ᠦᠢᠯᠡᠴᠢᠯᠡᠭᠡᠨ ᠤ | ᠳᠠᠪᠴᠠᠩ ᠤᠨ ᠪᠠᠶᠢᠭᠤᠯᠤᠯᠲᠠ ᠶᠢ ᠡᠬᠢᠯᠡᠭᠦᠯᠵᠤ ︽ᠨᠣᠮ ᠤᠨ ᠪᠣᠶᠠᠨᠲᠣ ᠦᠤᠰᠢᠨ︾ ᠵᠡᠷᠭᠡ ᠰᠤᠶᠤᠯ ᠤᠨ ᠲᠣᠮᠦ | ᠬᠡᠯᠪᠡᠷᠢ ᠶᠢᠨ ᠰᠢᠷᠢᠰ ᠠᠵᠢᠯᠯᠠᠭᠠᠨ ᠢ ᠨᠠᠷᠢᠯᠢᠭ ᠵᠣᠬᠢᠶᠠᠨ ᠪᠠᠶᠢᠭᠤᠯᠵᠤ ᠨᠡᠶᠢᠬᠡᠮ ᠵᠢᠷᠤᠮ ᠤᠨ ᠭᠤᠣᠯᠯᠠᠭᠴᠢ | ᠥᠷᠲᠡᠭ ᠤᠨ ᠦᠵᠡᠯᠲᠠ ᠶᠢ ᠦᠢᠯᠡᠳᠦᠯᠭᠡᠵᠢᠭᠦᠯᠦᠨ ᠣᠯᠠᠨ ᠲᠥᠮᠡᠨ ᠤ ᠣᠶᠣᠨ ᠰᠠᠨᠠᠭᠠᠨ ᠤ ᠰᠤᠶᠣᠯ ᠤᠨ | ᠠᠮᠢᠳᠤᠷᠠᠯ ᠢ ᠪᠠᠶᠠᠯᠢᠭᠵᠢᠭᠤᠯᠤᠨ᠎ᠠ᠃ ᠲᠠᠪᠦ ᠳᠤ ᠰᠠᠭᠤᠷᠢ ᠱᠤᠭᠤᠮ ᠢ ᠯᠠᠪᠳᠠᠭᠤᠨ ᠪᠠᠲᠤᠯᠠᠨ᠎ᠠ᠃ ᠪᠥᠬᠦ | ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠶᠢ ᠠᠬᠢᠭᠤᠯᠵᠤ᠂ ᠬᠤᠲᠠ ᠬᠥᠳᠡᠭᠡ ᠶᠢᠨ ᠨᠠᠭᠠᠳᠤ ᠵᠠᠬ᠎ᠠ ᠶᠢᠨ | ᠠᠮᠢᠳᠤᠷᠠᠯ ᠤᠨ ᠪᠠᠲᠤᠯᠠᠭ᠎ᠠ ᠶᠢ ᠲᠤᠰᠪᠤᠷᠢ 611 ᠲᠥᠭᠦᠷᠢᠭ ᠪᠠ 476 ᠲᠥᠭᠦᠷᠢᠭ ᠪᠣᠯᠭᠠᠵᠦ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠤᠨ ᠮᠥᠩᠭᠦ ᠶᠢ 50 ᠲᠥᠭᠦᠷᠢᠭ | ᠳᠡᠭᠡᠭᠰᠢᠯᠡᠭᠦᠯᠵᠦ᠂ ᠠᠵᠤ ᠦᠢᠯᠡᠰ ᠪᠠ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠠᠵᠢᠯ ᠠᠴᠠ ᠪᠠᠨ | ᠠᠮᠠᠷᠠᠭᠰᠠᠨ ᠠᠵᠢᠯᠲᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠤᠨ ᠮᠦᠩᠬᠦ ᠶᠢ 5% ᠳᠡᠭᠡᠭᠰᠢᠯᠡᠭᠦᠯᠵᠦ ︽ | ᠲᠠᠪᠤᠨ ᠪᠠᠲᠤᠯᠭᠠᠨᠲᠤ︾ ᠡᠷᠦᠬᠡ ᠶᠢ ᠲᠦᠪᠯᠡᠷᠡᠭᠦᠯᠭᠦ ᠪᠠ ᠳᠠᠷᠬᠠᠢ ᠪᠣᠲᠠᠷᠬᠠᠢ ᠪᠠᠷ ᠠᠰᠠᠷᠠᠨ ᠲᠡᠵᠢᠭᠡᠭᠦ ᠪᠠᠷᠢᠮᠵᠢᠶ᠎ᠠ ᠶᠢ | ᠲᠤᠰᠪᠤᠷᠢ 1000 ᠲᠦᠭᠦᠷᠢᠭ ᠪᠠ 588 ᠲᠦᠭᠦᠷᠢᠭ ᠲᠡᠭᠡᠭᠰᠢᠯᠡᠭᠦᠯᠪᠡ᠃ ᠵᠢᠷᠭᠤᠭ᠎ᠠ ᠳᠤ ᠪᠦᠭᠦ ᠤᠯᠤᠰ ᠤᠨ | ᠦᠨᠳᠤᠰᠤᠳᠡᠨ ᠤ ᠪᠦᠯᠭᠦᠮᠳᠡᠯ ᠲᠠᠪᠰᠢᠯᠳᠠ ᠶᠢᠨ ᠵᠢᠱᠢᠶᠡᠴᠢ ᠬᠤᠰᠢᠭᠤ ᠶᠢ ᠪᠦᠭᠦ ᠬᠦᠴᠦ ᠪᠠᠷ ᠢᠶᠠᠨ ᠡᠭᠦᠳᠤᠨ | ᠪᠠᠶᠢᠭᠤᠯᠤᠨ᠎ᠠ᠃ ᠦᠪᠡᠷᠮᠢᠴᠡ ᠤᠨᠴᠠᠯᠢᠬᠳᠤ ᠭᠠᠴᠠᠭ᠎ᠠ ᠲᠤᠰᠬᠤᠨ ᠪᠠ ᠬᠠᠭᠤᠴᠢᠨ ᠨᠤᠮ ᠪᠢᠴᠢᠭ ᠤᠨ ᠬᠠᠮᠠᠭᠠᠯᠠᠯᠲᠠ | ᠶᠢ ᠴᠢᠩᠭᠠᠳᠬᠠᠵᠤ᠂ ᠬᠤᠳᠠ ᠶᠢᠨ ᠠᠮᠢᠳᠤᠷᠠᠯ ᠭᠦᠴᠢᠷᠳᠡᠯᠳᠠᠢ ᠴᠦᠭᠡᠨ ᠲᠤᠭᠠᠳᠤ ᠦᠨᠳᠤᠰᠤᠳᠡᠨ ᠤ ᠤᠯᠠᠨ ᠲᠦᠮᠡᠨ | ᠢ ᠲᠤᠰᠠᠯᠠᠨ ᠲᠡᠮᠵᠢᠭᠦ ᠲᠤᠭᠳᠠᠯᠴᠠᠭ᠎ᠠ ᠶᠢ ᠪᠠᠶᠢᠭᠤᠯᠵᠤ᠂ ᠮᠤᠩᠭᠤᠯ ᠭᠢᠳᠠᠳ ᠬᠤᠤᠰ ᠭᠡᠯᠡᠨ ᠤ ᠠᠵᠢᠯᠳᠠᠳ ᠢ 30 | ᠨᠠᠷᠠ ᠡᠯᠰᠡᠵᠤ ᠦᠨᠳᠤᠰᠤᠳᠡᠨ ᠤ ᠪᠦᠯᠭᠦᠮᠳᠡᠯ ᠲᠠᠪᠰᠢᠯᠳᠠ ᠶᠢᠨ ᠰᠤᠷᠭᠠᠨ ᠭᠦᠮᠤᠵᠢᠯ ᠤᠨ ᠵᠢᠱᠢᠶᠡᠴᠢ ᠰᠠᠭᠤᠷᠢᠨ | ᠭᠠᠵᠠᠷ ᠢ 2 ᠪᠠᠶᠢᠭᠤᠯᠵᠤ᠂ ᠡᠯ᠎ᠠ ᠦᠨᠳᠤᠰᠤᠳᠡᠨ ᠤ ᠬᠠᠮᠳᠤ ᠪᠠᠷ ᠪᠦᠯᠭᠦᠮᠳᠡᠨ ᠲᠡᠮᠡᠴᠡᠵᠤ᠂ ᠬᠠᠮᠳᠤ ᠪᠠᠷ ᠴᠡᠴᠡᠭᠯᠡᠨ | ᠭᠦᠭᠵᠢᠭᠦ ᠶᠢ ᠠᠭᠢᠭᠤᠯᠤᠨ᠎ᠠ᠃ ᠲᠤᠯᠤᠭ᠎ᠠ ᠳᠤ ᠤᠯᠠᠨ ᠲᠦᠮᠡᠨ ᠤ ᠢᠳᠡᠵᠤ ᠤᠤᠭᠤᠬᠤ ᠲᠠᠯ᠎ᠠ ᠶᠢᠨ ᠠᠮᠤᠷ | ᠲᠦᠪᠰᠢᠨ ᠢ ᠪᠠᠳᠤᠯᠠᠨ᠎ᠠ᠃ ᠡᠭᠢ ᠢᠷᠡᠯᠳᠡ ᠠᠴᠠ ᠰᠡᠷᠭᠡᠶᠢᠯᠡᠭᠦ ᠪᠤᠯᠤᠨ ᠦᠩᠭᠡᠷᠡᠯᠳᠡ ᠶᠠᠪᠤᠴᠠ ᠳᠤᠨᠢ ᠭᠢᠨᠠᠨ | ᠬᠠᠮᠢᠶᠠᠷᠬᠤ ᠶᠢ ᠬᠠᠮᠳᠤ ᠳᠤᠨᠢ ᠴᠢᠬᠤᠯᠠᠴᠢᠯᠠᠨ ᠢᠨᠲ᠋ᠧᠷ ᠰᠦᠯᠵᠢᠶ᠎ᠠ᠂ ᠲᠤᠮᠤ ᠳᠤᠭ᠎ᠠ ᠪᠠᠷᠢᠮᠳᠠ ᠶᠢᠨ ᠮᠡᠷᠭᠡᠵᠢᠯ ᠢ | ᠭᠡᠷᠡᠭᠯᠡᠨ ᠭᠢᠨᠠᠨ ᠬᠠᠮᠢᠶᠠᠷᠤᠯᠳᠠ ᠶᠢᠨ ᠠᠷᠭ᠎ᠠ ᠪᠠᠷᠢᠯ ᠤᠨ ᠰᠢᠨ᠎ᠠ ᠶᠢ ᠡᠭᠦᠳᠴᠤ᠂ ᠮᠠᠯ ᠤᠨ ᠠᠰᠢᠭ ᠰᠢᠮ᠎ᠠ | ᠲᠠᠷᠢᠶᠠᠯᠠᠩ ᠤᠨ ᠪᠦᠳᠤᠭᠡᠭᠳᠡᠭᠦᠨ ᠪᠠ ᠢᠳᠡᠭᠡᠨ ᠤᠮᠳᠠᠭᠠᠨ ᠡᠮ ᠤᠨ ᠵᠦᠢᠯᠡᠰ ᠤᠨ ᠶᠠᠰᠤ ᠴᠢᠨᠠᠷ ᠤᠨ ᠠᠮᠤᠷ | ᠲᠦᠪᠰᠢᠨ ᠤ ᠪᠦᠭᠦ ᠬᠡᠯᠬᠢᠶᠡᠵᠢᠯ ᠳᠤ ᠮᠦᠷᠳᠡᠯᠳᠡ ᠭᠢᠭᠦ ᠰᠢᠰᠲ᠋ᠧᠮ ᠤᠨ ᠪᠠᠶᠢᠭᠤᠯᠤᠯᠳᠠ ᠶᠢ ᠬᠠᠮᠳᠤ ᠪᠠᠷ | ᠠᠭᠢᠭᠤᠯᠤᠨ᠎ᠠ᠃ ᠨᠠᠢᠮᠠ ᠳᠤ ᠮᠠᠯᠵᠢᠬᠤ ᠲᠠᠷᠢᠶᠠᠯᠠᠬᠤ ᠤᠷᠤᠨ ᠤ ᠡᠯᠧᠺᠲᠷᠤᠨ ᠬᠤᠳᠠᠯᠳᠤᠭ᠎ᠠ ᠶᠢ ᠭᠦᠭᠵᠢᠭᠦᠯᠦᠨ᠎ᠠ᠃ | ᠨᠢᠭᠡ ᠪᠦᠯᠦᠭ ᠮᠠᠯᠵᠢᠬᠤ ᠲᠠᠷᠢᠶᠠᠯᠠᠬᠤ ᠤᠷᠤᠨ ᠤ ᠡᠯᠧᠺᠲᠷᠤᠨ ᠠᠵᠤ ᠦᠢᠯᠡᠰ ᠢ ᠤᠷᠢᠨ ᠠᠪᠴᠢᠷᠠᠬᠤ ᠪᠠ | ᠭᠦᠮᠤᠵᠢᠭᠦᠯᠵᠤ ᠰᠣᠮᠣ ᠪᠠᠯᠭᠠᠰᠤ᠂ ᠭᠠᠴᠠᠭ᠎ᠠ ᠲᠤᠰᠬᠤᠨ ︵ᠨᠠᠶᠢᠭᠡᠮ ᠲᠤᠭᠤᠷᠢᠭ︶ ᠤ ᠦᠢᠯᠡᠴᠢᠯᠡᠭᠡᠨ ᠤ ᠲᠤᠤᠷ | ᠴᠡᠭ ᠢ 10 ᠠᠴᠠ ᠳᠡᠭᠡᠭᠰᠢ ᠦᠭᠡᠷᠡᠴᠢᠯᠠᠨ ᠲᠡᠭᠡᠭᠰᠢᠯᠡᠭᠦᠯᠵᠤ᠂ ᠴᠢᠨᠡᠷ ᠰᠠᠶᠢᠳᠡᠢ ᠨᠤᠳᠤᠭ ᠤᠨ ᠤᠨᠴᠠ ᠭᠠᠷᠤᠯᠳᠠ | ᠶᠢ ᠰᠦᠯᠵᠢᠶᠠᠨ ᠲᠡᠭᠡᠷ᠎ᠠ ᠦᠨ᠎ᠠ ᠰᠠᠶᠢᠳᠠᠢ ᠪᠤᠷᠤᠯᠠᠭᠤᠯᠤᠨ᠎ᠠ᠃ | ᠭᠤᠷᠪᠠ᠂ ᠵᠠᠰᠠᠭ ᠤᠨ ᠣᠷᠳᠣᠨ ᠤ ᠳᠣᠰ ᠪᠠᠶ᠎ᠠ ᠶᠢᠨ ᠪᠠᠶᠢᠭᠤᠯᠤᠯᠲᠠ ᠶᠢ ᠴᠢᠩᠭᠠᠳᠬᠠᠨ᠎ᠠ | 2018 ᠣᠨ ᠪᠣᠯ ᠰᠢᠨ᠎ᠡ ᠨᠢᠭᠡᠨ ᠬᠤᠭᠤᠴᠠᠭᠠᠨ ᠤ ᠵᠠᠰᠠᠭ ᠤᠨ ᠣᠷᠳᠣᠨ ᠪᠥᠬᠦ ᠲᠠᠯ᠎ᠠ ᠪᠠᠷ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠬᠦ ᠨᠢᠭᠡᠳᠦᠭᠡᠷ ᠵᠢᠯ ᠮᠦᠨ᠃ ᠪᠢᠳᠠ ᠳᠣᠰ ᠪᠠᠶ᠎ᠠ ᠶᠢᠨ ᠪᠠᠶᠢᠭᠤᠯᠤᠯᠲᠠ ᠪᠠᠨ | ᠭᠦᠴᠦᠯᠡᠨ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠪᠠᠨ ᠴᠢᠷᠮᠠᠶᠢᠨ ᠪᠡᠶᠡᠯᠡᠭᠦᠯᠵᠤ᠂ ᠠᠷᠠᠳ ᠲᠥᠮᠡᠨ | ᠬᠠᠨᠤᠮᠵᠢᠲᠠᠢ ᠦᠢᠯᠡᠴᠢᠯᠡᠭᠡᠨ ᠤ ᠬᠡᠯᠪᠡᠷᠢᠲᠤ ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠣᠨ᠎ᠠ᠃ | ︵ᠨᠢᠬᠡ︶ ᠡᠭᠦᠷᠭᠡ ᠬᠠᠷᠢᠭᠤᠴᠠᠯᠭ᠎ᠠ ᠪᠠᠨ ᠦᠨᠡᠨᠴᠢ ᠰᠢᠳᠤᠷᠭᠤ ᠭᠦᠢᠴᠡᠳᠬᠡᠬᠦ ᠶᠢ ᠪᠠᠷᠢᠮᠳᠠᠯᠠᠨ᠎ᠠ᠃ ᠤᠯᠤᠰ | ᠲᠥᠷᠦ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠵᠤ᠂ ᠨᠠᠮ ᠤᠨ ᠠᠷᠪᠠ ᠶᠢᠰᠤᠳᠣᠭᠡᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠣᠣᠱᠯᠠᠭᠤᠯᠵᠤ᠂ ᠤᠯᠤᠰ ᠲᠥᠷᠥ ᠶᠢᠨ ᠵᠣᠭᠰᠣᠯᠳᠠ | ᠲᠣᠲᠣᠷᠬᠠᠢ ᠪᠠᠶᠢᠵᠣ᠂ ᠨᠠᠮ ᠳᠠᠭᠠᠨ ᠴᠢᠩ ᠦᠨᠡᠨᠴᠢ ᠪᠠᠶᠢᠬᠤ ᠤᠯᠤᠰ ᠲᠥᠷᠥ ᠶᠢᠨ ᠣᠪᠣᠷ ᠰᠣᠷᠳᠠᠯ ᠲᠠᠢ ᠪᠠᠶᠢᠬᠤ | ᠶᠢ ᠪᠠᠷᠢᠮᠳᠠᠯᠠᠵᠣ᠂ ︽ᠲᠥᠷᠪᠡᠨ ᠤᠬᠠᠮᠰᠠᠷ︾ ᠢ ᠪᠠᠲᠤᠳᠬᠠᠵᠤ ︽ᠲᠥᠷᠪᠡᠨ ᠢᠲᠡᠭᠡᠯ︾ ᠢ ᠪᠠᠬᠢᠵᠢᠭᠦᠯᠵᠦ᠂ ᠰᠢ | ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠡᠷᠬᠡ ᠰᠦᠷ ᠪᠠ ᠲᠦᠪᠯᠡᠷᠡᠬᠦᠯᠥᠭᠰᠡᠨ | ᠨᠢᠭᠡᠳᠤᠯᠲᠠᠢ ᠤᠳᠤᠷᠢᠳᠤᠯᠭ᠎ᠠ ᠶᠢ ᠡᠷᠡᠰ ᠬᠠᠮᠠᠭᠠᠯᠠᠵᠣ᠂ ᠦᠵᠡᠯ ᠰᠠᠨᠠᠭ᠎ᠠ᠂ ᠤᠯᠤᠰ ᠲᠥᠷᠥ᠂ ᠦᠢᠯᠡ ᠠᠵᠢᠯᠯᠠᠭ᠎ᠠ | ᠪᠠᠨ ᠨᠠᠮ ᠤᠨ ᠲᠥᠪ ᠬᠤᠷᠢᠶ᠎ᠠ ᠲᠠᠢ ᠳᠡᠭᠡᠳᠤ ᠬᠡᠮᠵᠢᠶ᠎ᠡ ᠪᠠᠷ ᠨᠢᠭᠡᠳᠤᠯᠲᠠᠢ ᠪᠠᠶᠢᠯᠭᠠᠵᠣ᠂ ᠲᠥᠪ ᠤᠨ ᠲᠦᠷᠦ ᠶᠢᠨ | ᠪᠣᠳᠣᠯᠭ᠎ᠠ ᠴᠢᠭᠯᠡᠯᠳᠠ ᠪᠠ ᠥᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ᠂ | ᠬᠤᠰᠢᠭᠤ ᠨᠠᠮ ᠤᠨ ᠬᠤᠷᠢᠶᠠᠨ ᠤ ᠰᠢᠢᠳᠪᠤᠷᠢᠲᠤ ᠪᠣᠳᠤᠯᠭ᠎ᠠ ᠶᠢᠨ ᠪᠠᠶᠢᠷᠢᠯᠠᠭᠤᠯᠣᠯᠳᠠ ᠶᠢ ᠨᠠᠶᠢᠳᠠᠪᠤᠷᠢᠵᠢᠭᠤᠯᠤᠨ | ᠥᠷ᠎ᠡ ᠪᠥᠲᠤᠮᠵᠢ ᠣᠯᠬᠤ ᠶᠢ ᠪᠠᠳᠣᠯᠠᠨ᠎ᠠ᠃ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ | ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ | ︽ᠬᠤᠶᠠᠷ ᠢ ᠰᠤᠷᠤᠯᠴᠠᠵᠤ ᠨᠢᠭᠡ ᠳᠤ ᠲᠡᠩᠴᠡᠭᠦᠯᠬᠦ︾ ᠰᠤᠷᠤᠯᠴᠠᠯᠭ᠎ᠠ ᠬᠦᠮᠤᠵᠢᠯ ᠤᠨ ᠠᠵᠢᠯ ᠢ ᠪᠠᠶᠢᠩᠭᠤᠵᠢᠭᠤᠯᠣᠨ | ᠲᠥᠷᠢᠮᠵᠢᠭᠦᠯᠬᠦ ᠶᠢ ᠠᠬᠢᠭᠤᠯᠵᠤ᠂ ︽ᠤᠭ ᠰᠠᠨᠠᠭ᠎ᠠ ᠪᠠᠨ ᠥᠯᠤ ᠮᠠᠷᠳᠠᠨ ᠡᠭᠦᠷᠭᠡ ᠬᠠᠷᠢᠭᠤᠴᠠᠯᠭ᠎ᠠ ᠪᠠᠨ ᠪᠠᠲᠤ | ᠴᠡᠭᠡᠵᠢᠯᠡᠬᠦ︾ ᠭᠤᠣᠯ ᠰᠡᠲᠤᠪᠲᠤ ᠬᠦᠮᠤᠵᠢᠯ ᠢ ᠭᠦᠨᠵᠡᠭᠡᠢ ᠥᠷᠨᠢᠭᠦᠯᠵᠤ᠂ ᠲᠣᠭᠤᠷᠢᠨ ᠴᠠᠭᠳᠠᠨ ᠪᠠᠶᠢᠴᠠᠭᠠᠬᠤ ᠳᠤ | ᠬᠠᠷᠢᠭᠤ ᠳᠤᠰᠬᠠᠭᠰᠠᠨ ᠠᠰᠠᠭᠤᠳᠠᠯ ᠤᠨ ᠴᠡᠭᠴᠡᠯᠡᠯᠳᠡ ᠶᠢ ᠰᠠᠶᠢᠲᠤᠷ ᠠᠳᠬᠤᠵᠤ᠂ ᠨᠠᠮ ᠤᠨ ᠪᠠᠶᠢᠭᠤᠯᠤᠯᠲᠠ ᠶᠢᠨ | ᠰᠢᠨ᠎ᠡ ᠥᠷ᠎ᠡ ᠪᠥᠲᠤᠮᠵᠢ ᠪᠠᠷ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠶᠢ ᠰᠢᠨ᠎ᠡ ᠬᠢᠷᠢ | ᠲᠥᠪᠰᠢᠨ ᠳᠤ ᠬᠦᠷᠬᠡᠭᠦ ᠶᠢ ᠲᠦᠯᠬᠢᠨ ᠠᠬᠢᠭᠤᠯᠣᠨ᠎ᠠ᠃ | ︵ᠬᠤᠶᠡᠷ︶ ᠬᠠᠣᠯᠢ ᠶᠣᠰᠣᠭᠠᠷ ᠵᠠᠰᠠᠭ ᠶᠠᠪᠣᠭᠤᠯᠬᠤ ᠶᠢ ᠪᠠᠷᠢᠮᠳᠠᠯᠠᠨ᠎ᠠ᠃ ᠦᠨᠳᠣᠰᠣᠨ ᠬᠠᠣᠯᠢ ᠪᠠ ᠬᠠᠣᠯᠢ | ᠴᠠᠭᠠᠵᠠ ᠶᠢ ᠴᠢᠩᠭ᠎ᠠ ᠵᠢᠷᠣᠮᠯᠠᠨ ᠰᠠᠬᠢᠵᠣ ᠬᠠᠣᠯᠢᠵᠢᠯ ᠵᠠᠰᠠᠭ ᠤᠨ ᠣᠷᠳᠣᠨ ᠤ ᠪᠠᠶᠢᠭᠤᠯᠣᠯᠳᠠ ᠶᠢᠨ ᠬᠡᠷᠡᠭᠵᠢᠬᠦᠯᠬᠦ | ᠲᠥᠯᠥᠪᠵᠢᠬᠦᠯᠬᠡ ᠶᠢ ᠬᠦᠨᠵᠡᠬᠡᠢ ᠳᠣᠣᠱᠯᠠᠭᠤᠯᠣᠨ ᠨᠠᠶᠢᠳᠠᠪᠣᠷᠢᠵᠢᠭᠤᠯᠵᠣ ᠬᠠᠣᠯᠢ ᠳᠤ ᠳᠣᠭᠳᠠᠭᠠᠭᠰᠠᠨ ᠡᠷᠬᠡ ᠪᠠ | ᠶᠠᠪᠣᠴᠠ ᠪᠠᠷ ᠡᠷᠬᠡ ᠪᠠᠨ ᠬᠡᠷᠡᠭᠵᠢᠬᠦᠯᠣᠨ ᠡᠬᠦᠷᠬᠡ ᠪᠠᠨ ᠬᠦᠢᠴᠡᠳᠬᠡᠵᠣ᠂ ᠵᠠᠰᠠᠭ ᠤᠨ ᠣᠷᠳᠣᠨ ᠤ ᠠᠵᠢᠯ ᠢ ᠪᠦᠬᠦ | ᠳᠠᠯ᠎ᠠ ᠪᠠᠷ ᠬᠠᠣᠯᠢᠵᠢᠭᠰᠡᠨ ᠵᠠᠮ ᠳᠤ ᠣᠷᠣᠭᠤᠯᠣᠨ᠎ᠠ᠃ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠵᠢᠴᠢ ᠪᠠᠶᠢᠩᠭᠤ ᠶᠢᠨ ᠬᠤᠷᠢᠶᠠᠨ ᠤ ᠬᠠᠣᠯᠢ ᠴᠠᠭᠠᠵᠠ ᠶᠢᠨ ᠬᠢᠨᠠᠯᠳᠠ ᠪᠠ ᠬᠤᠰᠢᠭᠤ ᠣᠯᠣᠰ ᠲᠦᠷᠥ ᠶᠢᠨ | ᠵᠦᠪᠯᠡᠯᠬᠡᠨ ᠤ ᠠᠷᠠᠳᠴᠢᠯᠠᠭᠰᠠᠨ ᠬᠢᠨᠠᠯᠳᠠ ᠶᠢ ᠣᠬᠠᠮᠰᠠᠷ ᠠᠴᠠ ᠪᠠᠨ ᠬᠦᠯᠢᠶᠠᠵᠣ ᠵᠠᠰᠠᠭ ᠤᠨ ᠣᠷᠳᠣᠨ ᠤ | ᠵᠦᠪᠯᠡᠯᠬᠡ ᠶᠢ ᠦᠷᠬᠡᠨ ᠢᠶᠠᠷ ᠦᠷᠨᠢᠬᠦᠯᠵᠣ ᠠᠷᠠᠳ ᠤᠨ ᠲᠥᠯᠦᠬᠡᠯᠡᠭᠴᠢᠳ᠂ ᠣᠯᠣᠰ ᠲᠦᠷᠦ ᠶᠢᠨ ᠵᠦᠪᠯᠡᠯᠬᠡᠨ ᠤ | ᠬᠡᠰᠢᠬᠦᠳ᠂ ᠨᠡᠶᠢᠬᠡᠮ ᠤᠨ ᠡᠯ᠎ᠡ ᠡᠳᠡᠬᠡᠳ ᠤᠨ ᠬᠢᠨ ᠪᠠ ᠣᠯᠠᠨ ᠲᠦᠮᠡᠨ ᠤ ᠰᠠᠨᠠᠯ ᠰᠠᠨᠠᠭᠤᠯᠭ᠎ᠠ ᠶᠢ ᠨᠠᠷᠢᠨ | ᠬᠢᠨᠠᠮᠠᠭᠠᠢ ᠰᠣᠨᠣᠰᠴᠣ ᠡᠯ᠎ᠡ ᠲᠦᠷᠥᠯ ᠤᠨ ᠰᠠᠨᠠᠯ ᠰᠠᠨᠠᠭᠤᠯᠭ᠎ᠠ ᠪᠠ ᠰᠠᠨᠠᠯ ᠳᠣᠷᠠᠳᠣᠯᠭ᠎ᠠ ᠶᠢ ᠰᠠᠶᠢᠳᠣᠷ | ᠭᠦᠢᠴᠡᠳᠬᠡᠨ᠎ᠡ᠃ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠣᠷᠢᠳᠣ ᠪᠣᠳᠣᠯᠭ᠎ᠠ ᠳᠣᠭᠳᠠᠭᠠᠬᠤ ᠶᠠᠪᠣᠴᠠ ᠶᠢ | ᠴᠢᠨᠠᠭᠰᠢᠳᠠ ᠳᠡᠬᠦᠯᠳᠡᠷᠵᠢᠬᠦᠯᠵᠣ ᠭᠤᠣᠯᠳᠠᠯᠭᠠᠳᠣ ᠬᠦᠷᠢᠶ᠎ᠠ ᠴᠠᠷᠠᠭ᠎ᠠ᠂ ᠴᠢᠬᠤᠯᠠ ᠶᠡᠭᠡ ᠬᠡᠷᠡᠭ ᠣᠴᠢᠷ ᠤᠨ | ᠬᠡᠷᠡᠭᠵᠢᠬᠦᠯᠥᠯᠳᠡ᠂ ᠬᠠᠮᠢᠶᠠᠷᠣᠯᠳᠠ᠂ ᠣᠶᠢᠯᠡᠴᠢᠯᠡᠭᠡ᠂ ᠦᠷ᠎ᠡ ᠳ᠋ᠦᠩ ᠨᠠᠶᠢᠳᠠᠯᠠᠬᠦ ᠶᠢ ᠠᠬᠢᠭᠤᠯᠵᠣ᠂ ᠵᠠᠰᠠᠭ | ᠵᠠᠬᠢᠷᠠᠭᠠᠨ ᠤ ᠬᠠᠣᠯᠢ ᠬᠡᠷᠡᠭᠵᠢᠬᠦᠯᠥᠯᠳᠡ ᠶᠢᠨ ᠨᠠᠶᠢᠳᠠᠯᠠᠯ ᠪᠠ ᠬᠠᠣᠯᠢ ᠬᠡᠷᠡᠭᠵᠢᠬᠦᠯᠬᠦ ᠪᠦᠬᠦ ᠶᠠᠪᠣᠴᠠ ᠶᠢ ᠳᠡᠮᠳᠡᠭᠯᠡᠬᠦ | ᠲᠦᠷᠢᠮ ᠢ ᠬᠡᠷᠡᠭᠵᠢᠬᠦᠯᠵᠣ ᠣᠯᠠᠨ ᠲᠦᠮᠡᠨ ᠪᠠ ᠵᠠᠭᠤᠴᠢᠯᠠᠭᠤᠷ ᠬᠢᠨ ᠤ ᠬᠢᠨᠠᠯᠳᠠ ᠶᠢ ᠰᠠᠨᠠᠭᠠᠴᠢᠯᠠᠭᠠᠳᠠᠢ ᠬᠦᠯᠢᠶᠠᠨ᠎ᠠ | ᠃ ︽ᠬᠡᠨ ᠬᠠᠣᠯᠢ ᠬᠡᠷᠡᠭᠵᠢᠬᠦᠯᠪᠠᠯ ᠬᠡᠨ ᠬᠠᠣᠯᠢ ᠲᠦᠬᠡᠮᠡᠯᠵᠢᠬᠦᠯᠬᠦ︾ ᠠᠵᠢᠯ ᠤᠨ ᠬᠠᠷᠢᠭᠤᠴᠠᠯᠭᠠᠳᠣ ᠲᠦᠷᠢᠮ ᠢ | ᠨᠠᠶᠢᠳᠠᠪᠣᠷᠢᠵᠢᠭᠤᠯᠵᠣ ᠣᠯᠣᠰ ᠤᠨ ᠠᠵᠢᠯᠳᠠᠨ ᠤ ᠬᠠᠣᠯᠢ ᠰᠣᠷᠴᠣ ᠬᠡᠷᠡᠭᠯᠡᠬᠦ ᠲᠦᠷᠢᠮ ᠢ ᠪᠠᠷᠢᠮᠳᠠᠯᠠᠨ ᠬᠠᠣᠯᠢᠵᠢᠯ | ᠰᠠᠳᠬᠢᠬᠦᠢ ᠶᠢ ᠵᠠᠰᠠᠭ ᠤᠨ ᠣᠷᠳᠣᠨ ᠤ ᠺᠠᠳ᠋ᠷ ᠪᠣᠯᠭᠠᠨ ᠤ ᠡᠳᠦᠷ ᠳᠣᠳᠣᠮ ᠤᠨ ᠠᠵᠢᠯ ᠳᠤ ᠠᠭᠤᠰᠬᠠᠨ᠎ᠠ᠃ | ︵ᠭᠤᠷᠪᠠ︶ ᠦᠨᠳᠣᠷ ᠪᠦᠳᠣᠮᠵᠢᠳᠣ ᠣᠶᠢᠯᠡᠴᠢᠯᠡᠭᠡ ᠶᠢ ᠪᠠᠷᠢᠮᠳᠠᠯᠠᠨ᠎ᠠ᠃ ᠣᠯᠣᠰ ᠤᠨ ᠪᠠᠶᠢᠭᠤᠯᠣᠮᠵᠢ ᠶᠢᠨ | ᠦᠬᠡᠷᠡᠴᠢᠯᠡᠯᠳᠡ ᠶᠢᠨ ᠰᠢᠢᠳᠪᠣᠷᠢᠳᠣ ᠪᠣᠳᠣᠯᠭ᠎ᠠ ᠶᠢᠨ ᠪᠠᠶᠢᠷᠢᠯᠠᠭᠤᠯᠣᠯᠳᠠ ᠶᠢ ᠪᠦᠬᠦ ᠳᠠᠯ᠎ᠠ ᠪᠠᠷ ᠳᠣᠣᠱᠯᠠᠭᠤᠯᠣᠨ | ᠨᠡᠶᠢᠳᠠᠪᠣᠷᠢᠵᠢᠭᠤᠯᠵᠣ ᠵᠠᠰᠠᠭ ᠤᠨ ᠣᠷᠳᠣᠨ ᠤ ᠰᠠᠯᠠᠭ᠎ᠠ ᠮᠦᠴᠢᠷ ᠤᠨ ᠡᠬᠦᠷᠬᠡ ᠴᠢᠳᠠᠪᠬᠢ ᠶᠢᠨ ᠰᠢᠯᠢᠳᠡᠭᠵᠢᠬᠦ ᠪᠠ | ᠬᠠᠮᠳᠣᠷᠠᠯᠴᠠᠨ ᠦᠨᠳᠣᠷ ᠪᠦᠳᠣᠮᠵᠢᠳᠡᠢ ᠪᠠᠷ ᠳᠣᠰᠢᠶᠠᠯ ᠬᠦᠢᠴᠡᠳᠬᠡᠬᠦ ᠶᠢ ᠠᠬᠢᠭᠤᠯᠣᠨ᠎ᠠ᠃ ᠲᠦᠬᠦᠮ ᠬᠤᠷᠠᠯ ᠬᠢᠵᠣ | ᠠᠪᠰᠠᠷᠬᠠᠨ ᠶᠠᠷᠢᠶ᠎ᠠ ᠳᠠᠯᠪᠢᠨ ᠳᠣᠪᠴᠢ ᠪᠢᠴᠢᠭ ᠮᠠᠲ᠋ᠧᠷᠢᠶᠠᠯ ᠢ ᠪᠠᠭᠤᠯᠭᠠᠵᠣ ᠪᠣᠳᠠᠳᠠᠢ ᠶᠢ ᠡᠷᠬᠢᠮᠯᠡᠨ ᠪᠦᠳᠣᠮᠵᠢ ᠶᠢ | ᠰᠠᠨᠠᠭᠠᠴᠢᠯᠠᠵᠣ ᠲᠦᠬᠦᠮ ᠲᠦᠳᠡ ᠶᠢ ᠬᠦᠬᠡᠬᠡᠴᠠᠯᠳᠣᠵᠣ ᠣᠶᠣᠨ ᠴᠢᠳᠠᠯ ᠢᠶᠠᠨ ᠨᠡᠩ ᠢᠯᠡᠬᠦᠦ ᠰᠢᠪᠬᠠᠨ ᠠᠵᠢᠯ ᠤᠨ | ᠨᠠᠶᠢᠳᠠᠪᠣᠷᠢᠵᠢᠭᠤᠯᠣᠯᠳᠠ ᠶᠢ ᠠᠳᠬᠤᠵᠣ ᠠᠵᠣ ᠠᠬᠤᠶᠢᠯᠡᠯ ᠳᠤ ᠣᠶᠢᠯᠠᠴᠢᠯᠡᠨ ᠠᠷᠠᠳ ᠲᠦᠮᠡᠨ ᠤ ᠬᠦᠴᠢᠷ | ᠠᠰᠠᠭᠤᠳᠠᠯ ᠢ ᠰᠢᠢᠳᠪᠣᠷᠢᠯᠡᠨ᠎ᠠ᠃ ᠬᠦᠭᠵᠢᠯᠳᠡ ᠶᠢ ᠬᠢᠵᠠᠭᠠᠷᠯᠠᠬᠤ ᠪᠣᠭᠤᠮᠢ ᠶᠢᠨ ᠠᠰᠠᠭᠤᠳᠠᠯ᠂ ᠣᠯᠠᠨ ᠲᠦᠮᠡᠨ ᠤ | ᠠᠵᠣ ᠠᠮᠢᠳᠣᠷᠠᠯ ᠲᠠᠢ ᠨᠢᠭᠳᠠ ᠬᠤᠯᠪᠣᠭᠠᠳᠠᠢ ᠪᠣᠳᠠᠳᠣ ᠠᠰᠠᠭᠤᠳᠠᠯ᠂ ᠨᠡᠶᠢᠬᠡᠮ ᠪᠦᠬᠦᠳᠡᠬᠡᠷ ᠢᠶᠠᠨ ᠬᠠᠯᠠᠮᠵᠢᠯᠠᠵᠣ | ᠪᠠᠶᠢᠭ᠎ᠠ ᠬᠠᠯᠠᠮᠰᠢᠯ ᠠᠰᠠᠭᠤᠳᠠᠯ ᠢ ᠴᠢᠬᠤᠯᠠᠴᠢᠯᠠᠵᠣ ᠪᠠᠶᠢᠴᠠᠭᠠᠨ ᠰᠣᠳᠣᠯᠣᠯᠳᠠ ᠶᠢᠨ ᠦᠨᠡᠨ ᠪᠣᠳᠠᠳᠣ ᠴᠢᠨᠡᠷ ᠪᠠ | ᠴᠢᠭᠯᠡᠯᠳᠣ ᠴᠢᠨᠡᠷ ᠢ ᠨᠡᠮᠡᠭᠳᠡᠬᠦᠯᠥᠨ ᠬᠦᠭᠵᠢᠯᠳᠡ ᠶᠢ ᠠᠬᠢᠭᠤᠯᠬᠤ ᠰᠢᠨ᠎ᠡ ᠰᠠᠳᠬᠢᠬᠦᠢ᠂ ᠠᠵᠢᠯ ᠢ ᠠᠬᠢᠭᠤᠯᠬᠤ ᠰᠢᠨ᠎ᠠ | ᠠᠷᠭ᠎ᠠ ᠪᠠᠷᠢᠯ᠂ ᠬᠦᠴᠢᠷ ᠢ ᠰᠢᠢᠳᠪᠣᠷᠢᠯᠡᠬᠦ ᠰᠢᠨ᠎ᠡ ᠠᠷᠭ᠎ᠠ ᠶᠢ ᠪᠣᠢ ᠪᠣᠯᠭᠠᠨ᠎ᠠ᠃ ᠭᠤᠣᠯᠳᠠᠯᠭᠠᠳᠣ ᠠᠵᠢᠯ ᠤᠨ | ᠳᠠᠩᠰᠠ ᠡᠪᠬᠡᠮᠡᠯ ᠢ ᠪᠠᠶᠢᠭᠤᠯᠵᠣ ᠬᠠᠷᠠᠯᠳᠠ᠂ ᠬᠠᠷᠢᠭᠤᠴᠠᠯᠭ᠎ᠠ᠂ ᠴᠠᠭ ᠬᠤᠭᠤᠴᠠᠭ᠎ᠠ ᠶᠢ ᠳᠣᠳᠣᠳᠬᠠᠨ ᠱᠠᠭᠠᠷᠳᠠᠨ | ᠪᠠᠶᠢᠴᠠᠭᠠᠬᠤ ᠶᠢ ᠴᠢᠩᠭᠠᠳᠬᠠᠵᠣ ᠴᠠᠭ ᠤᠨ ᠳᠠᠷᠠᠭᠠᠯᠠᠯ ᠢᠶᠠᠷ ᠠᠵᠢᠯ ᠤᠨ ᠠᠬᠢᠭᠤᠯᠣᠯᠳᠠ ᠶᠢ ᠴᠢᠩᠭ᠎ᠠ ᠠᠳᠬᠤᠵᠣ᠂ | ᠬᠢᠬᠦ ᠪᠠᠷ ᠳᠣᠭᠳᠠᠭᠰᠠᠨ ᠠᠵᠢᠯ ᠢ ᠳᠠᠷᠦᠢ ᠳᠤᠨᠢ ᠡᠬᠢᠯᠡᠬᠦᠯᠵᠣ ᠬᠢᠨ᠎ᠠ᠃ ᠰᠦᠯᠵᠢᠶ᠎ᠠ ᠪᠠᠷ ᠵᠠᠰᠠᠭ ᠤᠨ ᠠᠵᠢᠯ ᠢ | ᠡᠷᠬᠢᠯᠡᠵᠣ ᠣᠯᠠᠨ ᠲᠦᠮᠡᠨ ᠤ ᠬᠠᠯᠠᠮᠵᠢᠯᠠᠵᠣ ᠪᠠᠶᠢᠭ᠎ᠠ ᠠᠰᠠᠭᠤᠳᠠᠯ ᠳᠤ ᠳᠠᠷᠣᠶᠢᠬᠠᠨ ᠬᠠᠷᠢᠭᠤᠯᠳᠠ ᠦᠭᠴᠣ | ᠰᠢᠢᠳᠪᠣᠷᠢᠯᠠᠨ᠎ᠠ᠃ ︽ᠵᠠᠰᠠᠭ ᠢ ᠴᠣᠮᠬᠤᠳᠬᠠᠨ ᠡᠷᠬᠡ ᠶᠢ ᠪᠠᠭᠤᠯᠭᠠᠵᠣ᠂ ᠪᠠᠭᠤᠯᠭᠠᠬᠤ ᠪᠠ ᠬᠠᠮᠢᠶᠠᠷᠬᠤ ᠶᠢ | ᠣᠶᠠᠯᠳᠣᠭᠤᠯᠣᠨ ᠣᠶᠢᠯᠡᠴᠢᠯᠡᠭᠡ ᠶᠢ ᠰᠢᠯᠢᠳᠡᠭᠵᠢᠬᠦᠯᠬᠦ︾ ᠦᠬᠡᠷᠡᠴᠢᠯᠡᠯᠳᠡ ᠶᠢ ᠬᠦᠠᠵᠡᠬᠡᠶᠢᠷᠡᠬᠦᠯᠵᠣ ᠵᠠᠰᠠᠭ ᠵᠠᠬᠢᠷᠭᠠᠨ | ᠤ ᠬᠢᠨᠡᠨ ᠵᠦᠪᠰᠢᠶᠠᠷᠠᠯ ᠤᠨ ᠣᠶᠢᠯᠡᠴᠢᠯᠡᠬᠡᠨ ᠤ ᠣᠴᠢᠷ ᠶᠠᠪᠣᠳᠠᠯ ᠢ ᠵᠠᠰᠠᠭ ᠤᠨ ᠶᠠᠪᠣᠳᠠᠯ ᠤᠨ ᠣᠶᠢᠯᠡᠴᠢᠯᠡᠬᠡᠨ ᠤ | ᠲᠦᠪ ᠲᠤ ᠲᠦᠪᠯᠡᠷᠡᠬᠦᠯᠤᠨ ᠬᠦᠢᠴᠡᠳᠬᠡᠬᠦ ᠠᠵᠢᠯ ᠢ ᠠᠬᠢᠭᠤᠯᠵᠣ ᠢᠨᠲ᠋ᠧᠷ ᠰᠦᠯᠵᠢᠶ᠎ᠠ ᠪᠠᠷ ᠭᠠᠶᠢᠯᠢ ᠶᠢᠨ ᠠᠵᠢᠯ ᠢ | ᠬᠦᠢᠴᠡᠳᠬᠡᠬᠦ ᠵᠡᠷᠬᠡ ᠣᠶᠢᠯᠡᠴᠢᠯᠡᠭᠡ ᠶᠢ ᠬᠡᠷᠡᠭᠵᠢᠬᠦᠯᠵᠣ ᠭᠠᠷ ᠣᠳᠠᠰᠣᠨAPP ᠪᠠᠷ ᠬᠢᠨᠠᠨ ᠵᠦᠪᠰᠢᠶᠡᠷᠡᠬᠦ ᠶᠢ | ᠳᠡᠯᠬᠡᠷᠡᠬᠦᠯᠵᠣ ᠣᠯᠠᠨ ᠲᠦᠮᠡᠨ ᠪᠠ ᠠᠵᠣ ᠠᠬᠤᠶᠢᠯᠡᠯ ᠤᠨ ᠠᠵᠢᠯ ᠬᠦᠢᠴᠡᠳᠬᠡᠬᠦ ᠶᠠᠪᠣᠴᠠ ᠳᠠᠬᠢ ᠡᠯ᠎ᠡ ᠲᠦᠷᠥᠯ ᠤᠨ | ᠬᠡᠷᠡᠴᠢ ᠶᠢ ᠴᠡᠭᠴᠡᠯᠡᠵᠤ ︽ᠨᠢᠬᠡ ᠴᠣᠩᠬᠤᠪᠴᠢ ᠪᠠᠷ ᠬᠦᠯᠢᠶᠠᠨ ᠠᠪᠬᠤ᠂ ᠪᠦᠬᠦᠨ ᠢ ᠰᠦᠯᠵᠢᠶ᠎ᠠ ᠪᠠᠷ ᠬᠦᠢᠴᠡᠳᠬᠡᠬᠦ | ᠂ ᠨᠢᠬᠡ ᠦᠷᠳᠡᠭᠡ ᠪᠠᠷ ᠬᠦᠢᠴᠡᠳᠬᠡᠬᠦ᠂ ᠴᠠᠭ ᠬᠢᠵᠠᠭᠠᠷᠯᠠᠨ ᠬᠦᠢᠴᠡᠳᠬᠡᠬᠦ᠂ ᠨᠢᠬᠡᠯᠡ ᠣᠳᠠᠭ᠎ᠠ ᠳᠤ ᠬᠦᠢᠴᠡᠳᠬᠡᠬᠦ︾ | ᠬᠠᠷᠠᠯᠳᠠ ᠶᠢ ᠡᠷᠳᠡᠬᠡᠨ ᠪᠠᠶᠠᠯᠡᠬᠦᠯᠥᠨ᠎ᠠ᠃ | ︵ᠲᠦᠷᠪᠠ︶ ᠠᠷᠢᠭᠤᠨ ᠴᠢᠬᠡᠴᠢ ᠪᠠᠷ ᠵᠠᠰᠠᠭ ᠪᠠᠷᠢᠬᠤ ᠶᠢ ᠪᠠᠷᠢᠮᠳᠠᠯᠠᠨ᠎ᠠ᠃ ᠠᠷᠢᠭᠤᠨ ᠴᠢᠬᠡᠴᠢ ᠪᠠᠷ ᠵᠠᠰᠠᠭ | ᠪᠠᠷᠢᠬᠤ ᠶᠢ ᠵᠠᠰᠠᠭ ᠤᠨ ᠣᠷᠳᠣᠨ ᠤ ᠠᠵᠢᠯ ᠤᠨ ᠡᠯ᠎ᠡ ᠬᠦᠷᠢᠶ᠎ᠠ ᠴᠠᠷᠠᠭᠠᠨ ᠳᠤ ᠨᠠᠪᠳᠠᠷᠠᠬᠦᠯᠵᠣ ᠠᠵᠣ ᠠᠬᠤᠢ | ᠨᠡᠶᠢᠬᠡᠮ ᠤᠨ ᠬᠦᠭᠵᠢᠯᠳᠡ ᠶᠢ ᠲᠦᠯᠬᠢᠨ ᠠᠬᠢᠭᠤᠯᠬᠤ ᠪᠦᠬᠦ ᠶᠠᠪᠣᠴᠠ ᠶᠢ ᠨᠠᠶᠢᠳᠠᠪᠣᠷᠢᠵᠢᠭᠤᠯᠵᠣ ᠠᠷᠢᠭᠤᠨ ᠴᠢᠬᠡᠴᠢ | ᠵᠠᠰᠠᠭ ᠤᠨ ᠣᠷᠳᠣᠨ ᠤ ᠰᠢᠨ᠎ᠡ ᠲᠦᠷᠢ ᠲᠦᠷᠬᠦ ᠶᠢ ᠪᠣᠢ ᠪᠣᠯᠭᠠᠨ᠎ᠠ᠃ ᠬᠢᠨᠡᠨ ᠪᠣᠳᠣᠯᠳᠠ ᠶᠢᠨ ᠬᠢᠨᠠᠯᠳᠠ ᠳᠠᠯᠪᠢᠬᠤ | ᠶᠢ ᠴᠢᠩᠭᠠᠳᠬᠠᠵᠣ᠂ ᠲᠦᠷᠥᠯ ᠵᠣᠶᠢᠯ ᠤᠨ ᠳᠠᠭᠠᠭᠠᠴᠢᠯᠠᠯᠳᠠ ᠵᠡᠷᠯᠡᠵᠣ ᠬᠦᠯᠢᠶᠡᠬᠦ᠂ ᠵᠠᠰᠠᠭ ᠤᠨ ᠣᠷᠳᠣᠨ | ᠬᠤᠳᠠᠯᠳᠣᠨ ᠠᠪᠬᠤ᠂ ᠪᠡᠯᠡ ᠮᠦᠩᠬᠦᠨ ᠤ ᠬᠡᠷᠡᠭᠯᠡᠯᠳᠡ ᠬᠤᠪᠢᠶᠠᠷᠢᠯᠠᠯᠳᠠ ᠵᠡᠷᠬᠡ ᠲᠦᠷᠢᠮ ᠤᠨ ᠪᠠᠶᠢᠭᠤᠯᠣᠯᠳᠠ ᠶᠢ | ᠴᠢᠩᠭᠠᠳᠬᠠᠵᠣ ᠬᠢᠨᠠᠯᠳᠠ ᠳᠠᠯᠪᠢᠨ ᠰᠠᠬᠢᠯᠭ᠎ᠠ ᠪᠠᠳᠣ ᠶᠢ ᠬᠡᠷᠡᠭᠵᠢᠬᠦᠯᠬᠦ ︽ᠲᠦᠷᠪᠡᠨ ᠬᠡᠯᠪᠠᠷᠢ ᠪᠠᠶᠢᠳᠠᠯ︾ ᠢ | ᠰᠠᠶᠢᠳᠣᠷ ᠬᠡᠷᠡᠭᠯᠡᠵᠣ ᠺᠠᠳ᠋ᠷᠴᠣᠳ ᠤᠨ ᠰᠠᠬᠢᠯᠭ᠎ᠠ ᠪᠠᠳᠣ ᠵᠦᠷᠢᠴᠡᠬᠦ ᠶᠢ ᠡᠬᠢ ᠢᠷᠡᠯᠳᠡ ᠠᠴᠠ ᠨᠢ ᠰᠠᠷᠬᠡᠶᠢᠯᠡᠨᠠ᠃ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠣᠯᠣᠯᠳᠠ᠂ ᠵᠠᠰᠠᠭ ᠤᠨ ᠣᠷᠳᠣᠨ ᠤ ᠦᠷᠢ ᠰᠢᠷᠢ ᠶᠢᠨ | ᠢᠯᠭᠠᠷᠠᠭᠤᠯᠤᠯᠲᠠ᠂ ᠵᠠᠰᠠᠭ ᠤᠨ ᠣᠷᠳᠣᠨ ᠤ ᠪᠡᠯᠡ ᠮᠦᠩᠬᠦᠨ ᠬᠠᠮᠢᠶᠠᠷᠣᠯᠳᠠ᠂ ᠨᠠᠮ ᠤᠨ ᠳᠣᠳᠣᠭᠠᠳᠣᠬᠢ ᠣᠯᠣᠰ | ᠲᠦᠷᠥ ᠶᠢᠨ ᠠᠮᠢᠳᠣᠷᠠᠯ᠂ ᠦᠨᠳᠣᠰᠣᠨ ᠱᠠᠳᠣᠨ ᠤ ᠨᠡᠶᠢᠬᠡᠮ ᠤᠨ ᠬᠠᠮᠢᠶᠠᠷᠣᠯᠳᠠ ᠵᠡᠷᠬᠡ ᠭᠤᠣᠯᠳᠠᠯᠭᠠᠳᠠᠢ 5 | ᠬᠦᠷᠢᠶ᠎ᠠ ᠴᠠᠷᠠᠭᠠᠨ ᠤ ︽ᠬᠢᠬᠦ ᠦᠬᠡᠢ᠂ ᠬᠠᠭᠤᠷᠮᠠᠭᠯᠠᠨ ᠬᠢᠬᠦ᠂ ᠳᠣᠷ᠎ᠠ ᠳᠠᠪᠠ ᠪᠠᠷ ᠢᠶᠠᠨ ᠣᠶᠢᠯᠡᠳᠬᠦ᠂ ᠠᠯᠵᠠᠭᠤᠷᠠᠨ | ᠬᠤᠶᠢᠷᠭᠤᠰᠢᠬᠤ︾ ᠠᠵᠢᠯᠯᠠᠭᠠᠨ ᠢ ᠲᠦᠪᠯᠡᠷᠡᠬᠦᠯᠥᠨ ᠴᠡᠭᠴᠡᠯᠡᠨ᠎ᠠ᠃ ᠲᠦᠪ ᠤᠨ ᠨᠠᠢᠮᠠᠨ ᠵᠣᠶᠢᠯ ᠤᠨ ᠳᠣᠭᠳᠠᠭᠠᠯ | ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠣᠷᠢᠵᠢᠭᠤᠯᠣᠨ ᠠᠷᠪᠢᠴᠢ ᠭᠠᠮᠳᠠᠢ ᠠᠮᠢᠳᠣᠷᠠᠬᠤ ᠦᠵᠡᠯ ᠰᠠᠨᠠᠭ᠎ᠠ ᠶᠢ ᠪᠠᠳᠣ | ᠪᠣᠢ ᠪᠣᠯᠭᠠᠵᠣ ︽ᠲᠦᠷᠪᠡᠨ ᠰᠣᠷᠳᠠᠯ︾ ᠤᠨ ᠠᠰᠠᠭᠤᠳᠠᠯ ᠳᠠᠬᠢᠨ ᠪᠣᠢ ᠪᠣᠯᠬᠤ ᠶᠢ ᠡᠷᠡᠰ ᠰᠡᠷᠬᠡᠶᠢᠯᠡᠨ᠎ᠠ᠃ | ᠲᠥᠯᠥᠭᠡᠯᠡᠭᠴᠢᠳ ᠡ︕ ᠵᠣᠯ ᠵᠢᠷᠭᠠᠯ ᠢ ᠪᠣᠯ ᠳᠠᠮᠠᠴᠠᠨ ᠣᠯᠳᠠᠭ ᠶᠣᠮᠰᠠᠨ᠂ ᠰᠢ ᠶᠢᠨ ᠫᠢᠩ ᠨᠦᠬᠦᠷ ᠢᠶᠠᠷ | ᠭᠤᠣᠯ ᠪᠣᠯᠭᠠᠭᠰᠠᠨ ᠨᠠᠮ ᠤᠨ ᠲᠦᠪ ᠬᠤᠷᠢᠶᠠᠨ ᠤ ᠳᠣᠭᠤᠷᠢᠨ ᠳᠤ ᠪᠢᠳᠠ ᠨᠠᠩ ᠨᠢᠭᠳᠠᠷᠠᠨ ᠪᠦᠯᠬᠦᠮᠳᠠᠵᠣ᠂ | ᠦᠪᠡᠷᠳᠡᠬᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠪᠠ ᠬᠤᠰᠢᠭᠤ ᠨᠠᠮ ᠤᠨ | ᠬᠤᠷᠢᠶᠠᠨ ᠤ ᠡᠷᠡᠰ ᠴᠢᠩᠭ᠎ᠠ ᠣᠳᠣᠷᠢᠳᠣᠯᠭ᠎ᠠ ᠳᠣᠣᠷ᠎ᠠ ᠪᠦᠬᠦ ᠬᠤᠰᠢᠭᠤᠨ ᠤ ᠡᠯ᠎ᠡ ᠦᠨᠳᠣᠰᠣᠳᠠᠨ ᠤ ᠠᠷᠠᠳ | ᠲᠦᠮᠡᠨ ᠳᠤ ᠴᠢᠩᠭ᠎ᠠ ᠳᠦᠰᠢᠭᠯᠡᠨ ᠣᠭ ᠰᠠᠨᠠᠭ᠎ᠠ ᠪᠠᠨ ᠦᠯᠣ ᠮᠡᠷᠳᠡᠨ ᠡᠬᠦᠷᠬᠡ ᠬᠠᠷᠢᠭᠤᠴᠠᠯᠭ᠎ᠠ ᠪᠠᠨ ᠪᠠᠳᠣ | ᠴᠠᠬᠡᠵᠢᠯᠠᠵᠣ᠂ ᠰᠠᠳᠬᠢᠯ ᠵᠢᠷᠦᠬᠡ ᠪᠠᠨ ᠨᠢᠬᠡᠳᠬᠡᠨ ᠬᠠᠮᠳᠣ ᠪᠠᠷ ᠴᠢᠷᠮᠡᠶᠢᠨ ᠣᠷᠣᠭᠰᠢᠯᠡᠵᠣ᠂ ᠴᠢᠨᠡᠬᠡᠯᠢᠭ ᠨᠡᠶᠢᠬᠡᠮ ᠢ | ᠪᠦᠬᠦ ᠳᠠᠯ᠎ᠠ ᠪᠠᠷ ᠪᠠᠶᠡᠯᠡᠬᠦᠯᠬᠦ ᠰᠢᠢᠳᠪᠣᠷᠢᠳᠣ ᠢᠯᠡᠯᠳᠡ ᠶᠢ ᠣᠯᠵᠣ ᠦᠣᠰᠢᠨ ᠤ ᠬᠦᠴᠦᠨ ᠳᠡᠬᠦᠯᠳᠡᠷ ᠢᠶᠠᠷ | ᠳᠡᠷᠢᠬᠦᠯᠡᠨ ᠳᠠᠪᠰᠢᠵᠣ᠂ ᠨᠣᠮᠢᠨ ᠳᠠᠩᠰᠤᠭ ᠢᠶᠠᠷ ᠬᠦᠭᠵᠢᠨ ᠮᠠᠨᠳᠣᠬᠤ ᠶᠢᠨ ᠲᠥᠯᠥᠬᠡ ᠴᠢᠷᠮᠠᠶᠢᠨ ᠳᠠᠮᠠᠴᠠᠵᠠᠬᠡᠶᠠ︕ | ᠨᠠᠷᠠᠰ ᠤᠨ ᠳᠠᠶᠢᠯᠪᠣᠷᠢ | ᠭᠤᠣᠯ ᠤᠨ ᠳᠠᠷᠤᠭ᠎ᠠ ᠶᠢᠨ ᠳᠥᠷᠢᠮ᠄ ᠡᠯ᠎ᠡ ᠱᠠᠲᠤᠨ ᠤ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ︽ | ᠭᠤᠣᠯ ᠤᠨ ᠳᠠᠷᠤᠭ᠎ᠠ︾ ︽ᠨᠠᠭᠤᠷ ᠤᠨ ᠳᠠᠷᠤᠭ᠎ᠠ︾ ᠶᠢᠨ ᠲᠣᠰᠢᠶᠠᠯ ᠢ ᠬᠠᠷᠢᠭᠤᠴᠠᠵᠤ᠂ ᠬᠤᠯᠪᠣᠭᠳᠠᠯ ᠪᠦᠬᠦᠢ | ᠭᠤᠣᠯ ᠨᠠᠭᠤᠷ ᠤᠨ ᠬᠠᠮᠢᠶᠠᠷᠤᠯᠲᠠ ᠬᠠᠮᠠᠭᠠᠯᠠᠯᠲᠠ ᠶᠢᠨ ᠠᠵᠢᠯ ᠢ ᠬᠠᠷᠢᠭᠤᠴᠠᠨ ᠵᠣᠬᠢᠶᠠᠨ ᠪᠠᠶᠢᠭᠤᠯᠵᠤ ᠣᠳᠣᠷᠢᠳᠣᠨ᠎ᠠ | ᠃ | ᠬᠤᠷᠢᠨ ᠳᠤᠯᠤᠭᠠᠨ ᠦᠨᠡᠮᠯᠡᠯ ᠢ ᠨᠢᠭᠡᠳᠬᠡᠬᠦ᠄ ᠦᠢᠯᠡᠳᠪᠦᠷᠢ ᠬᠤᠳᠠᠯᠳᠤᠭᠠᠨ ᠤ ᠡᠵᠡᠩᠨᠡᠯᠲᠡ ᠶᠢᠨ ᠦᠨᠡᠮᠯᠡᠯ᠂ | ᠵᠤᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠲᠦᠯᠦᠭᠡᠨ ᠨᠣᠮᠧᠷ ᠵᠡᠷᠭᠡ ︽ᠲᠠᠪᠤᠨ ᠦᠨᠡᠮᠯᠡᠯ ᠢ ᠨᠢᠭᠡᠳᠬᠡᠬᠦ᠂ | ᠨᠢᠭᠡ ᠦᠨᠡᠮᠯᠡᠯ ᠨᠢᠭᠡ ᠲᠦᠯᠦᠭᠡᠨ ᠨᠣᠮᠧᠷ︾ ᠳᠠᠩᠰᠠᠯᠠᠭᠤᠯᠬᠤ ᠳᠦᠷᠢᠮ ᠤᠨ ᠥᠭᠡᠷᠡᠴᠢᠯᠡᠯᠲᠡ ᠶᠢ ᠬᠡᠷᠡᠭᠵᠢᠭᠦᠯᠬᠦ | ᠰᠠᠭᠤᠷᠢᠨ ᠳᠡᠭᠡᠷ᠎ᠡ ᠠᠵᠤ ᠠᠬᠤᠶᠢᠯᠠᠯ ᠤᠨ ᠪᠡᠯᠡ ᠣᠷᠣᠭᠤᠯᠬᠤ ᠲᠦᠷᠦᠯ ᠵᠦᠢᠯ ᠢ ᠳᠠᠩᠰᠠᠯᠠᠭᠤᠯᠬᠤ ᠵᠡᠷᠭᠡ 22 | ᠲᠦᠷᠦᠯ ᠤᠨ ᠪᠦᠷᠢᠳᠬᠡᠬᠦ᠂ ᠬᠡᠷᠡᠭ ᠳᠠᠩᠰᠠᠯᠠᠭᠤᠯᠬᠤ ᠤᠴᠢᠷ ᠶᠠᠪᠤᠳᠠᠯ ᠢ ᠨᠢᠭᠡᠳᠬᠡᠨ᠂ ᠬᠠᠮᠤᠭ ᠡᠴᠦᠰ ᠲᠡᠭᠡᠨ | ᠨᠡᠶᠢᠭᠡᠮ ᠤᠨ ᠢᠲᠡᠬᠡᠮᠵᠢᠲᠠᠢ ᠨᠢᠬᠡᠲᠦᠯᠲᠠᠢ ᠲᠦᠯᠦᠭᠡᠨ ᠨᠣᠮᠧᠷ ᠢ ᠠᠴᠢᠶᠠᠯᠠᠭᠰᠠᠨ ︽ᠬᠤᠷᠢᠨ ᠲᠤᠯᠤᠭᠠᠨ ᠦᠨᠡᠮᠯᠡᠯ ᠢ | ᠨᠢᠭᠡᠳᠬᠡᠭᠰᠡᠨ᠂ ᠨᠢᠭᠡ ᠦᠨᠡᠮᠯᠡᠯ ᠨᠢᠭᠡ ᠲᠥᠯᠥᠭᠡᠨ ᠨᠣᠮᠧᠷ︾ ᠤᠨ ᠡᠵᠡᠩᠨᠡᠯᠲᠡ ᠶᠢᠨ ᠦᠨᠡᠮᠯᠡᠯ ᠢ ᠪᠦᠷᠢᠯᠳᠦᠭᠦᠯᠦᠨ᠎ᠡ | ᠃ | ︽ᠬᠤᠣᠰ ᠰᠤᠭᠤᠴᠢᠵᠤ᠂ ᠨᠢᠭᠡ ᠶᠢ ᠢᠯᠡ ᠪᠣᠯᠭᠠᠬᠤ︾ ᠬᠢᠨᠠᠨ ᠬᠠᠮᠢᠶᠠᠷᠤᠯᠲᠠ ᠶᠢᠨ ᠶᠠᠪᠤᠴᠠ ᠳᠤᠮᠳᠠ | ᠪᠠᠶᠢᠴᠠᠭᠠᠬᠤ ᠡᠲᠡᠭᠡᠳ ᠢᠶᠠᠨ ᠲᠣᠬᠢᠶᠠᠯᠳᠤᠮᠵᠢ ᠪᠠᠷ ᠰᠤᠩᠭᠤᠬᠤ᠂ ᠬᠠᠤᠯᠢ ᠬᠡᠷᠡᠭᠵᠢᠭᠦᠯᠵᠦ ᠪᠠᠶᠢᠴᠠᠭᠠᠬᠤ | ᠬᠦᠮᠦᠨ ᠢᠶᠠᠨ ᠲᠣᠬᠢᠶᠠᠯᠳᠤᠮᠵᠢ ᠪᠠᠷ ᠰᠣᠩᠭᠤᠨ ᠲᠣᠮᠢᠯᠠᠬᠤ᠂ ᠰᠤᠭᠤᠯᠤᠨ ᠪᠠᠶᠢᠴᠠᠭᠠᠭᠰᠠᠨ ᠪᠠᠶᠢᠳᠠᠯ ᠪᠣᠯᠣᠨ | ᠪᠠᠶᠢᠴᠠᠭᠠᠯᠲᠠ ᠶᠢᠨ ᠦᠷ᠎ᠡ ᠳ᠋ᠦᠩ ᠢᠶᠠᠨ ᠴᠠᠭ ᠲᠣᠬᠠᠢ ᠳᠤᠨᠢ ᠨᠡᠶᠢᠭᠡᠮ ᠨᠡᠶᠢᠲᠡ ᠳᠤ ᠨᠡᠶᠢᠲᠡᠯᠡᠨ᠎ᠡ᠃ | ︽ᠭᠤᠷᠪᠠᠨ ᠨᠢᠭᠡ ᠪᠦᠯᠦᠭ︾ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠢᠨᠵᠧᠨᠧᠷᠢᠩ᠄ ᠨᠢᠭᠡᠨᠲᠡ ᠬᠢᠨᠠᠨ | ᠬᠠᠷᠠᠭᠤᠯᠤᠭᠰᠠᠨ ᠬᠦᠨᠳᠦ ᠡᠪᠡᠳᠴᠢᠨ᠂ ᠤᠳᠠᠭᠠᠨ ᠴᠢᠨᠠᠷᠲᠠᠢ ᠡᠪᠡᠳᠴᠢᠨ ᠳᠤ ᠨᠡᠷᠪᠡᠭᠳᠡᠭᠰᠡᠨ ᠬᠥᠳᠡᠭᠡ ᠳᠤᠰᠬᠤᠨ ᠤ | ᠶᠠᠳᠠᠭᠤ ᠬᠦᠴᠢᠷᠳᠡᠯᠲᠡᠢ ᠬᠦᠮᠦᠨ ᠠᠮᠠ ︵ᠳᠠᠩᠰᠠ ᠪᠤᠰᠬᠠᠨ ᠺᠠᠷᠲ ᠪᠠᠶᠢᠭᠤᠯᠤᠭᠰᠠᠨ ᠶᠠᠳᠠᠭᠤ ᠬᠦᠴᠢᠷᠳᠡᠯᠲᠡᠢ | ᠬᠦᠮᠦᠨ ᠠᠮᠠ ᠪᠠ ᠬᠥᠳᠡᠭᠡ ᠳᠤᠰᠬᠤᠨ ᠤ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠬᠦᠷᠲᠡᠵᠤ ᠡᠲᠡᠭᠡᠳ᠂ | ᠤᠨᠴᠠᠭᠠᠢ ᠬᠦᠴᠢᠷᠳᠡᠯᠲᠡᠢ ᠬᠦᠮᠦᠨ᠂ ᠶᠠᠳᠠᠭᠤ ᠬᠦᠴᠢᠷᠳᠡᠯᠲᠡᠢ ᠵᠡᠮᠳᠡᠭᠴᠦᠳ ᠢ ᠪᠠᠭᠲᠠᠭᠠᠨ᠎ᠠ︶ ᠳᠤ ︽ᠨᠢᠭᠡ ᠪᠦᠯᠦᠭ | ᠬᠦᠨᠳᠦ ᠡᠪᠡᠳᠴᠢᠲᠡᠨ ᠢ ᠲᠦᠪᠯᠡᠷᠡᠭᠦᠯᠦᠨ ᠡᠮᠨᠡᠵᠦ᠂ ᠨᠢᠭᠡ ᠪᠦᠯᠦᠭ ᠤᠳᠠᠭᠠᠨ ᠴᠢᠨᠠᠷᠲᠠᠢ ᠡᠪᠡᠳᠴᠢᠨ ᠣᠯᠣᠭᠰᠠᠨ | ᠬᠦᠮᠦᠰ ᠲᠠᠢ ᠭᠡᠷ᠎ᠡ ᠲᠤᠭᠲᠠᠨ ᠦᠢᠯᠡᠴᠢᠯᠡᠵᠦ᠂ ᠨᠢᠭᠡ ᠪᠦᠯᠦᠭ ᠬᠦᠨᠳᠦ ᠡᠪᠡᠳᠴᠢᠲᠠᠨ ᠤ ᠦᠨᠳᠦᠰᠦᠨ ᠠᠮᠢᠳᠤᠷᠠᠯ ᠢ | ᠪᠠᠲᠤᠯᠠᠬᠤ︾ ᠲᠥᠷᠦ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ | ᠤᠯᠠᠨ ᠲᠥᠯᠥᠪᠵᠢᠭᠦᠯᠭᠡ ᠶᠢ ᠨᠢᠭᠡᠳᠬᠡᠬᠦ᠄ ᠤᠯᠤᠰ ᠠᠷᠠᠳ ᠤᠨ ᠠᠵᠤ ᠠᠬᠤᠢ ᠪᠣᠯᠣᠨ ᠨᠡᠶᠢᠭᠡᠮ ᠤᠨ | ᠬᠥᠭᠵᠢᠯᠲᠡ ᠶᠢᠨ ᠲᠥᠯᠥᠪᠵᠢᠭᠦᠯᠭᠡ᠂ ᠬᠤᠲᠠ ᠬᠥᠳᠡᠭᠡ ᠶᠢᠨ ᠲᠥᠯᠥᠪᠵᠢᠭᠦᠯᠭᠡ᠂ ᠭᠠᠵᠠᠷ ᠰᠢᠷᠦᠢ ᠶᠢᠨ | ᠠᠰᠢᠭᠯᠠᠯᠲᠠ ᠶᠢᠨ ᠲᠥᠯᠥᠪᠵᠢᠭᠦᠯᠭᠡ᠂ ᠠᠮᠢ ᠠᠬᠤᠢ ᠣᠷᠴᠢᠨ ᠲᠤᠭᠤᠷᠢᠨ ᠤ ᠬᠠᠮᠠᠭᠠᠯᠠᠯᠲᠠ ᠶᠢᠨ ᠲᠥᠯᠥᠪᠵᠢᠭᠦᠯᠭᠡ | ᠵᠡᠷᠭᠡ ᠤᠯᠠᠨ ᠲᠥᠯᠥᠪᠵᠢᠭᠦᠯᠭᠡ ᠶᠢ ᠨᠢᠭᠡ ᠬᠦᠷᠢᠶ᠎ᠡ ᠴᠠᠷᠠᠭᠠᠨ ᠳᠤ ᠠᠭᠤᠰᠤᠯᠴᠠᠭᠤᠯᠵᠤ᠂ ᠨᠢᠭᠡ ᠬᠤᠲᠠ ᠰᠢᠶᠠᠨ ︵ | ᠬᠤᠰᠢᠭᠤ︶ ᠳᠤ ᠨᠢᠭᠡ ᠲᠥᠯᠥᠪᠵᠢᠭᠦᠯᠭᠡ ᠶᠢ ᠪᠡᠶᠡᠯᠡᠭᠦᠯᠦᠨ᠂ ᠣᠳᠣᠬᠠᠨ ᠤ ᠡᠯ᠎ᠡ ᠲᠥᠷᠥᠯ ᠤᠨ | ᠲᠥᠯᠥᠪᠵᠢᠭᠦᠯᠭᠡ ᠶᠢᠨ ᠦᠪᠡᠷ ᠤᠨ ᠲᠣᠭᠲᠠᠯᠴᠠᠭ᠎ᠠ᠂ ᠠᠭᠤᠯᠭ᠎ᠠ ᠶᠢᠨ ᠳᠠᠪᠬᠤᠴᠠᠯ᠂ ᠵᠠᠯᠭᠠᠯᠳᠤᠯ ᠤᠨ ᠲᠤᠲᠠᠮᠠᠭ | ᠵᠡᠷᠭᠡ ᠠᠰᠠᠭᠤᠳᠠᠯ ᠢ ᠰᠢᠢᠳᠪᠦᠷᠢᠯᠡᠨ᠎ᠡ᠃ | ᠪᠥᠬᠦ ᠣᠷᠣᠨ ᠪᠥᠰᠡ ᠶᠢᠨ ᠵᠢᠭᠤᠯᠴᠢᠯᠠᠯ᠄ ᠵᠣᠬᠢᠬᠤ ᠣᠷᠣᠨ ᠪᠦᠰᠠ ᠶᠢᠨ ᠵᠢᠭᠤᠯᠴᠢᠯᠠᠯ ᠤᠨ ᠳᠠᠪᠠᠭᠤᠯᠢᠭ | ᠠᠵᠤ ᠦᠢᠯᠡᠰ ᠢᠶᠠᠷ ᠲᠣᠰ ᠣᠷᠣᠨ ᠤ ᠠᠵᠤ ᠠᠬᠤᠢ ᠨᠡᠶᠢᠬᠡᠮ ᠤᠨ ᠡᠬᠢ ᠪᠠᠶᠠᠯᠢᠭ ᠣᠨᠴᠠᠭᠠᠶᠢᠯᠠᠨ ᠦᠢᠯᠡᠴᠢᠯᠡᠭᠡᠨ ᠤ | ᠵᠢᠭᠤᠯᠴᠢᠯᠠᠯ ᠤᠨ ᠡᠬᠢ ᠰᠤᠷᠪᠣᠯᠵᠢ᠂ ᠬᠤᠯᠪᠣᠭᠳᠠᠯ ᠪᠥᠬᠦᠢ ᠠᠵᠤ ᠦᠢᠯᠡᠰ᠂ ᠠᠮᠢ ᠠᠬᠤᠢ ᠣᠷᠴᠢᠨ ᠲᠣᠭᠤᠷᠢᠨ᠂ | ᠣᠯᠠᠨ ᠨᠡᠶᠢᠲᠡ ᠶᠢᠨ ᠦᠢᠯᠡᠴᠢᠯᠡᠭᠡ᠂ ᠪᠠᠶᠢᠭᠤᠯᠤᠮᠵᠢ ᠲᠣᠭᠲᠠᠯᠴᠠᠭ᠎ᠠ ᠵᠡᠷᠭᠡ ᠶᠢᠨ ᠪᠥᠬᠦ ᠲᠠᠯ᠎ᠠ ᠶᠢᠨ | ᠰᠢᠰᠲ᠋ᠧᠮᠵᠢᠬᠦᠯᠥᠯᠳᠡ ᠶᠢ ᠰᠢᠯᠢᠳᠡᠭᠵᠢᠭᠦᠯᠵᠦ᠂ ᠣᠷᠣᠨ ᠪᠥᠰᠡ ᠶᠢᠨ ᠡᠬᠢ ᠰᠤᠷᠪᠤᠯᠵᠢ ᠶᠢ ᠤᠷᠭᠠᠨᠢᠭ ᠢᠶᠠᠷ ᠨᠢᠬᠡᠳᠬᠡᠬᠦ | ᠂ ᠠᠵᠤ ᠦᠢᠯᠡᠰ ᠢ ᠠᠭᠤᠰᠣᠯᠴᠠᠭᠤᠯᠣᠨ ᠬᠦᠭᠵᠢᠬᠦᠯᠬᠦ᠂ ᠨᠡᠶᠢᠬᠡᠮ ᠳᠠᠶᠠᠭᠠᠷ ᠬᠠᠮᠲᠤᠪᠠᠷ ᠪᠠᠶᠢᠭᠤᠯᠣᠨ ᠡᠳ᠋ᠯᠡᠬᠦ ᠶᠢ | ᠪᠡᠶᠡᠯᠡᠭᠦᠯᠵᠤ᠂ ᠵᠢᠭᠤᠯᠴᠢᠯᠡᠯ ᠤᠨ ᠣᠶᠢᠯᠡᠰ ᠢᠶᠠᠷ ᠠᠵᠤ ᠠᠬᠤᠢ ᠨᠡᠶᠢᠬᠡᠮ ᠤᠨ ᠠᠭᠤᠰᠣᠯᠴᠠᠯ ᠬᠥᠭᠵᠢᠯᠲᠡ ᠶᠢ | ᠳᠠᠶᠢᠴᠢᠯᠡᠨ ᠠᠬᠢᠭᠤᠯᠬᠤ ᠨᠢᠭᠡ ᠲᠥᠷᠥᠯ ᠤᠨ ᠣᠷᠣᠨ ᠪᠥᠰᠡ ᠶᠢᠨ ᠵᠣᠬᠢᠴᠠᠩᠭᠤᠢ ᠬᠥᠭᠵᠢᠯᠲᠡ ᠶᠢᠨ ᠰᠢᠨ᠎ᠡ | ᠣᠶᠢᠯᠠᠭᠠᠭᠳᠠᠬᠤᠨ ᠪᠠ ᠬᠡᠯᠪᠡᠷᠢ ᠮᠥᠨ᠃ | ᠬᠥᠳᠡᠭᠡ ᠳᠤᠰᠬᠤᠨ ᠤ ᠶᠡᠷᠥᠩᠬᠡᠶᠢᠯᠡᠭᠰᠡᠨ ᠴᠣᠭᠴᠠ᠄ ᠣᠳᠣ ᠦᠶ᠎ᠡ ᠶᠢᠨ ᠲᠠᠷᠢᠶᠠᠯᠠᠩ ᠠᠵᠤ ᠠᠬᠤᠢ᠂ | ᠰᠡᠯᠡᠭᠦᠴᠡᠯ ᠵᠢᠭᠤᠯᠴᠢᠯᠠᠯ᠂ ᠬᠥᠳᠡᠭᠡ ᠳᠤᠰᠬᠤᠨ ᠤ ᠨᠡᠶᠢᠬᠡᠮ ᠲᠣᠭᠤᠷᠢᠭ ᠤᠨ ᠨᠢᠭᠡ ᠴᠣᠭᠴᠠᠵᠢᠭᠰᠠᠨ ᠥᠪᠡᠷᠮᠢᠴᠡ | ᠣᠨᠴᠠᠯᠢᠭᠲᠤ ᠵᠢᠵᠢᠭ ᠪᠠᠯᠭᠠᠰᠤ ᠪᠠ ᠬᠥᠳᠡᠭᠡ ᠳᠤᠰᠬᠤᠨ ᠤ ᠶᠡᠷᠥᠩᠬᠡᠶᠢᠯᠡᠭᠰᠡᠨ ᠬᠥᠭᠵᠢᠯᠲᠡ ᠶᠢᠨ ᠬᠡᠯᠪᠡᠷᠢ ᠮᠥᠨ᠂ | ᠬᠤᠲᠠ ᠬᠥᠳᠡᠭᠡ ᠶᠢᠨ ᠨᠢᠭᠡ ᠴᠣᠭᠴᠠᠵᠢᠭᠰᠠᠨ ᠪᠠᠶᠢᠷᠢᠯᠠᠭᠤᠯᠤᠯᠲᠠ ᠳᠣᠣᠷ᠎ᠠ ᠬᠠᠩᠭᠠᠯᠭ᠎ᠠ ᠶᠢᠨ ᠲᠠᠯ᠎ᠠ ᠶᠢᠨ | ᠪᠥᠲᠥᠴᠡ ᠶᠢᠨ ᠴᠢᠨᠠᠷᠲᠠᠢ ᠥᠭᠡᠷᠡᠴᠢᠯᠡᠯᠲᠡ᠂ ᠰᠢᠨ᠎ᠡ ᠬᠡᠯᠪᠡᠷᠢ ᠶᠢᠨ ᠠᠵᠤ ᠦᠢᠯᠡᠰ ᠤᠨ ᠬᠥᠭᠵᠢᠯᠲᠡ ᠲᠠᠢ | ᠲᠣᠬᠢᠷᠠᠯᠴᠠᠭᠰᠠᠨ ᠥᠮᠴᠢᠯᠡᠯ ᠤᠨ ᠡᠷᠬᠡ ᠶᠢᠨ ᠲᠥᠷᠢᠮ ᠤᠨ ᠥᠭᠡᠷᠡᠴᠢᠯᠡᠯᠲᠡ ᠲᠠᠢ ᠤᠶᠠᠯᠳᠤᠭᠤᠯᠤᠭᠰᠠᠨ ᠳᠤᠮᠳᠠᠳᠤ | ᠤᠯᠤᠰ ᠤᠨ ᠬᠥᠳᠡᠭᠡ ᠳᠤᠰᠬᠤᠨ ᠤ ᠣᠳᠣᠬᠢᠴᠢᠯᠠᠯᠲᠠ᠂ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ᠂ ᠨᠡᠶᠢᠬᠡᠮ | ᠠᠵᠤ ᠠᠬᠤᠢ ᠶᠢᠨ ᠪᠥᠬᠦ ᠲᠠᠯ᠎ᠠ ᠶᠢᠨ ᠬᠥᠭᠵᠢᠯᠲᠡ ᠶᠢᠨ ᠨᠢᠭᠡ ᠵᠦᠢᠯ ᠤᠨ ᠦᠷᠭᠦᠯᠵᠢᠯᠡᠬᠦ ᠬᠡᠯᠪᠡᠷᠢ ᠪᠣᠯᠤᠨ᠎ᠠ᠃ | ᠬᠡᠢ ᠠᠭᠠᠷ ᠤᠨ ᠢᠯᠴᠢ ᠡᠨᠧᠷᠬᠢ᠄ ᠬᠡᠢ ᠠᠭᠠᠷ ᠲᠤ ᠠᠭᠤᠯᠣᠭᠳᠠᠵᠤ ᠪᠠᠶᠢᠭ᠎ᠠ ᠳᠣᠣᠷ᠎ᠠ ᠳᠡᠰ ᠤᠨ ᠢᠯᠴᠢ | ᠡᠨᠧᠷᠬᠢ ᠶᠢ ᠵᠢᠭᠠᠵᠣ ᠪᠣᠢ᠂ ᠣᠰᠣᠨ ᠡᠨᠧᠷᠬᠢ᠂ ᠰᠠᠯᠬᠢᠨ ᠡᠨᠧᠷᠬᠢ᠂ ᠨᠠᠷᠠᠨ ᠤ ᠡᠨᠧᠷᠬᠢ᠂ ᠲᠥᠯᠬᠢᠯᠳᠡ | ᠳᠠᠲᠠᠯᠳᠠ ᠶᠢᠨ ᠡᠨᠧᠷᠬᠢ ᠵᠡᠷᠬᠡ ᠲᠠᠢ ᠠᠳᠠᠯᠢᠬᠠᠨ ᠴᠡᠪᠡᠷ ᠡᠨᠧᠷᠬᠢ ᠤᠨ ᠨᠢᠭᠡ ᠲᠦᠷᠥᠯ ᠪᠣᠯᠣᠨ᠎ᠠ᠃ | ᠭᠠᠷ ᠣᠳᠠᠰᠣᠨAPP᠄ ᠣᠶᠣᠨᠳᠣ ᠭᠠᠷ ᠣᠳᠠᠰᠣᠨ ᠤ ᠭᠤᠷᠪᠠᠳᠣᠭᠠᠷ ᠲᠠᠯ᠎ᠠ ᠶᠢᠨ ᠬᠡᠷᠡᠭᠯᠡᠯᠳᠡ ᠶᠢᠨ | ᠫᠷᠦᠭᠷᠡᠮ ᠢ ᠵᠢᠭᠠᠨ᠎ᠠ᠃ | ᠬᠢᠨᠠᠯᠳᠠ ᠳᠠᠯᠪᠢᠵᠣ ᠰᠠᠬᠢᠯᠭ᠎ᠠ ᠪᠠᠲᠦ ᠶᠢ ᠬᠡᠷᠡᠭᠵᠢᠬᠦᠯᠬᠦ ︽ᠲᠦᠷᠪᠠᠨ ᠬᠡᠯᠪᠠᠷᠢ ᠪᠠᠶᠢᠳᠠᠯ︾᠄ ᠰᠢᠬᠦᠮᠵᠢᠯᠡᠯ ᠪᠠ | ᠦᠪᠡᠷ ᠤᠨ ᠰᠢᠬᠦᠮᠵᠢᠯᠡᠯ ᠢ ᠦᠷᠬᠦᠯᠵᠢ ᠦᠷᠨᠢᠬᠦᠯᠥᠨ ᠴᠢᠷᠡᠢ ᠣᠯᠠᠶᠢᠯᠭᠠᠨ ᠪᠣᠷᠣᠭᠤ ᠶᠢ ᠳᠠᠨᠢᠭᠤᠯᠬᠤ ᠶᠢ ᠡᠩ ᠤᠨ | ᠪᠠᠶᠢᠳᠠᠯ ᠲᠠᠢ ᠪᠣᠯᠭᠠᠨ᠎ᠠ︔ ᠨᠠᠮ ᠤᠨ ᠰᠠᠬᠢᠯᠭ᠎ᠠ ᠪᠠᠲᠦ ᠶᠢᠨ ᠬᠦᠩᠬᠡᠨ ᠰᠢᠢᠳᠬᠡᠯ ᠪᠣᠯᠣᠨ ᠵᠣᠬᠢᠶᠠᠨ | ᠪᠠᠶᠢᠭᠤᠯᠣᠯᠳᠠ ᠶᠢᠨ ᠲᠠᠯ᠎ᠠ ᠠᠴᠠ ᠰᠢᠢᠳᠬᠡᠬᠦ ᠶᠢ ᠣᠯᠠᠨ ᠳᠣᠭᠠᠨ ᠤ ᠬᠢ ᠪᠣᠯᠭᠠᠨ᠎ᠠ᠃ ᠰᠠᠬᠢᠯᠭ᠎ᠠ ᠪᠠᠲᠤ ᠶᠢ ᠬᠦᠨᠳᠣ | ᠡᠪᠳᠡᠭᠰᠡᠳ ᠢ ᠬᠦᠨᠳᠣ ᠪᠠᠷ ᠰᠢᠢᠳᠬᠡᠬᠦ᠂ ᠲᠣᠰᠢᠶᠠᠯ ᠬᠠᠷᠢᠭᠤᠴᠠᠯᠭ᠎ᠠ ᠶᠢᠨ ᠲᠠᠯ᠎ᠠ ᠶᠢᠨ ᠴᠢᠬᠤᠯᠠ | ᠳᠣᠬᠢᠷᠠᠭᠤᠯᠣᠯᠳᠠ ᠶᠢ ᠴᠦᠬᠡᠨ ᠳᠣᠭᠠᠨ ᠤ ᠬᠢ ᠪᠣᠯᠭᠠᠨ᠎ᠠ︔ ᠬᠦᠨᠳᠣ ᠨᠣᠴᠢᠳᠡᠢ ᠪᠠᠷ ᠰᠠᠬᠢᠯᠭ᠎ᠠ ᠪᠠᠲᠦ ᠬᠠᠣᠯᠢ | ᠴᠠᠭᠠᠵᠠ ᠶᠢ ᠵᠦᠷᠢᠴᠡᠵᠣ ᠬᠡᠷᠡᠭ ᠳᠠᠩᠰᠠᠯᠠᠨ ᠬᠢᠨᠡᠨ ᠪᠠᠶᠢᠴᠠᠭᠠᠬᠤ ᠶᠢ ᠲᠤᠩ ᠴᠦᠬᠡᠨ ᠪᠣᠯᠭᠠᠨ᠎ᠠ᠃ |