ᠰᠦᠯᠳᠡ ᠰᠤᠮᠤ ︽ᠬᠦᠳᠡᠭᠡ ᠲᠤᠰᠬᠤᠨ ᠢ ᠭᠦᠭᠵᠢᠭᠦᠯᠤᠨ ᠮᠠᠨᠳᠤᠭᠤᠯᠬᠤ ᠪᠠᠶᠢᠯᠳᠤᠬᠤ ᠪᠤᠳᠤᠯᠭ᠎ᠠ︾ ᠶᠢ | ᠪᠦᠬᠦ ᠭᠦᠴᠤᠨ ᠢᠶᠠᠷ ᠢᠶᠠᠨ ᠬᠡᠷᠡᠭᠵᠢᠭᠦᠯᠦᠨ᠂ ᠮᠠᠯ ᠲᠠᠷᠢᠶᠠᠯᠠᠩ ᠤᠨ ᠪᠦᠳᠤᠴᠡ ᠳᠤ ᠢᠳᠡᠪᠬᠢᠳᠡᠢ ᠪᠠᠷ | ᠲᠤᠬᠢᠷᠠᠭᠤᠯᠤᠯᠳᠠ ᠬᠢᠵᠤ᠂ ᠮᠠᠯᠴᠢᠨ ᠲᠠᠷᠢᠶᠠᠴᠢᠳ ᠤᠨ ᠤᠷᠤᠯᠭ᠎ᠠ ᠶᠢ ᠴᠢᠷᠮᠡᠶᠢᠨ ᠨᠡᠮᠡᠭᠳᠡᠭᠦᠯᠵᠤ ᠪᠤᠢ᠃ ᠤᠶᠢᠷ᠎ᠠ ᠳᠤ | ᠰᠦᠯᠳᠡ ᠰᠤᠮᠤ ᠨᠢ ᠬᠠᠪᠤᠷ ᠤᠨ ᠲᠠᠷᠢᠶᠠᠯᠠᠭ᠎ᠠ ᠶᠢᠨ ᠪᠡᠯᠡᠳᠭᠡᠯ ᠠᠵᠢᠯ ᠳᠤ ᠢᠳᠡᠪᠬᠢᠳᠡᠢ ᠭᠠᠪᠰᠢᠭᠠᠶᠢᠯᠠᠵᠤ ᠲᠠᠷᠢᠮᠠᠯ | ᠤᠨ ᠲᠦᠷᠤᠯ ᠵᠤᠶᠢᠯ ᠳᠤ ᠦᠭᠡᠷᠡᠴᠢᠯᠡᠯᠳᠡ ᠬᠢᠬᠦ ᠶᠢ ᠵᠤᠷᠢᠭᠵᠢᠭᠤᠯᠤᠨ᠂ ᠵᠢᠮᠢᠰ᠂ ᠢᠳᠡᠰᠢᠨ ᠨᠤᠭᠤᠭ᠎ᠠ᠂ ᠡᠮ ᠤᠨ | ᠮᠠᠲ᠋ᠧᠷᠢᠶᠠᠯ᠂ ᠮᠦᠭᠦ ᠶᠢᠨ ᠲᠦᠷᠤᠯ᠂ ᠬᠤᠯᠢᠮᠠᠭ ᠠᠮᠤ ᠪᠤᠳᠠᠭ᠎ᠠ ᠵᠡᠷᠭᠡ ᠠᠵᠤ ᠠᠬᠤᠢ ᠶᠢᠨ ᠲᠠᠷᠢᠮᠠᠯ ᠤᠨ ᠦᠢᠯᠡᠰ | ᠡᠷᠬᠢᠯᠡᠬᠦ ᠶᠢ ᠢᠳᠡᠪᠬᠢᠳᠡᠢ ᠪᠠᠷ ᠲᠡᠳᠭᠦᠵᠤ ᠪᠤᠢ᠃ | ᠴᠠᠮᠬᠠᠭ ᠭᠠᠴᠠᠭ᠎ᠠ ᠤᠷᠴᠢᠮ ᠤᠨ ᠬᠡᠲᠦᠨ ᠵᠢᠯ ᠯᠠᠵᠤᠤ ᠶᠢᠨ ᠲᠠᠷᠢᠮᠠᠯ ᠤᠨ ᠦᠢᠯᠡᠰ ᠢ ᠲᠤᠷᠰᠢᠨ ᠡᠷᠬᠢᠯᠡᠭᠡᠳ | ᠢᠯᠡᠳᠳᠠ ᠠᠮᠵᠢᠯᠳᠡ ᠤᠯᠵᠤ᠂ ᠡᠨᠡ ᠵᠢᠯ ᠯᠠᠵᠤᠤ ᠶᠢᠨ ᠲᠠᠷᠢᠮᠠᠯ ᠤᠨ ᠲᠡᠯᠡᠪᠡᠢ ᠪᠠᠨ ᠦᠷᠭᠡᠳᠭᠡᠨ ᠰᠢᠨ᠎ᠡ ᠪᠠᠷ ᠨᠢᠭᠡ | ᠪᠦᠯᠦᠭ ᠯᠠᠵᠤᠤ ᠲᠠᠷᠢᠬᠤ ᠡᠷᠤᠬᠡ ᠶᠢ ᠢᠳᠡᠪᠬᠢᠳᠡᠢ ᠪᠠᠷ ᠲᠠᠶᠢᠴᠢᠯᠠᠨ ᠲᠠᠭᠠᠭᠤᠯᠵᠤ᠂ ᠲᠦᠷᠤᠯ ᠵᠤᠶᠢᠯ ᠢᠶᠠᠷ ᠲᠡᠳᠭᠦᠬᠦ | ᠶᠢ ᠤᠶᠠᠯᠳᠤᠭᠤᠯᠤᠨ ᠲᠦᠬᠦᠭᠡᠷᠤᠮᠵᠢ᠂ ᠮᠡᠷᠭᠡᠵᠢᠯ ᠤᠨ ᠪᠤᠯᠪᠠᠰᠤᠷᠠᠯ ᠬᠠᠩᠭᠠᠬᠤ ᠵᠡᠷᠭᠡ ᠶᠢ ᠴᠢᠬᠤᠯᠠᠴᠢᠯᠡᠨ᠂ ᠤᠳᠤ | ᠨᠢᠭᠡᠨᠳᠡ ᠪᠡᠯᠡᠳᠭᠡᠯ ᠠᠵᠢᠯ ᠢ ᠪᠦᠬᠦᠨ ᠢ ᠲᠠᠭᠤᠰᠬᠠᠵᠤ ᠲᠠᠷᠠᠭ᠎ᠠ ᠠᠯᠬᠤᠮ ᠳᠤ ᠰᠤᠶᠤᠭ᠎ᠠ ᠪᠤᠶᠢᠵᠢᠭᠤᠯᠬᠤ ᠠᠵᠢᠯ | ᠢᠶᠠᠨ ᠡᠬᠢᠯᠡᠬᠦᠯᠵᠤ ᠬᠢᠬᠦ ᠪᠠᠷ ᠪᠤᠢ᠃ | ᠴᠤᠤᠳᠠᠢ ᠭᠠᠴᠠᠭ᠎ᠠ ᠨᠢ ᠲᠤᠬᠠᠢ ᠶᠢᠨ ᠭᠠᠵᠠᠷ ᠤᠨ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠤᠨ᠂ | ᠨᠢᠭᠡᠳᠤᠯᠳᠠᠢ ᠲᠦᠯᠦᠪᠯᠡᠨ ᠨᠡᠶᠢᠳᠡ ᠳᠤᠨᠢ ᠬᠠᠷᠠᠭᠠᠯᠵᠠᠵᠤ᠂ ︽ᠠᠵᠤ ᠠᠬᠤᠶᠢᠯᠠᠯ+ ᠨᠠᠮ ᠤᠨ ᠡᠭᠦᠷ + | ᠬᠤᠷᠰᠢᠶᠠᠵᠢᠯ + ᠮᠠᠯᠴᠢᠨ ᠲᠠᠷᠢᠶᠠᠴᠢᠨ ᠡᠷᠤᠬᠡ︾ ᠶᠢᠨ ᠬᠤᠷᠰᠢᠭᠰᠠᠨ ᠠᠵᠤ ᠦᠢᠯᠡᠰ ᠤᠨ ᠬᠦᠭᠵᠢᠯᠳᠡ ᠶᠢᠨ ᠬᠡᠪ | ᠮᠠᠶ᠋ᠢᠭ ᠢ ᠠᠬᠢᠭᠤᠯᠵᠤ᠂ ᠴᠤᠤᠳᠠᠢ ᠮᠠᠯ ᠲᠠᠷᠢᠶᠠᠯᠠᠩ ᠤᠨ ᠲᠤᠰᠬᠠᠢ ᠬᠤᠷᠰᠢᠶᠠᠵᠢᠯ ᠢ ᠪᠠᠶᠢᠭᠤᠯᠤᠨ᠂ ᠮᠠᠯᠴᠢᠨ | ᠲᠠᠷᠢᠶᠠᠴᠢᠨ ᠢ ᠢᠳᠡᠪᠬᠢᠳᠡᠢ ᠲᠠᠶᠢᠴᠢᠯᠠᠨ ᠠᠵᠤ ᠦᠢᠯᠡᠰᠵᠢᠭᠰᠡᠨ ᠡᠵᠡᠩᠨᠡᠯᠳᠡ ᠶᠢ ᠪᠡᠶᠡᠯᠡᠭᠦᠯᠵᠤ᠂ ᠠᠷᠠᠳ ᠲᠦᠮᠡᠨ | ᠠᠵᠤ ᠦᠢᠯᠡᠰ ᠤᠨ ᠦᠷ᠎ᠡ ᠠᠰᠢᠭ ᠢ ᠲᠡᠭᠡᠳᠤ ᠬᠡᠮᠵᠢᠶ᠎ᠡ ᠪᠠᠷ ᠡᠳ᠋ᠯᠡᠬᠦ ᠶᠢ ᠪᠠᠳᠤᠯᠠᠭᠰᠠᠨ ᠪᠠᠶᠢᠨ᠎ᠠ᠃ ᠴᠤᠤᠳᠠᠢ ᠶᠢᠨ | ᠬᠦᠭᠵᠢᠯᠳᠡ ᠶᠢᠨ ᠵᠠᠭᠪᠤᠷ ᠤᠨ ᠲᠠᠶᠢᠴᠢᠯᠠᠭ᠎ᠠ ᠲᠤᠤᠷ᠎ᠠ ᠨᠡᠩ ᠮᠠᠯᠴᠢᠨ ᠲᠠᠷᠢᠶᠠᠴᠢᠳ ᠬᠤᠪᠢ ᠬᠤᠪᠢᠨ ᠤ ᠪᠠᠨ | ᠦᠢᠯᠡᠳᠪᠦᠷᠢᠯᠡᠯ ᠠᠮᠢᠳᠤᠷᠠᠯ ᠢᠶᠠᠨ ᠬᠢᠳᠡᠭ ᠪᠠᠶᠢᠭᠰᠠᠨ ᠠᠴᠠ ᠪᠠᠨ ᠬᠤᠷᠰᠢᠶᠠᠵᠢᠯ ᠳᠤ ᠤᠷᠤᠯᠴᠠᠨ ᠠᠵᠤ | ᠦᠢᠯᠡᠰᠵᠢᠭᠰᠡᠨ ᠡᠵᠡᠩᠨᠡᠯᠳᠡ ᠶᠢ ᠪᠡᠶᠡᠯᠡᠭᠦᠯᠦᠭᠰᠡᠨ ᠪᠠᠶᠢᠨ᠎ᠠ᠃ ᠴᠤᠤᠳᠠᠢ ᠭᠠᠴᠠᠭᠠᠨ ᠤ ᠲᠤᠰᠬᠠᠢ ᠬᠤᠷᠰᠢᠶᠠᠵᠢᠯ ᠨᠢ | ᠭᠤᠤᠯᠳᠠᠭᠤ ᠲᠦᠮᠤᠰᠤᠨ ᠲᠠᠷᠢᠮᠠᠯ ᠤᠨ ᠠᠵᠤ ᠦᠢᠯᠡᠰ ᠢ ᠡᠷᠬᠢᠯᠡᠨ᠂ ᠲᠠᠷᠢᠮᠠᠯ ᠤᠨ ᠬᠦᠷᠢᠶ᠎ᠡ ᠬᠡᠪᠴᠢᠶ᠎ᠠ ᠨᠢ 3000 | ᠭᠠᠷᠤᠢ ᠮᠤ᠋ ᠳᠤ ᠬᠦᠷᠴᠤ᠂ ᠡᠨᠡ ᠵᠢᠯ ᠭᠠᠵᠠᠷ ᠤᠨ ᠬᠦᠷᠤᠰᠤ ᠶᠢ ᠰᠠᠶᠢᠵᠢᠷᠠᠭᠤᠯᠬᠤ ᠠᠷᠭ᠎ᠠ ᠪᠠᠷ ᠲᠠᠷᠢᠮᠠᠯ ᠤᠨ | ᠤᠨᠠᠯᠳᠠ ᠪᠠᠨ ᠲᠡᠭᠡᠭᠰᠢᠯᠡᠭᠦᠯᠤᠨ ᠤᠷᠤᠯᠭ᠎ᠠ ᠪᠠᠨ ᠨᠡᠮᠡᠭᠳᠡᠭᠦᠯᠬᠦ ᠪᠠᠷ ᠲᠦᠯᠦᠪᠯᠡᠵᠤ ᠪᠤᠢ᠃ | |