ᠮᠠᠨ ᠤ ᠬᠤᠰᠢᠭᠤ 2018 ᠤᠨ ᠤ ︽ᠭᠤᠷᠪᠠ ᠶᠢ ᠬᠦᠳᠡᠭᠡ ᠬᠦᠷᠬᠡᠬᠦ︾ ᠲᠦᠪᠯᠡᠷᠡᠭᠦᠯᠦᠨ ᠵᠢᠱᠢᠶ᠎ᠡ ᠦᠵᠡᠬᠦᠯᠬᠦ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2018-04-20
     ᠤᠶᠢᠷ᠎ᠠ ᠶᠢᠨ ᠡᠳᠦᠷ ᠮᠠᠨ ᠤ ᠬᠤᠰᠢᠭᠤ 2018 ᠤᠨ ᠤ ᠰᠤᠶᠤᠯ᠂ ᠰᠢᠨᠵᠢᠯᠡᠭᠡ ᠮᠡᠷᠭᠡᠵᠢᠯ᠂ ᠡᠷᠡᠬᠦᠯ ᠬᠠᠮᠠᠭᠠᠯᠠᠯ ︽ᠭᠤᠷᠪᠠ ᠶᠢ ᠬᠦᠳᠡᠭᠡ ᠬᠦᠷᠬᠡᠬᠦ︾ ᠲᠦᠪᠯᠡᠷᠡᠭᠦᠯᠦᠨ ᠵᠢᠱᠢᠶ᠎ᠡ ᠦᠵᠡᠬᠦᠯᠬᠦ ᠠᠵᠢᠯᠯᠠᠭ᠎ᠠ ᠶᠢ ᠰᠢᠷᠬᠤᠰᠤᠨ ᠪᠠᠯᠭᠠᠰᠤᠨ ᠤ ᠲᠤᠭᠠᠷ ᠤᠨ ᠲᠤᠬᠤᠢ ᠲᠤᠰᠬᠤᠨ ᠳᠤ ᠦᠷᠨᠢᠬᠦᠯᠪᠡ᠃      ᠠᠵᠢᠯᠯᠠᠭ᠎ᠠ ᠲᠡᠭᠡᠷ᠎ᠡ ᠬᠤᠰᠢᠭᠤ ᠨᠠᠮ ᠤᠨ ᠬᠤᠷᠢᠶ᠎ᠠ ᠵᠠᠰᠠᠭ ᠤᠨ ᠤᠷᠳᠤᠨ ᠠᠴᠠ 50 ᠲᠦᠮᠡᠨ ᠲᠦᠭᠦᠷᠢᠭ  ᠤᠨ ᠲᠤᠰᠠᠯᠠᠮᠵᠢ ᠶᠢᠨ ᠮᠦᠩᠭᠦ ᠲᠤᠬᠢᠷᠠᠭᠤᠯᠵᠤ᠂ ᠰᠢᠷᠬᠤᠰᠤᠨ ᠪᠠᠯᠭᠠᠰᠤᠨ ᠤ ︽ᠠᠷᠪᠠᠨ ᠤᠳᠤᠨ ᠲᠡᠰ ᠤᠨ ᠪᠤᠯᠪᠠᠰᠤᠨ ᠡᠷᠦᠭᠡ︾ ︽ᠬᠠᠮᠤᠭ ᠤᠨ ᠭᠤᠶᠤ ᠮᠠᠯᠴᠢᠨ ᠲᠠᠷᠢᠶᠠᠴᠢᠨ︾ ᠵᠡᠷᠭᠡ ᠡᠯ᠎ᠡ ᠲᠦᠷᠦᠯ ᠤᠨ ᠲᠡᠷᠢᠬᠦᠨ ᠤ ᠨᠡᠶᠢᠲᠡᠯᠢᠭ ᠢ ᠬᠦᠬᠢᠬᠦᠯᠵᠤ᠂ ᠰᠢᠷᠬᠤᠰᠤᠨ ᠪᠠᠯᠭᠠᠰᠤᠨ ᠤ ᠬᠦᠨᠳᠦ ᠡᠪᠡᠳᠴᠢᠲᠡᠨ ᠲᠠᠢ ᠡᠷᠦᠬᠡ᠂ ᠶᠠᠳᠠᠭᠤ ᠬᠦᠴᠢᠷᠳᠡᠯᠲᠠᠢ ᠰᠤᠷᠤᠭᠴᠢ ᠵᠡᠷᠭᠡ ᠳᠤ ᠲᠤᠰᠠᠯᠠᠮᠵᠢ ᠶᠢᠨ ᠮᠦᠩᠭᠦ ᠭᠠᠷᠳᠠᠭᠤᠯᠵᠤ᠂ ᠦᠪᠦᠷ ᠮᠤᠩᠭᠤᠯ ᠤᠨ ᠪᠦᠸᠧ ᠳ᠋ᠠ ᠱᠢ ᠳ᠋ᠢ ᠬᠢᠮᠢ ᠶᠢᠨ ᠬᠢᠵᠠᠭᠠᠷᠲᠤ ᠺᠤᠮᠫᠠᠨᠢ ᠠᠴᠠ ᠰᠢᠷᠬᠤᠰᠤᠨ ᠪᠠᠯᠭᠠᠰᠤᠨ ᠤ ᠶᠠᠳᠠᠭᠤ ᠬᠦᠴᠢᠷᠳᠡᠯᠲᠠᠢ ᠡᠷᠦᠬᠡ  ᠳᠤ 18 ᠲᠦᠮᠡᠨ ᠲᠦᠬᠦᠷᠢᠭ ᠤᠨ ᠦᠷᠳᠡᠭ ᠪᠦᠬᠦᠢ ᠨᠡᠶᠢᠯᠡᠮᠡᠯ ᠪᠤᠷᠳᠤᠭᠤᠷ ᠢᠶᠠᠷ ᠲᠤᠰᠠᠯᠠᠨ ᠲᠡᠮᠵᠢᠭᠰᠡᠨ ᠪᠠᠶᠢᠨ᠎ᠠ᠃     ᠠᠵᠢᠯᠯᠠᠭᠠᠨ ᠤ ᠬᠤᠭᠤᠴᠠᠭᠠᠨ ᠳᠤ ᠮᠠᠨ ᠤ ᠬᠤᠰᠢᠭᠤᠨ ᠤ ᠤᠯᠠᠭᠠᠨᠮᠦ᠋ᠴᠢᠷ᠂ ᠮᠤᠷᠢᠨ ᠬᠤᠭᠤᠷ ᠤᠨ ᠰᠢᠮᠫᠤᠨᠢ ᠬᠦᠭᠵᠢᠮ ᠤᠨ ᠪᠦᠯᠬᠦᠮ ᠵᠡᠷᠭᠡ ᠤᠷᠠᠯᠢᠭ ᠤᠨ ᠪᠦᠯᠬᠦᠮ ᠠᠴᠠ ᠲᠤᠰᠬᠠᠢ ᠰᠡᠲᠦᠪᠲᠤ ᠲᠤᠭᠯᠠᠯᠲᠠ ᠭᠠᠷᠭᠠᠵᠤ᠂ ᠮᠠᠨ ᠤ ᠬᠤᠰᠢᠭᠤᠨ ᠤ ︽ᠭᠤᠷᠪᠠ ᠶᠢ ᠬᠦᠳᠡᠭᠡ ᠬᠦᠷᠭᠡᠬᠦ︾ ᠪᠦᠷᠢᠯᠳᠦᠬᠦᠨ ᠪᠠᠶᠢᠭᠤᠯᠭ᠎ᠠ ᠠᠴᠠ ᠮᠠᠯᠴᠢᠨ ᠲᠠᠷᠢᠶᠠᠴᠢᠳ ᠲᠤ ᠡᠮ ᠡᠮᠨᠡᠯᠭᠡ᠂ ᠬᠠᠤᠯᠢ ᠴᠠᠭᠠᠵᠠ᠂ ᠰᠤᠷᠭᠠᠨ ᠬᠦᠮᠦᠵᠢᠯ᠂ ᠭᠠᠵᠢᠭᠤ ᠨᠤᠮᠯᠠᠯ ᠢ ᠡᠰᠡᠷᠬᠦᠴᠡᠬᠦ᠂ ᠮᠠᠯ ᠲᠠᠷᠢᠶᠠᠯᠠᠩ ᠤᠨ ᠰᠢᠨᠵᠢᠯᠡᠭᠡ ᠮᠡᠷᠭᠡᠵᠢᠯ ᠵᠡᠷᠭᠡ ᠶᠢᠨ ᠲᠤᠬᠠᠢ ᠠᠰᠠᠭᠤᠨ ᠯᠠᠪᠯᠠᠬᠤ ᠲᠠᠪᠴᠠᠩ ᠭᠠᠷᠭᠠᠬᠤ ᠶᠢᠨ ᠬᠠᠮᠲᠤ ᠡᠷᠬᠡ ᠠᠰᠢᠭ  ᠢᠶᠠᠨ ᠬᠠᠮᠠᠭᠠᠯᠠᠬᠤ ᠵᠢᠯᠤᠭᠤᠳᠤᠯᠭ᠎ᠠ᠂ ᠲᠠᠷᠢᠶᠠᠯᠠᠩ ᠤᠨ ᠮᠡᠷᠭᠡᠵᠢᠯ ᠤᠨ ᠪᠤᠯᠪᠠᠰᠤᠷᠠᠯ᠂  ᠡᠮᠴᠢᠯᠡᠭᠡ ᠵᠡᠷᠭᠡ ᠠᠷᠠᠳ ᠲᠤ ᠲᠦᠬᠦᠮ ᠦᠵᠡᠬᠦᠯᠬᠦ ᠦᠢᠯᠡᠴᠢᠯᠡᠭᠡ ᠬᠠᠩᠭᠠᠵᠤ᠂ ᠲᠤᠬᠠᠢ ᠶᠢᠨ ᠲᠠᠯᠠᠪᠠᠢ ᠳᠤ ᠲᠦᠮᠡ ᠭᠠᠷᠤᠢ ᠬᠦᠮᠦᠨ ᠤᠳᠠᠭ᠎ᠠ ᠦᠢᠯᠡᠴᠢᠯᠡᠨ᠂ ᠦᠷᠭᠡ ᠤᠯᠠᠨ ᠮᠠᠯᠴᠢᠨ ᠲᠠᠷᠢᠶᠠᠴᠢᠳ ᠲᠤ ᠡᠳ᠋ ᠪᠤᠳᠠᠰ ᠤᠨ ᠡᠬᠢ ᠪᠠᠶᠠᠯᠢᠭ ᠪᠠ ᠤᠶᠤᠨ ᠰᠠᠨᠠᠭᠠᠨ  ᠤ ᠬᠦᠨᠡᠰᠦ ᠬᠠᠩᠭᠠᠵᠤ᠂ ᠤᠯᠠᠨ ᠲᠦᠮᠡᠨ ᠤ ᠬᠦᠷᠢᠶᠡᠯᠡᠯ ᠢ ᠤᠯᠤᠭᠰᠠᠨ ᠪᠠᠶᠢᠨ᠎ᠠ᠃
 
ᠢᠷᠡᠯᠲᠡ᠄ ︽ᠨᠣᠮᠢᠨ ᠳᠠᠩᠰᠤᠭ ᠦᠣᠰᠢᠨ︾
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号