3 ᠰᠠᠷ᠎ᠠ ᠶᠢᠨ 15 ᠤ ᠡᠳᠦᠷ ᠮᠠᠨ ᠤ ᠬᠤᠰᠢᠭᠤ ︽3•15︾ ᠤ ᠤᠯᠠᠨ ᠤᠯᠤᠰ ᠤᠨ | ᠬᠡᠷᠡᠭᠯᠡᠭᠴᠢᠳ ᠤᠨ ᠡᠷᠭᠡ ᠠᠰᠢᠭ ᠢ ᠬᠠᠮᠠᠭᠠᠯᠠᠬᠤ ᠡᠳᠦᠷ ᠢ ᠲᠤᠷᠠᠰᠬᠠᠬᠤ ᠤᠬᠠᠭᠤᠯᠭ᠎ᠠ ᠶᠢᠨ ᠠᠵᠢᠯᠯᠠᠭ᠎ᠠ ᠵᠢᠴᠢ ︽ | ᠴᠢᠨᠠᠷᠯᠢᠭ ᠬᠡᠷᠡᠭᠯᠡᠭᠡ • ᠵᠢᠷᠭᠠᠯᠠᠩᠲᠤ ᠠᠮᠢᠳᠤᠷᠠᠯ︾ ᠭᠤᠤᠯ ᠰᠡᠲᠦᠪᠲᠤ ᠤᠬᠠᠭᠤᠯᠭ᠎ᠠ ᠯᠠᠪᠯᠠᠯᠲᠠ ᠶᠢᠨ | ᠠᠵᠢᠯᠯᠠᠭ᠎ᠠ ᠶᠢ ᠰᠤᠪᠤᠷᠭ᠎ᠠ ᠠᠭᠤᠳᠠᠮ ᠲᠠᠯᠠᠪᠠᠢ ᠳᠤ ᠦᠷᠨᠢᠬᠦᠯᠵᠤ᠂ ᠬᠤᠰᠢᠭᠤ ᠤᠳᠤᠷᠢᠳᠤᠯᠭ᠎ᠠ ᠠᠯᠲᠠᠨᠲᠤᠶᠠᠭ᠎ᠠ᠂ | ᠪᠠᠶᠠᠨᠴᠢᠮᠡᠭ᠂ ᠸᠠᠩ ᠭᠠᠩ᠂ ᠡᠯ᠎ᠡ ᠬᠠᠮᠢᠶ᠎ᠠ ᠪᠦᠬᠦᠢ ᠪᠠᠶᠢᠭᠤᠯᠭ᠎ᠠ ᠨᠢᠭᠡᠴᠡ ᠶᠢᠨ ᠬᠠᠷᠢᠭᠤᠴᠠᠯᠭᠠᠲᠠᠨ ᠵᠢᠴᠢ ᠬᠡᠰᠡᠭ | ᠠᠵᠤ ᠠᠬᠤᠢᠢᠯᠠᠯ ᠪᠠ ᠬᠤᠪᠢ ᠶᠢᠨ ᠡᠵᠡᠩᠨᠡᠯᠲᠡ ᠶᠢᠨ ᠡᠷᠦᠬᠡ ᠶᠢᠨ ᠲᠦᠯᠦᠭᠡᠯᠡᠭᠴᠢ ᠤᠷᠤᠯᠴᠠᠪᠠ᠃ | ᠪᠠᠶᠠᠨᠴᠢᠮᠡᠭ ᠶᠠᠷᠢᠶ᠎ᠠ ᠲᠠᠯᠪᠢᠵᠤ ᠵᠢᠭᠠᠬᠤ ᠳᠤ ᠪᠠᠨ ᠲᠤᠰ ᠤᠬᠠᠭᠤᠯᠭ᠎ᠠ ᠶᠢᠨ ᠠᠵᠢᠯᠯᠠᠭ᠎ᠠ ᠨᠢ ︽ᠴᠢᠨᠠᠷᠯᠢᠭ | ᠬᠡᠷᠡᠭᠯᠡᠭᠡ • ᠵᠢᠷᠭᠠᠯᠠᠩᠲᠤ ᠠᠮᠢᠳᠤᠷᠠᠯ︾ ᠭᠤᠤᠯ ᠰᠡᠲᠦᠪ ᠢ ᠦᠷᠭᠡᠨ ᠢᠶᠠᠷ ᠤᠬᠠᠭᠤᠯᠤᠭᠰᠠᠨ ᠢᠶᠠᠷ ᠪᠠᠷᠠᠬᠤ ᠦᠭᠡᠢ | ᠬᠦᠮᠦᠨ ᠢᠶᠠᠷ ᠭᠤᠤᠯ ᠪᠤᠯᠭᠠᠬᠤ ᠬᠦᠭᠵᠢᠯᠲᠡ ᠶᠢᠨ ᠦᠵᠡᠯ ᠰᠠᠨᠠᠭ᠎ᠠ ᠶᠢ ᠨᠠᠶᠢᠲᠠᠪᠤᠷᠢᠵᠢᠭᠤᠯᠵᠤ᠂ ᠲᠤᠮᠤᠭ᠎ᠠ ᠲᠠᠢ | ᠬᠡᠷᠡᠭᠯᠡᠭᠡ᠂ ᠴᠢᠨᠠᠷᠯᠢᠭ ᠬᠡᠷᠡᠭᠯᠡᠭᠡ ᠶᠢ ᠬᠦᠭᠡᠭᠡᠴᠡᠯᠳᠦᠬᠦ ᠶᠢ ᠤᠷᠢᠶᠠᠯᠠᠭᠰᠠᠨ ᠪᠠᠶᠢᠨ᠎ᠠ᠃ ᠲᠠᠶᠠᠭᠠᠷ ᠢᠶᠠᠨ | ᠬᠡᠷᠡᠭᠯᠡᠭᠴᠢᠳ ᠤᠨ ᠡᠷᠭᠡ ᠠᠰᠢᠭ ᠢ ᠬᠠᠮᠠᠭᠠᠯᠠᠬᠤ ᠵᠠᠰᠠᠯᠲᠠ ᠶᠢᠨ ᠲᠤᠭᠳᠠᠯᠴᠠᠭ᠎ᠠ ᠪᠠ ᠵᠠᠰᠠᠯᠲᠠ ᠶᠢᠨ ᠴᠢᠳᠠᠪᠤᠷᠢ ᠶᠢᠨ | ᠤᠳᠤᠬᠢᠴᠢᠯᠠᠯᠲᠠ ᠶᠢ ᠲᠡᠭᠡᠭᠰᠢᠯᠡᠬᠦᠯᠵᠤ᠂ ᠬᠡᠷᠡᠭᠯᠡᠭᠴᠢᠳ ᠤᠨ ᠵᠠᠭᠠᠯᠳᠤᠬᠤ ᠲᠦᠷᠢᠮ ᠲᠤᠭᠳᠠᠯᠴᠠᠭ᠎ᠠ ᠶᠢ | ᠲᠡᠭᠦᠯᠳᠡᠷᠵᠢᠬᠦᠯᠦᠨ᠂ ᠬᠡᠷᠡᠭᠯᠡᠭᠴᠢᠳ ᠤᠨ ᠡᠷᠭᠡ ᠠᠰᠢᠭ ᠢ ᠪᠦᠬᠦ ᠬᠦᠴᠦᠨ ᠢᠶᠠᠷ ᠬᠠᠮᠠᠭᠠᠯᠠᠵᠤ᠂ ︽ᠰᠠᠨᠠᠭ᠎ᠠ ᠠᠮᠤᠷ | ᠬᠡᠷᠡᠭᠯᠡᠭᠡ ᠬᠢᠬᠦ ᠬᠤᠲᠠ︾ ᠢᠢ ᠡᠭᠦᠳᠦᠨ ᠪᠠᠶᠢᠭᠤᠯᠬᠤ ᠶᠢ ᠠᠬᠢᠭᠤᠯᠬᠤ ᠳᠤ ᠰᠠᠭᠤᠷᠢ ᠲᠠᠯᠪᠢᠵᠤ᠂ ᠦᠤᠰᠢᠨ ᠤ | ᠴᠢᠷᠮᠠᠶᠢᠨ ᠬᠦᠢᠴᠡᠨ ᠲᠠᠪᠠᠭ᠋ᠤ᠂ ᠨᠤᠮᠢᠨ ᠲᠠᠩᠰᠤᠭ ᠰᠦᠨᠳᠡᠷᠯᠡᠬᠦ ᠳᠤ ᠨᠡᠩ ᠶᠡᠭᠡ ᠰᠢᠨ᠎ᠠ ᠬᠤᠪᠢ ᠨᠡᠮᠡᠷᠢ ᠪᠠᠨ | ᠦᠵᠡᠬᠦᠯᠬᠦ ᠬᠡᠷᠡᠭᠲᠠᠢ ᠬᠡᠪᠡ᠃ | ᠠᠵᠢᠯᠯᠠᠭ᠎ᠠ ᠲᠡᠭᠡᠷ᠎ᠡ ︽ᠪᠤᠯᠪᠠᠰᠤᠨ ᠢᠳᠡᠬᠡᠮᠵᠢᠲᠥ ᠡᠵᠡᠩᠨᠡᠯᠲᠠ ᠶᠢᠨ ᠰᠠᠨᠠᠭᠠᠴᠢᠯᠠᠭ᠎ᠠ ᠶᠢᠨ ᠪᠢᠴᠢᠭ︾᠂ ︽ | ᠰᠠᠨᠠᠭ᠎ᠠ ᠠᠮᠤᠷ ᠬᠡᠷᠡᠭᠯᠡᠭᠡ ᠬᠢᠬᠦ ᠬᠤᠲᠠ ᠶᠢ ᠡᠬᠦᠳᠦᠨ ᠪᠠᠶᠢᠭᠤᠯᠬᠤ ᠰᠠᠨᠠᠭᠠᠴᠢᠯᠠᠭ᠎ᠠ ᠶᠢᠨ ᠪᠢᠴᠢᠭ︾ ᠢ ᠤᠡᠭᠰᠢᠨ | ᠨᠡᠶᠢᠲᠡᠯᠡᠵᠤ᠂ ᠵᠠᠬ᠎ᠠ ᠲᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠤᠪᠴᠢᠶ᠎ᠠ ᠶᠢᠨ ᠬᠠᠷᠢᠭᠤᠴᠠᠯᠭᠠᠲᠠᠨ ᠠᠴᠠ ᠠᠵᠤ | ᠠᠬᠤᠢᠢᠯᠠᠯ ᠪᠠ ᠬᠤᠪᠢ ᠶᠢᠨ ᠡᠵᠡᠩᠨᠡᠯᠲᠡ ᠶᠢᠨ ᠡᠷᠦᠬᠡ ᠶᠢᠨ ᠲᠦᠯᠦᠭᠡᠯᠡᠭᠴᠢ ᠲᠠᠢ ︽ᠬᠤᠳᠠᠯ ᠬᠠᠭᠤᠷᠮᠠᠭ ᠪᠠᠷᠠᠭ᠎ᠠ | ᠲᠠᠸᠠᠷ ᠢ ᠪᠤᠷᠤᠯᠠᠭᠤᠯᠬᠤ ᠦᠭᠡᠢ ᠪᠠᠶᠢᠬᠤ ᠬᠠᠷᠢᠭᠤᠴᠠᠯᠭ᠎ᠠ ᠶᠢᠨ ᠪᠢᠴᠢᠭ︾ ᠲᠡᠭᠡᠷ᠎ᠡ ᠭᠠᠷ ᠤᠨ ᠦᠰᠦᠭ ᠵᠢᠷᠤᠪᠡ᠃ | ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ ᠨᠢ ᠲᠤᠬᠠᠢ ᠶᠢᠨ ᠲᠠᠯᠠᠪᠠᠢ ᠳᠤ ᠤᠬᠠᠭᠤᠯᠭ᠎ᠠ ᠯᠠᠪᠯᠠᠯᠲᠠ ᠶᠢᠨ ᠲᠠᠪᠴᠠᠩ | ᠪᠠᠶᠢᠭᠤᠯᠵᠤ᠂ ᠠᠵᠤ ᠠᠬᠤᠢᠢᠯᠠᠯ ᠪᠠ ᠬᠤᠪᠢ ᠶᠢᠨ ᠡᠵᠡᠩᠨᠡᠯᠲᠡ ᠶᠢᠨ ᠡᠷᠦᠬᠡ ᠦᠪᠡᠷᠮᠢᠴᠡ ᠪᠦᠲᠦᠭᠡᠭᠳᠡᠬᠦᠨ ᠢᠶᠠᠨ | ᠤᠬᠠᠭᠤᠯᠵᠤ᠂ ᠬᠤᠯᠪᠤᠭᠳᠠᠯ ᠪᠦᠬᠦᠢ ᠤᠳᠤᠷᠢᠳᠤᠯᠭ᠎ᠠ ᠠᠴᠠ ᠲᠤᠬᠠᠢ ᠶᠢᠨ ᠲᠠᠯᠠᠪᠠᠢ ᠳᠤ ᠵᠢᠯᠤᠭᠤᠳᠤᠯᠭ᠎ᠠ ᠬᠢᠭᠰᠡᠨ | ᠪᠠᠶᠢᠨ᠎ᠠ᠃ ᠬᠤᠯᠪᠤᠭᠳᠠᠯ ᠪᠦᠬᠦᠢ ᠠᠵᠢᠯᠲᠠᠨ ᠠᠴᠠ ᠬᠤᠳᠠᠯ ᠬᠠᠭᠤᠷᠮᠠᠭ ᠪᠠᠷᠠᠭ᠎ᠠ ᠲᠠᠸᠠᠷ ᠢ ᠪᠤᠬᠢᠷᠳᠤᠯ ᠦᠭᠡᠢ | ᠠᠷᠭ᠎ᠠ ᠪᠠᠷ ᠤᠰᠠᠳᠬᠠᠭᠰᠠᠨ ᠪᠠᠶᠢᠨ᠎ᠠ᠃ | | | |